ᠡᠯ᠎ᠡ ᠲᠦᠷᠦᠯ ᠤᠨ ᠠᠶᠤᠯ ᠤᠨ ᠠᠳᠡᠯ ᠣᠯᠠᠨ ᠭᠠᠷᠴᠤ ᠪᠠᠶᠢᠭ᠎ᠠ ᠪᠠᠶᠢᠳᠠᠯ ᠢ ᠡᠷᠡᠰ ᠬᠤᠷᠢᠭᠯᠠᠵᠤ᠂ | ᠪᠠᠯᠭᠠᠰᠤ ᠶᠢᠨ ᠠᠷᠠᠳ ᠣᠯᠠᠨ ᠤ ᠠᠮᠢ ᠨᠠᠰᠤ ᠪᠠ ᠡᠳ᠋ ᠬᠦᠷᠦᠩᠭᠡ ᠶᠢᠨ ᠠᠮᠣᠷ ᠲᠦᠪᠰᠢᠨ ᠢ ᠪᠦᠬᠦ ᠬᠦᠴᠦᠨ ᠢᠶᠠᠷ | ᠪᠠᠳᠤᠯᠠᠬᠤ ᠶᠢᠨ ᠲᠦᠯᠦᠭᠡ ᠹᠧᠩ ᠲᠢᠶᠠᠨ ᠪᠠᠯᠭᠠᠰᠤ 2018 ᠣᠨ ᠤ 16 ᠳ᠋ᠤᠭᠠᠷ ᠤᠳᠠᠭᠠᠨ ᠤ ᠨᠠᠮ ᠤᠨ | ᠬᠤᠷᠢᠶᠠᠨ ᠤ ᠬᠤᠷᠠᠯ ᠢᠶᠠᠷ ᠳᠠᠮᠵᠢᠨ 6 ᠰᠠᠷ᠎ᠠ ᠶᠢᠨ 8 ᠤ ᠡᠳᠦᠷ ᠠᠴᠠ ᠡᠬᠢᠯᠡᠨ 7 ᠡᠳᠦᠷ ᠢ ᠠᠰᠢᠭᠯᠠᠵᠤ᠂ ᠪᠦᠬᠦ | ᠪᠠᠯᠭᠠᠰᠤᠨ ᠤ ᠬᠡᠪᠴᠢᠶᠠᠨ ᠳᠤ ᠨᠣᠷᠠᠬᠤ ᠠᠶᠤᠯᠲᠠᠢ ᠭᠡᠷ ᠪᠠᠶᠢᠰᠢᠩ ᠢ ᠵᠢᠭᠰᠠᠭᠠᠨ ᠪᠠᠶᠢᠴᠠᠭᠠᠬᠤ ᠪᠠ ᠭᠠᠯ ᠰᠡᠷᠭᠡᠶᠢᠯᠡᠨ | ᠤᠨᠲᠠᠷᠠᠭᠠᠬᠤ ᠠᠶᠤᠯᠭᠦᠢ ᠶᠢᠨ ᠲᠤᠬᠠᠢ ᠶᠡᠭᠡ ᠪᠠᠶᠢᠴᠠᠭᠠᠯᠲᠠ ᠦᠷᠨᠢᠭᠦᠯᠵᠦ᠂ ᠬᠡᠪᠢᠰᠴᠢᠯᠡᠬᠦ ᠠᠵᠢᠯ ᠢ ᠰᠠᠶᠢᠳᠤᠷ | ᠬᠢᠬᠦ ᠶᠢ ᠰᠣᠳᠤᠯᠤᠨ ᠲᠣᠭᠲᠠᠭᠠᠭᠰᠠᠨ ᠪᠠᠶᠢᠨ᠎ᠠ᠃ | ᠲᠤᠰ ᠤᠳᠠᠭᠠᠨ ᠤ ᠨᠣᠷᠠᠬᠤ ᠠᠶᠤᠯᠲᠠᠢ ᠭᠡᠷ ᠪᠠᠶᠢᠰᠢᠩ ᠢ ᠵᠢᠭᠰᠠᠭᠠᠨ ᠪᠠᠶᠢᠴᠠᠭᠠᠬᠤ ᠠᠵᠢᠯ ᠴᠠᠭ ᠪᠠᠴᠢᠮ | ᠡᠭᠦᠷᠭᠡ ᠬᠦᠨᠳᠦ ᠱᠠᠭᠠᠷᠳᠠᠯᠭ᠎ᠠ ᠦᠨᠳᠦᠷ ᠪᠠᠶᠢᠵᠦ᠂ ᠪᠠᠰᠠ ᠪᠣᠷᠤᠭᠠᠨ ᠤ ᠣᠯᠠᠷᠢᠯ ᠲᠠᠭᠠᠷᠠᠵᠦ᠂ ᠠᠮᠤᠷ ᠲᠦᠪᠰᠢᠨ ᠤ | ᠪᠠᠶᠢᠳᠠᠯ ᠮᠠᠰᠢ ᠬᠦᠨᠳᠦ ᠨᠣᠴᠢᠲᠠᠢ ᠪᠠᠶᠢᠵᠤ᠂ ᠪᠠᠯᠭᠠᠰᠤᠨ ᠤ ᠨᠠᠮ ᠤᠨ ᠬᠤᠷᠢᠶ᠎ᠠ ᠳᠡᠭᠡᠳᠦ ᠬᠡᠮᠵᠢᠶ᠎ᠡ ᠪᠠᠷ | ᠴᠢᠬᠤᠯᠠᠴᠢᠯᠠᠨ ᠦᠵᠡᠵᠦ᠂ ᠦᠨᠡᠨ ᠬᠦ ᠬᠠᠷᠢᠭᠤᠴᠠᠯᠭ᠎ᠠ ᠶᠢ ᠴᠢᠩᠭᠠᠳᠬᠠᠵᠤ᠂ ᠨᠠᠭᠠᠲᠤ ᠵᠠᠬ᠎ᠠ ᠶᠢᠨ ᠠᠳᠡᠯ ᠢ | ᠰᠡᠷᠭᠡᠶᠢᠯᠡᠬᠦ ᠶᠢ ᠨᠡᠶᠢᠳᠡᠪᠤᠷᠢᠵᠢᠭᠤᠯᠵᠤ᠂ ᠠᠮᠤᠷ ᠲᠦᠪᠰᠢᠨ ᠪᠣᠰᠤ ᠳᠠᠯᠳᠠ ᠭᠡᠮ ᠢ ᠡᠷᠡᠰ ᠠᠷᠢᠯᠭᠠᠵᠤ᠂ ᠬᠦᠨᠳᠦ | ᠨᠣᠴᠢᠲᠠᠢ ᠠᠳᠡᠯ ᠭᠠᠷᠬᠤ ᠶᠢ ᠲᠠᠰᠤ ᠰᠡᠷᠭᠡᠶᠢᠯᠡᠬᠦ ᠬᠡᠷᠡᠭᠲᠡᠢ ᠭᠡᠵᠦ ᠱᠠᠭᠠᠷᠳᠠᠭᠰᠠᠨ ᠪᠠᠶᠢᠨ᠎ᠠ᠃ | ᠪᠠᠯᠭᠠᠰᠤᠨ ᠤ ᠨᠠᠮ ᠤᠨ ᠬᠤᠷᠢᠶᠠᠨ ᠠᠴᠠ ᠡᠯ᠎ᠡ ᠲᠤᠰᠬᠤᠨ᠂ ᠪᠠᠯᠭᠠᠰᠣᠨ ᠳᠠᠬᠢ ᠪᠠᠶᠢᠭᠤᠯᠭ᠎ᠠ ᠨᠢᠭᠡᠴᠢ᠂ ᠠᠵᠣ | ᠠᠬᠤᠶᠢᠯᠠᠯ ᠵᠢᠴᠢ ᠠᠵᠢᠯ ᠦᠢᠯᠡᠰ ᠤᠨ ᠨᠢᠭᠡᠴᠢ ᠶᠢ ᠦᠪᠡᠰᠦᠪᠡᠨ ᠵᠢᠭᠰᠠᠭᠠᠨ ᠪᠠᠶᠢᠴᠠᠭᠠᠬᠤ ᠶᠢ ᠱᠠᠭᠠᠷᠳᠠᠵᠤ᠂ | ᠪᠠᠯᠭᠠᠰᠤᠨ ᠤ ᠨᠠᠮ ᠤᠨ ᠬᠤᠷᠢᠶᠠᠨ ᠤ ᠤᠳᠤᠷᠢᠳᠬᠤ ᠪᠠᠭ ᠤᠨ ᠭᠡᠰᠢᠭᠦᠨ᠂ ᠲᠣᠭᠤᠷᠢᠭ ᠤᠨ ᠲᠤᠰᠬᠤᠨ ᠳᠤ ᠰᠠᠭᠤᠭ᠎ᠠ | ᠠᠵᠢᠯᠯᠠᠬᠤ ᠠᠩᠭᠢ᠂ ᠪᠠᠯᠭᠠᠰᠤᠨ ᠤ ᠲᠣᠰᠬᠤᠨ ᠳᠤ ᠰᠠᠭᠤᠭ᠎ᠠ ᠺᠠᠳᠠᠷᠴᠣᠳ ᠢᠶᠠᠷ ᠪᠦᠷᠢᠯᠳᠦᠭᠰᠡᠨ ᠠᠵᠢᠯᠯᠠᠬᠤ | ᠳᠣᠭᠤᠶᠢᠯᠠᠩ ᠠᠶᠢᠯ ᠲᠤᠰᠬᠤᠨ ᠡᠷᠦᠭᠡ ᠭᠡᠷ ᠢᠶᠠᠷ ᠣᠷᠤᠵᠤ ᠲᠣᠬᠠᠢ ᠶᠢᠨ ᠭᠠᠵᠠᠷ ᠲᠤᠨᠢ ᠬᠠᠶᠢᠨ ᠰᠢᠨᠵᠢᠯᠡᠭᠡ ᠬᠢᠭᠰᠡᠨ | ᠪᠦᠭᠡᠳ ᠣᠳᠤ ᠪᠠᠶᠢᠭ᠎ᠠ ᠲᠦᠷᠤ ᠶᠢᠨ ᠪᠣᠳᠤᠯᠭ᠎ᠠ ᠪᠠᠷ ᠪᠠᠷᠢᠮᠲᠠ ᠪᠣᠯᠭᠠᠨ ᠤᠬᠠᠭᠤᠯᠵᠤ᠂ ᠠᠷᠠᠳ ᠣᠯᠠᠨ ᠢ | ᠦᠪᠡᠷ ᠤᠨ ᠭᠡᠷ ᠪᠠᠶᠢᠰᠢᠩ ᠳᠤ ᠪᠠᠨ ᠪᠠᠶᠢᠴᠠᠭᠠᠯᠲᠠ ᠬᠢᠵᠦ ᠬᠠᠮᠠᠭᠠᠯᠠᠨ ᠵᠠᠰᠠᠬᠤ ᠶᠢ ᠤᠬᠠᠭᠤᠯᠬᠤ ᠭᠡᠷᠡᠭᠲᠡᠢ ᠭᠡᠵᠦ | ᠱᠠᠭᠠᠷᠳᠠᠭᠰᠠᠨ ᠪᠠᠶᠢᠨ᠎ᠠ᠃ | ᠥᠨᠥ ᠵᠢᠭᠰᠠᠭᠠᠨ ᠪᠠᠶᠢᠴᠠᠭᠠᠬᠤ ᠠᠵᠢᠯ ᠪᠣᠰᠢᠭᠤ ᠲᠦᠷᠭᠡᠨ ᠪᠦᠭᠡᠳ ᠡᠮᠬᠢ ᠵᠢᠷᠦᠮ ᠲᠠᠢ ᠪᠠᠷ ᠶᠠᠪᠤᠭᠳᠠᠵᠤ | ᠪᠠᠶᠢᠭ᠎ᠠ ᠶᠣᠮ᠃ ᠪᠠᠯᠭᠠᠰᠤᠨ ᠤ ᠨᠠᠮ ᠤᠨ ᠬᠤᠷᠢᠶᠠᠨ ᠠᠴᠠ ᠪᠦᠬᠦ ᠪᠠᠯᠭᠠᠰᠤ᠂ ᠪᠦᠬᠦ ᠭᠠᠴᠠᠭᠠᠨ ᠤ ᠺᠠᠲᠠᠷᠴᠣᠳ | ᠠᠮᠤᠷ ᠲᠦᠪᠰᠢᠨ ᠪᠣᠰᠤ ᠳᠠᠯᠳᠠ ᠭᠡᠮ ᠢ ᠵᠢᠭᠰᠠᠭᠠᠨ ᠪᠠᠶᠢᠴᠠᠭᠠᠬᠤ ᠶᠢ ᠣᠳᠤᠬᠠᠨ ᠤ ᠭᠤᠣᠯᠳᠠᠯᠭ᠎ᠠ ᠲᠠᠢ ᠠᠵᠢᠯ | ᠪᠣᠯᠭᠠᠬᠤ ᠪᠠᠷ ᠱᠠᠭᠠᠷᠳᠠᠵᠤ᠂ ᠲᠠᠨᠢᠯᠲᠠ ᠪᠠᠨ ᠳᠡᠭᠡᠭᠰᠢᠯᠡᠭᠦᠯᠵᠦ᠂ ︽ᠠᠮᠣᠷ ᠲᠦᠪᠰᠢᠨ ᠡᠷᠬᠢᠮ ᠳᠡᠭᠡᠳᠦ︾ ᠬᠡᠭᠦ | ᠵᠠᠷᠴᠢᠮ ᠢ ᠪᠠᠷᠢᠮᠳᠠᠯᠠᠵᠤ᠂ ᠠᠮᠣᠷ ᠲᠦᠪᠰᠢᠨ ᠪᠤᠰᠤ ᠳᠠᠯᠳᠠ ᠭᠡᠮ ᠢ ᠵᠢᠭᠰᠠᠭᠠᠨ ᠪᠠᠶᠢᠴᠠᠭᠠᠬᠤ ᠠᠵᠢᠯ ᠪᠣᠯᠤᠨ | ᠶᠠᠳᠠᠭᠤ ᠠᠴᠠ ᠠᠩᠭᠢᠵᠢᠷᠠᠭᠤᠯᠬᠤ ᠪᠣᠭᠤᠮᠳᠠ ᠰᠢᠪᠳᠣᠯᠬᠤ ᠠᠵᠢᠯ ᠢ ᠬᠠᠮᠳᠤ ᠳᠤ ᠨᠢ ᠲᠦᠯᠬᠢᠨ ᠠᠬᠢᠭᠤᠯᠵᠤ᠂ ︽ | ᠠᠮᠣᠷ ᠲᠦᠪᠰᠢᠨ ᠤ ᠮᠠᠳᠠᠷᠠᠯ︾ ᠢ ᠢᠮᠠᠭᠲᠠ ᠪᠠᠷᠢᠵᠦ᠂ ᠣᠯᠠᠨ ᠲᠦᠮᠡᠨ ᠤ ᠠᠮᠢ ᠨᠠᠰᠤ ᠪᠣᠯᠤᠨ ᠡᠳ᠋ ᠬᠦᠷᠦᠩᠭᠡ ᠶᠢᠨ | ᠠᠮᠣᠷ ᠲᠦᠪᠰᠢᠨ ᠢ ᠡᠬᠦᠷᠢᠳᠡ ᠬᠠᠮᠭᠠᠯᠠᠬᠤ ᠶᠢ ᠲᠠᠬᠢᠨᠳᠠ ᠴᠢᠩᠭᠠᠳᠬᠠᠭᠰᠠᠨ ᠪᠠᠶᠢᠨ᠎ᠠ᠃ | ᠁ |