ᠳᠡᠯᠡᠬᠡᠢ ᠶᠢᠨ 31 ᠳ᠋ᠦ᠋ᠭᠡᠷ ᠤᠳᠠᠭᠠᠨ ᠤ ᠬᠤᠣᠷ ᠴᠠᠭᠠᠵᠠᠯᠠᠬᠤ ᠡᠳᠦᠷ ᠣᠶᠢᠷᠠᠳᠣᠨ ᠢᠷᠡᠬᠦ ᠶᠢ ᠲᠠᠭᠠᠯᠳᠣᠨ᠂ | ᠹᠧᠩ ᠲᠢᠶᠠᠨ ᠪᠠᠯᠭᠠᠰᠤᠨ ᠤ ᠨᠠᠮ ᠤᠨ ᠬᠤᠷᠢᠶ᠎ᠠ᠂ ᠵᠠᠰᠠᠭ ᠤᠨ ᠣᠷᠳᠤᠨ ᠠᠴᠠ ᠰᠢ ᠶᠢᠨ ᠫᠢᠩ ᠨᠦᠭᠦᠷ ᠤᠨ | ᠳᠤᠮᠳᠠᠳᠤ ᠤᠯᠤᠰ ᠤᠨ ᠣᠨᠴᠠᠯᠢᠭ ᠪᠦᠬᠦᠢ ᠬᠤᠣᠷᠳᠤ ᠡᠳ᠋ ᠤᠨ ᠠᠰᠠᠭᠤᠳᠠᠯ ᠤᠨ ᠴᠢᠬᠤᠯᠠ ᠵᠢᠭᠠᠪᠤᠷᠢ ᠶᠢ | ᠨᠠᠶᠢᠳᠠᠪᠦᠷᠢᠵᠢᠣᠯᠵᠣ᠂ ᠰᠢᠨ᠎ᠡ ᠴᠠᠭ ᠦᠶ᠎ᠡ ᠶᠢᠨ ᠬᠤᠣᠷᠳᠤ ᠡᠳ᠋ ᠴᠠᠭᠠᠵᠢᠯᠠᠬᠤ ᠠᠷᠠᠳ ᠤᠨ ᠳᠠᠶᠢᠨ ᠤ ᠰᠢᠨ᠎ᠡ | ᠨᠣᠳᠠᠯᠠᠯᠲᠠ ᠶᠢ ᠴᠢᠩᠭ᠎ᠠ ᠪᠠᠷᠢᠮᠳᠠᠯᠠᠵᠣ᠂ 6 ᠰᠠᠷ᠎ᠠ ᠶᠢᠨ 26 ᠤ ᠡᠳᠦᠷ᠂ ᠪᠠᠯᠭᠠᠰᠣᠨ ᠤ ᠵᠠᠰᠠᠭ ᠤᠨ ᠣᠷᠳᠣᠨ | ᠠᠴᠠ ᠪᠠᠯᠭᠠᠰᠤᠨ ᠤ ᠡᠮᠡᠭᠲᠡᠶᠢᠴᠦᠳ ᠤᠨ ᠬᠤᠯᠪᠤᠭ᠎ᠠ᠂ ᠶᠡᠷᠦᠩᠭᠡᠶᠢᠯᠡᠨ ᠵᠠᠰᠠᠬᠤ ᠠᠯᠪᠠᠨ ᠭᠡᠷ ᠢ ᠵᠣᠬᠢᠶᠠᠨ ᠪᠠᠶᠢᠭᠤᠯᠵᠤ | ᠂ ᠲᠣᠮᠢᠯᠠᠭᠰᠠᠨ ᠰᠠᠯᠪᠤᠷᠢ ᠯᠤᠭ᠎ᠠ ᠬᠠᠮᠳᠣᠷᠠᠨ ᠠᠵᠢᠯᠯᠠᠵᠣ᠂ ᠬᠤᠣᠷᠳᠤ ᠡᠳ᠋ ᠢ ᠴᠠᠭᠠᠵᠠᠯᠠᠬᠤ ᠶᠢ ᠣᠬᠠᠭᠤᠯᠵᠣ᠂ | ᠬᠤᠣᠷᠳᠤ ᠡᠳ᠋ ᠢ ᠴᠠᠭᠠᠵᠠᠯᠠᠬᠤ ᠰᠠᠨᠠᠭᠠᠴᠢᠯᠠᠭ᠎ᠠ ᠶᠢᠨ ᠪᠢᠴᠢᠭ ᠢ ᠲᠠᠷᠬᠠᠭᠠᠭᠰᠠᠨ ᠪᠠᠶᠢᠨ᠎ᠠ᠃ ᠮᠦᠨ ᠬᠡᠷ ᠪᠦᠬᠦᠨ ᠢ | ᠡᠷᠡᠭᠦᠯ ᠴᠢᠬᠢᠷᠠᠭ ᠠᠮᠢᠳᠣᠷᠠᠵᠣ᠂ ᠪᠣᠬᠢᠷᠳᠤᠯ ᠦᠭᠡᠢ ᠬᠤᠣᠷ ᠦᠭᠡᠢ ᠠᠮᠢᠳᠣᠷᠠᠵᠣ᠂ ᠠᠮᠢ ᠨᠠᠰᠤ ᠪᠠᠨ ᠨᠠᠨᠳᠢᠩᠨᠠᠵᠤ᠂ | ᠬᠤᠣᠷᠳᠤ ᠡᠳ᠋ ᠠᠴᠠ ᠬᠤᠯᠠᠳᠴᠣ᠂ ᠬᠤᠣᠷᠳᠤ ᠡᠳ᠋ ᠢ ᠡᠰᠡᠷᠭᠦᠴᠡᠵᠦ᠂ ᠬᠤᠣᠷ ᠲᠠᠳᠠᠬᠤ ᠦᠭᠡᠢ᠂ ᠬᠤᠣᠷᠳᠤ ᠡᠳ᠋ | ᠫᠠᠨᠽᠠᠯᠠᠬᠤ ᠦᠭᠡᠢ᠂ ᠬᠤᠣᠷᠳᠤ ᠡᠳ᠋ ᠢ ᠦᠢᠯᠡᠳᠬᠦ ᠦᠭᠡᠢ᠂ ᠬᠤᠣᠷᠳᠤ ᠡᠳ᠋ ᠢ ᠴᠠᠭᠠᠵᠢᠯᠠᠬᠤ ᠲᠡᠮᠡᠴᠡᠯ ᠳᠤ | ᠢᠳᠡᠪᠬᠢᠲᠠᠢ ᠣᠷᠤᠯᠴᠠᠵᠤ᠂ ᠬᠠᠮᠳᠤ ᠪᠠᠷ ᠰᠠᠶᠢᠨ ᠰᠠᠶᠢᠬᠠᠨ ᠹᠧᠩ ᠲᠢᠶᠠᠨ ᠢ ᠪᠦᠳᠦᠭᠡᠨ ᠪᠠᠶᠢᠭᠤᠯᠳᠣᠭᠤᠢ ᠬᠡᠮᠡᠨ | ᠣᠷᠢᠶᠠᠯᠠᠭᠰᠠᠨ ᠪᠠᠶᠢᠨ᠎ᠠ᠃ | ᠣᠬᠠᠭᠤᠯᠬᠤ ᠠᠵᠢᠯᠲᠠᠨ ᠠᠶᠢᠯ ᠡᠷᠦᠭᠡ ᠪᠠᠷ ᠣᠷᠤᠵᠤ᠂ ᠭᠤᠣᠯ ᠨᠢ ᠬᠡᠳᠦ ᠳᠡᠯᠭᠡᠭᠦᠷ᠂ ᠪᠠᠭᠤᠳᠠᠯ᠂ ᠭᠠᠷ | ᠤᠳᠠᠰᠤᠨ ᠤ ᠮᠡᠳᠡᠭᠡ ᠬᠤᠯᠪᠤᠭ᠎ᠠ ᠶᠢᠨ ᠳᠡᠯᠭᠡᠭᠦᠷ᠂ ᠳᠦᠷᠭᠡᠨ ᠬᠦᠷᠭᠡᠬᠦ ᠴᠡᠭ ᠲᠤ ᠬᠦᠷᠴᠦ ᠭᠤᠣᠯᠳᠠᠯᠭ᠎ᠠ ᠲᠠᠢ ᠪᠠᠷ | ᠣᠬᠠᠭᠤᠯᠭ᠎ᠠ ᠬᠢᠵᠦ᠂ ᠰᠠᠨᠠᠭᠠᠴᠢᠯᠠᠭ᠎ᠠ ᠶᠢᠨ ᠪᠢᠴᠢᠭ ᠢ ᠢᠯᠡ ᠪᠠᠶᠢᠷᠢᠨ ᠳᠤ ᠨᠠᠭᠠᠬᠤ ᠶᠢ ᠱᠠᠭᠠᠷᠳᠠᠭᠰᠠᠨ ᠪᠠᠶᠢᠨ᠎ᠠ᠃ | ᠣᠯᠠᠨ ᠲᠦᠮᠡᠨ ᠢ ᠵᠢᠯᠤᠭᠤᠳᠴᠤ ᠬᠤᠤᠷᠳᠤ ᠡᠳ᠋ ᠤᠨ ᠬᠦᠨᠦᠭᠡᠯ ᠢ ᠭᠦᠢᠴᠡᠳ ᠲᠠᠨᠢᠵᠤ᠂ ᠬᠤᠤᠷᠳᠤ ᠡᠳ᠋ ᠠᠴᠠ | ᠬᠤᠯᠠᠳᠴᠣ ᠬᠤᠣᠷᠳᠤ ᠡᠳ᠋ ᠤᠨ ᠤᠯᠤᠰ ᠢ ᠬᠦᠨᠦᠭᠡᠨ ᠠᠷᠠᠳ ᠢ ᠭᠠᠰᠠᠯᠭᠠᠭᠰᠠᠨ ᠭᠤᠨᠢᠭᠳᠤ ᠰᠣᠷᠭᠠᠮᠵᠢ ᠶᠢ | ᠬᠡᠣᠬᠡᠳ ᠲᠤ ᠰᠣᠷᠭᠠᠨ ᠪᠠᠲᠤ ᠴᠡᠭᠡᠵᠢᠯᠡᠭᠦᠯᠵᠦ᠂ ᠬᠠᠤᠯᠢ ᠳᠦᠷᠢᠮ ᠤᠨ ᠦᠵᠡᠯᠲᠡ ᠪᠠᠨ ᠲᠠᠰᠤᠷᠠᠯᠲᠠ ᠦᠭᠡᠢ | ᠴᠢᠩᠭᠠᠳᠭᠠᠨᠵᠤ᠂ ᠬᠤᠣᠷ ᠢ ᠡᠰᠡᠷᠭᠦᠴᠡᠬᠦ ᠦᠵᠡᠯᠳᠡ ᠪᠠᠨ ᠳᠡᠭᠡᠭᠰᠢᠯᠡᠭᠦᠯᠵᠦ ᠬᠤᠣᠷ ᠢ ᠰᠡᠷᠭᠡᠶᠢᠯᠡᠬᠦ ᠦᠵᠡᠯ ᠤᠬᠠᠮᠰᠠᠷ | ᠪᠣᠯᠤᠨ ᠬᠤᠤᠷᠳᠤ ᠡᠳ᠋ ᠢ ᠡᠰᠡᠷᠭᠦᠴᠡᠬᠦ ᠦᠵᠡᠯ ᠰᠠᠨᠠᠭᠠᠨ ᠤ ᠰᠡᠷᠭᠡᠶᠢᠯᠡᠯᠲᠡ ᠶᠢᠨ ᠱᠤᠭᠤᠮ ᠢ ᠨᠠᠰᠣᠨ ᠲᠣᠷᠰᠢ ᠪᠠᠲᠤ | ᠪᠠᠬᠢ ᠲᠡᠷᠢᠭᠦᠨ ᠪᠠᠶᠢᠷᠢᠨ ᠳᠤ ᠲᠡᠯᠪᠢᠬᠤ ᠬᠡᠷᠡᠭᠲᠡᠢ ᠬᠡᠮᠡᠨ ᠣᠷᠢᠶᠠᠯᠠᠭᠰᠠᠨ ᠪᠠᠶᠢᠨ᠎ᠠ᠃ ᠡᠭᠦᠨ ᠤ ᠬᠠᠮᠳᠣ ᠣᠯᠠᠨ | ᠲᠦᠮᠡᠨ ᠢ ᠬᠤᠤᠷᠳᠤ ᠡᠳ᠋ ᠢ ᠴᠠᠭᠠᠵᠠᠯᠠᠬᠤ ᠲᠡᠮᠡᠴᠡᠯ ᠳᠤ ᠢᠳᠡᠪᠬᠢᠲᠡᠢ ᠣᠷᠤᠯᠴᠠᠵᠤ᠂ ︽ᠦᠪᠡᠷ ᠵᠠᠭᠤᠷ᠎ᠠ ᠪᠠᠨ | ᠰᠠᠶᠢᠳᠤᠷ ᠬᠠᠮᠢᠶᠠᠷᠴᠤ᠂ ᠬᠤᠣᠷᠳᠤ ᠡᠳ᠋ ᠢ ᠭᠡᠷ ᠲᠤ ᠪᠠᠨ ᠦᠯᠦ ᠬᠠᠯᠭᠠᠬᠤ︾ ᠂ ᠬᠤᠣᠷᠳᠤ ᠡᠳ᠋ ᠤᠨ | ᠡᠪᠳᠡᠯᠡᠭᠡ ᠶᠢᠨ ᠴᠢᠨᠠᠷ ᠢ ᠤᠷᠢᠳᠴᠢᠯᠠᠨ ᠰᠡᠷᠭᠡᠶᠢᠯᠡᠬᠦ ᠮᠡᠳᠡᠬᠦ ᠶᠢ ᠣᠬᠠᠭᠤᠯᠣᠨ᠂ ᠲᠦᠭ ᠲᠦᠮᠡᠨ ᠭᠡᠷ ᠪᠦᠯᠢ ᠶᠢᠨ | ᠰᠠᠶᠢᠨ ᠰᠠᠶᠢᠬᠠᠨ ᠰᠣᠷᠳᠠᠯ ᠪᠠᠷ ᠪᠦᠬᠦ ᠨᠡᠶᠢᠭᠡᠮ ᠤᠨ ᠬᠤᠣᠷᠳᠣ ᠡᠳ᠋ ᠢ ᠡᠰᠡᠷᠭᠦᠴᠡᠭᠦ ᠢᠳᠡᠪᠬᠢᠳᠡᠢ ᠬᠡᠪ ᠰᠣᠷᠳᠠᠯ ᠢ | ᠪᠤᠢ ᠪᠤᠯᠭᠠᠵᠤ᠂ ᠪᠠᠶᠠᠨ ᠴᠢᠨᠡᠭᠡᠯᠢᠭ ᠡᠶ᠎ᠡ ᠵᠣᠬᠢᠴᠠᠩᠭᠤᠢ ᠠᠮᠤᠷ ᠲᠠᠶᠢᠪᠣᠩ ᠪᠣᠯᠪᠠᠰᠤᠨ ᠭᠤᠶᠤ ᠰᠠᠶᠢᠬᠠᠨ ᠰᠢᠨ᠎ᠡ | ᠹᠧᠩ ᠲᠢᠶᠠᠨ ᠢ ᠪᠦᠳᠦᠭᠡᠨ ᠪᠠᠶᠢᠭᠤᠯᠳᠣᠭᠤᠢ ᠬᠡᠮᠡᠨ ᠣᠷᠢᠶᠠᠯᠠᠭᠰᠠᠨ ᠪᠠᠶᠢᠨ᠎ᠠ᠃ | ᠲᠤᠰ ᠣᠳᠠᠭᠠᠨ ᠤ ᠣᠬᠠᠭᠤᠯᠭ᠎ᠠ ᠶᠢᠨ ᠬᠦᠳᠡᠯᠭᠡᠭᠡᠨ ᠳᠣᠮᠳᠠ ᠨᠡᠶᠢᠲᠡ 100 ᠢᠯᠡᠭᠦᠦ ᠨᠢᠭᠤᠷ ᠤᠨ ᠬᠤᠣᠷᠳᠤ | ᠡᠳ᠋ ᠢ ᠴᠠᠭᠠᠵᠠᠯᠠᠬᠤ ᠰᠠᠨᠠᠭᠠᠴᠢᠯᠠᠭ᠎ᠠ ᠶᠢᠨ ᠪᠢᠴᠢᠭ ᠢ ᠲᠠᠷᠬᠠᠭᠠᠭᠰᠠᠨ ᠪᠠᠶᠢᠨ᠎ᠠ᠃ | |