ᠹᠧᠩ ᠲᠢᠶᠠᠨ ᠪᠠᠯᠭᠠᠰᠤ ᠨᠠᠮ ᠤᠨ ᠲᠤᠭ ᠢ ᠦᠨᠳᠦᠷ ᠨᠠᠮᠢᠷᠠᠭᠤᠯᠵᠤ᠂ ᠠᠷᠠᠳ ᠤᠨ ᠰᠡᠳᠭᠢᠯ ᠢ ᠲᠣᠯᠠᠭᠠᠴᠠᠭᠤᠯᠬᠤ ᠬᠦᠳᠡᠯᠭᠡᠭᠡᠨ ᠶᠠᠪᠣᠭᠳᠠᠭᠤᠯᠣᠭᠰᠠᠨ ᠪᠠᠶᠢᠨ᠎ᠠ
ᠨᠡᠶᠢᠲᠡᠯᠡᠭᠰᠡᠨ ᠴᠠᠭ᠄
2018-07-12
     ᠳᠤᠮᠳᠠᠳᠤ ᠤᠯᠤᠰ ᠤᠨ ᠡᠪ ᠬᠠᠮᠳᠤ ᠨᠠᠮ ᠤᠨ 97 ᠵᠢᠯ ᠣᠢ ᠶᠢᠨ ᠲᠠᠰᠢᠷᠠᠮ ᠢᠶᠠᠷ ᠹᠧᠩ ᠲᠢᠶᠠᠨ ᠪᠠᠯᠭᠠᠰᠤ ᠶᠢᠨ ᠨᠠᠮ ᠤᠨ ᠬᠤᠷᠢᠶ᠎ᠠ ᠠᠴᠠ ᠰᠢ ᠶᠢᠨ ᠫᠢᠩ ᠤᠨ ᠰᠢᠨ᠎ᠡ ᠴᠠᠭ ᠦᠶ᠎ᠡ ᠳᠤᠮᠳᠠᠳᠤ ᠤᠯᠤᠰ ᠤᠨ ᠣᠨᠴᠠᠯᠢᠭ ᠪᠦᠬᠦᠢ ᠨᠡᠶᠢᠭᠡᠮ ᠵᠢᠷᠦᠮ ᠤᠨ ᠦᠵᠡᠯ ᠰᠠᠨᠠᠭ᠎ᠠ ᠪᠠᠷ ᠵᠢᠯᠦᠭᠤᠳᠤᠯᠭ᠎ᠠ ᠪᠣᠯᠭᠠᠨ᠂ ᠪᠠᠯᠭᠠᠰᠤ᠂ ᠭᠠᠴᠠᠭᠠᠨ ᠤ ᠨᠠᠮ ᠤᠨ ᠡᠭᠦᠷ ᠪᠠ ᠦᠷᠭᠡᠨ ᠣᠯᠠᠨ ᠨᠠᠮ ᠤᠨ ᠺᠠᠳᠠᠷᠴᠣᠳ ᠢ ᠣᠷᠢᠶᠠᠯᠠᠵᠣ᠂ ᠳᠣᠯᠤᠭᠠᠨ ᠰᠠᠷ᠎ᠠ ᠶᠢᠨ ᠨᠢᠭᠡᠨ ᠢᠶᠠᠷ ᠭᠤᠣᠯ ᠰᠡᠳᠦᠪ ᠪᠣᠯᠭᠠᠭᠰᠠᠨ ᠰᠢᠷᠢᠰ ᠨᠠᠮ ᠤᠨ ᠬᠦᠳᠡᠯᠭᠡᠭᠡᠨ ᠶᠠᠪᠣᠭᠳᠠᠭᠤᠯᠣᠭᠰᠠᠨ ᠪᠠᠶᠢᠨ᠎ᠠ᠃      ᠪᠠᠯᠭᠠᠰᠤᠨ ᠤ ᠡᠯ᠎ᠡ ᠪᠠᠶᠢᠭᠤᠯᠭ᠎ᠠ ᠶᠢᠨ ᠨᠠᠮ ᠤᠨ ᠡᠭᠦᠷ᠂ 6 ᠰᠠᠷ᠎ᠠ ᠶᠢᠨ 29 ᠤ ᠡᠳᠦᠷ ᠤᠨ ᠦᠳᠡ ᠶᠢᠨ ᠬᠤᠶᠢᠨ᠎ᠠ ᠶᠠᠳᠠᠭᠤ ᠠᠴᠠ ᠠᠩᠭᠢᠵᠢᠷᠠᠭᠤᠯᠬᠤ ᠪᠡᠷᠬᠡ ᠰᠡᠳᠦᠪ ᠢ ᠰᠢᠢᠳᠪᠦᠷᠢᠯᠡᠬᠦ ᠠᠵᠢᠯ ᠳᠤ ᠲᠡᠮᠵᠢᠵᠦ᠂ 42 ᠨᠠᠮ ᠤᠨ ᠭᠡᠰᠢᠭᠦᠨ 7 ᠲᠣᠭᠤᠶᠢᠯᠠᠩ ᠬᠤᠪᠢᠶᠠᠨ᠂ ᠡᠪᠭᠡᠮᠡᠯ ᠪᠠᠶᠢᠭᠤᠯᠤᠨ ᠺᠠᠷᠳ᠋ᠯᠠᠨ ᠲᠠᠩᠰᠠᠯᠠᠭᠰᠠᠨ 26 ᠶᠠᠳᠠᠭᠤ ᠬᠦᠴᠢᠷᠳᠡᠯ ᠲᠠᠢ ᠡᠷᠦᠭᠡ ᠭᠡᠷ ᠲᠤ ᠣᠷᠣᠵᠣ ᠨᠠᠮ ᠤᠨ ᠬᠠᠯᠠᠮᠵᠢᠯᠠᠯ ᠢ ᠬᠦᠷᠭᠡᠭᠰᠡᠨ ᠪᠠᠶᠢᠨ᠎ᠠ᠃ ᠨᠠᠮ ᠤᠨ ᠭᠡᠰᠢᠭᠦᠳ ᠶᠠᠳᠠᠭᠤ ᠬᠦᠴᠢᠷᠳᠡᠯᠲᠠᠢ ᠣᠯᠠᠨ ᠲᠦᠮᠡᠨ ᠲᠠᠢ ᠨᠢᠭᠤᠷᠲᠠᠯᠴᠠᠨ ᠵᠠᠢ ᠦᠭᠡᠢ ᠰᠣᠯᠢᠯᠴᠠᠵᠦ᠂ ᠲᠠᠳᠠᠨᠠᠷ ᠤᠨ ᠶᠠᠳᠠᠭᠤ ᠠᠴᠠ ᠠᠩᠬᠢᠵᠢᠷᠠᠬᠤ ᠢᠳᠡᠭᠡᠯ ᠢ ᠵᠣᠷᠢᠭᠵᠢᠭᠤᠯᠵᠤ᠂ ᠦᠢᠯᠡᠳᠪᠦᠷᠢᠯᠡᠯ ᠢᠶᠠᠨ ᠰᠠᠶᠢᠳᠤᠷ ᠬᠢᠵᠦ ᠦᠪᠡᠷ ᠢᠶᠠᠨ ᠬᠦᠴᠦᠷᠭᠡᠭᠵᠢᠨ ᠪᠡᠶ᠎ᠡ ᠪᠠᠨ ᠳᠠᠭᠠᠭᠠᠬᠤ ᠵᠠᠮ ᠢᠶᠠᠷ ᠵᠠᠮᠨᠠᠵᠤ᠂ ᠡᠷᠳᠡ ᠡᠳᠦᠷ ᠶᠠᠳᠠᠭᠤ ᠠᠴᠠ ᠠᠩᠭᠢᠵᠢᠷᠠᠨ ᠪᠠᠶᠠᠵᠢᠬᠤ ᠬᠡᠷᠡᠭᠲᠡᠢ ᠭᠡᠵᠦ ᠵᠣᠷᠢᠭᠵᠢᠭᠤᠯᠪᠠ᠃ ᠡᠭᠦᠨ ᠤ ᠬᠠᠮᠳᠤ ᠵᠣᠬᠢᠶᠠᠨ ᠪᠠᠶᠢᠭᠤᠯᠭ᠎ᠠ ᠶᠢᠨ ᠭᠡᠰᠢᠭᠦᠨ ᠮᠠ ᠴᠠᠩ ᠬᠤᠩ ᠨᠦᠬᠦᠷ ᠶᠠᠳᠠᠭᠤ ᠬᠦᠴᠢᠷᠳᠡᠯᠲᠠᠢ ᠠᠬᠠᠮᠠᠳ ᠨᠠᠮ ᠤᠨ ᠭᠡᠰᠢᠬᠦᠨ ᠢ ᠡᠷᠬᠢᠨ ᠦᠵᠡᠵᠦ᠂ ᠲᠡᠳᠡᠨ ᠳᠤ ᠪᠠᠶᠠᠷ ᠤᠨ ᠡᠳᠦᠷ ᠤᠨ ᠮᠡᠨᠳᠦᠴᠢᠯᠡᠯ ᠪᠠ ᠴᠢᠩ ᠰᠡᠳᠭᠢᠯ ᠤᠨ ᠲᠠᠯᠠᠷᠬᠠᠯ ᠢᠶᠠᠨ ᠢᠯᠡᠳᠭᠡᠪᠡ᠂ ᠮᠦᠨ ᠠᠬᠠᠮᠠᠳ ᠨᠠᠮ ᠤᠨ ᠭᠡᠰᠢᠭᠦᠨ᠂ ᠠᠬᠠᠮᠠᠳ ᠺᠠᠲᠠᠷᠴᠣᠳ ᠢ ᠰᠠᠶᠢᠨ ᠰᠠᠶᠢᠬᠠᠨ ᠣᠪᠤᠷ ᠰᠤᠷᠲᠠᠯ ᠢᠶᠠᠨ ᠦᠷᠭᠦᠯᠵᠢᠯᠡᠨ ᠪᠠᠳᠠᠷᠠᠭᠤᠯᠵᠤ᠂ ᠨᠠᠮ ᠤᠨ ᠣᠯᠠᠨ ᠲᠦᠮᠡᠨ ᠤ ᠳᠤᠮᠳᠠᠬᠢ ᠰᠢᠯᠢᠳᠡᠭ ᠳᠦᠷᠢ ᠪᠠᠶᠢᠳᠠᠯ ᠢ ᠪᠣᠢ ᠪᠤᠯᠭᠠᠵᠤ᠂ ᠡᠬᠦᠨ ᠢ ᠪᠠᠨ ᠰᠠᠶᠢᠳᠣᠷ ᠬᠠᠮᠠᠭᠠᠯᠠᠬᠤ ᠶᠢ ᠬᠦᠰᠡᠨ ᠵᠦᠩᠨᠡᠭᠰᠡᠨ ᠪᠠᠶᠢᠨ᠎ᠠ᠃     ᠰᠢ ᠱᠦᠢ ᠲᠠᠩ᠂ ᠹᠧᠩ ᠲᠢᠶᠠᠨ᠂ ᠸᠠᠨ ᠵᠢᠶᠠᠩ ᠲᠦᠨ ᠵᠡᠷᠭᠡ 15 ᠭᠠᠴᠠᠭ᠎ᠠ ᠲᠤᠰᠬᠤᠨ ᠨᠠᠮ ᠤᠨ ᠡᠭᠦᠷ ᠤᠨ ᠤᠳᠤᠷᠢᠳᠤᠯᠭ᠎ᠠ ᠳᠣᠣᠷ᠎ᠠ ᠪᠠᠯᠭᠠᠰᠤ ᠲᠤᠰᠬᠤᠨ ᠤ ᠨᠠᠮ ᠤᠨ ᠭᠡᠰᠢᠭᠦᠨ ᠤ ᠰᠠᠶᠢᠨ ᠳᠤᠷ᠎ᠠ ᠶᠢᠨ ᠠᠵᠢᠯᠯᠠᠭᠴᠢ ᠠᠴᠠ ᠵᠠᠮ ᠤᠨ ᠬᠠᠵᠠᠭᠤ ᠳᠠᠬᠢ ᠬᠤᠭ ᠨᠣᠪᠰᠢ᠂ ᠰᠦᠯᠢᠶᠣᠣ ᠣᠭᠤᠲᠠ᠂ ᠪᠣᠲᠠᠷᠠᠭᠰᠠᠨ ᠴᠠᠭᠠᠰᠤ ᠵᠢᠮᠢᠰ ᠤᠨ ᠬᠠᠯᠢᠰᠤ ᠵᠡᠷᠭᠡ ᠶᠢ ᠨᠠᠷᠢᠨ ᠬᠢᠨᠠᠮᠠᠭᠠᠢ ᠴᠠᠪᠡᠷᠯᠡᠵᠦ᠂ ᠡᠭᠦᠨ ᠤ ᠬᠠᠮᠳᠤ ᠭᠡᠷ ᠡᠷᠦᠭᠡ ᠳᠤ ᠣᠷᠤᠵᠤ ︽ᠡᠭᠦᠳᠡᠨ ᠡᠮᠦᠨᠡᠬᠢ ᠭᠤᠷᠪᠠᠨ ᠳᠠᠭᠠᠭᠠᠴᠢᠯᠠᠯᠲᠠ︾ ᠬᠢᠭᠡᠳ ᠣᠷᠴᠢᠨ ᠲᠤᠭᠤᠷᠢᠨ ᠢ ᠴᠡᠭᠴᠡᠯᠡᠨ ᠵᠠᠰᠠᠬᠤ ᠴᠢᠬᠤᠯᠠ ᠠᠴᠢ ᠬᠤᠯᠪᠤᠭᠳᠠᠯ ᠢ ᠤᠬᠠᠭᠤᠯᠵᠤ᠂ ᠪᠣᠵᠠᠷ ᠠᠴᠠ ᠠᠶᠤᠬᠤ ᠦᠭᠡᠢ᠂ ᠶᠠᠳᠠᠷᠠᠯ ᠵᠦᠳᠡᠷᠡᠯ ᠠᠴᠠ ᠠᠶᠣᠬᠤ ᠦᠭᠡᠢ ᠵᠣᠷᠢᠭ ᠰᠠᠨᠠᠭ᠎ᠠ ᠶᠢ ᠭᠦᠢᠴᠡᠳ ᠪᠠᠳᠠᠷᠠᠭᠤᠯᠣᠭᠰᠠᠨ ᠪᠠᠶᠢᠨ᠎ᠠ᠃     ᠬᠣ᠋ ᠵᠢᠶᠠ ᠶᠤᠸᠠᠨ ᠽᠢ᠂ ᠵᠢᠶᠠ ᠰᠢᠨ᠂ ᠰᠢᠶᠤᠤ ᠭᠦᠸᠧ ᠵᠡᠷᠭᠡ ᠭᠠᠴᠠᠭ᠎ᠠ ᠳᠤ ᠨᠠᠮ ᠤᠨ ᠭᠡᠰᠢᠭᠦᠳ ᠤᠨ ᠶᠡᠭᠡ ᠬᠤᠷᠠᠯ ᠬᠤᠷᠠᠯᠳᠤᠭᠤᠯᠵᠤ᠂ ᠨᠠᠮ ᠤᠨ ᠡᠭᠦᠷ ᠤᠨ ᠱᠦᠵᠢ ᠠᠴᠠ ᠨᠠᠮ ᠤᠨ ᠬᠢᠴᠢᠶᠠᠯ ᠶᠡᠷᠢᠵᠦ᠂ ᠨᠠᠮ ᠤᠨ ᠭᠡᠰᠢᠭᠦᠨ ᠪᠣᠯᠤᠭᠰᠠᠨ ᠤ ᠬᠤᠪᠢ ᠳᠤ ᠪᠦᠬᠦ ᠰᠡᠳᠭᠢᠯ ᠪᠦᠬᠦ ᠵᠣᠷᠢᠭ ᠢᠶᠠᠷ ᠠᠷᠠᠳ ᠲᠦᠮᠡᠨ ᠳᠤ ᠦᠢᠯᠡᠴᠢᠯᠡᠬᠦ ᠪᠣᠯ ᠦᠨᠢᠲᠡ ᠶᠢᠨ ᠡᠭᠦᠷᠭᠡ ᠮᠦᠨ ᠬᠡᠵᠦ ᠴᠢᠬᠤᠯᠴᠢᠯᠠᠭᠰᠠᠨ ᠪᠠᠶᠢᠨ᠎ᠠ᠂ ᠡᠭᠦᠨ ᠤ ᠬᠠᠮᠲᠤ ᠠᠬᠠᠮᠠᠳ ᠨᠠᠮ ᠤᠨ  ᠬᠡᠰᠢᠭᠦᠳ  ᠠᠴᠠ ᠳᠡᠬᠢᠨᠲᠠ ᠨᠠᠮ ᠳᠤ ᠣᠷᠣᠬᠤ ᠲᠠᠩᠭᠠᠷᠢᠭ ᠡᠷᠭᠦᠵᠦ᠂ ᠤᠯᠠᠮ ᠨᠢᠭᠡ ᠠᠯᠬᠤᠮ ᠪᠦᠬᠦ ᠨᠠᠮ ᠤᠨ ᠭᠡᠰᠢᠭᠦᠨ ᠤ ᠢᠷᠠᠭᠤ ᠠᠯᠳᠠᠷᠲᠤ ᠰᠡᠳᠭᠢᠯᠭᠡ᠂ ᠬᠠᠷᠢᠭᠤᠴᠠᠯᠭᠠᠳᠤ ᠰᠡᠳᠭᠢᠯᠭᠡ ᠪᠠ ᠡᠭᠦᠷᠭᠡᠲᠦ ᠰᠡᠳᠭᠢᠯᠭᠡ ᠶᠢ ᠬᠦᠭᠵᠢᠭᠡᠵᠦ᠂ ᠪᠦᠬᠦ ᠭᠠᠴᠠᠭᠠᠨ ᠤ ᠨᠠᠮ ᠤᠨ ᠭᠡᠰᠢᠭᠦᠳ ᠤᠨ ᠠᠵᠢᠯ ᠳᠠᠭᠠᠨ ᠬᠠᠷᠢᠭᠤᠴᠠᠬᠤ ᠢᠲᠡᠭᠡᠯ ᠵᠣᠷᠢᠭ ᠢ ᠪᠠᠳᠣᠵᠢᠭᠤᠯᠣᠭᠰᠠᠨ ᠪᠠᠶᠢᠨ᠎ᠠ᠃       ᠨᠠᠨ ᠴᠧᠩ ᠸᠠᠩ ᠠᠶᠢᠯ ᠤᠨ ᠨᠠᠮ ᠤᠨ ᠡᠭᠦᠷ ︽ᠲᠣᠯᠤᠭᠠᠨ ᠰᠠᠷ᠎ᠠ ᠶᠢᠨ ᠨᠢᠭᠡᠨ ᠢ ᠪᠡᠯᠡᠭᠯᠡᠨ᠂ ᠲᠠᠷᠢᠶᠠᠴᠢᠨ ᠠᠶᠢᠯ ᠳᠤ ᠬᠦᠰᠡᠯ ᠢᠶᠠᠨ ᠲᠠᠯᠪᠢᠨ᠂ ᠶᠠᠳᠠᠭᠤ ᠠᠴᠠ ᠠᠩᠭᠢᠵᠢᠷᠠᠭᠤᠯᠤᠨ ᠪᠣᠭᠤᠮᠳᠠ ᠰᠢᠪᠳᠤᠯᠤᠭᠤᠯᠤᠭᠰᠠᠨ ᠨᠠᠮ ᠤᠨ ᠠᠴᠢ ᠳᠤ ᠲᠠᠯᠠᠷᠬᠠᠬᠤ︾ ᠪᠠᠷ ᠭᠤᠣᠯ ᠰᠡᠳᠦᠪ ᠪᠣᠯᠭᠠᠭᠰᠠᠨ ᠤᠳᠬ᠎ᠠ ᠤᠷᠠᠯᠢᠭ ᠤᠨ ᠲᠣᠭᠯᠠᠯᠲᠠ ᠬᠢᠭᠰᠡᠨ ᠪᠠᠶᠢᠨ᠎ᠠ᠃ ᠪᠦᠬᠦ ᠭᠠᠴᠠᠭᠠᠨ ᠤ 35 ᠨᠠᠮ ᠤᠨ ᠭᠡᠰᠢᠭᠦᠨ ᠪᠠ ᠡᠭᠡᠯ ᠲᠣᠭᠯᠠᠭᠴᠢ ᠨᠠᠷ ᠢᠳᠡᠪᠬᠢᠲᠠᠢ ᠪᠠᠷ ᠦᠭᠡᠳᠡᠯᠡᠨ ᠳᠠᠪᠰᠢᠬᠤ ᠲᠣᠭᠯᠠᠯᠲᠠ ᠶᠢᠨ ᠠᠭᠤᠯᠭ᠎ᠠ᠂ ᠣᠷᠠᠨ ᠪᠦᠵᠢᠭ ᠤᠨ ᠲᠣᠭᠯᠠᠯᠲᠠ ᠪᠠᠷ ᠢᠶᠠᠨ ᠰᠢᠶᠠᠨ ᠪᠠᠶᠢᠭᠤᠯᠤᠭᠳᠠᠭᠰᠠᠨ ᠵᠠᠭᠤᠨ ᠵᠢᠯ ᠢ ᠳᠣᠳᠤᠷᠬᠠᠶᠢᠯᠠᠨ ᠦᠬᠦᠯᠡᠵᠦ᠂ ᠦᠭᠡᠷᠡᠴᠢᠯᠡᠯᠲᠡ ᠬᠢᠵᠦ ᠴᠢᠯᠦᠭᠡᠲᠡᠢ ᠶᠠᠪᠤᠯᠴᠠᠭᠰᠠᠨ 40 ᠵᠢᠯ᠂ ᠨᠠᠷᠢᠯᠢᠭ ᠣᠨᠤᠪᠴᠢᠲᠠᠢ ᠪᠠᠷ ᠶᠠᠳᠠᠭᠤ ᠶᠢ ᠳᠡᠳᠭᠦᠭᠦ ᠰᠠᠶᠢᠨ ᠲᠦᠷᠤ ᠶᠢᠨ ᠪᠣᠳᠤᠯᠭ᠎ᠠ ᠶᠢ ᠬᠡᠷᠡᠭᠵᠢᠭᠦᠯᠦᠭᠰᠡᠨ ᠠᠴᠠ ᠨᠤᠳᠤᠭ ᠤᠨ ᠡᠳᠦᠷ ᠠᠴᠠ ᠡᠳᠦᠷ ᠦᠭᠡᠳᠡᠯᠡᠨ ᠬᠤᠪᠢᠷᠠᠵᠤ ᠪᠠᠶᠢᠭ᠎ᠠ ᠪᠠᠶᠢᠳᠠᠯ ᠢ ᠮᠠᠭᠳᠠᠨ ᠳᠠᠭᠤᠯᠠᠵᠣ᠂ ᠦᠷᠭᠡᠨ ᠤᠯᠠᠨ ᠠᠷᠠᠳ ᠲᠦᠮᠡᠨ ᠤ ᠬᠠᠯᠠᠭᠤᠨ ᠠᠯᠠᠭ᠎ᠠ ᠲᠠᠰᠢᠯᠲᠠ ᠶᠢ ᠣᠯᠤᠭᠰᠠᠨ ᠪᠠᠶᠢᠨ᠎ᠠ᠃     ᠭᠤᠣᠯ ᠰᠡᠳᠦᠪᠲᠦ ᠨᠠᠮ ᠤᠨ ᠬᠦᠳᠡᠯᠭᠡᠭᠡᠨ ᠢᠶᠠᠷ ᠳᠠᠮᠵᠢᠨ ᠹᠧᠩ ᠲᠢᠶᠡᠨ ᠪᠠᠯᠭᠠᠰᠤ ᠶᠢᠨ ᠦᠨᠳᠦᠰᠦᠨ ᠱᠠᠳᠤᠨ ᠤ ᠨᠠᠮ ᠤᠨ ᠵᠣᠬᠢᠶᠠᠨ ᠪᠠᠶᠢᠭᠤᠯᠤᠯᠲᠠ ᠪᠣᠯᠤᠨ ᠦᠷᠭᠡᠨ ᠤᠯᠠᠨ ᠨᠠᠮ ᠤᠨ ᠭᠡᠰᠢᠭᠦᠨ ᠤ ᠤᠭ ᠰᠠᠨᠠᠭ᠎ᠠ ᠪᠠᠨ ᠦᠯᠦ ᠮᠠᠷᠳᠠᠵᠤ᠂ ᠡᠭᠦᠷᠭᠡ ᠬᠠᠷᠢᠭᠤᠴᠠᠯᠭ᠎ᠠ ᠪᠠᠨ ᠪᠠᠲᠤ ᠴᠡᠭᠡᠵᠢᠯᠡᠬᠦ ᠵᠣᠷᠢᠭ ᠰᠠᠨᠠᠭ᠎ᠠ ᠶᠢ ᠬᠦᠭᠵᠢᠭᠡᠵᠦ᠂ ︽ᠳᠦᠷᠪᠡᠨ ᠤᠬᠠᠮᠰᠠᠷ︾  ᠢ ᠲᠡᠭᠡᠭᠰᠢᠯᠡᠬᠦᠯᠵᠦ᠂ ︽ᠳᠦᠷᠪᠡᠨ ᠢᠲᠡᠭᠡᠯ︾ ᠢ ᠤᠯᠠᠮ ᠪᠠᠳᠤᠳᠬᠠᠵᠤ᠂ ᠬᠤᠰᠢᠭᠤᠴᠢ ᠵᠢᠱᠢᠶᠡᠴᠢ ᠶᠢᠨ ᠦᠢᠯᠡᠳᠦᠯ ᠪᠠ ᠳᠠᠶᠢᠴᠢᠨ ᠪᠠᠬᠢᠯᠡᠯᠲᠡ ᠶᠢᠨ ᠦᠢᠯᠡᠳᠦᠯ ᠢ ᠭᠦᠢᠴᠡᠳ ᠪᠠᠳᠠᠷᠠᠭᠤᠯᠣᠨ᠂ ᠪᠠᠶᠠᠨ ᠬᠦᠴᠦᠷᠬᠡᠭ᠂ ᠭᠤᠶᠤ ᠰᠠᠶᠢᠬᠠᠨ᠂ ᠡᠶ᠎ᠡ ᠵᠣᠬᠢᠴᠠᠩᠭᠤᠢ ᠹᠧᠩ ᠲᠢᠶᠠᠨ ᠪᠠᠯᠭᠠᠰᠤ ᠶᠢᠨ ᠲᠦᠯᠦᠭᠡ ᠰᠢᠨ᠎ᠡ ᠬᠤᠪᠢ ᠨᠡᠮᠡᠷᠢ ᠦᠵᠡᠬᠦᠯᠦᠭᠰᠡᠨ ᠪᠠᠶᠢᠨ᠎ᠠ᠃
 
ᠢᠷᠡᠯᠲᠡ᠄ ᠹᠧᠩ ᠲᠢᠶᠠᠨ ᠪᠠᠯᠭᠠᠰᠤ ᠶᠢᠨ ᠵᠠᠰᠠᠭ ᠤᠨ ᠣᠷᠳᠤᠨ
 
 
ᠬᠠᠮᠢᠶ᠎ᠡ ᠪᠦᠬᠦᠢ ᠰᠣᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备05070829号