ᠹᠧᠩ ᠲᠢᠶᠠᠨ ᠪᠠᠯᠭᠠᠰᠤ ᠶᠢᠨ ᠶᠠᠳᠠᠭᠤ ᠠᠴᠠ ᠠᠩᠭᠢᠵᠢᠷᠠᠬᠤ ᠪᠠᠬᠢᠯᠡᠯᠲᠡ ᠶᠢ ᠳᠠᠭᠠᠷᠢᠵᠤ ︽ᠡᠷᠭᠢᠨ ᠬᠠᠷᠠᠬᠤ︾ ᠲᠦᠯᠬᠢᠨ ᠠᠬᠢᠭᠤᠯᠬᠤ ᠬᠤᠷᠠᠯ ᠢ ᠬᠤᠷᠠᠯᠳᠤᠭᠤᠯᠪᠠ
ᠨᠡᠶᠢᠲᠡᠯᠡᠭᠰᠡᠨ ᠴᠠᠭ᠄
2018-07-12
      ᠶᠠᠳᠠᠭᠤ ᠠᠴᠠ ᠠᠩᠬᠢᠵᠢᠷᠠᠭᠤᠯᠬᠤ ᠪᠠᠬᠢᠯᠡᠯᠲᠡ ᠶᠢ ᠳᠠᠭᠠᠷᠢᠬᠤ ᠡᠭᠦᠷᠭᠡ ᠶᠢᠨ ᠲᠤᠤᠱᠯᠠᠭᠤᠯᠬᠤ ᠶᠢ ᠤᠯᠠᠮ ᠨᠢᠭᠡ ᠠᠯᠬᠤᠮ ᠲᠦᠷᠭᠡᠳᠭᠡᠨ᠂ ︽ᠡᠷᠭᠢᠨ ᠬᠠᠷᠠᠬᠤ︾ ᠴᠡᠭᠴᠡᠯᠡᠨ ᠦᠭᠡᠷᠡᠴᠢᠯᠡᠬᠦ ᠦᠷ᠎ᠡ ᠪᠦᠳᠦᠭᠡᠯ ᠢ ᠪᠠᠬᠢᠵᠢᠬᠦᠯᠬᠦ ᠶᠢᠨ ᠲᠦᠯᠦᠭᠡ᠂ 7 ᠰᠠᠷ᠎ᠠ ᠶᠢᠨ 2 ᠤ ᠦᠳᠡ ᠶᠢᠨ ᠡᠮᠦᠨ᠎ᠡ ᠹᠧᠩ ᠲᠢᠶᠠᠨ ᠪᠠᠯᠭᠠᠰᠤ ᠠᠴᠠ ᠶᠠᠳᠠᠭᠤ ᠠᠴᠠ ᠠᠩᠬᠢᠵᠢᠷᠠᠭᠤᠯᠬᠤ ᠪᠠᠬᠢᠯᠡᠯᠲᠡ ᠶᠢ ᠳᠠᠭᠠᠷᠢᠵᠤ ︽ᠡᠷᠭᠢᠨ ᠬᠠᠷᠠᠬᠤ︾ ᠳᠦᠯᠬᠢᠨ ᠠᠬᠢᠭᠤᠯᠬᠤ ᠬᠤᠷᠠᠯ ᠢ ᠬᠤᠷᠠᠯᠳᠤᠭᠤᠯᠵᠤ᠂ ᠬᠤᠷᠠᠯ ᠳᠤ 28 ᠵᠠᠰᠠᠭ ᠵᠠᠬᠢᠷᠭᠠᠨ ᠤ ᠲᠤᠰᠬᠤᠨ ᠤ ᠨᠠᠮ ᠤᠨ ᠡᠭᠦᠷ ᠤᠨ ᠱᠦᠵᠢ᠂ ᠲᠣᠭᠤᠷᠢᠭ ᠤᠨ ᠲᠣᠰᠬᠤᠨ ᠳᠤ ᠰᠠᠭᠤᠭ᠎ᠠ ᠨᠢᠭᠡᠳᠦᠭᠡᠷ ᠱᠦᠵᠢ ᠵᠢᠴᠢ ᠪᠠᠯᠭᠠᠰᠣ ᠠᠴᠠ ᠬᠦᠳᠡᠭᠡ ᠶᠢ ᠪᠦᠷᠬᠦᠭᠰᠡᠨ ᠳᠠᠷᠤᠭ᠎ᠠ ᠬᠤᠷᠠᠯ ᠳᠤ ᠣᠷᠤᠯᠴᠠᠪᠠ᠃      ᠬᠤᠷᠠᠯ ᠢ ᠪᠠᠯᠭᠠᠰᠣ ᠶᠢᠨ ᠨᠠᠮ ᠤᠨ  ᠬᠤᠷᠢᠶᠠᠨ ᠤ ᠱᠦᠵᠢ ᠯᠢ ᠳ᠋ᠦᠩ ᠠᠴᠠ ᠡᠷᠬᠢᠯᠡᠵᠦ᠂ ᠬᠤᠷᠠᠯ ᠳᠡᠭᠡᠷ᠎ᠡ ᠯᠢ ᠱᠦᠵᠢ ᠠᠴᠠ ᠣᠯᠠᠨ ᠢ ᠳᠠᠭᠠᠭᠤᠯᠤᠨ ︽ᠲᠤᠰᠬᠠᠢ ᠵᠦᠢᠯ ᠤᠨ ᠴᠡᠭᠴᠡᠯᠡᠨ ᠦᠭᠡᠷᠡᠴᠢᠯᠡᠬᠦ ᠠᠵᠢᠯ ᠤᠨ ︿ᠡᠷᠭᠢᠨ ᠬᠠᠷᠠᠬᠤ﹀ ᠤᠯᠠᠮ ᠨᠢᠭᠡ ᠠᠯᠬᠤᠮ ᠰᠠᠶᠢᠳᠤᠷ ᠬᠢᠬᠦ ᠶᠢᠨ ᠲᠤᠬᠠᠢ ᠪᠠᠴᠢᠮ ᠮᠡᠳᠡᠭᠳᠡᠯ︾ ᠪᠠ ︽2018 ᠣᠨ ᠤ ᠬᠤᠰᠢᠭᠤ ᠰᠢᠶᠠᠨ ᠤ ᠨᠠᠮ ᠤᠨ ᠬᠤᠷᠢᠶ᠎ᠠ ᠪᠠ ᠵᠠᠰᠠᠭ ᠤᠨ ᠣᠷᠳᠤᠨ ᠤ ᠶᠠᠳᠠᠭᠤ ᠠᠴᠠ ᠠᠩᠬᠢᠵᠢᠷᠠᠭᠤᠯᠬᠤ ᠶᠢᠨ ᠨᠡᠭᠡᠭᠡᠯᠲᠡ ᠶᠢᠨ ᠠᠵᠢᠯ ᠤᠨ ᠦᠷ᠎ᠡ ᠪᠦᠳᠦᠮᠵᠢ ᠶᠢᠨ ᠬᠢᠨᠠᠨ ᠰᠢᠯᠭᠠᠬᠤ ᠳᠤᠮᠳᠠᠳᠤ ᠬᠤᠭᠤᠴᠠᠭᠠᠨ ᠤ ᠲᠦᠰᠦᠯ︾  ᠳᠠᠬᠢ ᠵᠣᠷᠢᠭ ᠰᠠᠨᠠᠭ᠎ᠠ ᠶᠢ ᠨᠠᠷᠢᠨ ᠬᠢᠨᠠᠮᠠᠭᠠᠢ ᠰᠣᠷᠣᠯᠴᠠᠭᠰᠠᠨ ᠪᠠᠶᠢᠨ᠎ᠠ᠃      ᠮᠠᠲ᠋ᠧᠷᠢᠶᠠᠯ ᠳᠠᠬᠢ ᠵᠣᠷᠢᠭ ᠰᠠᠨᠠᠭ᠎ᠠ ᠶᠢ ᠰᠤᠷᠤᠯᠴᠠᠭᠰᠠᠨ ᠤ ᠳᠠᠷᠠᠭ᠎ᠠ ᠯᠢ ᠱᠦᠵᠢ ᠠᠴᠠ ︽ᠡᠷᠭᠢᠨ ᠬᠠᠷᠠᠬᠤ︾  ᠶᠢ ᠴᠡᠭᠴᠡᠯᠡᠨ ᠦᠭᠡᠷᠡᠴᠢᠯᠡᠬᠦ ᠪᠠ ᠣᠷᠴᠢᠮ ᠤᠨ ᠬᠢᠨᠠᠨ ᠪᠠᠶᠢᠴᠠᠭᠠᠬᠤ ᠪᠠᠶᠢᠷᠢᠯᠠᠭᠤᠯᠬᠤ ᠠᠵᠢᠯ ᠤᠨ ᠡᠭᠦᠷᠭᠡ ᠬᠢᠭᠡᠳ ᠠᠵᠢᠯ ᠳᠤ ᠱᠠᠭᠠᠷᠳᠠᠯᠭ᠎ᠠ ᠳᠤᠷᠠᠳᠴᠤ᠂ ᠴᠢᠭᠯᠡᠯᠲᠦ ᠴᠢᠨᠠᠷᠲᠠᠢ ᠪᠠᠷ ᠣᠶᠢᠷ᠎ᠠ ᠶᠢᠨ ᠠᠵᠢᠯ ᠢ ᠪᠠᠶᠢᠷᠢᠰᠢᠯᠠᠭᠤᠯᠣᠭᠰᠠᠨ ᠪᠠᠶᠢᠨ᠎ᠠ᠃
 
ᠢᠷᠡᠯᠲᠡ᠄ ᠹᠧᠩ ᠲᠢᠶᠠᠨ ᠪᠠᠯᠭᠠᠰᠤ ᠶᠢᠨ ᠵᠠᠰᠠᠭ ᠤᠨ ᠣᠷᠳᠤᠨ
 
 
ᠬᠠᠮᠢᠶ᠎ᠡ ᠪᠦᠬᠦᠢ ᠰᠣᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备05070829号