ᠰᠤᠷᠪᠤᠯᠵᠢᠯᠠᠭᠰᠠᠨ ᠴᠠᠭ᠄ 2018 ᠣᠨ ᠤ 4 ᠳ᠋ᠦ᠋ᠭᠡᠷ ᠰᠠᠷ᠎ᠠ ᠶᠢᠨ 28 ᠤ ᠡᠳᠦᠷ ᠤᠨ ᠦᠳᠡ ᠶᠢᠨ ᠡᠮᠦᠨᠡᠬᠢ 10 ᠴᠠᠭ | ᠰᠤᠷᠪᠤᠯᠵᠢᠯᠠᠭ᠎ᠠ ᠬᠦᠯᠢᠶᠡᠭᠴᠢ᠄ ᠥᠪᠡᠷᠲᠡᠭᠡᠨ ᠵᠠᠰᠠᠬᠤ ᠣᠷᠣᠨ ᠤ ᠣᠷᠣᠨ ᠨᠤᠲᠤᠭ ᠤᠨ ᠭᠠᠶᠢᠯᠢ ᠶᠢᠨ ᠶᠠᠪᠤᠳᠠᠯ ᠤᠨ | ᠲᠣᠪᠴᠢᠶ᠎ᠠ ᠶᠢᠨ ᠨᠠᠮ ᠤᠨ ᠤᠳᠤᠷᠢᠳᠬᠤ ᠳᠤᠭᠤᠶᠢᠯᠠᠩ ᠤᠨ ᠭᠡᠰᠢᠭᠦᠨ᠂ ᠳᠡᠳ᠋ ᠲᠣᠪᠴᠢᠶᠠᠨ ᠳᠠᠷᠤᠭ᠎ᠠ ᠯᠢᠦ ᠹᠧᠩ ᠵᠢᠶᠦ᠋ᠨ | ᠰᠤᠷᠪᠤᠯᠵᠢᠯᠠᠭ᠎ᠠ ᠶᠢᠨ ᠲᠣᠪᠴᠢ ᠲᠠᠨᠢᠯᠴᠠᠭᠤᠯᠭ᠎ᠠ᠄ ᠣᠷᠴᠢᠨ ᠲᠣᠭᠤᠷᠢᠨ ᠤ ᠬᠠᠮᠠᠭᠠᠯᠠᠯᠲᠠ ᠶᠢᠨ ᠭᠠᠶᠢᠯᠢ ᠶᠢ ᠨᠢᠭᠡᠨᠲᠡ | 2018 ᠣᠨ ᠤ 1 ᠳ᠋ᠦ᠋ᠭᠡᠷ ᠰᠠᠷ᠎ᠠ ᠶᠢᠨ 1 ᠤ ᠡᠳᠦᠷ ᠠᠴᠠ ᠡᠬᠢᠯᠡᠨ ᠲᠠᠲᠠᠪᠤᠷᠢᠯᠠᠭᠰᠠᠨ ᠮᠥᠷᠲᠡᠭᠡᠨ ᠪᠣᠬᠢᠷᠲᠤᠯ | ᠭᠠᠳᠠᠭᠰᠢᠯᠠᠭᠤᠯᠬᠤ ᠰᠦᠢᠳᠬᠡᠯ ᠢ ᠳᠠᠬᠢᠨ ᠲᠠᠲᠠᠪᠤᠷᠢᠯᠠᠨ ᠬᠤᠷᠢᠶᠠᠬᠤ ᠦᠭᠡᠢ ᠪᠣᠯᠪᠠ᠃ ᠡᠭᠦᠨ ᠤ ᠬᠠᠮᠲᠤ ᠥᠪᠥᠷ | ᠮᠣᠩᠭᠤᠯ ᠤᠨ ᠥᠪᠡᠷᠲᠡᠭᠡᠨ ᠵᠠᠰᠠᠬᠤ ᠣᠷᠣᠨ ᠨᠢ ᠪᠦᠬᠦ ᠤᠯᠤᠰ ᠤᠨ ᠤᠰᠤᠨ ᠤ ᠡᠬᠢ ᠪᠠᠶᠠᠯᠢᠭ ᠤᠨ ᠭᠠᠶᠢᠯᠢ ᠳᠤ | ᠥᠭᠡᠷᠡᠴᠢᠯᠡᠯᠲᠡ ᠬᠢᠬᠦ ᠬᠤᠶᠠᠳᠤᠭᠠᠷ ᠪᠦᠯᠦᠭ ᠤᠨ ᠲᠤᠷᠰᠢᠯᠲᠠ ᠶᠢᠨ ᠴᠢᠭ᠋ ᠤᠨ ᠭᠠᠵᠠᠷ ᠣᠷᠣᠨ ᠪᠣᠯᠣᠭᠰᠠᠨ ᠤ ᠬᠤᠪᠢ ᠳᠤ᠂ | 2017 ᠣᠨ ᠤ 12 ᠳ᠋ᠤᠭᠠᠷ ᠰᠠᠷ᠎ᠠ ᠶᠢᠨ 1 ᠤ ᠡᠳᠦᠷ ᠠᠴᠠ ᠡᠬᠢᠯᠡᠨ ᠤᠰᠤᠨ ᠤ ᠡᠬᠢ ᠪᠠᠶᠠᠯᠢᠭ ᠤᠨ ᠭᠠᠶᠢᠯᠢ ᠳᠤ | ᠥᠭᠡᠷᠡᠴᠢᠯᠡᠯᠲᠡ ᠬᠢᠬᠦ ᠲᠤᠷᠰᠢᠯᠲᠠ ᠶᠢᠨ ᠴᠢᠭ᠋ ᠢ ᠬᠡᠷᠡᠭᠵᠢᠭᠦᠯᠵᠦ᠂ 2018 ᠣᠨ ᠤ 1 ᠳ᠋ᠦ᠋ᠭᠡᠷ ᠰᠠᠷ᠎ᠠ ᠪᠣᠯ ᠠᠩᠬᠠᠨ ᠤ | ᠰᠠᠷ᠎ᠠ ᠶᠢᠨ ᠲᠠᠲᠠᠪᠤᠷᠢᠯᠠᠬᠤ ᠬᠤᠭᠤᠴᠠᠭ᠎ᠠ ᠪᠣᠯᠣᠨ᠎ᠠ᠃ ᠥᠪᠥᠷ ᠮᠣᠩᠭᠤᠯ ᠤᠨ ᠣᠷᠣᠨ ᠨᠤᠲᠤᠭ ᠤᠨ ᠭᠠᠶᠢᠯᠢ ᠶᠢᠨ | ᠶᠠᠪᠤᠳᠠᠯ ᠤᠨ ᠲᠣᠪᠴᠢᠶ᠎ᠠ ᠨᠢ ᠣᠯᠠᠨ ᠵᠦᠢᠯ ᠤᠨ ᠠᠷᠭ᠎ᠠ ᠬᠡᠮᠵᠢᠶ᠎ᠡ ᠠᠪᠴᠤ᠂ ᠯᠠᠪᠳᠠᠭᠤᠨ ᠪᠠᠲᠤᠲᠠᠢ ᠠᠬᠢᠭᠤᠯᠵᠤ᠂ | ᠥᠪᠡᠷᠲᠡᠭᠡᠨ ᠵᠠᠰᠠᠬᠤ ᠣᠷᠣᠨ ᠤ ᠪᠣᠬᠢᠷᠲᠤᠯ ᠦᠭᠡᠢ ᠶᠢᠨ ᠬᠥᠭᠵᠢᠯᠲᠡ ᠳᠤ ᠬᠦᠴᠦᠨ ᠨᠡᠮᠡᠷᠢᠯᠡᠵᠦ ᠪᠠᠶᠢᠨ᠎ᠠ᠃ | ᠰᠤᠷᠪᠤᠯᠵᠢᠯᠠᠭ᠎ᠠ ᠶᠢᠨ ᠪᠣᠳᠠᠲᠤ ᠲᠡᠮᠳᠡᠭᠯᠡᠯ | ᠬᠥᠲᠥᠯᠥᠭᠴᠢ᠄ ᠰᠦᠯᠵᠢᠶᠡᠨ ᠤ ᠠᠨᠳᠠ ᠨᠠᠷ ᠰᠠᠶᠢᠨ ᠪᠠᠶᠢᠵᠠᠭᠠᠨ᠎ᠠ ᠦᠦ︕ ᠲᠤᠰ ᠬᠤᠭᠤᠴᠠᠭᠠᠨ ᠤ ᠥᠪᠡᠷᠲᠡᠭᠡᠨ | ᠵᠠᠰᠠᠬᠤ ᠣᠷᠣᠨ ᠤ ᠵᠠᠰᠠᠭ ᠤᠨ ᠣᠷᠳᠣᠨ ᠤ ᠰᠦᠯᠵᠢᠶᠡᠨ ᠤ ᠰᠤᠷᠪᠤᠯᠵᠢᠯᠠᠭ᠎ᠠ ᠶᠢᠨ ᠪᠤᠯᠤᠩ ᠳᠤ ᠣᠷᠣᠯᠴᠠᠬᠤ ᠶᠢ ᠴᠢᠨᠢ | ᠪᠠᠶᠠᠷᠯᠠᠨ ᠤᠭᠲᠤᠵᠤ ᠪᠠᠶᠢᠨ᠎ᠠ᠃ ᠥᠨᠥᠳᠥᠷ ᠪᠢᠳᠡ ᠵᠣᠯ ᠢᠶᠠᠷ ᠥᠪᠡᠷᠲᠡᠭᠡᠨ ᠵᠠᠰᠠᠬᠤ ᠣᠷᠣᠨ ᠤ ᠣᠷᠣᠨ ᠨᠤᠲᠤᠭ ᠤᠨ | ᠭᠠᠶᠢᠯᠢ ᠶᠢᠨ ᠶᠠᠪᠤᠳᠠᠯ ᠤᠨ ᠲᠣᠪᠴᠢᠶ᠎ᠠ ᠶᠢᠨ ᠨᠠᠮ ᠤᠨ ᠤᠳᠤᠷᠢᠳᠬᠤ ᠳᠤᠭᠤᠶᠢᠯᠠᠩ ᠤᠨ ᠭᠡᠰᠢᠭᠦᠨ᠂ ᠳᠡᠳ᠋ ᠲᠣᠪᠴᠢᠶᠠᠨ | ᠳᠠᠷᠤᠭ᠎ᠠ ᠯᠢᠦ ᠹᠧᠩ ᠵᠢᠶᠦ᠋ᠨ ᠢ ᠤᠷᠢᠵᠤ᠂ ᠪᠣᠬᠢᠷᠲᠤᠯ ᠦᠭᠡᠢ ᠶᠢᠨ ᠭᠠᠶᠢᠯᠢ ᠶᠢᠨ ᠳᠦᠷᠢᠮ ᠤᠨ ᠲᠤᠬᠠᠢ ᠣᠯᠠᠨ ᠲᠠᠢ | ᠰᠦᠯᠵᠢᠶ᠎ᠡ ᠪᠠᠷ ᠰᠠᠨᠠᠯ ᠰᠣᠯᠢᠯᠴᠠᠭᠤᠯᠬᠤ ᠪᠣᠯᠣᠯ᠎ᠠ᠂ ᠯᠢᠦ ᠲᠣᠪᠴᠢᠶᠠᠨ ᠳᠠᠷᠤᠭ᠎ᠠ ᠶᠢ ᠪᠠᠶᠠᠷᠯᠠᠨ ᠤᠭᠲᠤᠵᠤ ᠪᠠᠶᠢᠨ᠎ᠠ᠃ | ᠯᠢᠦ ᠹᠧᠩ ᠵᠢᠶᠦ᠋ᠨ᠄ ᠬᠥᠲᠥᠯᠥᠭᠴᠢ ᠪᠠ ᠰᠦᠯᠵᠢᠶᠡᠨ ᠤ ᠠᠨᠳᠠ ᠨᠠᠷ ᠰᠠᠶᠢᠨ ᠪᠠᠶᠢᠵᠠᠭᠠᠨ᠎ᠠ ᠦᠦ︖ ᠠᠳᠡ ᠲᠠ | ᠪᠦᠬᠦᠨ ᠲᠠᠢ ᠰᠠᠨᠠᠯ ᠰᠣᠯᠢᠯᠴᠠᠬᠤ ᠪᠣᠯᠣᠭᠰᠠᠨ ᠳᠤ ᠪᠠᠨ ᠰᠡᠳᠬᠢᠯ ᠮᠠᠰᠢ ᠥᠨᠳᠥᠷ ᠪᠠᠶᠢᠨ᠎ᠠ᠃ | ᠬᠥᠲᠥᠯᠥᠭᠴᠢ᠄ ᠡᠩ ᠲᠡᠷᠢᠭᠦᠨ ᠳᠤ ᠲᠠ ᠣᠷᠴᠢᠨ ᠲᠣᠭᠤᠷᠢᠨ ᠤ ᠬᠠᠮᠠᠭᠠᠯᠠᠯᠲᠠ ᠶᠢᠨ ᠭᠠᠶᠢᠯᠢ ᠶᠢ ᠡᠬᠢᠯᠡᠨ | ᠲᠠᠲᠠᠪᠤᠷᠢᠯᠠᠵᠤ᠂ ᠤᠰᠤᠨ ᠤ ᠡᠬᠢ ᠪᠠᠶᠠᠯᠢᠭ ᠤᠨ ᠭᠠᠶᠢᠯᠢ ᠶᠢᠨ ᠥᠭᠡᠷᠡᠴᠢᠯᠡᠯᠲᠡ ᠶᠢ ᠠᠬᠢᠭᠤᠯᠬᠤ ᠲᠤᠷᠰᠢᠯᠲᠠ ᠶᠢᠨ ᠴᠢᠭ᠋ ᠨᠢ | ᠶᠠᠮᠠᠷ ᠴᠢᠬᠤᠯᠠ ᠠᠴᠢ ᠬᠤᠯᠪᠣᠭᠳᠠᠯ ᠲᠠᠢ ᠶᠢ ᠶᠠᠷᠢᠭᠠᠳ ᠥᠭᠭᠦᠨ᠎ᠡ ᠦᠦ︖ | ᠯᠢᠦ ᠹᠧᠩ ᠵᠢᠶᠦ᠋ᠨ᠄ ᠲᠡᠭᠡᠶ᠎ᠡ᠂ ᠣᠷᠴᠢᠨ ᠲᠣᠭᠤᠷᠢᠨ ᠤ ᠬᠠᠮᠠᠭᠠᠯᠠᠯᠲᠠ ᠶᠢᠨ ᠭᠠᠶᠢᠯᠢ ᠪᠣᠯ ᠨᠡᠷ᠎ᠡ ᠨᠢᠳᠡᠷ ᠲᠤ ᠪᠠᠨ | ᠲᠣᠬᠢᠷᠠᠭᠰᠠᠨ ︽ᠪᠣᠬᠢᠷᠲᠤᠯ ᠦᠭᠡᠢ ᠶᠢᠨ ᠭᠠᠶᠢᠯᠢ ᠶᠢᠨ ᠵᠦᠢᠯ︾ ᠪᠠᠶᠢᠵᠤ᠂ ᠣᠷᠴᠢᠨ ᠲᠣᠭᠤᠷᠢᠨ ᠢ ᠬᠠᠮᠠᠭᠠᠯᠠᠬᠤ ᠪᠠ | ᠥᠭᠡᠷᠡᠴᠢᠯᠡᠨ ᠰᠠᠶᠢᠵᠢᠷᠠᠭᠤᠯᠵᠤ᠂ ᠪᠣᠬᠢᠷᠲᠤᠯ ᠪᠣᠳᠠᠰ ᠤᠨ ᠭᠠᠳᠠᠭᠰᠢᠯᠠᠭᠤᠯᠤᠯᠲᠠ ᠶᠢ ᠪᠠᠭᠠᠰᠬᠠᠨ᠂ ᠠᠮᠢ ᠠᠬᠤᠢ ᠶᠢᠨ | ᠪᠣᠯᠪᠠᠰᠤᠨ ᠤ ᠪᠠᠶᠢᠭᠤᠯᠤᠯᠲᠠ ᠶᠢ ᠠᠬᠢᠭᠤᠯᠬᠤ ᠪᠠᠷ ᠬᠠᠷᠠᠯᠲᠠ ᠪᠣᠯᠭᠠᠭᠰᠠᠨ᠂ ᠠᠮᠢ ᠠᠬᠤᠢ ᠶᠢᠨ ᠣᠷᠴᠢᠨ ᠲᠣᠭᠤᠷᠢᠨ ᠤ | ᠬᠠᠮᠠᠭᠠᠯᠠᠯᠲᠠ ᠶᠢ ᠠᠬᠢᠭᠤᠯᠬᠤ ᠴᠢᠬᠤᠯᠠ ᠠᠷᠭ᠎ᠠ ᠠᠪᠴᠢᠯ ᠪᠣᠯᠣᠨ᠎ᠠ᠃ ︽ᠣᠷᠴᠢᠨ ᠲᠣᠭᠤᠷᠢᠨ ᠤ ᠬᠠᠮᠠᠭᠠᠯᠠᠯᠲᠠ ᠶᠢᠨ | ᠰᠦᠢᠳᠬᠡᠯ ᠢ ᠭᠠᠶᠢᠯᠢ ᠪᠣᠯᠭᠠᠨ ᠥᠭᠡᠷᠡᠴᠢᠯᠡᠬᠦ ᠶᠢ ᠠᠬᠢᠭᠤᠯᠵᠤ᠂ ᠴᠢᠩᠭ᠎ᠠ ᠬᠠᠲᠠᠭᠤ ᠬᠠᠤᠯᠢ ᠴᠠᠭᠠᠵᠠ ᠳᠦᠷᠢᠮ | ᠲᠣᠭᠲᠠᠭᠠᠯ ᠢ ᠬᠡᠷᠡᠭᠯᠡᠨ ᠠᠮᠢ ᠠᠬᠤᠢ ᠶᠢᠨ ᠣᠷᠴᠢᠨ ᠲᠣᠭᠤᠷᠢᠨ ᠢ ᠬᠠᠮᠠᠭᠠᠯᠠᠬᠤ︾ ᠪᠣᠯ ᠨᠠᠮ ᠤᠨ ᠠᠷᠪᠠᠨ ᠨᠠᠢᠮᠠᠳᠤᠭᠠᠷ | ᠬᠤᠭᠤᠴᠠᠭᠠᠨ ᠤ ᠭᠤᠷᠪᠠᠳᠤᠭᠠᠷ᠂ ᠳᠥᠷᠪᠡᠳᠦᠭᠡᠷ ᠪᠦᠭᠦᠳᠡ ᠬᠤᠷᠠᠯ ᠠᠴᠠ ᠳᠤᠷᠠᠳᠤᠭᠰᠠᠨ ᠨᠢᠭᠡ ᠵᠦᠢᠯ ᠤᠨ ᠴᠢᠬᠤᠯᠠ | ᠡᠭᠦᠷᠭᠡ᠂ ᠮᠥᠨ ᠴᠤ ᠭᠠᠶᠢᠯᠢ ᠲᠠᠲᠠᠪᠤᠷᠢ ᠶᠢᠨ ᠬᠠᠤᠯᠢ ᠪᠠᠷ ᠲᠣᠭᠲᠠᠭᠠᠭᠰᠠᠨ ᠵᠠᠷᠴᠢᠮ ᠢ ᠨᠠᠶᠢᠳᠠᠪᠤᠷᠢᠵᠢᠭᠤᠯᠬᠤ ᠨᠢᠭᠡ | ᠵᠦᠢᠯ ᠤᠨ ᠦᠨᠳᠦᠰᠦᠨ ᠱᠠᠭᠠᠷᠳᠠᠯᠭ᠎ᠠ ᠪᠠᠶᠢᠵᠤ᠂ ᠭᠠᠶᠢᠯᠢ ᠲᠤᠰᠢᠶᠠᠭᠴᠢ ᠶᠢᠨ ᠣᠷᠴᠢᠨ ᠲᠣᠭᠤᠷᠢᠨ ᠢ ᠬᠠᠮᠠᠭᠠᠯᠠᠬᠤ ᠦᠵᠡᠯ | ᠤᠬᠠᠮᠰᠠᠷ ᠪᠠ ᠵᠢᠷᠤᠮᠯᠠᠨ ᠳᠠᠭᠠᠬᠤ ᠬᠡᠮᠵᠢᠶ᠎ᠡ ᠶᠢ ᠳᠡᠭᠡᠭᠰᠢᠯᠡᠭᠦᠯᠵᠦ᠂ ᠠᠵᠤ ᠠᠬᠤᠶᠢᠯᠠᠯ ᠤᠨ ᠪᠣᠬᠢᠷᠲᠤᠯ ᠢ ᠵᠠᠰᠠᠵᠤ | ᠭᠠᠳᠠᠭᠰᠢᠯᠠᠭᠤᠯᠤᠯᠲᠠ ᠪᠠᠨ ᠪᠠᠭᠠᠰᠬᠠᠬᠤ ᠬᠠᠷᠢᠭᠤᠴᠠᠯᠭ᠎ᠠ ᠶᠢ ᠴᠢᠩᠭᠠᠷᠠᠭᠤᠯᠬᠤ ᠳᠤ ᠠᠰᠢᠭᠲᠠᠢ︔ ᠠᠵᠤ ᠠᠬᠤᠢ ᠶᠢᠨ | ᠪᠦᠲᠦᠴᠡ ᠶᠢᠨ ᠲᠣᠬᠢᠷᠠᠭᠤᠯᠤᠯᠲᠠ᠂ ᠬᠥᠭᠵᠢᠯᠲᠡ ᠶᠢᠨ ᠠᠷᠭ᠎ᠠ ᠬᠡᠯᠪᠡᠷᠢ ᠶᠢᠨ ᠬᠤᠪᠢᠷᠠᠯᠲᠠ ᠶᠢ ᠠᠬᠢᠭᠤᠯᠬᠤ ᠳᠤ ᠪᠣᠬᠢᠷᠲᠤᠯ | ᠦᠭᠡᠢ ᠭᠠᠶᠢᠯᠢ ᠶᠢᠨ ᠳᠦᠷᠢᠮ ᠤᠨ ᠰᠢᠰᠲ᠋ᠧᠮᠵᠢ ᠶᠢ ᠪᠠᠶᠢᠭᠤᠯᠵᠤ᠂ ᠭᠠᠶᠢᠯᠢ ᠲᠠᠲᠠᠪᠤᠷᠢ ᠶᠢᠨ ᠲᠣᠬᠢᠷᠠᠭᠤᠯᠤᠨ ᠡᠵᠡᠮᠳᠡᠬᠦ | ᠦᠢᠯᠡᠳᠦᠯ ᠢ ᠴᠢᠩᠭᠠᠷᠠᠭᠤᠯᠤᠨ᠂ ᠠᠮᠢ ᠠᠬᠤᠢ ᠶᠢᠨ ᠪᠣᠯᠪᠠᠰᠤᠨ ᠤ ᠪᠠᠶᠢᠭᠤᠯᠤᠯᠲᠠ ᠪᠠ ᠪᠣᠬᠢᠷᠲᠤᠯ ᠦᠭᠡᠢ ᠬᠥᠭᠵᠢᠯᠲᠡ ᠶᠢ | ᠠᠬᠢᠭᠤᠯᠬᠤ ᠳᠤ ᠠᠰᠢᠭᠲᠠᠢ ᠪᠠᠶᠢᠳᠠᠭ᠃ | ᠤᠰᠤᠨ ᠤ ᠡᠬᠢ ᠪᠠᠶᠠᠯᠢᠭ ᠤᠨ ᠭᠠᠶᠢᠯᠢ ᠶᠢᠨ ᠥᠭᠡᠷᠡᠴᠢᠯᠡᠯᠲᠡ ᠶᠢ ᠠᠬᠢᠭᠤᠯᠬᠤ ᠲᠤᠷᠰᠢᠯᠲᠠ ᠶᠢᠨ ᠴᠢᠭ᠋ ᠪᠣᠯ᠂ ᠨᠠᠮ ᠤᠨ | ᠠᠷᠪᠠ ᠶᠢᠰᠦᠳᠦᠭᠡᠷ ᠶᠡᠭᠡ ᠬᠤᠷᠠᠯ ᠤᠨ ᠵᠣᠷᠢᠭ ᠰᠠᠨᠠᠭ᠎ᠠ ᠶᠢ ᠪᠦᠬᠦ ᠲᠠᠯ᠎ᠠ ᠪᠠᠷ ᠲᠤᠤᠱᠯᠠᠭᠤᠯᠤᠨ ᠨᠠᠶᠢᠳᠠᠪᠤᠷᠢᠵᠢᠭᠤᠯᠬᠤ | ᠴᠢᠬᠤᠯᠠ ᠠᠷᠭ᠎ᠠ ᠬᠡᠮᠵᠢᠶ᠎ᠡ ᠪᠠᠶᠢᠵᠤ᠂ ᠲᠦᠢᠯ ᠤᠨ ᠴᠢᠬᠤᠯᠠ ᠠᠴᠢ ᠬᠤᠯᠪᠣᠭᠳᠠᠯ ᠲᠠᠢ ᠪᠠᠶᠢᠳᠠᠭ᠃ ᠨᠢᠭᠡ ᠳᠤ᠂ ᠵᠠᠰᠠᠭ ᠤᠨ | ᠣᠷᠳᠣᠨ ᠤ ᠲᠣᠬᠢᠷᠠᠭᠤᠯᠤᠨ ᠡᠵᠡᠮᠳᠡᠬᠦ ᠦᠢᠯᠡᠳᠦᠯ ᠢ ᠪᠠᠳᠠᠷᠠᠭᠤᠯᠤᠨ᠂ ᠭᠠᠶᠢᠯᠢ ᠲᠠᠲᠠᠪᠤᠷᠢ ᠶᠢᠨ ᠬᠥᠰᠢᠭᠦᠷᠭᠡ ᠶᠢ ᠬᠡᠷᠡᠭᠯᠡᠨ | ᠤᠰᠤ ᠬᠡᠷᠡᠭᠯᠡᠬᠦ ᠬᠡᠷᠡᠭᠴᠡᠭᠡ ᠱᠠᠭᠠᠷᠳᠠᠯᠭ᠎ᠠ ᠶᠢ ᠲᠣᠬᠢᠷᠠᠭᠤᠯᠵᠤ᠂ ᠡᠬᠢ ᠪᠠᠶᠠᠯᠢᠭ ᠢ ᠲᠥᠯᠥᠪᠦᠷᠢ ᠲᠠᠢ ᠠᠰᠢᠭᠯᠠᠬᠤ ᠳᠦᠷᠢᠮ | ᠪᠠ ᠠᠮᠢ ᠠᠬᠤᠢ ᠶᠢᠨ ᠲᠥᠯᠥᠪᠦᠷᠢ ᠶᠢᠨ ᠲᠣᠭᠲᠠᠴᠠ ᠶᠢ ᠲᠡᠭᠦᠯᠳᠡᠷᠵᠢᠭᠦᠯᠵᠦ᠂ ᠪᠣᠬᠢᠷᠲᠤᠯ ᠦᠭᠡᠢ ᠦᠢᠯᠡᠳᠪᠦᠷᠢᠯᠡᠯ ᠪᠠ | ᠬᠡᠷᠡᠭᠯᠡᠭᠡ ᠶᠢᠨ ᠲᠥᠷᠥ ᠶᠢᠨ ᠪᠣᠳᠣᠯᠭ᠎ᠠ ᠶᠢᠨ ᠤᠳᠤᠷᠢᠳᠤᠮᠵᠢ ᠶᠢ ᠲᠦᠷᠭᠡᠳᠬᠡᠨ ᠪᠠᠶᠢᠭᠤᠯᠬᠤ ᠳᠤ ᠠᠰᠢᠭᠲᠠᠢ᠃ ᠬᠤᠶᠠᠷ ᠲᠤ᠂ | ᠠᠵᠤ ᠠᠬᠤᠶᠢᠯᠠᠯ ᠵᠡᠷᠭᠡ ᠨᠡᠶᠢᠭᠡᠮ ᠤᠨ ᠭᠤᠣᠯ ᠴᠣᠭᠴᠠ ᠶᠢᠨ ᠤᠰᠤ ᠠᠷᠪᠢᠯᠠᠬᠤ ᠦᠵᠡᠯ ᠤᠬᠠᠮᠰᠠᠷ ᠪᠠ ᠬᠥᠳᠡᠯᠭᠡᠭᠴᠢ | ᠬᠦᠴᠦᠨ ᠢ ᠴᠢᠩᠭᠠᠷᠠᠭᠤᠯᠵᠤ᠂ ᠮᠡᠷᠭᠡᠵᠢᠯ ᠤᠨ ᠰᠢᠨᠡᠴᠢᠯᠡᠯᠲᠡ ᠶᠢ ᠲᠦᠷᠭᠡᠳᠬᠡᠬᠦ ᠪᠠᠷ ᠤᠰᠤ ᠬᠡᠷᠡᠭᠯᠡᠬᠦ ᠦᠷ᠎ᠡ ᠪᠦᠲᠦᠮᠵᠢ ᠶᠢ | ᠳᠡᠭᠡᠭᠰᠢᠯᠡᠭᠦᠯᠦᠨ᠂ ᠤᠰᠤ ᠬᠡᠷᠡᠭᠯᠡᠬᠦ ᠪᠦᠲᠦᠴᠡ ᠶᠢ ᠰᠢᠯᠢᠳᠡᠭᠵᠢᠭᠦᠯᠵᠦ᠂ ᠤᠰᠤ ᠬᠡᠷᠡᠭᠯᠡᠬᠦ ᠵᠦᠢ ᠵᠣᠬᠢᠰ ᠦᠭᠡᠢ ᠬᠡᠷᠡᠭᠴᠡᠭᠡ | ᠱᠠᠭᠠᠷᠳᠠᠯᠭ᠎ᠠ ᠶᠢ ᠪᠠᠭᠠᠰᠬᠠᠬᠤ ᠳᠤ ᠠᠰᠢᠭᠲᠠᠢ᠃ ᠭᠤᠷᠪᠠ ᠳᠤ᠂ ᠠᠷᠪᠢᠴᠢ ᠮᠥᠷᠲᠡᠭᠡᠨ ᠵᠦᠢ ᠵᠣᠬᠢᠰᠲᠠᠢ᠂ ᠪᠣᠬᠢᠷᠲᠤᠯ ᠦᠭᠡᠢ | ᠳᠣᠣᠷ᠎ᠠ ᠨᠡᠭᠦᠷᠡᠰᠦᠲᠥ᠋ᠷᠥᠭᠴᠢᠲᠦ ᠠᠮᠢᠳᠤᠷᠠᠯ ᠤᠨ ᠠᠷᠭ᠎ᠠ ᠬᠡᠯᠪᠡᠷᠢ ᠶᠢ ᠰᠠᠨᠠᠭᠠᠴᠢᠯᠠᠵᠤ᠂ ᠪᠦᠬᠦ ᠨᠡᠶᠢᠭᠡᠮ ᠳᠤ ᠡᠬᠢ | ᠪᠠᠶᠠᠯᠢᠭ ᠢ ᠨᠠᠨᠳᠢᠩᠨᠠᠨ ᠬᠠᠶᠢᠷᠠᠯᠠᠬᠤ᠂ ᠡᠬᠢ ᠪᠠᠶᠠᠯᠢᠭ ᠢ ᠠᠷᠪᠢᠯᠠᠨ ᠭᠠᠮᠨᠠᠬᠤ ᠬᠡᠪ ᠰᠤᠷᠲᠠᠯ ᠢ ᠪᠦᠷᠢᠯᠳᠦᠭᠦᠯᠵᠦ᠂ ᠠᠷᠠᠳ | ᠣᠯᠠᠨ ᠤ ᠤᠰᠤᠨ ᠤ ᠡᠬᠢ ᠪᠠᠶᠠᠯᠢᠭ ᠢ ᠬᠠᠮᠠᠭᠠᠯᠠᠬᠤ ᠤᠬᠠᠮᠰᠠᠷᠲᠤ ᠴᠢᠨᠠᠷ ᠪᠠ ᠬᠠᠷᠢᠭᠤᠴᠠᠯᠭᠠᠲᠤ ᠰᠡᠳᠬᠢᠯᠭᠡ ᠶᠢ | ᠳᠡᠭᠡᠭᠰᠢᠯᠡᠭᠦᠯᠬᠦ ᠳᠤ ᠠᠰᠢᠭᠲᠠᠢ᠃ ᠳᠥᠷᠪᠡ ᠳᠤ᠂ ᠮᠠᠨ ᠤ ᠤᠯᠤᠰ ᠨᠢ ᠣᠯᠠᠨ ᠤᠯᠤᠰ ᠤᠨ ᠬᠠᠷᠢᠭᠤᠴᠠᠯᠭ᠎ᠠ ᠶᠢ ᠳᠠᠭᠠᠭᠠᠨ | ᠡᠭᠦᠷᠭᠡᠯᠡᠬᠦ ᠪᠠ ᠣᠯᠠᠨ ᠤᠯᠤᠰ ᠤᠨ ᠡᠭᠦᠷᠭᠡ ᠶᠢ ᠨᠡᠩ ᠰᠠᠶᠢᠲᠤᠷ ᠭᠦᠢᠴᠡᠳᠬᠡᠵᠦ᠂ ᠳᠡᠯᠡᠬᠡᠢ ᠨᠡᠶᠢᠭᠡᠮ ᠲᠠᠢ ᠬᠠᠮᠵᠢᠯᠴᠠᠨ | ᠬᠥᠳᠡᠯᠦᠯᠴᠡᠵᠦ᠂ ᠬᠥᠮᠥᠨ ᠲᠥᠷᠥᠯᠬᠢᠲᠡᠨ ᠤ ᠲᠦᠰᠢᠭᠯᠡᠨ ᠣᠷᠣᠰᠢᠵᠤ ᠪᠠᠶᠢᠭ᠎ᠠ ᠳᠡᠯᠡᠬᠡᠢ ᠶᠢᠨ ᠪᠥᠮᠪᠥᠷᠴᠡᠭ ᠤᠨ ᠭᠡᠷ | ᠣᠷᠣᠨ ᠢᠶᠠᠨ ᠬᠠᠮᠲᠤ ᠪᠠᠷ ᠰᠠᠶᠢᠲᠤᠷ ᠬᠠᠮᠠᠭᠠᠯᠠᠵᠤ᠂ ᠪᠦᠬᠦ ᠳᠡᠯᠡᠬᠡᠢ ᠶᠢᠨ ᠠᠮᠢ ᠠᠬᠤᠢ ᠶᠢᠨ ᠠᠮᠤᠷ ᠲᠦᠪᠰᠢᠨ ᠤ ᠲᠥᠯᠥᠭᠡ | ᠬᠤᠪᠢ ᠨᠡᠮᠡᠷᠢ ᠪᠠᠨ ᠬᠠᠨᠳᠢᠪᠯᠠᠬᠤ ᠳᠤ ᠠᠰᠢᠭᠲᠠᠢ᠃ | ᠬᠥᠲᠥᠯᠥᠭᠴᠢ᠄ ᠰᠦᠢᠳᠬᠡᠯ ᠢ ᠭᠠᠶᠢᠯᠢ ᠪᠣᠯᠭᠠᠨ ᠥᠭᠡᠷᠡᠴᠢᠯᠡᠭᠰᠡᠨ ᠤ ᠳᠠᠷᠠᠭ᠎ᠠ ᠠᠵᠤ ᠠᠬᠤᠶᠢᠯᠠᠯ ᠤᠨ ᠳᠠᠷᠤᠭᠠᠰᠤ ᠶᠢ | ᠨᠡᠮᠡᠭᠳᠡᠭᠦᠯᠬᠦ ᠪᠣᠯᠣᠮᠵᠢ ᠲᠠᠢ ᠦᠦ︖ | ᠯᠢᠦ ᠹᠧᠩ ᠵᠢᠶᠦ᠋ᠨ᠄ ᠣᠷᠴᠢᠨ ᠲᠣᠭᠤᠷᠢᠨ ᠤ ᠬᠠᠮᠠᠭᠠᠯᠠᠯᠲᠠ ᠶᠢᠨ ᠭᠠᠶᠢᠯᠢ ᠶᠢᠨ ᠬᠠᠤᠯᠢ ᠨᠢ ᠣᠳᠣ ᠶᠢᠨ ᠬᠡᠷᠡᠭᠵᠢᠭᠦᠯᠵᠦ | ᠪᠠᠶᠢᠭ᠎ᠠ ᠪᠣᠬᠢᠷᠲᠤᠯ ᠭᠠᠳᠠᠭᠰᠢᠯᠠᠭᠤᠯᠤᠯᠲᠠ ᠠᠴᠠ ᠬᠤᠷᠢᠶᠠᠬᠤ ᠰᠦᠢᠳᠬᠡᠯ ᠤᠨ ᠳᠦᠷᠢᠮ ᠢ ᠣᠷᠴᠢᠨ ᠲᠣᠭᠤᠷᠢᠨ ᠤ | ᠬᠠᠮᠠᠭᠠᠯᠠᠯᠲᠠ ᠶᠢᠨ ᠭᠠᠶᠢᠯᠢ ᠪᠠᠷ ᠬᠤᠷᠢᠶᠠᠨ ᠲᠠᠲᠠᠪᠤᠷᠢᠯᠠᠬᠤ ᠪᠣᠯᠭᠠᠨ ᠥᠭᠡᠷᠡᠴᠢᠯᠡᠵᠦ᠂ ᠪᠣᠬᠢᠷᠲᠤᠯ ᠭᠠᠳᠠᠭᠰᠢᠯᠠᠭᠤᠯᠬᠤ | ᠰᠦᠢᠳᠬᠡᠯ ᠤᠨ ᠳᠦᠷᠢᠮ ᠢ ᠣᠷᠴᠢᠨ ᠲᠣᠭᠤᠷᠢᠨ ᠤ ᠬᠠᠮᠠᠭᠠᠯᠠᠯᠲᠠ ᠶᠢᠨ ᠭᠠᠶᠢᠯᠢ ᠶᠢᠨ ᠳᠦᠷᠢᠮ ᠪᠣᠯᠭᠠᠨ ᠲᠣᠭᠲᠠᠭᠤᠨ ᠢᠶᠠᠷ | ᠰᠢᠯᠵᠢᠭᠦᠯᠬᠦ ᠵᠠᠷᠴᠢᠮ ᠢ ᠵᠢᠷᠤᠮᠯᠠᠪᠠ᠃ ᠭᠤᠣᠯ ᠢᠯᠡᠷᠡᠯ ᠨᠢ ᠭᠡᠪᠡᠯ ᠪᠣᠬᠢᠷᠲᠤᠯ ᠭᠠᠳᠠᠭᠰᠢᠯᠠᠭᠤᠯᠬᠤ ᠰᠦᠢᠳᠬᠡᠯ ᠤᠨ | ᠰᠦᠢᠳᠬᠡᠯ ᠲᠤᠰᠢᠶᠠᠭᠴᠢ ᠶᠢ ᠣᠷᠴᠢᠨ ᠲᠣᠭᠤᠷᠢᠨ ᠤ ᠬᠠᠮᠠᠭᠠᠯᠠᠯᠲᠠ ᠶᠢᠨ ᠭᠠᠶᠢᠯᠢ ᠶᠢᠨ ᠭᠠᠶᠢᠯᠢ ᠲᠤᠰᠢᠶᠠᠭᠴᠢ ᠪᠣᠯᠭᠠᠨ᠎ᠠ︔ | ᠣᠳᠣ ᠶᠢᠨ ᠬᠡᠷᠡᠭᠵᠢᠭᠦᠯᠵᠦ ᠪᠠᠶᠢᠭ᠎ᠠ ᠪᠣᠬᠢᠷᠲᠤᠯ ᠭᠠᠳᠠᠭᠰᠢᠯᠠᠭᠤᠯᠤᠯᠲᠠ ᠠᠴᠠ ᠬᠤᠷᠢᠶᠠᠬᠤ ᠰᠦᠢᠳᠬᠡᠯ ᠤᠨ ᠲᠥᠷᠥᠯ ᠵᠦᠢᠯ ᠢ | ᠦᠨᠳᠦᠰᠦᠯᠡᠵᠦ᠂ ᠣᠷᠴᠢᠨ ᠲᠣᠭᠤᠷᠢᠨ ᠤ ᠬᠠᠮᠠᠭᠠᠯᠠᠯᠲᠠ ᠶᠢᠨ ᠭᠠᠶᠢᠯᠢ ᠶᠢᠨ ᠭᠠᠶᠢᠯᠢ ᠶᠢᠨ ᠭᠠᠷᠴᠠᠭ ᠢ ᠲᠣᠬᠢᠷᠠᠭᠤᠯᠤᠨ᠎ᠠ︔ | ᠣᠳᠣ ᠶᠢᠨ ᠬᠡᠷᠡᠭᠵᠢᠭᠦᠯᠵᠦ ᠪᠠᠶᠢᠭ᠎ᠠ ᠪᠣᠬᠢᠷᠲᠤᠯ ᠭᠠᠳᠠᠭᠰᠢᠯᠠᠭᠤᠯᠬᠤ ᠰᠦᠢᠳᠬᠡᠯ ᠤᠨ ᠰᠦᠢᠳᠬᠡᠯ ᠪᠣᠳᠣᠬᠤ ᠠᠷᠭ᠎ᠠ ᠶᠢ | ᠦᠨᠳᠦᠰᠦᠯᠡᠵᠦ᠂ ᠣᠷᠴᠢᠨ ᠲᠣᠭᠤᠷᠢᠨ ᠤ ᠬᠠᠮᠠᠭᠠᠯᠠᠯᠲᠠ ᠶᠢᠨ ᠭᠠᠶᠢᠯᠢ ᠶᠢᠨ ᠭᠠᠶᠢᠯᠢ ᠪᠣᠳᠣᠬᠤ ᠦᠨᠳᠦᠰᠦᠯᠡᠯ ᠢ | ᠲᠣᠬᠢᠷᠠᠭᠤᠯᠤᠨ᠎ᠠ︔ ᠣᠳᠣ ᠶᠢᠨ ᠬᠡᠷᠡᠭᠵᠢᠭᠦᠯᠵᠦ ᠪᠠᠶᠢᠭ᠎ᠠ ᠪᠣᠬᠢᠷᠲᠤᠯ ᠭᠠᠳᠠᠭᠰᠢᠯᠠᠭᠤᠯᠬᠤ ᠰᠦᠢᠳᠬᠡᠯ ᠤᠨ ᠰᠦᠢᠳᠬᠡᠯ | ᠬᠤᠷᠢᠶᠠᠬᠤ ᠪᠠᠷᠢᠮᠵᠢᠶ᠎ᠠ ᠪᠠᠷ ᠰᠠᠭᠤᠷᠢ ᠪᠣᠯᠭᠠᠵᠤ᠂ ᠣᠷᠴᠢᠨ ᠲᠣᠭᠤᠷᠢᠨ ᠤ ᠬᠠᠮᠠᠭᠠᠯᠠᠯᠲᠠ ᠶᠢᠨ ᠭᠠᠶᠢᠯᠢ ᠶᠢᠨ ᠭᠠᠶᠢᠯᠢ ᠶᠢᠨ | ᠲᠤᠭ᠎ᠠ ᠶᠢᠨ ᠳᠣᠣᠷᠠᠳᠤ ᠬᠢᠵᠠᠭᠠᠷ ᠢ ᠲᠣᠬᠢᠷᠠᠭᠤᠯᠤᠨ᠎ᠠ᠃ ᠣᠷᠴᠢᠨ ᠲᠣᠭᠤᠷᠢᠨ ᠤ ᠬᠠᠮᠠᠭᠠᠯᠠᠯᠲᠠ ᠶᠢᠨ ᠭᠠᠶᠢᠯᠢ ᠨᠢ ᠪᠤᠰᠤᠳ | ᠭᠠᠶᠢᠯᠢ ᠲᠠᠲᠠᠪᠤᠷᠢ ᠲᠠᠢ ᠠᠳᠠᠯᠢ ᠪᠤᠰᠤ ᠪᠠᠶᠢᠵᠤ᠂ ᠠᠵᠤ ᠠᠬᠤᠶᠢᠯᠠᠯ ᠨᠢ ᠣᠷᠴᠢᠨ ᠲᠣᠭᠤᠷᠢᠨ ᠢ ᠬᠠᠮᠠᠭᠠᠯᠠᠬᠤ | ᠬᠠᠷᠢᠭᠤᠴᠠᠯᠭ᠎ᠠ ᠶᠢ ᠭᠦᠢᠴᠡᠳᠬᠡᠵᠦ᠂ ᠪᠣᠬᠢᠷᠲᠤᠯ ᠪᠣᠳᠠᠰ ᠤᠨ ᠭᠠᠳᠠᠭᠰᠢᠯᠠᠭᠤᠯᠤᠯᠲᠠ ᠪᠠᠨ ᠪᠠᠭᠠᠰᠬᠠᠪᠠᠯ᠂ ᠭᠠᠶᠢᠯᠢ ᠳᠤᠲᠠᠭᠤ | ᠲᠤᠰᠢᠶᠠᠵᠤ ᠪᠣᠯᠣᠨ᠎ᠠ᠂ ᠡᠨᠡ ᠬᠦ ᠤᠳᠬ᠎ᠠ ᠠᠭᠤᠯᠭ᠎ᠠ ᠠᠴᠠ ᠠᠪᠴᠤ ᠬᠡᠯᠡᠪᠡᠯ ᠠᠵᠤ ᠠᠬᠤᠶᠢᠯᠠᠯ ᠤᠨ ᠳᠠᠷᠤᠭᠠᠰᠤ ᠨᠡᠮᠡᠭᠳᠡᠬᠦ | ᠤᠴᠢᠷ ᠭᠠᠷᠬᠤ ᠦᠭᠡᠢ ᠶᠤᠮ᠃ | ᠤᠰᠤᠨ ᠤ ᠡᠬᠢ ᠪᠠᠶᠠᠯᠢᠭ ᠤᠨ ᠭᠠᠶᠢᠯᠢ ᠳᠤ ᠥᠭᠡᠷᠡᠴᠢᠯᠡᠯᠲᠡ ᠬᠢᠬᠦ ᠲᠤᠷᠰᠢᠯᠲᠠ ᠶᠢᠨ ᠴᠢᠭ᠋ ᠲᠤ ᠵᠥᠷᠢᠶᠡᠴᠢᠯᠡᠨ ᠭᠠᠶᠢᠯᠢ | ᠲᠠᠲᠠᠪᠤᠷᠢᠯᠠᠬᠤ ᠲᠥᠷᠥ ᠶᠢᠨ ᠪᠣᠳᠣᠯᠭ᠎ᠠ ᠶᠢ ᠬᠡᠷᠡᠭᠵᠢᠭᠦᠯᠬᠦ ᠨᠢ᠂ ᠤᠰᠤ ᠬᠡᠷᠡᠭᠯᠡᠬᠦ ᠵᠦᠢ ᠵᠣᠬᠢᠰ ᠦᠭᠡᠢ ᠬᠡᠷᠡᠭᠴᠡᠭᠡ | ᠱᠠᠭᠠᠷᠳᠠᠯᠭ᠎ᠠ ᠶᠢ ᠬᠤᠷᠢᠭᠯᠠᠵᠤ ᠴᠢᠳᠠᠬᠤ ᠪᠠᠷ ᠪᠠᠷᠠᠬᠤ ᠦᠭᠡᠢ᠂ ᠨᠡᠶᠢᠭᠡᠮ ᠤᠨ ᠤᠰᠤ ᠬᠡᠷᠡᠭᠯᠡᠬᠦ ᠦᠨᠳᠦᠰᠦᠨ | ᠱᠠᠭᠠᠷᠳᠠᠯᠭ᠎ᠠ ᠶᠢ ᠨᠥᠯᠥᠭᠡᠯᠡᠬᠦ ᠦᠭᠡᠢ ᠪᠠᠶᠢᠳᠠᠭ᠃ ᠰᠦᠢᠳᠬᠡᠯ ᠢ ᠭᠠᠶᠢᠯᠢ ᠪᠣᠯᠭᠠᠨ ᠥᠭᠡᠷᠡᠴᠢᠯᠡᠭᠰᠡᠨ ᠤ ᠳᠠᠷᠠᠭ᠎ᠠ᠂ | ᠰᠠᠭᠤᠭᠠᠯᠢ ᠠᠷᠠᠳ ᠪᠠ ᠡᠩ ᠤᠨ ᠠᠵᠤ ᠦᠢᠯᠡᠳᠪᠦᠷᠢ ᠬᠤᠳᠠᠯᠳᠤᠭᠠᠨ ᠤ ᠠᠵᠤ ᠠᠬᠤᠶᠢᠯᠠᠯ ᠤᠨ ᠭᠠᠶᠢᠯᠢ ᠶᠢᠨ ᠲᠤᠭ᠎ᠠ ᠶᠢᠨ | ᠪᠠᠷᠢᠮᠵᠢᠶ᠎ᠠ ᠳᠤ ᠦᠨᠳᠦᠰᠦᠨ ᠳᠤ ᠪᠠᠨ ᠬᠤᠪᠢᠷᠠᠯᠲᠠ ᠭᠠᠷᠬᠤ ᠦᠭᠡᠢ ᠪᠥᠭᠡᠳ ᠬᠡᠪ ᠤᠨ ᠪᠠᠶᠢᠳᠠᠯ ᠳᠤ ᠤᠰᠤ ᠬᠡᠷᠡᠭᠯᠡᠬᠦ | ᠳᠠᠷᠤᠭᠠᠰᠤ ᠨᠢ ᠴᠤ ᠨᠡᠮᠡᠭᠳᠡᠬᠦ ᠦᠭᠡᠢ ᠶᠤᠮ᠃ ᠲᠠᠷᠢᠶᠠᠯᠠᠩ ᠦᠢᠯᠡᠳᠪᠦᠷᠢᠯᠡᠯ ᠳᠤ ᠵᠦᠢ ᠵᠣᠬᠢᠰᠲᠠᠢ ᠠᠪᠴᠤ ᠬᠡᠷᠡᠭᠯᠡᠬᠦ | ᠤᠰᠤᠨ ᠤ ᠬᠡᠮᠵᠢᠶ᠎ᠡ ᠠᠴᠠ ᠭᠠᠶᠢᠯᠢ ᠶᠢ ᠨᠢ ᠬᠡᠯᠲᠦᠷᠢᠭᠦᠯᠵᠦ᠂ ᠲᠣᠭᠲᠠᠭᠠᠭᠰᠠᠨ ᠲᠣᠭᠠᠨ ᠤ ᠬᠡᠲᠦᠷᠡᠭᠰᠡᠨ ᠬᠡᠰᠡᠭ ᠠᠴᠠ | ᠭᠠᠶᠢᠯᠢ ᠶᠢ ᠳᠣᠣᠷ᠎ᠠ ᠬᠡᠮᠵᠢᠶ᠎ᠡ ᠪᠠᠷ ᠲᠠᠲᠠᠪᠤᠷᠢᠯᠠᠵᠤ᠂ ᠲᠠᠷᠢᠶᠠᠴᠢᠳ ᠤᠨ ᠳᠠᠷᠤᠭᠠᠰᠤ ᠶᠢ ᠨᠡᠮᠡᠭᠳᠡᠭᠦᠯᠬᠦ ᠦᠭᠡᠢ ᠪᠠᠶᠢᠯᠭᠠᠨ᠎ᠠ᠃ | ᠬᠡᠲᠦᠷᠡᠭᠦᠯᠦᠨ ᠮᠠᠯᠲᠠᠭᠰᠠᠨ ᠣᠷᠣᠨ ᠤ ᠠᠪᠴᠤ ᠬᠡᠷᠡᠭᠯᠡᠭᠰᠡᠨ ᠭᠠᠵᠠᠷ ᠳᠣᠣᠷᠠᠬᠢ ᠤᠰᠤ᠂ ᠲᠥᠯᠥᠪᠯᠡᠭᠡ ᠠᠴᠠ ᠬᠡᠲᠦᠷᠡᠭᠦᠯᠦᠨ | ᠬᠡᠷᠡᠭᠯᠡᠭᠰᠡᠨ ᠤᠰᠤᠨ ᠠᠴᠠ ᠭᠠᠶᠢᠯᠢ ᠶᠢ ᠳᠠᠬᠢᠨ ᠢᠶᠠᠷ ᠲᠠᠲᠠᠪᠤᠷᠢᠯᠠᠬᠤ ᠪᠣᠯᠬᠤᠷ᠂ ᠬᠡᠲᠦᠷᠡᠭᠦᠯᠦᠨ ᠮᠠᠯᠲᠠᠭᠰᠠᠨ ᠣᠷᠣᠨ ᠤ | ᠭᠠᠵᠠᠷ ᠳᠣᠣᠷᠠᠬᠢ ᠤᠰᠤ ᠶᠢ ᠠᠪᠴᠤ ᠬᠡᠷᠡᠭᠯᠡᠨ ᠤᠰᠤ ᠶᠢ ᠶᠡᠭᠡ ᠪᠠᠷ ᠬᠤᠷᠣᠭᠳᠠᠭᠤᠯᠬᠤ ᠠᠵᠤ ᠠᠬᠤᠶᠢᠯᠠᠯ ᠤᠨ ᠳᠠᠷᠤᠭᠠᠰᠤ | ᠬᠠᠷᠢᠨ ᠵᠣᠬᠢᠬᠤ ᠬᠡᠮᠵᠢᠶ᠎ᠡ ᠪᠠᠷ ᠨᠡᠮᠡᠭᠳᠡᠬᠦ ᠪᠣᠯᠣᠨ᠎ᠠ᠃ ᠡᠭᠦᠨ ᠤ ᠬᠠᠮᠲᠤ᠂ ᠭᠤᠯᠢᠹ᠂ ᠲᠡᠷᠭᠡ ᠤᠬᠢᠶᠠᠬᠤ᠂ ᠪᠡᠶ᠎ᠡ ᠤᠬᠢᠶᠠᠬᠤ᠂ | ᠴᠠᠰᠤᠨ ᠳᠤ ᠭᠤᠯᠭᠤᠬᠤ ᠲᠠᠯᠠᠪᠤᠷ ᠵᠡᠷᠭᠡ ᠣᠨᠴᠠᠭᠠᠢ ᠠᠵᠢᠯ ᠲᠥᠷᠥᠯ ᠠᠴᠠ ᠭᠠᠶᠢᠯᠢ ᠶᠢ ᠥᠨᠳᠥᠷ ᠢᠶᠠᠷ ᠲᠠᠲᠠᠪᠤᠷᠢᠯᠠᠬᠤ | ᠪᠣᠯᠬᠤᠷ᠂ ᠲᠡᠳᠡᠭᠡᠷ ᠤᠨ ᠭᠠᠶᠢᠯᠢ ᠶᠢᠨ ᠳᠠᠷᠤᠭᠠᠰᠤ ᠴᠤ ᠵᠣᠬᠢᠬᠤ ᠬᠡᠮᠵᠢᠶ᠎ᠡ ᠪᠠᠷ ᠨᠡᠮᠡᠭᠳᠡᠬᠦ ᠪᠣᠯᠣᠨ᠎ᠠ᠃ ᠭᠠᠶᠢᠯᠢ | ᠲᠠᠲᠠᠪᠤᠷᠢᠯᠠᠭᠰᠠᠨ ᠤ ᠳᠠᠷᠠᠭ᠎ᠠ ᠠᠵᠤ ᠠᠬᠤᠶᠢᠯᠠᠯ ᠢ ᠬᠢᠵᠠᠭᠠᠷᠯᠠᠬᠤ ᠲᠣᠭᠲᠠᠴᠠ ᠨᠢ ᠤᠯᠠᠮ ᠨᠢᠭᠡ ᠠᠯᠬᠤᠮ ᠴᠢᠩᠭᠠᠷᠠᠬᠤ ᠶᠢ | ᠪᠣᠳᠣᠯᠬᠢᠯᠠᠵᠤ᠂ ᠠᠵᠤ ᠠᠬᠤᠶᠢᠯᠠᠯ ᠢ ᠰᠢᠮᠳᠠᠭᠤᠯᠵᠤ ᠪᠠᠶᠢᠭᠠᠳ ᠤᠰᠤ ᠠᠷᠪᠢᠯᠠᠬᠤ ᠲᠠᠯ᠎ᠠ ᠪᠠᠷ ᠬᠢ ᠣᠷᠣᠭᠤᠯᠤᠯᠲᠠ ᠪᠠᠨ | ᠨᠡᠮᠡᠭᠳᠡᠭᠦᠯᠵᠦ᠂ ᠰᠠᠨᠠᠭᠠᠴᠢᠯᠠᠭ᠎ᠠ ᠲᠠᠢ ᠪᠠᠷ ᠠᠷᠭ᠎ᠠ ᠬᠡᠮᠵᠢᠶ᠎ᠠ ᠠᠪᠴᠤ ᠬᠡᠷᠡᠭᠯᠡᠬᠦ ᠤᠰᠤᠨ ᠤ ᠬᠡᠮᠵᠢᠶ᠎ᠡ ᠪᠠᠨ ᠪᠠᠭᠠᠰᠬᠠᠨ᠂ ᠤᠰᠤ | ᠬᠡᠷᠡᠭᠯᠡᠬᠦ ᠪᠦᠲᠦᠴᠡ ᠪᠠᠨ ᠲᠣᠬᠢᠷᠠᠭᠤᠯᠬᠤ ᠪᠠ ᠤᠰᠤ ᠬᠡᠷᠡᠭᠯᠡᠬᠦ ᠠᠷᠭ᠎ᠠ ᠬᠡᠯᠪᠡᠷᠢ ᠪᠠᠨ ᠬᠤᠪᠢᠷᠠᠭᠤᠯᠬᠤ ᠠᠴᠠ᠂ ᠵᠠᠷᠢᠮ ᠠᠵᠤ | ᠠᠬᠤᠶᠢᠯᠠᠯ ᠤᠨ ᠲᠤᠰᠢᠶᠠᠬᠤ ᠭᠠᠶᠢᠯᠢ ᠶᠢᠨ ᠲᠤᠭ᠎ᠠ ᠵᠣᠬᠢᠬᠤ ᠬᠡᠮᠵᠢᠶ᠎ᠡ ᠪᠠᠷ ᠪᠠᠭᠠᠰᠬᠤ ᠪᠣᠯᠣᠨ᠎ᠠ᠃ | ᠬᠥᠲᠥᠯᠥᠭᠴᠢ᠄ ᠣᠷᠴᠢᠨ ᠲᠣᠭᠤᠷᠢᠨ ᠤ ᠬᠠᠮᠠᠭᠠᠯᠠᠯᠲᠠ ᠶᠢᠨ ᠭᠠᠶᠢᠯᠢ ᠶᠢᠨ ᠭᠠᠶᠢᠯᠢ ᠲᠤᠰᠢᠶᠠᠭᠴᠢ ᠨᠢ ᠭᠠᠶᠢᠯᠢ | ᠲᠠᠲᠠᠪᠤᠷᠢ ᠬᠠᠰᠤᠨ ᠬᠡᠯᠲᠦᠷᠢᠭᠦᠯᠬᠦ ᠬᠠᠷᠠᠭᠠᠯᠵᠠᠯ ᠢ ᠬᠦᠷᠲᠡᠬᠦ ᠳᠤ ᠤᠷᠢᠳ ᠢᠶᠠᠷ ᠪᠦᠷᠢᠳᠬᠡᠨ ᠳᠠᠩᠰᠠᠯᠠᠭᠤᠯᠬᠤ ᠴᠢᠬᠤᠯᠠᠲᠠᠢ | ᠦᠦ︖ ᠭᠠᠶᠢᠯᠢ ᠳᠤ ᠬᠤᠯᠪᠣᠭᠳᠠᠭᠰᠠᠨ ᠶᠠᠮᠠᠷ ᠶᠠᠮᠠᠷ ᠮᠠᠲ᠋ᠧᠷᠢᠶᠠᠯ ᠲᠤᠰᠢᠶᠠᠬᠤ ᠴᠢᠬᠤᠯᠠᠲᠠᠢ ᠪᠣᠢ︖ | ᠯᠢᠦ ᠹᠧᠩ ᠵᠢᠶᠦ᠋ᠨ᠄ ᠣᠷᠴᠢᠨ ᠲᠣᠭᠤᠷᠢᠨ ᠤ ᠬᠠᠮᠠᠭᠠᠯᠠᠯᠲᠠ ᠶᠢᠨ ᠭᠠᠶᠢᠯᠢ ᠶᠢᠨ ᠭᠠᠶᠢᠯᠢ ᠲᠤᠰᠢᠶᠠᠭᠴᠢ ᠨᠢ ᠭᠠᠶᠢᠯᠢ | ᠬᠠᠰᠤᠨ ᠬᠡᠯᠲᠦᠷᠢᠭᠦᠯᠬᠦ ᠬᠠᠷᠠᠭᠠᠯᠵᠠᠯ ᠢ ᠬᠦᠷᠲᠡᠬᠦ ᠳᠤ ᠤᠷᠢᠳ ᠢᠶᠠᠷ ᠪᠦᠷᠢᠳᠬᠡᠨ ᠳᠠᠩᠰᠠᠯᠠᠭᠤᠯᠬᠤ ᠭᠠᠷᠳᠠᠮ ᠭᠦᠢᠴᠡᠳᠬᠡᠬᠦ | ᠴᠢᠬᠤᠯᠠ ᠦᠭᠡᠢ᠃ ᠵᠢᠱᠢᠶᠡᠯᠡᠪᠡᠯ ᠣᠷᠣᠨ ᠨᠤᠲᠤᠭ ᠤᠨ ᠭᠠᠶᠢᠯᠢ ᠶᠢᠨ ᠶᠠᠪᠤᠳᠠᠯ ᠤᠨ ᠪᠠᠶᠢᠭᠤᠯᠭ᠎ᠠ ᠠᠴᠠ ᠣᠨᠴᠠᠭᠠᠢ | ᠱᠠᠭᠠᠷᠳᠠᠯᠭ᠎ᠠ ᠦᠭᠡᠢ ᠪᠣᠯ᠂ ᠨᠥᠬᠦᠴᠡᠯ ᠳᠤ ᠨᠡᠶᠢᠴᠡᠭᠰᠡᠨ ᠭᠠᠶᠢᠯᠢ ᠲᠤᠰᠢᠶᠠᠭᠴᠢ ᠨᠢ ᠭᠠᠶᠢᠯᠢ ᠲᠤᠰᠢᠶᠠᠬᠤ ᠪᠠᠷ ᠭᠤᠶᠤᠴᠢᠯᠠᠨ | ᠮᠡᠳᠡᠭᠦᠯᠬᠦ ᠶᠢᠨ ᠬᠠᠮᠲᠤ ᠭᠠᠶᠢᠯᠢ ᠬᠠᠰᠤᠨ ᠬᠡᠯᠲᠦᠷᠢᠭᠦᠯᠬᠦ ᠭᠤᠶᠤᠴᠢᠯᠠᠬᠤ ᠮᠡᠳᠡᠭᠦᠯᠦᠯᠲᠡ ᠶᠢ ᠭᠦᠢᠴᠡᠳᠬᠡᠨ᠎ᠡ᠃ ᠭᠡᠲᠡᠯ᠎ᠡ | ᠭᠠᠶᠢᠯᠢ ᠲᠤᠰᠢᠶᠠᠭᠴᠢ ᠨᠢ ᠡᠷᠬᠡᠪᠰᠢ ᠭᠠᠶᠢᠯᠢ ᠬᠠᠰᠤᠨ ᠬᠡᠯᠲᠦᠷᠢᠭᠦᠯᠦᠭᠰᠡᠨ ᠬᠠᠮᠢᠶ᠎ᠠ ᠪᠦᠬᠦᠢ ᠭᠡᠷᠡᠴᠢ ᠮᠠᠲ᠋ᠧᠷᠢᠶᠠᠯ ᠢᠶᠠᠨ | ᠦᠯᠡᠳᠡᠭᠡᠵᠦ ᠪᠠᠶᠢᠴᠠᠭᠠᠨ ᠯᠠᠪᠯᠠᠬᠤ ᠳᠤ ᠪᠡᠯᠡᠳᠬᠡᠬᠦ ᠬᠡᠷᠡᠭᠲᠡᠢ᠂ ᠵᠢᠱᠢᠶᠡᠯᠡᠪᠡᠯ ᠬᠤᠲᠠ ᠬᠥᠳᠡᠭᠡ ᠶᠢᠨ ᠪᠣᠬᠢᠷ ᠤᠰᠤ ᠶᠢ | ᠲᠥᠪᠯᠡᠷᠡᠭᠦᠯᠦᠨ ᠰᠢᠢᠳᠪᠦᠷᠢᠯᠡᠬᠦ᠂ ᠠᠮᠢᠳᠤᠷᠠᠯ ᠤᠨ ᠬᠤᠭ ᠨᠣᠪᠰᠢ ᠶᠢ ᠲᠥᠪᠯᠡᠷᠡᠭᠦᠯᠦᠨ ᠰᠢᠢᠳᠪᠦᠷᠢᠯᠡᠬᠦ ᠲᠠᠯᠠᠪᠤᠷ ᠤᠨ ᠬᠢᠷᠢ | ᠭᠡᠮ᠂ ᠣᠷᠴᠢᠨ ᠲᠣᠭᠤᠷᠢᠨ ᠳᠤ ᠦᠵᠡᠭᠦᠯᠬᠦ ᠨᠥᠯᠥᠭᠡ ᠶᠢ ᠦᠨᠡᠯᠡᠭᠰᠡᠨ ᠮᠡᠳᠡᠭᠦᠯᠦᠯᠲᠡ᠂ ᠠᠦ᠋ᠲ ᠪᠠᠷ ᠬᠢᠨᠠᠨ ᠰᠢᠨᠵᠢᠯᠡᠭᠰᠡᠨ | ᠪᠠ ᠨᠠᠶᠢᠳᠠᠵᠤ ᠬᠢᠨᠠᠨ ᠰᠢᠨᠵᠢᠯᠡᠭᠦᠯᠦᠭᠰᠡᠨ ᠲᠤᠭ᠎ᠠ ᠪᠠᠷᠢᠮᠲᠠ ᠵᠡᠷᠭᠡ ᠮᠠᠲ᠋ᠧᠷᠢᠶᠠᠯ ᠪᠣᠯᠣᠨ᠎ᠠ᠃ | ᠬᠥᠲᠥᠯᠥᠭᠴᠢ᠄ ᠣᠷᠴᠢᠨ ᠲᠣᠭᠤᠷᠢᠨ ᠤ ᠬᠠᠮᠠᠭᠠᠯᠠᠯᠲᠠ ᠶᠢᠨ ᠭᠠᠶᠢᠯᠢ ᠶᠢ ᠭᠠᠶᠢᠯᠢ ᠲᠤᠰᠢᠶᠠᠭᠴᠢ ᠥᠪᠡᠰᠦᠪᠡᠨ | ᠨᠠᠷᠢᠪᠴᠢᠯᠠᠨ ᠪᠣᠳᠣᠳᠠᠭ ᠪᠣᠯᠬᠤᠷ᠂ ᠭᠤᠶᠤᠴᠢᠯᠠᠨ ᠮᠡᠳᠡᠭᠦᠯᠬᠦ ᠳᠤ ᠵᠣᠬᠢᠬᠤ ᠬᠦᠴᠢᠷ ᠲᠠᠢ ᠪᠠᠶᠢᠳᠠᠭ᠂ ᠥᠪᠡᠷᠲᠡᠭᠡᠨ ᠵᠠᠰᠠᠬᠤ | ᠣᠷᠣᠨ ᠤ ᠣᠷᠣᠨ ᠨᠤᠲᠤᠭ ᠤᠨ ᠭᠠᠶᠢᠯᠢ ᠶᠢᠨ ᠶᠠᠪᠤᠳᠠᠯ ᠤᠨ ᠲᠣᠪᠴᠢᠶ᠎ᠠ ᠠᠴᠠ ᠭᠠᠶᠢᠯᠢ ᠲᠤᠰᠢᠶᠠᠬᠤ ᠦᠢᠯᠡᠴᠢᠯᠡᠭᠡ ᠶᠢᠨ | ᠲᠠᠯ᠎ᠠ ᠪᠠᠷ ᠶᠠᠮᠠᠷ ᠶᠠᠮᠠᠷ ᠴᠢᠷᠮᠠᠶᠢᠯᠭ᠎ᠠ ᠭᠠᠷᠭᠠᠭᠰᠠᠨ ᠪᠣᠢ︖ | ᠯᠢᠦ ᠹᠧᠩ ᠵᠢᠶᠦ᠋ᠨ᠄ ᠪᠣᠬᠢᠷᠲᠤᠯ ᠪᠣᠳᠠᠰ ᠭᠠᠳᠠᠭᠰᠢᠯᠠᠭᠤᠯᠬᠤ ᠬᠡᠮᠵᠢᠶ᠎ᠡ ᠶᠢ ᠬᠢᠨᠠᠨ ᠰᠢᠨᠵᠢᠵᠦ ᠬᠠᠮᠢᠶᠠᠷᠬᠤ ᠪᠠ | ᠨᠠᠷᠢᠪᠴᠢᠯᠠᠨ ᠪᠣᠳᠣᠬᠤ ᠨᠢ ᠨᠡᠯᠢᠶᠡᠳ ᠲᠤᠰᠬᠠᠢ ᠮᠡᠷᠭᠡᠵᠢᠯ ᠤᠨ ᠠᠵᠢᠯ ᠪᠣᠯᠬᠤᠷ᠂ ᠭᠠᠶᠢᠯᠢ ᠲᠤᠰᠢᠶᠠᠭᠴᠢ ᠶᠢᠨ ᠪᠣᠳᠣᠵᠤ | ᠴᠢᠳᠠᠬᠤ᠂ ᠭᠤᠶᠤᠴᠢᠯᠠᠨ ᠮᠡᠳᠡᠭᠦᠯᠵᠦ ᠳᠡᠶᠢᠯᠬᠦ ᠶᠢ ᠬᠡᠷᠬᠢᠨ ᠪᠠᠲᠤᠯᠠᠬᠤ ᠨᠢ ᠮᠥᠨ ᠴᠤ ᠮᠠᠨ ᠤ ᠦᠢᠯᠡᠴᠢᠯᠡᠭᠡ ᠶᠢᠨ | ᠭᠤᠣᠯᠳᠠᠯᠭ᠎ᠠ ᠪᠣᠯᠣᠨ᠎ᠠ᠃ ᠡᠯ᠎ᠡ ᠱᠠᠲᠤᠨ ᠤ ᠣᠷᠣᠨ ᠨᠤᠲᠤᠭ ᠤᠨ ᠭᠠᠶᠢᠯᠢ ᠶᠢᠨ ᠶᠠᠪᠤᠳᠠᠯ ᠤᠨ ᠪᠠᠶᠢᠭᠤᠯᠭ᠎ᠠ ᠶᠢᠨ ᠬᠢᠨ ᠣᠳᠣ | ᠪᠠᠶᠢᠭ᠎ᠠ ᠡᠬᠢ ᠪᠠᠶᠠᠯᠢᠭ ᠢ ᠭᠦᠢᠴᠡᠳ ᠡᠮᠬᠢᠯᠡᠨ ᠨᠡᠶᠢᠯᠡᠭᠦᠯᠵᠦ᠂ ᠭᠠᠶᠢᠯᠢ ᠲᠤᠰᠢᠶᠠᠭᠴᠢ ᠳᠤ ︽ᠪᠠᠷᠢᠮᠵᠢᠶ᠎ᠠ ᠲᠣᠭᠲᠠᠭᠠᠭᠰᠠᠨ︾ | ᠂ ︽ᠪᠦᠬᠦᠨ ᠢ ᠬᠠᠮᠤᠷᠤᠭᠰᠠᠨ︾᠂ ︽ᠨᠢᠭᠤᠷᠳᠠᠯᠴᠠᠭᠰᠠᠨ︾ ᠲᠥᠷᠥ ᠶᠢᠨ ᠪᠣᠳᠣᠯᠭ᠎ᠠ ᠶᠢᠨ ᠲᠠᠶᠢᠯᠤᠮᠵᠢ ᠪᠠ ᠭᠤᠶᠤᠴᠢᠯᠠᠨ | ᠮᠡᠳᠡᠭᠦᠯᠵᠦ ᠭᠠᠶᠢᠯᠢ ᠲᠤᠰᠢᠶᠠᠬᠤ ᠦᠢᠯᠡᠴᠢᠯᠡᠭᠡ ᠶᠢ ᠪᠠᠶᠢᠳᠠᠯ ᠳᠤ ᠨᠢ ᠲᠣᠬᠢᠷᠠᠭᠤᠯᠤᠨ ᠲᠣᠭᠲᠠᠭᠠᠵᠤ ᠥᠭᠴᠡᠢ᠃ 4 ᠳ᠋ᠦ᠋ᠭᠡᠷ | ᠰᠠᠷ᠎ᠠ ᠶᠢᠨ 1 ᠤ ᠡᠳᠦᠷ ᠭᠠᠶᠢᠯᠢ ᠲᠤᠰᠢᠶᠠᠬᠤ ᠪᠠᠷ ᠭᠤᠶᠤᠴᠢᠯᠠᠨ ᠮᠡᠳᠡᠭᠦᠯᠬᠦ ᠠᠩᠬᠠᠳᠠᠭᠴᠢ ᠬᠤᠭᠤᠴᠠᠭ᠎ᠠ ᠡᠬᠢᠯᠡᠬᠦ ᠠᠴᠠ | ᠡᠮᠦᠨ᠎ᠡ᠂ ᠣᠷᠣᠨ ᠨᠤᠲᠤᠭ ᠤᠨ ᠭᠠᠶᠢᠯᠢ ᠶᠢᠨ ᠶᠠᠪᠤᠳᠠᠯ ᠤᠨ ᠪᠠᠶᠢᠭᠤᠯᠭ᠎ᠠ ᠶᠢᠨ ᠬᠢᠨ ᠭᠤᠶᠤᠴᠢᠯᠠᠨ ᠮᠡᠳᠡᠭᠦᠯᠬᠦ ᠰᠣᠷᠢᠯᠲᠠ ᠶᠢ | ᠵᠣᠬᠢᠶᠠᠨ ᠪᠠᠶᠢᠭᠤᠯᠤᠨ ᠥᠷᠨᠢᠭᠦᠯᠵᠦ᠂ ᠭᠠᠶᠢᠯᠢ ᠲᠤᠰᠢᠶᠠᠭᠴᠢ ᠶᠢᠨ ᠲᠥᠷᠥ ᠶᠢᠨ ᠪᠣᠳᠣᠯᠭ᠎ᠠ ᠶᠢ ᠣᠶᠢᠯᠠᠭᠠᠵᠤ ᠮᠡᠳᠡᠬᠦ᠂ | ᠭᠠᠶᠢᠯᠢ ᠶᠢ ᠪᠣᠳᠣᠵᠤ ᠴᠢᠳᠠᠬᠤ ᠪᠠ ᠭᠤᠶᠤᠴᠢᠯᠠᠨ ᠮᠡᠳᠡᠭᠦᠯᠵᠦ ᠴᠢᠳᠠᠬᠤ ᠶᠢ ᠪᠠᠲᠤᠯᠠᠪᠠ᠃ ᠠᠩᠬᠠᠨ ᠤ ᠲᠠᠲᠠᠪᠤᠷᠢᠯᠠᠬᠤ | ᠡᠳᠦᠷ ᠲᠤ᠂ ᠭᠠᠶᠢᠯᠢ ᠭᠦᠢᠴᠡᠳᠬᠡᠬᠦ ᠦᠢᠯᠡᠴᠢᠯᠡᠭᠡ ᠶᠢᠨ ᠲᠢᠩᠬᠢᠮ ᠳᠤ ᠣᠷᠴᠢᠨ ᠲᠣᠭᠤᠷᠢᠨ ᠤ ᠬᠠᠮᠠᠭᠠᠯᠠᠯᠲᠠ ᠶᠢᠨ ᠭᠠᠶᠢᠯᠢ | ᠭᠤᠶᠤᠴᠢᠯᠠᠨ ᠮᠡᠳᠡᠭᠦᠯᠬᠦ ᠰᠠᠭᠠᠳ ᠦᠭᠡᠢ ᠰᠢᠭᠤᠳ ᠨᠡᠪᠲᠡᠷᠡᠬᠦ ᠵᠠᠮ ᠪᠠ ᠲᠤᠰᠬᠠᠢ ᠴᠣᠩᠬᠤᠪᠴᠢ ᠨᠡᠭᠡᠭᠡᠵᠦ᠂ ᠣᠷᠴᠢᠨ | ᠲᠣᠭᠤᠷᠢᠨ ᠤ ᠬᠠᠮᠠᠭᠠᠯᠠᠯᠲᠠ ᠶᠢᠨ ᠰᠠᠯᠠᠭ᠎ᠠ ᠮᠥᠴᠢᠷ ᠤᠨ ᠠᠵᠢᠯᠲᠠᠳ ᠢ ᠤᠷᠢᠵᠤ ᠬᠠᠮᠲᠤᠷᠠᠨ ᠠᠯᠪᠠᠯᠠᠵᠤ᠂ ᠲᠤᠰᠬᠠᠢ | ᠠᠵᠢᠯᠲᠠᠨ ᠪᠠ ᠲᠤᠰᠬᠠᠢ ᠠᠵᠢᠯ ᠤᠨ ᠪᠠᠶᠢᠷᠢ ᠲᠣᠬᠢᠷᠠᠭᠤᠯᠤᠨ ᠭᠠᠶᠢᠯᠢ ᠲᠤᠰᠢᠶᠠᠭᠴᠢ ᠳᠤ ᠲᠥᠷᠥ ᠶᠢᠨ ᠪᠣᠳᠣᠯᠭ᠎ᠠ ᠶᠢᠨ | ᠲᠠᠶᠢᠯᠤᠮᠵᠢ ᠬᠢᠬᠦ᠂ ᠭᠠᠶᠢᠯᠢ ᠲᠤᠰᠢᠶᠠᠬᠤ ᠶᠢᠨ ᠭᠤᠶᠤᠴᠢᠯᠠᠨ ᠮᠡᠳᠡᠭᠦᠯᠬᠦ ᠬᠦᠰᠦᠨᠦᠭ ᠲᠠᠭᠯᠠᠬᠤ ᠶᠢ ᠬᠠᠪᠰᠤᠷᠤᠨ | ᠵᠢᠯᠣᠭᠤᠳᠬᠤ᠂ ᠭᠤᠶᠤᠴᠢᠯᠠᠨ ᠮᠡᠳᠡᠭᠦᠯᠬᠦ ᠶᠠᠪᠤᠴᠠ ᠪᠠᠷ ᠤᠳᠤᠷᠢᠳᠤᠨ ᠬᠥᠲᠥᠯᠬᠦ ᠵᠡᠷᠭᠡ ᠦᠢᠯᠡᠴᠢᠯᠡᠭᠡ ᠬᠠᠩᠭᠠᠭᠰᠠᠨ ᠤ | ᠬᠠᠮᠲᠤ᠂ ᠡᠯᠧᠺᠳ᠋ᠷᠣᠨ ᠭᠠᠶᠢᠯᠢ ᠶᠢᠨ ᠶᠠᠪᠤᠳᠠᠯ ᠤᠨ ᠲᠣᠪᠴᠢᠶ᠎ᠠ᠂ ᠰᠦᠯᠵᠢᠶᠡᠨ ᠳᠡᠭᠡᠷ᠎ᠡ ᠭᠠᠶᠢᠯᠢ ᠭᠦᠢᠴᠡᠳᠬᠡᠬᠦ ᠲᠢᠩᠬᠢᠮ | ᠵᠡᠷᠭᠡ ᠶᠢ ᠠᠰᠢᠭᠯᠠᠨ ᠭᠠᠶᠢᠯᠢ ᠲᠤᠰᠢᠶᠠᠭᠴᠢ ᠶᠢᠨ ᠠᠩᠬᠠᠳᠠᠭᠴᠢ ᠲᠠᠲᠠᠪᠤᠷᠢᠯᠠᠬᠤ ᠬᠤᠭᠤᠴᠠᠭᠠᠨ ᠳᠠᠬᠢ ᠭᠤᠶᠤᠴᠢᠯᠠᠨ | ᠮᠡᠳᠡᠭᠦᠯᠬᠦ ᠳᠤ ᠣᠯᠠᠨ ᠵᠦᠢᠯ ᠤᠨ ᠠᠷᠭ᠎ᠠ ᠵᠠᠮ ᠬᠠᠩᠭᠠᠵᠤ᠂ ᠭᠠᠶᠢᠯᠢ ᠲᠤᠰᠢᠶᠠᠭᠴᠢᠳ ᠤᠨ ᠠᠳᠠᠯᠢ ᠪᠤᠰᠤ ᠬᠡᠷᠡᠭᠴᠡᠭᠡ | ᠱᠠᠭᠠᠷᠳᠠᠯᠭ᠎ᠠ ᠶᠢ ᠬᠠᠩᠭᠠᠪᠠ᠃ ᠡᠭᠦᠨ ᠤ ᠬᠠᠮᠲᠤ᠂ ᠭᠠᠶᠢᠯᠢ ᠲᠤᠰᠢᠶᠠᠭᠴᠢᠳ ᠪᠠᠰᠠ ︽12366︾ ᠭᠠᠶᠢᠯᠢ ᠲᠤᠰᠢᠶᠠᠬᠤ | ᠦᠢᠯᠡᠴᠢᠯᠡᠭᠡ ᠶᠢᠨ ᠬᠠᠯᠠᠮᠰᠢᠯ ᠤᠲᠠᠰᠤ᠂ 12369 ᠣᠷᠴᠢᠨ ᠲᠣᠭᠤᠷᠢᠨ ᠤ ᠬᠠᠮᠠᠭᠠᠯᠠᠯᠲᠠ ᠶᠢᠨ ᠠᠰᠠᠭᠤᠨ ᠯᠠᠪᠯᠠᠬᠤ | ᠬᠠᠯᠠᠮᠰᠢᠯ ᠤᠲᠠᠰᠤ᠂ ᠭᠠᠶᠢᠯᠢ ᠭᠦᠢᠴᠡᠳᠬᠡᠬᠦ ᠦᠢᠯᠡᠴᠢᠯᠡᠭᠡ ᠶᠢᠨ ᠲᠢᠩᠬᠢᠮ ᠵᠡᠷᠭᠡ ᠣᠯᠠᠨ ᠠᠷᠭ᠎ᠠ ᠵᠠᠮ ᠪᠠᠷ ᠳᠠᠮᠵᠢᠨ ᠣᠷᠣᠨ | ᠨᠤᠲᠤᠭ ᠤᠨ ᠭᠠᠶᠢᠯᠢ ᠶᠢᠨ ᠶᠠᠪᠤᠳᠠᠯ ᠤᠨ ᠪᠠᠶᠢᠭᠤᠯᠭ᠎ᠠ ᠠᠴᠠ ᠠᠰᠠᠭᠤᠨ ᠯᠠᠪᠯᠠᠵᠤ ᠪᠣᠯᠣᠨ᠎ᠠ᠃ ᠡᠭᠦᠨ ᠤ ᠬᠠᠮᠲᠤ᠂ ᠠᠵᠤ | ᠠᠬᠤᠶᠢᠯᠠᠯ ᠴᠤ ᠳᠣᠲᠣᠭᠠᠳᠤ ᠶᠢᠨ ᠣᠷᠴᠢᠨ ᠲᠣᠭᠤᠷᠢᠨ ᠤ ᠬᠠᠮᠠᠭᠠᠯᠠᠯᠲᠠ ᠪᠠ ᠡᠳ᠋ ᠤᠨ ᠶᠠᠪᠤᠳᠠᠯ ᠤᠨ ᠰᠠᠯᠠᠭ᠎ᠠ ᠮᠥᠴᠢᠷ ᠤᠨ | ᠠᠵᠢᠯᠲᠠᠳ ᠯᠤᠭ᠎ᠠ ᠶᠢᠨ ᠵᠣᠬᠢᠴᠠᠯᠳᠤᠨ ᠬᠠᠮᠵᠢᠯᠴᠠᠬᠤ ᠪᠠᠨ ᠴᠢᠩᠭᠠᠳᠬᠠᠵᠤ᠂ ᠣᠷᠴᠢᠨ ᠲᠣᠭᠤᠷᠢᠨ ᠤ ᠬᠠᠮᠠᠭᠠᠯᠠᠯᠲᠠ ᠶᠢᠨ | ᠭᠠᠶᠢᠯᠢ ᠶᠢᠨ ᠨᠠᠷᠢᠪᠴᠢᠯᠠᠨ ᠪᠣᠳᠣᠬᠤ ᠪᠠ ᠭᠠᠶᠢᠯᠢ ᠲᠤᠰᠢᠶᠠᠬᠤ ᠪᠠᠷ ᠭᠤᠶᠤᠴᠢᠯᠠᠨ ᠮᠡᠳᠡᠭᠦᠯᠬᠦ ᠠᠵᠢᠯ ᠢ ᠬᠠᠮᠲᠤ ᠪᠠᠷ | ᠰᠠᠶᠢᠲᠤᠷ ᠬᠢᠬᠦ ᠬᠡᠷᠡᠭᠲᠡᠢ᠃ | ᠬᠥᠲᠥᠯᠥᠭᠴᠢ᠄ ᠥᠪᠡᠷᠲᠡᠭᠡᠨ ᠵᠠᠰᠠᠬᠤ ᠣᠷᠣᠨ ᠤ ᠣᠷᠣᠨ ᠨᠤᠲᠤᠭ ᠤᠨ ᠭᠠᠶᠢᠯᠢ ᠶᠢᠨ ᠶᠠᠪᠤᠳᠠᠯ ᠤᠨ | ᠲᠣᠪᠴᠢᠶ᠎ᠠ ᠶᠢᠨ ᠬᠢᠨ ᠪᠣᠬᠢᠷᠲᠤᠯ ᠦᠭᠡᠢ ᠶᠢᠨ ᠭᠠᠶᠢᠯᠢ ᠶᠢᠨ ᠳᠦᠷᠢᠮ ᠤᠨ ᠥᠭᠡᠷᠡᠴᠢᠯᠡᠯᠲᠡ ᠶᠢ ᠰᠠᠶᠢᠲᠤᠷ ᠬᠢᠬᠦ ᠳᠤ ᠶᠠᠮᠠᠷ | ᠶᠠᠮᠠᠷ ᠠᠷᠭ᠎ᠠ ᠬᠡᠮᠵᠢᠶ᠎ᠡ ᠠᠪᠤᠭᠰᠠᠨ ᠪᠣᠢ︖ | ᠯᠢᠦ ᠹᠧᠩ ᠵᠢᠶᠦ᠋ᠨ᠄ ᠨᠢᠭᠡ ᠳᠤ᠂ ᠵᠣᠬᠢᠶᠠᠨ ᠪᠠᠶᠢᠭᠤᠯᠤᠯᠲᠠ ᠶᠢᠨ ᠤᠳᠤᠷᠢᠳᠤᠯᠭ᠎ᠠ ᠶᠢ ᠴᠢᠩᠭᠠᠳᠬᠠᠵᠤ᠂ ᠠᠵᠢᠯ ᠤᠨ | ᠤᠳᠤᠷᠢᠳᠬᠤ ᠳᠤᠭᠤᠶᠢᠯᠠᠩ ᠢ ᠪᠠᠶᠢᠭᠤᠯᠪᠠ᠃ ᠪᠦᠬᠦ ᠣᠷᠣᠨ ᠤ ᠡᠯ᠎ᠡ ᠱᠠᠲᠤᠨ ᠤ ᠣᠷᠣᠨ ᠨᠤᠲᠤᠭ ᠤᠨ ᠭᠠᠶᠢᠯᠢ ᠶᠢᠨ | ᠶᠠᠪᠤᠳᠠᠯ ᠤᠨ ᠪᠠᠶᠢᠭᠤᠯᠭ᠎ᠠ ᠶᠢᠨ ᠬᠢᠨ ︽ᠣᠷᠴᠢᠨ ᠲᠣᠭᠤᠷᠢᠨ ᠤ ᠬᠠᠮᠠᠭᠠᠯᠠᠯᠲᠠ ᠶᠢᠨ ᠭᠠᠶᠢᠯᠢ ᠪᠠ ᠤᠰᠤᠨ ᠤ ᠡᠬᠢ | ᠪᠠᠶᠠᠯᠢᠭ ᠤᠨ ᠭᠠᠶᠢᠯᠢ︾ ᠶᠢ ᠡᠬᠢᠯᠡᠨ ᠲᠠᠲᠠᠪᠤᠷᠢᠯᠠᠬᠤ ᠶᠢᠨ ᠤᠳᠤᠷᠢᠳᠬᠤ ᠳᠤᠭᠤᠶᠢᠯᠠᠩ ᠢ ᠪᠠᠶᠢᠭᠤᠯᠵᠤ᠂ ᠤᠳᠤᠷᠢᠳᠬᠤ | ᠳᠤᠭᠤᠶᠢᠯᠠᠩ ᠨᠢ ᠭᠤᠣᠯᠳᠠᠭᠤ ᠪᠦᠬᠦ ᠣᠷᠣᠨ ᠤ ᠣᠷᠣᠨ ᠨᠤᠲᠤᠭ ᠤᠨ ᠭᠠᠶᠢᠯᠢ ᠶᠢᠨ ᠶᠠᠪᠤᠳᠠᠯ ᠤᠨ ᠰᠢᠰᠲ᠋ᠧᠮ ᠢ ᠵᠣᠬᠢᠶᠠᠨ | ᠪᠠᠶᠢᠭᠤᠯᠤᠨ ᠤᠳᠤᠷᠢᠳᠴᠤ ᠣᠷᠴᠢᠨ ᠲᠣᠭᠤᠷᠢᠨ ᠤ ᠬᠠᠮᠠᠭᠠᠯᠠᠯᠲᠠ ᠶᠢᠨ ᠭᠠᠶᠢᠯᠢ᠂ ᠤᠰᠤᠨ ᠤ ᠡᠬᠢ ᠪᠠᠶᠠᠯᠢᠭ ᠤᠨ | ᠭᠠᠶᠢᠯᠢ ᠶᠢ ᠡᠬᠢᠯᠡᠨ ᠲᠠᠲᠠᠪᠤᠷᠢᠯᠠᠬᠤ ᠶᠢ ᠠᠬᠢᠭᠤᠯᠬᠤ ᠠᠵᠢᠯ ᠢ ᠬᠠᠷᠢᠭᠤᠴᠠᠵᠤ᠂ ᠣᠷᠴᠢᠨ ᠲᠣᠭᠤᠷᠢᠨ ᠤ ᠬᠠᠮᠠᠭᠠᠯᠠᠯᠲᠠ ᠶᠢᠨ | ᠭᠠᠶᠢᠯᠢ᠂ ᠤᠰᠤᠨ ᠤ ᠡᠬᠢ ᠪᠠᠶᠠᠯᠢᠭ ᠤᠨ ᠭᠠᠶᠢᠯᠢ ᠶᠢ ᠡᠬᠢᠯᠡᠨ ᠲᠠᠲᠠᠪᠤᠷᠢᠯᠠᠵᠤ ᠠᠬᠢᠭᠤᠯᠬᠤ ᠲᠤᠬᠠᠢ ᠤᠯᠤᠰ ᠤᠨ ᠪᠠ | ᠥᠪᠡᠷᠲᠡᠭᠡᠨ ᠵᠠᠰᠠᠬᠤ ᠣᠷᠣᠨ ᠤ ᠠᠵᠢᠯ ᠤᠨ ᠪᠠᠶᠢᠷᠢᠯᠠᠭᠤᠯᠤᠯᠲᠠ ᠪᠠ ᠱᠠᠭᠠᠷᠳᠠᠯᠭ᠎ᠠ ᠶᠢ ᠲᠤᠤᠱᠯᠠᠭᠤᠯᠤᠨ | ᠨᠠᠶᠢᠳᠠᠪᠤᠷᠢᠵᠢᠭᠤᠯᠵᠤ᠂ ᠬᠠᠮᠢᠶ᠎ᠠ ᠪᠦᠬᠦᠢ ᠳᠦᠷᠢᠮ ᠪᠠ ᠠᠷᠭ᠎ᠠ ᠶᠢ ᠰᠤᠳᠤᠯᠵᠤ ᠬᠢᠨᠠᠨ ᠲᠣᠭᠲᠠᠭᠠᠵᠤ᠂ ᠣᠷᠴᠢᠨ | ᠲᠣᠭᠤᠷᠢᠨ ᠤ ᠬᠠᠮᠠᠭᠠᠯᠠᠯᠲᠠ ᠶᠢᠨ ᠭᠠᠶᠢᠯᠢ᠂ ᠤᠰᠤᠨ ᠤ ᠡᠬᠢ ᠪᠠᠶᠠᠯᠢᠭ ᠤᠨ ᠭᠠᠶᠢᠯᠢ ᠶᠢ ᠡᠬᠢᠯᠡᠨ ᠲᠠᠲᠠᠪᠤᠷᠢᠯᠠᠵᠤ | ᠠᠬᠢᠭᠤᠯᠬᠤ ᠴᠢᠬᠤᠯᠠ ᠶᠡᠭᠡ ᠵᠦᠢᠯᠡᠰ ᠪᠠ ᠭᠤᠣᠯᠳᠠᠯᠭᠠᠲᠤ ᠠᠵᠢᠯ ᠤᠨ ᠡᠭᠦᠷᠭᠡ ᠶᠢ ᠰᠤᠳᠤᠯᠤᠨ ᠪᠠᠶᠢᠷᠢᠯᠠᠭᠤᠯᠵᠤ᠂ ᠡᠳ᠋ ᠤᠨ | ᠵᠠᠰᠠᠭ᠂ ᠣᠷᠴᠢᠨ ᠲᠣᠭᠤᠷᠢᠨ ᠤ ᠬᠠᠮᠠᠭᠠᠯᠠᠯᠲᠠ᠂ ᠤᠰᠤᠨ ᠠᠰᠢᠭᠯᠠᠯᠲᠠ ᠵᠡᠷᠭᠡ ᠬᠠᠮᠢᠶ᠎ᠠ ᠪᠦᠬᠦᠢ ᠰᠠᠯᠠᠭ᠎ᠠ ᠮᠥᠴᠢᠷ ᠲᠠᠢ | ᠵᠣᠬᠢᠴᠠᠭᠤᠯᠤᠨ ᠬᠠᠮᠵᠢᠯᠴᠠᠬᠤ ᠠᠵᠢᠯ ᠢ ᠨᠢᠭᠡᠳᠦᠯᠲᠡᠢ ᠲᠥᠯᠥᠪᠵᠢᠭᠦᠯᠦᠨ ᠵᠢᠯᠣᠭᠤᠳᠴᠠᠢ᠃ | ᠬᠤᠶᠠᠷ ᠲᠤ᠂ ᠣᠷᠴᠢᠨ ᠲᠣᠭᠤᠷᠢᠨ ᠤ ᠬᠠᠮᠠᠭᠠᠯᠠᠯᠲᠠ ᠶᠢᠨ ᠭᠠᠶᠢᠯᠢ᠂ ᠤᠰᠤᠨ ᠤ ᠡᠬᠢ ᠪᠠᠶᠠᠯᠢᠭ ᠤᠨ ᠭᠠᠶᠢᠯᠢ ᠶᠢᠨ | ᠲᠤᠬᠠᠶᠢᠯᠠᠭᠰᠠᠨ ᠠᠵᠢᠯ ᠤᠨ ᠪᠣᠯᠪᠠᠰᠤᠷᠠᠭᠤᠯᠤᠯ ᠢ ᠴᠢᠩᠭᠠᠳᠬᠠᠪᠠ᠃ ᠥᠪᠡᠷᠲᠡᠭᠡᠨ ᠵᠠᠰᠠᠬᠤ ᠣᠷᠣᠨ ᠤ ᠣᠷᠣᠨ ᠨᠤᠲᠤᠭ ᠤᠨ | ᠭᠠᠶᠢᠯᠢ ᠶᠢᠨ ᠶᠠᠪᠤᠳᠠᠯ ᠤᠨ ᠲᠣᠪᠴᠢᠶ᠎ᠠ ᠶᠢᠨ ᠬᠢᠨ ︽ᠭᠦᠢᠴᠡᠳ ᠲᠦᠢᠯᠪᠤᠷᠢᠲᠠᠢ ᠭᠦᠢᠴᠡᠳᠬᠡᠬᠦ︾ ᠲᠤᠬᠠᠶᠢᠯᠠᠭᠰᠠᠨ | ᠠᠵᠢᠯ ᠤᠨ ᠬᠠᠷᠠᠭᠠᠨ ᠳᠠᠪᠲᠠᠮᠵᠢᠲᠤ ᠪᠣᠯᠪᠠᠰᠤᠷᠠᠭᠤᠯᠤᠯ ᠪᠠ ᠲᠥᠪᠯᠡᠷᠡᠭᠦᠯᠦᠭᠰᠡᠨ ᠪᠣᠯᠪᠠᠰᠤᠷᠠᠭᠤᠯᠤᠯ ᠢ ᠣᠯᠠᠨ ᠤᠳᠠᠭ᠎ᠠ | ᠡᠷᠬᠢᠯᠡᠵᠦ᠂ ᠲᠤᠬᠠᠶᠢᠯᠠᠭᠰᠠᠨ ᠠᠵᠢᠯ ᠤᠨ ᠬᠠᠮᠢᠶ᠎ᠠ ᠪᠦᠬᠦᠢ ᠠᠵᠢᠯᠲᠠᠳ ᠤᠨ ᠢᠶᠠᠨ ᠲᠥᠷᠥ ᠶᠢᠨ ᠪᠣᠳᠣᠯᠭ᠎ᠠ ᠶᠢ | ᠪᠣᠯᠪᠠᠰᠤᠷᠠᠩᠭᠤᠢ ᠡᠵᠡᠮᠰᠢᠬᠦ ᠶᠢ ᠪᠠᠲᠤᠯᠠᠵᠤ᠂ ᠡᠷᠲᠡ ᠮᠡᠳᠡᠬᠦ᠂ ᠡᠷᠲᠡ ᠰᠤᠷᠤᠯᠴᠠᠬᠤ᠂ ᠡᠷᠲᠡ ᠣᠶᠢᠯᠭᠠᠬᠤ ᠶᠢ | ᠭᠦᠢᠴᠡᠳᠬᠡᠵᠡᠢ᠃ ᠡᠭᠦᠨ ᠤ ᠬᠠᠮᠲᠤ ᠰᠤᠷᠤᠯᠴᠠᠭᠰᠠᠨ ᠰᠠᠭᠤᠷᠢᠨ ᠳᠡᠭᠡᠷ᠎ᠡ ᠪᠠᠨ᠂ ᠵᠤᠷᠪᠤᠰ ᠳᠠᠷᠠᠭᠠᠯᠠᠨ ᠰᠤᠳᠤᠯᠵᠤ᠂ ᠵᠣᠷᠢᠭ | ᠰᠠᠨᠠᠭᠠᠨ ᠤ ᠮᠥᠨ ᠴᠢᠨᠠᠷ ᠢ ᠭᠦᠨᠵᠡᠭᠡᠢ ᠣᠶᠢᠯᠠᠭᠠᠵᠤ᠂ ᠭᠤᠣᠯᠳᠠᠯᠭᠠᠲᠤ ᠡᠭᠦᠷᠭᠡ᠂ ᠲᠠᠲᠠᠪᠤᠷᠢᠯᠠᠨ ᠬᠤᠷᠢᠶᠠᠬᠤ ᠳᠤ | ᠬᠦᠴᠢᠷᠲᠡᠢ ᠭᠤᠭᠴᠤᠭ᠎ᠠ ᠶᠢ ᠲᠠᠨᠢᠵᠤ᠂ ᠲᠥᠷᠥ ᠶᠢᠨ ᠪᠣᠳᠣᠯᠭ᠎ᠠ ᠶᠢ ᠭᠦᠢᠴᠡᠳ ᠤᠬᠠᠬᠤ ᠶᠢ ᠭᠦᠢᠴᠡᠳᠬᠡᠵᠦ᠂ ᠡᠬᠢᠯᠡᠨ | ᠲᠠᠲᠠᠪᠤᠷᠢᠯᠠᠬᠤ ᠠᠴᠠ ᠡᠮᠦᠨᠡᠬᠢ ᠪᠡᠯᠡᠳᠬᠡᠯ ᠪᠠ ᠡᠬᠢᠯᠡᠨ ᠲᠠᠲᠠᠪᠤᠷᠢᠯᠠᠭᠰᠠᠨ ᠤ ᠳᠠᠷᠠᠭᠠᠬᠢ ᠭᠦᠢᠴᠡᠳᠬᠡᠬᠦ ᠠᠵᠢᠯ ᠢ ᠰᠠᠶᠢᠲᠤᠷ | ᠬᠢᠭᠰᠡᠨ ᠪᠠᠶᠢᠨ᠎ᠠ᠃ | ᠭᠤᠷᠪᠠ ᠳᠤ᠂ ᠣᠷᠴᠢᠨ ᠲᠣᠭᠤᠷᠢᠨ ᠤ ᠬᠠᠮᠠᠭᠠᠯᠠᠯᠲᠠ ᠶᠢᠨ ᠭᠠᠶᠢᠯᠢ᠂ ᠤᠰᠤᠨ ᠤ ᠡᠬᠢ ᠪᠠᠶᠠᠯᠢᠭ ᠤᠨ ᠭᠠᠶᠢᠯᠢ ᠶᠢᠨ | ᠬᠠᠮᠢᠶ᠎ᠠ ᠪᠦᠬᠦᠢ ᠰᠠᠯᠠᠭ᠎ᠠ ᠮᠥᠴᠢᠷ ᠯᠦᠭᠡ ᠶᠢᠨ ᠵᠣᠬᠢᠴᠠᠯᠳᠤᠨ ᠬᠠᠮᠵᠢᠯᠴᠠᠬᠤ ᠶᠢ ᠴᠢᠩᠭᠠᠳᠬᠠᠪᠠ᠃ ᠡᠳ᠋ ᠤᠨ ᠵᠠᠰᠠᠭ᠂ | ᠣᠷᠴᠢᠨ ᠲᠣᠭᠤᠷᠢᠨ ᠤ ᠬᠠᠮᠠᠭᠠᠯᠠᠯᠲᠠ᠂ ᠤᠰᠤᠨ ᠠᠰᠢᠭᠯᠠᠯᠲᠠ ᠵᠡᠷᠭᠡ ᠰᠠᠯᠠᠭ᠎ᠠ ᠮᠥᠴᠢᠷ ᠲᠠᠢ ᠣᠯᠠᠨ ᠤᠳᠠᠭ᠎ᠠ | ᠬᠠᠮᠲᠤᠷᠠᠭᠰᠠᠨ ᠬᠤᠷᠠᠯ ᠬᠤᠷᠠᠯᠳᠤᠭᠤᠯᠵᠤ᠂ ᠰᠠᠯᠠᠭ᠎ᠠ ᠮᠥᠴᠢᠷ ᠤᠳ ᠤᠨ ᠡᠭᠦᠷᠭᠡ ᠴᠢᠳᠠᠪᠬᠢ ᠶᠢ ᠲᠣᠳᠣᠷᠬᠠᠶᠢᠯᠠᠵᠤ᠂ | ᠠᠵᠢᠯ ᠤᠨ ᠡᠭᠦᠷᠭᠡ ᠬᠠᠷᠢᠭᠤᠴᠠᠯᠭ᠎ᠠ ᠶᠢ ᠨᠠᠷᠢᠯᠢᠭᠵᠢᠭᠤᠯᠤᠨ᠂ ᠲᠥᠬᠦᠷᠵᠢᠭᠰᠡᠨ ᠠᠷᠭ᠎ᠠ ᠬᠡᠮᠵᠢᠶ᠎ᠡ ᠶᠢ ᠲᠡᠭᠦᠯᠳᠡᠷᠵᠢᠭᠦᠯᠵᠦ᠂ | ᠠᠵᠢᠯ ᠤᠨ ᠡᠭᠦᠷᠭᠡ ᠪᠣᠯᠣᠨ ᠴᠠᠭ ᠤᠨ ᠲᠣᠬᠢᠷᠠᠭᠤᠯᠤᠯᠲᠠ ᠶᠢ ᠲᠣᠳᠣᠷᠬᠠᠶᠢᠯᠠᠵᠤ᠂ ᠬᠠᠷᠢᠭᠤᠴᠠᠯᠭᠠᠲᠤ ᠦᠵᠡᠯ | ᠤᠬᠠᠮᠰᠠᠷ ᠢᠶᠠᠨ ᠦᠨᠡᠨ ᠬᠦ ᠴᠢᠩᠭᠠᠳᠬᠠᠵᠠᠢ᠃ ᠡᠳ᠋ ᠤᠨ ᠵᠠᠰᠠᠭ᠂ ᠣᠷᠴᠢᠨ ᠲᠣᠭᠤᠷᠢᠨ ᠤ ᠬᠠᠮᠠᠭᠠᠯᠠᠯᠲᠠ᠂ ᠤᠰᠤᠨ | ᠠᠰᠢᠭᠯᠠᠯᠲᠠ ᠶᠢᠨ ᠰᠠᠯᠠᠭ᠎ᠠ ᠮᠥᠴᠢᠷ ᠲᠠᠢ ᠬᠠᠮᠵᠢᠯᠴᠠᠵᠤ ᠲᠠᠲᠠᠪᠤᠷᠢᠯᠠᠬᠤ ᠠᠴᠠ ᠡᠮᠦᠨᠡᠬᠢ ᠭᠠᠶᠢᠯᠢ ᠶᠢᠨ ᠢᠷᠡᠯᠲᠡ ᠶᠢ | ᠪᠠᠶᠢᠴᠠᠭᠠᠵᠤ ᠪᠠᠶᠢᠳᠠᠯ ᠢ ᠣᠶᠢᠯᠭᠠᠬᠤ ᠠᠵᠢᠯ ᠢ ᠬᠠᠮᠲᠤᠷᠠᠨ ᠥᠷᠨᠢᠭᠦᠯᠵᠡᠢ᠃ | ᠳᠥᠷᠪᠡ ᠳᠤ᠂ ᠰᠠᠭᠤᠷᠢ ᠮᠡᠳᠡᠭᠡ ᠵᠠᠩᠭᠢ ᠶᠢ ᠴᠤᠭᠯᠠᠭᠤᠯᠬᠤ᠂ ᠰᠢᠨᠵᠢᠨ ᠲᠤᠷᠰᠢᠬᠤ᠂ ᠪᠢᠴᠢᠨ ᠣᠷᠣᠭᠤᠯᠬᠤ ᠠᠵᠢᠯ ᠢ | ᠰᠠᠶᠢᠲᠤᠷ ᠬᠢᠪᠡ᠃ ᠰᠠᠭᠤᠷᠢ ᠮᠡᠳᠡᠭᠡ ᠵᠠᠩᠭᠢ ᠶᠢ ᠣᠨᠣᠪᠴᠢᠲᠠᠢ ᠴᠤᠭᠯᠠᠭᠤᠯᠬᠤ ᠶᠢ ᠪᠠᠲᠤᠯᠠᠬᠤ ᠶᠢᠨ ᠲᠥᠯᠥᠭᠡ᠂ ᠰᠢᠨᠵᠢᠨ | ᠲᠤᠷᠰᠢᠬᠤ ᠠᠵᠢᠯ ᠢ ᠰᠠᠶᠢᠲᠤᠷ ᠬᠢᠵᠦ᠂ ᠡᠯ᠎ᠡ ᠭᠠᠵᠠᠷ ᠤᠨ ᠣᠷᠴᠢᠨ ᠲᠣᠭᠤᠷᠢᠨ ᠤ ᠬᠠᠮᠠᠭᠠᠯᠠᠯᠲᠠ ᠶᠢᠨ ᠰᠠᠯᠠᠭ᠎ᠠ ᠮᠥᠴᠢᠷ᠂ | ᠤᠰᠤᠨ ᠠᠰᠢᠭᠯᠠᠯᠲᠠ ᠶᠢᠨ ᠰᠠᠯᠠᠭ᠎ᠠ ᠮᠥᠴᠢᠷ ᠲᠠᠢ ᠬᠠᠮᠲᠤᠷᠠᠵᠤ ᠨᠢᠭᠡᠳᠦᠯᠲᠡᠢ ᠵᠣᠬᠢᠶᠠᠨ ᠪᠠᠶᠢᠭᠤᠯᠵᠤ ᠪᠠᠶᠢᠭᠠᠳ ᠭᠠᠶᠢᠯᠢ | ᠲᠤᠰᠢᠶᠠᠭᠴᠢ ᠳᠤ ᠲᠥᠷᠥᠯ ᠬᠤᠪᠢᠶᠠᠨ ᠬᠠᠪᠰᠤᠷᠤᠨ ᠵᠢᠯᠣᠭᠤᠳᠬᠤ ᠶᠢ ᠥᠷᠨᠢᠭᠦᠯᠵᠦ᠂ ᠰᠠᠭᠤᠷᠢ ᠮᠡᠳᠡᠭᠡ ᠵᠠᠩᠭᠢ ᠶᠢ | ᠣᠨᠣᠪᠴᠢᠲᠠᠢ ᠴᠤᠭᠯᠠᠭᠤᠯᠵᠤ᠂ ᠰᠢᠨᠵᠢᠨ ᠲᠤᠷᠰᠢᠬᠤ ᠠᠵᠢᠯ ᠢ ᠥᠷᠨᠢᠭᠦᠯᠦᠨ᠂ ᠲᠠᠲᠠᠪᠤᠷᠢᠯᠠᠨ ᠬᠤᠷᠢᠶᠠᠬᠤ ᠰᠢᠰᠲ᠋ᠧᠮ ᠤᠨ | ᠬᠡᠪ ᠢᠶᠠᠷ ᠠᠵᠢᠯᠯᠠᠬᠤ ᠶᠢ ᠪᠠᠲᠤᠯᠠᠭᠰᠠᠨ ᠪᠠᠶᠢᠨ᠎ᠠ᠃ | ᠲᠠᠪᠤ ᠳᠤ᠂ ᠤᠬᠠᠭᠤᠯᠭ᠎ᠠ ᠶᠢ ᠯᠠᠪᠳᠠᠭᠤᠨ ᠪᠠᠲᠤᠲᠠᠢ ᠰᠠᠶᠢᠲᠤᠷ ᠬᠢᠵᠦ᠂ ᠭᠠᠶᠢᠯᠢ ᠲᠠᠲᠠᠪᠤᠷᠢ ᠶᠢᠨ ᠨᠥᠯᠥᠭᠡᠯᠡᠬᠦ | ᠬᠦᠴᠦᠨ ᠢ ᠥᠷᠭᠡᠳᠬᠡᠪᠡ᠃ ᠪᠦᠬᠦ ᠣᠷᠣᠨ ᠤ ᠡᠯ᠎ᠡ ᠱᠠᠲᠤᠨ ᠤ ᠣᠷᠣᠨ ᠨᠤᠲᠤᠭ ᠤᠨ ᠭᠠᠶᠢᠯᠢ ᠶᠢᠨ ᠶᠠᠪᠤᠳᠠᠯ ᠤᠨ | ᠪᠠᠶᠢᠭᠤᠯᠭ᠎ᠠ ᠶᠢᠨ ᠬᠢᠨ ᠣᠷᠴᠢᠨ ᠲᠣᠭᠤᠷᠢᠨ ᠤ ᠬᠠᠮᠠᠭᠠᠯᠠᠯᠲᠠ ᠶᠢᠨ ᠭᠠᠶᠢᠯᠢ᠂ ᠤᠰᠤᠨ ᠤ ᠡᠬᠢ ᠪᠠᠶᠠᠯᠢᠭ ᠤᠨ ᠭᠠᠶᠢᠯᠢ ᠶᠢᠨ | ᠣᠯᠠᠨ ᠬᠡᠯᠪᠡᠷᠢ ᠶᠠᠩᠵᠤ ᠶᠢᠨ ᠤᠬᠠᠭᠤᠯᠭ᠎ᠠ ᠶᠢᠨ ᠠᠵᠢᠯᠯᠠᠭ᠎ᠠ ᠥᠷᠨᠢᠭᠦᠯᠵᠦ᠂ ᠭᠠᠶᠢᠯᠢ ᠲᠠᠲᠠᠪᠤᠷᠢ ᠤᠬᠠᠭᠤᠯᠬᠤ ᠰᠠᠷ᠎ᠠ ᠶᠢᠨ | ᠠᠵᠢᠯᠯᠠᠭ᠎ᠠ ᠲᠠᠢ ᠤᠶᠠᠯᠳᠤᠭᠤᠯᠤᠨ᠂ ᠭᠠᠶᠢᠯᠢ ᠲᠤᠰᠢᠶᠠᠭᠴᠢ᠂ ᠡᠳ᠋ ᠤᠨ ᠵᠠᠰᠠᠭ ᠭᠠᠶᠢᠯᠢ ᠶᠢᠨ ᠲᠤᠰᠬᠠᠢ ᠮᠡᠷᠭᠡᠵᠢᠯᠲᠡᠨ ᠪᠠ | ᠵᠠᠭᠤᠴᠢᠯᠠᠭᠤᠷ ᠤᠨ ᠰᠤᠷᠪᠤᠯᠵᠢᠯᠠᠭᠴᠢ ᠶᠢ ᠤᠷᠢᠨ ᠣᠷᠣᠯᠴᠠᠭᠤᠯᠵᠤ᠂ ᠪᠣᠬᠢᠷᠲᠤᠯ ᠦᠭᠡᠢ ᠶᠢᠨ ᠭᠠᠶᠢᠯᠢ ᠶᠢᠨ ᠳᠦᠷᠢᠮ ᠤᠨ | ᠥᠭᠡᠷᠡᠴᠢᠯᠡᠯᠲᠡ ᠶᠢ ᠲᠥᠪᠯᠡᠷᠡᠭᠦᠯᠦᠨ ᠤᠬᠠᠭᠤᠯᠬᠤ ᠠᠵᠢᠯᠯᠠᠭ᠎ᠠ ᠶᠢ ᠥᠷᠨᠢᠭᠦᠯᠦᠭᠰᠡᠨ ᠤ ᠬᠠᠮᠲᠤ᠂ ᠲᠤᠬᠠᠢ ᠶᠢᠨ ᠲᠠᠯᠠᠪᠤᠷ ᠲᠤ | ᠠᠰᠠᠭᠤᠯᠲᠠ ᠭᠠᠷᠭᠠᠭᠰᠠᠳ ᠲᠤ ᠬᠠᠷᠢᠭᠤᠯᠲᠠ ᠥᠭᠴᠦ᠂ ᠨᠡᠯᠢᠶᠡᠳ ᠰᠠᠶᠢᠨ ᠦᠷ᠎ᠡ ᠳ᠋ᠦᠩ ᠣᠯᠣᠭᠰᠠᠨ ᠪᠠᠶᠢᠨ᠎ᠠ᠃ | ᠬᠥᠲᠥᠯᠥᠭᠴᠢ᠄ ᠮᠠᠨ ᠤ ᠣᠷᠣᠨ ᠪᠣᠬᠢᠷᠲᠤᠯ ᠦᠭᠡᠢ ᠶᠢᠨ ᠭᠠᠶᠢᠯᠢ ᠶᠢᠨ ᠳᠦᠷᠢᠮ ᠤᠨ ᠥᠭᠡᠷᠡᠴᠢᠯᠡᠯᠲᠡ ᠶᠢ | ᠬᠡᠷᠡᠭᠵᠢᠭᠦᠯᠦᠭᠡᠳ ᠣᠳᠣᠬᠠᠨ ᠳᠤ ᠶᠠᠮᠠᠷ ᠶᠠᠮᠠᠷ ᠦᠷ᠎ᠡ ᠪᠦᠲᠦᠮᠵᠢ ᠣᠯᠣᠭᠰᠠᠨ ᠪᠣᠢ︖ | ᠯᠢᠦ ᠹᠧᠩ ᠵᠢᠶᠦ᠋ᠨ᠄ 4 ᠳ᠋ᠦ᠋ᠭᠡᠷ ᠰᠠᠷ᠎ᠠ ᠳᠤ᠂ ᠮᠠᠨ ᠤ ᠣᠷᠣᠨ ᠣᠷᠴᠢᠨ ᠲᠣᠭᠤᠷᠢᠨ ᠤ ᠬᠠᠮᠠᠭᠠᠯᠠᠯᠲᠠ ᠶᠢᠨ ᠭᠠᠶᠢᠯᠢ ᠪᠠ | ᠤᠰᠤᠨ ᠤ ᠡᠬᠢ ᠪᠠᠶᠠᠯᠢᠭ ᠤᠨ ᠭᠠᠶᠢᠯᠢ ᠶᠢᠨ ᠠᠩᠬᠠᠳᠤᠭᠠᠷ ᠤᠯᠠᠷᠢᠯ ᠤᠨ ᠭᠠᠶᠢᠯᠢ ᠶᠢᠨ ᠵᠣᠭᠤᠰ ᠲᠠᠲᠠᠪᠤᠷᠢᠯᠠᠨ ᠬᠤᠷᠢᠶᠠᠬᠤ | ᠠᠵᠢᠯ ᠢᠶᠠᠨ ᠪᠡᠶᠡᠯᠡᠭᠦᠯᠵᠦ᠂ ᠶᠡᠷᠦᠩᠬᠡᠢ ᠳᠤ ᠪᠠᠨ ᠠᠵᠢᠯᠯᠠᠭᠠᠨ ᠨᠢ ᠲᠣᠭᠲᠠᠪᠤᠷᠢᠲᠠᠢ ᠪᠠᠶᠢᠵᠤ᠂ ᠥᠭᠡᠷᠡᠴᠢᠯᠡᠯᠲᠡ ᠶᠢᠨ ᠦᠷ᠎ᠡ | ᠪᠦᠲᠦᠮᠵᠢ ᠴᠤ ᠠᠩᠬ᠎ᠠ ᠠᠯᠬᠤᠮ ᠲᠣᠳᠣᠷᠠᠭᠰᠠᠨ ᠪᠠᠶᠢᠨ᠎ᠠ᠃ | ᠨᠢᠭᠡ ᠳᠤ᠂ ᠭᠠᠶᠢᠯᠢ ᠲᠠᠲᠠᠪᠤᠷᠢ ᠶᠢᠨ ᠠᠯᠪᠠᠳᠠᠯᠭ᠎ᠠ ᠶᠢᠨ ᠴᠢᠨᠠᠷ ᠨᠢ ᠪᠣᠬᠢᠷᠲᠤᠯ ᠭᠠᠳᠠᠭᠰᠢᠯᠠᠭᠤᠯᠬᠤ ᠠᠵᠤ ᠠᠬᠤᠶᠢᠯᠠᠯ | ᠪᠠ ᠤᠰᠤ ᠬᠡᠷᠡᠭᠯᠡᠬᠦ ᠠᠵᠤ ᠠᠬᠤᠶᠢᠯᠠᠯ ᠢ ᠬᠢᠵᠠᠭᠠᠷᠯᠠᠬᠤ ᠪᠠ ᠲᠠᠲᠠᠪᠤᠷᠢᠯᠠᠨ ᠬᠤᠷᠢᠶᠠᠬᠤ ᠡᠷᠴᠢᠮ ᠢᠶᠠᠨ ᠴᠢᠩᠭᠠᠷᠠᠭᠤᠯᠵᠤ᠂ | ᠭᠠᠶᠢᠯᠢ ᠲᠤᠰᠢᠶᠠᠭᠴᠢ ᠶᠢᠨ ᠣᠷᠴᠢᠨ ᠲᠣᠭᠤᠷᠢᠨ ᠤ ᠬᠠᠮᠠᠭᠠᠯᠠᠯᠲᠠ ᠶᠢᠨ ᠭᠠᠶᠢᠯᠢ ᠲᠤᠰᠢᠶᠠᠬᠤ ᠦᠵᠡᠯ ᠤᠬᠠᠮᠰᠠᠷ ᠢ | ᠨᠡᠶᠢᠳᠡᠮ ᠳᠤ ᠨᠢ ᠴᠢᠩᠭᠠᠷᠠᠭᠤᠯᠪᠠ᠃ ᠰᠦᠢᠳᠬᠡᠯ ᠢ ᠭᠠᠶᠢᠯᠢ ᠪᠣᠯᠭᠠᠨ ᠥᠭᠡᠷᠡᠴᠢᠯᠡᠭᠰᠡᠨ ᠤ ᠳᠠᠷᠠᠭ᠎ᠠ ᠣᠷᠴᠢᠨ ᠲᠣᠭᠤᠷᠢᠨ ᠤ | ᠬᠠᠮᠠᠭᠠᠯᠠᠯᠲᠠ ᠶᠢᠨ ᠭᠠᠶᠢᠯᠢ ᠶᠢᠨ ᠭᠠᠶᠢᠯᠢ ᠲᠤᠰᠢᠶᠠᠭᠴᠢ᠂ ᠤᠰᠤᠨ ᠤ ᠡᠬᠢ ᠪᠠᠶᠠᠯᠢᠭ ᠤᠨ ᠭᠠᠶᠢᠯᠢ ᠶᠢᠨ ᠭᠠᠶᠢᠯᠢ | ᠲᠤᠰᠢᠶᠠᠭᠴᠢ ᠶᠢᠨ ᠤᠯᠠᠷᠢᠯ ᠢᠶᠠᠷ ᠭᠤᠶᠤᠴᠢᠯᠠᠨ ᠮᠡᠳᠡᠭᠦᠯᠵᠦ ᠲᠤᠰᠢᠶᠠᠬᠤ ᠡᠭᠦᠷᠭᠡ ᠶᠢ ᠲᠣᠳᠣᠷᠬᠠᠶᠢᠯᠠᠵᠤ᠂ ᠬᠤᠭᠤᠴᠠᠭ᠎ᠠ ᠨᠢ | ᠬᠡᠲᠦᠷᠡᠭᠡᠳ ᠭᠤᠶᠤᠴᠢᠯᠠᠨ ᠮᠡᠳᠡᠭᠦᠯᠪᠡᠯ ᠬᠤᠭᠤᠴᠠᠭ᠎ᠠ ᠬᠡᠲᠦᠷᠡᠭᠰᠡᠨ ᠤ ᠮᠥᠩᠭᠦ ᠪᠠ ᠲᠣᠷᠭᠠᠭᠤᠯᠢ ᠶᠢᠨ ᠵᠣᠭᠤᠰ ᠨᠡᠮᠡᠨ | ᠬᠤᠷᠢᠶᠠᠬᠤ ᠶᠢᠨ ᠬᠠᠮᠲᠤ᠂ ᠠᠵᠤ ᠠᠬᠤᠶᠢᠯᠠᠯ ᠤᠨ ᠢᠲᠡᠭᠡᠯ ᠬᠦᠨᠳᠦ ᠶᠢ ᠦᠨᠡᠯᠡᠨ ᠮᠠᠭᠠᠳᠯᠠᠬᠤ ᠦᠨᠳᠦᠰᠦᠯᠡᠯ | ᠪᠣᠯᠭᠠᠭᠰᠠᠨ ᠠᠴᠠ ᠪᠣᠬᠢᠷᠲᠤᠯ ᠭᠠᠳᠠᠭᠰᠢᠯᠠᠭᠤᠯᠬᠤ ᠠᠵᠤ ᠠᠬᠤᠶᠢᠯᠠᠯ ᠪᠠ ᠤᠰᠤ ᠬᠡᠷᠡᠭᠯᠡᠬᠦ ᠠᠵᠤ ᠠᠬᠤᠶᠢᠯᠠᠯ ᠢ ᠬᠢᠵᠠᠭᠠᠷᠯᠠᠬᠤ | ᠬᠦᠴᠦᠨ ᠢᠶᠠᠨ ᠴᠢᠩᠭᠠᠷᠠᠭᠤᠯᠵᠤ᠂ ᠭᠤᠶᠤᠴᠢᠯᠠᠨ ᠮᠡᠳᠡᠭᠦᠯᠬᠦ ᠢᠳᠡᠪᠬᠢᠵᠢᠯ ᠪᠠ ᠴᠠᠭ ᠲᠤᠬᠠᠶᠢᠲᠤ ᠴᠢᠨᠠᠷ ᠢ ᠳᠡᠭᠡᠭᠰᠢᠯᠡᠭᠦᠯᠵᠦ᠂ | ᠭᠠᠶᠢᠯᠢ ᠲᠠᠲᠠᠪᠤᠷᠢ ᠶᠢᠨ ᠣᠷᠣᠯᠭ᠎ᠠ ᠶᠢ ᠨᠡᠮᠡᠭᠳᠡᠭᠦᠯᠦᠨ᠂ ᠭᠠᠶᠢᠯᠢ ᠲᠠᠲᠠᠪᠤᠷᠢ ᠶᠢᠨ ᠠᠯᠪᠠᠳᠠᠯᠭ᠎ᠠ ᠶᠢᠨ ᠴᠢᠨᠠᠷᠲᠤ ᠦᠢᠯᠡᠳᠦᠯ | ᠴᠤ ᠲᠣᠳᠣᠷᠬᠠᠢ ᠢᠯᠡᠷᠡᠪᠡ᠃ ᠡᠭᠦᠨ ᠤ ᠬᠠᠮᠲᠤ ᠮᠠᠨ ᠤ ᠲᠣᠪᠴᠢᠶ᠎ᠠ ᠶᠢᠨ ᠬᠢᠨ ᠣᠯᠠᠨ ᠠᠷᠭ᠎ᠠ ᠵᠠᠮ ᠣᠯᠠᠨ ᠠᠷᠭ᠎ᠠ | ᠬᠡᠯᠪᠡᠷᠢ ᠪᠠᠷ ᠬᠠᠮᠢᠶ᠎ᠠ ᠪᠦᠬᠦᠢ ᠲᠥᠷᠥ ᠶᠢᠨ ᠪᠣᠳᠣᠯᠭ᠎ᠠ ᠶᠢ ᠶᠡᠭᠡ ᠬᠡᠪᠴᠢᠶ᠎ᠡ ᠪᠠᠷ ᠤᠬᠠᠭᠤᠯᠤᠭᠰᠠᠨ ᠪᠠ ᠬᠠᠪᠰᠤᠷᠤᠨ | ᠵᠢᠯᠣᠭᠤᠳᠤᠭᠰᠠᠨ ᠠᠴᠠ ᠥᠭᠡᠷᠡᠴᠢᠯᠡᠯᠲᠡ ᠬᠢᠬᠦ ᠶᠢᠨ ᠡᠮᠦᠨᠡᠬᠢ ᠲᠠᠲᠠᠪᠤᠷᠢᠯᠠᠨ ᠬᠤᠷᠢᠶᠠᠬᠤ ᠬᠦᠷᠢᠶ᠎ᠡ ᠬᠡᠪᠴᠢᠶᠡᠨ ᠳᠤ | ᠣᠷᠣᠭᠤᠯᠤᠭᠰᠠᠨ ᠦᠭᠡᠢ ᠬᠡᠰᠡᠭ ᠭᠠᠶᠢᠯᠢ ᠲᠤᠰᠢᠶᠠᠭᠴᠢ ᠶᠢᠨ ᠣᠷᠴᠢᠨ ᠲᠣᠭᠤᠷᠢᠨ ᠤ ᠬᠠᠮᠠᠭᠠᠯᠠᠯᠲᠠ ᠶᠢᠨ ᠭᠠᠶᠢᠯᠢ ᠶᠢᠨ | ᠮᠡᠳᠡᠭᠡ ᠵᠠᠩᠭᠢ ᠶᠢ ᠰᠠᠨᠠᠭᠠᠴᠢᠯᠠᠭ᠎ᠠ ᠠᠴᠠ ᠪᠠᠨ ᠴᠤᠭᠯᠠᠭᠤᠯᠤᠨ᠂ ᠣᠷᠴᠢᠨ ᠲᠣᠭᠤᠷᠢᠨ ᠤ ᠬᠠᠮᠠᠭᠠᠯᠠᠯᠲᠠ ᠶᠢᠨ ᠭᠠᠶᠢᠯᠢ ᠶᠢ | ᠰᠠᠨᠠᠭᠠᠴᠢᠯᠠᠭ᠎ᠠ ᠠᠴᠠ ᠪᠠᠨ ᠭᠤᠶᠤᠴᠢᠯᠠᠨ ᠮᠡᠳᠡᠭᠦᠯᠵᠦ᠂ ᠣᠷᠴᠢᠨ ᠲᠣᠭᠤᠷᠢᠨ ᠤ ᠬᠠᠮᠠᠭᠠᠯᠠᠯᠲᠠ ᠶᠢᠨ ᠭᠠᠶᠢᠯᠢ ᠶᠢᠨ | ᠬᠥᠮᠥᠷᠭᠡ ᠳᠤ ᠣᠷᠣᠭᠤᠯᠬᠤ ᠨᠣᠷᠮ᠎ᠠ ᠢᠯᠡᠷᠬᠡᠢ ᠨᠡᠮᠡᠭᠳᠡᠭᠰᠡᠨ ᠪᠠᠶᠢᠨ᠎ᠠ᠃ | ᠬᠤᠶᠠᠷ ᠲᠤ᠂ ᠵᠠᠷᠢᠮ ᠠᠵᠤ ᠠᠬᠤᠶᠢᠯᠠᠯ ᠪᠠᠰᠠ ᠡᠨᠧᠷᠭᠢ ᠶᠢ ᠠᠷᠪᠢᠯᠠᠨ ᠪᠣᠬᠢᠷᠲᠤᠯ ᠭᠠᠳᠠᠭᠰᠢᠯᠠᠭᠤᠯᠤᠯᠲᠠ ᠪᠠᠨ | ᠪᠠᠭᠠᠰᠬᠠᠬᠤ ᠪᠡᠯᠡᠳᠬᠡᠮᠵᠢ ᠪᠠ ᠠᠭᠠᠷ ᠮᠠᠨᠳᠠᠯ ᠤᠨ ᠪᠣᠬᠢᠷᠲᠤᠯ ᠪᠣᠳᠠᠰ ᠢ ᠠᠦ᠋ᠲ ᠢᠶᠠᠷ ᠬᠢᠨᠠᠨ ᠰᠢᠨᠵᠢᠵᠦ ᠬᠡᠮᠵᠢᠬᠦ | ᠲᠥᠬᠦᠭᠡᠷᠦᠮᠵᠢ ᠶᠢ ᠰᠠᠨᠠᠭᠠᠴᠢᠯᠠᠭ᠎ᠠ ᠠᠴᠠ ᠪᠠᠨ ᠤᠭᠰᠠᠷᠠᠵᠤ᠂ ᠠᠵᠤ ᠠᠬᠤᠶᠢᠯᠠᠯ ᠤᠨ ᠡᠨᠧᠷᠭᠢ ᠶᠢ ᠠᠷᠪᠢᠯᠠᠨ ᠪᠣᠬᠢᠷᠲᠤᠯ ᠤᠨ | ᠭᠠᠳᠠᠭᠰᠢᠯᠠᠭᠤᠯᠤᠯᠲᠠ ᠪᠠᠨ ᠪᠠᠭᠠᠰᠬᠠᠬᠤ ᠶᠢ ᠠᠬᠢᠭᠤᠯᠵᠤ᠂ ᠠᠵᠤ ᠠᠬᠤᠶᠢᠯᠠᠯ ᠤᠨ ᠣᠷᠴᠢᠨ ᠲᠣᠭᠤᠷᠢᠨ ᠢ ᠬᠠᠮᠠᠭᠠᠯᠠᠬᠤ | ᠨᠡᠶᠢᠭᠡᠮ ᠤᠨ ᠬᠠᠷᠢᠭᠤᠴᠠᠯᠭ᠎ᠠ ᠶᠢ ᠭᠦᠢᠴᠡᠳᠬᠡᠭᠰᠡᠨ ᠢᠶᠠᠷ ᠪᠠᠷᠠᠬᠤ ᠦᠭᠡᠢ᠂ ᠭᠠᠶᠢᠯᠢ ᠲᠠᠲᠠᠪᠤᠷᠢ ᠶᠢ ᠬᠠᠰᠤᠨ ᠬᠡᠯᠲᠦᠷᠢᠭᠦᠯᠬᠦ | ᠬᠠᠷᠠᠭᠠᠯᠵᠠᠯ ᠢ ᠬᠦᠷᠲᠡᠵᠦ᠂ ᠣᠷᠴᠢᠨ ᠲᠣᠭᠤᠷᠢᠨ ᠤ ᠬᠠᠮᠠᠭᠠᠯᠠᠯᠲᠠ ᠶᠢᠨ ᠭᠠᠶᠢᠯᠢ ᠪᠠᠷ ᠠᠵᠤ ᠠᠬᠤᠶᠢᠯᠠᠯ ᠤᠨ ᠪᠣᠬᠢᠷᠲᠤᠯ | ᠬᠥᠭᠵᠢᠯᠲᠡ᠂ ᠡᠨᠧᠷᠭᠢ ᠶᠢ ᠠᠷᠪᠢᠯᠠᠨ ᠪᠣᠬᠢᠷᠲᠤᠯ ᠤᠨ ᠭᠠᠳᠠᠭᠰᠢᠯᠠᠭᠤᠯᠤᠯᠲᠠ ᠪᠠᠨ ᠪᠠᠭᠠᠰᠬᠠᠬᠤ ᠶᠢ ᠠᠬᠢᠭᠤᠯᠬᠤ ᠴᠢᠬᠤᠯᠠ | ᠠᠴᠢ ᠬᠤᠯᠪᠣᠭᠳᠠᠯ ᠢ ᠪᠡᠶᠡᠯᠡᠭᠦᠯᠦᠭᠰᠡᠨ ᠪᠠᠶᠢᠨ᠎ᠠ᠃ | ᠭᠤᠷᠪᠠ ᠳᠤ᠂ ᠵᠠᠷᠢᠮ ᠠᠵᠤ ᠠᠬᠤᠶᠢᠯᠠᠯ ᠨᠢ ᠤᠰᠤ ᠠᠷᠪᠢᠯᠠᠬᠤ ᠲᠥᠬᠦᠭᠡᠷᠦᠮᠵᠢ ᠳᠠᠬᠢ ᠣᠷᠣᠭᠤᠯᠤᠯᠲᠠ ᠶᠢᠨ | ᠡᠷᠴᠢᠮ ᠢᠶᠠᠨ ᠰᠠᠨᠠᠭᠠᠴᠢᠯᠠᠭ᠎ᠠ ᠠᠴᠠ ᠪᠠᠨ ᠴᠢᠩᠭᠠᠷᠠᠭᠤᠯᠵᠤ᠂ ᠤᠰᠤᠨ ᠤ ᠡᠬᠢ ᠪᠠᠶᠠᠯᠢᠭ ᠢ ᠶᠡᠷᠦᠩᠬᠡᠶᠢᠯᠡᠨ ᠠᠰᠢᠭᠯᠠᠬᠤ ᠬᠢᠷᠢ | ᠲᠦᠪᠰᠢᠨ ᠢᠶᠠᠨ ᠳᠡᠭᠡᠭᠰᠢᠯᠡᠭᠦᠯᠵᠦ᠂ ᠦᠢᠯᠡᠳᠪᠦᠷᠢᠯᠡᠯ ᠳᠤ ᠵᠠᠷᠤᠴᠠᠭᠤᠯᠬᠤ ᠤᠰᠤᠨ ᠤ ᠬᠡᠮᠵᠢᠶ᠎ᠡ ᠪᠠᠨ ᠪᠠᠭᠠᠰᠬᠠᠪᠠ᠃ | ᠡᠭᠦᠨ ᠤ ᠬᠠᠮᠲᠤ᠂ ᠬᠡᠰᠡᠭ ᠠᠵᠤ ᠠᠬᠤᠶᠢᠯᠠᠯ ᠨᠢ ᠤᠰᠤ ᠬᠡᠷᠡᠭᠯᠡᠬᠦ ᠪᠦᠲᠦᠴᠡ ᠪᠠᠨ ᠬᠤᠪᠢᠷᠠᠭᠤᠯᠵᠤ᠂ ᠥᠩᠭᠡᠷᠡᠭᠰᠡᠨ ᠳᠤ | ᠭᠠᠵᠠᠷ ᠳᠣᠣᠷᠠᠬᠢ ᠤᠰᠤ ᠶᠢ ᠨᠡᠭᠡᠭᠡᠨ ᠮᠠᠯᠲᠠᠵᠤ ᠪᠠᠶᠢᠭᠰᠠᠨ ᠠᠴᠠ ᠭᠠᠵᠠᠷ ᠤᠨ ᠭᠠᠳᠠᠷᠭᠤ ᠶᠢᠨ ᠤᠰᠤ ᠶᠢ ᠠᠪᠴᠤ ᠬᠡᠷᠡᠭᠯᠡᠬᠦ | ᠪᠤᠶᠤ ᠬᠤᠲᠠ ᠬᠥᠳᠡᠭᠡ ᠶᠢᠨ ᠤᠰᠤ ᠬᠠᠩᠭᠠᠬᠤ ᠭᠤᠤᠷᠰᠤ ᠶᠢᠨ ᠲᠣᠣᠷ ᠲᠠᠢ ᠠᠦ᠋ᠲ ᠢᠶᠠᠷ ᠵᠠᠯᠭᠠᠯᠳᠤᠭᠤᠯᠵᠤ ᠲᠦᠭᠡᠭᠡᠯ | ᠤᠰᠤ ᠬᠡᠷᠡᠭᠯᠡᠬᠦ ᠪᠣᠯᠭᠠᠨ ᠬᠤᠪᠢᠷᠠᠭᠤᠯᠵᠤ᠂ ᠭᠠᠵᠠᠷ ᠳᠣᠣᠷᠠᠬᠢ ᠤᠰᠤ ᠶᠢ ᠬᠡᠲᠦᠷᠡᠭᠦᠯᠦᠨ ᠮᠠᠯᠲᠠᠬᠤ ᠶᠢ ᠵᠣᠬᠢᠬᠤ | ᠬᠡᠮᠵᠢᠶ᠎ᠡ ᠪᠠᠷ ᠬᠤᠷᠢᠭᠯᠠᠵᠤ᠂ ᠭᠠᠵᠠᠷ ᠳᠣᠣᠷᠠᠬᠢ ᠤᠰᠤᠨ ᠤ ᠡᠬᠢ ᠪᠠᠶᠠᠯᠢᠭ ᠢ ᠬᠠᠮᠠᠭᠠᠯᠠᠵᠤ᠂ ᠨᠡᠶᠢᠭᠡᠮ ᠤᠨ ᠬᠢᠨ | ᠣᠨᠴᠠᠭᠠᠶᠢᠯᠠᠨ ᠠᠵᠤ ᠠᠬᠤᠶᠢᠯᠠᠯ ᠤᠨ ᠤᠰᠤ ᠠᠷᠪᠢᠯᠠᠨ ᠬᠡᠷᠡᠭᠯᠡᠬᠦ ᠦᠵᠡᠯ ᠤᠬᠠᠮᠰᠠᠷ ᠢ ᠴᠢᠩᠭᠠᠷᠠᠭᠤᠯᠵᠤ᠂ ᠡᠭᠦᠨ ᠤ | ᠤᠯᠠᠮ ᠠᠴᠠ ᠦᠢᠯᠡᠳᠪᠦᠷᠢᠯᠡᠯ ᠤᠨ ᠠᠷᠭ᠎ᠠ ᠬᠡᠯᠪᠡᠷᠢ ᠳᠤ ᠬᠡᠯᠪᠡᠷᠢ ᠪᠠᠨ ᠬᠤᠪᠢᠷᠠᠭᠤᠯᠵᠤ ᠳᠡᠰ ᠳᠡᠪᠰᠢᠬᠦ ᠶᠢ ᠠᠬᠢᠭᠤᠯᠵᠤ᠂ | ᠤᠰᠤᠨ ᠤ ᠡᠬᠢ ᠪᠠᠶᠠᠯᠢᠭ ᠢ ᠠᠷᠪᠢᠯᠠᠬᠤ ᠪᠠ ᠵᠦᠢ ᠵᠣᠬᠢᠰᠲᠠᠢ ᠬᠡᠷᠡᠭᠯᠡᠬᠦ ᠶᠢ ᠪᠡᠶᠡᠯᠡᠭᠦᠯᠪᠡ᠃ | ᠬᠥᠲᠥᠯᠥᠭᠴᠢ᠄ ᠰᠠᠶᠢᠨ ᠪᠣᠯᠣᠯ᠎ᠠ᠂ ᠯᠢᠦ ᠲᠣᠪᠴᠢᠶᠠᠨ ᠳᠠᠷᠤᠭ᠎ᠠ ᠶᠢᠨ ᠲᠠᠶᠢᠯᠤᠮᠵᠢ ᠬᠢᠭᠰᠡᠨ ᠳᠤ ᠪᠠᠶᠠᠷᠯᠠᠯ᠎ᠠ᠂ ᠲᠤᠰ | ᠬᠤᠭᠤᠴᠠᠭᠠᠨ ᠤ ᠰᠤᠷᠪᠤᠯᠵᠢᠯᠠᠭ᠎ᠠ ᠠᠳᠡ ᠬᠦᠷᠦᠭᠡᠳ ᠥᠨᠳᠥᠷᠯᠡᠬᠦ ᠪᠣᠯᠣᠯ᠎ᠠ᠂ ᠳᠠᠷᠠᠭᠠᠴᠢ ᠶᠢᠨ ᠬᠤᠭᠤᠴᠠᠭᠠᠨ ᠳᠤ ᠳᠠᠬᠢᠨ | ᠵᠣᠯᠭᠠᠶ᠎ᠠ᠂ ᠪᠠᠶᠠᠷᠲᠠᠢ︕ | |