ᠰᠤᠷᠪᠤᠯᠵᠢᠯᠠᠭᠰᠠᠨ ᠴᠠᠭ᠄ | 2017 ᠣᠨ ᠤ 8 ᠳ᠋ᠤᠭᠠᠷ ᠰᠠᠷ᠎ᠠ ᠶᠢᠨ 7 ᠤ ᠡᠳᠦᠷ ᠤᠨ ᠦᠳᠡ ᠶᠢᠨ ᠬᠤᠶᠢᠨᠠᠬᠢ 3 ᠴᠠᠭ | ᠰᠤᠷᠪᠤᠯᠵᠢᠯᠠᠭᠰᠠᠨ ᠵᠣᠴᠢᠨ᠄ | ᠥᠪᠥᠷ ᠮᠣᠩᠭᠤᠯ ᠤᠨ ᠥᠪᠡᠷᠲᠡᠭᠡᠨ ᠵᠠᠰᠠᠬᠤ ᠣᠷᠣᠨ ᠤ ᠠᠵᠤ ᠦᠢᠯᠡᠳᠪᠦᠷᠢ ᠬᠤᠳᠠᠯᠳᠤᠭ᠎ᠠ ᠶᠢᠨ ᠵᠠᠰᠠᠭ ᠵᠠᠬᠢᠷᠭᠠᠨ ᠤ | ᠬᠠᠮᠢᠶᠠᠷᠤᠯᠲᠠ ᠶᠢᠨ ᠲᠣᠪᠴᠢᠶ᠎ᠠ ᠶᠢᠨ ᠨᠠᠮ ᠤᠨ ᠤᠳᠤᠷᠢᠳᠬᠤ ᠳᠤᠭᠤᠶᠢᠯᠠᠩ ᠤᠨ ᠪᠦᠷᠢᠯᠳᠦᠬᠦᠨ ᠭᠡᠰᠢᠭᠦᠨ᠂ ᠲᠣᠪᠴᠢᠶᠠᠨ | ᠳᠡᠳ᠋ ᠳᠠᠷᠤᠭ᠎ᠠ ᠶᠠᠩ ᠯᠢᠨ | ᠰᠤᠷᠪᠤᠯᠵᠢᠯᠠᠭ᠎ᠠ ᠶᠢᠨ ᠲᠣᠪᠴᠢ ᠲᠠᠨᠢᠯᠴᠠᠭᠤᠯᠭ᠎ᠠ᠄ | ᠰᠠᠷ᠎ᠠ ᠪᠦᠷᠢ ︽3 · 15︾ ᠤ ᠠᠵᠢᠯᠯᠠᠭ᠎ᠠ ᠶᠢ ᠥᠷᠭᠡᠨ ᠪᠦᠭᠡᠳ ᠭᠦᠨᠵᠡᠭᠡᠢ ᠥᠷᠨᠢᠭᠦᠯᠬᠦ ᠪᠠᠷ ᠳᠠᠮᠵᠢᠭᠤᠯᠵᠤ᠂ ᠠᠮᠤᠷ | ᠲᠦᠪᠰᠢᠨ ᠢᠲᠡᠭᠡᠮᠵᠢᠲᠡᠢ ᠬᠡᠷᠡᠭᠯᠡᠭᠡᠨ ᠤ ᠣᠷᠴᠢᠨ ᠢ ᠪᠤᠢ ᠪᠣᠯᠭᠠᠨ᠂ ᠬᠡᠷᠡᠭᠯᠡᠭᠴᠢᠳ ᠤᠨ ᠬᠠᠤᠯᠢ ᠶᠣᠰᠣᠨ ᠤ ᠡᠷᠬᠡ ᠠᠰᠢᠭ ᠢ | ᠦᠨᠡᠨ ᠬᠦ ᠬᠠᠮᠠᠭᠠᠯᠠᠵᠤ᠂ ᠤᠳᠤ ᠶᠢᠨ ᠪᠠᠶᠢᠭ᠎ᠠ ᠬᠡᠷᠡᠭᠯᠡᠭᠡᠨ ᠤ ᠡᠷᠬᠡ ᠠᠰᠢᠭ ᠢᠶᠠᠨ ᠬᠠᠮᠠᠭᠠᠯᠠᠬᠤ ᠠᠷᠭ᠎ᠠ ᠵᠠᠮ ᠢ ᠤᠯᠠᠮ ᠨᠢᠭᠡ | ᠠᠯᠬᠤᠮ ᠰᠢᠯᠤᠭᠤᠳᠬᠠᠬᠤ᠂ ᠡᠷᠬᠡ ᠠᠰᠢᠭ ᠢᠶᠠᠨ ᠬᠠᠮᠠᠭᠠᠯᠠᠬᠤ ᠲᠣᠣᠷ ᠰᠦᠯᠵᠢᠶ᠎ᠡ ᠶᠢ ᠤᠯᠠᠮ ᠨᠢᠭᠡ ᠠᠯᠬᠤᠮ | ᠲᠡᠭᠦᠯᠳᠡᠵᠢᠭᠦᠯᠬᠦ᠂ ᠡᠷᠬᠡ ᠠᠰᠢᠭ ᠢᠶᠠᠨ ᠬᠠᠮᠠᠭᠠᠯᠠᠬᠤ ᠦᠷ᠎ᠡ ᠴᠢᠳᠠᠮᠵᠢ ᠶᠢ ᠤᠯᠠᠮ ᠨᠢᠭᠡ ᠠᠯᠬᠤᠮ ᠳᠡᠭᠡᠭᠰᠢᠯᠡᠭᠦᠯᠬᠦ ᠶᠢ | ᠪᠡᠶᠡᠯᠡᠭᠦᠯᠦᠨ᠂ ᠬᠡᠷᠡᠭᠯᠡᠭᠴᠢᠳ ᠤᠨ ᠵᠠᠭᠠᠯᠳᠤᠯᠭ᠎ᠠ ᠬᠢᠵᠦ ᠪᠠᠶᠢᠭ᠎ᠠ ᠭᠤᠣᠯᠳᠠᠯᠭ᠎ᠠ ᠲᠠᠢ ᠠᠵᠢᠯ ᠲᠦᠷᠦᠯ᠂ ᠠᠵᠤ | ᠠᠬᠤᠶᠢᠯᠠᠯ ᠤᠨ ᠡᠵᠡᠩᠨᠡᠯᠲᠡ ᠶᠢᠨ ᠠᠵᠢᠯᠯᠠᠭ᠎ᠠ ᠶᠢ ᠢᠯᠡᠳᠲᠡ ᠵᠢᠷᠤᠮᠵᠢᠭᠤᠯᠵᠤ᠂ ᠡᠷᠬᠡ ᠠᠰᠢᠭ ᠢᠶᠠᠨ ᠬᠠᠮᠠᠭᠠᠯᠠᠬᠤ ᠤᠷᠳᠤ | ᠬᠤᠭᠤᠴᠠᠭᠠᠨ ᠤ ᠪᠦᠲᠦᠮᠵᠢᠲᠡᠶ ᠲᠣᠭᠲᠠᠴᠠ ᠶᠢ ᠠᠯᠬᠤᠮ ᠠᠯᠬᠤᠮ ᠢᠶᠠᠷ ᠪᠤᠢ ᠪᠣᠯᠭᠠᠨ᠂ ︽ᠭᠠᠵᠠᠷ ᠪᠣᠯᠭᠠᠨ ᠳᠤ ᠡᠷᠬᠡ | ᠠᠰᠢᠭ ᠢᠶᠠᠨ ᠬᠠᠮᠠᠭᠠᠯᠠᠬᠤ ᠲᠣᠣᠷ ᠰᠦᠯᠵᠢᠶ᠎ᠡ ᠲᠠᠢ᠂ ᠰᠠᠷ᠎ᠠ ᠪᠦᠷᠢ ᠡᠷᠬᠡ ᠠᠰᠢᠭ ᠢᠶᠠᠨ ᠬᠠᠮᠠᠭᠠᠯᠠᠬᠤ ᠡᠳᠦᠷᠯᠢᠭ ᠲᠠᠢ᠂ | ᠬᠥᠮᠦᠨ ᠪᠦᠬᠦᠨ ᠬᠢᠨᠠᠯᠲᠠ ᠲᠠᠯᠪᠢᠭᠴᠢ ᠪᠣᠯᠬᠤ︾ ᠬᠡᠷᠡᠭᠯᠡᠭᠡᠨ ᠤ ᠡᠷᠬᠡ ᠠᠰᠢᠭ ᠢ ᠬᠠᠮᠠᠭᠠᠯᠠᠬᠤ ᠬᠠᠷᠠᠯᠲᠠ ᠳᠤ ᠬᠦᠷᠭᠡᠨ᠎ᠡ᠃ | ᠦᠢᠷ᠎ᠠ ᠶᠢᠨ ᠡᠳᠦᠷ᠂ ᠪᠢᠳᠠ ᠥᠪᠥᠷ ᠮᠣᠩᠭᠤᠯ ᠤᠨ ᠥᠪᠡᠷᠲᠡᠭᠡᠨ ᠵᠠᠰᠠᠬᠤ ᠣᠷᠣᠨ ᠤ ᠠᠵᠤ ᠦᠢᠯᠡᠳᠪᠦᠷᠢ | ᠬᠤᠳᠠᠯᠳᠤᠭ᠎ᠠ ᠶᠢᠨ ᠵᠠᠰᠠᠭ ᠵᠠᠬᠢᠷᠭᠠᠨ ᠤ ᠬᠠᠮᠢᠶᠠᠷᠤᠯᠲᠠ ᠶᠢᠨ ᠲᠣᠪᠴᠢᠶ᠎ᠠ ᠶᠢᠨ ᠨᠠᠮ ᠤᠨ ᠤᠳᠤᠷᠢᠳᠬᠤ ᠳᠤᠭᠤᠶᠢᠯᠠᠩ ᠤᠨ | ᠪᠦᠷᠢᠯᠳᠦᠬᠦᠨ ᠭᠡᠰᠢᠭᠦᠨ᠂ ᠲᠣᠪᠴᠢᠶᠠᠨ ᠳᠡᠳ᠋ ᠳᠠᠷᠤᠭ᠎ᠠ ᠶᠠᠩ ᠯᠢᠨ ᠢ ᠥᠪᠥᠷ ᠮᠣᠩᠭᠤᠯ ᠤᠨ ᠥᠪᠡᠷᠲᠡᠭᠡᠨ ᠵᠠᠰᠠᠬᠤ | ᠣᠷᠣᠨ ᠤ ᠠᠷᠠᠳ ᠤᠨ ᠵᠠᠰᠠᠭ ᠤᠨ ᠣᠷᠳᠣᠨ ᠤ ᠰᠦᠯᠵᠢᠶ᠎ᠡ ᠶᠢᠨ ︽ᠰᠦᠯᠵᠢᠶᠡᠨ ᠳᠠᠬᠢ ᠰᠤᠷᠪᠤᠯᠵᠢᠯᠠᠭ᠎ᠠ︾ ᠫᠷᠦᠭᠷᠡᠮ ᠳᠤ | ᠤᠷᠢᠪᠠ᠃ ᠰᠦᠯᠵᠢᠶᠡᠨ ᠠᠨᠳᠠ ᠨᠠᠷ ᠢᠳᠡᠪᠬᠢᠲᠡᠢ ᠣᠷᠣᠯᠴᠠᠵᠤ ᠰᠠᠨᠠᠯ ᠢᠶᠠᠨ ᠰᠣᠯᠢᠯᠴᠠᠭᠠᠷᠠᠢ᠃ | | ᠰᠤᠷᠪᠤᠯᠵᠢᠯᠠᠭ᠎ᠠ ᠶᠢᠨ ᠪᠣᠳᠠᠲᠤ ᠲᠡᠮᠳᠡᠭᠯᠡᠯ | ᠬᠥᠲᠥᠯᠥᠭᠴᠢ᠄ ᠥᠷᠭᠡᠨ ᠣᠯᠠᠨ ᠰᠦᠯᠵᠢᠶᠡᠨ ᠠᠨᠳᠠ ᠰᠠᠶᠢᠨ ᠪᠠᠶᠢᠵᠠᠭᠠᠨᠠᠤ︕ ᠥᠪᠥᠷ ᠮᠣᠩᠭᠤᠯ ᠤᠨ ᠥᠪᠡᠷᠲᠡᠭᠡᠨ | ᠵᠠᠰᠠᠬᠤ ᠣᠷᠣᠨ ᠤ ᠠᠷᠠᠳ ᠤᠨ ᠵᠠᠰᠠᠭ ᠤᠨ ᠣᠷᠳᠣᠨ ᠤ ᠰᠦᠯᠵᠢᠶ᠎ᠡ ᠶᠢᠨ ᠲᠣᠰ ᠬᠤᠭᠤᠴᠠᠭᠠᠨ ᠤ ︽ᠰᠦᠯᠵᠢᠶᠡᠨ ᠳᠠᠬᠢ | ᠰᠤᠷᠪᠤᠯᠵᠢᠯᠠᠭ᠎ᠠ︾ ᠫᠷᠦᠭᠷᠡᠮ ᠢ ᠬᠦᠯᠢᠶᠡᠨ ᠠᠪᠴᠤ ᠦᠵᠡᠭᠰᠡᠨ ᠳᠤ ᠪᠠᠶᠠᠷᠯᠠᠯ᠎ᠠ᠃ ᠥᠨᠥᠳᠦᠷ ᠪᠢᠳᠡᠨ ᠤ ᠤᠷᠢᠭᠰᠠᠨ ᠵᠣᠴᠢᠨ | ᠪᠣᠯ ᠥᠪᠥᠷ ᠮᠣᠩᠭᠤᠯ ᠤᠨ ᠥᠪᠡᠷᠲᠡᠭᠡᠨ ᠵᠠᠰᠠᠬᠤ ᠣᠷᠣᠨ ᠤ ᠠᠵᠤ ᠦᠢᠯᠡᠳᠪᠦᠷᠢ ᠬᠤᠳᠠᠯᠳᠤᠭ᠎ᠠ ᠶᠢᠨ ᠵᠠᠰᠠᠭ ᠵᠠᠬᠢᠷᠭᠠᠨ ᠤ | ᠬᠠᠮᠢᠶᠠᠷᠤᠯᠲᠠ ᠶᠢᠨ ᠲᠣᠪᠴᠢᠶ᠎ᠠ ᠶᠢᠨ ᠨᠠᠮ ᠤᠨ ᠤᠳᠤᠷᠢᠳᠬᠤ ᠳᠤᠭᠤᠶᠢᠯᠠᠩ ᠤᠨ ᠪᠦᠷᠢᠯᠳᠦᠬᠦᠨ ᠭᠡᠰᠢᠭᠦᠨ᠂ ᠲᠤᠪᠴᠢᠶᠠᠨ | ᠳᠡᠳ᠋ ᠳᠠᠷᠤᠭ᠎ᠠ ᠶᠠᠩ ᠯᠢᠨ ᠪᠣᠯᠣᠨ᠎ᠠ᠃ ᠶᠠᠩ ᠳᠠᠷᠤᠭ᠎ᠠ ᠡ᠂ ᠲᠠᠨ ᠢ ᠪᠠᠶᠠᠷᠯᠠᠨ ᠤᠭᠲᠤᠵᠤ ᠪᠠᠶᠢᠨ᠎ᠠ︕ | ᠶᠠᠩ ᠯᠢᠨ᠄ ᠲᠠ ᠰᠠᠶᠢᠨ ᠤᠤ᠂ ᠰᠦᠯᠵᠢᠶᠡᠨ ᠠᠨᠳᠠ ᠨᠠᠷ ᠲᠠ ᠪᠦᠬᠦᠨ ᠰᠠᠶᠢᠨ ᠪᠠᠶᠢᠵᠠᠭᠠᠨᠠᠤ︕ | ᠬᠥᠲᠥᠯᠥᠭᠴᠢ᠄ ᠶᠠᠩ ᠳᠠᠷᠤᠭ᠎ᠠ ᠡ᠂ ᠰᠤᠷᠪᠤᠯᠵᠢᠯᠠᠭ᠎ᠠ ᠶᠢᠨ ᠡᠬᠢᠨ ᠳᠤ ᠲᠠᠨ ᠳᠤ ᠲᠠᠯᠪᠢᠬᠤ ᠠᠰᠠᠭᠤᠯᠲᠠ ᠪᠣᠯ᠂ ᠶᠠᠮᠠᠷ | ᠨᠢᠭᠡᠨ ᠴᠠᠭ ᠠᠴᠠ᠂ ᠲᠠ ᠶᠠᠭᠤ ᠭᠡᠵᠦ ᠪᠣᠳᠣᠯᠬᠢᠯᠠᠭᠠᠳ ︽ᠰᠠᠷ᠎ᠠ ᠪᠦᠷᠢ 3 · 15︾ ᠢ ᠲᠦᠰᠦᠭᠡᠯᠡᠵᠦ ᠡᠬᠢᠯᠡᠭᠰᠡᠨ ᠪᠤᠢ︖ | ᠶᠠᠩ ᠯᠢᠨ᠄ 2014 ᠣᠨ ᠤ 12 ᠳ᠋ᠤᠭᠠᠷ ᠰᠠᠷ᠎ᠠ ᠪᠠᠶᠢᠭᠰᠠᠨ᠂ ᠲᠡᠷᠡ ᠦᠶᠡᠰ ᠰᠢᠨ᠎ᠡ ︽ᠬᠡᠷᠡᠭᠯᠡᠭᠴᠢᠳ ᠤᠨ | ᠡᠷᠬᠡ ᠠᠰᠢᠭ ᠢ ᠬᠠᠮᠠᠭᠠᠯᠠᠬᠤ ᠬᠠᠤᠯᠢ︾ ᠶᠢ ᠵᠠᠰᠠᠪᠤᠷᠢ ᠣᠷᠣᠭᠤᠯᠵᠤ ᠬᠡᠷᠡᠭᠵᠢᠭᠦᠯᠦᠭᠡᠳ ᠤᠳᠠᠭ᠎ᠠ ᠦᠭᠡᠢ ᠪᠠᠶᠢᠯ᠎ᠠ᠂ | ᠡᠶᠢᠮᠦ ᠠᠴᠠ ᠰᠠᠶᠢᠲᠤᠷ ᠤᠬᠠᠭᠤᠯᠭ᠎ᠠ ᠬᠢᠬᠦ ᠨᠢ ᠲᠡᠷᠡᠬᠦ ᠴᠠᠭ ᠤᠨ ᠲᠤᠯᠭᠠᠮ᠎ᠠ ᠡᠭᠦᠷᠭᠡ ᠪᠣᠯᠵᠠᠢ᠂ ᠬᠡᠷᠡᠭᠯᠡᠭᠡ ᠪᠣᠯ ᠡᠳᠦᠷ | ᠪᠦᠷᠢ ᠶᠠᠪᠤᠭᠳᠠᠵᠤ ᠪᠠᠶᠢᠭ᠎ᠠ ᠠᠵᠢᠯᠯᠠᠭ᠎ᠠ᠂ ᠬᠡᠷᠡᠭᠯᠡᠭᠡᠨ ᠤ ᠶᠠᠪᠤᠴᠠ ᠳᠤ ᠡᠷᠬᠡ ᠪᠠᠨ ᠬᠠᠮᠠᠭᠠᠯᠠᠬᠤ ᠨᠢ ᠦᠵᠡᠬᠦ ᠳᠤ ᠢᠯᠣᠮ | ᠦᠭᠡᠢ ᠪᠣᠯᠪᠠᠴᠤ᠂ ᠦᠨᠡᠨᠳᠡᠭᠡᠨ ᠰᠠᠶᠢᠲᠤᠷ ᠰᠢᠶ᠋ᠳᠪᠦᠷᠢᠯᠡᠬᠦ ᠦᠭᠡᠢ ᠪᠣᠯ ᠤᠯᠠᠨ ᠲᠦᠮᠡᠨ ᠤ ᠠᠰᠢᠭ ᠲᠤᠰᠠ ᠶᠢ | ᠬᠤᠬᠢᠷᠠᠭᠤᠯᠬᠤ ᠳᠤ ᠬᠦᠷᠦᠨ᠎ᠡ᠃ ᠡᠨᠡ ᠨᠢ ᠶᠠᠪᠤᠬᠤ ᠲᠤᠰᠤᠮ ᠨᠡᠶᠢᠭᠡᠮ ᠳᠠᠶᠠᠭᠠᠷ ᠤᠨ ᠠᠩᠬᠠᠷᠤᠯ ᠢ ᠲᠠᠲᠠᠵᠤ ᠪᠠᠶᠢᠭ᠎ᠠ ᠵᠦᠢᠯ | ᠪᠣᠯᠵᠠᠢ᠃ ᠬᠡᠷᠡᠭᠯᠡᠭᠴᠢᠳ ᠤᠨ ᠡᠷᠬᠡ ᠠᠰᠢᠭ ᠢᠶᠠᠨ ᠬᠠᠮᠠᠭᠠᠯᠠᠬᠤ ᠦᠵᠡᠯ ᠤᠬᠠᠮᠰᠠᠷ ᠢ ᠤᠯᠠᠮ ᠨᠢᠭᠡ ᠠᠯᠬᠤᠮ | ᠴᠢᠩᠭᠠᠳᠬᠠᠬᠤ ᠶᠢᠨ ᠲᠥᠯᠥᠭᠡ᠂ ︽ᠰᠠᠷ᠎ᠠ ᠪᠦᠷᠢ 3 · 15︾ ᠤ ᠠᠵᠢᠯᠯᠠᠭ᠎ᠠ ᠥᠷᠨᠢᠭᠦᠯᠬᠦ ᠪᠠᠷ ᠪᠢᠳᠠ ᠳᠤᠷᠠᠳᠪᠠ᠃ | ᠲᠣᠬᠠᠶᠢᠯᠠᠪᠠᠯ ᠰᠠᠷ᠎ᠠ ᠪᠣᠯᠭᠠᠨ ᠤ 15 ᠤ ᠡᠳᠦᠷ ᠢ ᠳᠡᠯᠡᠬᠡᠶ ᠨᠡᠶᠢᠲᠡ ᠶᠢᠨ ᠬᠡᠷᠡᠭᠯᠡᠭᠴᠢᠳ ᠤᠨ ᠡᠷᠬᠡ ᠠᠰᠢᠭ ᠤᠨ ᠡᠳᠦᠷᠯᠢᠭ | ᠪᠣᠯᠬᠤ 315 ᠶᠢᠨ ᠦᠷᠭᠦᠯᠵᠢᠯᠡᠯ ᠪᠣᠯᠭᠠᠨ᠎ᠠ᠃ ᠰᠠᠷ᠎ᠠ ᠪᠦᠷᠢ ᠬᠡᠷᠡᠭᠯᠡᠭᠡᠨ ᠤ ᠡᠷᠬᠡ ᠠᠰᠢᠭ ᠢᠶᠠᠨ ᠬᠠᠮᠠᠭᠠᠯᠠᠬᠤ ᠬᠠᠯᠠᠮᠰᠢᠯ | ᠠᠰᠠᠭᠤᠳᠠᠯ ᠪᠣᠯᠣᠨ ᠨᠡᠶᠢᠭᠡᠮ ᠤᠨ ᠠᠩᠬᠠᠷᠴᠤ ᠪᠠᠶᠢᠭ᠎ᠠ ᠠᠰᠠᠭᠤᠳᠠᠯ ᠤᠨ ᠲᠣᠭᠤᠷᠢᠨ ᠳᠤ ᠨᠢᠭᠡ ᠭᠤᠣᠯ ᠰᠡᠳᠦᠪ | ᠲᠣᠭᠲᠠᠭᠠᠬᠤ ᠶᠢᠨ ᠤᠯᠠᠮ ᠢᠶᠠᠷ ᠤᠳᠤ ᠶᠢᠨ ᠪᠠᠶᠢᠭ᠎ᠠ ᠬᠡᠷᠡᠭᠯᠡᠭᠡᠨ ᠤ ᠡᠷᠬᠡ ᠠᠰᠢᠭ ᠢᠶᠠᠨ ᠬᠠᠮᠠᠭᠠᠯᠠᠬᠤ ᠠᠷᠭ᠎ᠠ ᠵᠠᠮ ᠢ ᠤᠯᠠᠮ | ᠨᠢᠭᠡ ᠠᠯᠬᠤᠮ ᠰᠢᠯᠤᠭᠤᠳᠬᠠᠬᠤ᠂ ᠡᠷᠬᠡ ᠠᠰᠢᠭ ᠢᠶᠠᠨ ᠬᠠᠮᠠᠭᠠᠯᠠᠬᠤ ᠲᠣᠣᠷ ᠰᠦᠯᠵᠢᠶ᠎ᠡ ᠶᠢ ᠤᠯᠠᠮ ᠨᠢᠭᠡ ᠠᠯᠬᠤᠮ | ᠲᠡᠭᠦᠯᠳᠡᠵᠢᠭᠦᠯᠬᠦ᠂ ᠡᠷᠬᠡ ᠶᠢ ᠬᠠᠮᠠᠭᠠᠯᠠᠬᠤ ᠦᠷ᠎ᠡ ᠴᠢᠳᠠᠮᠵᠢ ᠶᠢ ᠤᠯᠠᠮ ᠨᠢᠭᠡ ᠠᠯᠬᠤᠮ ᠳᠡᠭᠡᠭᠰᠢᠯᠡᠭᠦᠯᠬᠦ ᠶᠢ ᠪᠡᠶᠡᠯᠡᠭᠦᠯᠵᠦ᠂ | ︽ᠭᠠᠵᠠᠷ ᠪᠣᠯᠭᠠᠨ ᠳᠤ ᠡᠷᠬᠡ ᠠᠰᠢᠭ ᠢᠶᠠᠨ ᠬᠠᠮᠠᠭᠠᠯᠠᠬᠤ ᠲᠣᠣᠷ ᠰᠦᠯᠵᠢᠶ᠎ᠡ ᠲᠠᠢ᠂ ᠰᠠᠷ᠎ᠠ ᠪᠦᠷᠢ ᠡᠷᠬᠡ ᠠᠰᠢᠭ ᠢᠶᠠᠨ | ᠬᠠᠮᠠᠭᠠᠯᠠᠬᠤ ᠡᠳᠦᠷᠯᠢᠭ ᠲᠠᠢ᠂ ᠬᠥᠮᠦᠨ ᠪᠦᠬᠦᠨ ᠬᠢᠨᠠᠯᠲᠠ ᠲᠠᠯᠪᠢᠭᠴᠢ ᠪᠣᠯᠬᠤ︾ ᠬᠡᠷᠡᠭᠯᠡᠭᠡᠨ ᠤ ᠪᠠᠶᠢᠷᠢᠰᠢᠯ ᠢ ᠴᠣᠭᠴᠠᠯᠠᠨ᠎ᠠ | ᠃ | ᠬᠥᠲᠥᠯᠥᠭᠴᠢ᠄ ᠲᠡᠭᠡᠪᠡᠯ ᠣᠷᠴᠢᠮ ᠤᠨ ᠬᠡᠳᠦᠨ ᠵᠢᠯ ᠳᠠᠬᠢ ︽ᠰᠠᠷ᠎ᠠ ᠪᠦᠷᠢ 3 · 15︾ ᠤ ᠠᠵᠢᠯᠯᠠᠭ᠎ᠠ ᠶᠢᠨ ᠲᠣᠬᠠᠢ | ᠳᠦᠭᠦᠮ ᠲᠣᠭᠠᠴᠢᠪᠠᠯ︖ | ᠶᠠᠩ ᠯᠢᠨ᠄ 2015 ᠤᠨ ᠤ 3 ᠳ᠋ᠤᠭᠠᠷ ᠰᠠᠷ᠎ᠠ ᠠᠴᠠ ᠡᠬᠢᠯᠡᠨ᠂ ᠵᠢᠭᠠᠨ ᠲᠣᠭᠲᠠᠭᠠᠭᠰᠠᠨ ᠠᠶᠢᠮᠠᠭ ᠬᠤᠲᠠ ᠳᠤ ᠰᠠᠷ᠎ᠠ | ᠪᠦᠷᠢ ᠨᠢᠭᠡ ᠲᠠᠯᠠᠪᠤᠷ ᠡᠷᠬᠢᠯᠡᠨ᠂ ᠨᠢᠭᠡ ᠵᠢᠯ ᠤᠨ ᠲᠤᠷᠰᠢ᠂ ᠤᠯᠠᠨ ᠤ ᠰᠡᠳᠬᠢᠴᠡ ᠤᠯᠠᠮ ᠨᠢᠭᠡ ᠠᠯᠬᠤᠮ ᠲᠣᠳᠣᠷᠬᠠᠶ | ᠪᠤᠯᠵᠤ᠂ ᠴᠥᠭᠡᠨ ᠪᠤᠰᠤ ᠲᠤᠷᠰᠢᠯᠭ᠎ᠠ ᠬᠤᠷᠠᠮᠳᠤᠭᠤᠯᠤᠭᠰᠠᠨ ᠪᠠᠶᠢᠨ᠎ᠠ᠃ 2016 ᠤᠨ ᠤ ᠵᠢᠯ ᠤᠨ ᠡᠬᠢ ᠪᠠᠷ ᠪᠢᠳᠡ ᠡᠯ᠎ᠡ | ᠠᠶᠢᠮᠠᠭ ᠬᠤᠲᠠ ᠳᠤ ᠮᠡᠳᠡᠭᠳᠡᠯ ᠪᠠᠭᠤᠯᠭᠠᠵᠤ᠂ ᠰᠠᠷ᠎ᠠ ᠪᠤᠯᠭᠠᠨ ᠠᠶᠢᠮᠠᠭ ᠬᠤᠲᠠ ᠳᠠᠷᠠᠭᠠᠯᠠᠵᠤ ᠨᠢᠭᠡ ᠤᠳᠠᠭ᠎ᠠ ᠡᠷᠬᠢᠯᠡᠬᠦ | ᠲᠦᠰᠦᠯ ᠭᠠᠷᠭᠠᠵᠠᠢ᠂ ᠡᠨᠡᠬᠦ ᠠᠵᠢᠯᠯᠠᠭ᠎ᠠ ᠶᠢᠨ ᠲᠤᠰᠬᠠᠯ ᠨᠢ ᠮᠠᠰᠢ ᠰᠠᠶᠢᠨ ᠪᠤᠯᠬᠤᠷ᠂ ᠵᠠᠷᠢᠮ ᠠᠶᠢᠮᠠᠭ ᠬᠤᠳᠠ ᠨᠢ ᠰᠠᠷ᠎ᠠ | ᠪᠦᠷᠢ᠂ ᠢᠯᠠᠩᠭᠤᠶ᠎ᠠ 2016 ᠣᠨ ᠤ ᠳᠣᠣᠷ᠎ᠠ ᠬᠠᠭᠠᠰ ᠵᠢᠯ ᠳᠤ᠂ ᠡᠯ᠎ᠡ ᠠᠶᠢᠮᠠᠭ ᠬᠤᠳᠠ ᠰᠠᠷ᠎ᠠ ᠪᠦᠷᠢ ᠡᠷᠬᠢᠯᠡᠨ᠂ | ᠠᠷᠭ᠎ᠠ ᠬᠡᠯᠪᠡᠷᠢ ᠠᠷᠭ᠎ᠠ ᠮᠠᠶ᠋ᠢᠭ ᠳᠤ ᠴᠤ ᠲᠡᠰᠦᠷᠡᠯᠳᠠ ᠦᠭᠡᠢ ᠰᠢᠨ᠎ᠡ ᠡᠭᠦᠳᠦᠯᠲᠡ ᠲᠠᠢ ᠪᠤᠯᠵᠤ᠂ ᠮᠠᠨ ᠤ ᠤᠨ ᠤ ᠭᠤᠣᠯ | ᠰᠡᠳᠦᠪ ᠪᠠ ᠣᠷᠣᠨ ᠨᠤᠲᠤᠭ ᠤᠨ ᠣᠨᠴᠠᠯᠢᠭ ᠲᠠᠢ ᠪᠠᠨ ᠤᠶᠠᠯᠳᠤᠭᠤᠯᠤᠯᠠ᠃ ᠡᠨᠡ ᠨᠢ ᠵᠥᠪᠬᠡᠨ ᠤᠯᠠᠮᠵᠢᠯᠠᠯᠲᠤ ᠤᠳᠬ᠎ᠠ | ᠠᠭᠤᠯᠭ᠎ᠠ ᠳᠡᠭᠡᠷᠡᠬᠢ ᠤᠬᠠᠭᠤᠯᠭ᠎ᠠ ᠪᠠ ᠯᠠᠪᠯᠠᠯᠭ᠎ᠠ ᠬᠢᠬᠦ ᠠᠵᠢᠯᠯᠠᠭ᠎ᠠ ᠲᠡᠳᠦᠢ ᠪᠢᠰᠢ᠂ ᠪᠠᠰᠠ ᠬᠡᠷᠡᠭᠯᠡᠭᠡ ᠶᠢ ᠰᠢᠨᠵᠢᠨ | ᠪᠠᠶᠢᠴᠠᠭᠠᠬᠤ᠂ ᠬᠡᠷᠡᠭᠯᠡᠭᠡ ᠶᠢ ᠬᠦᠮᠦᠵᠢᠭᠦᠯᠬᠦ ᠪᠠᠷ ᠳᠠᠮᠵᠢᠨ ᠲᠠᠷᠢᠶᠠᠯᠠᠬᠤ ᠠᠵᠤ ᠠᠬᠤᠶᠢᠯᠠᠯ ᠢ ᠬᠠᠪᠰᠤᠷᠬᠤ᠂ ᠲᠦᠷᠦᠯ | ᠲᠡᠮᠳᠡᠭ ᠡᠭᠦᠳᠬᠦ᠂ ᠬᠡᠷᠡᠭᠯᠡᠭᠴᠢᠳ ᠲᠤ ᠢᠲᠡᠭᠡᠯᠲᠡᠢ ᠪᠦᠲᠦᠭᠡᠭᠳᠡᠬᠦᠨ ᠢ ᠮᠡᠷᠡᠶᠢᠨ ᠡᠭᠦᠳᠬᠦ ᠠᠵᠢᠯᠯᠠᠭ᠎ᠠ ᠪᠠᠭᠲᠠᠵᠤ᠂ ᠶᠠᠰᠤ | ᠴᠢᠨᠠᠷ ᠢ ᠡᠷᠬᠢᠮᠯᠡᠬᠦ ᠵᠢᠭᠤᠯᠴᠢᠯᠠᠯ ᠵᠡᠷᠭᠡ ᠣᠯᠠᠨ ᠬᠡᠯᠪᠡᠷᠢ ᠮᠠᠶ᠋ᠢᠭ ᠢᠶᠠᠷ ᠶᠠᠪᠤᠭᠳᠠᠵᠠᠢ᠃ 2016 ᠣᠨ ᠤ ᠳᠦᠷᠪᠡᠳᠦᠭᠡᠷ | ᠤᠯᠠᠷᠢᠯ ᠳᠤ ᠠᠶᠢᠮᠠᠭ ᠬᠤᠳᠠ ᠨᠢᠭᠡᠪᠦᠷᠢ ᠡᠷᠬᠢᠯᠡᠭᠰᠡᠨ ᠢᠶᠠᠷ ᠪᠠᠷᠠᠬᠤ ᠦᠭᠡᠢ᠂ ᠬᠤᠰᠢᠭᠤ ᠰᠢᠶᠠᠨ ᠤ ᠲᠤᠭᠤᠷᠢᠭ ᠪᠦᠷᠢ᠂ | ᠲᠡᠷᠡᠴᠢᠯᠡᠨ ᠲᠤᠮᠤ ᠰᠢᠭ ᠰᠢᠶᠠᠩ ᠪᠠᠯᠭᠠᠰᠤᠨ ᠤ ᠨᠡᠶᠢᠭᠡᠮ ᠲᠣᠭᠤᠷᠢᠭ ᠴᠤ ᠡᠷᠬᠢᠯᠡᠨ᠂ ᠬᠡᠷᠡᠭᠯᠡᠭᠴᠢᠳ ᠲᠤ ᠬᠠᠤᠯᠢ ᠴᠠᠭᠠᠵᠠ | ᠲᠠᠳᠡᠨ ᠤ ᠳᠡᠷᠭᠡᠳᠡ᠂ ᠦᠢᠯᠡᠳᠪᠦᠷᠢ ᠬᠤᠳᠠᠯᠳᠤᠭᠠᠨ ᠤ ᠠᠵᠢᠯᠲᠠᠨ ᠤᠯᠠᠨ ᠲᠠᠢ ᠬᠠᠮᠲᠤ ᠪᠠᠶᠢᠯᠴᠠᠬᠤ ᠲᠦᠷᠦᠭᠳᠡᠯ ᠤᠯᠭᠤᠵᠤ | ᠂ ︽ᠰᠠᠷ᠎ᠠ ᠪᠦᠷᠢ 3 · 15︾ ᠢ ᠪᠦᠬᠦ ᠣᠷᠣᠨ ᠤ ᠠᠶᠢᠮᠠᠭ ᠬᠤᠳᠠ᠂ ᠬᠤᠰᠢᠭᠤ ᠰᠢᠶᠠᠨ ᠳᠤ ᠦᠷᠨᠢᠭᠦᠯᠦᠨ ᠬᠦᠭᠵᠢᠭᠡᠵᠡᠢ᠃ | | ᠬᠥᠲᠥᠯᠥᠭᠴᠢ᠄ ᠶᠠᠩ ᠳᠠᠷᠤᠭ᠎ᠠ ᠡ᠂ ︽ᠰᠠᠷ᠎ᠠ ᠪᠦᠷᠢ 3 · 15︾ ᠤ ᠠᠵᠢᠯᠯᠠᠭ᠎ᠠ ᠶᠢ ᠥᠷᠨᠢᠭᠦᠯᠦᠭᠰᠡᠨ ᠠᠴᠠ ᠨᠠᠰᠢ᠂ | ᠲᠠᠨ ᠳᠤ ᠨᠡᠯᠢᠶᠡᠳ ᠭᠦᠨ ᠰᠠᠭᠤᠭᠳᠠᠯ ᠦᠭᠭᠦᠭᠰᠡᠨ ᠨᠢ ᠠᠯᠢ ᠬᠡᠳᠦᠨ ᠤᠳᠠᠭ᠎ᠠ ᠪᠤᠢ︖ | ᠶᠠᠩ ᠯᠢᠨ᠄ 2016 ᠤᠨ ᠤ 1 ᠳ᠋ᠦ᠋ᠭᠡᠷ ᠰᠠᠷ᠎ᠠ ᠶᠢᠨ 15 ᠤ ᠡᠳᠦᠷ᠂ ᠥᠪᠡᠷᠲᠡᠭᠡᠨ ᠵᠠᠰᠠᠬᠤ ᠣᠷᠣᠨ ᠤ | ᠬᠡᠷᠡᠭᠯᠡᠭᠴᠢᠳ ᠤᠨ ᠨᠡᠶᠢᠭᠡᠮᠯᠢᠭ᠂ ᠶᠠᠰᠤ ᠴᠢᠨᠠᠷ ᠲᠤ ᠬᠢᠨᠠᠯᠲᠠ ᠲᠠᠯᠪᠢᠵᠤ ᠪᠠᠶᠢᠴᠠᠭᠠᠬᠤ ᠬᠤᠷᠢᠶ᠎ᠠ ᠲᠠᠢ ᠬᠠᠮᠲᠤᠷᠠᠨ | ᠥᠷᠨᠢᠭᠦᠯᠦᠭᠰᠡᠨ ︽ᠲᠠ ᠠᠪᠴᠢᠷᠠᠪᠠᠯ ᠪᠢ ᠪᠠᠶᠢᠴᠠᠭᠠᠬᠤ︾᠂ ︽ᠲᠠ ᠰᠡᠵᠢᠭᠯᠡᠪᠡᠯ ᠪᠢ ᠪᠤᠴᠠᠭᠠᠬᠤ︾ ᠪᠠᠷ ᠭᠤᠣᠯ ᠰᠡᠳᠦᠪ | ᠪᠣᠯᠭᠠᠭᠰᠠᠨ ︽ᠰᠠᠷ᠎ᠠ ᠪᠦᠷᠢ 3 · 15︾ ᠵᠢᠴᠢ ︽ᠠᠷᠠᠳ ᠤᠨ ᠠᠮᠢᠳᠤᠷᠠᠯ ᠤᠨ ᠬᠡᠷᠡᠭᠯᠡᠭᠡᠨ ᠤ ᠪᠦᠲᠦᠭᠡᠭᠳᠡᠬᠦᠨ ᠤ ᠶᠠᠰᠤ | ᠴᠢᠨᠠᠷ ᠢ ᠲᠦᠯᠦᠪᠦᠷᠢ ᠦᠭᠡᠢ ᠪᠠᠷ ᠬᠢᠨᠠᠨ ᠪᠠᠶᠢᠴᠠᠭᠠᠬᠤ ᠠᠵᠢᠯᠯᠠᠭ᠎ᠠ︾ ᠶᠢᠨ ᠥᠭᠡᠷᠡᠴᠢᠯᠡᠯᠲᠡ ᠲᠣᠩ ᠰᠠᠶᠢᠨ ᠪᠤᠯᠵᠠᠢ᠃ | 2016 ᠣᠨ ᠤ 6 ᠳ᠋ᠤᠭᠠᠷ ᠰᠠᠷ᠎ᠠ ᠶᠢᠨ 15 ᠤ ᠡᠳᠦᠷ᠂ ᠥᠪᠡᠷᠲᠡᠭᠡᠨ ᠵᠠᠰᠠᠬᠤ ᠣᠷᠣᠨ ᠤ ᠬᠡᠷᠡᠭᠯᠡᠭᠴᠢᠳ ᠤᠨ | ᠨᠡᠶᠢᠭᠡᠮᠯᠢᠭ ᠪᠣᠯᠤᠨ ᠥᠪᠡᠷᠲᠡᠭᠡᠨ ᠵᠠᠰᠠᠬᠤ ᠣᠷᠣᠨ ᠤ ᠠᠵᠤ ᠦᠢᠯᠡᠳᠪᠦᠷᠢ ᠬᠤᠳᠠᠯᠳᠤᠭᠠᠨ ᠤ ᠲᠣᠪᠴᠢᠶ᠎ᠠ ᠵᠢᠯᠤᠭᠤᠳᠴᠦ᠂ | ᠣᠷᠳᠣᠰ ᠬᠤᠲᠠ ᠶᠢᠨ ᠬᠡᠷᠡᠭᠯᠡᠭᠴᠢᠳ ᠤᠨ ᠨᠡᠶᠢᠭᠡᠮᠯᠢᠭ᠂ ᠬᠤᠲᠠ ᠶᠢᠨ ᠠᠵᠤ ᠦᠶ᠋ᠯᠡᠳᠪᠦᠷᠢ ᠬᠤᠳᠠᠯᠳᠤᠭᠠᠨ ᠤ ᠲᠣᠪᠴᠢᠶ᠎ᠠ | ᠪᠣᠯᠤᠨ ᠵᠢᠭᠤᠯᠴᠢᠯᠠᠯ ᠤᠨ ᠲᠣᠪᠴᠢᠶ᠎ᠠ ᠭᠤᠤᠯᠴᠢᠯᠠᠨ ᠡᠷᠭᠢᠯᠡᠭᠰᠡᠨ ᠰᠠᠷ᠎ᠠ ᠶᠢᠨ ᠬᠤᠭᠤᠴᠠᠭ᠎ᠠ ᠲᠠᠢ ᠥᠪᠥᠷ ᠮᠣᠩᠭᠤᠯ ᠤᠨ ︽ | ᠰᠠᠷ᠎ᠠ ᠪᠦᠷᠢ 3 · 15︾ ᠵᠢᠴᠢ ︽ᠢᠲᠡᠭᠡᠮᠵᠢᠲᠡᠢ ᠬᠡᠷᠡᠭᠯᠡᠭᠡ · ᠶᠠᠰᠤ ᠴᠢᠨᠠᠷ ᠢ ᠡᠷᠬᠢᠮᠯᠡᠬᠦ ᠵᠢᠭᠤᠯᠴᠢᠯᠠᠯ · ᠷᠢᠳᠢ ᠰᠢᠳᠢᠲᠦ | ᠣᠷᠳᠣᠰ︾ ᠤᠬᠠᠭᠤᠯᠭ᠎ᠠ ᠦᠢᠯᠡᠴᠢᠯᠡᠭᠡᠨ ᠤ ᠠᠵᠢᠯᠯᠠᠭ᠎ᠠ ᠶᠢᠨ ᠲᠤᠬᠠᠢ ᠶᠢᠨ ᠲᠠᠯᠠᠪᠠᠢ ᠶᠢᠨ ᠡᠬᠢᠯᠡᠬᠦ ᠶᠤᠰᠤᠯᠠᠯ ᠳᠤ 1000 | ᠰᠢᠬᠠᠮ ᠬᠥᠮᠦᠨ ᠤᠷᠤᠯᠴᠠᠵᠤ᠂ ᠦᠢᠯᠡᠳᠪᠦᠷᠢ ᠬᠤᠳᠠᠯᠳᠤᠭᠠᠨ ᠤ ᠰᠢᠰᠲ᠋ᠧᠮ ᠤᠨ ᠬᠠᠭᠤᠷᠮᠠᠭ ᠮᠠᠭᠤ ᠲᠠᠸᠠᠷ ᠢ ᠦᠢᠯᠡᠳᠦᠨ | ᠪᠤᠷᠤᠯᠠᠭᠤᠯᠬᠤ ᠠᠵᠢᠯᠯᠠᠭ᠎ᠠ ᠳᠤ ᠴᠤᠬᠢᠯᠲᠠ ᠦᠭᠴᠦ ᠡᠷᠬᠡ ᠠᠰᠢᠭ ᠢᠶᠠᠨ ᠬᠠᠮᠠᠭᠠᠯᠠᠭᠰᠠᠨ ᠠᠮᠵᠢᠯᠲᠠ ᠪᠦᠲᠦᠮᠵᠢ ᠶᠢᠨ | ᠦᠵᠡᠭᠦᠯᠦᠯᠭᠡ᠂ ᠤᠷᠳᠤᠰ ᠤᠨ ᠴᠤᠤᠲᠤ ᠠᠯᠳᠠᠷᠲᠤ ᠨᠡᠷᠡᠳᠤ ᠲᠠᠸᠠᠷ ᠤᠨ ᠲᠡᠮᠳᠡᠭᠲᠦ ᠲᠠᠢ ᠲᠠᠸᠠᠷ ᠤᠨ ᠦᠵᠡᠭᠦᠯᠦᠯᠭᠡ᠂ | ᠬᠤᠳᠠᠯ ᠬᠠᠭᠤᠷᠮᠠᠭ ᠴᠢᠨᠠᠷ ᠮᠠᠭᠤ ᠦᠢᠯᠡᠳᠬᠦᠨ ᠢ ᠢᠯᠭᠠᠨ ᠲᠠᠨᠢᠬᠤ ᠦᠵᠡᠭᠦᠯᠦᠯᠭᠡ᠂ ᠵᠢᠭᠤᠯᠴᠢᠯᠠᠯ ᠤᠨ ᠦᠢᠯᠡᠰ ᠢ | ᠡᠷᠡᠭᠦᠯ ᠢᠶᠠᠷ ᠬᠦᠭᠵᠢᠭᠦᠯᠦᠭᠰᠡᠨ ᠠᠮᠵᠢᠯᠲᠠ ᠪᠦᠲᠦᠮᠵᠢ ᠶᠢᠨ ᠦᠵᠡᠭᠦᠯᠦᠯᠭᠡ᠂ ᠣᠷᠳᠣᠰ ᠤᠨ ᠵᠢᠭᠤᠯᠴᠢᠯᠠᠯ ᠤᠨ ᠦᠵᠡᠮᠵᠢᠲᠦ | ᠣᠷᠣᠨ ᠤ ᠠᠵᠤ ᠠᠬᠤᠶᠢᠯᠠᠯ ᠤᠨ ᠦᠵᠡᠭᠦᠯᠦᠯᠭᠡ᠂ ᠶᠢᠨ ᠴᠧᠨ ᠣᠯᠠᠨ ᠤᠯᠤᠰ ᠤᠨ ᠬᠤᠳᠠᠯᠳᠤᠭᠠᠨ ᠤ ᠲᠠᠯᠠᠪᠠᠢ ᠶᠢᠨ | ᠬᠡᠷᠡᠭᠯᠡᠭᠴᠢᠳ ᠤᠨ ᠡᠷᠬᠡ ᠠᠰᠢᠭ ᠢ ᠬᠠᠮᠠᠭᠠᠯᠠᠬᠤ ᠦᠷᠳᠡᠭᠡ᠂ ᠫᠢᠩ ᠠᠨ ᠨᠡᠶᠢᠭᠡᠮ ᠲᠣᠭᠤᠷᠢᠭ ᠤᠨ ᠬᠡᠷᠡᠭᠯᠡᠭᠴᠢᠳ ᠤᠨ ᠡᠷᠬᠡ | ᠠᠰᠢᠭ ᠢ ᠬᠠᠮᠠᠭᠠᠯᠠᠬᠤ ᠦᠢᠯᠡᠴᠢᠯᠡᠭᠡᠨ ᠤ ᠦᠷᠲᠡᠭᠡ᠂ ᠯᠦᠩ ᠬᠤ᠋ ᠴᠢᠦᠶ ᠲᠣᠰᠬᠤᠨ ᠤ ᠬᠡᠷᠡᠭᠯᠡᠭᠴᠢᠳ ᠤᠨ ᠡᠷᠬᠡ ᠠᠰᠢᠭ ᠢ | ᠬᠠᠮᠠᠭᠠᠯᠠᠬᠤ ᠦᠢᠯᠡᠴᠢᠯᠡᠭᠡᠨ ᠤ ᠦᠷᠲᠡᠭᠡ ᠶᠢ ᠲᠤᠭᠤᠷᠢᠨ ᠦᠵᠡᠵᠦ᠂ ᠴᠢᠩᠭᠢᠰ ᠤᠨ ᠤᠩᠭᠤᠨ ᠤ ᠵᠢᠭᠤᠯᠴᠢᠯᠠᠯ ᠤᠨ | ᠬᠤᠯᠪᠤᠭᠠᠯᠠᠨ ᠬᠦᠲᠡᠯᠦᠯᠴᠡᠵᠦ ᠬᠠᠤᠯᠢ ᠬᠡᠷᠡᠭᠵᠢᠭᠦᠯᠬᠦ ᠲᠤᠭᠲᠠᠴᠠ ᠶᠢ ᠤᠶᠢᠯᠠᠭᠠᠪᠠ᠃ | 2017 ᠤᠨ ᠤ 3 ᠳ᠋ᠤᠭᠠᠷ ᠰᠠᠷ᠎ᠠ ᠶᠢᠨ 15 ᠤ ᠡᠳᠦᠷ᠂ ᠥᠪᠥᠷ ᠮᠣᠩᠭᠤᠯ ᠤᠨ ᠥᠪᠡᠷᠲᠡᠭᠡᠨ ᠵᠠᠰᠠᠬᠤ ᠣᠷᠣᠨ ᠤ | ᠦᠢᠯᠡᠳᠪᠦᠷᠢ ᠬᠤᠳᠠᠯᠳᠤᠭᠠᠨ ᠤ ᠲᠣᠪᠴᠢᠶ᠎ᠠ᠂ ᠥᠪᠥᠷ ᠮᠣᠩᠭᠤᠯ ᠤᠨ ᠥᠪᠡᠷᠲᠡᠭᠡᠨ ᠵᠠᠰᠠᠬᠤ ᠣᠷᠣᠨ ᠤ ᠬᠡᠷᠡᠭᠯᠡᠭᠴᠢᠳ ᠤᠨ | ᠨᠡᠶᠢᠭᠡᠮᠯᠢᠭ᠂ ᠬᠥᠬᠡᠬᠤᠲᠠ ᠶᠢᠨ ᠠᠷᠠᠳ ᠤᠨ ᠵᠠᠰᠠᠭ ᠤᠨ ᠣᠷᠳᠣᠨ ᠤ ᠬᠠᠮᠲᠤᠷᠠᠵᠤ ᠭᠤᠤᠯᠴᠢᠯᠠᠨ ᠡᠷᠭᠢᠯᠡᠭᠰᠡᠨ 2017 | ᠣᠨ ᠤ 3 · 15 ᠤ ᠳᠡᠯᠡᠬᠡᠶ ᠶᠢᠨ ᠬᠡᠷᠡᠭᠯᠡᠭᠴᠢᠳ ᠤᠨ ᠡᠷᠬᠡ ᠠᠰᠢᠭ ᠤᠨ ᠡᠳᠦᠷᠯᠢᠭ ᠵᠢᠴᠢ ︽ᠬᠡᠷᠡᠭᠯᠡᠭᠴᠢᠳ ᠤᠨ | ᠢᠲᠡᠭᠡᠮᠵᠢᠲᠡᠶ ᠪᠦᠲᠦᠭᠡᠭᠳᠡᠬᠦᠨ︾ ᠤ ᠠᠵᠢᠯᠯᠠᠭ᠎ᠠ ᠬᠥᠬᠡᠬᠤᠲᠠ ᠶᠢᠨ ᠣᠯᠠᠨ ᠤᠯᠤᠰ ᠤᠨ ᠬᠤᠷᠠᠯ ᠦᠵᠡᠰᠬᠦᠯᠡᠩ ᠤᠨ | ᠲᠥᠪ ᠳᠤ ᠶᠠᠪᠤᠭᠳᠠᠯ᠎ᠠ᠃ ᠪᠦᠬᠦ ᠣᠷᠣᠨ ᠤ ᠮᠠᠯ ᠤᠨ ᠠᠰᠢᠭ ᠰᠢᠮ᠎ᠡ ᠲᠠᠷᠢᠶᠠᠯᠠᠩ ᠤᠨ ᠪᠤᠬᠢᠷᠳᠤᠯ ᠦᠭᠡᠢ ᠪᠦᠲᠦᠭᠡᠭᠳᠡᠬᠦᠨ ᠤ | 200 ᠭᠠᠷᠤᠢ ᠦᠢᠯᠡᠳᠪᠦᠷᠢ ᠦᠵᠡᠰᠬᠦᠯᠡᠩ ᠳᠤ ᠤᠷᠤᠯᠴᠠᠵᠡᠢ᠃ | 2016 ᠣᠨ ᠤ 5 ᠳ᠋ᠤᠭᠠᠷ ᠰᠠᠷ᠎ᠠ ᠳᠤ᠂ ᠳᠤᠮᠳᠠᠳᠤ ᠤᠯᠤᠰ ᠤᠨ ᠡᠪ ᠬᠠᠮᠲᠤ ᠨᠠᠮ ᠤᠨ ᠲᠥᠪ ᠬᠤᠷᠢᠶ᠎ᠠ ᠶᠢᠨ ᠤᠯᠤᠰ | ᠲᠦᠷᠦ ᠶᠢᠨ ᠲᠣᠪᠴᠢᠶ᠎ᠠ ᠶᠢᠨ ᠪᠠᠶᠢᠩᠭᠤ ᠶᠢᠨ ᠭᠡᠰᠢᠭᠦᠨ᠂ ᠪᠦᠬᠦ ᠤᠯᠤᠰ ᠤᠨ ᠠᠷᠠᠳ ᠤᠨ ᠲᠥᠯᠥᠭᠡᠯᠡᠭᠴᠢᠳ ᠤᠨ ᠶᠡᠭᠡ | ᠬᠤᠷᠠᠯ ᠤᠨ ᠪᠠᠶᠢᠩᠭᠤ ᠶᠢᠨ ᠬᠤᠷᠢᠶ᠎ᠠ ᠶᠢᠨ ᠬᠤᠷᠢᠶᠠᠨ ᠳᠠᠷᠤᠭ᠎ᠠ ᠵᠠᠩ ᠳ᠋ᠧ ᠵᠢᠶᠠᠩ ᠮᠠᠨ ᠤ ᠣᠷᠣᠨ ᠳᠤ ᠰᠠᠭᠠᠲᠠᠵᠤ ᠬᠠᠤᠯᠢ | ᠬᠡᠷᠡᠭᠵᠢᠭᠦᠯᠦᠯᠲᠡ ᠶᠢᠨ ᠲᠣᠬᠠᠢ ᠪᠠᠶᠢᠴᠠᠭᠠᠯᠲᠠ ᠦᠷᠨᠢᠭᠦᠯᠦᠨ᠂ ︽ᠰᠠᠷ᠎ᠠ ᠪᠦᠷᠢ 3 · 15︾ ᠤ ᠠᠵᠢᠯᠯᠠᠭ᠎ᠠ ᠶᠢ ᠭᠦᠶ᠋ᠴᠡᠳ | ᠦᠨᠡᠯᠡᠨ ᠨᠣᠲᠠᠯᠠᠵᠠᠢ᠃ 7 ᠳ᠋ᠤᠭᠠᠷ ᠰᠠᠷ᠎ᠠ ᠳᠤ᠂ ᠤᠯᠤᠰ ᠤᠨ ᠠᠵᠤ ᠦᠢᠯᠡᠳᠪᠦᠷᠢ ᠬᠤᠳᠠᠯᠳᠤᠭ᠎ᠠ ᠶᠢᠨ ᠶᠡᠷᠦᠩᠬᠡᠶ | ᠲᠣᠪᠴᠢᠶ᠎ᠠ ᠶᠢᠨ ᠨᠠᠮ ᠤᠨ ᠤᠳᠤᠷᠢᠳᠬᠤ ᠳᠤᠭᠤᠶᠢᠯᠠᠩ ᠤᠨ ᠪᠦᠷᠢᠯᠳᠦᠬᠦᠨ ᠭᠡᠰᠢᠭᠦᠨ᠂ ᠲᠣᠪᠴᠢᠶ᠎ᠠ ᠶᠢᠨ ᠳᠡᠳ᠋ ᠳᠠᠷᠤᠭ᠎ᠠ | ᠮᠠ ᠵᠧᠩ ᠴᠢ ᠥᠪᠥᠷ ᠮᠣᠩᠭᠤᠯ ᠳᠤ ᠪᠠᠶᠢᠴᠠᠭᠠᠨ ᠰᠤᠳᠤᠯᠤᠯᠲᠠ ᠬᠢᠬᠦ ᠳᠡᠭᠡᠨ ᠵᠢᠭᠠᠵᠤ ᠭᠠᠷᠭᠠᠭᠰᠠᠨ ᠨᠢ᠂ ᠥᠪᠡᠷᠲᠡᠭᠡᠨ | ᠵᠠᠰᠠᠬᠤ ᠣᠷᠣᠨ ᠤ ︽ᠰᠠᠷ᠎ᠠ ᠪᠦᠷᠢ 3 · 15︾ ᠤ ᠠᠵᠢᠯᠯᠠᠭ᠎ᠠ ᠶᠢ ᠬᠥᠭᠵᠢᠶᠡᠨᠲᠡᠢ ᠰᠠᠶᠢᠬᠠᠨ ᠦᠷᠨᠢᠭᠦᠯᠵᠦ ᠪᠤᠢ᠂ ᠡᠭᠦᠨ ᠢ | ᠤᠯᠠᠮ ᠴᠢᠨᠠᠭᠰᠢᠳᠠ ᠲᠦᠭᠡᠮᠡᠯᠵᠢᠭᠦᠯᠵᠦ ᠪᠣᠯᠣᠨ᠎ᠠ ᠭᠡᠪᠡ᠃ 9 ᠳ᠋ᠦ᠋ᠭᠡᠷ ᠰᠠᠷ᠎ᠠ ᠳᠤ᠂ ᠥᠪᠡᠷᠲᠡᠭᠡᠨ ᠵᠠᠰᠠᠬᠤ ᠣᠷᠣᠨ ᠤ ᠠᠵᠤ | ᠦᠢᠯᠡᠳᠪᠦᠷᠢ ᠬᠤᠳᠠᠯᠳᠤᠭ᠎ᠠ ᠶᠢᠨ ᠲᠣᠪᠴᠢᠶ᠎ᠠ ᠨᠢ ᠨᠡᠶᠢᠲᠡᠯᠢᠭ ᠵᠢᠱᠢᠶ᠎ᠡ ᠶᠢᠨ ᠬᠤᠪᠢ ᠪᠠᠷ ᠪᠦᠬᠦ ᠤᠯᠤᠰ ᠤᠨ ᠬᠡᠷᠡᠭᠯᠡᠭᠡ ᠶᠢᠨ | ᠡᠷᠬᠡ ᠠᠰᠢᠭ ᠢ ᠬᠠᠮᠠᠭᠠᠯᠠᠬᠤ ᠠᠵᠢᠯ ᠤᠨ ᠲᠤᠷᠰᠢᠯᠭ᠎ᠠ ᠰᠣᠯᠢᠯᠴᠠᠬᠤ ᠬᠤᠷᠠᠯ ᠳᠤ ︽ᠰᠠᠷ᠎ᠠ ᠪᠦᠷᠢ 3 · 15︾ ᠤ | ᠠᠵᠢᠯᠯᠠᠭ᠎ᠠ ᠦᠷᠨᠢᠭᠦᠯᠦᠭᠰᠡᠨ ᠠᠵᠢᠯ ᠤᠨ ᠲᠤᠬᠠᠶ ᠶᠠᠷᠢᠶ᠎ᠠ ᠲᠠᠯᠪᠢᠵᠤ᠂ ᠲᠥᠯᠥᠭᠡᠯᠡᠭᠴᠢᠳ ᠤᠨ ᠰᠠᠶᠢᠨ ᠦᠨᠡᠯᠡᠯᠲᠡ ᠶᠢ | ᠣᠯᠤᠭᠰᠠᠨ ᠪᠠᠶᠢᠨ᠎ᠠ᠃ ᠡᠨᠡ ᠵᠢᠯ ᠤᠨ ᠳᠤᠮᠳᠠᠳᠤ ᠤᠯᠤᠰ ᠤᠨ ᠬᠡᠷᠡᠭᠯᠡᠭᠴᠢᠳ ᠤᠨ ᠨᠡᠶᠢᠭᠡᠮᠯᠢᠭ ᠤᠨ ᠲᠠᠪᠤᠳᠤᠭᠠᠷ | ᠬᠤᠭᠤᠴᠠᠭᠠᠨ ᠤ ᠭᠤᠷᠪᠠᠳᠤᠭᠠᠷ ᠤᠳᠠᠭ᠎ᠠ ᠶᠢᠨ ᠬᠡᠷᠡᠭ ᠡᠷᠬᠢᠯᠡᠭᠴᠢᠳ ᠤᠨ ᠬᠤᠷᠠᠯ ᠳᠤ᠂ ᠪᠦᠬᠦ ᠤᠯᠤᠰ ᠤᠨ ᠠᠷᠠᠳ ᠤᠨ | ᠲᠥᠯᠥᠭᠡᠯᠡᠭᠴᠢᠳ ᠤᠨ ᠶᠡᠭᠡ ᠬᠤᠷᠠᠯ ᠤᠨ ᠪᠠᠶᠢᠩᠭᠤ ᠶᠢᠨ ᠬᠤᠷᠢᠶ᠎ᠠ ᠶᠢᠨ ᠬᠤᠷᠢᠶᠠᠨ ᠳᠡᠳ᠋ ᠳᠠᠷᠤᠭ᠎ᠠ ᠵᠠᠩ ᠫᠢᠩ ᠠᠵᠢᠯ ᠤᠨ | ᠢᠯᠡᠳᠬᠡᠯ ᠳᠡᠭᠡᠨ ᠮᠠᠨ ᠤ ᠣᠷᠣᠨ ᠤ ︽ᠰᠠᠷ᠎ᠠ ᠪᠦᠷᠢ 3 · 15︾ ᠤ ᠠᠵᠢᠯ ᠤᠨ ᠣᠯᠤᠭᠰᠠᠨ ᠠᠮᠵᠢᠯᠲᠠ ᠪᠦᠲᠦᠮᠵᠢ ᠶᠢ | ᠭᠦᠢᠴᠡᠳ ᠨᠣᠲᠠᠯᠠᠵᠠᠢ᠃ | ᠬᠥᠲᠥᠯᠥᠭᠴᠢ᠄ ᠬᠤᠶᠢᠰᠢᠳᠠ ︽ᠰᠠᠷ᠎ᠠ ᠪᠦᠷᠢ 3 · 15︾ ᠢ ᠴᠢᠨᠠᠭᠰᠢᠳᠠ ᠬᠡᠷᠬᠢᠨ ᠦᠷᠨᠢᠭᠦᠯᠬᠦ ᠪᠠᠷ ᠪᠠᠶᠢᠭ᠎ᠠ ᠪᠠ | ᠪᠣᠳᠠᠲᠠᠶ ᠶᠠᠮᠠᠷ ᠲᠥᠯᠥᠪᠯᠡᠭᠡ ᠲᠣᠭᠲᠠᠭᠰᠠᠨ ᠪᠣᠯ︖ | ᠶᠠᠩ ᠯᠢᠨ᠄ ᠬᠤᠶᠢᠰᠢᠳᠠ᠂ ᠪᠢᠳᠡ ᠦᠷᠭᠦᠯᠵᠢᠯᠡᠨ ︽ᠰᠠᠷ᠎ᠠ ᠪᠦᠷᠢ 3 · 15︾ ᠤ ᠠᠵᠢᠯᠯᠠᠭ᠎ᠠ ᠶᠢ ᠬᠡᠷᠡᠭᠯᠡᠭᠴᠢᠳ ᠤᠨ | ᠡᠷᠬᠡ ᠠᠰᠢᠭ ᠢ ᠬᠠᠮᠠᠭᠠᠯᠠᠬᠤ ᠠᠵᠢᠯ ᠤᠨ ᠴᠢᠬᠤᠯᠠ ᠭᠠᠷᠲᠠᠴᠠ ᠪᠣᠯᠭᠠᠵᠤ᠂ 2017 ᠣᠨ ᠤ ︽ᠲᠣᠣᠷ ᠰᠦᠯᠵᠢᠶ᠎ᠡ | ᠢᠲᠡᠭᠡᠮᠵᠢᠲᠡᠢ ᠪᠣᠯ ᠬᠡᠷᠡᠭᠯᠡᠭᠡ ᠰᠠᠨᠠᠭ᠎ᠠ ᠠᠮᠤᠷ︾ ᠭᠡᠬᠦ ᠭᠤᠣᠯ ᠰᠡᠳᠦᠪ ᠤᠨ ᠲᠣᠭᠤᠷᠢᠨ ᠳᠤ᠂ ᠬᠡᠷᠡᠭ ᠮᠡᠳᠡᠭᠴᠢ ᠶᠢᠨ | ᠨᠢᠭᠡᠴᠡ ᠶᠢᠨ ᠦᠢᠯᠡᠳᠦᠯ ᠢ ᠢᠳᠡᠪᠬᠢᠲᠡᠶ ᠪᠠᠳᠠᠷᠠᠭᠤᠯᠵᠤ᠂ ᠰᠡᠳᠬᠢᠬᠦᠶ ᠶᠢᠨ ᠵᠠᠭᠪᠤᠷ ᠢᠶᠠᠨ ᠥᠷᠭᠡᠳᠬᠡᠨ᠂ ᠠᠷᠭ᠎ᠠ ᠬᠡᠯᠪᠡᠷᠢ | ᠠᠷᠭ᠎ᠠ ᠮᠠᠶ᠋ᠢᠭ ᠲᠤ ᠰᠢᠨ᠎ᠡ ᠶᠢ ᠡᠭᠦᠳᠴᠦ᠂ ᠨᠡᠩ ᠥᠷᠭᠡᠨ ᠳᠡᠯᠭᠡᠷ ᠪᠦᠭᠡᠳ ᠭᠦᠨᠵᠡᠭᠡᠢ ᠦᠷᠨᠢᠭᠦᠯᠬᠦ ᠪᠠᠷ ᠪᠤᠢ᠂ ᠵᠥᠪᠬᠡᠨ | ᠡᠯ᠎ᠡ ᠠᠶᠢᠮᠠᠭ ᠬᠤᠳᠠ ᠳᠤ ᠦᠷᠨᠢᠭᠦᠯᠬᠦ ᠪᠠᠷ ᠵᠣᠭᠰᠤᠬᠤ ᠦᠭᠡᠢ᠂ ᠡᠯ᠎ᠡ ᠬᠤᠰᠢᠭᠤ ᠰᠢᠶᠠᠨ ᠲᠣᠭᠤᠷᠢᠭ ᠪᠣᠯᠣᠨ ᠵᠠᠷᠢᠮ | ᠨᠡᠯᠢᠶᠡᠳ ᠲᠣᠮᠣ ᠰᠢᠶᠠᠩ ᠪᠠᠯᠭᠠᠰᠤ᠂ ᠨᠡᠶᠢᠭᠡᠮ ᠲᠣᠭᠤᠷᠢᠭ ᠢᠶᠠᠷ ᠪᠠᠰᠠ ᠥᠷᠨᠢᠭᠦᠯᠵᠦ᠂ ᠡᠨᠡᠬᠦ ᠠᠵᠢᠯᠯᠠᠭ᠎ᠠ ᠳᠤ ᠬᠦᠴᠦ | ᠲᠠᠯᠪᠢᠵᠤ ᠨᠠᠷᠢᠨ ᠨᠢᠮᠪᠠᠶ ᠬᠢᠬᠦ ᠪᠠᠷ ᠴᠢᠷᠮᠠᠶᠢᠨ᠎ᠠ᠃ ᠰᠢᠨ᠎ᠡ ︽ᠬᠡᠷᠡᠭᠯᠡᠭᠴᠢᠳ ᠤᠨ ᠡᠷᠬᠡ ᠠᠰᠢᠭ ᠢ ᠬᠠᠮᠠᠭᠠᠯᠠᠬᠤ ᠬᠠᠤᠯᠢ︾ | ᠵᠡᠷᠭᠡ ᠬᠠᠮᠢᠶ᠎ᠠ ᠪᠦᠬᠦᠢ ᠬᠠᠤᠯᠢ ᠴᠠᠭᠠᠵᠠ ᠬᠠᠤᠯᠢ ᠲᠣᠭᠲᠠᠭᠠᠯ ᠳᠠᠬᠢ ᠬᠡᠷᠡᠭᠯᠡᠭᠴᠢᠳ ᠤᠨ ᠡᠷᠬᠡ ᠠᠰᠢᠭ ᠢ ᠬᠠᠮᠠᠭᠠᠯᠠᠬᠤ | ᠲᠤᠬᠠᠶ ᠲᠣᠭᠲᠠᠭᠠᠯ ᠤᠳ ᠢ ᠥᠷᠭᠡᠨ ᠢᠶᠠᠷ ᠤᠬᠠᠭᠤᠯᠤᠨ ᠲᠤᠤᠱᠯᠠᠭᠤᠯᠵᠤ᠂ ᠬᠡᠷᠡᠭᠯᠡᠭᠡ ᠶᠢᠨ ᠰᠡᠷᠡᠮᠵᠢᠯᠡᠭᠦᠯᠦᠯ ᠢ ᠨᠡᠶᠢᠲᠡᠯᠡᠨ᠂ | ᠠᠵᠤ ᠠᠬᠤᠶᠢᠯᠠᠯ ᠤᠨ ᠡᠭᠦᠷᠭᠡ ᠬᠠᠷᠢᠭᠤᠴᠠᠯᠭ᠎ᠠ ᠪᠠᠨ ᠬᠠᠤᠯᠢ ᠶᠣᠰᠣᠭᠠᠷ ᠭᠦᠢᠴᠡᠳᠬᠡᠬᠦ ᠦᠵᠡᠯ ᠤᠬᠠᠮᠰᠠᠷ ᠢ ᠨᠢ | ᠳᠡᠭᠡᠭᠰᠢᠯᠡᠭᠦᠯᠵᠦ᠂ ᠬᠡᠷᠡᠭᠯᠡᠭᠴᠢᠳ ᠤᠨ ᠥᠪᠡᠷ ᠢ ᠪᠠᠨ ᠬᠠᠮᠠᠭᠠᠯᠠᠬᠤ ᠦᠵᠡᠯ ᠤᠬᠠᠮᠰᠠᠷ ᠶᠢ ᠨᠢ ᠳᠡᠭᠡᠭᠰᠢᠯᠡᠭᠦᠯᠦᠨ᠂ ᠵᠠᠬ᠎ᠠ | ᠳᠡᠯᠭᠡᠭᠦᠷ ᠤᠨ ᠬᠡᠷᠡᠭᠯᠡᠭᠡ ᠶᠢᠨ ᠢᠲᠡᠭᠡᠯ ᠢ ᠴᠢᠩᠭᠠᠷᠠᠭᠤᠯᠵᠤ᠂ ᠬᠡᠷᠡᠭᠯᠡᠭᠡ ᠶᠢᠨ ᠰᠠᠶᠢᠨ ᠰᠠᠶᠢᠬᠠᠨ ᠠᠭᠤᠷ ᠠᠮᠢᠰᠬᠤᠯ ᠢ ᠪᠤᠢ | ᠪᠣᠯᠭᠠᠨ᠎ᠠ᠃ ᠰᠦᠯᠵᠢᠶᠡᠨ ᠳᠤ ᠠᠷᠠᠯᠵᠢᠶᠠᠯᠠᠬᠤ ᠲᠠᠸᠠᠷ ᠪᠣᠯᠣᠨ ᠨᠡᠶᠢᠭᠡᠮ ᠤᠨ ᠬᠢᠨᠡᠯᠲᠡ ᠲᠠᠯᠪᠢᠯᠲᠠ ᠳᠤ ᠦᠢᠯᠡᠴᠢᠯᠡᠬᠦ ᠪᠠᠨ | ᠴᠢᠩᠭᠠᠳᠬᠠᠵᠤ᠂ ᠥᠪᠡᠷᠲᠡᠭᠡᠨ ᠵᠠᠰᠠᠬᠤ ᠣᠷᠣᠨ ᠤ ᠬᠡᠷᠡᠭᠯᠡᠭᠡᠨ ᠤ ᠬᠠᠯᠠᠮᠰᠢᠯ ᠵᠢᠴᠢ ᠬᠠᠮᠢᠶ᠎ᠠ ᠪᠦᠬᠦᠢ ᠪᠠᠶᠠᠷ ᠤᠨ ᠡᠳᠦᠷᠯᠢᠭ᠂ | ︽ᠬᠤᠣᠰ 11︾ ᠵᠡᠷᠭᠡ ᠰᠦᠯᠵᠢᠶᠡᠨ ᠳᠤ ᠠᠷᠠᠯᠵᠢᠶᠠᠯᠠᠬᠤ ᠦᠶᠡᠯᠡᠯ ᠲᠠᠢ ᠤᠶᠠᠯᠳᠤᠭᠤᠯᠤᠨ᠂ ᠥᠪᠡᠷᠲᠡᠭᠡᠨ ᠵᠠᠰᠠᠬᠤ | ᠣᠷᠣᠨ ᠤ ᠢᠳᠡᠭᠡᠨ ᠤ ᠵᠦᠢᠯ ᠤᠨ ᠠᠵᠢᠯ ᠲᠦᠷᠦᠯ᠂ ᠵᠢᠭᠤᠯᠴᠢᠯᠠᠯ ᠤᠨ ᠦᠢᠯᠡᠰ ᠵᠢᠴᠢ ᠲᠣᠣᠷ ᠰᠦᠯᠵᠢᠶᠡᠨ ᠳᠤ ᠡᠷᠬᠡ | ᠠᠰᠢᠭ ᠢᠶᠠᠨ ᠬᠠᠮᠠᠭᠠᠯᠠᠬᠤ ᠵᠡᠷᠭᠡ ᠪᠡᠷᠬᠡᠲᠡᠢ ᠠᠰᠠᠭᠤᠳᠠᠯ ᠤᠨ ᠬᠦᠷᠢᠶᠡᠨ ᠳᠤ ᠴᠢᠭᠯᠡᠭᠦᠯᠵᠦ᠂ ᠰᠦᠯᠵᠢᠶᠡᠨ ᠠᠴᠠ | ᠭᠠᠳᠠᠭᠤᠷᠬᠢ ᠶᠢ ᠴᠢᠬᠤᠯᠠᠴᠢᠯᠠᠬᠤ ᠶᠢᠨ ᠵᠡᠷᠭᠡᠪᠡᠷ ᠰᠦᠯᠵᠢᠶᠡᠨ ᠳᠤ ᠠᠷᠠᠯᠵᠢᠶᠠᠯᠠᠬᠤ ᠲᠠᠸᠠᠷ ᠪᠣᠯᠣᠨ ᠦᠢᠯᠡᠴᠢᠯᠡᠭᠡ ᠶᠢ | ᠴᠢᠬᠤᠯᠠᠴᠢᠯᠠᠵᠤ᠂ ᠬᠠᠮᠢᠶ᠎ᠠ ᠪᠥᠬᠦᠢ ᠡᠵᠡᠩᠨᠡᠯᠲᠡ ᠶᠢᠨ ᠠᠵᠢᠯ ᠲᠥᠷᠥᠯ ᠪᠣᠯᠤᠨ ᠡᠵᠡᠩᠨᠡᠭᠴᠢᠳ ᠢ ᠰᠢᠮᠳᠠᠭᠤᠯᠵᠤ ᠪᠠᠶᠢᠭᠠᠳ | ᠥᠪᠡᠷ ᠢ ᠢᠶᠠᠨ ᠡᠵᠡᠮᠳᠡᠬᠦ ᠶᠢ ᠨᠢ ᠴᠢᠩᠭᠠᠳᠬᠠᠨ᠎ᠠ᠃ ︽ᠠᠵᠤ ᠠᠬᠤᠶᠢᠯᠠᠯ ᠥᠪᠡᠷᠲᠡᠭᠡᠨ ᠵᠠᠰᠠᠬᠤ᠂ ᠠᠵᠢᠯ ᠲᠥᠷᠥᠯ | ᠥᠪᠡᠷ ᠢ ᠢᠶᠠᠨ ᠡᠵᠡᠮᠳᠡᠬᠦ᠂ ᠨᠡᠶᠢᠭᠡᠮ ᠬᠢᠨᠠᠯᠲᠠ ᠲᠠᠯᠪᠢᠬᠤ᠂ ᠵᠠᠰᠠᠭ ᠤᠨ ᠣᠷᠳᠣᠨ ᠬᠢᠨᠠᠨ ᠬᠠᠮᠢᠶᠠᠷᠬᠤ︾ ᠮᠠᠶ᠋ᠢᠭ ᠤᠨ | ᠬᠠᠮᠲᠤᠪᠡᠷ ᠵᠠᠰᠠᠬᠤ ᠪᠠᠶᠢᠷᠢᠰᠢᠯ ᠢ ᠪᠤᠢ ᠪᠣᠯᠭᠠᠬᠤ ᠶᠢ ᠴᠢᠷᠮᠠᠶᠢᠨ ᠪᠦᠷᠢᠯᠳᠦᠭᠦᠯᠬᠦ ᠶᠢ ᠠᠬᠢᠭᠤᠯᠵᠤ᠂ ᠪᠥᠬᠦ ᠣᠷᠣᠨ ᠤ ᠬᠠᠤᠯᠢ | ᠳᠦᠷᠢᠮᠵᠢᠯᠲᠡ᠂ ᠠᠷᠠᠳ ᠨᠡᠶᠢᠲᠡ ᠪᠠᠷ ᠢᠶᠠᠨ ᠬᠠᠤᠯᠢ ᠰᠠᠬᠢᠬᠤ ᠶᠢ ᠠᠬᠢᠭᠤᠯᠬᠤ ᠳᠤ ᠰᠢᠨ᠎ᠡ ᠬᠤᠪᠢ ᠨᠡᠮᠡᠷᠢ ᠦᠵᠡᠭᠦᠯᠦᠨ᠎ᠡ᠃ | | ᠬᠥᠲᠥᠯᠥᠭᠴᠢ᠄ ᠲᠡᠭᠡᠪᠡᠯ ᠬᠡᠷᠡᠭᠯᠡᠭᠴᠢᠳ ᠤᠨ ᠬᠠᠷᠠᠭᠠᠰᠤ ᠠᠴᠠ ᠦᠵᠡᠪᠡᠯ᠂ ᠡᠳᠦᠷ ᠲᠤᠳᠤᠮ ᠤᠨ ᠬᠡᠷᠡᠭᠯᠡᠭᠡᠨ ᠤ | ᠶᠠᠪᠤᠴᠠ ᠳᠤ᠂ ᠲᠠᠨ ᠤ ᠦᠵᠡᠬᠦ ᠪᠠᠷ ᠬᠡᠷᠡᠭᠯᠡᠭᠡᠨ ᠤ ᠡᠷᠬᠡ ᠠᠰᠢᠭ ᠲᠤ ᠬᠠᠯᠳᠠᠬᠤ ᠠᠵᠢᠯᠯᠠᠭ᠎ᠠ ᠠᠴᠠ ᠶᠠᠭᠠᠬᠢᠪᠠᠯ ᠠᠯᠢ | ᠴᠢᠳᠠᠬᠤ ᠪᠠᠷ ᠵᠠᠶᠢᠯᠠᠰᠬᠢᠵᠤ ᠴᠢᠳᠠᠬᠤ ᠪᠤᠢ︖ | ᠶᠠᠩ ᠯᠢᠨ᠄ ᠶᠠᠭᠤᠨ ᠤ ᠡᠮᠦᠨ᠎ᠡ ᠬᠤᠯᠪᠣᠭᠳᠠᠯ ᠪᠦᠬᠦᠢ ᠬᠡᠷᠡᠭᠯᠡᠭᠡᠨ ᠤ ᠮᠡᠳᠡᠯᠭᠡ ᠶᠢ ᠰᠠᠨᠠᠭᠠᠴᠢᠯᠠᠭ᠎ᠠ ᠠᠴᠠ ᠪᠠᠨ | ᠰᠤᠷᠤᠯᠴᠠᠨ ᠡᠵᠡᠮᠰᠢᠵᠦ᠂ ᠬᠡᠷᠡᠭᠯᠡᠭᠴᠢᠳ ᠤᠨ ᠡᠷᠬᠡ ᠠᠰᠢᠭ ᠢ ᠬᠠᠮᠠᠭᠠᠯᠠᠬᠤ ᠬᠤᠯᠪᠣᠭᠳᠠᠯ ᠪᠦᠬᠦᠢ ᠮᠡᠳᠡᠯᠭᠡ ᠶᠢ ᠣᠶᠢᠯᠠᠭᠠᠨ᠂ | ᠤᠬᠠᠮᠰᠠᠷ ᠠᠴᠠ ᠪᠠᠨ ᠬᠠᠤᠯᠢ ᠴᠠᠭᠠᠵᠠ ᠶᠢᠨ ᠵᠡᠪᠰᠡᠭ ᠢᠶᠠᠷ ᠥᠪᠡᠷ ᠤᠨ ᠡᠷᠬᠡ ᠠᠰᠢᠭ ᠢᠶᠠᠨ ᠬᠠᠮᠠᠭᠠᠯᠠᠵᠤ᠂ ᠬᠠᠤᠯᠢ ᠪᠤᠰᠤ | ᠡᠵᠡᠩᠨᠡᠭᠴᠢᠳ ᠲᠠᠢ ᠲᠡᠮᠡᠴᠡᠯ ᠶᠠᠪᠤᠭᠤᠯᠬᠤ ᠬᠡᠷᠡᠭᠲᠡᠶ᠃ ᠳᠠᠷᠠᠭ᠎ᠠ ᠳᠤᠨᠢ᠂ ᠠᠷᠠᠯᠵᠢᠶᠠᠯᠠᠬᠤ ᠶᠠᠪᠤᠴᠠ ᠳᠤ ᠬᠡᠷᠡᠭᠯᠡᠭᠡᠨ ᠤ | ᠮᠡᠳᠡᠯᠭᠡ ᠪᠣᠯᠤᠨ ᠬᠠᠤᠯᠢ ᠴᠠᠭᠠᠵᠠ ᠶᠢᠨ ᠮᠡᠳᠡᠯᠭᠡ ᠪᠠᠨ ᠭᠦᠢᠴᠡᠳ ᠠᠰᠢᠭᠯᠠᠨ᠂ ᠰᠣᠨᠣᠷ ᠰᠡᠷᠡᠮᠵᠢ ᠪᠠᠨ ᠳᠡᠭᠡᠭᠰᠢᠯᠡᠭᠦᠯᠵᠦ᠂ | ᠠᠯᠢ ᠴᠢᠳᠠᠬᠤ ᠪᠠᠷ ᠬᠠᠤᠯᠢ ᠪᠤᠰᠤ ᠡᠵᠡᠩᠨᠡᠭᠴᠢᠳ ᠲᠤ ᠵᠠᠪᠰᠢᠬᠤ ᠲᠣᠬᠢᠶᠠᠯ ᠥᠯᠥ ᠣᠯᠭᠤᠨ᠂ ᠡᠷᠬᠡ ᠠᠰᠢᠭ ᠲᠤ ᠬᠠᠯᠳᠠᠬᠤ | ᠦᠢᠯᠡ ᠠᠵᠢᠯᠯᠠᠭ᠎ᠠ ᠡᠭᠦᠰᠬᠦ ᠶᠢ ᠰᠡᠷᠭᠡᠶᠢᠯᠡᠨ ᠬᠤᠷᠢᠭᠯᠠᠬᠤ ᠬᠡᠷᠡᠭᠲᠡᠶ᠃ ᠵᠠᠷᠢᠮ ᠠᠵᠤ ᠠᠬᠤᠶᠢᠯᠠᠯ ᠤᠨ ᠬᠤᠳᠠᠯ ᠬᠠᠭᠤᠷᠮᠠᠭ᠂ | ᠥᠰᠬᠡᠭᠡᠨ ᠲᠥᠰᠬᠡᠭᠡᠨ ᠲᠠᠢ ᠤᠬᠠᠭᠤᠯᠭ᠎ᠠ ᠶᠢ ᠠᠮᠠᠷᠬᠠᠨ ᠢᠲᠡᠭᠡᠵᠦ ᠪᠣᠯᠬᠤ ᠦᠭᠡᠢ᠂ ᠬᠠᠷᠢᠨ ᠬᠢᠨᠠᠭᠤᠷ ᠪᠣᠯᠭᠤᠮᠵᠢᠲᠠᠢ | ᠠᠷᠠᠯᠵᠢᠶᠠᠯᠠᠬᠤ ᠬᠡᠷᠡᠭᠲᠡᠢ︔ ︽ᠲᠥᠯᠥᠪᠦᠷᠢ ᠦᠭᠡᠶ︾ ᠭᠡᠬᠦ ᠤᠷᠠᠬᠠᠨ ᠳᠤ ᠮᠡᠬᠡᠯᠡᠭᠳᠡᠬᠦ ᠠᠴᠠ ᠬᠢᠴᠢᠶᠡᠭᠡᠷᠡᠢ᠂ ᠵᠢᠱᠢᠶᠡᠯᠡᠪᠡᠯ᠄ | ᠲᠥᠯᠥᠪᠦᠷᠢ ᠦᠭᠡᠢ ᠪᠠᠷ ᠡᠷᠡᠭᠦᠯ ᠮᠡᠨᠳᠦ ᠶᠢᠨ ᠲᠠᠶᠢᠯᠤᠮᠵᠢ ᠬᠢᠬᠦ᠂ ᠲᠥᠯᠥᠪᠦᠷᠢ ᠦᠭᠡᠶ ᠪᠠᠷ ᠪᠡᠶ᠎ᠡ ᠶᠢᠨ ᠪᠠᠶᠢᠴᠠᠭᠠᠯᠲᠠ ᠬᠢᠬᠦ᠂ | ᠲᠥᠯᠥᠪᠦᠷᠢ ᠦᠭᠡᠢ ᠪᠠᠷ ᠵᠢᠭᠤᠯᠴᠢᠯᠠᠭᠤᠯᠬᠤ᠂ ᠲᠥᠯᠥᠪᠦᠷᠢ ᠦᠭᠡᠢ ᠪᠠᠷ ᠬᠤᠭᠤᠯᠠ ᠤᠮᠳᠠ ᠵᠣᠭᠤᠭᠯᠠᠭᠤᠯᠬᠤ ᠵᠡᠷᠭᠡ᠂ ᠡᠰᠨ | ᠲᠡᠭᠡᠪᠡᠯ ᠤᠨᠠᠭᠤᠯᠢ ᠳᠤ ᠣᠷᠣᠵᠣ ᠪᠠᠯᠴᠢᠭ ᠲᠤ ᠰᠢᠪᠠᠷᠲᠠᠬᠤ ᠪᠣᠯᠣᠨ᠎ᠠ︔ ᠡᠭᠦᠳᠡᠨ ᠳᠤ ᠢᠷᠡᠵᠦ ᠪᠣᠷᠣᠯᠠᠭᠤᠯᠬᠤ᠂ | ᠳ᠋ᠢᠶᠠᠩᠬᠤᠸᠠ ᠪᠠᠷ ᠪᠣᠷᠣᠯᠠᠭᠤᠯᠬᠤ᠂ ᠰᠦᠯᠵᠢᠶᠡᠨ ᠳᠤ ᠪᠣᠷᠣᠯᠠᠭᠤᠯᠬᠤ ᠵᠡᠷᠭᠡ ᠬᠡᠯᠪᠡᠷᠢ ᠮᠠᠶ᠋ᠢᠭ ᠢᠶᠠᠷ ᠪᠣᠷᠣᠯᠠᠭᠤᠯᠬᠤ ᠡᠳ᠋ | ᠪᠣᠳᠠᠰ ᠢ ᠬᠤᠳᠠᠯᠳᠤᠨ ᠠᠪᠬᠤ ᠳᠠᠭᠠᠨ ᠪᠣᠯᠭᠤᠮᠵᠢᠲᠠᠶ ᠪᠠᠶᠢᠪᠠᠯ ᠵᠣᠬᠢᠨ᠎ᠠ᠂ ᠬᠡᠷᠪᠡ ᠦᠨᠡᠬᠡᠷ ᠬᠡᠷᠡᠭᠴᠡᠭᠡᠲᠡᠢ ᠪᠠᠶᠢᠪᠠᠯ᠂ | ᠬᠡᠷᠡᠭᠡᠯᠡᠭᠴᠢᠳ ᠠᠯᠪᠠᠨ ᠶᠣᠰᠤᠨ ᠤ ᠠᠷᠭ᠎ᠠ ᠵᠠᠮ ᠢᠶᠠᠷ ᠬᠤᠳᠠᠯᠳᠤᠨ ᠠᠪᠤᠭᠠᠷᠠᠢ ᠬᠡᠮᠡᠨ ᠰᠠᠨᠠᠭᠤᠯᠤᠶ᠎ᠠ᠃ ᠲᠠᠸᠠᠷ ᠨᠢ ᠶᠠᠰᠤ | ᠴᠢᠨᠠᠷ ᠤᠨ ᠠᠰᠠᠭᠤᠳᠠᠯ ᠡᠭᠦᠰᠬᠦ ᠦᠶᠡᠰ ᠬᠠᠤᠯᠢ ᠶᠣᠰᠣᠭᠠᠷ ᠡᠷᠬᠡ ᠠᠰᠢᠭ ᠢᠶᠠᠨ ᠬᠠᠮᠠᠭᠠᠯᠠᠨ᠂ ᠴᠠᠭ ᠲᠤᠬᠠᠶ ᠳᠤᠨᠢ | ᠲᠥᠯᠥᠪᠦᠷᠢ ᠬᠥᠷᠲᠡᠬᠦ ᠶᠢ ᠪᠠᠲᠤᠯᠠᠬᠤ ᠶᠢᠨ ᠲᠤᠰᠠᠳᠠ᠂ ᠬᠡᠷᠡᠭᠯᠡᠭᠴᠢᠳ ᠬᠡᠷᠡᠭᠯᠡᠭᠡᠨ ᠤ ᠡᠳ᠋ ᠪᠣᠳᠠᠰ ᠬᠤᠳᠠᠯᠳᠤᠨ | ᠠᠪᠬᠤ ᠳᠠᠭᠠᠨ ᠭᠡᠷᠡᠴᠢ ᠠᠪᠬᠤ᠂ ᠴᠤᠭᠯᠠᠭᠤᠯᠬᠤ ᠪᠠ ᠬᠠᠳᠠᠭᠠᠯᠠᠬᠤ ᠶᠢ ᠴᠢᠬᠤᠯᠠᠴᠢᠯᠠᠵᠦ᠂ ᠲᠤᠰ ᠪᠡᠶ᠎ᠡ ᠶᠢᠨ ᠴᠢᠨᠢ ᠬᠠᠤᠯᠢ | ᠶᠣᠰᠣᠨ ᠤ ᠡᠷᠬᠡ ᠠᠰᠢᠭ ᠨᠢ ᠬᠤᠬᠢᠷᠠᠯ ᠳᠤ ᠤᠴᠠᠷᠠᠬᠤ ᠦᠶ᠎ᠡ ᠳᠤ ᠬᠠᠤᠯᠢ ᠴᠠᠭᠠᠵᠠ ᠶᠢᠨ ᠨᠤᠳᠠᠲᠠᠢ ᠦᠨᠳᠦᠰᠦᠯᠡᠯ ᠪᠣᠯᠣᠨ | ᠭᠡᠷᠡᠴᠢ ᠬᠠᠩᠭᠠᠵᠤ᠂ ᠲᠤᠰ ᠪᠡᠶ᠎ᠡ ᠶᠢᠨ ᠢᠶᠠᠨ ᠬᠠᠤᠯᠢ ᠶᠣᠰᠣᠨ ᠤ ᠡᠷᠬᠡ ᠠᠰᠢᠭ ᠢᠶᠠᠨ ᠦᠨᠡᠨ ᠬᠦ ᠬᠠᠮᠠᠭᠠᠯᠠᠵᠦ ᠰᠤᠷᠬᠤ ᠶᠢ | ᠰᠠᠨᠠᠭᠤᠯᠤᠶ᠎ᠠ᠃ | ᠬᠦᠲᠦᠯᠦᠭᠴᠢ᠄ ᠬᠡᠷᠪᠡ ᠬᠡᠷᠡᠭᠯᠡᠭᠡᠨ ᠤ ᠵᠢᠭᠤᠷᠠᠯᠳᠤᠭᠠᠨ ᠡᠭᠦᠰᠪᠡᠯ᠂ ᠥᠷᠭᠡᠨ ᠣᠯᠠᠨ ᠬᠡᠷᠡᠭᠯᠡᠭᠴᠢᠳ ᠬᠡᠷᠬᠢᠨ | ᠰᠢᠶ᠋ᠳᠪᠦᠷᠢᠯᠡᠪᠡᠯ ᠵᠣᠬᠢᠬᠤ ᠪᠣᠯ︖ | ᠶᠠᠩ ᠯᠢᠨ᠄ ︽ᠬᠡᠷᠡᠭᠯᠡᠭᠴᠢᠳ ᠤᠨ ᠡᠷᠬᠡ ᠠᠰᠢᠭ ᠢ ᠬᠠᠮᠠᠭᠠᠯᠠᠬᠤ ᠬᠠᠤᠯᠢ︾ ᠶᠢᠨ ᠵᠢᠷᠭᠤᠳᠤᠭᠠᠷ ᠪᠦᠯᠦᠭ ᠤᠨ ᠭᠤᠴᠢ | ᠶᠢᠰᠦᠳᠦᠭᠡᠷ ᠵᠦᠢᠯ ᠳᠤ ᠲᠣᠳᠣᠷᠬᠠᠶ ᠲᠣᠭᠲᠠᠭᠠᠭᠰᠠᠨ ᠨᠢ᠂ ᠬᠡᠷᠡᠭᠯᠡᠭᠴᠢᠳ ᠪᠣᠯᠤᠨ ᠡᠵᠡᠩᠨᠡᠭᠴᠢᠳ ᠤᠨ ᠬᠤᠭᠤᠷᠣᠨᠳᠣ | ᠬᠡᠷᠡᠭᠯᠡᠭᠴᠢᠳ ᠤᠨ ᠡᠷᠬᠡ ᠠᠰᠢᠭ ᠤᠨ ᠲᠤᠬᠠᠶ ᠮᠠᠷᠭᠤᠯᠳᠤᠭᠠᠨ ᠡᠭᠦᠰᠪᠠᠯ᠂ ᠳᠣᠣᠷ᠎ᠠ ᠵᠢᠭᠰᠠᠭᠠᠭᠰᠠᠨ ᠠᠷᠭ᠎ᠠ ᠢᠶᠠᠷ | ᠰᠢᠶ᠋ᠳᠪᠦᠷᠢᠯᠡᠵᠦ ᠪᠣᠯᠤᠨ᠎ᠠ᠄ ︵ᠨᠢᠭᠡ︶ ᠡᠵᠡᠩᠨᠡᠭᠴᠢ ᠲᠠᠢ ᠵᠥᠪᠳᠡᠯᠴᠡᠨ ᠡᠶᠡᠳᠡᠬᠦ︔ ︵ᠬᠤᠶᠠᠷ︶ ᠬᠡᠷᠡᠭᠯᠡᠭᠴᠢᠳ ᠤᠨ | ᠨᠡᠶᠢᠭᠡᠮᠯᠢᠭ ᠪᠤᠶᠤ ᠬᠠᠤᠯᠢ ᠶᠣᠰᠣᠭᠠᠷ ᠪᠠᠶᠢᠭᠤᠯᠤᠭᠳᠠᠭᠰᠠᠨ ᠪᠤᠰᠤᠳ ᠵᠣᠬᠢᠴᠠᠭᠤᠯᠬᠤ ᠵᠣᠬᠢᠶᠠᠨ ᠪᠠᠶᠢᠭᠤᠯᠤᠯᠲᠠ ᠠᠴᠠ | ᠵᠣᠬᠢᠴᠠᠭᠤᠯᠬᠤ︔ ︵ᠭᠤᠷᠪᠠ︶ ᠬᠤᠯᠪᠣᠭᠳᠠᠯ ᠪᠦᠬᠦᠢ ᠵᠠᠰᠠᠭ ᠵᠠᠬᠢᠷᠭᠠᠨ ᠤ ᠰᠠᠯᠠᠭ᠎ᠠ ᠮᠥᠴᠢᠷ ︵ᠵᠢᠱᠢᠶᠡᠯᠡᠪᠡᠯ | ᠦᠶ᠋ᠯᠡᠳᠪᠦᠷᠢ ᠬᠤᠳᠠᠯᠳᠤᠭ᠎ᠠ᠂ ᠢᠳᠡᠭᠡᠨ ᠪᠠ ᠡᠮ ᠤᠨ ᠵᠦᠢᠯ᠂ ᠡᠷᠡᠭᠦᠯ ᠬᠠᠮᠠᠭᠠᠯᠠᠯ ᠤᠨ ᠰᠠᠯᠠᠭ᠎ᠠ ᠮᠥᠴᠢᠷ ᠵᠡᠷᠭᠡ︶ ᠲᠤ | ᠵᠠᠭᠠᠯᠳᠤᠬᠤ︔ ︵ᠳᠦᠷᠪᠡ︶ ᠡᠵᠡᠩᠨᠡᠭᠴᠢ ᠯᠦᠭᠡ ᠬᠡᠯᠡᠯᠴᠡᠨ ᠲᠣᠬᠢᠷᠠᠭᠰᠠᠨ ᠬᠥᠨᠳᠡᠯᠡᠨ ᠠᠴᠠ ᠲᠠᠰᠤᠯᠬᠤ ᠬᠡᠯᠡᠯᠴᠡᠭᠡᠷ ᠢᠶᠠᠨ | ᠦᠨᠳᠦᠰᠦᠯᠡᠵᠦ ᠬᠥᠨᠳᠡᠯᠡᠨ ᠠᠴᠠ ᠲᠠᠰᠤᠯᠬᠤ ᠪᠠᠶᠢᠭᠤᠯᠤᠮᠵᠢ ᠳᠤ ᠬᠥᠨᠳᠡᠯᠡᠨ ᠠᠴᠠ ᠲᠠᠰᠤᠯᠤᠭᠤᠯᠬᠤ ᠪᠠᠷ ᠭᠤᠶᠤᠴᠢᠯᠠᠬᠤ︔ | ︵ᠲᠠᠪᠤ︶ ᠠᠷᠠᠳ ᠤᠨ ᠰᠢᠭᠦᠬᠦ ᠬᠤᠷᠢᠶᠠᠨ ᠳᠤ ᠵᠠᠭᠠᠯᠳᠤᠬᠤ᠃ ᠡᠷᠬᠡ ᠠᠰᠢᠭ ᠲᠤ ᠬᠠᠯᠳᠠᠭᠰᠠᠨ ᠦᠢᠯᠡ ᠠᠵᠢᠯᠯᠠᠭ᠎ᠠ | ᠡᠭᠦᠰᠦᠭᠰᠡᠨ ᠤ ᠲᠠᠷᠠᠭ᠎ᠠ᠂ ᠬᠡᠷᠡᠭᠯᠡᠭᠴᠢᠳ ᠬᠠᠤᠯᠢ ᠴᠠᠭᠠᠵᠠ ᠶᠢ ᠵᠣᠷᠢᠭᠲᠠᠢ ᠪᠠᠷ ᠬᠡᠷᠡᠭᠯᠡᠵᠦ᠂ ᠥᠪᠡᠷ ᠤᠨ ᠬᠠᠤᠯᠢ ᠶᠣᠰᠣᠨ ᠤ | ᠡᠷᠬᠡ ᠠᠰᠢᠭ ᠢᠶᠠᠨ ᠬᠠᠮᠠᠭᠠᠯᠠᠬᠤ ᠶᠢᠨ ᠬᠠᠮᠲᠤ ᠬᠠᠤᠯᠢ ᠪᠤᠰᠤ ᠡᠵᠡᠩᠨᠡᠭᠴᠢᠳ ᠲᠤ ᠰᠢᠳᠭᠡᠯ ᠣᠯᠭᠤᠪᠠᠯ ᠵᠣᠬᠢᠨ᠎ᠠ᠃ | ᠬᠦᠲᠦᠯᠦᠭᠴᠢ᠄ ᠶᠠᠩ ᠲᠣᠪᠴᠢᠶᠠᠨ ᠳᠠᠷᠤᠭ᠎ᠠ ᠶᠢᠨ ᠬᠦᠯᠢᠴᠡᠩᠭᠦᠶ ᠪᠠᠷ ᠲᠠᠶᠢᠯᠤᠮᠵᠢ ᠬᠢᠭᠰᠡᠨ ᠳᠤ ᠮᠠᠰᠢ ᠲᠠᠯᠠᠷᠬᠠᠵᠤ | ᠪᠠᠶᠢᠨ᠎ᠠ᠃ ᠲᠣᠰ ᠬᠤᠭᠤᠴᠠᠭᠠᠨ ᠤ ᠰᠤᠷᠪᠤᠯᠵᠢᠯᠠᠭ᠎ᠠ ᠠᠳᠡ ᠭᠦᠷᠦᠭᠡᠳ ᠥᠨᠳᠥᠷᠯᠡᠯ᠎ᠡ᠂ ᠲᠠᠷᠠᠭᠠᠴᠢ ᠶᠢᠨ ᠫᠷᠤᠭ᠍ᠷᠠᠮ ᠳᠤ | ᠪᠠᠶᠠᠷᠲᠠᠶ ᠵᠣᠯᠭᠠᠶ᠎ᠠ︕ | | ᠢᠷᠡᠯᠲᠡ᠄ ᠦᠪᠦᠷ ᠮᠣᠩᠭᠤᠯ ᠤᠨ ᠵᠠᠰᠠᠭ ᠤᠨ ᠣᠷᠳᠤᠨ | |