ᠬᠤᠷᠴᠢᠨ ᠲᠣᠭᠤᠷᠢᠭ ᠤᠨ ᠠᠷᠠᠳ ᠤᠨ ᠵᠠᠰᠠᠭ ᠤᠨ ᠣᠷᠳᠤᠨ ᠤ ᠠᠯᠪᠠᠨ ᠭᠡᠷ ᠤᠨ ︽ᠬᠤᠷᠴᠢᠨ ᠲᠣᠭᠤᠷᠢᠭ ᠤᠨ ᠳᠠᠮᠠᠬᠢ ᠲᠠᠲᠠᠬᠤ ᠶᠢ ᠬᠢᠵᠠᠭᠠᠷᠯᠠᠬᠤ ᠲᠤᠬᠠᠢ ᠲᠤᠭᠳᠠᠭᠠᠯ︾ ᠢ ᠳᠠᠷᠤᠮᠠᠯᠯᠠᠨ ᠲᠠᠷᠬᠠᠭᠠᠬᠤ ᠲᠤᠬᠠᠢ ᠮᠡᠳᠡᠭᠳᠡᠯ
ᠨᠡᠶᠢᠲᠡᠯᠡᠭᠰᠡᠨ ᠴᠠᠭ᠄
2018-07-12
ᠡᠯ᠎ᠡ ᠰᠣᠮᠣ ᠪᠠᠯᠭᠠᠰᠣ ᠶᠢᠨ ᠠᠷᠠᠳ ᠤᠨ ᠵᠠᠰᠠᠭ ᠤᠨ ᠣᠷᠳᠤᠨ᠂ ᠤᠯᠤᠰ ᠤᠨ ᠦᠮᠴᠢᠯᠠᠯ ᠤᠨ ᠲᠠᠷᠢᠶᠠᠯᠠᠩ ᠮᠠᠯᠵᠢᠯ ᠤᠨ ᠲᠠᠯᠠᠪᠠᠢ᠂ ᠡᠯ᠎ᠡ ᠵᠡᠭᠡᠯᠢ ᠭᠤᠳᠤᠮᠵᠢ ᠶᠢᠨ ᠬᠡᠷᠡᠭ ᠡᠷᠬᠢᠯᠡᠬᠦ ᠭᠠᠵᠠᠷ᠂ ᠲᠣᠭᠤᠷᠢᠭ ᠤᠨ ᠵᠠᠰᠠᠭ ᠤᠨ ᠣᠷᠳᠤᠨ ᠤ ᠬᠠᠷᠢᠶ᠎ᠠ ᠲᠣᠪᠴᠢᠶ᠎ᠠ᠂ ᠰᠠᠯᠪᠤᠷᠢ᠂ ᠡᠯ᠎ᠡ ᠪᠠᠶᠢᠭᠤᠯᠭ᠎ᠠ ᠨᠢᠬᠡᠴᠢ᠄      ᠡᠳᠦᠭᠡ ︽ᠬᠤᠷᠴᠢᠨ ᠲᠤᠭᠤᠷᠢᠭ ᠳᠠᠮᠠᠬᠢ ᠲᠠᠲᠠᠬᠤ ᠶᠢ ᠬᠢᠵᠠᠭᠠᠷᠯᠠᠬᠤ ᠲᠤᠬᠠᠢ ᠲᠤᠭᠳᠠᠭᠠᠯ︾ ᠢ ᠲᠠᠨᠠᠷ ᠲᠤ ᠳᠠᠷᠤᠮᠠᠯᠯᠠᠨ ᠶᠠᠪᠤᠭᠤᠯᠤᠯ᠎ᠠ᠂ ᠪᠣᠳᠠᠳᠤ ᠪᠠᠶᠢᠳᠠᠯ ᠯᠤᠭ᠎ᠠ ᠤᠶᠠᠯᠳᠤᠭᠤᠯᠤᠨ ᠬᠢᠨᠠᠮᠠᠭᠠᠢ ᠲᠣᠣᠱᠠᠯᠠᠭᠤᠯᠣᠨ ᠨᠠᠶᠢᠳᠠᠪᠤᠷᠢᠵᠢᠭᠤᠯᠬᠤ ᠶᠢ ᠬᠦᠰᠡᠶ᠎ᠡ᠃2018 ᠣᠨ ᠤ 5 ᠰᠠᠷ᠎ᠠ ᠶᠢᠨ 31 ᠤ ᠡᠳᠦᠷ                                    ᠬᠤᠷᠴᠢᠨ ᠲᠤᠭᠤᠷᠢᠭ ᠤᠨ ᠳᠠᠮᠠᠬᠢ ᠲᠠᠲᠠᠬᠤ ᠶᠢ ᠬᠢᠵᠠᠭᠠᠷᠯᠠᠬᠤ ᠲᠤᠬᠠᠢ ᠲᠣᠭᠲᠠᠭᠠᠯ      ᠨᠢᠭᠡᠳᠦᠭᠡᠷ ᠵᠦᠢᠯ   ᠣᠯᠠᠨ ᠨᠡᠶᠢᠲᠡ ᠶᠢᠨ ᠡᠷᠡᠭᠦᠯ ᠮᠡᠨᠳᠦ ᠶᠢᠨ ᠡᠷᠬᠡ ᠠᠰᠢᠭ ᠢ ᠬᠠᠮᠠᠭᠠᠯᠠᠬᠤ ᠶᠢᠨ ᠲᠦᠯᠦᠭᠡ ᠂ ᠡᠷᠡᠭᠦᠯ ᠮᠡᠨᠳᠦ ᠰᠠᠶᠢᠨ ᠰᠠᠶᠢᠬᠠᠨ ᠨᠡᠶᠢᠲᠡ ᠶᠢᠨ ᠣᠷᠴᠢᠨ ᠲᠣᠭᠤᠷᠢᠨ ᠢ ᠪᠠᠶᠢᠭᠤᠯᠵᠤ᠂ ᠰᠠᠭᠤᠭᠠᠯᠢ ᠠᠷᠠᠳ ᠤᠨ ᠡᠷᠡᠭᠦᠯ ᠮᠡᠨᠳᠦ ᠶᠢᠨ ᠬᠡᠪ ᠪᠣᠯᠪᠠᠰᠤᠷᠠᠯ ᠪᠣᠯᠤᠨ ᠬᠤᠲᠠ ᠶᠢᠨ ᠪᠣᠯᠪᠠᠰᠤᠨ ᠤ ᠬᠡᠮᠵᠢᠶ᠎ᠡ ᠶᠢ ᠳᠡᠭᠡᠭᠰᠢᠯᠡᠭᠦᠯᠵᠦ᠂ ᠳᠠᠮᠠᠬᠢ ᠲᠠᠲᠠᠬᠤ ᠶᠢᠨ ᠣᠯᠠᠨ ᠲᠦᠮᠡᠨ ᠳᠤ ᠤᠴᠠᠷᠠᠭᠤᠯᠤᠭᠰᠠᠨ ᠬᠤᠣᠷ ᠬᠦᠨᠦᠭᠡᠯ ᠢ ᠴᠢᠷᠮᠠᠶᠢᠨ ᠪᠠᠭᠠᠰᠬᠠᠵᠤ᠂ ᠬᠤᠯᠪᠤᠭᠳᠠᠯ ᠪᠦᠬᠦᠢ ᠲᠥᠷᠢᠮ ᠲᠣᠭᠳᠠᠭᠠᠯ᠂ ᠵᠠᠰᠠᠭ ᠵᠠᠬᠢᠷᠭᠠᠨ ᠤ ᠬᠠᠤᠯᠢ ᠲᠤᠭᠲᠠᠭᠠᠯ ᠢ ᠦᠨᠳᠦᠰᠦᠯᠡᠨ ᠮᠠᠨ ᠤ ᠲᠣᠭᠤᠷᠢᠭ ᠤᠨ ᠪᠣᠲᠠᠲᠠᠢ ᠲᠠᠢ ᠤᠶᠠᠯᠳᠤᠭᠤᠯᠤᠨ ᠲᠤᠰ ᠲᠤᠭᠲᠠᠭᠠᠯ ᠢ ᠲᠣᠭᠲᠠᠭᠠᠪᠠ᠃      ᠬᠤᠶᠠᠳᠤᠭᠠᠷ ᠵᠦᠢᠯ   ᠲᠤᠰ ᠲᠤᠭᠲᠠᠭᠠᠯ ᠶᠢᠨ ᠬᠡᠷᠡᠭᠵᠢᠭᠦᠯᠦᠭᠳᠡᠭᠦ ᠬᠡᠪᠴᠢᠶ᠎ᠡ ᠭᠡᠪᠡᠯ ᠬᠤᠷᠴᠢᠨ ᠲᠣᠭᠤᠷᠢᠭ ᠤᠨ ᠵᠠᠰᠠᠭ ᠵᠠᠬᠢᠷᠭᠠᠨ ᠤ ᠣᠷᠤᠨ ᠤ ᠳᠣᠲᠤᠷ᠎ᠠ ᠳᠠᠮᠠᠬᠢ ᠲᠠᠲᠠᠬᠤ ᠶᠢ ᠬᠢᠵᠠᠭᠠᠷᠯᠠᠬᠤ ᠪᠣᠯᠣᠨ᠎ᠠ᠃ ᠳᠠᠮᠠᠬᠢ ᠲᠠᠲᠠᠬᠤ ᠨᠢ ᠣᠯᠠᠨ ᠨᠡᠶᠢᠲᠡ ᠶᠢᠨ ᠠᠮᠤᠷ ᠲᠦᠪᠰᠢᠨ ᠳᠤ ᠬᠤᠣᠷ ᠬᠦᠨᠦᠭᠡᠯ ᠤᠴᠠᠷᠠᠭᠤᠯᠵᠤ ᠮᠡᠳᠡᠬᠦ ᠣᠴᠢᠷ ᠠᠴᠠ ᠬᠠᠮᠢᠶ᠎ᠠ ᠪᠦᠬᠦᠢ ᠬᠠᠤᠯᠢ ᠴᠠᠭᠠᠵᠠ ᠬᠠᠤᠯᠢ ᠲᠤᠭᠳᠠᠭᠠᠯ ᠢ ᠬᠡᠷᠡᠭᠵᠢᠭᠦᠯᠬᠦ ᠬᠡᠷᠡᠭᠲᠡᠢ᠃ ᠲᠤᠭᠲᠠᠭᠠᠯ ᠳᠤ ᠬᠡᠯᠡᠵᠦ ᠪᠠᠶᠢᠭ᠎ᠠ ᠳᠠᠮᠠᠬᠢ ᠲᠠᠲᠠᠬᠤ ᠶᠢ ᠬᠢᠵᠠᠭᠠᠷᠯᠠᠬᠤ ᠠᠷᠭ᠎ᠠ ᠭᠡᠳᠡᠭ ᠨᠢ ᠪᠦᠳᠦᠮᠵᠢᠲᠡᠢ ᠠᠷᠭ᠎ᠠ ᠬᠡᠮᠵᠢᠶ᠎ᠡ ᠠᠪᠴᠦ ᠪᠠᠶᠢᠭᠠᠳ ᠴᠡᠭᠡᠷ ᠲᠠᠢ ᠭᠠᠵᠠᠷ ᠲᠤ ᠳᠠᠮᠠᠬᠢ ᠲᠠᠲᠠᠬᠤ ᠶᠢ ᠬᠢᠵᠠᠭᠠᠷᠯᠠᠬᠤ ᠬᠡᠷᠡᠭᠲᠡᠢ᠃      ᠭᠤᠷᠪᠠᠳᠤᠭᠠᠷ ᠵᠦᠢᠯ   ᠳᠠᠮᠠᠬᠢ ᠲᠠᠲᠠᠬᠤ ᠶᠢ ᠬᠢᠵᠠᠭᠠᠷᠯᠠᠬᠤ ᠠᠵᠢᠯ ᠢ ᠵᠠᠰᠠᠭ ᠤᠨ ᠣᠷᠳᠤᠨ ᠬᠢᠭᠡᠳ ᠨᠡᠶᠢᠭᠡᠮ ᠨᠡᠶᠢᠲᠡ ᠬᠠᠮᠲᠤ ᠪᠠᠷ ᠵᠠᠰᠠᠬᠤ᠂ ᠬᠠᠮᠢᠶᠠᠷᠤᠯᠲᠠ ᠪᠠ ᠪᠡᠶ᠎ᠡ ᠪᠠᠨ ᠪᠠᠷᠢᠬᠤ ᠶᠢ ᠣᠶᠠᠯᠳᠤᠭᠤᠯᠬᠤ ᠶᠢ ᠪᠠᠷᠢᠮᠳᠠᠯᠠᠵᠤ᠂ ᠵᠠᠰᠠᠭ ᠤᠨ ᠣᠷᠳᠤᠨ ᠠᠴᠠ  ᠬᠠᠮᠢᠶᠠᠷᠣᠬᠤ᠂ ᠨᠢᠭᠡᠴᠢ ᠬᠠᠷᠢᠭᠤᠴᠠᠬᠤ᠂ ᠬᠤᠪᠢ ᠬᠦᠮᠦᠨ ᠤ ᠬᠠᠤᠯᠢ ᠶᠢ ᠰᠠᠬᠢᠬᠤ᠂ ᠨᠡᠶᠢᠭᠡᠮ ᠤᠨ ᠬᠢᠨᠠᠯᠲᠠ ᠶᠢ ᠬᠦᠯᠢᠶᠡᠬᠦ  ᠵᠠᠷᠴᠢᠮ ᠢ ᠬᠡᠷᠡᠭᠵᠢᠭᠦᠯᠦᠨ᠎ᠡ᠃     ᠳᠦᠷᠪᠡᠳᠦᠭᠡᠷ ᠵᠦᠢᠯ   ᠳᠠᠮᠠᠬᠢ ᠲᠠᠲᠠᠬᠤ ᠶᠢ ᠬᠢᠵᠠᠭᠠᠷᠯᠠᠬᠤ ᠠᠵᠢᠯ ᠨᠢ ᠬᠤᠷᠴᠢᠨ ᠲᠣᠭᠤᠷᠢᠭ ᠤᠨ ᠠᠷᠠᠳ ᠤᠨ ᠵᠠᠰᠠᠭ ᠤᠨ ᠣᠷᠳᠤᠨ ᠤ ᠤᠳᠤᠷᠢᠳᠤᠯᠭ᠎ᠠ ᠶᠢᠨ ᠳᠣᠣᠷ᠎ᠠ ᠦᠷᠨᠢᠭᠦᠯᠵᠦ ᠪᠠᠶᠢᠭ᠎ᠠ ᠶᠤᠮ᠃ ᠳᠠᠮᠠᠬᠢ ᠲᠠᠲᠠᠬᠤ ᠶᠢ ᠬᠢᠵᠠᠭᠠᠷᠯᠠᠬᠤ ᠠᠵᠢᠯ ᠨᠢ ᠤᠯᠤᠰ ᠠᠷᠠᠳ ᠤᠨ ᠠᠵᠦ ᠠᠬᠤᠢ ᠪᠠ ᠨᠡᠶᠢᠭᠡᠮ ᠤᠨ ᠬᠦᠭᠵᠢᠯᠲᠡ ᠶᠢᠨ ᠲᠦᠯᠦᠪᠵᠢᠭᠦᠯᠭᠡ᠂ ᠳᠠᠮᠠᠬᠢ ᠲᠠᠲᠠᠬᠤ ᠶᠢ ᠬᠢᠵᠠᠭᠠᠷᠯᠠᠬᠤ ᠠᠵᠢᠯ ᠢ ᠪᠠᠳᠤᠯᠠᠬᠤ ᠡᠳ᠋ ᠤᠨ ᠵᠠᠰᠠᠭ ᠤᠨ ᠣᠷᠤᠭᠤᠯᠤᠯᠲᠠ᠂ ᠳᠠᠮᠠᠬᠢ ᠲᠠᠲᠠᠬᠤ ᠶᠢ ᠬᠢᠵᠠᠭᠠᠷᠯᠠᠬᠤ ᠠᠵᠢᠯ ᠤᠨ ᠰᠢᠰᠲ᠋ᠧᠮ ᠤᠨ ᠪᠠᠶᠢᠭᠤᠯᠤᠯᠲᠠ ᠶᠢ ᠲᠦᠯᠬᠢᠨ ᠠᠬᠢᠭᠤᠯᠬᠤ ᠶᠣᠮ᠃      ᠲᠠᠪᠤᠳᠤᠭᠠᠷ ᠵᠦᠢᠯ    ᠲᠣᠭᠤᠷᠢᠭ ‍ᠣᠨ‌ᠤᠯᠤᠰ ᠢᠶᠠᠨ ᠬᠠᠶᠢᠷᠠᠯᠠᠬᠤ ᠡᠷᠡᠭᠦᠯ ᠬᠠᠮᠠᠭᠠᠯᠠᠯ ᠤᠨ ᠬᠦᠳᠡᠯᠭᠡᠭᠡᠨ ᠤ ᠺᠣᠮᠢᠰ ᠤᠨ ᠠᠯᠪᠠᠨ ᠭᠡᠷ ᠠᠴᠠ ᠲᠣᠰ ᠣᠳᠠᠭᠠᠨ  ᠤ ᠬᠦᠳᠡᠯᠭᠡᠭᠡᠨ  ᠢ ᠬᠠᠷᠢᠭᠤᠴᠠᠨ ᠵᠣᠬᠢᠶᠠᠨ ᠪᠠᠶᠢᠭᠤᠯᠬᠤ᠂ ᠵᠣᠬᠢᠴᠠᠭᠤᠯᠬᠤ᠂ ᠬᠤᠯᠪᠤᠭᠳᠠᠯ ᠪᠦᠬᠦᠢ ᠵᠠᠰᠠᠭ ᠵᠠᠬᠢᠷᠭᠠᠨ ᠤ ᠰᠠᠯᠠᠭ᠎ᠠ ᠮᠦᠴᠢᠷ ᠤᠨ ᠳᠠᠮᠠᠬᠢ ᠲᠠᠲᠠᠬᠤ ᠶᠢ ᠬᠢᠵᠠᠭᠠᠷᠯᠠᠬᠤ ᠠᠵᠢᠯ ᠢ ᠵᠢᠯᠤᠭᠤᠳᠬᠤ᠂ ᠨᠡᠶᠢᠭᠡᠮ ᠤᠨ ᠵᠣᠬᠢᠶᠠᠨ ᠪᠠᠶᠢᠭᠤᠯᠤᠯᠲᠠ ᠪᠠ ᠬᠤᠪᠢ ᠬᠦᠮᠦᠨ ᠤ ᠳᠠᠮᠠᠬᠢ ᠲᠠᠲᠠᠬᠤ ᠶᠢ ᠬᠢᠵᠠᠭᠠᠷᠠᠯᠠᠬᠤ ᠳᠤ ᠨᠡᠶᠢᠭᠡᠮ ᠨᠡᠶᠢᠳᠡ ᠠᠴᠠ ᠬᠢᠨᠠᠯᠲᠠ ᠲᠠᠯᠪᠢᠬᠤ ᠶᠢ ᠵᠣᠬᠢᠶᠠᠨ ᠪᠠᠶᠢᠭᠤᠯᠵᠤ᠂᠂ ᠳᠠᠮᠠᠬᠢ ᠲᠠᠲᠠᠬᠤ ᠶᠢ ᠬᠢᠵᠠᠭᠠᠷᠯᠠᠬᠤ ᠠᠵᠢᠯ ᠤᠨ ᠤᠬᠠᠭᠤᠯᠭ᠎ᠠ ᠶᠢᠨ ᠬᠦᠮᠦᠵᠢᠯ ᠤᠨ ᠪᠣᠯᠪᠠᠰᠤᠷᠠᠭᠤᠯᠤᠯ ᠢ ᠦᠷᠨᠢᠭᠦᠯᠵᠦ᠂ ᠡᠯ᠎ᠡ ᠨᠢᠭᠡᠴᠢ ᠶᠢᠨ ᠳᠠᠮᠠᠬᠢ ᠲᠠᠲᠠᠬᠤ ᠶᠢ ᠬᠢᠵᠠᠭᠠᠷᠯᠠᠬᠤ ᠠᠵᠢᠯ ᠢ ᠬᠠᠮᠲᠤ ᠪᠠᠷ ᠳᠣᠭᠲᠠᠮᠠᠯ ᠬᠤᠭᠤᠴᠠᠭ᠎ᠠ ᠲᠠᠢ ᠪᠠᠷ ᠨᠡᠶᠢᠭᠡᠮ ᠨᠡᠶᠢᠲᠡ ᠳᠤ ᠨᠡᠶᠢᠳᠡᠯᠡᠵᠦ᠂ ᠳᠠᠮᠠᠬᠢ ᠲᠠᠲᠠᠬᠤ ᠶᠢ ᠬᠢᠵᠠᠭᠠᠷᠠᠯᠠᠬᠤ ᠠᠵᠢᠯ ᠤᠨ ᠲᠤᠮᠳᠠ ᠳᠣᠪᠤᠶᠢᠮ᠎ᠠ ᠬᠤᠪᠢ ᠨᠡᠮᠡᠷᠢ ᠦᠵᠡᠭᠦᠯᠦᠭᠰᠡᠨ ᠨᠢᠭᠡᠴᠢ ᠪᠣᠯᠤᠨ ᠬᠤᠪᠢ ᠬᠦᠮᠦᠨ ᠢ ᠬᠦᠬᠢᠭᠦᠯᠦᠨ ᠰᠠᠶᠢᠰᠢᠶᠠᠨ᠎ᠠ᠃      ᠵᠢᠷᠭᠤᠳᠤᠭᠠᠷ ᠵᠦᠢᠯ   ᠲᠣᠭᠤᠷᠢᠭ ᠤᠨ ᠡᠷᠡᠭᠦᠯ ᠬᠠᠮᠠᠭᠠᠯᠠᠯ ᠤᠨ ᠰᠠᠯᠠᠭ᠎ᠠ ᠮᠦᠴᠢᠷ ᠪᠤᠯ ᠳᠠᠮᠠᠬᠢ ᠲᠠᠲᠠᠬᠤ ᠶᠢ ᠬᠢᠵᠠᠭᠠᠷᠠᠯᠠᠬᠤ ᠠᠵᠢᠯ ᠤᠨ ᠭᠤᠣᠯ ᠬᠠᠷᠢᠭᠤᠴᠠᠬᠤ ᠰᠠᠯᠠᠭ᠎ᠠ ᠮᠦᠴᠢᠷ ᠪᠠᠶᠢᠵᠤ᠂ ᠳᠠᠮᠠᠬᠢ ᠲᠠᠲᠠᠬᠤ ᠶᠢ ᠬᠢᠵᠠᠭᠠᠷᠠᠯᠠᠬᠤ ᠠᠵᠢᠯ ᠢ ᠬᠠᠷᠢᠭᠤᠴᠠᠨ ᠵᠣᠬᠢᠶᠠᠨ ᠪᠠᠶᠢᠭᠤᠯᠵᠤ᠂ ᠳᠠᠮᠠᠬᠢ ᠲᠠᠲᠠᠬᠤ ᠶᠢ ᠬᠢᠵᠠᠭᠠᠷᠠᠯᠠᠬᠤ ᠲᠦᠷᠤ ᠶᠢᠨ ᠪᠣᠳᠤᠯᠭ᠎ᠠ ᠲᠣᠭᠲᠠᠭᠠᠵᠤ᠂ ᠳᠠᠮᠠᠬᠢ ᠲᠠᠲᠠᠬᠤ ᠶᠢ ᠬᠢᠵᠠᠭᠠᠷᠯᠠᠬᠤ ᠠᠵᠢᠯ ᠳᠤ ᠬᠢᠨᠠᠯᠳᠠ ᠲᠠᠯᠪᠢᠵᠦ᠂ ᠬᠠᠤᠯᠢ ᠶᠢ ᠵᠦᠷᠢᠴᠡᠨ ᠳᠠᠮᠠᠬᠢ ᠲᠠᠲᠠᠬᠤ ᠶᠢ ᠢᠯᠡᠴᠢᠯᠡᠨ ᠵᠠᠭᠠᠯᠳᠤᠬᠤ ᠬᠡᠷᠡᠭ ᠢ ᠬᠦᠯᠢᠶᠡᠨ ᠠᠪᠴᠣ᠂ ᠰᠢᠢᠳᠪᠦᠷᠢᠯᠡᠬᠦ ᠶᠢᠨ ᠬᠠᠮᠳᠤ ᠪᠠᠶᠢᠴᠠᠭᠠᠨ ᠰᠢᠢᠳᠪᠦᠷᠢᠯᠡᠭᠰᠡᠨ ᠪᠠᠶᠢᠳᠠᠯ ᠢ ᠲᠣᠭᠳᠠᠭᠰᠠᠨ ᠬᠤᠭᠤᠴᠠᠭᠠᠨ  ᠳᠤ ᠨᠡᠶᠢᠭᠡᠮ ᠨᠡᠶᠢᠳᠡ  ᠳᠤ ᠨᠡᠶᠢᠳᠡᠯᠡᠬᠦ ᠬᠡᠷᠡᠭᠲᠡᠢ᠃ ᠲᠣᠭᠤᠷᠢᠭ  ᠤᠨ ᠡᠷᠡᠭᠦᠯ ᠬᠠᠮᠠᠭᠠᠯᠠᠯ ᠤᠨ ᠲᠤᠪᠴᠢᠶ᠎ᠡ᠂ ᠰᠣᠷᠭᠠᠨ ᠬᠦᠮᠦᠵᠢᠯ ᠪᠣᠯᠤᠨ ᠪᠡᠶ᠎ᠡ ᠲᠠᠮᠢᠷ  ᠤᠨ ᠲᠣᠪᠴᠢᠶ᠎ᠠ᠂ ᠰᠣᠶᠤᠯ ᠷᠠᠳᠢᠣ᠋ ᠨᠡᠪᠳᠡᠷᠡᠭᠦᠯᠭᠡ ᠂ ᠵᠢᠭᠤᠯᠴᠢᠯᠠᠬᠤ᠂ ᠦᠢᠯᠡᠳᠪᠦᠷᠢ ᠬᠤᠳᠠᠯᠳᠤᠭ᠎ᠠ᠂ ᠢᠳᠡᠭᠡᠨ ᠡᠮ᠂ ᠶᠡᠷᠦᠩᠭᠡᠶᠢᠯᠡᠭᠰᠡᠨ ᠬᠠᠤᠯᠢ ᠬᠡᠷᠡᠭᠵᠢᠭᠦᠯᠬᠦ᠂ ᠴᠡᠴᠡᠷᠯᠢᠭ᠂ ᠵᠠᠮ ᠬᠠᠷᠢᠯᠴᠠᠭ᠎ᠠ᠂ ᠳᠤᠲᠤᠭᠠᠳᠤ ᠶᠢ ᠬᠠᠮᠠᠭᠠᠯᠠᠬᠤ᠂ ᠲᠤᠰᠬᠠᠢ ᠳᠠᠮᠠᠬᠢ ᠬᠤᠳᠠᠯᠳᠣᠬᠤ ᠭᠠᠵᠠᠷ ᠵᠡᠷᠭᠡ ᠬᠤᠯᠪᠣᠭᠳᠠᠯ ᠪᠦᠬᠦᠢ ᠰᠠᠯᠠᠭ᠎ᠠ ᠮᠦᠴᠢᠷ ᠲᠤᠰ ᠲᠤᠰ ᠤᠨ ᠢᠶᠠᠨ ᠲᠤᠰᠢᠶᠠᠯ ᠬᠠᠷᠢᠭᠤᠴᠠᠯᠭ᠎ᠠ ᠶᠢᠨ ᠶᠤᠰᠤᠭᠠᠷ ᠲᠣᠰ ᠠᠵᠢᠯ ᠳᠦᠷᠦᠯ ᠤᠨ ᠬᠠᠷᠢᠶ᠎ᠠ ᠳᠣᠲᠤᠷ᠎ᠠ ᠳᠠᠮᠠᠬᠢ ᠲᠡᠲᠡᠬᠤ ᠶᠢ ᠬᠢᠵᠠᠭᠠᠷᠯᠠᠬᠤ ᠠᠵᠢᠯ ᠳᠤ ᠬᠢᠨᠠᠯᠲᠠ ᠲᠠᠯᠪᠢᠨ ᠬᠠᠮᠢᠶᠠᠷᠴᠤ᠂ ᠣᠬᠠᠭᠤᠯᠣᠯ ᠪᠣᠯᠪᠠᠰᠣᠷᠠᠭᠤᠯᠣᠯ  ᠤᠨ ᠠᠵᠢᠯ  ᠢ ᠬᠢᠨ᠎ᠡ᠃      ᠳᠣᠯᠤᠳᠤᠭᠠᠷ ᠵᠦᠢᠯ   ᠡᠯ᠎ᠡ ᠰᠣᠮᠣ ᠪᠠᠯᠭᠠᠰᠤ᠂ ᠵᠡᠭᠡᠯᠢ ᠭᠤᠳᠤᠮᠵᠢ ᠶᠢ ᠬᠠᠷᠢᠶ᠎ᠠ ᠭᠠᠵᠠᠷ ᠲᠤᠨᠢ ᠬᠠᠮᠢᠶᠠᠷᠤᠭᠤᠯᠬᠤ ᠵᠠᠷᠴᠢᠮ ᠤᠨ ᠶᠣᠰᠤᠭᠠᠷ ᠲᠤᠰ ᠬᠠᠷᠢᠶ᠎ᠠ ᠶᠢᠨ ᠣᠷᠤᠨ ᠤ ᠳᠣᠲᠤᠷᠠᠬᠢ ᠳᠠᠮᠠᠬᠢ ᠲᠠᠲᠠᠬᠤ ᠶᠢ ᠬᠢᠵᠠᠭᠠᠷᠯᠠᠬᠤ ᠠᠵᠢᠯ ᠢ ᠰᠠᠶᠢᠳᠤᠷ ᠬᠢᠬᠦ ᠬᠡᠷᠡᠭᠲᠡᠢ᠃      ᠨᠠᠢᠮᠠᠳᠤᠭᠠᠷ ᠵᠦᠢᠯ   ᠳᠠᠮᠠᠬᠢ ᠲᠠᠲᠠᠬᠤ ᠶᠢ ᠬᠢᠵᠠᠭᠠᠷᠯᠠᠬᠤ ᠠᠵᠢᠯ ᠢ ᠪᠦᠬᠦ ᠣᠷᠤᠨ ᠤ ᠣᠯᠠᠨ ᠲᠦᠮᠡᠨᠴᠢ ᠴᠢᠨᠠᠷᠲᠠᠢ ᠤᠶᠤᠨ ᠤ ᠪᠤᠯᠪᠠᠰᠤᠨ ᠢ ᠡᠭᠦᠳᠤᠨ ᠪᠠᠶᠢᠭᠤᠯᠬᠤ ᠠᠵᠢᠯᠯᠠᠭ᠎ᠠ ᠳᠤ ᠣᠷᠤᠭᠤᠯᠤᠨ᠎ᠠ᠃ ᠡᠯ ᠎ᠡ ᠬᠠᠮᠢᠶ᠎ᠠ ᠪᠦᠬᠦᠢ ᠪᠠᠶᠢᠭᠤᠯᠭ᠎ᠠ ᠨᠢᠭᠡᠴᠢ  ᠠᠴᠠ ᠷᠠᠳᠢᠣ᠋ ᠨᠡᠪᠳᠡᠷᠡᠭᠦᠯᠭᠡ᠂ ᠲᠧᠯᠸᠢᠰ᠂ ᠰᠣᠨᠢᠨ᠂ ᠲᠣᠣᠷ ᠰᠦᠯᠵᠢᠶ᠎ᠡ ᠵᠡᠷᠭᠡ ᠰᠢᠨ᠎ᠡ ᠰᠣᠨᠢᠨ ᠮᠡᠳᠡᠭᠡᠨ ᠤ ᠵᠠᠭᠤᠴᠢᠯᠠᠭᠤᠷ ᠢᠶᠠᠷ ᠳᠠᠮᠵᠢᠨ ᠳᠠᠮᠠᠬᠢ ᠲᠠᠲᠠᠬᠤ ᠶᠢ ᠬᠢᠵᠠᠭᠠᠷᠯᠠᠬᠤ ᠲᠤᠬᠠᠢ ᠤᠬᠠᠭᠤᠯᠭ᠎ᠠ ᠶᠢ ᠦᠷᠨᠢᠭᠦᠯᠵᠦ᠂ ᠶᠠᠷᠢᠶ᠎ᠠ ᠬᠡᠯᠡᠯᠴᠡᠭᠡ ᠪᠠᠷ ᠬᠢᠨᠠᠯᠲᠠ ᠲᠠᠯᠪᠢᠬᠤ ᠶᠢ ᠴᠢᠩᠭᠠᠳᠬᠠᠬᠤ ᠬᠡᠷᠡᠭᠲᠡᠢ᠃      ᠶᠢᠰᠦᠳᠦᠭᠡᠷ ᠵᠦᠢᠯ   ᠬᠠᠷᠢᠶ᠎ᠠ ᠣᠷᠤᠨ ᠤ ᠬᠦᠷᠢᠶ᠎ᠡ ᠬᠡᠪᠴᠢᠶᠠᠨ ᠤ ᠭᠡᠷ ᠳᠣᠲᠤᠷᠠᠬᠢ ᠠᠵᠢᠯᠯᠠᠬᠤ ᠭᠠᠵᠠᠷ ᠲᠤ ᠂ ᠣᠯᠠᠨ ᠨᠡᠶᠢᠲᠡ ᠶᠢᠨ ᠲᠠᠯᠠᠪᠣᠷ ᠭᠠᠵᠠᠷ ᠪᠠ ᠣᠯᠠᠨ ᠨᠡᠶᠢᠲᠡ ᠶᠢᠨ ᠵᠠᠮ ᠬᠠᠷᠢᠯᠴᠠᠭᠠᠨ ᠤ ᠪᠠᠭᠠᠵᠢ ᠳᠤ ᠳᠠᠮᠠᠬᠢ ᠲᠠᠲᠠᠬᠤ ᠶᠢ ᠬᠢᠵᠠᠭᠠᠷᠯᠠᠨ᠎ᠠ᠂ ᠭᠡᠪᠡᠴᠦ ᠲᠣᠰ ᠲᠣᠭᠳᠠᠭᠠᠯ ᠳᠠᠬᠢ ᠠᠷᠪᠠᠨ ᠨᠢᠭᠡᠳᠦᠭᠡᠷ ᠵᠦᠢᠯ ᠳᠤ ᠲᠣᠭᠲᠠᠭᠠᠭᠰᠠᠨ ᠠᠭᠤᠯᠭ᠎ᠠ ᠡᠭᠦᠨ ᠳᠤ ᠪᠠᠭᠲᠠᠬᠤ ᠦᠭᠡᠢ᠃      ᠠᠷᠪᠠᠳᠤᠭᠠᠷ ᠵᠦᠢᠯ   ᠳᠣᠣᠷ᠎ᠠ ᠵᠢᠭᠰᠠᠭᠠᠭᠰᠠᠨ ᠭᠡᠷ ᠤᠨ ᠭᠠᠳᠠᠨᠠᠬᠢ ᠲᠠᠯᠠᠪᠤᠷ ᠲᠤ ᠳᠠᠮᠠᠬᠢ ᠲᠠᠲᠠᠵᠤ ᠪᠣᠯᠬᠤ ᠦᠭᠡᠢ᠄        ︵ᠨᠢᠭᠡ︶  ᠨᠠᠰᠤᠨ ᠳᠤ ᠦᠯᠦ ᠬᠦᠷᠦᠭᠰᠡᠳ ᠤᠨ ᠵᠢᠭᠠᠨ ᠰᠤᠷᠭᠠᠯᠲᠠ ᠪᠣᠯᠤᠨ ᠬᠦᠳᠡᠯᠭᠡᠭᠡᠨ ᠬᠢᠬᠦ  ᠳᠤ ᠵᠣᠷᠢᠭᠤᠯᠣᠭᠰᠠᠨ ᠭᠡᠷ  ᠤᠨ ᠭᠠᠳᠠᠨᠠᠬᠢ ᠲᠠᠯᠠᠪᠣᠷ᠃        ︵ᠬᠤᠶᠠᠷ︶  ︵ᠨᠢᠭᠡ︶ ᠳ᠋ᠦ᠋ᠭᠡᠷ ᠵᠦᠢᠯ ᠵᠣᠷᠪᠤᠰ ᠤᠨ ᠲᠣᠭᠲᠠᠭᠠᠯ ᠠᠴᠠ ᠭᠠᠳᠠᠨᠠᠬᠢ ᠰᠤᠷᠭᠠᠭᠤᠯᠢ᠂ ᠪᠣᠯᠪᠠᠰᠤᠷᠠᠭᠤᠯᠤᠯ ᠤᠨ ᠪᠠᠶᠢᠭᠤᠯᠤᠮᠵᠢ ᠶᠢᠨ ᠭᠡᠷ ᠤᠨ ᠭᠠᠳᠠᠨᠠᠬᠢ ᠵᠢᠭᠠᠨ ᠰᠣᠷᠭᠠᠯᠲᠠ ᠶᠢᠨ ᠭᠠᠵᠠᠷ᠃        ︵ᠭᠤᠷᠪᠠ︶   ᠵᠢᠷᠮᠦᠰᠦᠨ ᠡᠮᠡᠭᠲᠡᠢ᠂ ᠬᠡᠤᠬᠡᠳ ᠲᠤ ᠦᠢᠯᠡᠴᠢᠯᠡᠭᠡ ᠬᠠᠩᠭᠠᠵᠤ ᠪᠠᠶᠢᠭ᠎ᠠ ᠴᠡᠴᠡᠷᠯᠢᠭ᠂ ᠡᠮ ᠡᠮᠨᠡᠯᠭᠡ ᠡᠷᠡᠭᠦᠯ ᠬᠠᠮᠠᠭᠠᠯᠠᠯ ᠤᠨ ᠪᠠᠶᠢᠭᠤᠯᠤᠮᠵᠢ᠂ ᠨᠡᠶᠢᠭᠡᠮ ᠤᠨ ᠠᠰᠠᠷᠠᠮᠵᠢ ᠶᠢᠨ ᠪᠠᠶᠢᠭᠤᠯᠤᠮᠵᠢ᠃        ︵ᠳᠦᠷᠪᠡ︶  ︵ᠭᠤᠷᠪᠠ︶ ᠳ᠋ᠤᠭᠠᠷ ᠵᠣᠷᠪᠤᠰ ᠤᠨ ᠲᠣᠭᠲᠠᠭᠠᠯ ᠠᠴᠠ ᠭᠠᠳᠠᠨᠠᠬᠢ ᠡᠮ ᠡᠮᠨᠡᠯᠭᠡ ᠡᠷᠡᠭᠦᠯ ᠬᠠᠮᠠᠭᠠᠯᠠᠯ ᠤᠨ ᠪᠠᠶᠢᠭᠤᠯᠤᠮᠵᠢ᠂ ᠲᠡᠤᠬᠡᠨ ᠳᠤᠷᠠᠰᠬᠠᠯᠳᠤ ᠵᠦᠢᠯᠡᠰ ᠢ ᠬᠠᠮᠠᠭᠠᠯᠠᠬᠤ ᠨᠢᠭᠡᠴᠢ᠂ ᠴᠡᠴᠡᠷᠯᠢᠭ᠂ ᠵᠢᠭᠤᠯᠴᠢᠯᠠᠯ ᠤᠨ ᠦᠵᠡᠮᠵᠢᠲᠦ ᠴᠡᠭ ᠵᠡᠷᠭᠡ ᠭᠠᠵᠠᠷ᠃         ︵ᠲᠠᠪᠤ︶   ᠪᠡᠶ᠎ᠡ ᠲᠠᠮᠢᠷ ᠤᠨ ᠣᠷᠳᠤᠨ᠂ ᠬᠦᠳᠡᠯᠭᠡᠭᠡᠨ ᠬᠢᠵᠦ ᠪᠡᠶ᠎ᠡ ᠴᠢᠬᠢᠷᠠᠭᠵᠢᠭᠤᠯᠬᠤ ᠭᠠᠵᠠᠷ ᠤᠨ ᠬᠡᠷ  ᠤᠨ ᠭᠠᠳᠠᠨᠠᠬᠢ ᠦᠵᠡᠭᠴᠢᠳ ᠤᠨ ᠰᠠᠭᠤᠳᠠᠯ᠃         ︵ᠵᠢᠷᠭᠤᠭ᠎ᠠ︶    ᠲᠤᠮᠤ ᠬᠡᠯᠪᠡᠷᠢ ᠶᠢᠨ ᠬᠦᠳᠡᠯᠭᠡᠭᠡᠨ ᠡᠷᠬᠢᠯᠡᠭᠰᠡᠨ ᠬᠡᠷᠡᠭᠴᠡᠭᠡ ᠶᠢ ᠦᠨᠳᠦᠰᠦᠯᠡᠨ ᠳᠠᠮᠠᠬᠢ ᠲᠠᠲᠠᠬᠤ ᠶᠢ ᠴᠠᠭᠠᠵᠢᠯᠠᠬᠤ ᠣᠷᠤᠨ ᠪᠦᠰᠡ  ᠶᠢ ᠲᠦᠷ ᠴᠠᠭ ᠨᠡᠮᠡᠵᠦ ᠪᠣᠯᠤᠨ᠎ᠠ᠃         ︵ᠳᠣᠯᠤᠭ᠎ᠠ︶   ᠬᠠᠤᠯᠢ ᠴᠠᠭᠠᠵᠠ ᠬᠠᠤᠯᠢ ᠲᠣᠭᠲᠠᠭᠠᠯ ᠳᠤ ᠲᠣᠭᠲᠠᠭᠠᠭᠰᠠᠨ ᠪᠣᠰᠤᠳ ᠳᠠᠮᠠᠬᠢ ᠲᠠᠲᠠᠬᠤ ᠶᠢ ᠴᠠᠭᠠᠵᠠᠯᠠᠬᠤ ᠭᠠᠵᠠᠷ  ᠃      ᠠᠷᠪᠠᠨ ᠨᠢᠭᠡᠳᠦᠭᠡᠷ ᠵᠦᠢᠯ   ᠳᠣᠣᠷ᠎ᠠ ᠵᠢᠭᠰᠠᠭᠠᠭᠰᠠᠨ ᠭᠠᠵᠠᠷ ᠣᠷᠤᠨ ᠪᠤᠯ ᠳᠠᠮᠠᠬᠢ ᠲᠠᠲᠠᠬᠤ ᠶᠢ ᠬᠢᠵᠠᠭᠠᠷᠯᠠᠬᠤ ᠭᠠᠵᠠᠷ ᠣᠷᠣᠨ ᠪᠣᠯᠣᠨ᠎ᠠ᠃         ︵ᠨᠢᠭᠡ︶   ᠠᠷᠢᠬᠢᠨ ᠪᠠᠭᠠᠷ᠂ ᠳᠠᠭᠤᠤ ᠪᠦᠵᠢᠭ ᠤᠨ ᠲᠢᠩᠭᠢᠮ ᠵᠡᠷᠭᠡ ᠵᠤᠭ᠎ᠠ ᠴᠡᠩᠭᠡᠯ ᠤᠨ ᠭᠠᠵᠠᠷ         ︵ᠬᠤᠶᠠᠷ︶  ᠴᠠᠢ ᠤᠷᠠᠯᠢᠭ ᠤᠨ ᠮᠣᠬᠤᠯᠠᠭ᠂ ᠣᠬᠢᠶᠠᠯᠭ᠎ᠠ ᠵᠡᠷᠭᠡ ᠰᠡᠯᠡᠭᠦᠴᠡᠯ ᠤᠨ ᠦᠢᠯᠡᠴᠢᠯᠡᠭᠡᠨ ᠤ ᠲᠠᠯᠠᠪᠣᠷ      ᠳᠠᠮᠠᠬᠢ ᠲᠠᠲᠠᠬᠤ ᠶᠢ ᠬᠢᠵᠠᠭᠠᠷᠯᠠᠬᠤ ᠲᠠᠯᠠᠪᠣᠷ ᠤᠨ ᠡᠵᠡᠩᠨᠡᠭᠴᠢᠳ ᠪᠣᠶᠤ ᠬᠠᠮᠢᠶᠠᠷᠤᠭᠴᠢ ᠨᠢ ᠢᠯᠡᠷᠭᠡᠢ ᠭᠠᠵᠠᠷ ᠲᠤ ᠳᠠᠮᠠᠬᠢ ᠲᠠᠲᠠᠬᠤ ᠨᠢ ᠡᠷᠡᠭᠦᠯ ᠮᠡᠨᠳᠦ ᠳᠤ ᠬᠤᠤᠷᠲᠠᠢ ᠭᠡᠰᠡᠨ ᠰᠡᠷᠡᠮᠵᠢᠯᠡᠬᠦᠯᠬᠦ ᠲᠡᠮᠳᠡᠭ ᠲᠠᠯᠪᠢᠬᠤ ᠬᠡᠷᠡᠭᠲᠡᠢ᠃     ᠳᠠᠮᠠᠬᠢ ᠲᠠᠲᠠᠬᠤ ᠶᠢ ᠬᠢᠵᠠᠭᠠᠷᠯᠠᠬᠤ ᠲᠠᠯᠠᠪᠣᠷ ᠤᠨ ᠡᠵᠡᠩᠨᠡᠭᠴᠢᠳ ᠪᠣᠶᠤ ᠬᠠᠮᠢᠶᠠᠷᠤᠭᠴᠢ ᠳᠠᠮᠠᠬᠢ ᠲᠠᠲᠠᠵᠤ ᠪᠣᠯᠬᠤ ᠦᠭᠡᠢ ᠲᠤᠭᠤᠷᠢᠭ ᠤᠨ ᠵᠠᠭᠠᠭ ᠱᠤᠭᠤᠮ ᠢ ᠲᠣᠭᠲᠠᠭᠠᠬᠤ ᠪᠣᠶᠤ ᠪᠠᠶᠢᠷᠢᠯᠠᠭᠤᠯᠬᠤ ᠬᠡᠷᠡᠭᠲᠡᠢ᠂ ᠪᠠᠰᠠ ᠳᠠᠮᠠᠬᠢ ᠲᠠᠲᠠᠵᠤ ᠪᠣᠯᠬᠤ ᠦᠭᠡᠢ ᠭᠡᠬᠦ  ᠰᠡᠷᠡᠮᠵᠢᠯᠡᠬᠦᠯᠬᠦ ᠲᠡᠮᠳᠡᠭ ᠢ  ᠪᠠᠶᠢᠷᠢᠯᠠᠭᠤᠯᠤᠨ ᠲᠠᠯᠪᠢᠬᠤ ᠬᠡᠷᠡᠭᠲᠡᠢ᠃      ᠠᠷᠪᠠᠨ ᠬᠤᠶᠠᠳᠤᠭᠠᠷ ᠵᠦᠢᠯ    ᠡᠵᠡᠩᠨᠡᠭᠴᠢᠳ ᠪᠣᠯᠤᠨ ᠬᠠᠮᠢᠶᠠᠷᠤᠭᠴᠢ ᠳᠠᠮᠠᠬᠢ ᠲᠠᠲᠠᠬᠤ ᠭᠠᠵᠠᠷ ᠪᠠᠶᠢᠷᠢᠯᠠᠭᠤᠯᠬᠤ ᠳᠤ ᠳᠣᠣᠷᠠᠬᠢ ᠨᠦᠭᠦᠴᠡᠯ ᠳᠤ ᠨᠡᠶᠢᠴᠡᠭᠰᠡᠨ ᠪᠠᠶᠢᠬᠤ ᠬᠡᠷᠡᠭᠲᠡᠢ᠃        ︵ᠨᠢᠭᠡ︶   ᠦᠷᠦᠭᠡᠨ ᠭᠠᠳᠠᠨᠠᠬᠢ ᠪᠦᠰᠡ        ︵ᠬᠤᠶᠡᠷ︶   ᠣᠯᠠᠨ ᠬᠦᠮᠦᠨ ᠴᠤᠭᠯᠠᠷᠠᠭᠰᠠᠨ ᠭᠠᠵᠠᠷ ᠪᠣᠯᠣᠨ ᠶᠠᠪᠠᠭᠠᠨ ᠬᠦᠮᠦᠨ ᠤ ᠵᠠᠪᠠᠯ ᠶᠠᠪᠣᠬᠤ ᠵᠠᠮ  ᠳᠤ ᠣᠶᠢᠷᠠᠳᠣᠵᠣ ᠪᠣᠯᠬᠤ ᠦᠭᠡᠢ        ︵ᠭᠤᠷᠪᠠ︶   ᠭᠠᠯ ᠢ ᠰᠡᠷᠭᠡᠶᠢᠯᠡᠨ ᠤᠨᠲᠠᠷᠠᠭᠠᠬᠤ ᠠᠶᠤᠯᠭᠦᠢ ᠶᠢᠨ ᠱᠠᠭᠠᠷᠳᠠᠯᠭ᠎ᠠ ᠳᠤ ᠨᠡᠶᠢᠴᠡᠭᠰᠡᠨ ᠪᠠᠶᠢᠬᠤ        ︵ᠳᠦᠷᠪᠡ︶   ᠲᠤᠳᠤᠷᠬᠠᠢ ᠵᠠᠮᠴᠢᠯᠠᠬᠤ ᠲᠡᠮᠳᠡᠭ ᠪᠠᠶᠢᠷᠢᠯᠠᠭᠤᠯᠬᠤ        ︵ᠲᠠᠪᠤ︶   ᠳᠠᠮᠠᠬᠢᠨ ᠦᠨᠡᠰᠦᠨ ᠬᠤᠪᠢᠩ ᠵᠡᠷᠭᠡ ᠰᠠᠪᠠᠯᠠᠬᠤ ᠦᠨᠡᠰᠦᠨ ᠪᠠᠭᠠᠵᠢ ᠬᠡᠷᠡᠭᠰᠡᠯ ᠲᠣᠬᠢᠷᠠᠭᠤᠯᠬᠤ ᠶᠢᠨ ᠬᠠᠮᠳᠤ ᠳᠠᠮᠠᠬᠢ ᠲᠠᠲᠠᠬᠤ ᠨᠢ ᠡᠷᠡᠭᠦᠯ ᠮᠡᠨᠳᠦ ᠳᠤ ᠬᠤᠣᠷᠲᠠᠢ ᠬᠡᠬᠦ ᠰᠡᠷᠡᠮᠵᠢᠯᠡᠭᠦᠯᠬᠦ ᠲᠡᠮᠳᠡᠭ ᠲᠡᠯᠪᠢᠬᠤ ᠬᠡᠷᠡᠭᠲᠡᠢ᠃     ᠠᠷᠪᠠᠨ ᠭᠤᠷᠪᠠᠳᠤᠭᠠᠷ ᠵᠦᠢᠯ  ᠲᠣᠭᠤᠷᠢᠭ ᠤᠨ ᠡᠷᠡᠭᠦᠯ ᠬᠠᠮᠠᠭᠠᠯᠠᠯ ᠤᠨ ᠲᠣᠪᠴᠢᠶ᠎ᠠ  ᠠᠴᠠ ᠲᠣᠰ ᠲᠣᠭᠲᠠᠭᠠᠯ   ᠢ ᠦᠨᠳᠦᠰᠦᠯᠡᠨ ᠨᠡᠶᠢᠭᠡᠮ ᠨᠡᠶᠢᠲᠡ ᠳᠤ ᠳᠠᠮᠠᠬᠢ ᠲᠠᠲᠠᠬᠤ ᠶᠢ ᠴᠠᠭᠠᠵᠠᠯᠠᠬᠤ ᠲᠡᠯᠡᠪᠤᠷ ᠪᠠ ᠳᠠᠮᠠᠬᠢ ᠲᠠᠲᠠᠬᠤ ᠶᠢ ᠬᠢᠵᠠᠭᠠᠷᠯᠠᠬᠤ ᠲᠠᠯᠠᠪᠤᠷ ᠤᠨ ᠪᠣᠲᠠᠲᠠᠢ ᠬᠦᠷᠢᠶ᠎ᠡ ᠬᠡᠪᠴᠢᠶ᠎ᠡ ᠶᠢ ᠨᠡᠶᠢᠳᠡᠯᠡᠬᠦ ᠬᠡᠷᠡᠭᠳᠡᠢ᠃     ᠠᠷᠪᠠᠨ ᠳᠦᠷᠪᠡᠳᠦᠭᠡᠷ ᠵᠦᠢᠯ   ᠳᠠᠮᠠᠬᠢ ᠲᠠᠲᠠᠬᠤ ᠶᠢ ᠴᠠᠭᠠᠵᠠᠯᠠᠬᠤ ᠲᠠᠯᠠᠪᠤᠷ ᠤᠨ ᠡᠵᠡᠩᠨᠡᠭᠴᠢᠳ ᠪᠠ ᠬᠠᠮᠢᠶᠠᠷᠤᠭᠴᠢ ᠳᠣᠣᠷ᠎ᠠ ᠵᠢᠭᠰᠠᠭᠠᠭᠰᠠᠨ ᠲᠤᠰᠢᠶᠠᠯ ᠬᠠᠷᠢᠭᠤᠴᠠᠯᠭ᠎ᠠ ᠨᠤᠭᠤᠳ ᠢ ᠭᠦᠢᠴᠡᠳᠭᠡᠬᠦ ᠭᠡᠷᠡᠭᠲᠡᠢ᠃        ︵ᠨᠢᠭᠡ︶   ᠳᠠᠮᠠᠬᠢ ᠲᠠᠲᠠᠬᠤ ᠶᠢ ᠴᠠᠭᠠᠵᠠᠯᠠᠬᠤ ᠲᠤᠬᠠᠢ ᠬᠠᠮᠢᠶᠠᠷᠤᠯᠲᠠ ᠶᠢᠨ ᠳᠦᠷᠢᠮ ᠢ ᠪᠠᠶᠢᠭᠤᠯᠤᠨ᠂ ᠳᠠᠮᠠᠬᠢ ᠲᠠᠲᠠᠬᠤ ᠶᠢ ᠬᠢᠵᠠᠭᠠᠷᠯᠠᠬᠤ  ᠳᠤ ᠣᠬᠠᠭᠤᠯᠣᠯ ᠬᠢᠵᠦ᠂ ᠳᠠᠮᠠᠬᠢ ᠲᠠᠲᠠᠬᠤ ᠶᠢ ᠬᠢᠵᠠᠭᠠᠷᠯᠠᠬᠤ ᠪᠦᠭᠡᠳ ᠳᠠᠮᠠᠬᠢ ᠲᠠᠲᠠᠬᠤ ᠶᠢ ᠬᠢᠵᠠᠭᠠᠷᠯᠠᠬᠤ ᠪᠠᠶᠢᠴᠠᠭᠠᠭᠴᠢ ᠳᠣᠬᠢᠷᠠᠭᠤᠯᠤᠨ᠎ᠠ᠃        ︵ᠬᠤᠶᠠᠷ︶  ᠳᠠᠮᠠᠬᠢ ᠲᠠᠲᠠᠬᠤ ᠬᠤᠯᠪᠤᠭᠳᠠᠯ ᠪᠦᠬᠦᠢ ᠪᠠᠭᠠᠵᠢ ᠬᠡᠷᠡᠭᠰᠡᠯ ᠪᠠ ᠳᠠᠮᠠᠬᠢ ᠶᠢᠨ ᠵᠠᠷ ᠤᠨ ᠪᠣᠳᠠᠰ ᠢ ᠲᠣᠬᠢᠷᠠᠭᠤᠯᠵᠤ ᠪᠣᠯᠬᠤ ᠦᠭᠡᠢ᠃        ︵ᠭᠤᠷᠪᠠ︶   ᠳᠠᠮᠠᠬᠢ ᠲᠠᠲᠠᠬᠤ ᠶᠢ ᠴᠠᠭᠠᠵᠠᠯᠠᠬᠤ ᠲᠠᠯᠠᠪᠤᠷ ᠤᠨ ᠡᠭᠦᠳᠡ ᠬᠢᠭᠡᠳ ᠪᠣᠰᠤᠳ ᠢᠯᠡᠷᠬᠡᠢ ᠣᠷᠤᠨ ᠪᠠᠶᠢᠷᠢ ᠳᠤ ᠳᠠᠮᠠᠬᠢ ᠲᠠᠲᠠᠬᠤ ᠶᠢ ᠴᠠᠭᠠᠵᠠᠯᠠᠬᠤ ᠢᠯᠡᠳᠭᠡᠮᠵᠢ ᠲᠡᠮᠳᠡᠭ ᠪᠠ ᠬᠢᠨᠠᠯᠲᠠ ᠶᠢᠨ ᠤᠳᠠᠰᠤᠨ ᠨᠣᠮᠧᠷ ᠢ ᠪᠠᠶᠢᠷᠢᠯᠠᠭᠤᠯᠬᠤ ᠬᠡᠷᠡᠭᠲᠡᠢ᠃      ︵ᠳᠦᠷᠪᠡ︶   ᠳᠠᠮᠠᠬᠢᠨ ᠴᠡᠭᠡᠷ ᠲᠠᠢ ᠦᠷᠦᠭᠡᠨ ᠳᠣᠲᠤᠷ᠎ᠠ ᠳᠠᠮᠠᠬᠢ ᠲᠠᠳᠠᠵᠣ ᠪᠠᠶᠢᠭ᠎ᠠ ᠬᠦᠮᠦᠨ  ᠳᠤ ᠲᠠᠮᠠᠬᠢ ᠪᠠᠨ ᠤᠨᠳᠠᠷᠭᠠᠬᠤ ᠶᠢ ᠱᠠᠭᠠᠷᠳᠠᠵᠣ᠂ ᠲᠠᠮᠠᠬᠢ  ᠪᠠᠨ ᠣᠨᠳᠠᠷᠠᠭᠠᠬᠤ ᠦᠭᠡᠢ ᠪᠣᠯ ᠢᠳᠬᠠᠨ ᠬᠤᠷᠢᠭᠯᠠᠵᠣ᠂ ᠢᠳᠬᠠᠨ ᠬᠤᠷᠢᠭᠯᠠᠬᠤ ᠶᠢ ᠰᠣᠨᠤᠰᠬᠤ ᠦᠭᠡᠢ ᠪᠣᠯ ᠬᠤᠯᠪᠤᠭᠳᠠᠯ ᠪᠦᠬᠦᠢ ᠰᠠᠯᠠᠭ᠎ᠠ ᠮᠦᠴᠢᠷ ᠲᠤ ᠮᠡᠳᠡᠭᠦᠯᠬᠦ ᠬᠡᠷᠡᠭᠲᠡᠢ      ᠠᠷᠪᠠᠨ ᠲᠠᠪᠣᠳᠤᠭᠠᠷ ᠵᠦᠢᠯ   ᠳᠠᠮᠠᠬᠢ ᠲᠠᠲᠠᠬᠤ ᠶᠢ ᠴᠠᠭᠠᠵᠠᠯᠠᠬᠤ ᠡᠵᠡᠩᠨᠡᠯᠲᠡ ᠶᠢᠨ ᠲᠠᠯᠠᠪᠤᠷ ᠲᠤ ᠳᠠᠮᠠᠬᠢ ᠲᠠᠲᠠᠵᠤ᠂ ᠢᠳᠬᠠᠨ ᠬᠤᠷᠢᠭᠯᠠᠬᠤ ᠶᠢ ᠰᠣᠨᠤᠰᠬᠤ ᠦᠭᠡᠢ ᠣᠴᠢᠷ ᠠᠴᠠ ᠲᠠᠯᠠᠪᠣᠷ ᠠᠴᠠ ᠰᠠᠯᠬᠤ ᠬᠡᠵᠦ ᠱᠠᠭᠠᠷᠳᠠᠭᠳᠠᠬᠤ ᠦᠶ᠎ᠡ ᠳᠤ ᠲᠣᠰ ᠭᠠᠵᠠᠷ ᠤᠨ ᠡᠵᠡᠩᠨᠡᠭᠴᠢ ᠠᠴᠠ ᠵᠠᠷᠤᠳᠠᠯ ᠢ ᠪᠣᠴᠠᠭᠠᠨ ᠠᠪᠴᠣ ᠪᠣᠯᠬᠤ ᠦᠬᠡᠢ᠂ ᠨᠢᠭᠡᠨᠲᠡ ᠦᠢᠯᠡᠴᠢᠯᠡᠭᠡ ᠬᠦᠯᠢᠶᠡᠨ ᠠᠪᠣᠭᠰᠠᠨ ᠪᠣᠯᠪᠠᠴᠤ ᠡᠴᠦᠰ ᠤᠨ ᠵᠠᠷᠣᠳᠠᠯ ᠰᠦᠢᠳᠭᠡᠯ ᠢ ᠲᠣᠰᠢᠶᠠᠭ᠎ᠠ ᠦᠭᠡᠢ  ᠨᠢ ᠵᠠᠷᠣᠳᠠᠯ ᠰᠦᠢᠳᠭᠡᠯ ᠠᠴᠠ ᠲᠡᠪᠴᠢᠵᠤ ᠪᠣᠯᠬᠤ ᠦᠭᠡᠢ᠃      ᠠᠷᠪᠠᠨ ᠵᠢᠷᠭᠤᠳᠤᠭᠠᠷ ᠵᠦᠢᠯ   ᠶᠠᠮᠠᠷᠪᠠ ᠬᠤᠪᠢ ᠬᠦᠮᠦᠨ ᠪᠣᠶᠤ ᠨᠢᠭᠡᠴᠢ  ᠠᠴᠠ ᠲᠠᠮᠠᠬᠢᠨ ᠴᠡᠭᠡᠷ ᠲᠠᠢ ᠭᠠᠵᠠᠷ  ᠲᠤ ᠲᠠᠮᠠᠬᠢ ᠲᠠᠳᠠᠭᠰᠠᠳ  ᠢ ᠬᠤᠷᠢᠭᠯᠠᠬᠤ ᠡᠷᠬᠡ ᠲᠠᠢ᠂  ᠳᠠᠮᠠᠬᠢ ᠲᠠᠲᠠᠬᠤ ᠶᠢ ᠴᠠᠭᠠᠵᠠᠯᠠᠬᠤ ᠲᠠᠯᠠᠪᠤᠷ ᠤᠨ ᠡᠵᠡᠩᠨᠡᠭᠴᠢᠳ ᠬᠢᠭᠡᠳ ᠬᠠᠮᠢᠶᠠᠷᠤᠭᠴᠢᠳ ᠤᠨ ᠳᠠᠮᠠᠬᠢ ᠲᠠᠲᠠᠬᠤ ᠶᠢ ᠴᠠᠭᠠᠵᠠᠯᠠᠬᠤ ᠡᠭᠦᠷᠭᠡ ᠬᠠᠷᠢᠭᠤᠴᠠᠯᠭ᠎ᠠ ᠪᠠᠨ ᠭᠦᠢᠴᠡᠳᠭᠡᠬᠦ  ᠶᠢ ᠱᠠᠭᠠᠷᠳᠠᠬᠤ ᠵᠢᠴᠢ ᠬᠠᠮᠢᠶ᠎ᠠ ᠪᠦᠬᠦᠢ ᠰᠠᠯᠠᠭ᠎ᠠ ᠮᠦᠴᠢᠷ  ᠲᠤ ᠮᠡᠳᠡᠬᠦᠯᠬᠦ ᠡᠷᠬᠡ ᠲᠠᠢ᠃      ᠠᠷᠪᠠᠨ ᠳᠣᠯᠤᠳᠤᠭᠠᠷ ᠵᠦᠢᠯ   ᠳᠠᠮᠠᠬᠢᠨ ᠪᠦᠳᠦᠭᠡᠭᠳᠡᠭᠦᠨ ᠢ ᠪᠣᠷᠤᠯᠠᠭᠤᠯᠤᠭᠴᠢ ᠳᠠᠮᠠᠬᠢ ᠬᠤᠳᠠᠯᠳᠣᠬᠤ ᠳᠠᠯᠠᠪᠤᠷ ᠤᠨ ᠢᠯᠡᠷᠬᠡᠢ ᠭᠠᠵᠠᠷ ᠲᠤ ᠳᠠᠮᠠᠬᠢ ᠲᠠᠲᠠᠬᠤ ᠨᠢ ᠡᠷᠡᠭᠦᠯ ᠮᠡᠨᠳᠦ ᠳᠤ ᠬᠤᠣᠷᠲᠠᠢ ᠪᠣᠯᠣᠨ ᠨᠠᠰᠤᠨ ᠳᠤ ᠦᠯᠦ ᠬᠦᠷᠦᠭᠰᠡᠳ ᠲᠤ ᠳᠠᠮᠠᠬᠢᠨ ᠤ ᠪᠦᠳᠦᠭᠡᠭᠳᠡᠭᠦᠨ ᠢ ᠬᠤᠳᠠᠯᠳᠤᠬᠤ ᠦᠭᠡᠢ ᠭᠡᠬᠦ ᠲᠡᠮᠳᠡᠭ ᠢ ᠪᠠᠶᠢᠷᠢᠯᠠᠭᠤᠯᠬᠤ ᠬᠡᠷᠡᠭᠲᠡᠢ᠃ ᠳᠠᠮᠠᠬᠢ ᠶᠢᠨ ᠪᠦᠳᠦᠭᠡᠭᠳᠡᠭᠦᠨ ᠪᠣᠷᠤᠯᠠᠭᠤᠯᠤᠭᠴᠢᠳ ᠨᠠᠰᠤᠨ ᠳᠤ ᠦᠯᠦ ᠬᠦᠷᠦᠭᠰᠡᠳ ᠲᠤ ᠳᠠᠮᠠᠬᠢᠨ ᠪᠦᠳᠦᠭᠡᠭᠳᠡᠭᠦᠨ ᠬᠤᠳᠠᠯᠳᠤᠵᠤ ᠪᠣᠯᠬᠤ ᠦᠭᠡᠢ᠃ ᠨᠢᠭᠡᠨᠳᠡ ᠨᠠᠰᠤᠨ ᠳᠤ ᠬᠦᠷᠦᠭᠰᠡᠳ ᠡᠰᠡᠬᠦ ᠢ ᠲᠤᠭᠲᠠᠭᠠᠬᠤ ᠳᠤ ᠪᠡᠷᠬᠡ ᠲᠠᠢ ᠪᠠᠶᠢᠪᠠᠯ ᠲᠡᠳᠡᠨ ᠢ ᠪᠡᠶ᠎ᠡ ᠶᠢᠨ ᠦᠨᠡᠮᠯᠡᠯ ᠪᠠᠨ ᠭᠠᠷᠭᠠᠵᠤ ᠦᠵᠡᠭᠦᠯᠬᠦ ᠶᠢ ᠱᠠᠭᠠᠷᠳᠠᠬᠤ ᠬᠡᠷᠡᠭᠲᠡᠢ᠂ ᠪᠡᠶ᠎ᠡ ᠶᠢᠨ ᠦᠨᠡᠮᠯᠡᠯ ᠭᠠᠷᠠᠭᠠᠵᠤ ᠦᠵᠡᠭᠦᠯᠬᠦ ᠦᠭᠡᠢ ᠪᠣᠯ ᠲᠡᠭᠦᠨ ᠳᠤ ᠳᠠᠮᠠᠬᠢᠨ ᠤ ᠪᠦᠳᠦᠭᠡᠭᠳᠡᠭᠦᠨ ᠬᠤᠳᠠᠯᠳᠣᠵᠣ ᠪᠣᠯᠬᠤ ᠦᠭᠡᠢ᠃ ᠰᠣᠷᠭᠠᠭᠤᠯᠢ ᠠᠴᠠ ᠰᠤᠷᠤᠭᠴᠢᠳ ᠤᠨ ᠳᠠᠮᠠᠬᠢ ᠲᠠᠲᠠᠬᠤ ᠶᠢ ᠤᠷᠢᠳᠴᠢᠯᠠᠨ ᠰᠡᠷᠭᠡᠶᠢᠯᠡᠬᠦ ᠠᠷᠭ᠎ᠠ ᠬᠡᠮᠵᠢᠶ᠎ᠡ ᠠᠪᠬᠤ ᠭᠡᠷᠡᠭᠲᠡᠢ᠃ ᠰᠤᠷᠤᠭᠴᠢᠳ ᠤᠨ ᠳᠠᠮᠠᠬᠢ ᠲᠠᠲᠠᠬᠤ ᠨᠢ ᠡᠷᠡᠭᠦᠯ ᠮᠡᠨᠳᠦ ᠳᠤ ᠬᠤᠤᠷᠲᠠᠢ ᠭᠡᠬᠦ ᠰᠣᠷᠭᠠᠨ ᠬᠦᠮᠦᠵᠢᠯ ᠬᠢᠵᠦ᠂ ᠳᠠᠮᠠᠬᠢ ᠲᠠᠲᠠᠬᠤ ᠰᠣᠷᠤᠭᠴᠢᠳ ᠢ ᠬᠠᠪᠰᠤᠷᠴᠤ ᠳᠠᠮᠠᠬᠢ ᠲᠠᠲᠠᠬᠤ ᠶᠢ ᠵᠣᠭᠰᠣᠭᠠᠵᠣ᠂ ᠪᠠᠭᠰᠢ  ᠠᠴᠠ ᠰᠤᠷᠤᠭᠴᠢᠳ ᠤᠨ ᠡᠮᠦᠨ᠎ᠡ ᠳᠠᠮᠠᠬᠢ ᠲᠠᠲᠠᠵᠤ ᠪᠣᠯᠬᠤ ᠦᠭᠡᠢ᠃      ᠠᠷᠪᠠᠨ ᠨᠠᠢᠮᠠᠳᠤᠭᠠᠷ ᠵᠦᠢᠯ   ᠡᠮ ᠡᠮᠨᠡᠯᠭᠡ ᠡᠷᠡᠭᠦᠯ ᠬᠠᠮᠠᠭᠠᠯᠠᠯ ᠤᠨ ᠪᠠᠶᠢᠭᠤᠯᠤᠮᠵᠢ᠂ ᠨᠠᠰᠤᠨ ᠳᠤ ᠦᠯᠦ ᠬᠦᠷᠦᠭᠰᠡᠳ ᠤᠨ ᠰᠤᠷᠭᠠᠨ ᠬᠦᠮᠦᠵᠢᠯ ᠤᠨ ᠬᠦᠳᠡᠯᠭᠡᠭᠡᠨ ᠤ ᠲᠠᠯᠠᠪᠣᠷ᠂ ᠳᠣᠰᠬᠠᠶᠢᠯᠠᠨ ᠨᠠᠰᠤᠨ ᠳᠤ ᠦᠯᠦ ᠬᠦᠷᠦᠭᠰᠡᠳ ᠲᠤ ᠦᠢᠯᠡᠴᠢᠯᠡᠬᠦ ᠨᠡᠶᠢᠭᠡᠮ ᠤᠨ ᠠᠰᠠᠷᠠᠮᠵᠢ ᠶᠢᠨ ᠪᠠᠶᠢᠭᠤᠯᠤᠮᠵᠢ ᠵᠡᠷᠭᠡ ᠲᠠᠯᠠᠪᠣᠷ ᠲᠤ ᠳᠠᠮᠠᠬᠢᠨ ᠤ ᠪᠦᠳᠦᠭᠡᠭᠳᠡᠭᠦᠨ ᠢ ᠪᠣᠷᠤᠯᠠᠭᠤᠯᠵᠤ ᠪᠣᠯᠬᠤ ᠦᠭᠡᠢ᠃        ᠠᠷᠪᠠ ᠶᠢᠰᠦᠳᠦᠭᠡᠷ ᠵᠦᠢᠯ   ᠳᠣᠣᠷ᠎ᠠ ᠵᠢᠭᠰᠠᠭᠠᠭᠰᠠᠨ ᠠᠵᠢᠯᠯᠠᠭ᠎ᠠ ᠨᠤᠭᠤᠳ ᠢ ᠴᠠᠭᠠᠵᠠᠯᠠᠨ᠎ᠠ᠄        ︵ᠨᠢᠭᠡ︶   ᠠᠦ᠋ᠲ᠋ᠣ᠋ ᠬᠤᠳᠠᠯᠳᠤᠬᠤ ᠲᠤᠨᠤᠭ ᠳᠦᠭᠦᠭᠡᠷᠦᠮᠵᠢ  ᠪᠠᠷ ᠲᠠᠮᠠᠬᠢ ᠪᠣᠷᠤᠯᠠᠭᠤᠯᠵᠤ ᠪᠣᠯᠬᠤ ᠦᠭᠡᠢ᠃        ︵ᠬᠤᠶᠠᠷ︶    ᠳᠠᠮᠠᠬᠢᠨ ᠵᠠᠷ ᠢ ᠨᠡᠶᠢᠳᠡᠯᠡᠬᠦ ᠪᠤᠶᠤ ᠬᠡᠯᠪᠡᠷᠢ ᠶᠢ ᠨᠢ ᠦᠭᠡᠷᠡᠳᠡᠭᠦᠯᠦᠨ ᠨᠡᠶᠢᠳᠡᠯᠡᠬᠦ ᠶᠢ ᠴᠠᠭᠠᠵᠠᠯᠠᠨ᠎ᠠ᠃        ︵ᠭᠤᠷᠪᠠ︶  ᠨᠡᠶᠢᠲᠡ ᠶᠢᠨ ᠠᠰᠠᠷᠠᠮᠵᠢ᠂ ᠣᠷᠴᠢᠨ ᠠᠬᠤᠢ ᠶᠢᠨ ᠬᠠᠮᠠᠭᠠᠯᠠᠯᠲᠠ ᠶᠢᠨ ᠦᠢᠯᠡᠰ ᠤᠨ ᠨᠡᠷ᠎ᠡ ᠪᠠᠷ ᠲᠠᠮᠠᠬᠢ ᠪᠣᠷᠤᠯᠠᠭᠤᠯᠵᠤ ᠪᠣᠯᠬᠤ ᠦᠭᠡᠢ᠃        ︵ᠳᠦᠷᠪᠡ︶   ᠨᠠᠪᠴᠢᠨ ᠳᠠᠮᠠᠬᠢᠨ ᠤ ᠠᠵᠤ ᠠᠬᠤᠶᠢᠯᠠᠯ  ᠤᠨ ᠨᠡᠷ᠎ᠡ  ᠪᠠᠷ ᠬᠤᠳᠠᠯᠳᠣᠭᠠᠨ  ᠤ ᠠᠵᠢᠯᠯᠠᠭ᠎ᠠ ᠳᠤ ᠲᠡᠮᠵᠢᠯᠭᠡ ᠬᠢᠵᠦ ᠪᠣᠯᠬᠤ ᠦᠭᠡᠢ᠃        ︵ᠲᠠᠪᠤ︶      ᠳᠠᠮᠠᠬᠢᠨ ᠪᠦᠳᠦᠭᠡᠭᠳᠡᠭᠦᠨ ᠢ ᠲᠦᠭᠡᠭᠡᠬᠦ ᠪᠠ ᠪᠡᠯᠡᠭᠯᠡᠨ ᠦᠭᠴᠦ ᠪᠣᠯᠬᠤ ᠦᠬᠡᠢ᠃        ︵ᠵᠢᠷᠭᠤᠭ᠎ᠠ︶  ᠳᠠᠮᠠᠬᠢᠨ ᠪᠦᠳᠦᠭᠡᠭᠳᠡᠭᠦᠨ ᠢ ᠲᠦᠭᠡᠭᠡᠬᠦ ᠪᠠ ᠪᠡᠯᠡᠭᠯᠡᠨ ᠥᠭᠬᠦ  ᠵᠡᠷᠭᠡ ᠰᠢᠭᠤᠳ ᠪᠣᠶᠤ ᠳᠠᠮ ᠠᠷᠭ᠎ᠠ   ᠪᠠᠷ ᠲᠠᠮᠠᠬᠢ ᠬᠤᠳᠠᠯᠳᠣᠨ ᠠᠪᠬᠤ  ᠶᠢ ᠵᠣᠷᠢᠭᠵᠢᠭᠤᠯᠬᠤ ᠪᠣᠶᠣ ᠦᠳᠦᠬᠡᠨ ᠬᠦᠳᠦᠯᠵᠦ ᠪᠣᠯᠬᠤ ᠦᠭᠡᠢ      ᠬᠤᠷᠢᠳᠤᠭᠠᠷ ᠵᠦᠢᠯ   ᠳᠤᠤᠷ ᠰᠦᠯᠵᠢᠶ᠎ᠠ᠂ ᠰᠢᠯᠵᠢᠮᠡᠯ ᠮᠡᠳᠡᠭᠡ ᠬᠤᠯᠪᠤᠭ᠎ᠠ ᠵᠡᠷᠭᠡ ᠮᠡᠳᠡᠭᠡ ᠵᠠᠩᠭᠢ ᠶᠢᠨ ᠳᠤᠤᠷ ᠰᠦᠯᠵᠢᠶ᠎ᠡ ᠪᠠᠷ ᠣᠯᠠᠨ ᠨᠡᠶᠢᠲᠡ ᠳᠤ ᠳᠠᠮᠠᠬᠢᠨ ᠤ ᠪᠦᠳᠦᠭᠡᠭᠳᠡᠭᠦᠨ ᠪᠣᠷᠤᠯᠠᠭᠤᠯᠬᠤ ᠶᠢ ᠴᠠᠭᠠᠵᠠᠯᠠᠨ᠎ᠠ᠃     ᠬᠤᠷᠢᠨ ᠨᠢᠭᠡᠳᠦᠭᠡᠷ ᠵᠦᠢᠯ   ᠡᠯ᠎ᠡ ᠲᠦᠷᠦᠯ ᠤᠨ ᠠᠯᠪᠠᠨ ᠤ ᠪᠣᠶᠣ ᠣᠯᠠᠨ ᠨᠡᠶᠢᠲᠡ ᠶᠢᠨ ᠲᠤᠮᠤ ᠬᠡᠯᠪᠡᠷᠢ ᠶᠢᠨ  ᠬᠦᠳᠡᠯᠭᠡᠭᠡᠨ ᠳᠤᠮᠲᠠ ᠲᠠᠮᠠᠬᠢ ᠬᠠᠩᠭᠠᠵᠤ ᠪᠣᠯᠬᠤ ᠦᠭᠡᠢ᠂ ᠳᠠᠮᠠᠬᠢᠨ ᠤ ᠪᠦᠳᠦᠭᠡᠭᠳᠡᠭᠦᠨ ᠢ ᠬᠡᠷᠡᠭᠯᠡᠬᠦ ᠪᠤᠶᠤ ᠪᠡᠯᠡᠭᠯᠡᠨ ᠬᠦᠷᠭᠡᠵᠦ ᠪᠣᠯᠬᠤ ᠦᠭᠡᠢ᠂ ᠡᠳ᠋ ᠤᠨ ᠵᠠᠰᠠᠭ ᠤᠨ ᠴᠢᠨᠠᠷᠲᠠᠢ ᠪᠡᠯᠡ ᠮᠦᠩᠬᠦ ᠶᠢ ᠬᠡᠷᠡᠭᠯᠡᠵᠦ ᠳᠠᠮᠠᠬᠢᠨ ᠤ ᠪᠦᠳᠦᠭᠡᠭᠳᠡᠭᠦᠨ ᠢ ᠬᠤᠳᠠᠯᠳᠤᠨ ᠠᠪᠴᠤ ᠪᠣᠯᠬᠤ ᠦᠭᠡᠢ᠃     ᠬᠤᠷᠢᠨ ᠬᠤᠶᠠᠳᠣᠭᠠᠷ ᠵᠦᠢᠯ   ᠲᠣᠭᠤᠷᠢᠭ ᠤᠨ ᠡᠷᠡᠭᠦᠯ ᠬᠠᠮᠠᠭᠠᠯᠠᠯ ᠤᠨ ᠰᠠᠯᠠᠭ᠎ᠠ ᠮᠦᠴᠢᠷ ᠳᠠᠮᠠᠬᠢ ᠲᠠᠲᠠᠬᠤ ᠴᠠᠭᠠᠵᠠ ᠠᠴᠠ ᠵᠦᠷᠢᠴᠡᠭᠰᠡᠨ ᠠᠵᠢᠯᠯᠠᠭ᠎ᠠ ᠶᠢ ᠢᠯᠡᠴᠢᠯᠡᠬᠦ ᠣᠳᠠᠰᠤᠨ ᠨᠣᠮᠧᠷ ᠢ ᠣᠯᠠᠨ ᠨᠡᠶᠢᠲᠡ ᠳᠤ ᠨᠡᠶᠢᠳᠡᠯᠡᠬᠦ ᠬᠡᠷᠡᠭᠲᠡᠢ᠂ ᠢᠯᠡᠴᠢᠯᠡᠨ ᠮᠡᠳᠡᠬᠦᠯᠦᠭᠰᠡᠨ᠂ ᠬᠠᠤᠯᠢ ᠠᠴᠠ ᠵᠦᠷᠢᠴᠡᠭᠰᠡᠨ ᠠᠵᠢᠯᠯᠠᠭ᠎ᠠ ᠶᠢ ᠴᠠᠭ ᠲᠤᠬᠠᠢ ᠳᠤ ᠨᠢ ᠰᠢᠢᠳᠪᠦᠷᠢᠯᠡᠬᠦ  ᠶᠢᠨ ᠬᠠᠮᠳᠣᠰᠢᠢᠳᠪᠦᠷᠢᠯᠡᠭᠰᠡᠨ ᠪᠠᠶᠢᠳᠠᠯ ᠵᠢᠴᠢ ᠦᠷ᠎ᠡ ᠳ᠋ᠦᠩ ᠢ ᠨᠡᠶᠢᠭᠡᠮ ᠨᠡᠶᠢᠲᠡ ᠳᠤ ᠨᠡᠶᠢᠳᠡᠯᠡᠬᠦ ᠬᠡᠷᠡᠭᠲᠡᠢ᠃      ᠬᠤᠷᠢᠨ ᠭᠤᠷᠪᠠᠳᠣᠭᠠᠷ ᠵᠦᠢᠯ   ᠳᠠᠮᠠᠬᠢ ᠲᠠᠲᠠᠬᠤ ᠶᠢ ᠴᠡᠭᠡᠷᠯᠡᠬᠦ ᠪᠠ ᠪᠠᠭᠠᠰᠬᠠᠬᠤ ᠦᠢᠯᠡ ᠠᠵᠢᠯᠯᠠᠭ᠎ᠠ ᠶᠢ ᠰᠠᠨᠠᠭᠠᠴᠢᠯᠠᠬᠤ ᠬᠡᠷᠡᠭᠲᠡᠢ᠃ ᠲᠣᠭᠤᠷᠢᠭ  ᠤᠨ ᠡᠷᠡᠭᠦᠯ ᠬᠠᠮᠠᠭᠠᠯᠠᠯ ᠤᠨ ᠰᠠᠯᠠᠭ᠎ᠠ ᠮᠦᠴᠢᠷ  ᠠᠴᠠ ᠳᠠᠮᠠᠬᠢ ᠲᠠᠲᠠᠬᠤ ᠶᠢ ᠬᠢᠵᠠᠭᠠᠷᠯᠠᠬᠤ ᠠᠵᠢᠯᠯᠠᠭ᠎ᠠ  ᠳᠤ ᠣᠷᠣᠯᠴᠠᠵᠣ᠂ ᠡᠮ ᠡᠮᠨᠡᠯᠭᠡ ᠡᠷᠡᠭᠦᠯ ᠬᠠᠮᠠᠭᠠᠯᠠᠯ ᠤᠨ ᠪᠠᠶᠢᠭᠤᠯᠤᠮᠵᠢ ᠶᠢᠨ ᠳᠠᠮᠠᠬᠢ ᠵᠣᠭᠰᠤᠬᠤ  ᠦᠢᠯᠡᠴᠢᠯᠡᠭᠡ  ᠳᠤ ᠵᠢᠯᠣᠭᠤᠳᠣᠮᠵᠢ ᠦᠭᠬᠦᠨ᠎ᠡ᠃     ᠬᠤᠷᠢᠨ ᠳᠦᠷᠪᠡᠳᠦᠭᠡᠷ ᠵᠦᠢᠯ   ᠡᠯ᠎ᠡ ᠱᠠᠳᠤᠨ ᠤ ᠪᠠᠶᠢᠭᠤᠯᠭ᠎ᠠ ᠨᠢᠬᠡᠴᠢ ᠠᠴᠠ ᠳᠠᠮᠠᠬᠢ ᠲᠠᠲᠠᠬᠤ ᠶᠢ ᠬᠢᠵᠠᠭᠠᠷᠯᠠᠬᠤ ᠬᠤᠯᠪᠤᠭᠳᠠᠯ ᠪᠦᠬᠦᠢ ᠲᠣᠭᠲᠠᠭᠠᠯ ᠢ ᠵᠢᠷᠦᠮᠯᠡᠨ ᠰᠠᠬᠢᠵᠤ᠂ ᠳᠠᠮᠠᠬᠢ ᠲᠠᠲᠠᠬᠤ ᠶᠢ ᠬᠢᠵᠠᠭᠠᠷᠯᠠᠬᠤ ᠠᠵᠢᠯ ᠢ ᠢᠳᠡᠪᠬᠢᠲᠡᠢ ᠦᠷᠨᠢᠭᠦᠯᠬᠦ ᠬᠡᠷᠡᠭᠲᠡᠢ᠃      ᠬᠤᠷᠢᠨ ᠲᠠᠪᠤᠳᠤᠭᠠᠷ ᠵᠦᠢᠯ   ᠳᠠᠮᠠᠬᠢ ᠶᠢᠨ ᠪᠦᠳᠦᠭᠡᠭᠳᠡᠭᠦᠨ ᠪᠣᠷᠤᠯᠠᠭᠤᠯᠤᠭᠴᠢᠳ ᠠᠴᠠ ᠬᠠᠣᠯᠢ ᠶᠣᠰᠣᠭᠠᠷ ᠪᠠᠷᠢᠮᠵᠢᠶ᠎ᠠ ᠳᠤ ᠨᠡᠶᠢᠴᠡᠭᠰᠡᠨ ᠳᠠᠮᠠᠬᠢ ᠬᠢᠵᠠᠭᠠᠷᠯᠠᠬᠤ ᠲᠡᠮᠳᠡᠭ  ᠢ ᠲᠠᠯᠪᠢᠬᠤ ᠬᠡᠷᠡᠭᠲᠡᠢ᠃     ᠬᠤᠷᠢᠨ ᠵᠢᠷᠭᠤᠳᠤᠭᠠᠷ ᠵᠦᠢᠯ   ᠨᠡᠶᠢᠭᠡᠮ ᠨᠡᠶᠢᠲᠡ ᠪᠠᠷ ᠢᠶᠠᠨ ᠳᠠᠮᠠᠬᠢ ᠲᠠᠲᠠᠬᠤ ᠶᠢ ᠬᠢᠵᠠᠭᠠᠷᠯᠠᠬᠤ ᠠᠵᠢᠯ ᠢ ᠲᠡᠮᠵᠢᠬᠦ ᠬᠡᠷᠡᠭᠲᠡᠢ᠃ ᠬᠤᠪᠢ ᠬᠦᠮᠦᠨ ᠬᠢᠭᠡᠳ ᠵᠣᠬᠢᠶᠠᠨ ᠪᠠᠶᠢᠭᠤᠯᠤᠯᠲᠠ ᠤᠨ ᠰᠠᠶᠢᠨ ᠳᠤᠷ᠎ᠠ ᠠᠴᠠ ᠪᠠᠨ ᠳᠠᠮᠠᠬᠢ ᠲᠠᠲᠠᠬᠤ ᠶᠢ ᠬᠢᠵᠠᠭᠠᠷᠯᠠᠬᠤ ᠤᠬᠠᠭᠤᠯᠭ᠎ᠠ ᠶᠢᠨ ᠠᠵᠢᠯ ᠬᠢᠬᠦ᠂ ᠬᠠᠤᠯᠢ ᠠᠴᠠ ᠵᠦᠷᠢᠴᠡᠨ ᠳᠠᠮᠠᠬᠢ ᠳᠠᠳᠠᠵᠣ ᠪᠠᠶᠢᠭ᠎ᠠ ᠠᠵᠢᠯᠯᠠᠭ᠎ᠠ ᠶᠢ ᠢᠳᠬᠠᠨ ᠬᠤᠷᠢᠭᠯᠠᠬᠤ᠂ ᠳᠠᠮᠠᠬᠢ ᠵᠣᠭᠰᠤᠬᠤ ᠦᠢᠯᠡᠴᠢᠯᠡᠭᠡ ᠬᠠᠩᠭᠠᠬᠤ ᠵᠡᠷᠭᠡ ᠦᠢᠯᠡ ᠠᠵᠢᠯᠯᠠᠭ᠎ᠠ  ᠶᠢ ᠵᠣᠷᠢᠭᠵᠢᠭᠤᠯᠣᠨ᠎ᠠ᠃     ᠬᠤᠷᠢᠨ ᠳᠣᠯᠤᠳᠤᠭᠠᠷ ᠵᠦᠢᠯ   ᠲᠣᠭᠤᠷᠢᠭ ᠤᠨ ᠡᠷᠡᠭᠦᠯ ᠬᠠᠮᠠᠭᠠᠯᠠᠯ ᠤᠨ ᠰᠠᠯᠠᠭ᠎ᠠ ᠮᠦᠴᠢᠷ  ᠠᠴᠠ ᠳᠠᠮᠠᠬᠢ ᠲᠠᠲᠠᠬᠤ ᠶᠢ ᠬᠢᠵᠠᠭᠠᠷᠠᠯᠠᠬᠤ ᠬᠠᠮᠢᠶᠠᠷᠣᠯᠳᠠ  ᠶᠢᠨ ᠠᠵᠢᠯ ᠢ ᠬᠠᠤᠯᠢ ᠶᠣᠰᠣᠭᠠᠷ ᠦᠷᠨᠢᠭᠦᠯᠵᠦ  ᠂ ᠬᠤᠯᠪᠤᠭᠳᠠᠯ ᠪᠦᠬᠦᠢ ᠲᠠᠯᠠᠪᠣᠷ ᠲᠤ ᠣᠷᠤᠬᠤ ᠡᠷᠬᠡ ᠲᠠᠢ ᠪᠦᠭᠡᠳ ᠬᠤᠯᠪᠤᠭᠳᠠᠯ ᠪᠦᠬᠦᠢ ᠨᠢᠬᠡᠴᠢ ᠪᠣᠯᠤᠨ ᠬᠤᠪᠢ ᠬᠦᠮᠦᠨ ᠢ ᠪᠠᠶᠢᠴᠠᠭᠠᠨ ᠦᠵᠡᠬᠦ ᠡᠷᠬᠡ ᠲᠠᠢ᠂ ᠬᠤᠯᠪᠤᠭᠳᠠᠯ ᠪᠦᠬᠦᠢ ᠲᠠᠯᠠᠪᠣᠷ ᠤᠨ  ᠠᠮᠤᠷ ᠲᠦᠪᠰᠢᠨ ᠤ ᠵᠢᠷᠤᠭ ᠳᠦᠷᠰᠦᠳᠦ ᠮᠡᠳᠡᠭᠡ ᠵᠠᠩᠭᠢ ᠵᠡᠷᠭᠡ ᠭᠡᠷᠡᠴᠢ ᠪᠠᠷᠢᠮᠳᠠ ᠶᠢᠨ ᠮᠠᠲ᠋ᠧᠷᠢᠶᠠᠯ ᠢ ᠦᠵᠡᠬᠦ ᠡᠷᠬᠡ ᠲᠠᠢ᠂ ᠬᠠᠮᠢᠶ᠎ᠠ ᠪᠦᠬᠦᠢ ᠨᠢᠬᠡᠴᠢ ᠪᠣᠯᠣᠨ ᠬᠤᠪᠢ ᠬᠦᠮᠦᠨ ᠠᠴᠠ ᠬᠠᠮᠵᠢᠯᠴᠠᠵᠦ᠂ ᠪᠠᠶᠢᠳᠠᠯ ᠢ ᠦᠨᠡᠨ ᠪᠣᠲᠠᠲᠠᠢ ᠪᠠᠷ ᠳᠤᠰᠬᠠᠭᠰᠠᠨ ᠪᠠᠶᠢᠬᠤ ᠬᠡᠷᠡᠭᠲᠡᠢ᠃      ᠬᠤᠷᠢᠨ ᠨᠠᠢᠮᠠᠳᠤᠭᠠᠷ ᠵᠦᠢᠯ   ᠬᠡᠨ ᠬᠦᠮᠦᠨ  ᠠᠴᠠ ᠳᠠᠮᠠᠬᠢ ᠶᠢᠨ ᠴᠡᠭᠡᠷ ᠲᠠᠢ ᠭᠠᠵᠠᠷ ᠲᠤ ᠳᠠᠮᠠᠬᠢ ᠲᠠᠲᠠᠬᠤ ᠶᠢ ᠢᠳᠬᠠᠨ ᠬᠤᠷᠢᠭᠯᠠᠬᠤ ᠶᠢ ᠰᠣᠨᠤᠰᠬᠤ ᠦᠭᠡᠢ᠂ ᠨᠡᠶᠢᠭᠡᠮ ᠤᠨ ᠡᠮᠬᠢ ᠵᠢᠷᠦᠮ ᠢ ᠰᠠᠮᠠᠭᠤᠷᠠᠭᠤᠯᠤᠭᠰᠠᠨ ᠪᠤᠶᠤ ᠬᠤᠯᠪᠤᠭᠳᠠᠯ ᠪᠦᠬᠦᠢ ᠰᠠᠯᠠᠭ᠎ᠠ ᠮᠦᠴᠢᠷ ᠬᠠᠤᠯᠢ ᠶᠤᠰᠤᠭᠠᠷ ᠡᠭᠦᠷᠭᠡ ᠲᠣᠰᠢᠶᠠᠯ ᠢᠶᠠᠨ ᠬᠦᠢᠴᠡᠳᠭᠡᠬᠦ ᠶᠢ ᠬᠠᠷᠰᠢᠯᠠᠭᠰᠠᠨ ᠵᠡᠷᠭᠡ ᠠᠮᠤᠷ ᠢ ᠬᠠᠮᠠᠭᠠᠯᠠᠬᠤ ᠠᠵᠢᠯ ᠤᠨ ᠬᠠᠮᠢᠶᠠᠷᠣᠯᠲᠠ ᠶᠢ ᠵᠦᠷᠢᠴᠡᠭᠰᠡᠨ ᠠᠵᠢᠯᠯᠠᠭ᠎ᠠ ᠲᠠᠢ ᠪᠠᠶᠢᠪᠠᠯ ᠳᠣᠲᠤᠭᠠᠳᠤ ᠶᠢ ᠬᠠᠮᠠᠭᠠᠯᠠᠬᠤ ᠰᠠᠯᠠᠭ᠎ᠠ ᠮᠦᠴᠢᠷ ᠠᠴᠠ ᠬᠠᠤᠯᠢ ᠶᠣᠰᠤᠭᠠᠷ ᠰᠢᠢᠳᠭᠡᠵᠦ᠂ ᠶᠠᠯ᠎ᠠ ᠪᠣᠯᠵᠤ ᠪᠦᠷᠢᠯᠳᠦᠭᠰᠡᠨ ᠪᠠᠶᠢᠪᠠᠯ ᠬᠠᠤᠯᠢ ᠶᠣᠰᠤᠭᠠᠷ ᠡᠷᠡᠭᠦᠦ ᠶᠢᠨ ᠬᠠᠷᠢᠭᠤᠴᠠᠯᠭ᠎ᠠ ᠨᠡᠭᠡᠮᠵᠢᠯᠡᠬᠦ ᠬᠡᠷᠡᠭᠲᠡᠢ᠃     ᠬᠤᠷᠢᠨ ᠶᠢᠰᠦᠳᠦᠭᠡᠷ ᠵᠦᠢᠯ   ᠪᠦᠬᠦ ᠲᠣᠭᠤᠷᠢᠭ  ᠤᠨ ᠺᠠᠲᠠᠢ ᠠᠵᠢᠯᠲᠠᠳ ᠠᠴᠠ ᠲᠡᠷᠢᠭᠦᠯᠦᠨ ᠳᠠᠮᠠᠬᠢ ᠲᠠᠲᠠᠬᠤ ᠶᠢ ᠬᠢᠵᠠᠭᠠᠷᠠᠯᠠᠬᠤ ᠲᠤᠬᠠᠢ ᠲᠣᠭᠲᠠᠭᠠᠯ ᠢ ᠵᠢᠷᠦᠮᠯᠡᠬᠦ ᠬᠡᠷᠡᠭᠲᠡᠢ᠃ ᠬᠡᠷᠪᠡ ᠵᠠᠷᠢᠮ ᠺᠠᠳᠠᠷ ᠠᠵᠢᠯᠲᠠᠳ ᠳᠠᠮᠠᠬᠢ ᠲᠠᠲᠠᠬᠤ ᠶᠢ ᠬᠢᠵᠠᠭᠠᠷᠯᠠᠬᠤ ᠡᠭᠦᠷᠭᠡ ᠬᠠᠷᠢᠭᠤᠴᠠᠯᠭ᠎ᠠ ᠪᠠᠨ ᠬᠠᠤᠯᠢ ᠶᠣᠰᠤᠭᠠᠷ ᠭᠦᠢᠴᠡᠳᠭᠡᠬᠦ ᠦᠭᠡᠢ ᠪᠣᠶᠤ ᠡᠷᠬᠡ ᠲᠣᠰᠢᠶᠠᠯ ᠢᠶᠠᠨ ᠳᠤᠷ᠎ᠠ ᠪᠠᠷ ᠢᠶᠠᠨ ᠬᠡᠷᠡᠭᠯᠡᠪᠡᠯ ᠲᠡᠭᠦᠨ ᠤ ᠳᠡᠭᠡᠳᠦ ᠱᠠᠳᠤᠨ ᠤ ᠪᠠᠶᠢᠭᠤᠯᠭ᠎ᠠ ᠪᠣᠶᠤ ᠬᠢᠨᠠᠨ ᠪᠠᠶᠢᠴᠠᠭᠠᠬᠤ ᠪᠠᠶᠢᠭᠤᠯᠭ᠎ᠠ ᠠᠴᠠ ᠬᠠᠤᠯᠢ ᠶᠤᠰᠤᠭᠠᠷ ᠵᠠᠰᠠᠭ ᠵᠠᠬᠢᠷᠭᠠᠨ ᠤ ᠬᠠᠷᠢᠭᠤᠴᠠᠯᠭ᠎ᠠ ᠡᠷᠢᠵᠦ᠂ ᠶᠠᠯ᠎ᠠ ᠪᠣᠯᠵᠤ ᠪᠦᠷᠢᠯᠳᠦᠭᠰᠡᠨ ᠪᠠᠶᠢᠪᠠᠯ ᠬᠠᠤᠯᠢ ᠶᠣᠰᠤᠭᠠᠷ ᠡᠷᠡᠭᠦᠦ ᠶᠢᠨ ᠬᠠᠷᠢᠭᠤᠴᠠᠯᠭ᠎ᠠ ᠨᠡᠭᠡᠮᠵᠢᠯᠡᠬᠦ ᠬᠡᠷᠡᠭᠲᠡᠢ᠃      ᠭᠤᠴᠢᠳᠤᠭᠠᠷ ᠵᠦᠢᠯ   ᠲᠣᠰ ᠲᠣᠭᠳᠠᠭᠠᠯ ᠢ ᠨᠡᠶᠢᠳᠡᠯᠡᠭᠰᠡᠨ ᠡᠳᠦᠷ ᠠᠴᠠ ᠡᠬᠢᠯᠡᠵᠦ ᠬᠡᠷᠡᠭᠵᠢᠭᠦᠯᠵᠦ᠂ ᠲᠣᠭᠤᠷᠢᠭ ᠤᠨ ᠡᠷᠡᠭᠦᠯ ᠬᠠᠮᠠᠭᠠᠯᠠᠯ ᠤᠨ ᠲᠣᠪᠴᠢᠶ᠎ᠠ ᠬᠠᠷᠢᠭᠤᠴᠠᠨ ᠲᠠᠶᠢᠯᠪᠣᠷᠢᠯᠠᠨ᠎ᠠ᠃
 
ᠢᠷᠡᠯᠲᠡ᠄ ᠬᠤᠷᠴᠢᠨ ᠲᠤᠭᠤᠷᠢᠭ ᠤᠨ ᠵᠠᠰᠠᠭ ᠤᠨ ᠤᠷᠳᠤᠨ
 
 
ᠬᠠᠮᠢᠶ᠎ᠡ ᠪᠦᠬᠦᠢ ᠰᠣᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备05070829号