ᠬᠤᠷᠴᠢᠨ ᠲᠣᠭᠤᠷᠢᠭ ᠤᠨ ᠠᠷᠠᠳ ᠤᠨ ᠵᠠᠰᠠᠭ ᠤᠨ ᠣᠷᠳᠦᠨ ᠤ ᠠᠯᠪᠠᠨ ᠭᠡᠷ ᠤᠨ《ᠬᠤᠷᠴᠢᠨ ᠲᠣᠭᠤᠷᠢᠭ ᠤᠨ ᠫᠠᠲ᠋ᠧᠨ᠋ᠲ ᠤᠨ ᠬᠦᠬᠢᠭᠦᠯᠦᠯ  ᠤᠨ ᠠᠷᠭ᠎ᠠ》 ᠶᠢ ᠬᠦᠴᠦᠨ ᠦᠭᠡᠢ ᠪᠣᠯᠭᠠᠬᠤ ᠲᠣᠬᠠᠢ ᠮᠡᠳᠡᠭᠳᠡᠯ
ᠨᠡᠶᠢᠲᠡᠯᠡᠭᠰᠡᠨ ᠴᠠᠭ᠄
2018-07-18
ᠡᠯ᠎ᠡ ᠰᠣᠮᠣ ᠪᠠᠯᠭᠠᠰᠣ ᠶᠢᠨ ᠠᠷᠠᠳ ᠤᠨ ᠵᠠᠰᠠᠭ ᠤᠨ ᠣᠷᠳᠣᠨ᠂ ᠣᠯᠣᠰ ᠤᠨ ᠦᠮᠴᠢᠯᠡᠯ ᠤᠨ ᠲᠠᠷᠢᠶᠠᠯᠠᠩ ᠮᠠᠯᠵᠢᠯ  ᠤᠨ ᠲᠠᠯᠠᠪᠠᠢ᠂ ᠡᠯ᠎ᠡ ᠵᠡᠭᠡᠯᠢ ᠭᠤᠳᠣᠮᠵᠢ ᠶᠢᠨ ᠭᠡᠷᠡᠭ ᠡᠷᠬᠢᠯᠡᠬᠦ ᠭᠠᠵᠠᠷ᠂ ᠲᠣᠭᠤᠷᠢᠭ ᠤᠨ ᠵᠠᠰᠠᠭ ᠤᠨ ᠣᠷᠳᠣᠨ ᠤ ᠬᠤᠷᠢᠶ᠎ᠠ ᠲᠣᠪᠴᠢᠶ᠎ᠠ᠂ ᠲᠣᠭᠤᠷᠢᠭ ᠲᠤ ᠰᠠᠭᠤᠭ᠎ᠠ ᠡᠯ᠎ᠡ ᠪᠠᠶᠢᠭᠤᠯᠭ᠎ᠠ ᠨᠢᠭᠡᠴᠢ᠄    《 ᠬᠤᠷᠴᠢᠨ ᠲᠣᠭᠤᠷᠢᠭ ᠤᠨ ᠨᠠᠮ ᠤᠨ ᠬᠤᠷᠢᠶᠠᠨ ᠤ ᠪᠦᠬᠦ ᠲᠠᠯ᠎ᠠ ᠪᠠᠷ ᠦᠭᠡᠷᠡᠴᠢᠯᠡᠯᠳᠡ ᠶᠢ ᠬᠦᠨᠵᠡᠭᠡᠶᠢᠷᠡᠬᠦᠯᠬᠦ ᠣᠳᠣᠷᠢᠳᠬᠤ ᠪᠠᠭ ᠤᠨ 2018 ᠣᠨ ᠤ ᠠᠵᠢᠯ ᠤᠨ ᠭᠤᠣᠯᠳᠠᠯᠭ᠎ᠠ ᠵᠢᠴᠢ ᠠᠵᠢᠯ ᠬᠤᠪᠢᠶᠠᠷᠯᠠᠬᠤ ᠲᠦᠰᠦᠯ》︵ᠲᠦᠩᠯᠢᠶᠣᠣ ᠬᠤᠳᠠ ᠶᠢᠨ ᠬᠤᠷᠴᠢᠨ ᠲᠣᠭᠤᠷᠢᠭ ᠤᠨ ᠨᠠᠮ ᠤᠨ ᠬᠤᠷᠢᠶ᠎ᠠ ᠶᠢᠨ ᠠᠯᠪᠠᠨ ᠭᠡᠷ  ᠤᠨ〔2018〕61 ᠳ᠋ᠣᠭᠠᠷ ᠲᠣᠭᠠᠳᠣ︶ ᠤᠨ ᠮᠠᠲ᠋ᠧᠷᠢᠶᠠᠯ ᠳᠠᠬᠢ 《ᠫᠠᠲ᠋ᠧᠨ᠋ᠲ ᠢ ᠬᠠᠮᠠᠭᠠᠯᠠᠬᠤ ᠠᠷᠭ᠎ᠠ ᠬᠡᠮᠵᠢᠶ᠎ᠡ  ᠶᠢ ᠨᠠᠶᠢᠳᠠᠪᠦᠷᠢᠵᠢᠭᠤᠯᠵᠦ᠂ ᠫᠠᠲ᠋ᠧᠨ᠋ᠲ ᠢ ᠬᠠᠮᠠᠭᠠᠯᠠᠬᠤ ᠳᠤ ᠠᠰᠢᠭ ᠦᠭᠡᠢ ᠵᠢᠷᠣᠮᠵᠢᠯᠳᠣ ᠴᠢᠨᠠᠷᠳᠠᠢ ᠪᠢᠴᠢᠭ ᠮᠠᠲ᠋ᠧᠷᠢᠶᠠᠯ ᠢ ᠢᠯᠭᠠᠷᠠᠭᠤᠯᠣᠨ ᠵᠠᠰᠠᠵᠣ᠂ ᠬᠦᠴᠦᠨ ᠦᠭᠡᠢ ᠪᠣᠯᠭᠠᠬᠤ》ᠱᠠᠭᠠᠷᠳᠠᠯᠭ᠎ᠠ ᠶᠢ ᠦᠨᠳᠦᠰᠦᠯᠡᠵᠦ᠂ ᠣᠭ ᠤᠨ《ᠬᠤᠷᠴᠢᠨ ᠲᠣᠭᠤᠷᠢᠭ ᠤᠨ ᠫᠠᠲ᠋ᠧᠨ᠋ᠲ ᠤᠨ ᠬᠦᠬᠢᠭᠦᠯᠦᠯ  ᠤᠨ ᠠᠷᠭ᠎ᠠ》 ᠨᠢ《ᠲᠦᠷᠦ ᠶᠢᠨ ᠶᠠᠪᠣᠳᠠᠯ ᠤᠨ ᠬᠤᠷᠢᠶ᠎ᠠ ᠶᠢᠨ ᠠᠯᠪᠠᠨ ᠲᠢᠩᠬᠢᠮ ᠤᠨ ᠰᠢᠨᠵᠢᠯᠡᠭᠡ ᠮᠡᠷᠭᠡᠵᠢᠯ ᠳᠤ ᠬᠦᠬᠢᠬᠦᠯᠦᠨ ᠱᠠᠩᠨᠠᠬᠤ ᠳᠦᠷᠢᠮ ᠢ ᠦᠭᠡᠷᠡᠴᠢᠯᠡᠬᠦ ᠲᠦᠰᠦᠯ ᠤᠨ ᠲᠣᠬᠠᠢ ᠮᠡᠳᠡᠭᠳᠡᠯ 》︵ᠲᠦᠷᠦ ᠶᠢᠨ ᠶᠠᠪᠣᠳᠠᠯ ᠤᠨ ᠬᠤᠷᠢᠶ᠎ᠠ ᠶᠢᠨ ᠠᠯᠪᠠᠨ ᠲᠢᠩᠬᠢᠮ ᠤᠨ〔2017〕55 ᠳ᠋ᠣᠭᠠᠷ ᠲᠣᠭᠠᠳᠣ︶ ᠤᠨ ᠦᠨᠳᠦᠰᠦᠨ ᠵᠠᠷᠴᠢᠮ ᠯᠤᠭ᠎ᠠ ᠨᠢᠭᠡᠳᠣᠯ ᠦᠭᠡᠢ ᠪᠠᠶᠢᠵᠦ᠂ ᠲᠣᠭᠤᠷᠢᠭ ᠤᠨ ᠵᠠᠰᠠᠭ ᠤᠨ ᠣᠷᠳᠣᠨ ᠠᠴᠠ《〈ᠬᠤᠷᠴᠢᠨ ᠲᠣᠭᠤᠷᠢᠭ ᠤᠨ ᠰᠢᠨᠵᠢᠯᠡᠭᠡ ᠲᠧᠭᠨᠢᠭ ᠤᠨ ᠡᠭᠦᠳᠦᠯᠳᠡ ᠶᠢᠨ ᠭᠤᠷᠪᠠᠨ ᠵᠢᠯ ᠤᠨ ᠠᠵᠢᠯᠯᠭᠠᠨ ᠤ ᠲᠦᠯᠦᠪᠯᠡᠭᠡ 〉ᠵᠡᠷᠭᠡ ᠮᠠᠲ᠋ᠧᠷᠢᠶᠠᠯ ᠢ ᠬᠡᠪᠯᠡᠨ ᠲᠠᠷᠬᠠᠭᠠᠬᠤ ᠲᠣᠬᠠᠢ ᠮᠡᠳᠡᠭᠳᠡᠯ》︵ᠲᠦᠩᠯᠢᠶᠣᠣ ᠬᠤᠳᠠ ᠶᠢᠨ ᠬᠤᠷᠴᠢᠨ ᠲᠣᠭᠤᠷᠢᠭ ᠤᠨ ᠨᠠᠮ ᠤᠨ ᠬᠤᠷᠢᠶ᠎ᠠ ᠶᠢᠨ ᠠᠯᠪᠠᠨ ᠭᠡᠷ  ᠤᠨ〔2016〕131 ᠳ᠋ᠣᠭᠠᠷ ᠲᠣᠭᠠᠳᠣ︶ ᠤᠨ ᠮᠠᠲ᠋ᠧᠷᠢᠶᠠᠯ ᠳᠠᠬᠢ《ᠬᠤᠷᠴᠢᠨ ᠲᠣᠭᠤᠷᠢᠭ ᠤᠨ ᠫᠠᠲ᠋ᠧᠨ᠋ᠲ ᠤᠨ ᠬᠦᠬᠢᠭᠦᠯᠦᠯ ‍ᠤᠨ‌ᠠᠷᠭ᠎ᠠ》 ᠶᠢ ᠬᠦᠴᠦᠨ ᠦᠭᠡᠢ ᠪᠣᠯᠭᠠᠬᠤ ᠪᠠᠷ ᠳᠣᠭᠳᠠᠭᠰᠠᠨ ᠪᠠᠶᠢᠨ᠎ᠠ᠃《ᠬᠤᠷᠴᠢᠨ ᠲᠣᠭᠤᠷᠢᠭ ᠤᠨ ᠫᠠᠲ᠋ᠧᠨ᠋ᠲ ᠤᠨ ᠬᠦᠬᠢᠭᠦᠯᠦᠯ  ᠤᠨ ᠠᠷᠭ᠎ᠠ》 ᠨᠢ ᠲᠣᠰ ᠮᠡᠳᠡᠭᠳᠡᠯ ᠢ ᠭᠡᠪᠯᠡᠨ ᠲᠠᠷᠬᠠᠭᠠᠭᠰᠠᠨ ᠡᠳᠦᠷ ᠠᠴᠠ ᠡᠬᠢᠯᠡᠨ ᠭᠦᠴᠦᠨ ᠦᠭᠡᠢ ᠪᠣᠯᠣᠨ᠎ᠠ᠃                                         2018 ᠣᠨ ᠤ 7 ᠰᠠᠷ᠎ᠠ ᠶᠢᠨ10 ᠤ ᠡᠳᠦᠷ
 
ᠢᠷᠡᠯᠲᠡ᠄ ᠬᠤᠷᠴᠢᠨ ᠲᠤᠭᠤᠷᠢᠭ ᠤᠨ ᠵᠠᠰᠠᠭ ᠤᠨ ᠤᠷᠳᠤᠨ
 
 
ᠬᠠᠮᠢᠶ᠎ᠡ ᠪᠦᠬᠦᠢ ᠰᠣᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备05070829号