ᠲᠥᠩᠯᠢᠶᠤᠤ ᠶᠢᠨ ᠬᠤᠷᠴᠢᠨ ᠵᠠᠰᠠᠭ ᠠᠯᠪᠠᠨ ᠲᠠᠷᠬᠠᠭᠠᠭᠰᠠᠨ [ 2019 ] 70 ᠳ᠋ᠤᠭᠠᠷ ᠲᠣᠭᠠᠲᠤ | ᠡᠯ᠎ᠡ ᠪᠠᠯᠭᠠᠰᠤ ᠰᠤᠮᠤᠨ ᠤ ᠠᠷᠠᠳ ᠤᠨ ᠵᠠᠰᠠᠭ ᠤᠨ ᠣᠷᠳᠣᠨ᠂ ᠤᠯᠤᠰ ᠤᠨ ᠦᠮᠴᠢᠯᠡᠯᠳᠦ ᠲᠠᠷᠢᠶᠠᠯᠠᠩ ᠮᠠᠯ | ᠠᠵᠤ ᠠᠬᠤᠢ ᠶᠢᠨ ᠲᠠᠯᠠᠪᠠᠢ᠂ ᠡᠯ᠎ᠡ ᠵᠡᠭᠡᠯᠢ ᠭᠤᠳᠤᠮᠵᠢ ᠶᠢᠨ ᠬᠡᠷᠡᠭ ᠡᠷᠬᠢᠯᠡᠬᠦ ᠭᠠᠵᠠᠷ᠂ ᠡᠯ᠎ᠡ ᠵᠥᠪᠯᠡᠯ᠂ ᠠᠯᠪᠠᠨ ᠭᠡᠷ | ᠂ ᠲᠣᠪᠴᠢᠶ᠎ᠠ᠂ ᠰᠠᠯᠠᠭ᠎ᠠ ᠳᠤ ᠰᠠᠭᠤᠭ᠎ᠠ ᠤᠨ ᠰᠢᠭᠤᠳ ᠬᠠᠷᠢᠶ᠎ᠠ ᠡᠯ᠎ᠡ ᠨᠢᠭᠡᠴᠡ ᠳᠤ᠄ | ︽︿ᠬᠤᠲᠠ ᠶᠢᠨ ᠠᠶᠤᠯ ᠦᠭᠡᠢ ᠬᠥᠭᠵᠢᠯᠲᠡ ᠶᠢ ᠲᠦᠯᠬᠢᠨ ᠠᠬᠢᠭᠤᠯᠬᠤ ᠲᠤᠬᠠᠶ ᠰᠠᠨᠠᠯ﹀ ᠢ ᠳᠠᠷᠤᠮᠠᠯᠯᠠᠨ | ᠶᠠᠪᠤᠭᠤᠯᠬᠤ ᠲᠤᠬᠠᠶ ᠳᠤᠮᠳᠠᠳᠤ ᠤᠯᠤᠰ ᠤᠨ ᠡᠪ ᠬᠠᠮᠲᠤ ᠨᠠᠮ ᠤᠨ ᠲᠥᠪ ᠬᠤᠷᠢᠶᠠᠨ ᠤ ᠠᠯᠪᠠᠨ ᠲᠢᠩᠬᠢᠮ᠂ | ᠲᠥᠷᠥ ᠶᠢᠨ ᠶᠠᠪᠤᠳᠠᠯ ᠤᠨ ᠬᠤᠷᠢᠶᠠᠨ ᠤ ᠠᠯᠪᠠᠨ ᠲᠢᠩᠬᠢᠮ ᠤᠨ ᠮᠡᠳᠡᠭᠳᠡᠯ︾ ︽ᠥᠪᠡᠷᠲᠡᠭᠡᠨ ᠵᠠᠰᠠᠬᠤ ᠣᠷᠣᠨ ᠤ | ᠨᠠᠮ ᠤᠨ ᠬᠤᠷᠢᠶᠠᠨ ᠤ ᠠᠯᠪᠠᠨ ᠲᠢᠩᠬᠢᠮ᠂ ᠥᠪᠡᠷᠲᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠣᠷᠳᠣᠨ ᠤ ︿ | ᠬᠤᠲᠠ ᠶᠢᠨ ᠠᠶᠤᠯ ᠦᠭᠡᠢ ᠬᠥᠭᠵᠢᠯᠲᠡ ᠶᠢ ᠲᠦᠯᠬᠢᠨ ᠠᠬᠢᠭᠤᠯᠬᠤ ᠲᠤᠬᠠᠶ ᠬᠡᠷᠡᠭᠵᠢᠭᠦᠯᠬᠦ ᠰᠠᠨᠠᠯ﹀ ᠤᠨ ᠪᠢᠴᠢᠭ | ᠮᠠᠲ᠋ᠧᠷᠢᠶᠠᠯ ᠤᠨ ᠵᠣᠷᠢᠭ ᠰᠠᠨᠠᠭ᠎ᠠ ᠶᠢ ᠲᠤᠤᠱᠯᠠᠭᠤᠯᠤᠨ ᠨᠠᠶᠢᠳᠠᠪᠤᠷᠢᠵᠢᠭᠤᠯᠬᠤ ᠶᠢᠨ ᠲᠤᠰᠠᠳᠠ᠂ ᠰᠤᠳᠤᠯᠬᠤ ᠪᠠᠷ | ᠳᠠᠮᠵᠢᠨ᠂ ︽ᠬᠤᠲᠠ ᠶᠢᠨ ᠠᠶᠤᠯ ᠦᠭᠡᠢ ᠬᠥᠭᠵᠢᠯᠲᠡ ᠶᠢ ᠲᠦᠯᠬᠢᠨ ᠠᠬᠢᠭᠤᠯᠬᠤ ᠲᠤᠬᠠᠶ ᠬᠡᠷᠡᠭᠵᠢᠭᠦᠯᠬᠦ ᠲᠥᠰᠦᠯ︾ | ᠢ ᠡᠳᠦᠭᠡ ᠲᠠᠨᠠᠷ ᠲᠤ ᠳᠠᠷᠤᠮᠠᠯᠯᠠᠨ ᠶᠠᠪᠤᠭᠤᠯᠤᠯ᠎ᠠ᠂ ᠪᠣᠳᠠᠲᠤ ᠪᠠᠶᠢᠳᠠᠯ ᠲᠠᠢ ᠪᠠᠨ ᠤᠶᠠᠯᠳᠤᠭᠤᠯᠤᠨ ᠬᠢᠨᠠᠮᠠᠭᠠᠶ | ᠲᠤᠤᠱᠯᠠᠭᠤᠯᠤᠨ ᠨᠠᠶᠢᠳᠠᠪᠤᠷᠢᠵᠢᠭᠤᠯᠲᠤᠭᠠᠶ᠃ | ᠡᠭᠦᠨ ᠤ ᠲᠤᠯᠨ ᠮᠡᠳᠡᠭᠳᠡᠪᠡ | 2019 ᠤᠨ 8 ᠰᠠᠷ᠎ᠠ ᠶᠢᠨ 30 ᠤ ᠡᠳᠦᠷ | ᠬᠤᠷᠴᠢᠨ ᠲᠣᠭᠤᠷᠢᠭ ᠤᠨ ᠠᠷᠠᠳ ᠤᠨ ᠵᠠᠰᠠᠭ ᠤᠨ ᠣᠷᠳᠣᠨ ᠤ ᠠᠯᠪᠠᠨ ᠭᠡᠷ 2019 ᠤᠨ 8 ᠰᠠᠷ᠎ᠠ ᠶᠢᠨ | 30 ᠤ ᠡᠳᠦᠷ ᠬᠤᠲᠠ ᠶᠢᠨ ᠠᠮᠤᠷ ᠲᠦᠪᠰᠢᠨ ᠬᠥᠭᠵᠢᠯᠲᠡ ᠶᠢ ᠠᠬᠢᠭᠤᠯᠬᠤ ᠲᠤᠬᠠᠶ ᠬᠡᠷᠡᠭᠵᠢᠭᠦᠯᠬᠦ ᠲᠥᠰᠦᠯ ᠢ | ᠳᠠᠷᠤᠮᠠᠯᠯᠠᠨ ᠲᠠᠷᠬᠠᠭᠠᠪᠠ | ︽︿ᠬᠤᠲᠠ ᠶᠢᠨ ᠠᠮᠤᠷ ᠲᠦᠪᠰᠢᠨ ᠬᠥᠭᠵᠢᠯᠲᠡ ᠶᠢ ᠲᠦᠯᠬᠢᠨ ᠠᠬᠢᠭᠤᠯᠬᠤ ᠲᠤᠬᠠᠶ ᠰᠠᠨᠠᠯ﹀ ᠢ ᠳᠠᠷᠤᠮᠠᠯᠯᠠᠨ | ᠶᠠᠪᠤᠭᠤᠯᠬᠤ ᠲᠤᠬᠠᠶ ᠳᠤᠮᠳᠠᠳᠤ ᠤᠯᠤᠰ ᠤᠨ ᠡᠪ ᠬᠠᠮᠲᠤ ᠨᠠᠮ ᠤᠨ ᠲᠥᠪ ᠬᠤᠷᠢᠶᠠᠨ ᠤ ᠠᠯᠪᠠᠨ ᠲᠢᠩᠬᠢᠮ᠂ | ᠲᠥᠷᠥ ᠶᠢᠨ ᠶᠠᠪᠤᠳᠠᠯ ᠤᠨ ᠬᠤᠷᠢᠶᠠᠨ ᠤ ᠠᠯᠪᠠᠨ ᠲᠢᠩᠬᠢᠮ ᠤᠨ ᠮᠡᠳᠡᠭᠳᠡᠯ︾ ︽ᠥᠪᠡᠷᠲᠡᠭᠡᠨ ᠵᠠᠰᠠᠬᠤ ᠣᠷᠣᠨ ᠤ | ᠨᠠᠮ ᠤᠨ ᠬᠤᠷᠢᠶᠠᠨ ᠤ ᠠᠯᠪᠠᠨ ᠲᠢᠩᠬᠢᠮ᠂ ᠥᠪᠡᠷᠲᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠣᠷᠳᠣᠨ ᠤ ︿ | ᠬᠤᠲᠠ ᠶᠢᠨ ᠠᠮᠤᠷ ᠲᠦᠪᠰᠢᠨ ᠬᠥᠭᠵᠢᠯᠲᠡ ᠶᠢ ᠲᠦᠯᠬᠢᠨ ᠠᠬᠢᠭᠤᠯᠬᠤ ᠲᠤᠬᠠᠶ ᠬᠡᠷᠡᠭᠵᠢᠭᠦᠯᠬᠦ ᠰᠠᠨᠠᠯ﹀ ᠤᠨ ᠵᠣᠷᠢᠭ | ᠰᠠᠨᠠᠭ᠎ᠠ ᠶᠢ ᠲᠤᠤᠱᠯᠠᠭᠤᠯᠤᠨ ᠨᠠᠶᠢᠳᠠᠪᠤᠷᠢᠯᠢᠭᠤᠯᠬᠤ᠂ ᠬᠤᠲᠠ ᠶᠢᠨ ᠠᠮᠤᠷ ᠲᠦᠪᠰᠢᠨ ᠤ ᠵᠠᠰᠠᠯᠲᠠ ᠶᠢᠨ ᠤᠷᠲᠤ | ᠬᠤᠭᠤᠴᠠᠭᠠᠨ ᠤ ᠪᠦᠲᠦᠮᠵᠢᠲᠡᠶ ᠲᠣᠭᠲᠠᠴᠠ ᠶᠢ ᠠᠯᠬᠤᠮ ᠠᠯᠬᠤᠮ ᠢᠶᠠᠷ ᠪᠠᠶᠢᠭᠤᠯᠤᠨ᠂ ᠬᠤᠲᠠ ᠶᠢᠨ ᠠᠵᠢᠯᠯᠠᠭᠠᠨ ᠤ | ᠲᠦᠭᠰᠢᠭᠦᠷᠢ ᠶᠢ ᠰᠡᠷᠭᠡᠶᠢᠯᠡᠨ ᠡᠵᠡᠮᠳᠡᠬᠦ ᠬᠢᠷᠢ ᠬᠡᠮᠵᠢᠶ᠎ᠡ ᠶᠢ ᠳᠡᠭᠡᠭᠰᠢᠯᠡᠭᠦᠯᠵᠦ᠂ ᠬᠤᠲᠠ ᠶᠢᠨ ᠠᠮᠤᠷ ᠲᠦᠪᠰᠢᠨ ᠢ | ᠨᠥᠯᠥᠭᠡᠯᠡᠬᠦ ᠲᠤᠪᠤᠶᠢᠮ᠎ᠠ ᠵᠥᠷᠢᠴᠡᠯ ᠪᠣᠯᠤᠨ ᠠᠰᠠᠭᠤᠳᠠᠯ ᠢ ᠪᠦᠲᠦᠮᠵᠢᠲᠡᠶ ᠰᠢᠢᠳᠪᠦᠷᠢᠯᠡᠨ.᠂ ᠬᠤᠲᠠ ᠶᠢᠨ ᠠᠮᠤᠷ | ᠲᠦᠪᠰᠢᠨ ᠤ ᠵᠣᠬᠢᠴᠠᠩᠭᠤᠶ ᠬᠥᠭᠵᠢᠯᠲᠡ ᠶᠢ ᠲᠦᠷᠭᠡᠳᠬᠡᠨ ᠠᠬᠢᠭᠤᠯᠬᠤ ᠶᠢᠨ ᠲᠤᠰᠠᠳᠠ᠂ ᠡᠳᠦᠭᠡ ᠮᠠᠨ ᠤ | ᠲᠤᠭᠤᠷᠢᠭ ᠤᠨ ᠪᠣᠳᠠᠲᠤ ᠪᠠᠶᠢᠳᠠᠯ ᠲᠠᠢ ᠤᠶᠠᠯᠳᠤᠭᠤᠯᠤᠨ ᠳᠣᠤᠷᠠᠬᠢ ᠮᠡᠲᠦ ᠬᠡᠷᠡᠭᠵᠢᠭᠦᠯᠬᠦ ᠲᠥᠰᠦᠯ ᠢ ᠲᠣᠭᠲᠠᠭᠠᠪᠠ᠃ | | ᠨᠢᠭᠡ᠂ ᠶᠡᠷᠦᠩᠬᠡᠶ ᠱᠠᠭᠠᠷᠳᠠᠯᠭ᠎ᠠ | ︵ᠨᠢᠭᠡ︶ ᠵᠢᠯᠣᠭᠤᠳᠬᠤ ᠦᠵᠡᠯ ᠰᠠᠨᠠᠭ᠎ᠠ᠃ ᠰᠢ ᠶᠢᠨ ᠫᠢᠩ ᠤᠨ ᠰᠢᠨ᠎ᠡ ᠴᠠᠭ ᠦᠶ᠎ᠡ ᠶᠢᠨ ᠳᠤᠮᠳᠠᠳᠤ ᠤᠯᠤᠰ | ᠤᠨ ᠣᠨᠴᠠᠯᠢᠭ ᠲᠠᠢ ᠨᠡᠶᠢᠭᠡᠮ ᠵᠢᠷᠤᠮ ᠤᠨ ᠦᠵᠡᠯ ᠰᠠᠨᠠᠭ᠎ᠠ ᠪᠠᠷ ᠵᠢᠯᠣᠭᠤᠳᠤᠯᠭ᠎ᠠ ᠪᠣᠯᠭᠠᠬᠤ ᠶᠢ ᠪᠠᠷᠢᠮᠲᠠᠯᠠᠵᠤ᠂ | ᠨᠠᠮ ᠤᠨ ᠠᠷᠪᠠ ᠶᠢᠰᠦᠳᠦᠭᠡᠷ ᠶᠡᠭᠡ ᠬᠤᠷᠠᠯ ᠪᠣᠯᠤᠨ ᠠᠷᠪᠠ ᠶᠢᠰᠦᠳᠦᠭᠡᠷ ᠬᠤᠭᠤᠴᠠᠭᠠᠨ ᠤ ᠲᠥᠪ ᠬᠤᠷᠢᠶᠠᠨ ᠤ | ᠬᠤᠶᠠᠳᠤᠭᠠᠷ᠂ ᠭᠤᠷᠪᠠᠳᠤᠭᠠᠷ ᠪᠥᠬᠦᠳᠡ ᠬᠤᠷᠠᠯ ᠤᠨ ᠵᠣᠷᠢᠭ ᠰᠠᠨᠠᠭ᠎ᠠ ᠶᠢ ᠪᠦᠬᠦ ᠲᠠᠯ᠎ᠠ ᠪᠠᠷ ᠲᠤᠭᠤᠰᠢᠯᠠᠭᠤᠯᠵᠠᠶ᠂ | ᠶᠡᠷᠦᠩᠬᠡᠶ ᠱᠦᠵᠢ ᠰᠢ ᠶᠢᠨ ᠫᠢᠩ ᠤᠨ ᠥᠪᠥᠷ ᠮᠣᠩᠭᠤᠯ ᠳᠤ ᠰᠢᠨᠵᠢᠯᠡᠨ ᠪᠠᠶᠢᠴᠠᠭᠠᠬᠤ ᠦᠶ᠎ᠡ ᠶᠢᠨ ᠴᠢᠬᠤᠯᠠ ᠶᠠᠷᠢᠶ᠎ᠠ | ᠪᠣᠯᠤᠨ ᠠᠷᠪᠠᠨ ᠭᠤᠷᠪᠠᠳᠤᠭᠠᠷ ᠬᠤᠭᠤᠴᠠᠭᠠᠨ ᠤ ᠪᠦᠬᠦ ᠤᠯᠤᠰ ᠤᠨ ᠠᠷᠠᠳ ᠤᠨ ᠲᠥᠯᠥᠭᠡᠯᠡᠭᠴᠢᠳ ᠤᠨ ᠶᠡᠭᠡ | ᠬᠤᠷᠠᠯ ᠤᠨ ᠠᠩᠬᠠᠳᠤᠭᠠᠷ ᠬᠤᠷᠠᠯ ᠤᠨ ᠥᠪᠥᠷ ᠮᠣᠩᠭᠤᠯ ᠤᠨ ᠲᠥᠯᠥᠭᠡᠯᠡᠭᠴᠢᠳ ᠤᠨ ᠪᠦᠯᠬᠦᠮ ᠤᠨ ᠬᠢᠨᠠᠨ | ᠵᠥᠪᠯᠡᠬᠦ ᠳᠤ ᠣᠷᠣᠯᠴᠠᠬᠤ ᠦᠶ᠎ᠡ ᠶᠢᠨ ᠴᠢᠬᠤᠯᠠ ᠶᠠᠷᠢᠶᠠᠨ ᠤ ᠵᠣᠷᠢᠭ ᠰᠠᠨᠠᠭ᠎ᠠ ᠶᠢ ᠭᠦᠨᠵᠡᠭᠡᠶ ᠲᠤᠤᠱᠯᠠᠭᠤᠯᠵᠤ᠂ | ᠲᠥᠪ ᠤᠨ ᠪᠠ ᠥᠪᠡᠷᠲᠡᠭᠡᠨ ᠵᠠᠰᠠᠬᠤ ᠣᠷᠣᠨ ᠤ ᠨᠠᠮ ᠤᠨ ᠬᠤᠷᠢᠶ᠎ᠠ᠂ ᠵᠠᠰᠠᠭ ᠤᠨ ᠣᠷᠳᠣᠨ ᠤ ᠰᠢᠢᠳᠪᠦᠷᠢᠳᠦ | ᠪᠣᠳᠣᠯᠭ᠎ᠠ ᠪᠠᠶᠢᠷᠢᠯᠠᠭᠤᠯᠤᠯᠲᠠ ᠶᠢ ᠨᠠᠷᠢᠨ ᠬᠢᠨᠠᠮᠠᠭᠠᠶ ᠨᠠᠶᠢᠳᠠᠪᠤᠷᠢᠵᠢᠭᠤᠯᠤᠨ᠎ᠠ᠃ ᠠᠮᠤᠷ ᠲᠦᠪᠰᠢᠨ ᠬᠥᠭᠵᠢᠯᠲᠡ ᠶᠢᠨ | ᠤᠶᠢᠯᠠᠭᠠᠭᠳᠠᠬᠤᠨ ᠢ ᠪᠠᠲᠤ ᠪᠣᠶ ᠪᠣᠯᠭᠠᠵᠤ᠂ ᠠᠮᠢ ᠨᠠᠰᠤ ᠠᠮᠤᠷ ᠲᠦᠪᠰᠢᠨ ᠢ ᠲᠡᠷᠢᠭᠦᠨ ᠳᠤ ᠲᠠᠯᠪᠢᠬᠤ᠂ ᠬᠠᠤᠯᠢ | ᠶᠣᠰᠣᠭᠠᠷ ᠵᠠᠰᠠᠬᠤ ᠪᠦᠬᠦ ᠶᠠᠪᠤᠴᠠ ᠶᠢ ᠬᠠᠮᠢᠶᠠᠷᠤᠨ ᠡᠵᠡᠮᠳᠡᠬᠦ᠂ ᠲᠤᠬᠠᠶ ᠶᠢᠨ ᠭᠠᠵᠠᠷ ᠣᠷᠣᠨ ᠤ ᠪᠠᠶᠢᠳᠠᠯ ᠳᠠᠭᠠᠨ | ᠲᠤᠬᠢᠷᠠᠭᠤᠯᠤᠨ ᠪᠦᠬᠦ ᠲᠠᠯ᠎ᠠ ᠪᠠᠷ ᠠᠬᠢᠭᠤᠯᠬᠤ ᠵᠠᠷᠴᠢᠮ ᠢ ᠪᠠᠷᠢᠮᠲᠠᠯᠠᠵᠤ᠂ ᠠᠮᠤᠷ ᠲᠦᠪᠰᠢᠨ ᠬᠥᠭᠵᠢᠯᠲᠡ ᠶᠢ ᠦᠨᠡᠨᠬᠦ | ᠬᠤᠲᠠ ᠶᠢᠨ ᠣᠳᠣ ᠦᠶ᠎ᠡ ᠶᠢᠨ ᠪᠣᠯᠪᠠᠰᠤᠨ ᠤ ᠴᠢᠬᠤᠯᠠ ᠪᠡᠯᠭᠡ ᠲᠡᠮᠳᠡᠭ ᠪᠣᠯᠭᠠᠵᠤ᠂ ᠬᠤᠲᠠ ᠶᠢᠨ ᠠᠵᠢᠯᠯᠠᠭᠠᠨ ᠤ | ᠬᠠᠮᠢᠶᠠᠷᠤᠯᠲᠠ ᠶᠢᠨ ᠠᠮᠤᠷ ᠲᠦᠪᠰᠢᠨ ᠤ ᠬᠠᠷᠢᠭᠤᠴᠠᠯᠭ᠎ᠠ ᠶᠢᠨ ᠳᠦᠷᠢᠮ ᠢ ᠲᠡᠭᠦᠯᠳᠡᠷᠵᠢᠭᠦᠯᠵᠦ᠂ ᠰᠢᠨ᠎ᠡ ᠪᠠᠶᠢᠳᠠᠯ | ᠰᠢᠨ᠎ᠡ ᠡᠭᠦᠷᠭᠡ ᠰᠢᠨ᠎ᠡ ᠱᠠᠭᠠᠷᠳᠠᠯᠭ᠎ᠠ ᠲᠠᠢ ᠵᠣᠬᠢᠴᠠᠭᠰᠠᠨ ᠣᠯᠠᠨ ᠨᠡᠶᠢᠲᠡ ᠶᠢᠨ ᠠᠮᠤᠷ ᠲᠦᠪᠰᠢᠨ ᠤ ᠰᠢᠰᠲ᠋ᠧᠮ ᠢ | ᠪᠦᠷᠢᠨ ᠪᠣᠯᠭᠠᠨ᠎ᠠ᠃ ᠬᠠᠮᠲᠤᠪᠠᠷ ᠪᠠᠶᠢᠭᠤᠯᠵᠤ ᠬᠠᠮᠲᠤᠪᠠᠷ ᠵᠠᠰᠠᠵᠤ ᠬᠠᠮᠲᠤᠪᠠᠷ ᠡᠳ᠋ᠯᠡᠬᠦ ᠬᠤᠲᠠ ᠶᠢᠨ ᠠᠮᠤᠷ | ᠲᠦᠪᠰᠢᠨ ᠨᠡᠶᠢᠭᠡᠮ ᠤᠨ ᠵᠠᠰᠠᠯᠲᠠ ᠶᠢᠨ ᠪᠠᠶᠢᠷᠢᠰᠢᠯ ᠢ ᠪᠠᠶᠢᠭᠤᠯᠵᠤ᠂ ᠶᠡᠷᠦᠩᠬᠡᠶᠢᠯᠡᠭᠰᠡᠨ ᠴᠢᠨᠠᠷᠲᠠᠶ᠂ ᠪᠦᠬᠦ | ᠲᠠᠯ᠎ᠠ ᠶᠢᠨ᠂ ᠰᠢᠰᠲ᠋ᠧᠮᠵᠢᠭᠰᠡᠨ ᠬᠤᠲᠠ ᠶᠢᠨ ᠠᠮᠤᠷ ᠲᠦᠪᠰᠢᠨ ᠤ ᠬᠥᠭᠵᠢᠯᠲᠡ ᠶᠢᠨ ᠰᠢᠰᠲ᠋ᠧᠮ ᠢ ᠪᠠᠶᠢᠭᠤᠯᠵᠤ᠂ | ᠬᠤᠲᠠ ᠶᠢᠨ ᠠᠮᠤᠷ ᠲᠦᠪᠰᠢᠨ ᠤ ᠲᠦᠭᠰᠢᠭᠦᠷᠢ ᠶᠢ ᠰᠡᠷᠭᠡᠶᠢᠯᠡᠨ ᠠᠷᠢᠯᠭᠠᠵᠤ᠂ ᠬᠤᠲᠠ ᠶᠢᠨ ᠠᠮᠤᠷ ᠲᠦᠪᠰᠢᠨ ᠤ | ᠪᠠᠲᠤᠯᠠᠭ᠎ᠠ ᠶᠢᠨ ᠲᠦᠪᠰᠢᠨ ᠢ ᠪᠦᠬᠦ ᠲᠠᠯ᠎ᠠ ᠪᠠᠷ ᠳᠡᠭᠡᠭᠰᠢᠯᠡᠭᠦᠯᠵᠦ᠂ ᠠᠷᠠᠳ ᠣᠯᠠᠨ ᠳᠤ ᠣᠷᠣᠰᠢᠨ ᠰᠠᠭᠤᠬᠤ ᠳᠤ | ᠲᠣᠬᠢᠷᠠᠮᠵᠢᠲᠠᠶ᠂ ᠠᠮᠤᠷ ᠠᠮᠤᠭᠤᠯᠠᠩ ᠵᠣᠯ ᠵᠢᠷᠭᠠᠯ ᠲᠠᠢ ᠦᠢᠯᠡᠳᠪᠦᠷᠢᠯᠡᠯ ᠠᠮᠢᠳᠤᠷᠠᠯ ᠤᠨ ᠣᠷᠴᠢᠨ ᠲᠣᠭᠤᠷᠢᠨ ᠢ | ᠪᠣᠶ ᠪᠣᠯᠭᠠᠨ᠎ᠠ᠃ | ︵ᠬᠤᠶᠠᠷ︶ ᠶᠡᠷᠦᠩᠬᠡᠶ ᠬᠠᠷᠠᠯᠲᠠ᠃ 2020 ᠤᠨ ᠪᠣᠯᠬᠤ ᠳᠤ᠂ ᠪᠦᠬᠦ ᠲᠤᠭᠤᠷᠢᠭ ᠤᠨ ᠬᠤᠲᠠ ᠶᠢᠨ ᠠᠮᠤᠷ | ᠲᠦᠪᠰᠢᠨ ᠬᠥᠭᠵᠢᠯᠲᠡ ᠶᠢ ᠢᠯᠡᠳᠲᠡ ᠠᠬᠢᠴᠠ ᠲᠠᠢ ᠪᠣᠯᠭᠠᠵᠤ᠂ ᠴᠢᠨᠡᠭᠡᠯᠢᠭ ᠨᠡᠶᠢᠭᠡᠮ ᠢ ᠪᠦᠬᠦ ᠲᠠᠯ᠎ᠠ ᠪᠠᠷ | ᠪᠡᠶᠡᠯᠡᠭᠦᠯᠬᠦ ᠬᠠᠷᠠᠯᠲᠠ ᠯᠤᠭ᠎ᠠ ᠲᠣᠬᠢᠷᠠᠯᠴᠠᠭᠰᠠᠨ ᠠᠮᠤᠷ ᠲᠦᠪᠰᠢᠨ ᠬᠥᠭᠵᠢᠯᠲᠡ ᠶᠢᠨ ᠵᠢᠱᠢᠶ᠎ᠡ ᠦᠵᠡᠭᠦᠯᠬᠦ | ᠬᠤᠲᠠ ᠶᠢ ᠪᠠᠢᠭᠤᠯᠤᠨ᠎ᠠ ᠃ 2035 ᠤᠨ ᠪᠣᠯᠬᠤ ᠳᠤ᠂ ᠪᠦᠬᠦ ᠲᠤᠭᠤᠷᠢᠭ ᠤᠨ ᠬᠤᠲᠠ ᠶᠢᠨ ᠠᠮᠤᠷ ᠲᠦᠪᠰᠢᠨ ᠤ | ᠬᠥᠭᠵᠢᠯᠲᠡ ᠶᠢᠨ ᠰᠢᠰᠲ᠋ᠧᠮᠵᠢ ᠶᠢ ᠨᠠᠩ ᠲᠡᠭᠦᠯᠳᠡᠷᠵᠢᠭᠦᠯᠵᠦ᠂ ᠠᠮᠤᠷ ᠲᠦᠪᠰᠢᠨ ᠤ ᠪᠣᠯᠪᠠᠰᠤᠨ ᠤ ᠬᠡᠮᠵᠢᠶ᠎ᠡ ᠶᠢ | ᠢᠯᠡᠳᠲᠡ ᠳᠡᠭᠡᠭᠰᠢᠯᠡᠭᠦᠯᠦᠨ᠂ ᠨᠡᠶᠢᠭᠡᠮ ᠵᠢᠷᠤᠮ ᠤᠨ ᠣᠳᠣᠬᠢᠴᠢᠯᠠᠯᠲᠠ ᠶᠢ ᠦᠨᠳᠦᠰᠦᠨ ᠳᠡᠭᠡᠨ ᠪᠡᠶᠡᠯᠡᠭᠦᠯᠬᠦ ᠯᠦᠭᠡ | ᠬᠠᠷᠢᠯᠴᠠᠨ ᠲᠣᠬᠢᠷᠠᠯᠴᠠᠭᠰᠠᠨ ᠠᠮᠤᠷ ᠲᠦᠪᠰᠢᠨ ᠬᠥᠭᠵᠢᠭᠰᠡᠨ ᠬᠤᠲᠠ ᠶᠢ ᠪᠠᠶᠢᠭᠤᠯᠤᠨ᠎ᠠ᠃ ᠰᠢᠰᠲ᠋ᠧᠮ ᠤᠨ | ᠴᠢᠨᠠᠷᠲᠠᠢ᠂ ᠣᠳᠣᠬᠢᠴᠢᠯᠠᠭᠰᠠᠨ ᠬᠤᠲᠠ ᠶᠢᠨ ᠠᠮᠤᠷ ᠲᠦᠪᠰᠢᠨ ᠤ ᠪᠦᠷᠢᠯᠳᠦᠬᠦ ᠶᠢ ᠦᠷᠭᠦᠯᠵᠢᠯᠡᠨ ᠠᠬᠢᠭᠤᠯᠵᠤ᠂ | ᠭᠤᠣᠯ ᠬᠤᠲᠠ ᠲᠣᠭᠤᠷᠢᠭ ᠢᠶᠠᠷ ᠰᠠᠭᠤᠷᠢ ᠪᠣᠯᠭᠠᠵᠤ᠂ ᠡᠷᠭᠢᠨ ᠲᠣᠭᠤᠷᠢᠨ ᠢ ᠳᠠᠶᠢᠴᠢᠯᠠᠨ ᠳᠠᠭᠠᠭᠤᠯᠵᠤ᠂ ᠪᠠᠯᠭᠠᠰᠤ | ᠰᠤᠮᠤ᠂ ᠠᠷᠠᠳ ᠤᠨ ᠠᠮᠢᠳᠤᠷᠠᠯ ᠳᠤ ᠠᠰᠢᠭ ᠬᠦᠷᠲᠡᠭᠡᠬᠦ ᠠᠮᠤᠷ ᠲᠦᠪᠰᠢᠨ ᠬᠥᠭᠵᠢᠯᠲᠡ ᠶᠢᠨ ᠬᠡᠯᠪᠡᠷᠢ ᠶᠢᠨ | ᠬᠤᠲᠠ ᠶᠢ ᠲᠦᠷᠭᠡᠳᠬᠡᠨ ᠪᠠᠶᠢᠭᠤᠯᠵᠤ᠂ ︽ᠦᠵᠡᠰᠬᠦᠯᠡᠩᠲᠦ ᠰᠠᠶᠢᠬᠠᠨ ᠥᠪᠥᠷ ᠮᠣᠩᠭᠤᠯ ᠢᠶᠠᠨ ᠪᠦᠲᠦᠭᠡᠨ | ᠪᠠᠶᠢᠭᠤᠯᠵᠤ᠂ ᠠᠭᠤᠤ ᠶᠡᠭᠡ ᠳᠤᠮᠳᠠᠳᠤ ᠶᠢᠨ ᠵᠡᠭᠦᠳᠦ ᠪᠠᠨ ᠬᠠᠮᠲᠤᠪᠠᠷ ᠲᠡᠷᠭᠡᠯᠰᠢᠭᠦᠯᠬᠦ︾ ᠳᠤ ᠪᠠᠲᠤ ᠪᠠᠬᠢ ᠠᠮᠤᠷ | ᠲᠦᠪᠰᠢᠨ ᠤ ᠪᠠᠲᠤᠯᠠᠭ᠎ᠠ ᠬᠠᠩᠭᠠᠨ᠎ᠠ᠃ | ᠬᠤᠶᠠᠷ᠂ ᠬᠤᠲᠠ ᠶᠢᠨ ᠠᠮᠤᠷ ᠲᠦᠪᠰᠢᠨ ᠤ ᠡᠬᠢ ᠡᠭᠦᠰᠦᠯ ᠠᠴᠠ ᠨᠢ ᠬᠠᠮᠢᠶᠠᠷᠤᠨ ᠡᠵᠡᠮᠳᠡᠬᠦ ᠶᠢ | ᠴᠢᠩᠭᠠᠳᠬᠠᠨ᠎ᠠ | ︵ᠨᠢᠭᠡ︶ ᠬᠤᠲᠠ ᠶᠢᠨ ᠬᠥᠭᠵᠢᠯᠲᠡ ᠶᠢᠨ ᠲᠥᠯᠥᠪᠵᠢᠭᠦᠯᠭᠡ ᠶᠢ ᠰᠢᠨᠵᠢᠯᠡᠬᠦ ᠤᠬᠠᠭᠠᠨᠴᠢ ᠪᠠᠷ ᠲᠣᠭᠲᠠᠭᠠᠬᠤ | ᠬᠡᠷᠡᠭᠲᠡᠶ᠃ ᠤᠯᠤᠰ ᠠᠷᠠᠳ ᠤᠨ ᠠᠵᠤ ᠠᠬᠤᠶ ᠪᠠ ᠨᠡᠶᠢᠭᠡᠮ ᠤᠨ ᠬᠥᠭᠵᠢᠯᠲᠡ ᠶᠢᠨ ᠲᠦᠯᠦᠪᠵᠢᠭᠦᠯᠭᠡ᠂ | ᠬᠤᠲᠠ ᠶᠢᠨ ᠶᠡᠷᠦᠩᠬᠡᠶ ᠲᠦᠯᠦᠪᠵᠢᠭᠦᠯᠭᠡ᠂ ᠭᠠᠵᠠᠷ ᠰᠢᠷᠣᠶ ᠶᠢ ᠠᠰᠢᠭᠯᠠᠬᠤ ᠶᠡᠷᠦᠩᠬᠡᠶ ᠲᠥᠯᠥᠪᠵᠢᠭᠦᠯᠪᠡ᠂ ᠠᠮᠢ | ᠠᠬᠤᠶ ᠣᠷᠴᠢᠨ ᠠᠬᠤᠢ ᠶᠢᠨ ᠬᠠᠮᠠᠭᠠᠯᠠᠯᠲᠠ ᠶᠢᠨ ᠲᠦᠯᠦᠪᠵᠢᠭᠦᠯᠭᠡ ᠵᠡᠷᠭᠡ ᠳᠤ ᠡᠷᠬᠡᠪᠰᠢ ᠠᠮᠤᠷ ᠲᠦᠪᠰᠢᠨ | ᠬᠥᠭᠵᠢᠯᠲᠡ ᠶᠢᠨ ᠣᠶᠢᠯᠠᠭᠠᠭᠳᠠᠬᠤᠨ ᠤ ᠱᠠᠭᠠᠷᠳᠠᠯᠭ᠎ᠠ ᠶᠢ ᠢᠯᠡᠷᠡᠭᠦᠯᠵᠦ᠂ ᠢᠳᠡᠪᠬᠢᠲᠡᠶ ᠪᠠᠷ ᠨᠥᠬᠦᠴᠡᠯ | ᠪᠦᠷᠢᠯᠳᠦᠭᠦᠯᠵᠦ ᠪᠠᠶᠢᠭᠠᠳ ︽ᠣᠯᠠᠨ ᠲᠥᠯᠥᠪᠵᠢᠭᠦᠯᠭᠡ ᠶᠢ ᠨᠢᠭᠡᠳᠬᠡᠬᠦ︾ ᠶᠢ ᠲᠦᠯᠬᠢᠨ ᠠᠬᠢᠭᠤᠯᠬᠤ ᠬᠡᠷᠡᠭᠲᠡᠶ᠃ | ᠬᠤᠲᠠ ᠶᠢᠨ ᠲᠥᠯᠥᠪᠵᠢᠭᠦᠯᠪᠡ ᠪᠦᠲᠦᠭᠡᠨ ᠪᠠᠶᠢᠭᠤᠯᠤᠯᠲᠠ ᠶᠢᠨ ᠬᠠᠮᠢᠶᠠᠷᠤᠯᠲᠠ᠂ ᠭᠠᠵᠠᠷ ᠰᠢᠷᠣᠶ ᠶᠢᠨ ᠠᠰᠢᠭᠯᠠᠯᠲᠠ | ᠵᠢᠴᠢ ᠡᠨᠧᠷᠭᠢ ᠶᠢᠨ ᠬᠠᠩᠭᠠᠯᠭ᠎ᠠ ᠵᠡᠷᠭᠡ ᠲᠠᠯ᠎ᠠ ᠪᠠᠷ ᠠᠶᠤᠯ ᠦᠭᠡᠢ ᠬᠥᠭᠵᠢᠯᠲᠡ ᠶᠢᠨ ᠱᠠᠭᠠᠷᠳᠠᠯᠭ᠎ᠠ ᠶᠢ ᠢᠯᠡᠷᠡᠭᠦᠯᠬᠦ | ᠬᠡᠷᠡᠭᠲᠡᠶ᠃ ᠪᠦᠲᠦᠭᠡᠨ ᠪᠠᠶᠢᠭᠤᠯᠤᠯᠲᠠ ᠶᠢᠨ ᠲᠥᠷᠥᠯ ᠵᠦᠢᠯ ᠢ ᠬᠡᠷᠡᠭᠵᠢᠭᠦᠯᠬᠦ ᠠᠴᠠ ᠡᠮᠦᠨᠡᠬᠢ ᠦᠨᠡᠯᠡᠨ ᠵᠢᠱᠢᠵᠦ | ᠨᠤᠲᠠᠯᠠᠬᠤ ᠠᠵᠢᠯ ᠢ ᠴᠢᠩᠭᠠᠳᠬᠠᠵᠤ᠂ ᠠᠶᠤᠯ ᠶᠡᠬᠡᠲᠡᠶ ᠲᠥᠷᠥᠯ ᠵᠦᠢᠯ ᠢ ᠬᠢᠨᠠᠨ ᠵᠥᠪᠰᠢᠶᠡᠷᠡᠬᠦ ᠬᠠᠮᠢᠶᠠᠷᠤᠯᠲᠠ ᠶᠢ | ᠴᠢᠩᠳᠠᠯᠠᠬᠤ ᠬᠡᠷᠡᠭᠲᠡᠶ᠃ ᠰᠠᠭᠤᠭᠠᠯᠢ ᠠᠷᠠᠳ ᠤᠨ ᠠᠮᠢᠳᠤᠷᠠᠯ ᠤᠨ ᠲᠣᠭᠤᠷᠢᠭ᠂ ᠬᠤᠳᠠᠯᠳᠤᠭᠠᠨ ᠤ ᠲᠣᠭᠤᠷᠢᠭ᠂ | ᠠᠵᠤ ᠦᠢᠯᠡᠳᠪᠦᠷᠢ ᠶᠢᠨ ᠬᠦᠷᠢᠶᠡᠯᠡᠩ ᠲᠣᠭᠤᠷᠢᠭ ᠵᠢᠴᠢ ᠪᠤᠰᠤᠳ ᠴᠢᠳᠠᠮᠵᠢᠲᠤ ᠣᠷᠣᠨ ᠤ ᠣᠷᠣᠨ ᠵᠠᠶ ᠶᠢᠨ | ᠪᠠᠶᠢᠷᠢᠰᠢᠭᠤᠯᠤᠯ ᠢ ᠠᠮᠤᠷ ᠲᠦᠪᠰᠢᠨ ᠢᠶᠠᠷ ᠤᠷᠢᠲᠠᠯ ᠪᠣᠯᠭᠠᠬᠤ ᠬᠡᠷᠡᠭᠲᠡᠶ᠃ ᠬᠤᠲᠠ ᠶᠢᠨ ᠲᠥᠯᠥᠪᠵᠢᠭᠦᠯᠭᠡ ᠶᠢᠨ | ᠠᠮᠤᠷ ᠲᠦᠪᠰᠢᠨ ᠢ ᠦᠨᠡᠯᠡᠨ ᠵᠢᠱᠢᠵᠦ ᠨᠤᠲᠠᠯᠠᠬᠤ ᠠᠵᠢᠯ ᠤᠨ ᠲᠣᠭᠲᠠᠴᠠ ᠶᠢ ᠪᠠᠶᠢᠭᠤᠯᠵᠤ᠂ ᠪᠦᠲᠦᠭᠡᠨ | ᠪᠠᠶᠢᠭᠤᠯᠤᠯᠲᠠ ᠶᠢᠨ ᠲᠥᠷᠥᠯ ᠵᠦᠢᠯ ᠢ ᠬᠡᠷᠡᠭᠵᠢᠭᠦᠯᠬᠦ ᠠᠴᠠ ᠡᠮᠦᠨᠡᠬᠢ ᠦᠨᠡᠯᠡᠨ ᠵᠢᠱᠢᠵᠦ ᠨᠤᠲᠠᠯᠠᠬᠤ ᠠᠵᠢᠯ ᠢ | ᠴᠢᠩᠭᠠᠳᠬᠠᠬᠤ ᠬᠡᠷᠡᠭᠲᠡᠶ᠃ | ︵ᠬᠤᠶᠠᠷ︶ ᠬᠤᠲᠠ ᠶᠢᠨ ᠠᠮᠤᠷ ᠲᠦᠪᠰᠢᠨ ᠤ ᠬᠠᠤᠯᠢ ᠲᠣᠭᠲᠠᠭᠠᠯ ᠤᠨ ᠪᠠᠷᠢᠮᠵᠢᠶ᠎ᠠ ᠶᠢᠨ ᠰᠢᠰᠲ᠋ᠧᠮᠵᠢ ᠶᠢ | ᠪᠦᠷᠢᠨᠰᠢᠭᠦᠯᠬᠦ ᠬᠡᠷᠡᠭᠲᠡᠶ᠃ ᠬᠤᠲᠠ ᠶᠢᠨ ᠱᠠᠲᠤᠨ ᠤ ᠭᠤᠤᠯᠴᠢᠯᠠᠨ ᠬᠠᠮᠢᠶᠠᠷᠬᠤ ᠰᠠᠯᠠᠭ᠎ᠠ ᠮᠥᠴᠢᠷ ᠲᠠᠢ | ᠵᠣᠬᠢᠴᠠᠭᠤᠯᠤᠨ᠂ ᠬᠤᠲᠠ ᠶᠢᠨ ᠥᠨᠳᠥᠷ ᠪᠠᠷᠢᠯᠭ᠎ᠠ᠂ ᠲᠣᠮᠣ ᠬᠡᠯᠪᠡᠷᠢ ᠶᠢᠨ ᠶᠡᠷᠦᠩᠬᠡᠶᠢᠯᠡᠭᠰᠡᠨ ᠴᠣᠭᠴᠠ᠂ | ᠶᠡᠷᠦᠩᠬᠡᠶᠢᠯᠡᠭᠰᠡᠨ ᠵᠠᠮ ᠬᠠᠷᠢᠯᠴᠠᠭᠠᠨ ᠤ ᠵᠠᠩᠭᠢᠯᠠᠭ᠎ᠠ᠂ ᠨᠦᠬᠡᠨ ᠵᠠᠮ ᠤᠨ ᠬᠥᠭᠦᠷᠭᠡ᠂ ᠬᠤᠭᠤᠯᠠᠶ ᠱᠤᠭᠤᠮ ᠤᠨ | ᠬᠤᠩᠭᠢᠯ᠂ ᠵᠠᠮ ᠬᠠᠷᠢᠯᠴᠠᠭ᠎ᠠ᠂ ᠰᠢᠲᠠᠮᠠᠬᠠᠶ ᠬᠡᠢ ᠶᠢᠨ ᠢᠨᠵᠧᠨᠧᠷᠢᠩ᠂ ᠤᠰᠤ ᠲᠠᠲᠠᠷᠠᠭᠤᠯᠵᠤ ᠤᠰᠤᠲᠤᠯ ᠢ | ᠰᠡᠷᠭᠡᠶᠢᠯᠡᠬᠦ᠂ ᠴᠠᠬᠢᠯᠭᠠᠨ ᠬᠦᠴᠦᠨ ᠤ ᠪᠡᠯᠡᠳᠬᠡᠮᠵᠢ ᠵᠢᠴᠢ ᠴᠠᠬᠢᠯᠭᠠᠨ ᠱᠠᠲᠤ᠂ ᠲᠣᠮᠣ ᠬᠡᠯᠪᠡᠷᠢ ᠶᠢᠨ ᠵᠤᠭ᠎ᠠ | ᠴᠡᠩᠭᠡᠯ ᠤᠨ ᠪᠡᠯᠡᠳᠬᠡᠮᠵᠢ᠂ ᠬᠠᠮᠲᠤᠪᠠᠷ ᠬᠦᠷᠲᠡᠬᠦ ᠪᠡᠯᠡᠳᠬᠡᠮᠵᠢ ᠵᠡᠷᠭᠡ ᠶᠢᠨ ᠮᠡᠷᠭᠡᠵᠢᠯ ᠤᠨ ᠪᠠᠷᠢᠮᠵᠢᠶ᠎ᠠ ᠶᠢ | ᠲᠡᠭᠦᠯᠳᠡᠷᠵᠢᠭᠦᠯᠵᠦ᠂ ᠠᠮᠤᠷ ᠲᠦᠪᠰᠢᠨ ᠪᠠ ᠪᠠᠴᠢᠮ ᠪᠠᠶᠢᠳᠠᠯ ᠢ ᠠᠷᠭᠠᠴᠠᠬᠤ ᠪᠡᠯᠡᠳᠬᠡᠮᠵᠢ ᠶᠢᠨ ᠪᠠᠷᠢᠮᠵᠢᠶ᠎ᠠ ᠶᠢᠨ | ᠱᠠᠭᠠᠷᠳᠠᠯᠭ᠎ᠠ ᠶᠢ ᠳᠡᠭᠡᠭᠰᠢᠯᠡᠭᠦᠯᠦᠨ᠂ ᠠᠳᠡᠯ ᠤᠨ ᠲᠦᠭᠰᠢᠭᠦᠷᠢ ᠶᠢ ᠡᠰᠡᠷᠭᠦᠴᠡᠨ ᠬᠤᠷᠢᠭᠯᠠᠬᠤ᠂ ᠠᠮᠤᠷ ᠲᠦᠪᠰᠢᠨ | ᠠᠵᠢᠯᠯᠠᠭᠠᠨ ᠢ ᠪᠠᠲᠤᠯᠠᠬᠤ ᠴᠢᠳᠠᠪᠤᠷᠢ ᠶᠢ ᠴᠢᠩᠭᠠᠷᠠᠭᠤᠯᠤᠨ᠎ᠠ᠃ | ︵ᠭᠤᠷᠪᠠ︶ ᠰᠠᠭᠤᠷᠢ ᠪᠡᠯᠡᠳᠬᠡᠮᠵᠢ ᠶᠢᠨ ᠠᠮᠤᠷ ᠲᠦᠪᠰᠢᠨ ᠤ ᠬᠠᠮᠢᠶᠠᠷᠤᠯᠲᠠ ᠶᠢ ᠴᠢᠩᠭᠠᠳᠬᠠᠨ᠎ᠠ᠃ | ᠬᠤᠲᠠ ᠶᠢᠨ ᠭᠠᠮᠰᠢᠭ ᠢ ᠰᠡᠷᠭᠡᠶᠢᠯᠡᠨ ᠭᠠᠮᠰᠢᠭ ᠢ ᠪᠠᠭᠠᠰᠬᠠᠬᠤ ᠪᠠ ᠠᠶᠤᠯᠭᠦᠶ ᠶᠢᠨ ᠲᠥᠬᠦᠭᠡᠷᠦᠮᠵᠢ ᠶᠢᠨ | ᠶᠡᠷᠦᠩᠬᠡᠶᠢᠯᠡᠭᠰᠡᠨ ᠪᠦᠲᠦᠭᠡᠨ ᠪᠠᠶᠢᠭᠤᠯᠤᠯᠲᠠ ᠶᠢ ᠴᠢᠩᠭᠠᠳᠬᠠᠵᠤ᠂ ᠪᠠᠶᠢᠭᠠᠯᠢ ᠶᠢᠨ ᠭᠠᠶ ᠭᠠᠮᠰᠢᠭ ᠢ ᠡᠰᠡᠷᠭᠦᠴᠡᠨ | ᠬᠤᠷᠢᠭᠯᠠᠬᠤ᠂ ᠭᠡᠨᠡᠳᠲᠡ ᠡᠭᠦᠰᠦᠭᠰᠡᠨ ᠬᠡᠷᠡᠭ ᠪᠠ ᠠᠶᠤᠯ ᠲᠦᠭᠰᠢᠭᠦᠷᠢ ᠶᠢᠨ ᠬᠠᠮᠢᠶᠠᠷᠤᠯᠲᠠ ᠶᠢ ᠰᠢᠢᠳᠪᠦᠷᠢᠯᠡᠬᠦ | ᠴᠢᠳᠠᠪᠤᠷᠢ ᠪᠠᠨ ᠨᠡᠮᠡᠭᠳᠡᠭᠦᠯᠦᠨ᠎ᠡ᠃ ᠬᠤᠲᠠ ᠶᠢᠨ ᠭᠠᠵᠠᠷ ᠳᠣᠤᠷᠠᠬᠢ ᠬᠤᠭᠤᠯᠠᠶ ᠶᠢᠨ ᠲᠣᠤᠷ ᠤᠨ | ᠲᠥᠯᠥᠪᠵᠢᠭᠦᠯᠭᠡ ᠶᠢ ᠦᠨᠳᠦᠰᠦᠯᠡᠨ ᠶᠡᠷᠦᠩᠬᠡᠶᠢᠯᠡᠭᠰᠡᠨ ᠬᠤᠭᠤᠯᠠᠶ ᠶᠢᠨ ᠬᠤᠩᠭᠢᠯ ᠤᠨ ᠵᠠᠭᠪᠤᠷ ᠢ ᠬᠡᠷᠡᠭᠯᠡᠨ | ᠪᠦᠲᠦᠭᠡᠨ ᠪᠠᠶᠢᠭᠤᠯᠬᠤ ᠶᠢ ᠡᠮᠬᠢ ᠵᠢᠷᠤᠮ ᠲᠠᠢ ᠪᠠᠷ ᠲᠦᠯᠬᠢᠨ ᠠᠬᠢᠭᠤᠯᠤᠨ᠎ᠠ᠃ ᠬᠤᠲᠠ ᠪᠠᠯᠭᠠᠰᠤ ᠶᠢᠨ ᠤᠰᠤ | ᠲᠠᠲᠠᠷᠠᠭᠤᠯᠬᠤ ᠠᠵᠢᠯ ᠲᠥᠷᠥᠯ ᠤᠨ ᠨᠠᠷᠢᠯᠢᠭ ᠬᠠᠮᠢᠶᠠᠷᠤᠯᠲᠠ ᠶᠢ ᠴᠢᠩᠭᠠᠳᠬᠠᠨ᠎ᠠ᠃ ᠬᠤᠲᠠ ᠶᠢᠨ ᠤᠰᠤ | ᠲᠠᠲᠠᠷᠠᠭᠤᠯᠬᠤ ᠪᠠ ᠪᠣᠬᠢᠷ ᠤᠰᠤ ᠶᠢ ᠰᠢᠢᠳᠪᠦᠷᠢᠯᠡᠬᠦ ᠶᠢᠨ ᠠᠶᠤᠯ ᠦᠭᠡᠢ ᠶᠢᠨ ᠬᠠᠮᠢᠶᠠᠷᠤᠯᠲᠠ ᠶᠢᠨ ᠠᠵᠢᠯ ᠢ | ᠴᠢᠩᠭᠠᠳᠬᠠᠵᠤ᠂ ᠪᠠᠴᠢᠮ ᠪᠠᠶᠢᠳᠠᠯ ᠢ ᠠᠷᠭᠠᠴᠠᠬᠤ ᠪᠡᠯᠡᠳᠬᠡᠯ ᠲᠥᠰᠦᠯ ᠪᠣᠯᠤᠨ ᠠᠷᠭᠠᠴᠠᠬᠤ ᠠᠷᠭ᠎ᠠ ᠬᠡᠮᠵᠢᠶ᠎ᠡ ᠶᠢ | ᠲᠡᠭᠦᠯᠳᠡᠷᠵᠢᠭᠦᠯᠦᠨ᠂ ᠴᠣᠬᠤᠶᠢᠳᠠᠬᠤ ᠬᠡᠢ ᠪᠡᠶᠡᠲᠦ ᠬᠤᠭᠤᠯᠠᠶ ᠶᠢᠨ ᠲᠣᠤᠷ᠂ ᠬᠥᠭᠡᠷᠭᠡ ᠶᠢᠨ ᠥᠷᠲᠡᠭᠡ᠂ ᠪᠣᠬᠢᠷ | ᠤᠰᠤ ᠪᠣᠬᠢᠷ ᠰᠢᠪᠠᠷ ᠢ ᠰᠢᠢᠳᠪᠦᠷᠢᠯᠡᠬᠦ ᠣᠷᠣᠨ ᠪᠦᠰᠡ ᠶᠢᠨ ᠬᠢᠨᠠᠯᠲᠠ ᠬᠠᠮᠢᠶᠠᠷᠤᠯᠲᠠ ᠶᠢ ᠦᠨᠡᠨᠬᠦ ᠴᠢᠩᠭᠠᠳᠬᠠᠵᠤ᠂ | ᠠᠷᠠᠴᠢᠯᠠᠨ ᠬᠠᠮᠠᠭᠠᠯᠠᠬᠤ ᠰᠡᠯᠪᠢᠨ ᠵᠠᠰᠠᠬᠤ ᠠᠵᠢᠯ ᠤᠨ ᠶᠠᠪᠤᠴᠠ ᠳᠤ ᠬᠤᠤᠷᠳᠠᠭᠳᠠᠭᠰᠠᠨ ᠠᠴᠠ ᠪᠣᠯᠵᠤ ᠠᠮᠤᠷ | ᠲᠦᠪᠰᠢᠨ ᠤ ᠠᠳᠡᠯ ᠭᠠᠷᠭᠠᠬᠤ᠂ ᠤᠰᠤᠨ ᠤ ᠪᠣᠬᠢᠷᠲᠤᠯ ᠢ ᠪᠣᠢ ᠪᠣᠯᠭᠠᠬᠤ ᠠᠴᠠ ᠵᠠᠶᠢᠯᠠᠰᠬᠢᠬᠦ ᠬᠡᠷᠡᠭᠲᠡᠶ᠃ ᠣᠯᠠᠨ | ᠨᠡᠶᠢᠲᠡ ᠶᠢᠨ ᠭᠠᠯ ᠤᠨᠲᠠᠷᠠᠭᠠᠬᠤ ᠰᠠᠭᠤᠷᠢ ᠪᠡᠯᠡᠳᠬᠡᠮᠵᠢ ᠶᠢ ᠨᠡᠶᠢᠳᠡᠮ ᠬᠠᠮᠤᠷᠬᠤ ᠶᠢ ᠠᠯᠬᠤᠮ ᠠᠯᠬᠤᠮ ᠢᠶᠠᠷ | ᠪᠡᠶᠡᠯᠡᠭᠦᠯᠵᠦ᠂ ᠭᠠᠯ ᠤᠨᠲᠠᠷᠠᠭᠠᠬᠤ ᠥᠷᠲᠡᠭᠡ᠂ ᠭᠠᠯ ᠤᠨᠲᠠᠷᠠᠭᠠᠬᠤ ᠵᠠᠮ᠂ ᠭᠠᠯ ᠤᠨᠲᠠᠷᠠᠭᠠᠬᠤ ᠤᠰᠤᠨ ᠰᠤᠷᠪᠤᠯᠵᠢ | ᠂ ᠭᠠᠯ ᠤᠨᠲᠠᠷᠠᠭᠠᠬᠤ ᠴᠢᠮᠡᠭᠡ ᠬᠤᠯᠪᠣᠭ᠎ᠠ ᠵᠡᠷᠭᠡ ᠪᠡᠯᠡᠳᠬᠡᠮᠵᠢ ᠶᠢ ᠬᠤᠲᠠ ᠶᠢᠨ ᠶᠠᠪᠤᠳᠠᠯ ᠤᠨ ᠰᠠᠭᠤᠷᠢ | ᠪᠡᠯᠡᠳᠬᠡᠮᠵᠢ ᠶᠢᠨ ᠪᠦᠲᠦᠭᠡᠨ ᠪᠠᠶᠢᠭᠤᠯᠤᠯᠲᠠ ᠯᠤᠭ᠎ᠠ ᠵᠡᠷᠭᠡ ᠳᠤᠨᠢ ᠬᠢᠬᠦ ᠬᠡᠷᠡᠭᠲᠡᠶ᠃ ᠲᠡᠮᠦᠷ ᠵᠠᠮ ᠤᠨ ᠡᠮᠦᠨ᠎ᠡ ᠬᠡᠰᠡᠭ | ᠂ ᠬᠤᠲᠠ ᠶᠢᠨ ᠪᠠᠷᠠᠭᠤᠨ ᠬᠡᠰᠡᠭ ᠵᠡᠷᠭᠡ ᠣᠷᠣᠨ ᠪᠦᠰᠡ ᠳᠤ ᠡᠩ ᠤᠨ ᠭᠠᠯ ᠤᠨᠲᠠᠷᠠᠭᠠᠬᠤ ᠥᠷᠲᠡᠭᠡ᠂ ᠵᠢᠵᠢᠭ | ᠬᠡᠯᠪᠡᠷᠢ ᠶᠢᠨ ᠪᠠ ᠪᠢᠴᠢᠯ ᠬᠡᠯᠪᠡᠷᠢ ᠶᠢᠨ ᠭᠠᠯ ᠤᠨᠲᠠᠷᠠᠭᠠᠬᠤ ᠥᠷᠲᠡᠭᠡ ᠶᠢᠨ ᠲᠥᠯᠥᠪᠵᠢᠭᠦᠯᠦᠨ ᠪᠦᠲᠦᠭᠡᠨ | ᠪᠠᠶᠢᠭᠤᠯᠵᠤ᠂ ᠠᠪᠤᠷᠠᠨ ᠲᠤᠰᠠᠯᠠᠬᠤ ᠬᠡᠪᠴᠢᠶ᠎ᠡ ᠶᠢ ᠥᠷᠭᠡᠳᠬᠡᠨ᠂ ᠭᠠᠯ ᠤᠨᠲᠠᠷᠠᠭᠠᠵᠤ ᠠᠪᠤᠷᠠᠨ ᠲᠤᠰᠠᠯᠠᠬᠤ ᠶᠢᠨ | ᠳᠠᠭᠠᠵᠤ ᠬᠢᠬᠦ ᠴᠠᠭ ᠢ ᠪᠣᠭᠤᠨᠢᠰᠬᠠᠨ᠎ᠠ᠃ ᠬᠠᠷᠢᠶ᠎ᠠ ᠣᠷᠣᠨ ᠤ ᠵᠠᠮ ᠬᠠᠷᠢᠯᠴᠠᠭᠠᠨ ᠤ ᠳᠣᠬᠢᠶᠠᠨ ᠳ᠋ᠧᠩ᠂ ᠲᠡᠮᠳᠡᠭ | ᠵᠢᠷᠤᠭᠠᠰᠤ ᠵᠡᠷᠭᠡ ᠵᠠᠮ ᠬᠠᠷᠢᠯᠴᠠᠭᠠᠨ ᠤ ᠠᠮᠤᠷ ᠲᠦᠪᠰᠢᠨ ᠤ ᠰᠠᠭᠤᠷᠢ ᠪᠡᠯᠡᠳᠬᠡᠮᠵᠢ ᠶᠢᠨ ᠬᠠᠮᠢᠶᠠᠷᠤᠯᠲᠠ ᠶᠢ | ᠴᠢᠩᠭᠠᠳᠬᠠᠵᠤ᠂ ᠵᠠᠮ ᠬᠠᠷᠢᠯᠴᠠᠭᠠᠨ ᠤ ᠰᠠᠭᠤᠷᠢ ᠪᠡᠯᠡᠳᠬᠡᠮᠵᠢ ᠶᠢᠨ ᠮᠡᠳᠡᠭᠡ ᠵᠠᠩᠭᠢᠵᠢᠯᠲᠠ ᠶᠢᠨ ᠪᠦᠲᠦᠭᠡᠨ | ᠪᠠᠶᠢᠭᠤᠯᠤᠯᠲᠠ ᠶᠢ ᠲᠦᠯᠬᠢᠨ ᠠᠬᠢᠭᠤᠯᠵᠤ᠂ ᠵᠠᠮ ᠬᠠᠷᠢᠯᠴᠠᠭᠠᠨ ᠤ ᠠᠮᠤᠷ ᠲᠦᠪᠰᠢᠨ ᠣᠷᠴᠢᠨ ᠲᠣᠭᠤᠷᠢᠨ ᠢ ᠪᠤᠢ | ᠪᠣᠯᠭᠠᠬᠤ ᠬᠡᠷᠡᠭᠲᠡᠶ᠃ ᠵᠠᠮ ᠬᠠᠷᠢᠯᠴᠠᠭᠠᠨ ᠤ ᠠᠮᠤᠷ ᠲᠦᠪᠰᠢᠨ ᠤ ᠪᠡᠯᠡᠳᠬᠡᠮᠵᠢ ᠶᠢ ᠰᠢᠨᠵᠢᠯᠡᠬᠦ ᠤᠬᠠᠭᠠᠨᠴᠢ ᠪᠠᠷ | ᠵᠢᠷᠤᠮᠵᠢᠭᠤᠯᠤᠨ ᠪᠠᠶᠢᠷᠢᠯᠠᠭᠤᠯᠵᠤ᠂ ᠶᠠᠪᠠᠭᠠᠨ ᠬᠥᠮᠦᠨ ᠤ ᠵᠡᠭᠡᠯᠢ ᠭᠡᠲᠦᠯᠬᠦ ᠠᠮᠤᠷ ᠲᠦᠪᠰᠢᠨ ᠤ ᠪᠡᠯᠡᠳᠬᠡᠮᠵᠢ ᠶᠢ | ᠲᠡᠭᠦᠯᠳᠡᠷᠵᠢᠭᠦᠯᠬᠦ ᠬᠡᠷᠡᠭᠲᠡᠶ᠃ ᠬᠤᠲᠠ ᠶᠢᠨ ᠬᠠᠭᠤᠴᠢᠨ ᠵᠢᠵᠢᠭ ᠲᠣᠭᠤᠷᠢᠭ ᠤᠨ ᠬᠠᠮᠢᠶᠠᠷᠤᠯᠲᠠ ᠶᠢᠨ ᠲᠣᠤᠷ ᠢ | ᠥᠭᠡᠷᠡᠴᠢᠯᠡᠬᠦ᠂ ︽ᠳᠤᠯᠠᠭᠠᠨ ᠭᠡᠷ︾ ᠢ ᠥᠭᠡᠷᠡᠴᠢᠯᠡᠬᠦ ᠢᠨᠵᠧᠨᠧᠷᠢᠩ ᠤᠨ ᠶᠠᠪᠤᠴᠠ ᠳᠠᠬᠢ ᠠᠮᠤᠷ ᠲᠦᠪᠰᠢᠨ ᠤ | ᠬᠢᠨᠠᠯᠲᠠ ᠬᠠᠮᠢᠶᠠᠷᠤᠯᠲᠠ ᠶᠢ ᠴᠢᠩᠭᠠᠳᠬᠠᠵᠤ᠂ ᠠᠮᠤᠷ ᠲᠦᠪᠰᠢᠨ ᠤ ᠠᠳᠡᠯ ᠭᠠᠷᠬᠤ ᠠᠴᠠ ᠵᠠᠶᠢᠯᠠᠰᠬᠢᠨ᠎ᠡ᠃ | ᠭᠤᠷᠪᠠ᠂ ᠬᠤᠲᠠ ᠶᠢᠨ ᠠᠮᠤᠷ ᠲᠦᠪᠰᠢᠨ ᠤ ᠰᠡᠷᠭᠡᠶᠢᠯᠡᠨ ᠡᠵᠡᠮᠳᠡᠬᠦ ᠲᠣᠭᠲᠠᠴᠠ ᠶᠢ ᠪᠦᠷᠢᠨᠰᠢᠭᠦᠯᠦᠨ᠎ᠡ | ︵ᠨᠢᠭᠡ︶ ᠠᠮᠤᠷ ᠲᠦᠪᠰᠢᠨ ᠤ ᠲᠦᠭᠰᠢᠭᠦᠷᠢ ᠶᠢ ᠬᠠᠮᠢᠶᠠᠷᠤᠨ ᠡᠵᠡᠮᠳᠡᠬᠦ ᠴᠢᠳᠠᠪᠤᠷᠢ ᠶᠢ ᠳᠡᠭᠡᠭᠰᠢᠯᠡᠭᠦᠯᠦᠨ᠎ᠡ᠃ | ᠬᠤᠲᠠ ᠶᠢᠨ ᠠᠮᠤᠷ ᠲᠦᠪᠰᠢᠨ ᠤ ᠲᠦᠭᠰᠢᠭᠦᠷᠢ ᠶᠢᠨ ᠳᠡᠰ ᠲᠣᠭᠲᠠᠭᠠᠬᠤ ᠮᠡᠳᠡᠭᠡ ᠵᠠᠩᠭᠢ ᠶᠢᠨ ᠬᠠᠮᠢᠶᠠᠷᠤᠯᠲᠠ ᠶᠢᠨ | ᠲᠠᠪᠴᠠᠩ ᠢ ᠪᠠᠶᠢᠭᠤᠯᠵᠤ᠂ ︽ᠬᠦᠨᠳᠦ ᠶᠡᠭᠡ᠂ ᠨᠡᠯᠢᠶᠡᠳ ᠶᠡᠭᠡ᠂ ᠡᠩ ᠤᠨ᠂ ᠳᠣᠤᠷ᠎ᠠ︾ ᠵᠡᠷᠭᠡ ᠳᠥᠷᠪᠡᠨ | ᠱᠠᠲᠤᠨ ᠤ ᠠᠮᠤᠷ ᠲᠦᠪᠰᠢᠨ ᠤ ᠲᠦᠭᠰᠢᠭᠦᠷᠢ ᠶᠢ ᠦᠨᠡᠯᠡᠨ ᠲᠣᠭᠲᠠᠭᠠᠬᠤ ᠬᠡᠷᠡᠭᠲᠡᠶ᠃ ᠬᠦᠨᠳᠦ ᠶᠡᠭᠡ ᠠᠮᠤᠷ | ᠲᠦᠪᠰᠢᠨ ᠤ ᠲᠦᠭᠰᠢᠭᠦᠷᠢ ᠶᠢᠨ ︽ᠨᠢᠭᠡ ᠫᠢᠶᠣᠣ︾ ᠶᠢᠨ ᠪᠣᠳᠠᠲᠠᠶ ᠪᠠᠶᠢᠳᠠᠯ ᠪᠣᠯᠤᠨ ᠬᠠᠮᠢᠶᠠᠷᠤᠯᠲᠠ ᠶᠢᠨ ᠠᠷᠭ᠎ᠠ ᠶᠢ | ᠰᠤᠳᠤᠯᠤᠨ ᠲᠣᠭᠲᠠᠭᠠᠬᠤ ᠬᠡᠷᠡᠭᠲᠡᠶ᠃ ᠬᠤᠲᠠ ᠶᠢᠨ ᠲᠥᠯᠥᠪᠵᠢᠭᠦᠯᠭᠡ ᠶᠢᠨ ᠪᠠᠶᠢᠷᠢᠰᠢᠭᠤᠯᠤᠯ᠂ ᠵᠢᠷᠤᠭ ᠲᠥᠯᠥᠪᠯᠡᠭᠡ | ᠂ ᠪᠦᠲᠦᠭᠡᠨ ᠪᠠᠶᠢᠭᠤᠯᠤᠯᠲᠠ᠂ ᠬᠠᠮᠢᠶᠠᠷᠤᠯᠲᠠ ᠵᠡᠷᠭᠡ ᠠᠵᠢᠯ ᠳᠤ ᠬᠦᠨᠳᠦ ᠶᠡᠭᠡ ᠠᠮᠤᠷ ᠲᠦᠪᠰᠢᠨ ᠤ | ᠲᠦᠭᠰᠢᠭᠦᠷᠢ ᠶᠢᠨ ︽ᠨᠢᠭᠡ ᠫᠢᠶᠣᠣ︾ ᠶᠢ ᠬᠡᠷᠡᠭᠵᠢᠭᠦᠯᠬᠦ ᠬᠡᠷᠡᠭᠲᠡᠶ᠃ ᠲᠦᠭᠰᠢᠭᠦᠷᠢ ᠶᠢ ᠬᠠᠮᠢᠶᠠᠷᠤᠨ ᠡᠵᠡᠮᠳᠡᠬᠦ | ᠬᠠᠷᠢᠭᠤᠴᠠᠯᠭᠠᠲᠤ ᠰᠠᠯᠠᠭ᠎ᠠ ᠮᠥᠴᠢᠷ ᠪᠠ ᠨᠢᠭᠡᠴᠢ ᠶᠢ ᠲᠣᠳᠣᠷᠬᠠᠶᠢᠯᠠᠵᠤ᠂ ᠬᠦᠨᠳᠦ ᠶᠡᠭᠡ ᠠᠮᠤᠷ ᠲᠦᠪᠰᠢᠨ ᠤ | ᠲᠦᠭᠰᠢᠭᠦᠷᠢ ᠶᠢ ᠬᠤᠯᠪᠣᠭᠠᠯᠠᠨ ᠰᠡᠷᠭᠡᠶᠢᠯᠡᠵᠦ ᠬᠤᠯᠪᠣᠭᠠᠯᠠᠨ ᠡᠵᠡᠮᠳᠡᠬᠦ ᠲᠣᠭᠲᠠᠴᠠ ᠶᠢ ᠲᠡᠭᠦᠯᠳᠡᠷᠵᠢᠭᠦᠯᠦᠨ᠎ᠡ᠃ | ᠭᠤᠤᠯᠳᠠᠯᠭ᠎ᠠ ᠲᠠᠢ ᠬᠥᠮᠦᠨ ᠣᠯᠠᠨ ᠴᠤᠭᠯᠠᠷᠠᠬᠤ ᠭᠠᠵᠠᠷ ᠲᠠᠯᠠᠪᠤᠷ᠂ ᠠᠮᠤᠷ ᠲᠦᠪᠰᠢᠨ ᠤ ᠲᠦᠭᠰᠢᠭᠦᠷᠢ ᠨᠡᠯᠢᠶᠡᠳ | ᠥᠨᠳᠥᠷ ᠪᠠᠶᠢᠭ᠎ᠠ ᠲᠣᠮᠣ ᠬᠡᠯᠪᠡᠷᠢ ᠶᠢᠨ ᠣᠯᠠᠨ ᠲᠦᠮᠡᠨᠴᠢ ᠴᠢᠨᠠᠷᠲᠠᠶ ᠠᠵᠢᠯᠯᠠᠭ᠎ᠠ ᠳᠤ ᠠᠮᠤᠷ ᠲᠦᠪᠰᠢᠨ ᠤ | ᠲᠦᠭᠰᠢᠭᠦᠷᠢ ᠶᠢ ᠦᠨᠡᠯᠡᠨ ᠵᠢᠱᠢᠬᠦ ᠶᠢ ᠥᠷᠨᠢᠭᠦᠯᠵᠦ᠂ ᠭᠤᠤᠯᠳᠠᠯᠭ᠎ᠠ ᠲᠠᠢ ᠣᠷᠣᠨ ᠪᠦᠰᠡ ᠶᠢᠨ ᠠᠶᠠᠨᠴᠢᠳ ᠶᠡᠭᠡ | ᠴᠤᠪᠤᠷᠠᠯ ᠢ ᠬᠢᠨᠠᠨ ᠬᠡᠮᠵᠢᠵᠦ ᠰᠡᠷᠡᠮᠵᠢᠯᠡᠭᠦᠯᠬᠦ ᠪᠠ ᠪᠠᠴᠢᠮ ᠪᠠᠶᠢᠳᠠᠯ ᠢ ᠠᠷᠭᠠᠴᠠᠵᠤ ᠬᠠᠮᠢᠶᠠᠷᠤᠨ ᠡᠵᠡᠮᠳᠡᠵᠦ | ᠰᠢᠢᠳᠪᠦᠷᠢᠯᠡᠬᠦ ᠲᠣᠭᠲᠠᠴᠠ ᠶᠢ ᠪᠠᠶᠢᠭᠤᠯᠬᠤ ᠬᠡᠷᠡᠭᠲᠡᠶ᠃ ᠲᠤᠶᠢᠯ ᠤᠨ ᠴᠠᠭ ᠠᠭᠤᠷ ᠤᠨ ᠭᠠᠮᠰᠢᠭ ᠤᠨ | ᠲᠦᠭᠰᠢᠭᠦᠷᠢ ᠶᠢ ᠦᠨᠡᠯᠡᠨ ᠵᠢᠱᠢᠬᠦ ᠪᠠ ᠤᠷᠢᠳᠴᠢᠯᠠᠨ ᠰᠡᠷᠡᠮᠵᠢᠯᠡᠭᠦᠯᠬᠦ ᠶᠢ ᠴᠢᠩᠭᠠᠷᠠᠭᠤᠯᠤᠨ᠂ ᠭᠠᠵᠠᠷ | ᠬᠥᠳᠡᠯᠦᠯᠲᠡ ᠶᠢᠨ ᠲᠦᠭᠰᠢᠭᠦᠷᠢ ᠶᠢ ᠨᠡᠶᠢᠳᠡᠮ ᠪᠠᠶᠢᠴᠠᠭᠠᠬᠤ ᠵᠢᠴᠢ ᠰᠡᠷᠭᠡᠶᠢᠯᠡᠨ ᠡᠵᠡᠮᠳᠡᠬᠦ ᠶᠢ ᠴᠢᠩᠭᠠᠳᠬᠠᠵᠤ᠂ | ᠬᠤᠲᠠ ᠶᠢᠨ ᠠᠵᠢᠯᠯᠠᠭᠠᠨ ᠤ ᠵᠥᠷᠢᠭᠳᠡᠯ ᠢ ᠬᠠᠶᠢᠨ ᠬᠡᠮᠵᠢᠬᠦ ᠶᠢ ᠴᠢᠩᠭᠠᠷᠠᠭᠤᠯᠤᠨ᠂ ᠪᠠᠶᠢᠭᠠᠯᠢ ᠶᠢᠨ ᠬᠦᠴᠦᠨ | ᠵᠦᠢᠯ ᠠᠴᠠ ᠪᠣᠯᠵᠤ ᠬᠤᠲᠠ ᠶᠢᠨ ᠠᠮᠤᠷ ᠲᠦᠪᠰᠢᠨ ᠤ ᠠᠳᠡᠯ ᠭᠠᠷᠬᠤ ᠶᠢ ᠢᠳᠡᠪᠬᠢᠲᠡᠶ ᠪᠠᠷ ᠰᠡᠷᠭᠡᠶᠢᠯᠡᠨ᠎ᠡ᠃ | ︵ᠬᠤᠶᠠᠷ︶ ᠳᠠᠯᠳᠠ ᠭᠡᠮ ᠢ ᠵᠢᠭᠰᠠᠭᠠᠨ ᠪᠠᠶᠢᠴᠠᠭᠠᠵᠤ ᠵᠠᠰᠠᠬᠤ ᠬᠢᠷᠢ ᠬᠡᠮᠵᠢᠶ᠎ᠡ ᠶᠢ ᠳᠡᠭᠡᠭᠰᠢᠯᠡᠭᠦᠯᠬᠦ ᠬᠡᠷᠡᠭᠲᠡᠶ᠃ | ᠬᠤᠲᠠ ᠶᠢᠨ ᠠᠮᠤᠷ ᠲᠦᠪᠰᠢᠨ ᠤ ᠳᠠᠯᠳᠠ ᠭᠡᠮ ᠢ ᠵᠢᠭᠰᠠᠭᠠᠨ ᠪᠠᠶᠢᠴᠠᠭᠠᠬᠤ ᠠᠵᠢᠯ ᠤᠨ ᠲᠣᠭᠲᠠᠴᠠ ᠶᠢ ᠤᠯᠠᠮ ᠨᠢᠭᠡ | ᠠᠯᠬᠤᠮ ᠲᠡᠭᠦᠯᠳᠡᠷᠵᠢᠭᠦᠯᠵᠦ᠂ ᠠᠮᠤᠷ ᠲᠦᠪᠰᠢᠨ ᠤ ᠳᠠᠯᠳᠠ ᠭᠡᠮ ᠢ ᠲᠣᠭᠲᠠᠮᠠᠯ ᠬᠤᠭᠤᠴᠠᠭ᠎ᠠ ᠲᠠᠢ ᠪᠠᠷ ᠪᠠᠶᠢᠴᠠᠭᠠᠬᠤ | ᠪᠠ ᠲᠠᠰᠢᠷᠠᠮ ᠳᠠᠭᠠᠤ ᠰᠤᠭᠤᠴᠢᠨ ᠪᠠᠶᠢᠴᠠᠭᠠᠬᠤ ᠶᠢ ᠬᠠᠷᠢᠯᠴᠠᠨ ᠤᠶᠠᠯᠳᠤᠭᠤᠯᠤᠭᠰᠠᠨ ᠪᠠᠶᠢᠴᠠᠭᠠᠬᠤ ᠠᠷᠭ᠎ᠠ ᠮᠠᠶ᠋ᠢᠭ ᠢ | ᠥᠷᠨᠢᠭᠦᠯᠬᠦ ᠬᠡᠷᠡᠭᠲᠡᠶ᠃ ᠬᠤᠲᠠ ᠶᠢᠨ ᠬᠦᠨᠳᠦ ᠶᠡᠭᠡ ᠠᠶᠤᠯ ᠤᠨ ᠡᠬᠢ ᠰᠤᠷᠪᠤᠯᠵᠢ ᠶᠢ ᠢᠯᠭᠠᠨ ᠲᠠᠨᠢᠬᠤ᠂ | ᠭᠤᠶᠤᠴᠢᠯᠠᠨ ᠮᠡᠳᠡᠭᠦᠯᠬᠦ᠂ ᠳᠠᠩᠰᠠᠯᠠᠬᠤ᠂ ᠬᠢᠨᠠᠨ ᠬᠠᠮᠢᠶᠠᠷᠬᠤ ᠳᠦᠷᠢᠮ ᠢ ᠤᠯᠠᠮ ᠨᠢᠭᠡ ᠠᠯᠬᠤᠮ ᠲᠡᠭᠦᠯᠳᠡᠷᠵᠢᠭᠦᠯᠵᠦ | ᠂ ᠬᠥᠳᠡᠯᠦᠩᠭᠦᠶ ᠬᠠᠮᠢᠶᠠᠷᠤᠯᠲᠠ ᠶᠢᠨ ᠳ᠋ᠠᠶᠢᠲ᠋ᠠ ᠬᠥᠮᠥᠷᠭᠡ ᠶᠢ ᠪᠠᠶᠢᠭᠤᠯᠵᠤ᠂ ᠰᠦᠯᠵᠢᠶᠡᠨ ᠳᠡᠭᠡᠷᠡᠬᠢ ᠠᠮᠤᠷ | ᠲᠦᠪᠰᠢᠨ ᠤ ᠬᠢᠨᠠᠨ ᠡᠵᠡᠮᠳᠡᠬᠦ ᠴᠢᠳᠠᠪᠤᠷᠢ ᠶᠢ ᠲᠦᠷᠭᠡᠳᠬᠡᠨ ᠳᠡᠭᠡᠭᠰᠢᠯᠡᠭᠦᠯᠦᠨ᠎ᠡ᠃ ᠡᠯ᠎ᠡ ᠲᠥᠷᠥᠯ ᠤᠨ | ᠦᠢᠯᠡᠳᠪᠦᠷᠢᠯᠡᠯ ᠡᠵᠡᠩᠨᠡᠯᠲᠡ ᠶᠢᠨ ᠨᠢᠭᠡᠴᠡ ᠪᠣᠯᠤᠨ ᠭᠠᠵᠠᠷ ᠲᠠᠯᠠᠪᠤᠷ ᠤᠨ ᠳᠠᠯᠳᠠ ᠭᠡᠮ ᠢ ᠵᠢᠭᠰᠠᠭᠠᠨ ᠪᠠᠶᠢᠴᠠᠭᠠᠵᠤ | ᠴᠡᠭᠴᠡᠯᠡᠨ ᠰᠠᠶᠢᠵᠢᠷᠠᠭᠤᠯᠬᠤ ᠠᠵᠢᠯ ᠢ ᠨᠠᠶᠢᠳᠠᠪᠤᠷᠢᠵᠢᠭᠤᠯᠤᠭᠰᠠᠨ ᠪᠠᠶᠢᠳᠠᠯ ᠳᠤ ᠬᠢᠨᠠᠯᠲᠠ ᠲᠠᠯᠪᠢᠵᠤ ᠪᠠᠶᠢᠴᠠᠭᠠᠬᠤ ᠶᠢ | ᠲᠡᠭᠦᠯᠳᠡᠷᠵᠢᠭᠦᠯᠵᠦ᠂ ᠴᠡᠭᠴᠡᠯᠡᠨ ᠰᠠᠶᠢᠵᠢᠷᠠᠭᠤᠯᠬᠤ ᠠᠵᠢᠯ ᠢ ᠰᠢᠮᠳᠠᠭᠤᠯᠤᠨ ᠭᠦᠢᠴᠡᠳᠬᠡᠯᠭᠡᠬᠦ ᠬᠡᠷᠡᠭᠲᠡᠶ᠃ ᠠᠵᠤ | ᠠᠬᠤᠶᠢᠯᠠᠯ ᠤᠨ ᠳᠠᠯᠳᠠ ᠬᠡᠮ ᠢ ᠵᠢᠭᠰᠠᠭᠠᠨ ᠪᠠᠶᠢᠴᠠᠭᠠᠵᠤ ᠵᠠᠰᠠᠬᠤ᠂ ᠬᠦᠨᠳᠦ ᠶᠡᠭᠡ ᠳᠠᠯᠳᠠ ᠬᠡᠮ ᠢ ᠵᠠᠰᠠᠭᠰᠠᠨ | ᠪᠠᠶᠢᠳᠠᠯ ᠢ ᠠᠶᠤᠯ ᠥᠬᠡᠶ ᠦᠢᠯᠡᠳᠪᠦᠷᠢᠯᠡᠯ ᠳᠤ ᠬᠢᠨᠠᠯᠲᠠ ᠲᠠᠯᠪᠢᠵᠤ ᠬᠠᠮᠢᠶᠠᠷᠬᠤ ᠡᠭᠦᠷᠭᠡ ᠬᠠᠷᠢᠭᠤᠴᠠᠯᠭ᠎ᠠ ᠲᠠᠢ | ᠰᠠᠯᠠᠭ᠎ᠠ ᠮᠥᠴᠢᠷ ᠪᠣᠯᠤᠨ ᠠᠵᠤ ᠠᠬᠤᠶᠢᠯᠠᠯ ᠤᠨ ᠠᠵᠢᠯᠲᠠᠨ ᠠᠵᠢᠯᠴᠢᠳ ᠤᠨ ᠲᠥᠯᠥᠭᠡᠯᠡᠭᠴᠢᠳ ᠤᠨ ᠶᠡᠭᠡ | ᠬᠤᠷᠠᠯ ᠲᠤ ︽ᠬᠤᠣᠰ ᠮᠡᠳᠡᠭᠦᠯᠬᠦ︾ ᠳᠦᠷᠢᠮ ᠢ ᠨᠠᠢᠳᠠᠪᠤᠷᠢᠵᠢᠭᠤᠯᠬᠤ᠂ ᠠᠵᠤ ᠠᠬᠤᠶᠢᠯᠠᠯ ᠢ ᠰᠢᠮᠳᠠᠭᠤᠯᠵᠤ | ᠪᠠᠶᠢᠭᠠᠳ ᠳᠠᠯᠳᠠ ᠬᠡᠮ ᠢ ᠥᠪᠡᠷ ᠲᠡᠭᠡᠨ ᠪᠠᠶᠢᠴᠠᠭᠠᠵᠤ ᠥᠪᠡᠷ ᠲᠡᠭᠡᠨ ᠵᠠᠰᠠᠵᠤ ᠥᠪᠡᠷ ᠲᠡᠭᠡᠨ ᠮᠡᠳᠡᠭᠦᠯᠵᠦ᠂ ᠳᠠᠯᠳᠠ | ᠬᠡᠮ ᠢ ᠵᠠᠰᠠᠭᠰᠠᠨ ᠦᠷ᠎ᠡ ᠪᠦᠲᠦᠮᠵᠢ ᠶᠢ ᠲᠣᠭᠲᠠᠮᠠᠯ ᠬᠤᠭᠤᠴᠠᠭ᠎ᠠ ᠲᠠᠢ ᠪᠠᠷ ᠵᠠᠳᠠᠯᠬᠤ ᠪᠠ ᠦᠨᠡᠯᠡᠨ ᠵᠢᠱᠢᠵᠦ᠂ | ᠳᠠᠯᠳᠠ ᠬᠡᠮ ᠢ ᠵᠠᠰᠠᠬᠤ ᠠᠵᠢᠯ ᠤᠨ ᠲᠣᠭᠲᠠᠴᠠ ᠶᠢ ᠲᠠᠰᠤᠷᠠᠯᠲᠠ ᠥᠬᠡᠶ ᠲᠡᠭᠦᠯᠳᠡᠷᠵᠢᠭᠦᠯᠬᠦ ᠬᠡᠷᠡᠭᠲᠡᠢ᠃ | ︵ᠭᠤᠷᠪᠠ︶ ᠰᠢᠨᠵᠢᠯᠡᠬᠦ ᠤᠬᠠᠭᠠᠨᠴᠢ ᠥᠨᠳᠥᠷ ᠦᠷ᠎ᠡ ᠪᠦᠲᠦᠮᠵᠢᠲᠡᠶ ᠪᠠᠴᠢᠮ ᠪᠠᠶᠢᠳᠠᠯ ᠢ ᠠᠷᠭᠠᠴᠠᠬᠤ | ᠬᠠᠮᠢᠶᠠᠷᠤᠯᠲᠠ ᠶᠢᠨ ᠰᠢᠰᠲ᠋ᠧᠮᠵᠢ ᠶᠢ ᠪᠠᠶᠢᠭᠤᠯᠤᠨ᠎ᠠ᠃ ᠬᠠᠷᠢᠭᠤᠴᠠᠯᠭ᠎ᠠ ᠨᠢ ᠲᠣᠳᠣᠷᠬᠠᠶ᠂ ᠲᠤᠰᠬᠠᠯ ᠨᠢ ᠲᠦᠷᠭᠡᠨ᠂ | ᠰᠢᠨᠵᠢᠯᠡᠬᠦ ᠤᠬᠠᠭᠠᠨᠴᠢ ᠪᠠᠷ ᠰᠢᠢᠳᠪᠦᠷᠢᠯᠡᠭᠰᠡᠨ᠂ ᠠᠵᠢᠯᠯᠠᠭᠠᠨ ᠨᠢ ᠥᠨᠳᠥᠷ ᠦᠷ᠎ᠡ ᠪᠦᠲᠦᠮᠵᠢᠲᠡᠶ᠂ ᠪᠦᠬᠦ | ᠲᠤᠭᠤᠷᠢᠭ ᠢ ᠬᠠᠮᠤᠷᠤᠭᠰᠠᠨ ᠪᠠᠴᠢᠮ ᠪᠠᠶᠢᠳᠠᠯ ᠢ ᠠᠷᠭᠠᠴᠠᠬᠤ ᠳᠠᠬᠢ ᠠᠪᠤᠷᠠᠨ ᠲᠤᠰᠠᠯᠠᠬᠤ ᠰᠢᠰᠲ᠋ᠧᠮᠵᠢ ᠶᠢ | ᠪᠠᠶᠢᠭᠤᠯᠤᠨ ᠪᠦᠷᠢᠨᠰᠢᠭᠦᠯᠬᠦ ᠬᠡᠷᠡᠭᠲᠡᠶ᠃ ᠬᠤᠲᠠ ᠶᠢᠨ ᠠᠶᠤᠯ ᠦᠭᠡᠢ ᠦᠢᠯᠡᠳᠪᠦᠷᠢᠯᠡᠯ ᠤᠨ ᠪᠠᠴᠢᠮ ᠪᠠᠶᠢᠳᠠᠯ ᠢ | ᠠᠷᠭᠠᠴᠠᠵᠤ ᠠᠪᠤᠷᠠᠨ ᠲᠤᠰᠠᠯᠠᠬᠤ ᠬᠠᠮᠢᠶᠠᠷᠤᠯᠲᠠ ᠶᠢᠨ ᠰᠢᠰᠲ᠋ᠧᠮᠵᠢ ᠶᠢ ᠪᠦᠷᠢᠨᠰᠢᠭᠦᠯᠵᠦ᠂ ᠬᠤᠲᠠ ᠶᠢᠨ ᠪᠠᠴᠢᠮ | ᠪᠠᠶᠢᠳᠠᠯ ᠢ ᠠᠷᠭᠠᠴᠠᠵᠤ ᠠᠪᠤᠷᠠᠨ ᠲᠤᠰᠠᠯᠠᠬᠤ ᠮᠡᠳᠡᠭᠡ ᠵᠠᠩᠭᠢ ᠶᠢ ᠬᠠᠮᠲᠤᠪᠠᠷ ᠬᠦᠷᠲᠡᠬᠦ ᠲᠣᠭᠲᠠᠴᠠ ᠶᠢ | ᠪᠠᠶᠢᠭᠤᠯᠬᠤ ᠶᠢ ᠲᠦᠷᠭᠡᠳᠬᠡᠨ ᠠᠬᠢᠭᠤᠯᠵᠤ᠂ ᠣᠯᠠᠨ ᠰᠠᠯᠠᠭ᠎ᠠ ᠮᠥᠴᠢᠷ ᠬᠠᠮᠵᠢᠯᠴᠠᠨ ᠰᠡᠷᠡᠮᠵᠢᠯᠡᠭᠦᠯᠦᠨ ᠨᠡᠶᠢᠲᠡᠯᠡᠬᠦ | ᠪᠠ ᠳᠠᠭᠠᠵᠤ ᠰᠢᠢᠳᠪᠦᠷᠢᠯᠡᠬᠦ ᠲᠣᠭᠲᠠᠴᠠ ᠶᠢ ᠪᠦᠷᠢᠨᠰᠢᠭᠦᠯᠦᠨ᠎ᠡ᠃ ᠪᠠᠶᠢᠭᠠᠯᠢ ᠶᠢᠨ ᠭᠠᠮᠰᠢᠭ᠂ ᠡ᠊ᠨᠳᠡᠯ ᠤᠨ ᠭᠠᠶ | ᠭᠠᠮᠰᠢᠭ ᠤᠨ ᠪᠠᠴᠢᠮ ᠪᠠᠶᠢᠳᠠᠯ ᠢ ᠠᠷᠭᠠᠴᠠᠵᠤ ᠠᠪᠤᠷᠠᠨ ᠲᠤᠰᠠᠯᠠᠬᠤ ᠪᠡᠯᠡᠳᠬᠡᠯ ᠲᠥᠰᠦᠯ ᠢ ᠲᠡᠭᠦᠯᠳᠡᠷᠵᠢᠭᠦᠯᠵᠦ᠂ | ᠪᠦᠬᠦ ᠬᠦᠷᠢᠶᠡᠨ ᠤ ᠡᠯ᠎ᠡ ᠱᠠᠲᠤᠨ ᠤ ᠪᠡᠯᠡᠳᠬᠡᠯ ᠲᠥᠰᠦᠯ ᠢ ᠪᠦᠲᠦᠮᠵᠢᠲᠡᠶ ᠵᠣᠯᠭᠠᠯᠳᠤᠭᠤᠯᠬᠤ ᠶᠢ ᠪᠡᠶᠡᠯᠡᠭᠦᠯᠦᠨ᠎ᠡ᠃ | ᠡᠯ᠎ᠡ ᠲᠥᠷᠥᠯ ᠤᠨ ᠲᠤᠰᠬᠠᠶᠢᠵᠢᠭᠰᠠᠨ ᠪᠠᠴᠢᠮ ᠪᠠᠶᠢᠳᠠᠯ ᠢ ᠠᠷᠭᠠᠴᠠᠬᠤ ᠳᠠᠬᠢ ᠠᠪᠤᠷᠠᠨ ᠲᠤᠰᠠᠯᠠᠬᠤ ᠰᠠᠭᠤᠷᠢᠨ | ᠭᠠᠵᠠᠷ ᠪᠣᠯᠤᠨ ᠡᠩᠨᠡᠭᠡᠨ ᠤ ᠪᠠᠶᠢᠭᠤᠯᠤᠯᠲᠠ ᠶᠢ ᠴᠢᠩᠭᠠᠳᠬᠠᠵᠤ᠂ ᠠᠶᠤᠯᠲᠠᠶ ᠬᠢᠮᠢ ᠶᠢᠨ ᠵᠦᠢᠯ ᠬᠠᠷᠢᠴᠠᠩᠭᠤᠶ ᠪᠠᠷ | ᠲᠥᠪᠯᠡᠷᠡᠭᠰᠡᠨ ᠣᠷᠣᠨ ᠪᠦᠰᠡ ᠶᠢᠨ ᠪᠠᠴᠢᠮ ᠪᠠᠶᠢᠳᠠᠯ ᠢ ᠠᠷᠭᠠᠴᠠᠬᠤ ᠳᠠᠬᠢ ᠠᠪᠤᠷᠠᠨ ᠲᠤᠰᠠᠯᠠᠬᠤ ᠴᠢᠳᠠᠪᠤᠷᠢ ᠶᠢᠨ | ᠪᠠᠶᠢᠭᠤᠯᠤᠯᠲᠠ ᠶᠢ ᠭᠤᠤᠯᠳᠠᠯᠭ᠎ᠠ ᠲᠠᠢ ᠴᠢᠩᠭᠠᠳᠬᠠᠵᠤ᠂ ᠨᠥᠬᠦᠴᠡᠯ ᠲᠠᠢ ᠨᠡᠶᠢᠭᠡᠮ ᠤᠨ ᠠᠪᠤᠷᠠᠨ ᠲᠤᠰᠠᠯᠠᠬᠤ | ᠬᠦᠴᠦᠨ ᠤ ᠪᠠᠴᠢᠮ ᠪᠠᠶᠢᠳᠠᠯ ᠢ ᠠᠷᠭᠠᠴᠠᠬᠤ ᠳᠠᠬᠢ ᠠᠪᠤᠷᠠᠨ ᠲᠤᠰᠠᠯᠠᠬᠤ ᠠᠵᠢᠯ ᠳᠤ ᠣᠷᠣᠯᠴᠠᠬᠤ ᠶᠢ | ᠵᠣᠷᠢᠭᠵᠢᠭᠤᠯᠤᠨ ᠳᠠᠮᠵᠢᠨ᠎ᠠ᠃ ᠪᠠᠴᠢᠮ ᠪᠠᠶᠢᠳᠠᠯ ᠢ ᠠᠷᠭᠠᠴᠠᠬᠤ ᠳᠠᠬᠢ ᠠᠪᠤᠷᠠᠨ ᠲᠤᠰᠠᠯᠠᠬᠤ ᠶᠢᠨ ᠬᠠᠮᠲᠤᠷᠠᠨ | ᠬᠥᠳᠡᠯᠦᠯᠴᠡᠬᠦ ᠲᠣᠭᠲᠠᠴᠠ ᠶᠢ ᠲᠡᠭᠦᠯᠳᠡᠷᠵᠢᠭᠦᠯᠵᠦ᠂ ᠪᠠᠴᠢᠮ ᠪᠠᠶᠢᠳᠠᠯ ᠢ ᠠᠷᠭᠠᠴᠠᠬᠤ ᠪᠠᠶᠢᠳᠠᠯ ᠳᠣᠤᠷᠠᠬᠢ ᠵᠠᠮ | ᠬᠠᠷᠢᠯᠴᠠᠭᠠᠨ ᠤ ᠵᠠᠬᠢᠷᠤᠨ ᠬᠠᠮᠢᠶᠠᠷᠬᠤ᠂ ᠰᠡᠷᠡᠮᠵᠢᠯᠡᠭᠦᠯᠬᠦ᠂ ᠮᠥᠨᠳᠥᠷ ᠵᠡᠷᠭᠡ ᠶᠢ ᠴᠢᠩᠭᠠᠷᠠᠭᠤᠯᠬᠤ ᠬᠡᠷᠡᠭᠲᠡᠶ᠃ | ᠪᠠᠴᠢᠮ ᠪᠠᠶᠢᠳᠠᠯ ᠢ ᠠᠷᠭᠠᠴᠠᠬᠤ ᠡᠳ᠋ ᠪᠣᠳᠠᠰ ᠢ ᠨᠥᠭᠡᠴᠡᠯᠡᠬᠦ᠂ ᠠᠷᠢᠯᠭᠠᠬᠤ ᠪᠠ ᠬᠠᠮᠠᠭᠠᠯᠠᠬᠤ ᠵᠡᠷᠭᠡ ᠲᠣᠭᠲᠠᠴᠠ ᠶᠢ | ᠲᠡᠭᠦᠯᠳᠡᠷᠵᠢᠭᠦᠯᠦᠨ᠎ᠡ᠃ ᠥᠨᠳᠥᠷ ᠪᠠᠷᠢᠯᠭ᠎ᠠ ᠵᠡᠷᠭᠡ ᠲᠣᠬᠢᠷᠠᠬᠤ ᠨᠥᠬᠦᠴᠡᠯ ᠳᠣᠤᠷᠠᠬᠢ ᠪᠠᠴᠢᠮ ᠪᠠᠶᠢᠳᠠᠯ ᠢ | ᠠᠷᠭᠠᠴᠠᠬᠤ ᠳᠠᠬᠢ ᠠᠪᠤᠷᠠᠨ ᠲᠤᠰᠠᠯᠠᠬᠤ ᠲᠣᠨᠤᠭ ᠲᠥᠬᠦᠭᠡᠷᠦᠮᠵᠢ ᠪᠡᠯᠡᠳᠬᠡᠮᠵᠢ ᠶᠢ ᠨᠡᠭᠡᠭᠡᠨ ᠬᠥᠭᠵᠢᠭᠦᠯᠵᠦ᠂ ᠠᠶᠤᠯ | ᠦᠭᠡᠢ ᠬᠡᠷᠡᠭᠯᠡᠬᠦ ᠪᠣᠯᠪᠠᠰᠤᠷᠠᠭᠤᠯᠤᠯ ᠢ ᠴᠢᠩᠭᠠᠳᠬᠠᠬᠤ ᠬᠡᠷᠡᠭᠲᠡᠶ᠃ ᠬᠢᠵᠠᠭᠠᠷ ᠲᠠᠢ ᠣᠷᠣᠨ ᠵᠠᠶ ᠳᠤ ᠠᠵᠢᠯᠯᠠᠬᠤ ᠪᠠ | ᠲᠤᠬᠠᠶ ᠶᠢᠨ ᠲᠠᠯᠠᠪᠤᠷ ᠤᠨ ᠪᠠᠴᠢᠮ ᠪᠠᠶᠢᠳᠠᠯ ᠢ ᠠᠷᠭᠠᠴᠠᠨ ᠰᠢᠢᠳᠪᠦᠷᠢᠯᠡᠬᠦ ᠤᠷ᠎ᠠ ᠴᠢᠳᠠᠪᠤᠷᠢ ᠶᠢ ᠴᠢᠩᠭᠠᠷᠠᠭᠤᠯᠤᠨ᠎ᠠ᠃ | ᠪᠠᠴᠢᠮ ᠪᠠᠶᠢᠳᠠᠯ ᠢ ᠠᠷᠭᠠᠴᠠᠵᠤ ᠠᠶᠤᠯ ᠠᠴᠠ ᠵᠠᠶᠢᠯᠠᠬᠤ ᠭᠠᠵᠠᠷ ᠲᠠᠯᠠᠪᠤᠷ ᠢ ᠪᠠᠶᠢᠭᠤᠯᠤᠨ ᠲᠡᠭᠦᠯᠳᠡᠷᠵᠢᠭᠦᠯᠬᠦ ᠶᠢᠨ | ᠬᠠᠮᠲᠤ ᠪᠠᠴᠢᠮ ᠪᠠᠶᠢᠳᠠᠯ ᠢ ᠠᠷᠭᠠᠴᠠᠵᠤ ᠠᠶᠤᠯ ᠠᠴᠠ ᠵᠠᠶᠢᠯᠠᠬᠤ ᠭᠠᠵᠠᠷ ᠲᠠᠯᠠᠪᠤᠷ ᠤᠨ ᠡᠳᠦᠷ ᠲᠤᠲᠤᠮ ᠤᠨ | ᠬᠠᠮᠢᠶᠠᠷᠤᠯᠲᠠ ᠪᠠ ᠠᠵᠢᠯᠯᠠᠭᠠᠨ ᠢ ᠣᠯᠠᠨ ᠨᠡᠶᠢᠲᠡ ᠶᠢᠨ ᠦᠢᠯᠡᠴᠢᠯᠡᠭᠡᠨ ᠤ ᠰᠢᠰᠲ᠋ᠧᠮᠵᠢ ᠳᠤ ᠣᠷᠣᠭᠤᠯᠬᠤ ᠬᠡᠷᠡᠭᠲᠡᠶ | ᠃ | ᠳᠦᠷᠪᠡ᠂ ᠬᠤᠲᠠ ᠶᠢᠨ ᠠᠮᠤᠷ ᠲᠦᠪᠰᠢᠨ ᠤ ᠬᠢᠨᠠᠯᠲᠠ ᠬᠠᠮᠢᠶᠠᠷᠤᠯᠲᠠ ᠶᠢᠨ ᠬᠦᠴᠦᠨ ᠴᠢᠳᠠᠪᠤᠷᠢ ᠶᠢ | ᠳᠡᠭᠡᠭᠰᠢᠯᠡᠭᠦᠯᠦᠨ᠎ᠡ | ︵ᠨᠢᠭᠡ︶ ᠠᠮᠤᠷ ᠲᠦᠪᠰᠢᠨ ᠤ ᠬᠠᠷᠢᠭᠤᠴᠠᠯᠭ᠎ᠠ ᠶᠢᠨ ᠰᠢᠰᠲ᠋ᠧᠮᠵᠢ ᠶᠢ ᠪᠦᠷᠢᠨᠰᠢᠭᠦᠯᠬᠦ ᠬᠡᠷᠡᠭᠲᠡᠶ᠃ ᠵᠠᠰᠠᠭ ᠤᠨ | ᠣᠷᠳᠣᠨ ᠬᠥᠲᠥᠯᠥᠨ ᠵᠢᠯᠣᠭᠤᠳᠬᠤ᠂ ᠰᠠᠯᠠᠭ᠎ᠠ ᠮᠥᠴᠢᠷ ᠬᠢᠨᠠᠯᠲᠠ ᠲᠠᠯᠪᠢᠬᠤ᠂ ᠬᠠᠤᠯᠢ ᠶᠣᠰᠣᠭᠠᠷ ᠵᠢᠷᠤᠮᠵᠢᠭᠤᠯᠬᠤ᠂ | ᠭᠤᠤᠯᠳᠠᠯᠭ᠎ᠠ ᠶᠢ ᠳᠣᠪᠤᠶᠢᠯᠭᠠᠬᠤ᠂ ᠪᠣᠳᠠᠲᠤ ᠦᠷ᠎ᠡ ᠪᠦᠲᠦᠮᠵᠢ ᠶᠢ ᠴᠢᠩᠭᠠᠷᠠᠭᠤᠯᠬᠤ ᠱᠠᠭᠠᠷᠳᠠᠯᠭ᠎ᠠ ᠶᠣᠰᠣᠭᠠᠷ᠂ | ᠠᠶᠤᠯ ᠦᠭᠡᠢ ᠦᠢᠯᠡᠳᠪᠦᠷᠢᠯᠡᠯ ᠤᠨ ᠠᠵᠢᠯ ᠤᠨ ᠤᠳᠤᠷᠢᠳᠬᠤ ᠬᠠᠷᠢᠭᠤᠴᠠᠯᠭ᠎ᠠ ᠶᠢ ᠨᠠᠢᠳᠠᠪᠤᠷᠢᠵᠢᠭᠤᠯᠬᠤ᠂ ᠨᠠᠮ | ᠵᠠᠰᠠᠭ ᠤᠨ ᠭᠤᠤᠯ ᠬᠠᠷᠢᠭᠤᠴᠠᠯᠭᠠᠲᠠᠨ ᠤ ᠨᠢᠭᠡᠳᠦᠭᠡᠷ ᠬᠠᠷᠢᠭᠤᠴᠠᠯᠭᠠᠲᠠᠨ ᠤ ᠬᠠᠷᠢᠭᠤᠴᠠᠯᠭ᠎ᠠ ᠶᠢ ᠨᠠᠢᠳᠠᠪᠤᠷᠢᠵᠢᠭᠤᠯᠬᠤ | ᠂ ᠨᠠᠮ ᠤᠨ ᠬᠤᠷᠢᠶ᠎ᠠ ᠨᠢᠭᠡᠳᠦᠯᠲᠡᠶ ᠤᠳᠤᠷᠢᠳᠤᠭᠰᠠᠨ᠂ ᠨᠠᠮ ᠵᠠᠰᠠᠭ ᠵᠡᠷᠭᠡᠪᠡᠷ ᠠᠳᠬᠤᠭᠰᠠᠨ ᠬᠤᠲᠠ ᠶᠢᠨ ᠠᠶᠤᠯ | ᠦᠭᠡᠢ ᠬᠥᠭᠵᠢᠯᠲᠡ ᠶᠢᠨ ᠠᠵᠢᠯ ᠤᠨ ᠨᠡᠶᠢᠯᠡᠮᠡᠯ ᠬᠦᠴᠦᠨ ᠢ ᠪᠤᠢ ᠪᠣᠯᠭᠠᠬᠤ ᠶᠢ ᠲᠦᠯᠬᠢᠨ ᠠᠬᠢᠭᠤᠯᠤᠨ᠎ᠠ᠃ ᠪᠦᠷᠢᠨ | ᠪᠦᠲᠦᠨ ᠰᠢᠰᠲ᠋ᠧᠮ ᠤᠨ ᠠᠶᠤᠯᠭᠦᠶ ᠦᠢᠯᠡᠳᠪᠦᠷᠢᠯᠡᠯ ᠤᠨ ᠬᠠᠷᠢᠭᠤᠴᠠᠯᠭ᠎ᠠ ᠶᠢᠨ ᠰᠢᠰᠲ᠋ᠧᠮ ᠢ ᠠᠯᠬᠤᠮ ᠠᠯᠬᠤᠮ ᠢᠶᠠᠷ | ᠪᠠᠶᠢᠭᠤᠯᠵᠤ᠂ ᠪᠡᠶᠡᠴᠢ ᠴᠣᠭᠴᠠ ᠶᠢᠨ ᠬᠠᠷᠢᠭᠤᠴᠠᠯᠭ᠎ᠠ ᠶᠢᠨ ᠨᠠᠶᠢᠳᠠᠪᠤᠷᠢᠵᠢᠭᠤᠯᠤᠯᠲᠠ ᠶᠢ ᠦᠨᠡᠨ ᠬᠦ ᠴᠢᠩᠭᠠᠳᠬᠠᠨ᠎ᠠ | ᠃ ᠡᠯ᠎ᠡ ᠬᠤᠯᠪᠣᠭᠳᠠᠯ ᠪᠦᠬᠦᠢ ᠰᠠᠯᠠᠭ᠎ᠠ ᠮᠥᠴᠢᠷ ︵ᠨᠢᠭᠡᠴᠡ︶ ᠤᠨ ᠬᠤᠲᠠ ᠶᠢᠨ ᠠᠮᠤᠷ ᠲᠦᠪᠰᠢᠨ ᠠᠵᠢᠯᠯᠠᠭᠠᠨ ᠤ | ᠡᠭᠦᠷᠭᠡ ᠬᠠᠷᠢᠭᠤᠴᠠᠯᠭ᠎ᠠ ᠶᠢ ᠨᠠᠶᠢᠳᠠᠪᠤᠷᠢᠵᠢᠭᠤᠯᠤᠨ᠎ᠠ᠃ ᠡᠯ᠎ᠡ ᠲᠥᠷᠥᠯ ᠤᠨ ᠦᠢᠯᠡᠳᠪᠦᠷᠢᠯᠡᠯ ᠡᠵᠡᠩᠨᠡᠯᠲᠡ ᠶᠢᠨ | ᠨᠢᠭᠡᠴᠡ ᠶᠢᠨ ᠠᠶᠤᠯ ᠦᠭᠡᠢ ᠦᠢᠯᠡᠳᠪᠦᠷᠢᠯᠡᠯ ᠬᠢᠭᠡᠳ ᠠᠵᠢᠯ ᠮᠡᠷᠭᠡᠵᠢᠯ ᠤᠨ ᠡᠷᠡᠭᠦᠯ ᠮᠡᠨᠳᠦ ᠶᠢᠨ ᠭᠤᠤᠯ | ᠴᠣᠭᠴᠠ ᠶᠢᠨ ᠬᠠᠷᠢᠭᠤᠴᠠᠯᠭ᠎ᠠ ᠶᠢ ᠴᠢᠩᠭ᠎ᠠ ᠨᠠᠢᠳᠠᠪᠤᠷᠢᠵᠢᠭᠤᠯᠬᠤ᠂ ᠠᠵᠤ ᠠᠬᠤᠶᠢᠯᠠᠯ ᠤᠨ ᠠᠶᠤᠯ ᠦᠭᠡᠢ | ᠦᠢᠯᠡᠳᠪᠦᠷᠢᠯᠡᠯ ᠤᠨ ᠬᠠᠮᠢᠶᠠᠷᠤᠯᠲᠠ ᠶᠢᠨ ᠳᠦᠷᠢᠮ ᠢ ᠴᠢᠩᠭ᠎ᠠ ᠨᠠᠶᠢᠳᠠᠪᠤᠷᠢᠵᠢᠭᠤᠯᠤᠨ᠎ᠠ᠃ ᠬᠤᠲᠠ ᠶᠢᠨ ᠪᠦᠲᠦᠭᠡᠨ | ᠪᠠᠶᠢᠭᠤᠯᠤᠯᠲᠠ ᠶᠢᠨ ᠪᠠᠷᠢᠯᠭ᠎ᠠ ᠶᠢᠨ ᠶᠠᠰᠤ ᠴᠢᠨᠠᠷ ᠤᠨ ᠠᠶᠤᠯ ᠦᠭᠡᠢ ᠶᠢᠨ ᠨᠠᠰᠤᠨ ᠲᠤᠷᠰᠢᠳᠠ ᠬᠠᠷᠢᠭᠤᠴᠠᠬᠤ | ᠳᠦᠷᠢᠮ ᠢ ᠪᠠᠶᠢᠭᠤᠯᠤᠨ ᠬᠡᠷᠡᠭᠵᠢᠭᠦᠯᠦᠨ᠎ᠡ᠃ | ︵ᠬᠤᠶᠠᠷ︶ ᠠᠶᠤᠯ ᠦᠭᠡᠢ ᠶᠢᠨ ᠬᠢᠨᠠᠯᠲᠠ ᠬᠠᠮᠢᠶᠠᠷᠤᠯᠲᠠ ᠶᠢᠨ ᠪᠠᠶᠢᠭᠤᠯᠤᠯ ᠢ ᠲᠡᠭᠦᠯᠳᠡᠷᠵᠢᠭᠦᠯᠬᠦ ᠬᠡᠷᠡᠭᠲᠡᠶ᠃ | ᠬᠤᠲᠠ ᠶᠢᠨ ᠠᠶᠤᠯ ᠦᠭᠡᠢ ᠶᠢᠨ ᠬᠢᠨᠠᠯᠲᠠ ᠬᠠᠮᠢᠶᠠᠷᠤᠯᠲᠠ ᠶᠢᠨ ᠡᠭᠦᠷᠭᠡ ᠬᠠᠷᠢᠭᠤᠴᠠᠯᠭ᠎ᠠ ᠲᠠᠢ ᠰᠠᠯᠠᠭ᠎ᠠ ᠮᠥᠴᠢᠷ ᠤᠨ | ᠬᠤᠭᠤᠷᠣᠨᠳᠣᠬᠢ ᠬᠠᠮᠲᠤᠷᠠᠭᠰᠠᠨ ᠠᠵᠢᠯ ᠤᠨ ᠬᠤᠷᠠᠯ ᠤᠨ ᠳᠦᠷᠢᠮ ᠢ ᠪᠤᠢ ᠪᠣᠯᠭᠠᠵᠤ᠂ ᠬᠤᠲᠠ ᠶᠢᠨ | ᠶᠡᠷᠦᠩᠬᠡᠶᠢᠯᠡᠭᠰᠡᠨ ᠵᠠᠰᠠᠭ ᠵᠠᠬᠢᠷᠭᠠᠨ ᠤ ᠬᠠᠤᠯᠢ ᠬᠡᠷᠡᠭᠵᠢᠭᠦᠯᠬᠦ ᠳᠦᠷᠢᠮ ᠪᠠᠶᠢᠭᠤᠯᠬᠤ ᠶᠢ ᠨᠢᠭᠡᠳᠦᠯᠲᠡᠶ ᠲᠥᠯᠥᠪᠯᠡᠨ | ᠠᠬᠢᠭᠤᠯᠵᠤ᠂ ᠬᠤᠲᠠ ᠶᠢᠨ ᠠᠶᠤᠯ ᠦᠭᠡᠢ ᠶᠢᠨ ᠬᠢᠨᠠᠯᠲᠠ ᠬᠠᠮᠢᠶᠠᠷᠤᠯᠲᠠ ᠶᠢᠨ ᠬᠠᠤᠯᠢ ᠬᠡᠷᠡᠭᠵᠢᠭᠦᠯᠬᠦ ᠪᠣᠳᠠᠲᠤ | ᠦᠷ᠎ᠡ ᠪᠦᠲᠦᠮᠵᠢ ᠶᠢ ᠳᠡᠭᠡᠭᠰᠢᠯᠡᠭᠦᠯᠬᠦ ᠬᠡᠷᠡᠭᠲᠡᠶ᠃ ᠬᠠᠤᠯᠢ ᠬᠡᠷᠡᠭᠵᠢᠭᠦᠯᠬᠦ ᠡᠩᠨᠡᠭᠡᠨ ᠤ ᠲᠥᠷᠥᠯ ᠵᠦᠢᠯ ᠪᠠ | ᠪᠦᠲᠦᠴᠡ ᠶᠢ ᠵᠦᠶ ᠵᠣᠬᠢᠰᠲᠠᠶ ᠲᠣᠬᠢᠷᠠᠭᠤᠯᠵᠤ᠂ ᠦᠨᠳᠦᠰᠦᠨ ᠱᠠᠲᠤᠨ ᠤ ᠬᠠᠤᠯᠢ ᠬᠡᠷᠡᠭᠵᠢᠭᠦᠯᠬᠦ ᠬᠦᠴᠦᠨ ᠢ | ᠴᠢᠩᠭᠠᠳᠬᠠᠨ᠎ᠠ᠃ ᠡᠯ᠎ᠡ ᠲᠥᠷᠥᠯ ᠤᠨ ᠴᠢᠳᠠᠮᠵᠢᠲᠤ ᠣᠷᠣᠨ ᠤ ᠲᠥᠷᠥᠯ ᠵᠦᠢᠯ ᠢ ᠰᠢᠨᠵᠢᠯᠡᠬᠦ ᠤᠬᠠᠭᠠᠨᠴᠢ ᠪᠠᠷ | ᠬᠤᠪᠢᠶᠠᠷᠢᠯᠠᠵᠤ᠂ ᠵᠣᠬᠢᠴᠠᠩᠭᠤᠶ ᠪᠦᠬᠦᠢ ᠠᠶᠤᠯ ᠦᠭᠡᠢ ᠶᠢᠨ ᠬᠢᠨᠠᠯᠲᠠ ᠬᠠᠮᠢᠶᠠᠷᠤᠯᠲᠠ ᠶᠢᠨ ᠪᠠᠶᠢᠭᠤᠯᠤᠮᠵᠢ ᠶᠢ | ᠪᠠᠶᠢᠭᠤᠯᠬᠤ ᠬᠡᠷᠡᠭᠲᠡᠶ᠃ ᠬᠤᠲᠠ ᠶᠢᠨ ᠵᠠᠮ ᠬᠠᠷᠢᠯᠴᠠᠭᠠᠨ ᠤ ᠬᠦᠷᠢᠶᠡᠨ ᠤ ᠠᠮᠤᠷ ᠲᠦᠪᠰᠢᠨ᠂ ᠤᠰᠤᠨ | ᠴᠥᠭᠦᠷᠥᠮ ᠤᠨ ᠬᠦᠷᠢᠶ᠎ᠡ᠂ ᠣᠨᠴᠠ ᠲᠥᠷᠥᠯ ᠤᠨ ᠲᠥᠬᠦᠭᠡᠷᠦᠮᠵᠢ ᠶᠢᠨ ᠬᠦᠷᠢᠶ᠎ᠡ ᠵᠡᠷᠭᠡ ᠬᠦᠷᠢᠶᠡᠨ ᠤ ᠠᠮᠤᠷ | ᠲᠦᠪᠰᠢᠨ ᠢ ᠬᠢᠨᠠᠨ ᠬᠠᠮᠢᠶᠠᠷᠬᠤ ᠡᠭᠦᠷᠭᠡ ᠬᠠᠷᠢᠭᠤᠴᠠᠯᠭ᠎ᠠ ᠶᠢ ᠰᠢᠯᠤᠭᠤᠳᠬᠠᠨ᠂ ᠠᠮᠤᠷ ᠲᠦᠪᠰᠢᠨ ᠳᠤ ᠬᠢᠨᠠᠯᠲᠠ | ᠲᠠᠯᠪᠢᠵᠤ ᠪᠠᠶᠢᠴᠠᠭᠠᠬᠤ ᠬᠠᠷᠢᠭᠤᠴᠠᠯᠭ᠎ᠠ ᠶᠢ ᠨᠠᠢᠳᠠᠪᠤᠷᠢᠵᠢᠭᠤᠯᠬᠤ ᠬᠡᠷᠡᠭᠲᠡᠢ᠃ ᠠᠶᠤᠯ ᠦᠭᠡᠢ ᠦᠢᠯᠡᠳᠪᠦᠷᠢᠯᠡᠯ ᠤᠨ | ᠨᠡᠶᠢᠭᠡᠮ ᠤᠨ ᠬᠠᠮᠵᠢᠯᠴᠠᠨ ᠬᠢᠨᠠᠯᠲᠠ ᠲᠠᠯᠪᠢᠬᠤ ᠰᠢᠰᠲ᠋ᠧᠮᠵᠢ ᠶᠢ ᠪᠦᠷᠢᠨᠰᠢᠭᠦᠯᠵᠦ᠂ ᠠᠶᠤᠯ ᠦᠭᠡᠢ | ᠦᠢᠯᠡᠳᠪᠦᠷᠢᠯᠡᠯ ᠤᠨ ᠬᠦᠷᠢᠶᠡᠨ ᠳᠠᠬᠢ ᠢᠯᠡᠴᠢᠯᠡᠨ ᠮᠡᠳᠡᠭᠦᠯᠦᠭᠰᠡᠨ ᠢ ᠱᠠᠩᠨᠠᠬᠤ ᠠᠷᠭ᠎ᠠ ᠶᠢ ᠴᠢᠩᠭ᠎ᠠ ᠬᠡᠷᠡᠭᠵᠢᠭᠦᠯᠵᠦ᠂ | ᠠᠷᠠᠳ ᠣᠯᠠᠨ ᠤ ᠬᠦᠨᠳᠦ ᠶᠡᠭᠡ ᠬᠠᠤᠯᠢ ᠪᠤᠰᠤ ᠦᠢᠯᠡ ᠠᠵᠢᠯᠯᠠᠭ᠎ᠠ ᠶᠢ ᠢᠯᠡᠴᠢᠯᠡᠨ ᠮᠡᠳᠡᠭᠦᠯᠬᠦ ᠶᠢ | ᠵᠣᠷᠢᠭᠵᠢᠭᠤᠯᠤᠨ᠎ᠠ᠃ | ︵ᠭᠤᠷᠪᠠ︶ ᠬᠢᠨᠠᠨ ᠬᠠᠮᠢᠶᠠᠷᠴᠤ ᠬᠠᠤᠯᠢ ᠬᠡᠷᠡᠭᠵᠢᠭᠦᠯᠬᠦ ᠴᠢᠳᠠᠪᠤᠷᠢ ᠶᠢ ᠳᠡᠭᠡᠭᠰᠢᠯᠡᠭᠦᠯᠬᠦ ᠬᠡᠷᠡᠭᠲᠡᠶ᠃ ᠠᠶᠤᠯᠭᠦᠶ | ᠦᠢᠯᠡᠳᠪᠦᠷᠢᠯᠡᠯ ᠤᠨ ᠬᠦᠷᠢᠶᠡᠨ ᠳᠠᠬᠢ ᠶᠡᠷᠦᠩᠬᠡᠶᠢᠯᠡᠭᠰᠡᠨ ᠬᠠᠤᠯᠢ ᠬᠡᠷᠡᠭᠵᠢᠭᠦᠯᠦᠯᠲᠡ ᠶᠢ ᠲᠦᠯᠬᠢᠨ ᠠᠬᠢᠭᠤᠯᠵᠤ᠂ | ᠬᠤᠲᠠ ᠶᠢᠨ ᠠᠵᠢᠯᠯᠠᠭᠠᠨ ᠤ ᠠᠶᠤᠯᠭᠦᠶ ᠶᠢᠨ ᠬᠠᠤᠯᠢ ᠬᠡᠷᠡᠭᠵᠢᠭᠦᠯᠬᠦ ᠪᠠᠶᠢᠭᠤᠯᠤᠮᠵᠢ ᠶᠢᠨ ᠵᠢᠷᠤᠮᠵᠢᠯᠲᠠ᠂ | ᠪᠠᠷᠢᠮᠵᠢᠶᠠᠵᠢᠯᠲᠠ᠂ ᠮᠡᠳᠡᠭᠡ ᠵᠠᠩᠭᠢᠵᠢᠯᠲᠠ ᠶᠢᠨ ᠪᠠᠶᠢᠭᠤᠯᠤᠯᠲᠠ ᠶᠢ ᠴᠢᠩᠭᠠᠳᠬᠠᠨ᠎ᠠ᠃ ᠬᠤᠲᠠ ᠶᠢᠨ ᠠᠮᠤᠷ | ᠲᠦᠪᠰᠢᠨ ᠤ ᠬᠥᠭᠵᠢᠯᠲᠡ ᠶᠢᠨ ᠣᠨᠴᠠᠯᠢᠭ ᠪᠣᠯᠤᠨ ᠱᠠᠭᠠᠷᠳᠠᠯᠭ᠎ᠠ ᠶᠢ ᠦᠨᠳᠦᠰᠦᠯᠡᠨ᠂ ᠬᠤᠲᠠ ᠶᠢᠨ ᠠᠮᠤᠷ | ᠲᠦᠪᠰᠢᠨ ᠤ ᠬᠢᠨᠠᠯᠲᠠ ᠬᠠᠮᠢᠶᠠᠷᠤᠯᠲᠠ ᠶᠢᠨ ᠪᠠᠶᠢᠭᠤᠯᠤᠯ ᠢ ᠤᠯᠠᠮ ᠨᠢᠭᠡ ᠠᠯᠬᠤᠮ ᠪᠦᠷᠢᠨ ᠪᠣᠯᠭᠠᠨ | ᠲᠡᠭᠦᠯᠳᠡᠷᠵᠢᠭᠦᠯᠵᠦ᠂ ᠬᠢᠨᠠᠨ ᠬᠠᠮᠢᠶᠠᠷᠴᠤ ᠬᠠᠤᠯᠢ ᠬᠡᠷᠡᠭᠵᠢᠭᠦᠯᠬᠦ ᠡᠩᠨᠡᠭᠡᠨ ᠤ ᠲᠥᠷᠥᠯ ᠵᠦᠢᠯ ᠪᠣᠯᠤᠨ ᠪᠦᠲᠦᠴᠡ ᠶᠢ | ᠵᠦᠶ ᠵᠣᠬᠢᠰᠲᠠᠶ ᠲᠤᠬᠢᠷᠠᠭᠤᠯᠤᠨ᠂ ᠦᠨᠳᠦᠰᠦᠨ ᠱᠠᠲᠤᠨ ᠤ ᠬᠢᠨᠠᠨ ᠬᠠᠮᠢᠶᠠᠷᠴᠤ ᠬᠠᠤᠯᠢ ᠬᠡᠷᠡᠭᠵᠢᠭᠦᠯᠬᠦ ᠬᠦᠴᠦᠨ ᠢ | ᠲᠡᠭᠦᠯᠳᠡᠷᠵᠢᠭᠦᠯᠦᠨ ᠴᠢᠩᠭᠠᠳᠬᠠᠬᠤ ᠬᠡᠷᠡᠭᠲᠡᠶ᠃ ᠲᠤᠪᠤᠶᠢᠮ᠎ᠠ ᠠᠰᠠᠭᠤᠳᠠᠯ ᠢ ᠬᠠᠤᠯᠢ ᠶᠣᠰᠣᠭᠠᠷ ᠴᠢᠩᠭ᠎ᠠ ᠪᠠᠶᠢᠴᠠᠭᠠᠨ | ᠰᠢᠢᠳᠪᠦᠷᠢᠯᠡᠵᠦ᠂ ᠠᠶᠤᠯ ᠦᠭᠡᠢ ᠶᠢᠨ ᠬᠢᠨᠠᠯᠲᠠ ᠬᠠᠮᠢᠶᠠᠷᠤᠯᠲᠠ ᠶᠢᠨ ᠬᠢᠷᠢ ᠬᠡᠮᠵᠢᠶ᠎ᠡ ᠶᠢ ᠳᠡᠭᠡᠭᠰᠢᠯᠡᠭᠦᠯᠦᠨ᠎ᠡ᠃ | ᠴᠢᠬᠤᠯᠠ ᠶᠡᠭᠡ ᠬᠠᠤᠯᠢ ᠬᠡᠷᠡᠭᠵᠢᠭᠦᠯᠬᠦ ᠲᠣᠭᠲᠠᠭᠠᠯ ᠤᠨ ᠬᠠᠤᠯᠢ ᠳᠦᠷᠢᠮ ᠤᠨ ᠬᠢᠨᠠᠨ ᠬᠠᠷᠭᠤᠭᠤᠯᠬᠤ ᠳᠦᠷᠢᠮ ᠤᠨ | ᠬᠢᠨᠠᠯᠲᠠ ᠲᠠᠯᠪᠢᠬᠤ ᠴᠢᠳᠠᠮᠵᠢ ᠶᠢ ᠭᠦᠢᠴᠡᠳ ᠪᠠᠳᠠᠷᠠᠭᠤᠯᠵᠤ᠂ ᠬᠠᠤᠯᠢ ᠬᠡᠷᠡᠭᠵᠢᠭᠦᠯᠬᠦ ᠶᠢ ᠵᠢᠷᠤᠮᠵᠢᠭᠤᠯᠬᠤ ᠬᠢᠷᠢ | ᠬᠡᠮᠵᠢᠶ᠎ᠡ ᠶᠢ ᠪᠦᠬᠦ ᠲᠠᠯ᠎ᠠ ᠪᠠᠷ ᠳᠡᠭᠡᠭᠰᠢᠯᠡᠭᠦᠯᠦᠨ᠎ᠡ᠃ ᠱᠠᠲᠤ ᠬᠤᠪᠢᠶᠠᠨ ᠲᠥᠷᠥᠯ ᠬᠤᠪᠢᠶᠠᠨ ᠬᠢᠨᠠᠨ ᠬᠠᠮᠢᠶᠠᠷᠬᠤ ᠶᠢ | ᠬᠡᠷᠡᠭᠵᠢᠭᠦᠯᠵᠦ᠂ ᠬᠤᠲᠠ ᠶᠢᠨ ᠠᠮᠤᠷ ᠲᠦᠪᠰᠢᠨ ᠤ ᠲᠤᠤᠷᠴᠢᠯᠠᠭᠰᠠᠨ ᠬᠠᠮᠢᠶᠠᠷᠤᠯᠲᠠ ᠶᠢ ᠬᠡᠷᠡᠭᠵᠢᠭᠦᠯᠦᠨ᠂ | ᠶᠠᠪᠤᠴᠠ ᠶᠢᠨ ᠬᠠᠮᠢᠶᠠᠷᠤᠨ ᠡᠵᠡᠮᠳᠡᠬᠦ ᠶᠢ ᠴᠢᠩᠭᠠᠳᠬᠠᠵᠤ᠂ ᠲᠡᠭᠦᠰᠬᠡᠯ ᠤᠨ ᠬᠠᠮᠢᠶᠠᠷᠤᠯᠲᠠ ᠶᠢ ᠴᠢᠩᠭᠠᠳᠬᠠᠨ᠎ᠠ᠃ | ᠤᠬᠠᠭᠤᠯᠭ᠎ᠠ ᠶᠢᠨ ᠬᠠᠮᠤᠷᠬᠤ ᠬᠡᠪᠴᠢᠶ᠎ᠡ ᠶᠢ ᠥᠷᠭᠡᠳᠬᠡᠵᠦ᠂ ᠬᠠᠤᠯᠢ ᠠᠴᠠ ᠵᠥᠷᠢᠴᠡᠭᠰᠡᠨ ᠨᠡᠶᠢᠲᠡᠯᠢᠭ ᠠᠵᠢᠯᠯᠠᠭ᠎ᠠ ᠶᠢ | ᠢᠯᠡᠴᠢᠯᠡᠬᠦ ᠡᠷᠴᠢᠮ ᠢ ᠴᠢᠩᠭᠠᠷᠠᠭᠤᠯᠤᠨ᠎ᠠ᠃ | ︵ᠳᠥᠷᠪᠡᠨ︶ ᠬᠢᠨᠠᠨ ᠬᠠᠮᠢᠶᠠᠷᠴᠤ ᠬᠠᠤᠯᠢ ᠬᠡᠷᠡᠭᠵᠢᠭᠦᠯᠬᠦ ᠵᠢᠴᠢ ᠬᠠᠤᠯᠢ ᠪᠠᠷᠢᠬᠤ ᠦᠢᠯᠡ ᠠᠵᠢᠯᠯᠠᠭ᠎ᠠ ᠶᠢ | ᠵᠢᠷᠤᠮᠵᠢᠭᠤᠯᠬᠤ ᠬᠡᠷᠡᠭᠲᠡᠶ᠃ ᠰᠠᠯᠠᠭ᠎ᠠ ᠮᠥᠴᠢᠷ ᠤᠨ ᠬᠠᠤᠯᠢ ᠬᠡᠷᠡᠭᠵᠢᠭᠦᠯᠬᠦ ᠬᠡᠪᠴᠢᠶ᠎ᠡ ᠶᠢ ᠲᠣᠳᠣᠷᠬᠠᠶᠢᠯᠠᠵᠤ᠂ | ᠬᠠᠤᠯᠢ ᠬᠡᠷᠡᠭᠵᠢᠭᠦᠯᠬᠦ ᠦᠭᠡᠢ ᠬᠢᠨᠠᠯᠲᠠ ᠲᠠᠯᠪᠢᠬᠤ ᠲᠣᠭᠲᠠᠴᠠ ᠶᠢ ᠲᠡᠭᠦᠯᠳᠡᠷᠵᠢᠭᠦᠯᠦᠨ᠂ ᠬᠠᠤᠯᠢ ᠬᠡᠷᠡᠭᠵᠢᠭᠦᠯᠬᠦ | ᠠᠵᠢᠯᠲᠠᠨ ᠤ ᠠᠵᠢᠯ ᠤᠨ ᠪᠠᠶᠢᠷᠢ ᠶᠢᠨ ᠬᠠᠷᠢᠭᠤᠴᠠᠯᠭ᠎ᠠ ᠶᠢᠨ ᠳᠦᠷᠢᠮ ᠪᠠ ᠬᠢᠨᠠᠨ ᠰᠢᠯᠭᠠᠬᠤ ᠲᠣᠭᠲᠠᠴᠠ ᠶᠢ | ᠨᠠᠢᠳᠠᠪᠤᠷᠢᠵᠢᠭᠤᠯᠬᠤ᠂ ᠳᠡᠰ ᠳᠠᠷᠠᠭᠠᠯᠠᠯ ᠢ ᠲᠣᠭᠲᠠᠭᠠᠨ᠂ ᠲᠤᠬᠠᠶ ᠶᠢᠨ ᠲᠠᠯᠠᠪᠤᠷ ᠲᠤ ᠲᠤᠶᠢᠯ ᠤᠨ ᠣᠨᠣᠪᠴᠢᠲᠠᠶ ᠪᠠᠷ | ᠬᠠᠤᠯᠢ ᠬᠡᠷᠡᠭᠵᠢᠭᠦᠯᠬᠦ ᠶᠢ ᠴᠢᠩᠭᠠᠳᠬᠠᠵᠤ᠂ ᠬᠠᠤᠯᠢ ᠠᠴᠠ ᠵᠥᠷᠢᠴᠡᠭᠰᠡᠨ ᠦᠢᠯᠡ ᠠᠵᠢᠯᠯᠠᠭ᠎ᠠ ᠳᠤ ᠬᠠᠤᠯᠢ ᠶᠣᠰᠣᠭᠠᠷ | ᠰᠢᠢᠳᠭᠡᠨ ᠲᠣᠷᠭᠠᠬᠤ ᠲᠣᠭᠲᠠᠭᠠᠯ ᠭᠠᠷᠭᠠᠬᠤ ᠬᠡᠷᠡᠭᠲᠡᠶ᠃ ᠵᠠᠰᠠᠭ ᠵᠠᠬᠢᠷᠭᠠᠨ ᠤ ᠬᠠᠤᠯᠢ ᠬᠡᠷᠡᠭᠵᠢᠭᠦᠯᠬᠦ ᠪᠠ | ᠡᠷᠡᠭᠦᠤ ᠶᠢᠨ ᠬᠡᠷᠡᠭ ᠤᠨ ᠬᠠᠤᠯᠢ ᠪᠠᠷᠢᠬᠤ ᠶᠢ ᠵᠣᠯᠭᠠᠯᠳᠤᠭᠤᠯᠬᠤ ᠳᠦᠷᠢᠮ ᠢ ᠪᠦᠷᠢᠨᠰᠢᠭᠦᠯᠵᠦ᠂ ᠬᠠᠮᠲᠤᠷᠠᠭᠰᠠᠨ | ᠬᠤᠷᠠᠯᠳᠤᠭᠠᠨ᠂ ᠮᠡᠳᠡᠭᠡ ᠵᠠᠩᠭᠢ ᠶᠢᠨ ᠨᠡᠪᠲᠡᠷᠡᠯᠴᠡᠭᠡ᠂ ᠬᠡᠷᠡᠭ ᠢ ᠰᠢᠯᠵᠢᠭᠦᠯᠦᠨ ᠬᠦᠷᠭᠡᠬᠦ ᠪᠠ ᠬᠠᠮᠵᠢᠨ ᠪᠠᠶᠢᠴᠠᠭᠠᠬᠤ | ᠲᠣᠭᠲᠠᠴᠠ ᠶᠢ ᠲᠡᠭᠦᠯᠳᠡᠷᠵᠢᠭᠦᠯᠦᠨ᠎ᠡ᠃ ᠳᠣᠲᠣᠭᠠᠳᠤ ᠶᠢ ᠬᠠᠮᠠᠭᠠᠯᠠᠬᠤ᠂ ᠪᠠᠶᠢᠴᠠᠭᠠᠬᠤ ᠬᠤᠷᠢᠶ᠎ᠠ᠂ ᠰᠢᠭᠦᠬᠦ ᠬᠤᠷᠢᠶ᠎ᠠ | ᠠᠶᠤᠯᠭᠦᠶ ᠦᠢᠯᠡᠳᠪᠦᠷᠢᠯᠡᠯ ᠢ ᠬᠢᠨᠠᠵᠤ ᠬᠠᠮᠢᠶᠠᠷᠬᠤ ᠲᠤᠰᠢᠶᠠᠯ ᠬᠠᠷᠢᠭᠤᠴᠠᠯᠭ᠎ᠠ ᠲᠠᠢ ᠰᠠᠯᠠᠭ᠎ᠠ ᠮᠥᠴᠢᠷ ᠯᠦᠭᠡ ᠶᠢᠨ | ᠬᠠᠷᠢᠯᠴᠠᠭ᠎ᠠ ᠪᠠᠨ ᠴᠢᠩᠭᠠᠳᠬᠠᠵᠤ᠂ ᠡᠷᠡᠭᠦᠤ ᠶᠢᠨ ᠬᠡᠷᠡᠭ ᠤᠨ ᠲᠤᠷᠰᠢᠨ ᠪᠠᠶᠢᠴᠠᠭᠠᠬᠤ᠂ ᠵᠠᠭᠠᠯᠳᠤᠬᠤ᠂ ᠰᠢᠭᠦᠨ | ᠲᠠᠰᠤᠯᠬᠤ ᠠᠵᠢᠯ ᠢ ᠬᠠᠤᠯᠢ ᠶᠣᠰᠣᠭᠠᠷ ᠥᠷᠨᠢᠭᠦᠯᠵᠦ᠂ ᠪᠠᠶᠢᠳᠠᠯ ᠢ ᠨᠢ ᠦᠵᠡᠵᠦ ᠬᠠᠤᠯᠢ ᠪᠠᠷᠢᠬᠤ ᠰᠠᠨᠠᠭᠤᠯᠭ᠎ᠠ | ᠳᠤᠷᠠᠳᠴᠤ᠂ ᠬᠠᠤᠯᠢ ᠬᠡᠷᠡᠭᠵᠢᠭᠦᠯᠬᠦ ᠦᠢᠯᠡ ᠠᠵᠢᠯᠯᠠᠭ᠎ᠠ ᠶᠢᠨ ᠵᠢᠷᠤᠮᠵᠢᠭᠤᠯᠤᠯᠲᠠ ᠶᠢ ᠠᠬᠢᠭᠤᠯᠤᠨ᠎ᠠ᠃ | ᠲᠠᠪᠤ᠂ ᠬᠤᠲᠠ ᠶᠢᠨ ᠠᠮᠤᠷ ᠲᠦᠪᠰᠢᠨ ᠢ ᠨᠡᠶᠢᠭᠡᠮ ᠤᠨ ᠬᠠᠮᠲᠤᠪᠠᠷ ᠵᠠᠰᠠᠬᠤ ᠶᠢ ᠴᠢᠩᠭᠠᠷᠠᠭᠤᠯᠬᠤ ᠬᠡᠷᠡᠭᠲᠡᠢ | ︵ᠨᠢᠭᠡ︶ ᠨᠡᠶᠢᠭᠡᠮᠴᠢᠯᠡᠭᠰᠡᠨ ᠦᠢᠯᠡᠴᠢᠯᠡᠭᠡᠨ ᠤ ᠰᠢᠰᠲ᠋ᠧᠮᠵᠢ ᠶᠢ ᠪᠦᠷᠢᠨᠰᠢᠭᠦᠯᠦᠨ᠎ᠡ᠃ ᠵᠠᠰᠠᠭ ᠤᠨ ᠣᠷᠳᠣᠨ ᠤ | ᠠᠶᠤᠯ ᠦᠭᠡᠢ ᠦᠢᠯᠡᠳᠪᠦᠷᠢᠯᠡᠯ ᠤᠨ ᠦᠢᠯᠡᠴᠢᠯᠡᠭᠡ ᠬᠤᠳᠠᠯᠳᠤᠨ ᠠᠪᠬᠤ ᠵᠢᠯᠣᠭᠤᠳᠬᠤ ᠭᠠᠷᠴᠠᠭ ᠢ ᠲᠣᠭᠲᠠᠭᠠᠨ | ᠲᠡᠭᠦᠯᠳᠡᠷᠵᠢᠭᠦᠯᠵᠦ᠂ ᠬᠤᠲᠠ ᠶᠢᠨ ᠠᠮᠤᠷ ᠲᠦᠪᠰᠢᠨ ᠤ ᠲᠤᠰᠬᠠᠶ ᠮᠡᠷᠭᠡᠵᠢᠯ ᠤᠨ ᠦᠢᠯᠡᠴᠢᠯᠡᠭᠡᠨ ᠤ ᠬᠦᠴᠦᠨ ᠢ | ᠴᠢᠩᠭᠠᠷᠠᠭᠤᠯᠤᠨ᠂ ᠬᠤᠲᠠ ᠶᠢᠨ ᠠᠮᠤᠷ ᠲᠦᠪᠰᠢᠨ ᠤ ᠠᠵᠢᠯᠯᠠᠭᠠᠨ ᠢ ᠪᠠᠲᠤᠯᠠᠬᠤ ᠳᠤ ᠲᠦᠭᠰᠢᠭᠦᠷᠢ ᠶᠢ ᠬᠠᠮᠢᠶᠠᠷᠤᠨ | ᠡᠵᠡᠮᠳᠡᠬᠦ᠂ ᠭᠠᠵᠠᠷ ᠤᠨ ᠭᠠᠮᠰᠢᠭ ᠢ ᠤᠷᠢᠳᠴᠢᠯᠠᠨ ᠰᠡᠷᠡᠮᠵᠢᠯᠡᠭᠦᠯᠵᠦ ᠬᠢᠨᠠᠨ ᠰᠢᠨᠵᠢᠬᠦ᠂ ᠭᠠᠮᠰᠢᠭ ᠢ ᠰᠡᠷᠭᠡᠶᠢᠯᠡᠨ | ᠭᠠᠮᠰᠢᠭ ᠢ ᠪᠠᠭᠠᠰᠬᠠᠬᠤ ᠤᠬᠠᠭᠤᠯᠭ᠎ᠠ ᠬᠥᠮᠦᠵᠢᠯ᠂ ᠪᠠᠴᠢᠮ ᠪᠠᠶᠢᠳᠠᠯ ᠢ ᠠᠷᠭᠠᠴᠠᠨ ᠠᠪᠤᠷᠠᠨ ᠲᠤᠰᠠᠯᠠᠬᠤ ᠵᠡᠷᠭᠡ | ᠮᠡᠷᠭᠡᠵᠢᠯ ᠤᠨ ᠳᠡᠮᠵᠢᠯᠭᠡ ᠬᠠᠩᠭᠠᠨ᠎ᠠ᠃ ᠠᠶᠤᠯ ᠶᠡᠬᠡᠲᠡᠶ ᠠᠵᠢᠯ ᠲᠥᠷᠥᠯ ᠤᠨ ᠬᠦᠷᠢᠶᠡᠨ ᠳᠤ ᠠᠶᠤᠯ ᠦᠭᠡᠢ | ᠦᠢᠯᠡᠳᠪᠦᠷᠢᠯᠡᠯ ᠤᠨ ᠬᠠᠷᠢᠭᠤᠴᠠᠯᠭ᠎ᠠ ᠶᠢᠨ ᠳᠠᠭᠠᠳᠬᠠᠯ ᠢ ᠪᠦᠬᠦ ᠲᠠᠯ᠎ᠠ ᠪᠠᠷ ᠲᠦᠯᠬᠢᠨ ᠠᠬᠢᠭᠤᠯᠵᠤ᠂ ᠭᠠᠯ ᠤᠨ | ᠠᠶᠤᠯ ᠤᠨ ᠠᠶᠤᠯ ᠶᠡᠬᠡᠲᠡᠶ ᠨᠢᠭᠡᠴᠡ ᠳᠤ ᠭᠠᠯ ᠤᠨ ᠠᠶᠤᠯ ᠤᠨ ᠣᠯᠠᠨ ᠨᠡᠶᠢᠲᠡ ᠶᠢᠨ ᠬᠠᠷᠢᠭᠤᠴᠠᠯᠭ᠎ᠠ ᠶᠢᠨ | ᠳᠠᠭᠠᠳᠬᠠᠯ ᠢ ᠬᠡᠷᠡᠭᠵᠢᠭᠦᠯᠵᠦ᠂ ᠬᠥᠮᠦᠨ ᠣᠯᠠᠨ ᠴᠤᠭᠯᠠᠷᠠᠬᠤ ᠭᠠᠵᠠᠷ ᠲᠠᠯᠠᠪᠤᠷ ᠪᠣᠯᠤᠨ ᠣᠷᠣᠨ ᠰᠠᠭᠤᠴᠠ ᠶᠢᠨ | ᠵᠢᠵᠢᠭ ᠲᠣᠭᠤᠷᠢᠭ ᠲᠤ ᠴᠠᠬᠢᠯᠭᠠᠨ ᠱᠠᠲᠤ ᠶᠢᠨ ᠠᠮᠤᠷ ᠲᠦᠪᠰᠢᠨ ᠤ ᠬᠠᠷᠢᠭᠤᠴᠠᠯᠭ᠎ᠠ ᠶᠢᠨ ᠳᠠᠭᠠᠳᠬᠠᠯ ᠢ | ᠬᠡᠷᠡᠭᠵᠢᠭᠦᠯᠬᠦ ᠬᠡᠷᠡᠭᠲᠡᠶ᠃ ᠠᠮᠤᠷ ᠲᠦᠪᠰᠢᠨ ᠤ ᠢᠲᠡᠭᠡᠮᠵᠢ ᠶᠢᠨ ᠰᠢᠰᠲ᠋ᠧᠮᠵᠢ ᠶᠢᠨ ᠪᠠᠶᠢᠭᠤᠯᠤᠯᠲᠠ ᠶᠢ ᠲᠦᠷᠭᠡᠳᠬᠡᠨ | ᠠᠬᠢᠭᠤᠯᠵᠤ᠂ ᠢᠲᠡᠭᠡᠯ ᠠᠯᠳᠠᠭᠰᠠᠳ ᠢ ᠵᠠᠯᠬᠠᠭᠠᠨ ᠴᠡᠭᠡᠷᠯᠡᠭᠦᠯᠬᠦ ᠪᠠ ᠢᠲᠡᠭᠡᠮᠵᠢ ᠲᠠᠢ ᠪᠠᠶᠢᠬᠤ ᠶᠢ ᠤᠷᠮᠠᠰᠢᠭᠤᠯᠬᠤ ᠶᠢ | ᠴᠢᠩᠭᠠᠷᠠᠭᠤᠯᠤᠨ᠎ᠠ᠃ | ︵ᠬᠤᠶᠠᠷ︶ ᠠᠶᠤᠯ ᠦᠭᠡᠢ ᠶᠢᠨ ᠰᠢᠨᠵᠢᠯᠡᠬᠦ ᠤᠬᠠᠭᠠᠨ ᠮᠡᠷᠭᠡᠵᠢᠯ ᠤᠨ ᠰᠢᠨ᠎ᠡ ᠶᠢ ᠡᠭᠦᠳᠬᠦ ᠪᠠ ᠬᠡᠷᠡᠭᠯᠡᠬᠦ ᠶᠢ | ᠴᠢᠩᠭᠠᠷᠠᠭᠤᠯᠬᠤ ᠬᠡᠷᠡᠭᠲᠡᠶ᠃ ᠬᠤᠲᠠ ᠶᠢᠨ ᠠᠶᠤᠯ ᠦᠭᠡᠢ ᠶᠢᠨ ᠬᠢᠨᠠᠯᠲᠠ ᠬᠠᠮᠢᠶᠠᠷᠤᠯᠲᠠ ᠶᠢᠨ ᠮᠡᠳᠡᠭᠡ ᠵᠠᠩᠭᠢᠵᠢᠯᠲᠠ᠂ | ᠲᠦᠭᠰᠢᠭᠦᠷᠢ ᠶᠢ ᠢᠯᠭᠠᠨ ᠲᠠᠨᠢᠬᠤ ᠪᠠ ᠬᠦᠨᠳᠦ ᠶᠡᠭᠡ ᠠᠮᠤᠷ ᠲᠦᠪᠰᠢᠨ ᠤ ᠳᠠᠯᠳᠠ ᠭᠡᠮ ᠢ ᠴᠡᠭᠴᠡᠯᠡᠨ ᠵᠠᠰᠠᠬᠤ᠂ | ᠠᠶᠤᠯ ᠦᠭᠡᠢ ᠶᠢᠨ ᠪᠡᠯᠡᠳᠬᠡᠮᠵᠢ ᠪᠣᠯᠤᠨ ᠪᠠᠴᠢᠮ ᠪᠠᠶᠢᠳᠠᠯ ᠢ ᠠᠷᠭᠠᠴᠠᠬᠤ ᠲᠣᠨᠤᠭ ᠲᠥᠬᠦᠭᠡᠷᠦᠮᠵᠢ ᠵᠡᠷᠭᠡ ᠲᠠᠯ᠎ᠠ ᠶᠢᠨ | ᠰᠢᠨᠵᠢᠯᠡᠬᠦ ᠤᠬᠠᠭᠠᠨ ᠮᠡᠷᠭᠡᠵᠢᠯ ᠤᠨ ᠰᠢᠨ᠎ᠡ ᠶᠢ ᠡᠭᠦᠳᠬᠦ ᠣᠷᠣᠭᠤᠯᠤᠯᠲᠠ ᠶᠢ ᠨᠡᠮᠡᠭᠳᠡᠭᠦᠯᠵᠦ᠂ ᠲᠡᠷᠢᠭᠦᠨ ᠤ | ᠦᠢᠯᠡᠳᠪᠦᠷᠢᠯᠡᠯ ᠤᠨ ᠤᠷᠠᠨ ᠳᠠᠷᠬ᠎ᠠ ᠪᠣᠯᠤᠨ ᠠᠶᠤᠯ ᠦᠭᠡᠢ ᠶᠢᠨ ᠮᠡᠷᠭᠡᠵᠢᠯ ᠢ ᠢᠳᠡᠪᠬᠢᠲᠡᠶ ᠪᠠᠷ ᠳᠡᠯᠭᠡᠷᠡᠭᠦᠯᠵᠦ᠂ | ᠠᠶᠤᠯ ᠦᠭᠡᠢ ᠶᠢᠨ ᠠᠦ᠋ᠲ᠋ᠣ᠋ ᠬᠢᠨᠠᠨ ᠬᠡᠮᠵᠢᠬᠦ ᠪᠠ ᠰᠡᠷᠭᠡᠶᠢᠯᠡᠨ ᠡᠵᠡᠮᠳᠡᠬᠦ ᠴᠢᠳᠠᠪᠤᠷᠢ ᠶᠢ ᠳᠡᠭᠡᠭᠰᠢᠯᠡᠭᠦᠯᠬᠦ ᠬᠡᠷᠡᠭᠲᠡᠶ᠃ | ᠭᠤᠣᠯᠳᠠᠯᠭ᠎ᠠ ᠲᠠᠢ ᠠᠵᠢᠯ ᠲᠥᠷᠥᠯ ᠤᠨ ᠬᠦᠷᠢᠶᠡᠨ ᠤ ᠬᠦᠨᠳᠦ ᠶᠡᠭᠡ ᠡ᠊ᠨᠳᠡᠯ ᠢ ᠰᠡᠷᠭᠡᠶᠢᠯᠡᠬᠦ ᠶᠢ ᠪᠠᠷᠢᠮᠲᠠᠯᠠᠨ᠂ ᠠᠶᠤᠯ | ᠥᠬᠡᠶ ᠦᠢᠯᠡᠳᠪᠦᠷᠢᠯᠡᠯ ᠤᠨ ᠬᠦᠷᠢᠶᠡᠨ ᠲᠤ ᠬᠡᠯᠪᠠᠶᠢᠬᠦ᠂ ᠬᠢᠯᠪᠠᠷᠬᠠᠨ ᠡᠭᠦᠰᠬᠦ ᠴᠢᠨᠠᠷ᠂ ᠨᠡᠶᠢᠳᠡᠮ ᠲᠣᠬᠢᠷᠠᠬᠤ | ᠴᠢᠨᠠᠷ ᠲᠠᠢ ᠴᠢᠬᠤᠯᠠ ᠶᠡᠭᠡ ᠮᠡᠷᠭᠡᠵᠢᠯ ᠤᠨ ᠬᠦᠴᠢᠷ ᠠᠰᠠᠭᠤᠳᠠᠯ ᠢ ᠭᠤᠣᠯᠳᠠᠯᠭ᠎ᠠ ᠲᠠᠢ ᠰᠢᠢᠳᠪᠦᠷᠢᠯᠡᠵᠦ᠂ ᠠᠶᠤᠯ | ᠥᠬᠡᠶ ᠮᠡᠷᠭᠡᠵᠢᠯ ᠤᠨ ᠬᠡᠷᠡᠭᠯᠡᠭᠡᠨ ᠤ ᠮᠡᠷᠭᠡᠵᠢᠯ ᠤᠨ ᠲᠣᠨᠤᠭ ᠲᠥᠬᠦᠭᠡᠷᠦᠮᠵᠢ ᠶᠢ ᠨᠡᠭᠡᠭᠡᠨ ᠬᠥᠭᠵᠢᠭᠦᠯᠵᠦ᠂ | ᠪᠣᠳᠠᠰ ᠤᠨ ᠰᠦᠯᠵᠢᠶ᠎ᠡ᠂ ᠰᠢᠨ᠎ᠡ ᠬᠡᠯᠪᠡᠷᠢ ᠶᠢᠨ ᠰᠡᠷᠡᠭᠳᠡᠭᠦᠷ᠂ ᠭᠠᠵᠠᠷ ᠨᠡᠪᠴᠢᠬᠦ ᠴᠢᠮᠡᠭᠡ ᠨᠡᠪᠲᠡᠷᠡᠯᠭᠡ ᠪᠠ ᠬᠢᠵᠠᠭᠠᠷ | ᠦᠭᠡᠢ᠂ ᠴᠠᠭ ᠬᠤᠭᠤᠴᠠᠭ᠎ᠠ ᠦᠭᠡᠢ᠂ ᠦᠵᠡᠭᠳᠡᠮᠡᠯ ᠬᠠᠷᠢᠯᠴᠠᠨ ᠬᠤᠯᠪᠣᠭᠠᠯᠠᠵᠤ ᠬᠠᠷᠢᠯᠴᠠᠨ ᠨᠡᠪᠲᠡᠷᠡᠯᠴᠡᠬᠦ | ᠬᠠᠮᠲᠤᠪᠠᠷ ᠡᠳ᠋ᠯᠡᠬᠦ ᠰᠢᠰᠲ᠋ᠧᠮ ᠵᠡᠷᠭᠡ ᠮᠡᠷᠭᠡᠵᠢᠯ ᠤᠨ ᠰᠤᠳᠤᠯᠤᠯ ᠢ ᠴᠢᠩᠭᠠᠳᠬᠠᠨ᠎ᠠ᠃ ᠠᠵᠤ ᠠᠬᠤᠶᠢᠯᠠᠯ ᠤᠨ | ᠲᠡᠷᠢᠭᠦᠨ ᠤ ᠰᠢᠨᠵᠢᠯᠡᠬᠦ ᠤᠬᠠᠭᠠᠨ ᠮᠡᠷᠭᠡᠵᠢᠯ ᠤᠨ ᠦᠷ᠎ᠡ ᠪᠦᠲᠦᠭᠡᠯ ᠪᠣᠯᠤᠨ ᠴᠢᠬᠤᠯᠠ ᠶᠡᠭᠡ ᠮᠡᠷᠭᠡᠵᠢᠯ ᠤᠨ | ᠲᠣᠨᠣᠭᠯᠠᠯ ᠢ ᠦᠢᠯᠡᠳᠪᠦᠷᠢᠯᠡᠯ ᠤᠨ ᠦᠢᠯᠡᠳᠦᠯᠭᠡ ᠲᠠᠢ ᠤᠶᠠᠯᠳᠤᠭᠤᠯᠬᠤ ᠶᠢ ᠳᠠᠮᠵᠢᠨ ᠵᠣᠷᠢᠭᠵᠢᠭᠤᠯᠵᠤ᠂ ᠨᠢᠭᠡ | ᠪᠦᠯᠦᠭ ᠵᠢᠱᠢᠶ᠎ᠡ ᠦᠵᠡᠭᠦᠯᠦᠨ ᠬᠡᠷᠡᠭᠯᠡᠬᠦ ᠴᠢᠨᠠᠷ ᠢᠶᠠᠷ ᠴᠢᠩᠭ᠎ᠠ᠂ ᠪᠣᠳᠠᠲᠠᠶ ᠬᠡᠷᠡᠭᠯᠡᠭᠰᠡᠨ ᠦᠷ᠎ᠡ ᠪᠦᠲᠦᠮᠵᠢ ᠪᠠᠷ | ᠰᠠᠶᠢᠨ ᠲᠡᠷᠢᠭᠦᠨ ᠤ ᠰᠢᠨᠵᠢᠯᠡᠬᠦ ᠤᠬᠠᠭᠠᠨ ᠮᠡᠷᠭᠡᠵᠢᠯ ᠤᠨ ᠦᠷ᠎ᠡ ᠪᠦᠲᠦᠭᠡᠯ ᠪᠣᠯᠤᠨ ᠴᠢᠬᠤᠯᠠ ᠶᠡᠭᠡ ᠮᠡᠷᠭᠡᠵᠢᠯ ᠤᠨ | ᠲᠣᠨᠣᠭᠯᠠᠯ ᠤᠨ ᠠᠶᠤᠯ ᠦᠭᠡᠢ ᠶᠢᠨ ᠮᠡᠷᠭᠡᠵᠢᠯ ᠤᠨ ᠵᠢᠱᠢᠶ᠎ᠡ ᠦᠵᠡᠭᠦᠯᠬᠦ ᠢᠨᠵᠧᠨᠧᠷᠢᠩ ᠢ ᠴᠢᠷᠮᠠᠶᠢᠨ ᠪᠤᠢ ᠪᠣᠯᠭᠠᠵᠤ᠂ | ᠵᠢᠱᠢᠶ᠎ᠡ ᠦᠵᠡᠭᠦᠯᠦᠨ ᠬᠥᠲᠥᠯᠥᠨ ᠳᠠᠭᠠᠭᠤᠯᠬᠤ ᠪᠠ ᠨᠥᠯᠥᠭᠡᠯᠡᠨ ᠳᠠᠶᠢᠴᠢᠯᠠᠬᠤ ᠦᠢᠯᠡᠳᠦᠯ ᠢ ᠪᠤᠢ ᠪᠣᠯᠭᠠᠬᠤ | ᠬᠡᠷᠡᠭᠲᠡᠶ᠃ ᠬᠤᠲᠠ ᠶᠢᠨ ᠠᠮᠤᠷ ᠲᠦᠪᠰᠢᠨ ᠤ ᠬᠢᠨᠠᠯᠲᠠ ᠬᠠᠮᠢᠶᠠᠷᠤᠯᠲᠠ ᠶᠢᠨ ᠮᠡᠳᠡᠭᠡ ᠵᠠᠩᠭᠢᠵᠢᠯᠲᠠ ᠶᠢᠨ | ᠪᠠᠶᠢᠭᠤᠯᠤᠯᠲᠠ ᠶᠢ ᠴᠢᠩᠭᠠᠳᠬᠠᠵᠤ᠂ ᠬᠤᠲᠠ ᠶᠢᠨ ᠠᠵᠢᠯᠯᠠᠭᠠᠨ ᠤ ᠪᠥᠬᠦ ᠠᠮᠢ ᠨᠠᠰᠤᠨ ᠤ ᠦᠶᠡᠯᠡᠯ ᠤᠨ | ᠬᠤᠭᠤᠴᠠᠭ᠎ᠠ ᠶᠢ ᠬᠠᠮᠤᠷᠤᠭᠰᠠᠨ ᠠᠮᠤᠷ ᠲᠦᠪᠰᠢᠨ ᠤ ᠲᠦᠭᠰᠢᠭᠦᠷᠢ ᠶᠢᠨ ᠳ᠋ᠠᠶᠢᠲ᠋ᠠ ᠬᠥᠮᠥᠷᠭᠡ ᠪᠠ ᠮᠡᠳᠡᠭᠡ | ᠵᠠᠩᠭᠢ ᠶᠢᠨ ᠡᠭᠦᠯᠡᠨ ᠲᠠᠪᠴᠠᠩ ᠢ ᠪᠠᠶᠢᠭᠤᠯᠤᠨ᠎ᠠ᠃ | ︵ᠭᠤᠷᠪᠠ︶ ᠬᠤᠲᠠ ᠶᠢᠨ ᠠᠮᠤᠷ ᠲᠦᠪᠰᠢᠨ ᠤ ᠦᠨᠳᠦᠰᠦᠨ ᠱᠠᠲᠤᠨ ᠤ ᠵᠠᠰᠠᠯᠲᠠ ᠶᠢ ᠴᠢᠩᠭᠠᠷᠠᠭᠤᠯᠬᠤ | ᠬᠡᠷᠡᠭᠲᠡᠶ᠃ ᠬᠤᠲᠠ ᠶᠢᠨ ᠠᠮᠤᠷ ᠲᠦᠪᠰᠢᠨ ᠤ ᠬᠠᠮᠢᠶᠠᠷᠤᠯᠲᠠ ᠶᠢᠨ ᠪᠣᠭᠤᠮᠲᠠ ᠶᠢ ᠤᠷᠤᠭᠰᠢ ᠰᠢᠯᠵᠢᠭᠦᠯᠬᠦ᠂ | ᠭᠤᠤᠯᠳᠠᠯᠭ᠎ᠠ ᠶᠢ ᠳᠣᠷᠣᠭᠰᠢ ᠰᠢᠯᠵᠢᠭᠦᠯᠬᠦ ᠶᠢ ᠯᠠᠪᠳᠠᠭᠤᠨ ᠪᠠᠲᠤᠲᠠᠶ ᠠᠬᠢᠭᠤᠯᠵᠤ᠂ ᠬᠤᠲᠠ ᠶᠢᠨ ᠠᠮᠤᠷ ᠲᠦᠪᠰᠢᠨ | ᠬᠥᠭᠵᠢᠯᠲᠡ ᠶᠢᠨ ᠰᠡᠷᠭᠡᠶᠢᠯᠡᠯᠲᠡ ᠶᠢᠨ ᠱᠤᠭᠤᠮ ᠢ ᠪᠠᠲᠤ ᠪᠠᠬᠢ ᠪᠠᠶᠢᠭᠤᠯᠤᠨ᠎ᠠ᠃ ᠠᠮᠤᠷ ᠲᠦᠪᠰᠢᠨ ᠨᠡᠶᠢᠭᠡᠮ | ᠲᠣᠭᠤᠷᠢᠭ ᠤᠨ ᠪᠠᠢᠭᠤᠯᠤᠯᠲᠠ ᠶᠢ ᠴᠢᠩᠭᠠᠳᠬᠠᠨ᠂ ᠬᠤᠲᠠ ᠶᠢᠨ ᠨᠡᠶᠢᠭᠡᠮ ᠲᠣᠭᠤᠷᠢᠭ ᠤᠨ ᠠᠮᠤᠷ ᠲᠦᠪᠰᠢᠨ ᠤ | ᠲᠤᠤᠷᠴᠢᠯᠠᠯ ᠤᠨ ᠠᠵᠢᠯ ᠤᠨ ᠰᠢᠰᠲ᠋ᠧᠮᠵᠢ ᠶᠢ ᠲᠡᠭᠦᠯᠳᠡᠷᠵᠢᠭᠦᠯᠵᠦ᠂ ᠲᠤᠤᠷᠴᠢᠯᠠᠯ ᠤᠨ ᠦᠢᠯᠡᠴᠢᠯᠡᠭᠡᠨ ᠤ | ᠬᠠᠮᠢᠶᠠᠷᠤᠯᠲᠠ ᠶᠢ ᠭᠦᠨᠵᠡᠭᠡᠶᠢᠷᠡᠭᠦᠯᠦᠨ᠂ ᠲᠤᠤᠷᠴᠢᠯᠠᠯ ᠤᠨ ᠡᠬᠢ ᠪᠠᠶᠠᠯᠢᠭ ᠢ ᠡᠮᠬᠢᠯᠡᠨ ᠨᠡᠶᠢᠯᠡᠭᠦᠯᠵᠦ᠂ ᠨᠡᠶᠢᠭᠡᠮ | ᠲᠣᠭᠤᠷᠢᠭ ᠤᠨ ᠲᠤᠤᠷᠴᠢᠯᠠᠯ ᠤᠨ ᠬᠠᠮᠢᠶᠠᠷᠤᠭᠴᠢ ᠶᠢᠨ ᠦᠢᠯᠡᠳᠦᠯ ᠢ ᠭᠦᠢᠴᠡᠳ ᠪᠠᠳᠠᠷᠠᠭᠤᠯᠤᠨ᠂ ᠬᠤᠲᠠ ᠶᠢᠨ | ᠠᠮᠤᠷ ᠲᠦᠪᠰᠢᠨ ᠤ ᠲᠦᠭᠰᠢᠭᠦᠷᠢ ᠶᠢᠨ ᠳᠠᠯᠳᠠ ᠬᠡᠮ ᠢ ᠬᠥᠳᠡᠯᠦᠩᠭᠦᠢ ᠬᠢᠨᠠᠨ ᠬᠠᠮᠢᠶᠠᠷᠬᠤ᠂ ᠡᠬᠢ ᠡᠭᠦᠰᠦᠯ ᠠᠴᠠ ᠨᠢ | ᠵᠠᠰᠠᠬᠤ ᠪᠠ ᠡᠮᠦᠨ᠎ᠡ ᠦᠵᠦᠭᠦᠷ ᠲᠤ ᠨᠢ ᠰᠢᠢᠳᠪᠦᠷᠢᠯᠡᠬᠦ ᠶᠢ ᠪᠡᠶᠡᠯᠡᠭᠦᠯᠦᠨ᠎ᠡ᠃ ᠣᠯᠠᠨ ᠡᠰᠢᠲᠦ ᠭᠤᠤᠯ | ᠴᠣᠭᠴᠠ ᠶᠢᠨ ᠵᠠᠰᠠᠯᠲᠠ ᠳᠤ ᠣᠷᠣᠯᠴᠠᠬᠤ ᠵᠠᠭᠪᠤᠷ ᠢ ᠢᠳᠡᠪᠬᠢᠲᠡᠶ ᠪᠠᠷ ᠬᠠᠶᠢᠨ ᠰᠦᠪᠡᠭᠴᠢᠯᠡᠵᠦ᠂ ᠨᠡᠶᠢᠭᠡᠮ | ᠲᠣᠭᠤᠷᠢᠭ ᠤᠨ ᠠᠮᠤᠷ ᠲᠦᠪᠰᠢᠨ ᠤ ᠰᠠᠶᠢᠨ ᠳᠤᠷ᠎ᠠ ᠶᠢᠨ ᠠᠵᠢᠭᠯᠠᠭᠰᠠᠳ ᠡᠩᠨᠡᠭᠡ ᠶᠢᠨ ᠪᠠᠶᠢᠭᠤᠯᠤᠯᠲᠠ ᠶᠢ | ᠴᠢᠩᠭᠠᠳᠬᠠᠨ᠂ ᠨᠡᠶᠢᠭᠡᠮ ᠤᠨ ᠵᠣᠬᠢᠶᠠᠨ ᠪᠠᠶᠢᠭᠤᠯᠤᠯᠲᠠ᠂ ᠵᠠᠬ᠎ᠠ ᠳᠡᠯᠭᠡᠭᠦᠷ ᠤᠨ ᠵᠠᠭᠤᠴᠢ ᠪᠠᠶᠢᠭᠤᠯᠤᠮᠵᠢ ᠪᠣᠯᠤᠨ | ᠠᠷᠠᠳ ᠢᠷᠭᠡᠳ ᠤᠨ ᠬᠠᠤᠯᠢ ᠶᠢᠨ ᠡᠷᠬᠡᠲᠡᠨ ᠤ ᠬᠤᠲᠠ ᠶᠢᠨ ᠠᠮᠤᠷ ᠲᠦᠪᠰᠢᠨ ᠤ ᠵᠠᠰᠠᠯᠲᠠ ᠳᠤ ᠣᠷᠣᠯᠴᠠᠬᠤ | ᠢᠳᠡᠪᠬᠢᠵᠢᠯ ᠢ ᠳᠠᠶᠢᠴᠢᠯᠠᠵᠤ᠂ ᠨᠠᠮ ᠤᠨ ᠬᠤᠷᠢᠶ᠎ᠠ ᠤᠳᠤᠷᠢᠳᠤᠭᠰᠠᠨ᠂ ᠵᠠᠰᠠᠭ ᠤᠨ ᠣᠷᠳᠣᠨ ᠵᠠᠰᠠᠭᠰᠠᠨ᠂ | ᠨᠡᠶᠢᠭᠡᠮ ᠢᠶᠠᠷ ᠢᠶᠠᠨ ᠬᠠᠮᠵᠢᠯᠴᠠᠭᠰᠠᠨ᠂ ᠰᠠᠭᠤᠭᠠᠯᠢ ᠠᠷᠠᠳ ᠥᠷᠭᠡᠨ ᠢᠶᠠᠷ ᠬᠥᠳᠡᠯᠦᠯᠴᠡᠭᠰᠡᠨ ᠬᠤᠲᠠ ᠶᠢᠨ ᠠᠮᠤᠷ | ᠲᠦᠪᠰᠢᠨ ᠤ ᠣᠯᠠᠨ ᠢᠶᠠᠷ ᠢᠶᠠᠨ ᠰᠡᠷᠭᠡᠶᠢᠯᠡᠵᠦ ᠣᠯᠠᠨ ᠢᠶᠠᠷ ᠢᠶᠠᠨ ᠵᠠᠰᠠᠬᠤ ᠠᠵᠢᠯ ᠤᠨ ᠪᠠᠶᠢᠷᠢᠰᠢᠯ ᠢ ᠪᠤᠢ ᠪᠣᠯᠭᠠᠬᠤ | ᠬᠡᠷᠡᠭᠲᠡᠶ᠃ | ᠵᠢᠷᠭᠤᠭ᠎ᠠ᠂ ᠨᠢᠭᠡᠳᠦᠯᠲᠡᠶ ᠲᠥᠯᠥᠪᠯᠡᠨ ᠠᠬᠢᠭᠤᠯᠬᠤ ᠶᠢ ᠴᠢᠩᠭᠠᠳᠬᠠᠨ᠎ᠠ | ︵ᠨᠢᠭᠡ︶ ᠵᠣᠬᠢᠶᠠᠨ ᠪᠠᠶᠢᠭᠤᠯᠤᠯᠲᠠ ᠶᠢᠨ ᠤᠳᠤᠷᠢᠳᠤᠯᠭ᠎ᠠ ᠪᠠᠨ ᠴᠢᠩᠭᠠᠷᠠᠭᠤᠯᠤᠨ᠎ᠠ᠃ ᠬᠤᠲᠠ ᠶᠢᠨ ᠠᠮᠤᠷ | ᠲᠦᠪᠰᠢᠨ ᠢ ᠬᠥᠭᠵᠢᠭᠦᠯᠬᠦ ᠠᠵᠢᠯ ᠢ ᠲᠤᠭᠤᠷᠢᠭ ᠤᠨ ᠨᠠᠮ ᠤᠨ ᠬᠤᠷᠢᠶ᠎ᠠ᠂ ᠲᠤᠭᠤᠷᠢᠭ ᠤᠨ ᠵᠠᠰᠠᠭ ᠤᠨ ᠤᠷᠳᠤᠨ | ᠤ ᠨᠢᠭᠡᠳᠦᠯᠲᠡᠶ ᠲᠥᠯᠥᠪᠯᠡᠨ ᠤᠳᠤᠷᠢᠳᠴᠤ᠂ ᠲᠤᠭᠤᠷᠢᠭ ᠤᠨ ᠨᠠᠮ ᠤᠨ ᠬᠤᠷᠢᠶ᠎ᠠ ᠨᠢᠭᠡᠳᠦᠯᠲᠡᠢ ᠵᠤᠬᠢᠶᠠᠨ | ᠪᠠᠶᠢᠭᠤᠯᠵᠤ᠂ ᠲᠤᠭᠤᠷᠢᠭ ᠤᠨ ᠠᠶᠤᠯ ᠦᠭᠡᠢ ᠦᠢᠯᠡᠳᠪᠦᠷᠢᠯᠡᠯ ᠤᠨ ᠵᠥᠪᠯᠡᠯ ᠤᠨ ᠠᠯᠪᠠᠨ ᠭᠡᠷ ᠲᠦᠷᠦᠭᠦᠯᠡᠨ | ᠬᠠᠷᠢᠭᠤᠴᠠᠨ ᠶᠠᠪᠤᠭᠳᠠᠭᠤᠯᠵᠤ᠂ ᠬᠤᠯᠪᠣᠭᠳᠠᠯ ᠪᠦᠬᠦᠢ ᠲᠤᠭᠤᠷᠢᠭ ᠤᠨ ᠰᠢᠭᠤᠳ ᠬᠠᠷᠢᠶ᠎ᠠ ᠰᠠᠯᠠᠭ᠎ᠠ ᠮᠥᠴᠢᠷ ᠤᠳ | ᠡᠭᠦᠷᠭᠡ ᠬᠠᠷᠢᠭᠤᠴᠠᠯᠭ᠎ᠠ ᠶᠢᠨ ᠬᠡᠪᠴᠢᠶᠡᠨ ᠳᠣᠲᠣᠷ᠎ᠠ ᠪᠠᠨ ᠪᠣᠳᠠᠲᠠᠶ ᠠᠵᠢᠯ ᠢ ᠬᠠᠷᠢᠭᠤᠴᠠᠨ᠎ᠠ᠃ ᠡᠯ᠎ᠡ ᠪᠠᠯᠭᠠᠰᠤ | ᠰᠤᠮᠤᠨ ᠤ ᠨᠠᠮ ᠤᠨ ᠬᠤᠷᠢᠶ᠎ᠠ ᠪᠣᠯᠤᠨ ᠵᠠᠰᠠᠭ ᠤᠨ ᠣᠷᠳᠣᠨ᠂ ᠵᠡᠭᠡᠯᠢ ᠭᠤᠳᠤᠮᠵᠢ ᠶᠢᠨ ᠨᠠᠮ ᠤᠨ ᠠᠵᠢᠯᠯᠠᠬᠤ | ᠬᠤᠷᠢᠶ᠎ᠠ ᠪᠣᠯᠤᠨ ᠬᠡᠷᠡᠭ ᠡᠷᠬᠢᠯᠡᠬᠦ ᠭᠠᠵᠠᠷ ᠤᠨ ᠬᠢᠨ ᠤᠳᠤᠷᠢᠳᠤᠯᠭ᠎ᠠ ᠪᠠᠨ ᠦᠨᠡᠨᠬᠦ ᠴᠢᠩᠭᠠᠳᠬᠠᠵᠤ᠂ | ᠪᠠᠲᠤᠯᠠᠭ᠎ᠠ ᠶᠢᠨ ᠠᠷᠭ᠎ᠠ ᠬᠡᠮᠵᠢᠶ᠎ᠡ ᠪᠠᠨ ᠲᠡᠭᠦᠯᠳᠡᠷᠵᠢᠭᠦᠯᠵᠦ᠂ ᠲᠣᠰ ᠬᠠᠷᠢᠶ᠎ᠠ ᠣᠷᠣᠨ ᠤ ᠪᠠᠨ ᠬᠤᠲᠠ ᠶᠢᠨ ᠠᠮᠤᠷ | ᠲᠦᠪᠰᠢᠨ ᠬᠥᠭᠵᠢᠯᠲᠡ ᠶᠢᠨ ᠠᠵᠢᠯ ᠢ ᠯᠠᠪᠳᠠᠭᠤᠨ ᠪᠠᠲᠤᠲᠠᠶ ᠠᠬᠢᠭᠤᠯᠵᠤ᠂ ᠬᠤᠲᠠ ᠶᠢᠨ ᠠᠮᠤᠷ ᠲᠦᠪᠰᠢᠨ | ᠬᠥᠭᠵᠢᠯᠲᠡ ᠶᠢᠨ ᠲᠦᠪᠰᠢᠨ ᠢ ᠲᠠᠰᠤᠷᠠᠯᠲᠠ ᠦᠭᠡᠢ ᠳᠡᠭᠡᠭᠰᠢᠯᠡᠭᠦᠯᠬᠦ ᠬᠡᠷᠡᠭᠲᠡᠶ᠃ | ︵ᠬᠤᠶᠠᠷ︶ ᠬᠠᠮᠵᠢᠯᠴᠠᠨ ᠬᠤᠯᠪᠣᠭᠠᠯᠠᠨ ᠬᠥᠳᠡᠯᠦᠯᠴᠡᠬᠦ ᠶᠢ ᠴᠢᠩᠭᠠᠳᠬᠠᠨ᠎ᠠ᠃ ᠬᠤᠲᠠ ᠶᠢᠨ ᠠᠮᠤᠷ | ᠲᠦᠪᠰᠢᠨ ᠤ ᠬᠥᠭᠵᠢᠯᠲᠡ ᠶᠢ ᠲᠦᠯᠬᠢᠨ ᠠᠬᠢᠭᠤᠯᠬᠤ ᠶᠠᠪᠤᠳᠠᠯ ᠢ ᠠᠮᠤᠷ ᠠᠮᠤᠭᠤᠯᠠᠩ ᠬᠤᠷᠴᠢᠨ ᠤ | ᠪᠠᠶᠢᠭᠤᠯᠤᠯᠲᠠ ᠶᠢᠨ ᠴᠢᠬᠤᠯᠠ ᠠᠭᠤᠯᠭ᠎ᠠ ᠳᠤ ᠣᠷᠣᠭᠤᠯᠵᠤ᠂ ᠬᠤᠯᠪᠣᠭᠳᠠᠯ ᠪᠦᠬᠦᠢ ᠰᠠᠯᠠᠭ᠎ᠠ ᠮᠥᠴᠢᠷ ᠤᠨ ᠬᠦᠴᠦᠨ | ᠴᠢᠳᠠᠯ ᠪᠣᠯᠤᠨ ᠡᠬᠢ ᠪᠠᠶᠠᠯᠢᠭ ᠢ ᠭᠦᠢᠴᠡᠳ ᠳᠠᠶᠢᠴᠢᠯᠠᠨ᠂ ᠠᠮᠤᠷ ᠲᠦᠪᠰᠢᠨ ᠬᠥᠭᠵᠢᠯᠲᠡ ᠶᠢᠨ ᠵᠢᠱᠢᠶ᠎ᠡ ᠦᠵᠡᠭᠦᠯᠬᠦ | ᠣᠷᠣᠨ ᠢ ᠡᠭᠦᠳᠦᠨ ᠪᠠᠶᠢᠭᠤᠯᠬᠤ ᠠᠵᠢᠯ ᠢ ᠣᠯᠠᠨ ᠠᠷᠭ᠎ᠠ ᠵᠠᠮ᠂ ᠣᠯᠠᠨ ᠳᠡᠰ ᠳᠠᠪᠬᠤᠷᠭ᠎ᠠ᠂ ᠪᠦᠬᠦ ᠲᠠᠯ᠎ᠠ ᠪᠠᠷ | ᠲᠦᠯᠬᠢᠨ ᠠᠬᠢᠭᠤᠯᠬᠤ ᠬᠡᠷᠡᠭᠲᠡᠶ᠃ ᠪᠦᠬᠦ ᠨᠡᠶᠢᠭᠡᠮ ᠤᠨ ᠬᠢᠨ ᠤ ᠣᠷᠣᠯᠴᠠᠬᠤ ᠢᠳᠡᠪᠬᠢᠵᠢᠯ ᠢ ᠭᠦᠢᠴᠡᠳ | ᠳᠠᠶᠢᠴᠢᠯᠠᠨ᠂ ᠨᠡᠶᠢᠭᠡᠮᠴᠢᠯᠡᠭᠰᠡᠨ ᠦᠢᠯᠡᠴᠢᠯᠡᠭᠡᠨ ᠤ ᠪᠠᠶᠢᠭᠤᠯᠤᠮᠵᠢ᠂ ᠨᠡᠶᠢᠲᠡ ᠶᠢᠨ ᠠᠰᠠᠷᠠᠮᠵᠢ ᠶᠢᠨ ᠵᠣᠬᠢᠶᠠᠨ | ᠪᠠᠶᠢᠭᠤᠯᠤᠯᠲᠠ ᠪᠠ ᠰᠠᠶᠢᠨ ᠳᠤᠷ᠎ᠠ ᠶᠢᠨ ᠠᠵᠢᠭᠯᠠᠭᠴᠢ ᠶᠢᠨ ᠠᠮᠤᠷ ᠲᠦᠪᠰᠢᠨ ᠬᠥᠭᠵᠢᠯᠲᠡ ᠶᠢᠨ ᠵᠢᠱᠢᠶ᠎ᠡ ᠦᠵᠡᠭᠦᠯᠬᠦ | ᠣᠷᠣᠨ ᠢ ᠡᠭᠦᠳᠦᠨ ᠪᠠᠶᠢᠭᠤᠯᠬᠤ ᠳᠤ ᠣᠷᠣᠯᠴᠠᠬᠤ ᠶᠢ ᠵᠣᠷᠢᠭᠵᠢᠭᠤᠯᠤᠨ ᠬᠥᠲᠥᠯᠥᠨ ᠵᠢᠯᠣᠭᠤᠳᠴᠤ᠂ ᠮᠡᠳᠡᠭᠡ | ᠵᠠᠩᠭᠢ ᠶᠢ ᠢᠯᠡ ᠪᠣᠯᠭᠠᠬᠤ᠂ ᠢᠯᠡᠴᠢᠯᠡᠨ ᠮᠡᠳᠡᠭᠦᠯᠦᠭᠰᠡᠨ ᠢ ᠱᠠᠩᠨᠠᠬᠤ ᠵᠡᠷᠭᠡ ᠳᠦᠷᠢᠮ ᠢ ᠲᠡᠭᠦᠯᠳᠡᠷᠵᠢᠭᠦᠯᠦᠨ᠂ | ᠬᠤᠲᠠ ᠶᠢᠨ ᠠᠮᠤᠷ ᠲᠦᠪᠰᠢᠨ ᠬᠥᠭᠵᠢᠯᠲᠡ ᠶᠢᠨ ᠲᠠᠯ᠎ᠠ ᠪᠠᠷ ᠬᠢ ᠠᠷᠠᠳ ᠣᠯᠠᠨ ᠤ ᠡᠷᠬᠡ᠂ ᠣᠷᠣᠯᠴᠠᠬᠤ ᠡᠷᠬᠡ᠂ | ᠬᠢᠨᠠᠯᠲᠠ ᠲᠠᠯᠪᠢᠬᠤ ᠡᠷᠬᠡ ᠶᠢ ᠬᠠᠮᠠᠭᠠᠯᠠᠨ᠎ᠠ᠃ | ︵ᠭᠤᠷᠪᠠ︶ ᠰᠢᠮᠳᠠᠭᠤᠯᠤᠨ ᠪᠠᠶᠢᠴᠠᠭᠠᠵᠤ ᠰᠢᠯᠭᠠᠨ ᠦᠨᠡᠯᠡᠬᠦ ᠶᠢ ᠴᠢᠩᠭᠠᠷᠠᠭᠤᠯᠤᠨ᠎ᠠ᠃ ᠠᠶᠤᠯ ᠦᠭᠡᠢ | ᠦᠢᠯᠡᠳᠪᠦᠷᠢᠯᠡᠯ ᠤᠨ ᠺᠣᠮᠢᠰ ᠨᠢ ᠬᠤᠲᠠ ᠶᠢᠨ ᠠᠶᠤᠯ ᠦᠭᠡᠢ ᠬᠥᠭᠵᠢᠯᠲᠡ ᠶᠢᠨ ᠠᠵᠢᠯ ᠢ ᠠᠶᠤᠯ ᠦᠭᠡᠢ | ᠦᠢᠯᠡᠳᠪᠦᠷᠢᠯᠡᠯ ᠤᠨ ᠰᠢᠮᠳᠠᠭᠤᠯᠤᠨ ᠪᠠᠶᠢᠴᠠᠭᠠᠬᠤ ᠪᠠ ᠬᠠᠷᠠᠯᠲᠠ ᠶᠢᠨ ᠬᠢᠨᠠᠨ ᠰᠢᠯᠭᠠᠬᠤ ᠴᠢᠬᠤᠯᠠ ᠠᠭᠤᠯᠭ᠎ᠠ ᠳᠤ | ᠣᠷᠣᠭᠤᠯᠬᠤ ᠬᠡᠷᠡᠭᠲᠡᠶ᠃ ᠬᠤᠲᠠ ᠶᠢᠨ ᠠᠶᠤᠯ ᠦᠭᠡᠢ ᠬᠥᠭᠵᠢᠯᠲᠡ ᠶᠢᠨ ᠠᠵᠢᠯ ᠢ ᠡᠯ᠎ᠡ ᠪᠠᠯᠭᠠᠰᠤ ᠰᠤᠮᠤ᠂ ᠵᠡᠭᠡᠯᠢ | ᠭᠤᠳᠤᠮᠵᠢ ᠶᠢᠨ ᠰᠢᠯᠭᠠᠨ ᠦᠨᠡᠯᠡᠬᠦ ᠠᠵᠢᠯ ᠳᠤ ᠣᠷᠣᠭᠤᠯᠵᠤ᠂ ᠰᠢᠮᠳᠠᠭᠤᠯᠤᠨ ᠪᠠᠶᠢᠴᠠᠭᠠᠵᠤ ᠰᠢᠯᠭᠠᠨ ᠦᠨᠡᠯᠡᠬᠦ ᠪᠠᠷ | ᠬᠤᠲᠠ ᠶᠢᠨ ᠠᠶᠤᠯ ᠦᠭᠡᠢ ᠬᠥᠭᠵᠢᠯᠲᠡ ᠶᠢᠨ ᠠᠵᠢᠯ ᠢ ᠪᠦᠬᠦ ᠲᠠᠯ᠎ᠠ ᠪᠠᠷ ᠨᠠᠶᠢᠳᠠᠪᠤᠷᠢᠵᠢᠭᠤᠯᠬᠤ ᠶᠢ ᠠᠬᠢᠭᠤᠯᠬᠤ | ᠬᠡᠷᠡᠭᠲᠡᠶ᠃ |