ᠬᠤᠷᠴᠢᠨ ᠲᠣᠭᠤᠷᠢᠭ ᠤᠨ ᠲᠠᠪᠤᠳᠤᠭᠠᠷ ᠬᠤᠭᠤᠴᠠᠭᠠᠨ ᠤ ᠠᠵᠤ ᠠᠬᠤᠢ ᠶᠢᠨ ᠶᠠᠷᠢᠶᠠᠨ ᠤ ᠲᠠᠩᠬᠢᠮ ᠳᠤ ᠶᠠᠷᠢᠶ᠎ᠠ ᠲᠠᠯᠪᠢᠪᠠ
ᠨᠡᠶᠢᠲᠡᠯᠡᠭᠰᠡᠨ ᠴᠠᠭ᠄
2019-11-19
ᠣᠳᠣᠬᠠᠨ ᠤ ᠠᠵᠤ ᠠᠬᠤᠢ ᠶᠢᠨ ᠪᠠᠶᠢᠳᠠᠯ ᠢ ᠪᠦᠬᠦ ᠲᠠᠯ᠎ᠠ ᠪᠠᠷ ᠣᠶᠢᠯᠠᠭᠠᠵᠤ ᠭᠦᠨᠵᠡᠭᠡᠶ ᠡᠵᠡᠮᠰᠢᠬᠦ ᠶᠢᠨ ᠲᠥᠯᠥᠭᠡ᠂ 11 ᠰᠠᠷ᠎ᠠ ᠶᠢᠨ 14 ᠤ ᠡᠳᠦᠷ᠂ ᠬᠤᠷᠴᠢᠨ ᠲᠣᠭᠤᠷᠢᠭ ᠤᠨ ᠲᠠᠪᠤᠳᠤᠭᠠᠷ ᠬᠤᠭᠤᠴᠠᠭᠠᠨ ᠤ ᠠᠵᠤ ᠠᠬᠤᠢ ᠶᠢᠨ ᠶᠠᠷᠢᠶᠠᠨ ᠤ ᠲᠠᠩᠬᠢᠮ ᠳᠤ ᠶᠠᠷᠢᠶ᠎ᠠ ᠲᠠᠯᠪᠢᠪᠠ᠃ ᠡᠯ᠎ᠡ ᠪᠠᠯᠭᠠᠰᠤ ᠰᠤᠮᠤ᠂ ᠤᠯᠤᠰ ᠤᠨ ᠦᠮᠴᠢᠯᠡᠯᠳᠦ ᠲᠠᠷᠢᠶᠠᠯᠠᠩ ᠮᠠᠯ ᠠᠵᠤ ᠠᠬᠤᠢ ᠶᠢᠨ ᠲᠠᠯᠠᠪᠠᠢ᠂ ᠵᠡᠭᠡᠯᠢ ᠭᠤᠳᠤᠮᠵᠢ᠂  ᠲᠤᠭᠤᠷᠢᠭ ᠤᠨ ᠰᠢᠭᠤᠳ ᠬᠠᠷᠢᠶ᠎ᠠ ᠡᠯ᠎ᠡ ᠰᠠᠯᠠᠭ᠎ᠠ ᠮᠥᠴᠢᠷ ᠤᠨ ᠭᠤᠤᠯ ᠬᠠᠷᠢᠭᠤᠴᠠᠯᠭᠠᠲᠠᠨ ᠨᠥᠬᠦᠳ ᠵᠢᠴᠢ ᠡᠯ᠎ᠡ ᠠᠵᠤ ᠠᠬᠤᠢ ᠶᠢᠨ ᠰᠠᠯᠠᠭ᠎ᠠ ᠮᠥᠴᠢᠷ ᠤᠨ ᠬᠠᠮᠢᠶ᠎ᠠ ᠪᠦᠬᠦᠢ ᠲᠤᠬᠠᠶᠢᠯᠠᠭᠰᠠᠨ ᠠᠵᠢᠯ ᠶᠢᠨ ᠺᠠᠳ᠋ᠷ 100 ᠭᠠᠷᠤᠶ ᠬᠥᠮᠦᠨ ᠣᠷᠣᠯᠴᠠᠵᠠᠶ᠃    ᠲᠣᠰ ᠤᠳᠠᠭᠠᠨ ᠤ ᠬᠢᠴᠢᠶᠡᠯᠯᠡᠭᠡ ᠨᠢ ᠪᠡᠭᠡᠵᠢᠩ ᠤᠨ ᠷᠦᠢ ᠰᠡᠳᠬᠢᠬᠦᠶ ᠶᠢᠨ ᠬᠠᠮᠢᠶᠠᠷᠤᠯᠲᠠ ᠶᠢᠨ ᠵᠥᠪᠯᠡᠯᠭᠡ ᠥᠭᠬᠦ ᠬᠢᠵᠠᠭᠠᠷᠲᠤ ᠺᠣᠮᠫᠠᠨᠢ ᠶᠢᠨ ᠶᠡᠷᠦᠩᠬᠡᠶ ᠳᠠᠭᠠᠭᠠᠮᠠᠯ ᠸᠠᠩ ᠳ᠋ᠠ ᠸᠧᠶ ᠶᠢ ᠤᠷᠢᠵᠤ ︽ᠣᠳᠣᠬᠠᠨ ᠤ ᠮᠠᠨ ᠤ ᠤᠯᠤᠰ ᠤᠨ ᠬᠤᠷᠸ᠎ᠠ ᠠᠵᠤ ᠠᠬᠤᠢ ᠶᠢᠨ ᠲᠥᠷᠥ ᠶᠢᠨ ᠪᠣᠳᠣᠯᠭ᠎ᠠ ᠶᠢᠨ ᠲᠤᠬᠠᠢ ᠭᠦᠶᠦᠭᠡᠨ ᠵᠠᠳᠠᠯᠤᠯᠲᠠ︾ ᠪᠠᠷ ᠭᠤᠤᠯ ᠰᠡᠳᠦᠪ ᠪᠣᠯᠭᠠᠵᠤ᠂ ᠳᠡᠯᠡᠬᠡᠶ ᠶᠢᠨ ᠪᠠ ᠤᠯᠤᠰ ᠤᠨ ᠳᠣᠲᠣᠭᠠᠳᠤ ᠶᠢᠨ ᠤᠯᠤᠰ ᠲᠥᠷᠥ ᠠᠵᠤ ᠠᠬᠤᠢ ᠶᠢᠨ ᠪᠠᠶᠢᠳᠠᠯ ᠤᠨ ᠰᠢᠨ᠎ᠡ ᠬᠤᠪᠢᠷᠠᠯᠲᠠ ᠪᠣᠯᠤᠨ ᠮᠠᠨ ᠤ ᠤᠯᠤᠰ ᠤᠨ ᠠᠵᠤ ᠠᠬᠤᠢ ᠶᠢᠨ ᠪᠠᠶᠢᠳᠠᠯ ᠤᠨ ᠲᠣᠭᠤᠷᠢᠨ ᠳᠤ᠂ ᠶᠡᠭᠡ ᠬᠡᠮᠵᠢᠶᠡᠨ ᠤ ᠨᠠᠷᠢᠨ ᠪᠣᠳᠠᠲᠠᠶ ᠲᠤᠭ᠎ᠠ ᠪᠠᠷᠢᠮᠲᠠ᠂ ᠠᠮᠢᠳᠤᠯᠢᠭ ᠪᠣᠳᠠᠲᠤ ᠬᠡᠷᠡᠭ ᠢᠶᠠᠷ ᠡᠨᠡ ᠵᠢᠯ ᠠᠴᠠ ᠨᠠᠰᠢ ᠤᠯᠤᠰ ᠤᠨ ᠬᠠᠮᠤᠭ ᠤᠨ ᠰᠢᠨ᠎ᠡ ᠠᠵᠤ ᠠᠬᠤᠢ ᠶᠢᠨ ᠲᠥᠷᠥ ᠶᠢᠨ ᠪᠣᠳᠣᠯᠭ᠎ᠠ᠂ ᠠᠮᠧᠷᠢᠺᠠ ᠶᠢᠨ ᠥᠷᠢ ᠰᠢᠷᠢ ᠶᠢᠨ ᠠᠰᠢᠭ ᠣᠷᠣᠯᠭ᠎ᠠ ᠶᠢᠨ ᠨᠣᠷᠮ᠎ᠠ ᠲᠣᠩᠭᠤᠷᠠᠭᠰᠠᠨ ᠪᠠ ᠮᠠᠨ ᠤ ᠤᠯᠤᠰ ᠤᠨ ᠪᠠᠶᠢᠯᠳᠤᠬᠤ ᠪᠣᠳᠣᠯᠭ᠎ᠠ ᠶᠢᠨ ᠠᠵᠠ ᠲᠣᠬᠢᠶᠠᠯ ᠵᠡᠷᠭᠡ ᠠᠰᠠᠭᠤᠳᠠᠯ ᠤᠨ ᠲᠤᠬᠠᠶ ᠨᠠᠷᠢᠨ ᠲᠣᠳᠣᠷᠬᠠᠶ ᠥᠭᠦᠯᠡᠵᠡᠶ᠃    ᠲᠠᠶᠢᠯᠤᠮᠵᠢ ᠨᠢ ᠣᠳᠣᠬᠠᠨ ᠤ ᠠᠵᠤ ᠠᠬᠤᠢ ᠶᠢᠨ ᠪᠠᠶᠢᠳᠠᠯ ᠳᠤ ᠭᠦᠨᠵᠡᠭᠡᠶ ᠳ᠋ᠦᠩᠨᠡᠯᠲᠡ ᠬᠢᠭᠰᠡᠨ ᠮᠥᠷᠲᠡᠭᠡᠨ ᠪᠠᠰᠠ ᠣᠨᠣᠯ ᠪᠠ ᠦᠢᠯᠡᠳᠦᠯᠭᠡ ᠶᠢᠨ ᠳᠠᠪᠬᠤᠷᠭ᠎ᠠ ᠶᠢᠨ ᠪᠠᠷᠠᠯᠠᠯ ᠪᠠ ᠳᠡᠭᠡᠭᠰᠢᠯᠡᠯᠲᠡ ᠲᠠᠢ ᠪᠠᠶᠢᠵᠤ᠂ ᠮᠠᠨ ᠤ ᠲᠤᠭᠤᠷᠢᠭ ᠤᠨ ᠣᠳᠣᠬᠠᠨ ᠤ ᠠᠵᠤ ᠠᠬᠤᠢ ᠶᠢᠨ ᠪᠠᠶᠢᠳᠠᠯ ᠢ ᠪᠦᠬᠦ ᠲᠠᠯ᠎ᠠ ᠪᠠᠷ ᠣᠶᠢᠯᠠᠭᠠᠬᠤ ᠪᠠ ᠭᠦᠨᠵᠡᠭᠡᠶ ᠡᠵᠡᠮᠳᠡᠬᠦ ᠂ ᠠᠵᠤ ᠠᠬᠤᠢ ᠶᠢᠨ ᠬᠥᠭᠵᠢᠯᠲᠡ ᠶᠢᠨ ᠠᠷᠭ᠎ᠠ ᠮᠠᠶ᠋ᠢᠭ ᠢ ᠲᠦᠷᠭᠡᠳᠬᠡᠨ ᠬᠤᠪᠢᠷᠠᠭᠤᠯᠬᠤ᠂ ᠠᠵᠤ ᠠᠬᠤᠶ ᠨᠡᠶᠢᠭᠡᠮ ᠤᠨ ᠰᠠᠶᠢᠨ ᠪᠥᠭᠡᠳ ᠲᠦᠷᠭᠡᠨ ᠬᠥᠭᠵᠢᠯᠲᠡ ᠶᠢ ᠠᠬᠢᠭᠤᠯᠬᠤ ᠳᠤ ᠮᠠᠰᠢ ᠶᠡᠭᠡ ᠬᠠᠪᠰᠤᠷᠤᠯᠭ᠎ᠠ ᠦᠵᠡᠭᠦᠯᠵᠡᠶ
 
ᠢᠷᠡᠯᠲᠡ᠄ ᠲᠣᠲᠣᠷᠬᠠᠢ ᠦᠭᠡᠢ
 
 
ᠬᠠᠮᠢᠶ᠎ᠡ ᠪᠦᠬᠦᠢ ᠰᠣᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备05070829号