ᠬᠤᠷᠴᠢᠨ ᠲᠣᠭᠤᠷᠢᠭ ᠤᠨ ᠹᠧᠩ ᠲᠢᠶᠠᠨ ᠪᠠᠯᠭᠠᠰᠤᠨ ᠤ ᠴᠠᠩ ᠵᠢᠶᠠ ᠸᠧᠶ ᠽᠢ ᠲᠣᠰᠬᠤᠨ ᠨᠢ ᠰᠤᠯᠠ ᠵᠠᠳᠠᠭᠠᠶ | ᠲᠣᠰᠬᠤᠨ ᠤ ᠨᠠᠮ ᠤᠨ ᠵᠣᠬᠢᠶᠠᠨ ᠪᠠᠶᠢᠭᠤᠯᠤᠯᠲᠠ ᠪᠠᠨ ᠴᠡᠭᠴᠡᠯᠡᠬᠦ ᠶᠢ ᠴᠢᠩᠭ᠎ᠠ ᠠᠳᠬᠤᠵᠤ᠂ ᠺᠠᠳ᠋ᠷ ᠤᠨ ᠡᠩᠨᠡᠭᠡᠨ ᠤ | ᠪᠠᠶᠢᠭᠤᠯᠤᠯᠲᠠ ᠶᠢ ᠴᠢᠩᠭᠠᠳᠬᠠᠵᠤ᠂ ᠲᠣᠰᠬᠤᠨ ᠤ ︽ᠬᠤᠶᠠᠷ ᠵᠥᠪᠯᠡᠯ︾ ᠤᠨ ᠰᠢᠨ᠎ᠡ ᠪᠠᠭ ᠢ ᠪᠠᠶᠢᠭᠤᠯᠪᠠ᠃ | ᠨᠠᠮ ᠤᠨ ᠭᠡᠰᠢᠭᠦᠨ ᠤ ᠠᠷᠠᠳᠴᠢᠯᠠᠯ ᠤᠨ ᠦᠨᠡᠯᠡᠬᠦ ᠠᠵᠢᠯᠯᠠᠭ᠎ᠠ ᠶᠢ ᠥᠷᠨᠢᠭᠦᠯᠵᠦ᠂ ᠨᠠᠮ ᠤᠨ ᠪᠠᠶᠢᠭᠤᠯᠤᠯᠲᠠ ᠶᠢᠨ | ᠠᠵᠢᠯ ᠢ ᠶᠠᠳᠠᠭᠤ ᠠᠴᠠ ᠠᠩᠭᠢᠵᠢᠷᠠᠭᠤᠯᠬᠤ ᠪᠡᠷᠬᠡ ᠰᠡᠳᠦᠪ ᠢ ᠰᠢᠢᠳᠪᠦᠷᠢᠯᠡᠬᠦ᠂ ᠠᠵᠤ ᠦᠢᠯᠡᠰ ᠢ ᠬᠥᠭᠵᠢᠭᠦᠯᠦᠨ | ᠮᠠᠨᠳᠤᠭᠤᠯᠬᠤ᠂ ᠬᠠᠮᠲᠤ ᠶᠢᠨ ᠠᠵᠤ ᠠᠬᠤᠶ ᠶᠢ ᠬᠥᠭᠵᠢᠭᠦᠯᠦᠨ ᠪᠤᠵᠠᠭᠠᠶᠢᠷᠠᠭᠤᠯᠬᠤ ᠯᠤᠭ᠎ᠠ ᠣᠷᠭᠠᠨᠢᠭ ᠢᠶᠠᠷ | ᠤᠶᠠᠯᠳᠤᠭᠤᠯᠵᠤ᠂ ︽ᠠᠵᠢᠯ ᠤᠨ ᠪᠠᠶᠢᠷᠢ ᠭᠠᠷᠭᠠᠵᠤ ᠣᠳᠣᠨ ᠣᠷᠣᠨ ᠢ ᠲᠣᠭᠲᠠᠭᠠᠬᠤ︾ ᠪᠠᠷ ᠳᠠᠮᠵᠢᠭᠤᠯᠤᠨ᠂ | ᠨᠠᠮ ᠤᠨ ᠭᠡᠰᠢᠭᠦᠨ ᠤ ᠠᠵᠢᠯ ᠤᠨ ᠪᠠᠶᠢᠷᠢ ᠳᠠᠭᠠᠨ ᠰᠠᠭᠤᠷᠢᠯᠠᠨ ᠵᠢᠳᠭᠦᠯ ᠭᠠᠷᠭᠠᠵᠤ᠂ ᠲᠡᠷᠢᠭᠦᠨ ᠤ ᠬᠢ ᠶᠢ ᠡᠭᠦᠳᠴᠦ | ᠰᠢᠯᠢᠳᠡᠭ ᠪᠣᠯᠬᠤ ᠪᠠᠷ ᠴᠢᠷᠮᠠᠶᠢᠬᠤ ᠶᠠᠪᠤᠳᠠᠯ ᠢ ᠵᠣᠷᠢᠭᠵᠢᠭᠤᠯᠤᠨ ᠬᠤᠰᠢᠭᠤᠴᠢ ᠪᠤᠯᠬᠤ ᠪᠤᠯᠭᠠᠪᠠ᠃ ᠠᠵᠤ ᠠᠬᠤᠶ ᠶᠢ | ᠶᠡᠬᠡᠪᠡᠷ ᠬᠥᠭᠵᠢᠭᠦᠯᠵᠦ᠂ ᠡᠵᠡᠩᠨᠡᠯᠲᠡ ᠶᠢᠨ ᠰᠢᠨ᠎ᠡ ᠬᠡᠪ ᠵᠠᠭᠪᠤᠷ ᠢ ᠬᠠᠶᠢᠨ ᠰᠦᠪᠡᠭᠴᠢᠯᠡᠨ᠎ᠡ᠃ ᠲᠣᠰ ᠲᠣᠰᠬᠤᠨ | ᠨᠠᠮ ᠤᠨ ᠡᠭᠦᠷ ᠤᠨ ᠳᠠᠭᠠᠭᠤᠯᠤᠨ ᠡᠷᠬᠢᠯᠡᠭᠰᠡᠨ ᠦᠬᠡᠷ ᠲᠡᠵᠢᠭᠡᠬᠦ ᠲᠤᠰᠬᠠᠶ ᠬᠤᠷᠰᠢᠶ᠎ᠠ ᠳᠤ ᠲᠦᠰᠢᠭᠯᠡᠨ᠂ | ᠥᠪᠡᠷᠮᠢᠴᠡ ᠣᠨᠴᠠᠯᠢᠭ ᠢ ᠠᠬᠢᠭᠤᠯᠬᠤ ᠪᠠᠷ ᠭᠠᠷᠳᠠᠮ ᠪᠣᠯᠭᠠᠵᠤ᠂ ᠹᠧᠩ ᠲᠢᠶᠠᠨ ᠪᠠᠯᠭᠠᠰᠤᠨ ᠤ ᠨᠠᠮ ᠤᠨ ᠬᠤᠷᠢᠶ᠎ᠠ | ᠵᠠᠰᠠᠭ ᠤᠨ ᠣᠷᠳᠣᠨ ᠠᠴᠠ 100 ᠲᠦᠮᠡᠨ ᠲᠥᠭᠦᠷᠢᠭ ᠤᠨ ᠶᠠᠳᠠᠭᠤ ᠶᠢ ᠲᠡᠳᠬᠦᠬᠦ ᠪᠡᠯᠡ ᠮᠥᠩᠭᠦ ᠭᠤᠶᠤᠴᠢᠯᠠᠵᠤ᠂ | ︽ᠨᠠᠮ ᠤᠨ ᠡᠭᠦᠷ ᠤᠨ ᠬᠤᠷᠰᠢᠶ᠎ᠠ ᠶᠢᠨ ᠲᠠᠷᠢᠶᠠᠴᠢᠨ ᠡᠷᠦᠬᠡ ᠶᠠᠳᠠᠭᠤ ᠬᠦᠴᠢᠷᠳᠡᠯᠲᠡᠶ ᠡᠷᠦᠬᠡ︾ ᠶᠢᠨ | ᠡᠵᠡᠩᠨᠡᠯᠲᠡ ᠶᠢᠨ ᠵᠠᠭᠪᠤᠷ ᠢ ᠪᠡᠶᠡᠯᠡᠭᠦᠯᠵᠦ᠂ ᠴᠠᠩ ᠵᠢᠶᠠ ᠸᠧᠶ ᠽᠢ ᠲᠣᠰᠬᠤᠨ ᠤ ᠪᠣᠳᠠᠲᠠᠶ ᠳᠤ ᠨᠡᠶᠢᠴᠡᠭᠰᠡᠨ | ᠪᠠᠶᠠᠵᠢᠯ ᠤᠨ ᠵᠠᠮ ᠢ ᠬᠠᠶᠢᠨ ᠰᠦᠪᠡᠭᠴᠢᠯᠡᠵᠦ ᠭᠠᠷᠭᠠᠵᠠᠶ᠃ ᠡᠳᠦᠭᠡ᠂ ᠬᠤᠷᠰᠢᠶ᠎ᠠ ᠨᠢᠭᠡᠨᠲᠡ 150 ᠲᠦᠮᠡᠨ | ᠲᠥᠭᠦᠷᠢᠭ ᠤᠨ ᠪᠡᠯᠡ ᠮᠥᠩᠭᠦ ᠶᠢᠨ ᠣᠷᠣᠭᠤᠯᠤᠯᠲᠠ ᠶᠢ ᠪᠡᠶᠡᠯᠡᠭᠦᠯᠵᠦ᠂ 600 ᠲᠡᠭᠰᠢ ᠳᠥᠷᠪᠡᠯᠵᠢᠨ ᠮᠧᠲᠷ ᠤᠨ | ᠦᠬᠡᠷ ᠤᠨ ᠬᠠᠰᠢᠶ᠎ᠠ ᠨᠢᠭᠡ ᠰᠠᠭᠤᠷᠢ᠂ 180 ᠲᠡᠭᠰᠢ ᠳᠥᠷᠪᠡᠯᠵᠢᠨ ᠮᠧᠲᠷ ᠤᠨ ᠡᠳ᠋ᠰᠢᠭᠦᠯᠭᠡ ᠨᠢᠭᠡ ᠲᠠᠰᠤᠯᠭ᠎ᠠ᠂ | ᠣᠳᠣ 63 ᠦᠬᠡᠷ ᠲᠠᠢ ᠪᠠᠶᠢᠵᠤ᠂ ᠪᠦᠬᠦ ᠲᠣᠰᠬᠤᠨ ᠤ 10 ᠡᠷᠦᠬᠡ ᠠᠷᠠᠳ ᠢ ᠳᠠᠶᠢᠴᠢᠯᠠᠨ ᠦᠬᠡᠷ ᠲᠡᠵᠢᠭᠡᠬᠦ ᠠᠵᠤ | ᠦᠢᠯᠡᠰ ᠢ ᠬᠥᠭᠵᠢᠭᠦᠯᠵᠦ᠂ ᠵᠢᠱᠢᠯᠲᠡ ᠪᠠᠷ ᠵᠢᠯ ᠪᠦᠷᠢ 20 ᠲᠦᠮᠡᠨ ᠲᠥᠭᠦᠷᠢᠭ ᠤᠨ ᠠᠰᠢᠭ ᠬᠤᠨᠵᠢᠪᠤᠷᠢ ᠲᠠᠢ | ᠪᠤᠯᠤᠨ᠎ᠠ᠃ ᠪᠦᠬᠦ ᠲᠣᠰᠬᠤᠨ ᠤ ᠠᠷᠠᠳ ᠲᠦᠮᠡᠨ ᠢ ᠳᠠᠭᠠᠭᠤᠯᠤᠨ ᠪᠠᠶᠠᠵᠢᠨ ᠴᠢᠨᠡᠭᠡᠯᠢᠭᠵᠢᠵᠦ ᠣᠷᠣᠯᠭ᠎ᠠ ᠪᠠᠨ | ᠨᠡᠮᠡᠭᠳᠡᠭᠦᠯᠬᠦ ᠶᠢᠨ ᠬᠠᠮᠲᠤ ᠪᠠᠰᠠ ᠪᠦᠬᠦ ᠪᠠᠯᠭᠠᠰᠤᠨ ᠤ 56 ᠳᠠᠩᠰᠠ ᠡᠪᠬᠡᠮᠡᠯ ᠪᠠᠶᠢᠭᠤᠯᠤᠨ ᠺᠠᠷᠲ ᠠᠪᠤᠭᠰᠠᠨ | ᠶᠠᠳᠠᠭᠤ ᠬᠦᠴᠢᠷᠳᠡᠯᠲᠡᠶ ᠡᠷᠦᠬᠡ ᠬᠥᠮᠦᠨ ᠪᠦᠷᠢ ᠳᠤ ᠳᠤᠮᠳᠠᠴᠢ ᠪᠠᠷ 1000 ᠲᠥᠭᠦᠷᠢᠭ ᠠᠴᠠ 3000 | ᠲᠥᠭᠦᠷᠢᠭ ᠤᠨ ᠬᠤᠭᠤᠷᠣᠨᠳᠣᠬᠢ ᠠᠳᠠᠯᠢ ᠪᠤᠰᠤ ᠪᠡᠯᠡᠨ ᠵᠣᠭᠤᠰ ᠤᠨ ᠤᠯᠵᠠᠭᠠ ᠠᠰᠢᠭ ᠬᠦᠷᠲᠡᠪᠡ᠃ 2019 | ᠣᠨ ᠳᠤ᠂ ᠴᠠᠩ ᠵᠢᠶᠠ ᠸᠧᠶ ᠽᠢ ᠲᠣᠰᠬᠤᠨ ᠵᠢᠱᠢᠯᠲᠡ ᠪᠠᠷ ᠬᠠᠮᠲᠤ ᠶᠢᠨ ᠣᠷᠣᠯᠭ᠎ᠠ 7.5 ᠲᠦᠮᠡᠨ ᠲᠥᠭᠦᠷᠢᠭ ᠢ | ᠪᠡᠶᠡᠯᠡᠭᠦᠯᠦᠨ᠎ᠡ᠃ | | |