ᠬᠤᠷᠴᠢᠨ ᠲᠣᠭᠤᠷᠢᠭ ᠤᠨ ᠠᠵᠤ ᠦᠢᠯᠡᠳᠪᠦᠷᠢ ᠪᠠ ᠮᠡᠳᠡᠭᠡ ᠵᠠᠩᠭᠢᠵᠢᠯᠲᠠ ᠶᠢᠨ ᠲᠣᠪᠴᠢᠶ᠎ᠠ ᠢᠳᠡᠰᠢᠨ ᠨᠣᠭᠤᠭ᠎ᠠ ᠶᠢᠨ ᠵᠠᠬ᠎ᠠ ᠳᠡᠯᠭᠡᠭᠦᠷ ᠲᠤ ᠬᠡᠷᠡᠭᠯᠡᠬᠦ ᠳᠠᠪᠤᠰᠤᠨ ᠤ ᠪᠠᠶᠢᠳᠠᠯ ᠤᠨ ᠲᠤᠬᠠᠢ ᠲᠤᠰᠬᠠᠶ ᠪᠠᠶᠢᠴᠠᠭᠠᠯᠲᠠ ᠥᠷᠨᠢᠭᠦᠯᠪᠡ
ᠨᠡᠶᠢᠲᠡᠯᠡᠭᠰᠡᠨ ᠴᠠᠭ᠄
2019-12-06
 ᠮᠠᠨ ᠤ ᠲᠤᠭᠤᠷᠢᠭ ᠤᠨ ᠢᠳᠡᠰᠢᠨ ᠨᠣᠭᠤᠭ᠎ᠠ ᠳᠠᠪᠤᠰᠤᠯᠠᠬᠤ ᠠᠵᠤ ᠠᠬᠤᠶᠢᠯᠠᠯ ᠤᠨ ᠳᠠᠪᠤᠰᠤ ᠬᠡᠷᠡᠭᠯᠡᠬᠦ ᠠᠮᠤᠷ ᠲᠦᠪᠰᠢᠨ ᠢ ᠪᠦᠬᠦ ᠬᠦᠴᠦᠨ ᠢᠶᠠᠷ ᠢᠶᠠᠨ ᠪᠠᠲᠤᠯᠠᠬᠤ ᠶᠢᠨ ᠲᠥᠯᠥᠭᠡ  ᠤᠶᠢᠷ᠎ᠠ ᠶᠢᠨ ᠡᠳᠦᠷ᠂ ᠰᠢᠨᠵᠢᠯᠡᠬᠦ ᠤᠬᠠᠭᠠᠨ ᠮᠡᠷᠭᠡᠵᠢᠯ ᠤᠨ ᠲᠣᠭᠤᠷᠢᠭ ᠤᠨ ᠠᠵᠤ ᠦᠢᠯᠡᠳᠪᠦᠷᠢ ᠮᠡᠳᠡᠭᠡ ᠵᠠᠩᠭᠢᠵᠢᠯᠲᠠ ᠶᠢᠨ ᠲᠣᠪᠴᠢᠶ᠎ᠠ ᠪᠦᠬᠦ ᠲᠤᠭᠤᠷᠢᠭ ᠤᠨ ᠬᠡᠪᠴᠢᠶᠡᠨ ᠳᠤ ᠢᠳᠡᠰᠢᠨ ᠨᠣᠭᠤᠭ᠎ᠠ ᠳᠠᠪᠤᠰᠤᠯᠠᠬᠤ ᠵᠠᠬ᠎ᠠ ᠳᠡᠯᠭᠡᠭᠦᠷ ᠲᠤ ᠳᠠᠪᠤᠰᠤ ᠬᠡᠷᠡᠭᠯᠡᠵᠦ ᠪᠠᠶᠢᠭ᠎ᠠ ᠪᠠᠶᠢᠳᠠᠯ ᠳᠤ ᠲᠤᠰᠬᠠᠶ ᠪᠠᠶᠢᠴᠠᠭᠠᠯᠲᠠ ᠥᠷᠨᠢᠭᠦᠯᠵᠦ᠂ ᠬᠠᠷᠢᠶ᠎ᠠ ᠣᠷᠣᠨ ᠤ ᠰᠠᠭᠤᠭᠠᠯᠢ ᠠᠷᠠᠳ ᠤᠨ ᠰᠠᠨᠠᠭ᠎ᠠ ᠠᠮᠤᠷ ᠢᠳᠡᠰᠢᠨ ᠨᠣᠭᠤᠭ᠎ᠠ ᠢᠳᠡᠬᠦ ᠶᠢ ᠪᠠᠲᠤᠯᠠᠪᠠ᠃ ᠪᠠᠶᠢᠴᠠᠭᠠᠬᠤ ᠶᠠᠪᠤᠴᠠ ᠳᠤ᠂ ᠬᠠᠤᠯᠢ ᠬᠡᠷᠡᠭᠵᠢᠭᠦᠯᠬᠦ ᠠᠵᠢᠯᠲᠠᠨ ᠢᠳᠡᠰᠢᠨ ᠨᠣᠭᠤᠭ᠎ᠠ ᠳᠠᠪᠤᠰᠤᠯᠠᠬᠤ ᠠᠵᠤ ᠠᠬᠤᠶᠢᠯᠠᠯ ᠤᠨ ᠢᠳᠡᠰᠢᠨ ᠳᠠᠪᠤᠰᠤ ᠶᠢ ᠬᠡᠷᠡᠭᠯᠡᠵᠦ ᠪᠠᠶᠢᠭ᠎ᠠ ᠪᠠᠶᠢᠳᠠᠯ ᠵᠢᠴᠢ ᠫᠢᠶᠣᠣ ᠪᠠᠷᠢᠮᠲᠠ᠂ ᠠᠷᠭ᠎ᠠ ᠵᠠᠮ᠂ ᠣᠷᠴᠢᠨ ᠲᠣᠭᠤᠷᠢᠨ᠂ ᠦᠢᠯᠡᠳᠪᠦᠷᠢᠯᠡᠬᠦ  ᠶᠢ ᠵᠥᠪᠰᠢᠶᠡᠷᠡᠬᠦ᠂ ᠬᠠᠳᠠᠭᠠᠯᠠᠵᠤ ᠲᠠᠯᠪᠢᠬᠤ ᠣᠷᠴᠢᠨ ᠲᠣᠭᠤᠷᠢᠨ᠂ ᠦᠢᠯᠡᠳᠪᠦᠷᠢ ᠠᠴᠠ ᠭᠠᠷᠭᠠᠬᠤ ᠢᠳᠡᠰᠢᠨ ᠳᠠᠪᠤᠰᠤ ᠶᠢ ᠬᠢᠨᠠᠨ ᠬᠡᠮᠵᠢᠭᠰᠡᠨ ᠶᠠᠰᠤ ᠴᠢᠨᠠᠷ ᠤᠨ ᠮᠡᠳᠡᠭᠦᠯᠦᠯᠲᠡ ᠵᠡᠷᠭᠡ ᠬᠠᠮᠢᠶ᠎ᠠ ᠪᠦᠬᠦᠢ ᠠᠭᠤᠯᠭ᠎ᠠ ᠶᠢ ᠨᠠᠷᠢᠨ ᠪᠠᠶᠢᠴᠠᠭᠠᠨ ᠦᠵᠡᠪᠡ᠃ ᠪᠠᠶᠢᠴᠠᠭᠠᠯᠲᠠ ᠪᠠᠷ ᠳᠠᠮᠵᠢᠭᠠᠳ᠂ ᠠᠵᠤ ᠦᠢᠯᠡᠳᠪᠦᠷᠢ ᠶᠢᠨ ᠳᠠᠪᠤᠰᠤ ᠪᠣᠯᠤᠨ ᠳᠠᠪᠤᠰᠤ ᠪᠠᠷ ᠳᠠᠪᠤᠰᠤᠯᠠᠭᠰᠠᠨ ᠢᠳᠡᠰᠢᠨ ᠨᠣᠭᠤᠭ᠎ᠠ ᠶᠢᠨ ᠵᠠᠬ᠎ᠠ ᠳᠡᠯᠭᠡᠭᠦᠷ ᠲᠤ ᠣᠷᠣᠵᠤ ᠢᠷᠡᠭᠰᠡᠨ ᠢ ᠣᠯᠵᠤ ᠮᠡᠳᠡᠭᠰᠡᠨ ᠦᠭᠡᠢ᠃ ᠣᠨᠴᠠ ᠵᠠᠷᠢᠮ ᠠᠵᠤ ᠠᠬᠤᠶᠢᠯᠠᠯ ᠳᠤ ᠢᠳᠡᠰᠢᠨ ᠳᠠᠪᠤᠰᠤ ᠶᠢ ᠳᠤᠷ᠎ᠠ ᠪᠠᠷ ᠬᠡᠷᠡᠭᠯᠡᠬᠦ ᠠᠰᠠᠭᠤᠳᠠᠯ ᠣᠷᠣᠰᠢᠵᠤ᠂ ᠪᠠᠶᠢᠴᠠᠭᠠᠬᠤ ᠠᠵᠢᠯᠲᠠᠨ ᠠᠰᠠᠭᠤᠳᠠᠯ ᠣᠷᠣᠰᠢᠵᠤ ᠪᠠᠶᠢᠭ᠎ᠠ ᠠᠵᠤ ᠠᠬᠤᠶᠢᠯᠠᠯ ᠳᠤ ᠰᠡᠷᠡᠮᠵᠢ ᠥᠭᠬᠦ ᠪᠠ ᠵᠢᠯᠣᠭᠤᠳᠤᠯᠭ᠎ᠠ ᠬᠢᠬᠦ ᠶᠢᠨ ᠬᠠᠮᠲᠤ ᠳᠠᠷᠦ᠋ᠢᠬᠠᠨ ᠴᠡᠭᠴᠡᠯᠡᠨ ᠰᠠᠶᠢᠵᠢᠷᠠᠭᠤᠯᠬᠤ ᠪᠠᠷ ᠱᠠᠭᠠᠷᠳᠠᠪᠠ᠃    ᠲᠣᠰ ᠤᠳᠠᠭᠠᠨ ᠤ ᠲᠤᠰᠬᠠᠶ ᠪᠠᠶᠢᠴᠠᠭᠠᠯᠲᠠ ᠳᠤ ᠬᠠᠤᠯᠢ ᠬᠡᠷᠡᠭᠵᠢᠭᠦᠯᠬᠦ ᠠᠵᠢᠯᠲᠠᠨ 4 ᠬᠥᠮᠦᠨ ᠤᠳᠠᠭ᠎ᠠ᠂ ᠨᠢᠭᠡ  ᠤᠳᠠᠭ᠎ᠠ ᠲᠡᠷᠭᠡ ᠶᠠᠪᠤᠭᠤᠯᠵᠤ᠂ ᠳᠠᠪᠤᠰᠤᠯᠠᠭᠰᠠᠨ ᠢᠳᠡᠰᠢᠨ ᠨᠣᠭᠤᠭ᠎ᠠ ᠦᠢᠯᠡᠳᠪᠦᠷᠢᠯᠡᠬᠦ 3 ᠠᠵᠤ ᠠᠬᠤᠶᠢᠯᠠᠯ ᠢ ᠪᠠᠶᠢᠴᠠᠭᠠᠪᠠ᠃ ᠪᠠᠶᠢᠴᠠᠭᠠᠯᠲᠠ ᠬᠢᠬᠦ ᠶᠢᠨ ᠬᠠᠮᠲᠤ᠂ ᠡᠵᠡᠩᠨᠡᠭᠴᠢᠳ ᠲᠤ ︽ᠢᠳᠡᠰᠢᠨ ᠤ ᠳᠠᠪᠤᠰᠤᠨ ᠤ ᠲᠤᠰᠬᠠᠶ ᠡᠵᠡᠩᠨᠡᠯᠲᠡ ᠶᠢᠨ ᠠᠷᠭ᠎ᠠ︾ ᠳᠠᠬᠢ ᠬᠠᠮᠢᠶ᠎ᠠ ᠪᠦᠬᠦᠢ ᠳᠦᠷᠢᠮ ᠢ ᠤᠬᠠᠭᠤᠯᠵᠤ᠂ ᠡᠵᠡᠩᠨᠡᠭᠴᠢᠳ ᠢ ᠡᠷᠬᠡᠪᠰᠢ ᠢᠳᠡᠰᠢᠨ ᠤ ᠳᠠᠪᠤᠰᠤᠨ ᠤ ᠲᠣᠭᠲᠠᠭᠰᠠᠨ ᠴᠡᠭ ᠢᠶᠠᠷ ᠪᠥᠭᠡᠮ ᠢᠶᠠᠷ ᠬᠤᠳᠠᠯᠳᠤᠬᠤ ᠠᠵᠤ ᠠᠬᠤᠶᠢᠯᠠᠯ ᠠᠴᠠ ᠢᠳᠡᠰᠢᠨ ᠤ ᠳᠠᠪᠤᠰᠤ ᠶᠢ ᠪᠥᠭᠡᠮ ᠢᠶᠠᠷ ᠬᠤᠳᠠᠯᠳᠤᠬᠤ ᠬᠡᠷᠡᠭᠲᠡᠶ ᠭᠡᠵᠦ ᠱᠠᠭᠠᠷᠳᠠᠪᠠ᠃ ᠲᠠᠷᠠᠭᠠᠴᠢ ᠶᠢᠨ ᠠᠯᠬᠤᠮ ᠳᠤ᠂ ᠮᠠᠨ ᠤ ᠲᠣᠪᠴᠢᠶ᠎ᠠ ᠢᠳᠡᠰᠢᠨ ᠨᠣᠭᠤᠭ᠎ᠠ ᠶᠢᠨ ᠵᠠᠬ᠎ᠠ ᠳᠡᠯᠭᠡᠭᠦᠷ ᠲᠤ ᠳᠠᠪᠤᠰᠤ ᠬᠡᠷᠡᠭᠯᠡᠬᠦ ᠪᠠᠶᠢᠳᠠᠯ ᠢ ᠬᠢᠨᠠᠨ ᠬᠠᠮᠢᠶᠠᠷᠬᠤ ᠡᠷᠴᠢᠮ ᠢᠶᠠᠨ ᠦᠷᠭᠦᠯᠵᠢᠯᠡᠨ ᠴᠢᠩᠭᠠᠷᠠᠭᠤᠯᠵᠤ᠂ ᠢᠷᠡᠯᠲᠡ ᠨᠢ ᠲᠣᠳᠣᠷᠬᠠᠶ ᠥᠬᠡᠶ ᠢᠳᠡᠰᠢᠨ ᠳᠠᠪᠤᠰᠤ᠂ ᠠᠵᠤ  ᠦᠢᠯᠡᠳᠪᠦᠷᠢ ᠳᠤ ᠬᠡᠷᠡᠭᠯᠡᠬᠦ ᠳᠠᠪᠤᠰᠤ ᠶᠢ ᠢᠳᠡᠰᠢᠨ ᠳᠠᠪᠤᠰᠤ ᠪᠣᠯᠭᠠᠨ ᠣᠷᠣᠯᠠᠭᠤᠯᠬᠤ ᠵᠡᠷᠭᠡ ᠬᠠᠤᠯᠢ ᠲᠣᠭᠲᠠᠭᠠᠯ ᠠᠴᠠ ᠵᠥᠷᠢᠴᠡᠭᠰᠡᠨ ᠦᠢᠯᠡ ᠠᠵᠢᠯᠯᠠᠭ᠎ᠠ ᠳᠤ ᠴᠢᠩᠭ᠎ᠠ ᠴᠣᠬᠢᠯᠲᠠ ᠥᠭᠴᠦ᠂ ᠥᠷᠭᠡᠨ ᠣᠯᠠᠨ ᠠᠷᠠᠳ ᠲᠦᠮᠡᠨ ᠤ ᠢᠳᠡᠰᠢᠨ ᠨᠣᠭᠤᠭ᠎ᠠ ᠶᠢᠨ ᠵᠠᠬ᠎ᠠ ᠳᠡᠯᠭᠡᠭᠦᠷ ᠤᠨ ᠢᠳᠡᠰᠢᠨ ᠳᠠᠪᠤᠰᠤᠨ ᠤ ᠠᠮᠤᠷ ᠲᠦᠪᠰᠢᠨ ᠢ ᠦᠨᠡᠨ ᠬᠦ ᠪᠠᠳᠤᠯᠠᠭᠤᠯᠤᠨ᠎ᠠ᠃
 
ᠢᠷᠡᠯᠲᠡ᠄ ᠬᠤᠷᠴᠢᠨ ᠲᠤᠭᠤᠷᠢᠭ ᠤᠨ ᠵᠠᠰᠠᠭ ᠤᠨ ᠤᠷᠳᠤᠨ
 
 
ᠬᠠᠮᠢᠶ᠎ᠡ ᠪᠦᠬᠦᠢ ᠰᠣᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备05070829号