12 ᠰᠠᠷ᠎ᠠ ᠶᠢᠨ 4 ᠤ ᠡᠳᠦᠷ᠂ ᠬᠤᠷᠴᠢᠨ ᠲᠣᠭᠤᠷᠢᠭ ᠭᠤᠤᠯᠳᠠᠯᠭ᠎ᠠ ᠲᠠᠢ ᠲᠥᠷᠥᠯ ᠵᠦᠢᠯ ᠢ ᠲᠤᠬᠢᠷᠠᠭᠤᠯᠤᠨ | ᠠᠬᠢᠭᠤᠯᠬᠤ ᠬᠤᠷᠠᠯ ᠬᠤᠷᠠᠯᠳᠤᠭᠤᠯᠪᠠ᠃ ᠲᠤᠭᠤᠷᠢᠭ ᠤᠨ ᠨᠠᠮ ᠤᠨ ᠬᠤᠷᠢᠶᠠᠨ ᠤ ᠳᠡᠳ᠋ ᠱᠦᠵᠢ᠂ ᠵᠠᠰᠠᠭ ᠤᠨ | ᠣᠷᠳᠣᠨ ᠤ ᠳᠠᠷᠤᠭ᠎ᠠ ᠢᠦᠶ ᠾᠦᠢ ᠲᠤᠤ ᠬᠤᠷᠠᠯ ᠢ ᠡᠷᠬᠢᠯᠡᠭᠰᠡᠨ ᠪᠥᠭᠡᠳ ᠶᠠᠷᠢᠶ᠎ᠠ ᠲᠠᠯᠪᠢᠵᠠᠶ᠃ ᠳ᠋ᠦ᠋ ᡁᠢ ᠵᠢᠶᠦ᠋ᠨ᠂ | ᠱᠣᠣ ᠶᠠᠨ ᠵᠢᠶᠦ᠋ᠨ᠂ ᠶᠠᠩ ᠢᠦᠶ ᠴᠢ᠂ ᠸᠠᠩ ᠹᠧᠩ ᠰᠧᠨ᠂ ᠫᠠᠨ ᠵᠢᠶᠦ᠋ᠨ᠂ ᠯᠢᠤ ᠰᠢᠶᠤᠤ ᠾᠦᠢ ᠵᠡᠷᠭᠡ | ᠲᠤᠭᠤᠷᠢᠭ ᠤᠨ ᠤᠳᠤᠷᠢᠳᠤᠯᠭ᠎ᠠ ᠬᠤᠷᠠᠯ ᠳᠤ ᠣᠷᠣᠯᠴᠠᠪᠠ᠃ | ᠬᠤᠷᠠᠯ ᠠᠴᠠ ᠪᠦᠬᠦ ᠲᠤᠭᠤᠷᠢᠭ ᠤᠨ ᠨᠢᠭᠡᠳᠦᠭᠡᠷ ᠠᠵᠤ ᠦᠢᠯᠡᠰ᠂ ᠬᠤᠶᠠᠳᠤᠭᠠᠷ ᠠᠵᠤ ᠦᠢᠯᠡᠰ ᠤᠨ 2019 | ᠤᠨ ᠤ ᠬᠥᠭᠵᠢᠯᠲᠡ ᠶᠢᠨ ᠪᠠᠶᠢᠳᠠᠯ ᠤᠨ ᠲᠤᠬᠠᠶ ᠬᠠᠷᠢᠭᠤ ᠮᠡᠳᠡᠭᠦᠯᠦᠯᠲᠡ ᠶᠢ ᠰᠣᠨᠣᠰᠴᠤ᠂ ᠡᠯ᠎ᠡ ᠰᠠᠯᠠᠭ᠎ᠠ | ᠮᠥᠴᠢᠷ ᠤᠨ ᠭᠤᠤᠯ ᠬᠠᠷᠢᠭᠤᠴᠠᠯᠭᠠᠲᠠᠨ 2020 ᠤᠨ ᠤ ᠠᠵᠢᠯ ᠶᠢᠨ ᠰᠡᠳᠬᠢᠴᠡ ᠵᠢᠴᠢ ᠭᠤᠤᠯᠳᠠᠯᠭ᠎ᠠ ᠲᠠᠢ | ᠲᠥᠷᠥᠯ ᠵᠦᠢᠯ ᠤᠨ ᠠᠬᠢᠯᠲᠠ ᠶᠢᠨ ᠪᠠᠶᠢᠳᠠᠯ ᠢ ᠬᠠᠷᠢᠭᠤ ᠮᠡᠳᠡᠭᠦᠯᠦᠭᠰᠡᠨ ᠪᠥᠭᠡᠳ ᠭᠤᠤᠯᠳᠠᠯᠭ᠎ᠠ ᠲᠠᠢ᠂ ᠬᠦᠴᠢᠷ | ᠠᠰᠠᠭᠤᠳᠠᠯ ᠤᠨ ᠲᠤᠬᠠᠶ ᠡᠮᠬᠢᠯᠡᠵᠦ ᠠᠬᠢᠭᠤᠯᠪᠠ᠃ | ᠢᠦᠶ ᠾᠦᠢ ᠲᠤᠤ ᠵᠢᠭᠠᠵᠤ ᠭᠠᠷᠭᠠᠭᠰᠠᠨ ᠨᠢ᠂ ᠵᠠᠰᠠᠭ ᠤᠨ ᠣᠷᠳᠣᠨ ᠤ ᠬᠦᠲᠦᠯᠦᠨ ᠵᠢᠯᠤᠭᠤᠳᠬᠤ | ᠦᠢᠯᠡᠳᠦᠯ ᠢ ᠪᠠᠳᠠᠷᠠᠭᠤᠯᠤᠨ᠂ ᠨᠢᠭᠡᠳᠦᠯᠲᠡᠶ ᠲᠥᠯᠥᠪᠯᠡᠨ ᠵᠣᠬᠢᠴᠠᠭᠤᠯᠬᠤ ᠪᠠᠨ ᠴᠢᠩᠭᠠᠳᠬᠠᠵᠤ᠂ ᠠᠵᠤ | ᠠᠬᠤᠶᠢᠯᠠᠯ ᠤᠨ ᠳᠣᠣᠷᠠᠳᠤ ᠤᠷᠤᠰᠬᠠᠯ ᠤᠨ ᠠᠵᠤ ᠦᠢᠯᠡᠰ ᠤᠨ ᠬᠡᠯᠬᠢᠶ᠎ᠡ ᠪᠠᠨ ᠤᠷᠲᠤᠳᠬᠠᠬᠤ ᠶᠢ ᠬᠥᠲᠥᠯᠥᠨ | ᠵᠢᠯᠣᠭᠤᠳᠬᠤ ᠪᠠᠷ ᠳᠠᠮᠵᠢᠵᠤ᠂ ᠦᠢᠯᠡᠳᠭᠦᠨ ᠤ ᠨᠡᠮᠡᠯᠲᠡ ᠦᠷᠲᠡᠭ ᠢ ᠳᠡᠭᠡᠭᠰᠢᠯᠡᠭᠦᠯᠬᠦ ᠬᠡᠷᠡᠭᠲᠡᠶ᠃ ᠬᠥᠭᠵᠢᠯᠲᠡ ᠶᠢᠨ | ᠬᠡᠪ ᠵᠠᠭᠪᠤᠷ᠂ ᠠᠷᠭ᠎ᠠ ᠬᠡᠮᠵᠢᠶ᠎ᠡ ᠶᠢ ᠭᠦᠨᠵᠡᠭᠡᠶ ᠰᠤᠳᠤᠯᠤᠨ ᠶᠠᠷᠢᠯᠴᠠᠵᠤ᠂ ᠳᠠᠪᠠᠭᠤᠯᠢᠭ ᠠᠵᠤ ᠦᠢᠯᠡᠰ ᠤᠨ | ᠲᠣᠭᠲᠠᠭᠤᠨ ᠪᠥᠭᠡᠳ ᠡᠷᠡᠭᠦᠯ ᠢᠶᠠᠷ ᠬᠥᠭᠵᠢᠬᠦ ᠶᠢ ᠠᠬᠢᠭᠤᠯᠵᠤ᠂ ᠳᠠᠭᠠᠭᠤᠯᠤᠭᠴᠢ ᠠᠵᠤ ᠠᠬᠤᠶᠢᠯᠠᠯ ᠢ | ᠪᠤᠶᠢᠵᠢᠭᠤᠯᠤᠨ᠂ ᠲᠥᠷᠥᠯ ᠲᠡᠮᠳᠡᠭ ᠤᠨ ᠦᠷ᠎ᠡ ᠠᠰᠢᠭ ᠢ ᠠᠯᠬᠤᠮ ᠠᠯᠬᠤᠮ ᠢᠶᠠᠷ ᠪᠤᠢ ᠪᠣᠯᠭᠠᠵᠤ᠂ ᠨᠢᠭᠡᠳᠦᠭᠡᠷ | ᠠᠵᠤ ᠦᠢᠯᠡᠰ ᠤᠨ ᠳᠠᠪᠠᠭᠤᠯᠢᠭ ᠢ ᠤᠯᠠᠮ ᠨᠢᠭᠡ ᠠᠯᠬᠤᠮ ᠪᠠᠬᠢᠵᠢᠭᠦᠯᠬᠦ ᠬᠡᠷᠡᠭᠲᠡᠶ᠃ ᠡᠯ᠎ᠡ ᠰᠠᠯᠠᠭ᠎ᠠ ᠮᠥᠴᠢᠷ ᠤᠨ | ᠬᠠᠷᠢᠭᠤᠴᠠᠯᠭᠠᠲᠠᠨ ᠬᠤᠯᠪᠣᠭᠳᠠᠬᠤ ᠬᠦᠷᠢᠶᠡᠨ ᠳᠠᠬᠢ ᠰᠤᠷᠤᠯᠴᠠᠯᠭ᠎ᠠ ᠪᠠᠨ ᠤᠯᠠᠮ ᠨᠢᠭᠡ ᠠᠯᠬᠤᠮ ᠴᠢᠩᠭᠠᠳᠬᠠᠵᠤ᠂ | ᠢᠳᠡᠪᠬᠢᠲᠡᠶ ᠪᠠᠷ ᠠᠵᠢᠯ ᠤᠨ ᠬᠢᠷᠢ ᠬᠡᠮᠵᠢᠶ᠎ᠡ ᠪᠠᠨ ᠳᠡᠭᠡᠭᠰᠢᠯᠡᠭᠦᠯᠦᠨ᠂ 2019 ᠤᠨ ᠤ ᠳ᠋ᠦᠩᠨᠡᠯᠲᠡ ᠶᠢᠨ | ᠠᠵᠢᠯ ᠢᠶᠠᠨ ᠲᠦᠷᠭᠡᠬᠡᠨ ᠪᠡᠶᠡᠯᠡᠭᠦᠯᠵᠦ᠂ ᠰᠡᠳᠬᠢᠴᠡ ᠪᠠᠨ ᠥᠷᠭᠡᠳᠬᠡᠨ᠂ ᠰᠢᠨ᠎ᠡ ᠶᠢ ᠡᠭᠦᠳᠬᠦ ᠳᠤ ᠡᠷᠡᠯᠬᠡᠭᠯᠡᠨ | ᠴᠢᠷᠮᠠᠶᠢᠵᠤ 2020 ᠤᠨ ᠤ ᠠᠵᠢᠯ ᠤᠨ ᠲᠥᠯᠥᠪᠯᠡᠭᠡ ᠪᠠᠨ ᠰᠠᠶᠢᠲᠤᠷ ᠬᠢᠬᠦ ᠬᠡᠷᠡᠭᠲᠡᠶ ᠭᠡᠪᠡ᠃ |