ᠬᠤᠷᠴᠢᠨ ᠲᠣᠭᠤᠷᠢᠭ ᠪᠣᠳᠠᠲᠤ ᠪᠠᠶᠢᠳᠠᠯ ᠲᠠᠢ ᠪᠠᠨ ᠤᠶᠠᠯᠳᠤᠭᠤᠯᠤᠨ᠂ ︽ᠤᠭ ᠰᠠᠨᠠᠭ᠎ᠠ ᠪᠠᠨ ᠦᠯᠦ ᠮᠠᠷᠲᠠᠵᠤ᠂ | ᠡᠭᠦᠷᠭᠡ ᠬᠠᠷᠢᠭᠤᠴᠠᠯᠭ᠎ᠠ ᠪᠠᠨ ᠪᠠᠲᠤ ᠴᠡᠭᠡᠵᠢᠯᠡᠬᠦ︾ ᠭᠤᠤᠯ ᠰᠡᠳᠦᠪᠲᠦ ᠬᠥᠮᠦᠵᠢᠯ ᠳᠤ ᠠᠩᠬᠠᠷᠤᠯ ᠢᠶᠠᠨ | ᠲᠥᠪᠯᠡᠷᠡᠭᠦᠯᠵᠦ᠂ ᠲᠡᠭᠦᠨ ᠢ ᠤᠷᠲᠤ ᠬᠤᠭᠤᠴᠠᠭᠠᠨ ᠤ ᠴᠢᠬᠤᠯᠠ ᠶᠡᠭᠡ ᠤᠯᠤᠰ ᠲᠥᠷᠦ ᠶᠢᠨ ᠡᠭᠦᠷᠭᠡ ᠪᠣᠯᠭᠠᠨ | ᠱᠠᠯᠠᠪᠳᠠᠨ ᠪᠣᠳᠠᠲᠠᠶ ᠠᠳᠬᠤᠵᠤ᠂ ᠰᠤᠷᠤᠯᠴᠠᠯᠭ᠎ᠠ ᠬᠥᠮᠦᠵᠢᠯ᠂ ᠪᠠᠶᠢᠴᠠᠭᠠᠨ ᠰᠤᠳᠤᠯᠤᠯᠲᠠ᠂ ᠠᠰᠠᠭᠤᠳᠠᠯ ᠢ | ᠪᠠᠶᠢᠴᠠᠭᠠᠨ ᠦᠵᠡᠬᠦ᠂ ᠴᠡᠭᠴᠡᠯᠡᠨ ᠰᠠᠶᠢᠵᠢᠷᠠᠭᠤᠯᠵᠤ ᠨᠠᠶᠢᠳᠠᠪᠤᠷᠢᠵᠢᠭᠤᠯᠬᠤ ᠶᠢ ᠭᠤᠤᠯ ᠰᠡᠳᠦᠪᠲᠦ ᠬᠥᠮᠦᠵᠢᠯ ᠤᠨ | ᠢᠮᠠᠭᠲᠠ ᠲᠤᠭᠤᠰᠢᠯᠠᠭᠤᠯᠬᠤ ᠶᠢ ᠪᠠᠷᠢᠮᠲᠠᠯᠠᠵᠤ᠂ ᠭᠤᠤᠯ ᠰᠡᠳᠦᠪᠲᠦ ᠬᠥᠮᠦᠵᠢᠯ ᠪᠣᠯᠤᠨ ᠭᠤᠤᠯ ᠠᠵᠢᠯ ᠶᠢᠨ | ᠬᠠᠷᠢᠯᠴᠠᠨ ᠬᠦᠳᠡᠯᠦᠯᠴᠡᠬᠦ ᠶᠢ ᠠᠬᠢᠭᠤᠯᠵᠤ᠂ ᠬᠠᠷᠢᠯᠴᠠᠨ ᠤᠷᠤᠭᠰᠢᠯᠠᠬᠤ ᠶᠢ ᠠᠬᠢᠭᠤᠯᠤᠭᠰᠠᠭᠠᠷ ᠪᠤᠢ ᠃ | ᠨᠢᠭᠡ ᠳᠤ ᠭᠦᠨᠵᠡᠭᠡᠶ ᠰᠤᠷᠤᠯᠴᠠᠨ ᠨᠡᠪᠲᠡᠷᠡᠲᠡᠯ᠎ᠡ ᠣᠶᠢᠯᠠᠭᠠᠵᠤ᠂ ᠰᠤᠷᠤᠯᠴᠠᠯᠭ᠎ᠠ ᠬᠥᠮᠦᠵᠢᠯ ᠢ ᠰᠡᠳᠬᠢᠯ ᠳᠡᠭᠡᠨ | ᠬᠠᠳᠠᠩᠰᠢᠭᠤᠯᠤᠨ᠎ᠠ᠃ ᠤᠳᠤᠷᠢᠳᠤᠯᠭ᠎ᠠ ᠶᠢᠨ ᠵᠢᠱᠢᠶ᠎ᠡ ᠦᠵᠡᠭᠦᠯᠦᠨ ᠲᠦᠷᠦᠭᠦᠯᠡᠨ ᠰᠤᠷᠤᠯᠴᠠᠬᠤ᠂ ᠭᠤᠤᠯᠳᠠᠯᠭ᠎ᠠ ᠶᠢ | ᠳᠣᠪᠤᠶᠢᠯᠭᠠᠨ ᠨᠠᠷᠢᠯᠢᠭ ᠰᠤᠷᠤᠯᠴᠠᠬᠤ᠂ ᠲᠠᠪᠴᠠᠩ ᠢ ᠠᠮᠢᠳᠤᠯᠢᠭ ᠢᠶᠠᠷ ᠬᠡᠷᠡᠭᠯᠡᠬᠦ᠂ ᠲᠤᠰᠬᠠᠶ ᠮᠡᠷᠭᠡᠵᠢᠯᠲᠡᠨ ᠢ | ᠤᠷᠢᠵᠤ ᠬᠠᠪᠰᠤᠷᠤᠨ ᠰᠤᠷᠤᠯᠴᠠᠭᠤᠯᠬᠤ᠂ ᠭᠤᠤᠯ ᠰᠡᠳᠦᠪᠲᠦ ᠨᠠᠮ ᠤᠨ ᠡᠳᠦᠷ ᠲᠤ ᠨᠡᠶᠢᠳᠡᠮ ᠰᠤᠷᠤᠯᠴᠠᠭᠤᠯᠬᠤ ︽ | ᠲᠠᠪᠤᠨ ᠵᠦᠢᠯ ᠢ ᠬᠤᠯᠪᠤᠭᠠᠯᠠᠭᠰᠠᠨ︾ ᠤ ᠵᠠᠭᠪᠤᠷ ᠢ ᠬᠡᠷᠡᠭᠵᠢᠭᠦᠯᠵᠦ᠂ ᠰᠤᠷᠤᠯᠴᠠᠬᠤ ᠰᠡᠳᠬᠢᠬᠦ ᠬᠡᠷᠡᠭᠯᠡᠬᠦ ᠶᠢ | ᠨᠡᠪᠲᠡᠷᠡᠭᠦᠯᠬᠦ᠂ ᠮᠡᠳᠡᠬᠦ ᠢᠲᠡᠭᠡᠮᠵᠢᠯᠡᠬᠦ ᠶᠢ ᠨᠢᠭᠡᠳᠬᠡᠬᠦ ᠳᠡᠭᠡᠷ᠎ᠡ ᠦᠷᠭᠦᠯᠵᠢᠯᠡᠨ ᠬᠦᠴᠦ ᠲᠠᠯᠪᠢᠨ᠎ᠠ᠃ ᠲᠤᠭᠤᠷᠢᠭ | ᠤᠨ ᠨᠠᠮ ᠤᠨ ᠬᠤᠷᠢᠶᠠᠨ ᠤ ᠪᠠᠶᠢᠩᠭᠤ ᠶᠢᠨ ᠬᠤᠷᠢᠶ᠎ᠠ ᠡᠮᠦᠨ᠎ᠡ ᠨᠢ ᠶᠠᠪᠤᠵᠤ᠂ ᠡᠮᠦᠨ᠎ᠡ ᠨᠢ ᠰᠤᠷᠤᠯᠴᠠᠵᠤ᠂ 5 ᠡᠳᠦᠷ | ᠲᠥᠪᠯᠡᠷᠡᠭᠦᠯᠦᠨ ᠭᠤᠤᠯ ᠰᠡᠳᠦᠪᠲᠦ ᠬᠥᠮᠦᠵᠢᠯ ᠤᠨ ᠨᠣᠮ ᠤᠩᠰᠢᠬᠤ ᠠᠩᠭᠢ ᠶᠢ ᠡᠷᠬᠢᠯᠡᠵᠦ᠂ 8 ᠲᠤᠰᠬᠠᠶ | ᠰᠡᠳᠦᠪ ᠤᠳ ᠲᠣᠭᠤᠷᠢᠨ ᠳᠤ ᠰᠤᠳᠤᠯᠤᠨ ᠰᠤᠷᠤᠯᠴᠠᠵᠤ᠂ ᠪᠣᠳᠠᠲᠤ ᠪᠠᠶᠢᠳᠠᠯ ᠲᠠᠢ ᠪᠠᠨ ᠤᠶᠠᠯᠳᠤᠭᠤᠯᠤᠨ | ᠰᠡᠷᠡᠮᠵᠢᠯᠡᠭᠦᠯᠬᠦ ᠬᠥᠮᠦᠵᠢᠯ᠂ ᠬᠤᠪᠢᠰᠬᠠᠯ ᠤᠨ ᠤᠯᠠᠮᠵᠢᠯᠠᠯᠲᠤ ᠬᠥᠮᠦᠵᠢᠯ ᠢ ᠥᠷᠨᠢᠭᠦᠯᠪᠡ᠃ ︽ᠬᠤᠷᠴᠢᠨ ᠤ | ᠨᠠᠮ ᠤᠨ ᠪᠠᠶᠢᠭᠤᠯᠤᠯᠲᠠ︾ ᠵᠡᠷᠭᠡ ᠡᠯ᠎ᠡ ᠲᠥᠷᠥᠯ ᠤᠨ ᠸᠢᠴᠠᠲ ᠲᠠᠪᠴᠠᠩ ᠢ ᠭᠦᠢᠴᠡᠳ ᠬᠡᠷᠡᠭᠯᠡᠵᠦ᠂ ᠭᠤᠤᠯ | ᠰᠡᠳᠦᠪᠲᠦ ᠬᠥᠮᠦᠵᠢᠯ ᠤᠨ ᠬᠠᠷᠠᠯᠲᠠ ᠶᠢᠨ ᠱᠠᠭᠠᠷᠳᠠᠯᠭ᠎ᠠ᠂ ᠠᠬᠤᠶ ᠪᠠᠶᠢᠳᠠᠯ ᠤᠨ ᠠᠴᠢ ᠬᠤᠯᠪᠣᠭᠳᠠᠯ ᠢ ᠬᠦᠷᠭᠡᠨ᠂ | ᠰᠤᠷᠤᠯᠴᠠᠯᠭ᠎ᠠ ᠶᠢᠨ ᠬᠠᠨᠳᠤᠯᠭᠠᠲᠤ ᠴᠢᠨᠠᠷ ᠪᠠ ᠪᠣᠳᠠᠲᠤ ᠪᠠᠶᠢᠳᠠᠯ ᠢ ᠴᠢᠩᠭᠠᠳᠬᠠᠪᠠ᠃ | ᠬᠤᠶᠠᠷ ᠲᠤ᠂ ᠵᠢᠱᠢᠶ᠎ᠡ ᠦᠵᠡᠭᠦᠯᠦᠨ ᠬᠥᠲᠥᠯᠥᠨ ᠳᠠᠭᠠᠭᠤᠯᠬᠤ ᠳᠤ ᠠᠩᠬᠠᠷᠤᠯ ᠢᠶᠠᠨ ᠲᠥᠪᠯᠡᠷᠡᠭᠦᠯᠵᠦ᠂ | ᠣᠨᠴᠠᠯᠢᠭᠲᠤ ᠠᠵᠢᠯᠯᠠᠭ᠎ᠠ ᠪᠠᠭ᠋ᠠᠳᠤᠮ᠎ᠠ ᠰᠠᠢᠬᠠᠨ ᠢᠶᠠᠨ ᠬᠠᠷᠠᠭᠤᠯᠪᠠ᠃ ᠲᠤᠭᠤᠷᠢᠭ ᠤᠨ ᠳᠥᠷᠪᠡᠨ ᠶᠡᠭᠡ | ᠤᠳᠤᠷᠢᠳᠬᠤ ᠪᠠᠭ ᠤᠨ ᠤᠳᠤᠷᠢᠳᠤᠯᠭ᠎ᠠ ᠵᠢᠴᠢ ᠪᠦᠬᠦ ᠰᠠᠯᠠᠭᠠᠨ ᠤ ᠲᠡᠰ ᠤᠨ ᠤᠳᠤᠷᠢᠳᠬᠤ ᠺᠠᠳ᠋ᠷ ᠳᠡᠭᠡᠳᠦ | ᠱᠠᠲᠤ ᠨᠢ ᠳᠣᠣᠷᠠᠳᠤ ᠱᠠᠲᠤ ᠪᠠᠨ ᠳᠠᠭᠠᠭᠤᠯᠬᠤ᠂ ᠵᠢᠱᠢᠶ᠎ᠡ ᠦᠵᠡᠭᠦᠯᠦᠨ ᠬᠥᠲᠥᠯᠥᠨ ᠳᠠᠭᠠᠭᠤᠯᠬᠤ ᠶᠢ ᠪᠠᠷᠢᠮᠲᠠᠯᠠᠵᠤ᠂ | ᠥᠷᠭᠡᠨ ᠣᠯᠠᠨ ᠨᠠᠮ ᠤᠨ ᠭᠡᠰᠢᠭᠦᠨ ᠺᠠᠳ᠋ᠷ ᠲᠤ ᠦᠯᠢᠭᠡᠷ ᠳᠠᠭᠤᠷᠢᠶᠠᠯ ᠪᠣᠯᠵᠤ᠂ ᠬᠡᠪ ᠳᠠᠭᠤᠷᠢᠶᠠᠯ ᠦᠵᠡᠭᠦᠯᠪᠡ᠃ | ᠭᠤᠤᠯ ᠰᠡᠳᠦᠪᠲᠦ ᠰᠤᠷᠭᠠᠨ ᠬᠥᠮᠦᠵᠢᠯ ᠢ ᠵᠣᠬᠢᠶᠠᠨ ᠪᠠᠶᠢᠭᠤᠯᠵᠤ᠂ ᠬᠤᠪᠢᠰᠬᠠᠯ ᠤᠨ ᠬᠥᠮᠦᠵᠢᠯ ᠢ ᠥᠷᠨᠢᠭᠦᠯᠵᠦ᠂ | ᠬᠤᠪᠢᠰᠬᠠᠯ ᠤᠨ ᠤᠳᠤᠮᠰᠢᠯ ᠢ ᠤᠯᠠᠮᠵᠢᠯᠠᠨ᠎ᠠ᠃ ᠡᠭᠦᠳᠡ ᠲᠣᠭᠰᠢᠵᠤ ᠢᠳᠬᠠᠯ ᠠᠪᠬᠤ᠂ ᠭᠤᠷᠪᠠᠨ ᠬᠡᠯᠪᠡᠷᠢ ᠶᠢᠨ | ᠪᠠᠶᠢᠴᠠᠭᠠᠨ ᠰᠤᠳᠤᠯᠤᠯᠲᠠ ᠬᠢᠵᠦ ᠰᠢᠨ᠎ᠡ ᠶᠢ ᠡᠭᠦᠳᠬᠦ ᠠᠷᠭ᠎ᠠ ᠶᠢ ᠰᠠᠨᠠᠭᠠᠴᠢᠯᠠᠭ᠎ᠠ ᠠᠴᠠ ᠪᠠᠨ ᠰᠠᠨᠠᠯ ᠬᠤᠷᠢᠶᠠᠵᠤ᠂ | ᠤᠯᠤᠰ ᠪᠠᠢᠭᠤᠯᠤᠭᠳᠠᠭᠰᠠᠨ 70 ᠵᠢᠯ ᠤᠨ ᠣᠢ ᠶᠢ ᠪᠡᠯᠭᠡᠯᠡᠬᠦ ᠵᠢᠴᠢ ᠤᠷᠲᠤ ᠵᠠᠮ ᠤᠨ ᠠᠶᠠᠨ ᠳᠠᠶᠢᠨ ᠤ ᠭᠤᠤᠯ | ᠰᠡᠳᠦᠪᠲᠦ ᠨᠠᠮ ᠤᠨ ᠡᠳᠦᠷ ᠤᠨ ᠠᠵᠢᠯᠯᠠᠭ᠎ᠠ ᠶᠢ ᠥᠷᠨᠢᠭᠦᠯᠵᠦ᠂ ︽ᠤᠭ ᠰᠠᠨᠠᠭ᠎ᠠ ᠪᠠᠨ ᠦᠯᠦ ᠮᠠᠷᠲᠠᠵᠤ᠂ ᠡᠭᠦᠷᠭᠡ | ᠬᠠᠷᠢᠭᠤᠴᠠᠯᠭ᠎ᠠ ᠪᠠᠨ ᠪᠠᠲᠤ ᠴᠡᠭᠡᠵᠢᠯᠡᠬᠦ︾ ᠭᠤᠤᠯ ᠰᠡᠳᠦᠪᠲᠦ ᠰᠤᠷᠭᠠᠨ ᠬᠥᠮᠦᠵᠢᠯ ᠤᠨ ᠤᠷᠠᠨ ᠰᠠᠶᠢᠬᠠᠨ ᠤ | ᠲᠣᠭᠯᠠᠯᠲᠠ ᠶᠢ ᠡᠷᠬᠢᠯᠡᠵᠦ᠂ ᠭᠦᠨ ᠵᠤᠵᠠᠭᠠᠨ ᠠᠭᠤᠷ ᠠᠮᠢᠰᠬᠤᠯ ᠢ ᠪᠣᠶ ᠪᠤᠯᠭᠠᠪᠠ᠃ ᠦᠷᠡᠭᠳᠡᠭᠰᠡᠨ | ᠪᠠᠭᠠᠲᠤᠷᠴᠤᠳ ᠤᠨ ᠳᠤᠷᠠᠰᠬᠠᠯ ᠤᠨ ᠡᠳᠦᠷ ᠤᠨ ᠨᠡᠶᠢᠲᠡ ᠶᠢᠨ ᠲᠠᠬᠢᠯᠭ᠎ᠠ ᠶᠢᠨ ᠠᠵᠢᠯᠯᠠᠭ᠎ᠠ ᠶᠢ ᠥᠷᠨᠢᠭᠦᠯᠵᠦ᠂ | ᠬᠤᠪᠢᠰᠬᠠᠯ ᠤᠨ ᠦᠷᠡᠭᠳᠡᠭᠰᠡᠨ ᠪᠠᠭᠠᠲᠤᠷᠴᠤᠳ ᠢᠶᠠᠨ ᠳᠤᠷᠠᠰᠤᠨ ᠰᠠᠨᠠᠭᠠᠯᠵᠠᠵᠤ᠂ ᠨᠠᠮᠴᠢ ᠴᠢᠨᠠᠷ ᠤᠨ ᠳᠠᠪᠲᠠᠯᠲᠠ ᠶᠢ | ᠬᠦᠯᠢᠶᠡᠪᠡ᠃ ᠤᠯᠤᠰ ᠤᠨ ᠪᠠᠶᠠᠷ ᠤᠨ ᠬᠤᠭᠤᠴᠠᠭᠠᠨ ᠳᠤ ᠬᠠᠮᠲᠤ ᠪᠠᠷ ᠤᠯᠤᠰ ᠤᠨ ᠲᠤᠭ ᠮᠠᠨᠳᠤᠭᠤᠯᠬᠤ ᠶᠣᠰᠣᠯᠠᠯ | ᠂ ᠴᠡᠷᠢᠭ ᠤᠨ ᠵᠢᠭᠰᠠᠭᠠᠯ ᠰᠢᠯᠭᠠᠨ ᠦᠵᠡᠬᠦ ᠶᠣᠰᠣᠯᠠᠯ᠂ ᠤᠯᠤᠰ ᠤᠨ ᠲᠡᠤᠬᠡ ᠶᠢ ᠰᠤᠷᠤᠯᠴᠠᠬᠤ ᠠᠵᠢᠯᠯᠠᠭ᠎ᠠ ᠶᠢ | ᠥᠷᠨᠢᠭᠦᠯᠵᠦ᠂ ᠰᠤᠷᠤᠯᠴᠠᠯᠭ᠎ᠠ ᠶᠢᠨ ᠨᠥᠯᠥᠭᠡᠯᠡᠬᠦ ᠬᠦᠴᠦᠨ ᠢ ᠤᠯᠠᠮ ᠨᠢᠭᠡ ᠠᠯᠬᠤᠮ ᠴᠢᠩᠭᠠᠳᠬᠠᠵᠤ᠂ ᠥᠷᠭᠡᠨ | ᠣᠯᠠᠨ ᠺᠠᠳ᠋ᠷᠴᠤᠳ ᠢ ᠬᠥᠲᠥᠯᠥᠨ ᠵᠢᠯᠣᠭᠤᠳᠴᠤ ᠪᠠᠶᠢᠭᠠᠳ ᠤᠯᠤᠰ ᠤᠨ ᠢᠶᠠᠨ ᠲᠤᠬᠠᠶ ᠦᠵᠡᠯᠲᠡ ᠶᠢ | ᠴᠢᠩᠭᠠᠳᠬᠠᠵᠤ᠂ ᠤᠯᠤᠰ ᠢᠶᠠᠨ ᠬᠠᠶᠢᠷᠠᠯᠠᠬᠤ ᠰᠡᠳᠬᠢᠯᠭᠡ ᠶᠢ ᠨᠢ ᠬᠥᠭᠵᠢᠭᠡᠵᠦ᠂ ᠡᠷᠡᠯᠬᠡᠭᠯᠡᠨ ᠤᠷᠤᠭᠰᠢᠯᠠᠬᠤ | ᠬᠦᠴᠦᠨ ᠢ ᠨᠢ ᠨᠢᠭᠲᠠᠷᠠᠭᠤᠯᠪᠠ᠃ | ᠭᠤᠷᠪᠠ ᠳᠤ ᠪᠣᠳᠠᠲᠤ ᠪᠠᠶᠢᠳᠠᠯ ᠢ ᠣᠨᠣᠪᠴᠢᠲᠠᠶ ᠣᠶᠢᠯᠭᠠᠬᠤ ᠳᠤ ᠠᠩᠬᠠᠷᠤᠯ ᠢᠶᠠᠨ ᠲᠥᠪᠯᠡᠷᠡᠭᠦᠯᠵᠦ᠂ ᠬᠠᠷᠠᠯᠲᠠ | ᠴᠢᠭᠯᠡᠯ ᠢ ᠣᠨᠣᠪᠴᠢᠲᠠᠶ ᠪᠠᠶᠢᠴᠠᠭᠠᠨ ᠰᠤᠳᠤᠯᠤᠨ᠎ᠠ᠃ ︽ᠪᠠᠶᠢᠴᠠᠭᠠᠨ ᠰᠤᠳᠤᠯᠤᠯᠲᠠ ᠬᠢᠬᠦ ᠳᠤ ᠠᠰᠠᠭᠤᠳᠠᠯ ᠳᠤ | ᠬᠠᠨᠳᠤᠬᠤ ᠬᠡᠷᠡᠭᠲᠡᠶ︾ ᠭᠡᠰᠡᠨ ᠱᠠᠭᠠᠷᠳᠠᠯᠭ᠎ᠠ ᠶᠣᠰᠣᠭᠠᠷ᠂ ᠪᠦᠬᠦ ᠲᠤᠭᠤᠷᠢᠭ ᠤᠨ ᠡᠯ᠎ᠡ ᠱᠠᠲᠤᠨ ᠤ ᠤᠳᠤᠷᠢᠳᠬᠤ | ᠺᠠᠳ᠋ᠷᠴᠤᠳ ᠶᠠᠳᠠᠭᠤ ᠶᠢ ᠲᠡᠳᠬᠦᠬᠦ ᠨᠢᠭᠡᠳᠦᠭᠡᠷ ᠹᠷᠣᠨᠲ᠂ ᠲᠥᠷᠥᠯ ᠵᠦᠢᠯ ᠤᠨ ᠨᠢᠭᠡᠳᠦᠭᠡᠷ ᠹᠷᠣᠨᠲ᠂ ᠲᠣᠭᠲᠠᠭᠤᠨ | ᠢ ᠬᠠᠮᠠᠭᠠᠯᠠᠬᠤ ᠨᠢᠭᠡᠳᠦᠭᠡᠷ ᠹᠷᠣᠨᠲ ᠲᠤ ᠭᠦᠨᠵᠡᠭᠡᠶᠢᠷᠡᠵᠦ᠂ ᠨᠢᠭᠡᠳᠦᠭᠡᠷ ᠹᠷᠣᠨᠲ ᠲᠤ ᠪᠠᠶᠢᠴᠠᠭᠠᠯᠲᠠ ᠬᠢᠬᠦ᠂ | ᠨᠢᠭᠡᠳᠦᠭᠡᠷ ᠹᠷᠣᠨᠲ ᠲᠤ ᠰᠤᠳᠤᠯᠤᠯᠲᠠ ᠬᠢᠬᠦ᠂ ᠨᠢᠭᠡᠳᠦᠭᠡᠷ ᠹᠷᠣᠨᠲ ᠲᠤ ᠨᠠᠶᠢᠳᠠᠪᠤᠷᠢᠵᠢᠭᠤᠯᠬᠤ ᠶᠢ ᠪᠠᠷᠢᠮᠲᠠᠯᠠᠨ᠂ | ᠪᠠᠶᠢᠴᠠᠭᠠᠨ ᠰᠤᠳᠤᠯᠤᠯᠲᠠ ᠬᠢᠬᠦ ᠶᠠᠪᠤᠳᠠᠯ ᠢ ᠣᠯᠠᠨ ᠲᠦᠮᠡᠨ ᠲᠠᠢ ᠣᠶᠢᠷᠠᠲᠤᠭᠤᠯᠬᠤ᠂ ᠬᠥᠮᠦᠰ ᠤᠨ ᠰᠡᠳᠬᠢᠯ ᠢ | ᠲᠥᠪᠯᠡᠷᠡᠭᠦᠯᠬᠦ ᠶᠢ ᠦᠨᠡᠨᠬᠦ ᠪᠠᠳᠤᠯᠭᠠᠵᠢᠭᠤᠯᠪᠠ᠃ ᠲᠤᠭᠤᠷᠢᠭ ᠤᠨ ᠨᠠᠮ ᠤᠨ ᠬᠤᠷᠢᠶ᠎ᠠ ᠶᠢᠨ ᠱᠦᠵᠢ ᠭᠤᠤᠯᠯᠠᠨ | ᠠᠳᠬᠤᠬᠤ᠂ ᠨᠠᠮ ᠤᠨ ᠭᠡᠰᠢᠭᠦᠨ ᠤᠳᠤᠷᠢᠳᠬᠤ ᠺᠠᠳ᠋ᠷ ᠳᠠᠭᠠᠭᠠᠴᠢᠯᠠᠨ ᠠᠳᠬᠤᠬᠤ᠂ ᠨᠢᠭᠡᠳᠦᠭᠡᠷ ᠱᠦᠵᠢ | ᠬᠠᠮᠵᠢᠯᠴᠠᠨ ᠠᠳᠬᠤᠬᠤ᠂ ᠬᠠᠪᠰᠤᠷᠤᠨ ᠲᠡᠳᠬᠦᠬᠦ ᠨᠢᠭᠡᠴᠡ ᠬᠤᠯᠪᠣᠭᠠᠯᠠᠨ ᠠᠳᠬᠤᠬᠤ ︽ᠳᠥᠷᠪᠡᠨ ᠱᠠᠲᠤ | ᠬᠤᠯᠪᠣᠭᠠᠯᠠᠨ ᠬᠥᠳᠡᠯᠦᠯᠴᠡᠬᠦ︾ ᠲᠣᠭᠲᠠᠴᠠ ᠶᠢ ᠪᠠᠶᠢᠭᠤᠯᠵᠤ᠂ ᠲᠤᠭᠤᠷᠢᠭ ᠤᠨ ᠨᠠᠮ ᠤᠨ ᠬᠤᠷᠢᠶ᠎ᠠ ᠶᠢᠨ ᠭᠤᠤᠯ | ᠤᠳᠤᠷᠢᠳᠤᠯᠭ᠎ᠠ ᠪᠡᠶ᠎ᠡ ᠪᠠᠷ ᠢᠶᠠᠨ ᠲᠤᠬᠢᠷᠠᠭᠤᠯᠤᠨ ᠪᠠᠶᠢᠷᠢᠯᠠᠭᠤᠯᠵᠤ᠂ ᠳᠠᠭᠠᠭᠤᠯᠤᠨ ᠰᠤᠯᠠ ᠵᠠᠳᠠᠭᠠᠶ ᠲᠣᠰᠬᠤᠨ ᠳᠤ | ᠪᠠᠶᠢᠴᠠᠭᠠᠨ ᠰᠤᠳᠤᠯᠤᠯᠲᠠ ᠬᠢᠵᠦ᠂ ᠣᠯᠠᠨ ᠲᠦᠮᠡᠨ ᠲᠠᠢ ᠰᠡᠳᠬᠢᠯ ᠢᠶᠠᠨ ᠶᠠᠷᠢᠯᠴᠠᠵᠤ᠂ ᠲᠣᠰᠬᠤᠨ ᠤ ᠨᠠᠮ ᠤᠨ | ᠵᠣᠬᠢᠶᠠᠨ ᠪᠠᠶᠢᠭᠤᠯᠤᠯᠲᠠ ᠶᠢ ᠵᠢᠯᠣᠭᠤᠳᠤᠨ ᠴᠡᠭᠴᠡᠯᠡᠨ ᠳᠡᠭᠡᠭᠰᠢᠯᠡᠭᠦᠯᠪᠡ᠃ ᠡᠯ᠎ᠡ ᠱᠠᠲᠤᠨ ᠤ ᠤᠳᠤᠷᠢᠳᠬᠤ ᠺᠠᠳ᠋ᠷ | ᠶᠡᠭᠡ ᠪᠠᠢᠴᠠᠭᠠᠨ ᠰᠤᠳᠤᠯᠤᠯᠲᠠ ᠶᠢᠨ ᠠᠵᠢᠯᠯᠠᠭ᠎ᠠ ᠥᠷᠨᠢᠭᠦᠯᠵᠦ᠂ ᠦᠨᠳᠦᠰᠦᠨ ᠱᠠᠲᠤᠨ ᠤ ᠺᠠᠳ᠋ᠷ ᠲᠠᠢ ᠬᠠᠮᠲᠤᠪᠠᠷ | ᠨᠠᠮ ᠤᠨ ᠭᠡᠰᠢᠭᠦᠨ ᠠᠴᠠ ᠠᠰᠠᠭᠤᠵᠤ᠂ ᠪᠠᠶᠢᠴᠠᠭᠠᠨ ᠰᠤᠳᠤᠯᠤᠯᠲᠠ ᠬᠢᠵᠦ᠂ ᠪᠠᠯᠭᠠᠰᠤ ᠰᠤᠮᠤᠨ ᠤ ᠨᠠᠮ ᠤᠨ | ᠬᠤᠷᠢᠶ᠎ᠠ ᠪᠣᠯᠤᠨ ᠬᠠᠪᠰᠤᠷᠤᠨ ᠲᠡᠳᠬᠦᠬᠦ ᠨᠢᠭᠡᠴᠡ ᠲᠠᠢ ᠬᠠᠮᠲᠤᠪᠠᠷ ᠠᠰᠠᠭᠤᠳᠠᠯ ᠢ ᠪᠠᠶᠢᠴᠠᠭᠠᠵᠤ᠂ ᠬᠡᠮ ᠰᠣᠭᠤᠭ ᠢ | ᠡᠷᠢᠵᠦ᠂ ᠣᠯᠠᠨ ᠲᠦᠮᠡᠨ ᠤ ᠬᠦᠰᠡᠯ ᠪᠤᠳᠤᠯ ᠢ ᠪᠦᠬᠦ ᠲᠠᠯ᠎ᠠ ᠪᠠᠷ ᠣᠶᠢᠯᠠᠭᠠᠵᠤ᠂ ᠰᠡᠳᠬᠢᠯ ᠲᠠᠯᠪᠢᠨ ᠰᠣᠨᠣᠰᠴᠤ᠂ | ᠬᠤᠯᠪᠣᠭᠳᠠᠯ ᠪᠦᠬᠦᠢ ᠨᠢᠭᠡᠴᠡ ᠲᠠᠢ ᠬᠠᠮᠵᠢᠯᠴᠠᠨ ᠠᠰᠠᠭᠤᠳᠠᠯ ᠢ ᠢᠳᠡᠪᠬᠢᠲᠡᠢ ᠰᠢᠢᠳᠪᠦᠷᠢᠯᠡᠵᠦ᠂ ᠣᠯᠠᠨ ᠲᠦᠮᠡᠨ ᠳᠤ | ᠦᠨᠡᠨ ᠪᠣᠳᠠᠲᠠᠶ ᠠᠰᠢᠭ ᠬᠦᠷᠲᠡᠭᠡᠪᠡ᠃ | ᠳᠥᠷᠪᠡ ᠳᠤ ᠨᠠᠶᠢᠳᠠᠪᠤᠷᠢᠵᠢᠭᠤᠯᠤᠯᠲᠠ ᠶᠢ ᠠᠬᠢᠭᠤᠯᠬᠤ ᠳᠤ ᠠᠩᠬᠠᠷᠤᠯ ᠢᠶᠠᠨ ᠲᠥᠪᠯᠡᠷᠡᠭᠦᠯᠵᠦ᠂ | ᠭᠤᠤᠯᠳᠠᠯᠭ᠎ᠠ ᠲᠠᠢ ᠡᠭᠦᠷᠭᠡ ᠶᠢ ᠪᠣᠳᠠᠲᠠᠶᠢᠵᠢᠭᠤᠯᠤᠨ᠎ᠠ᠃ ᠲᠤᠭᠤᠷᠢᠭ ᠤᠨ ᠨᠠᠮ ᠤᠨ ᠬᠤᠷᠢᠶ᠎ᠠ ᠭᠤᠤᠯ ᠰᠡᠳᠦᠪᠲᠦ | ᠬᠥᠮᠦᠵᠢᠯ ᠤᠨ ᠲᠤᠬᠠᠶ ᠲᠥᠪ ᠤᠨ ᠪᠠ ᠥᠪᠡᠷᠲᠡᠭᠡᠨ ᠵᠠᠰᠠᠬᠤ ᠣᠷᠣᠨ ᠤ ᠪᠠᠶᠢᠷᠢᠯᠠᠭᠤᠯᠤᠯᠲᠠ ᠱᠠᠭᠠᠷᠳᠠᠯᠭ᠎ᠠ ᠶᠢ | ᠶᠠᠳᠠᠭᠤ ᠠᠴᠠ ᠠᠩᠭᠢᠵᠢᠷᠠᠭᠤᠯᠬᠤ ᠪᠣᠭᠤᠮᠲᠠ ᠰᠢᠪᠲᠤᠯᠬᠤ᠂ ᠬᠤᠲᠠ ᠶᠢ ᠡᠭᠦᠳᠦᠭᠰᠡᠨ ᠦᠷ᠎ᠡ ᠪᠦᠲᠦᠭᠡᠯ ᠢ | ᠪᠠᠬᠢᠵᠢᠭᠦᠯᠬᠦ᠂ ᠬᠥᠳᠡᠭᠡ ᠲᠣᠰᠬᠤᠨ ᠢ ᠬᠥᠭᠵᠢᠭᠦᠯᠦᠨ ᠮᠠᠨᠳᠤᠭᠤᠯᠬᠤ ᠵᠡᠷᠭᠡ ᠡᠯ᠎ᠡ ᠲᠠᠯ᠎ᠠ ᠳᠤ | ᠨᠠᠶᠢᠳᠠᠪᠤᠷᠢᠵᠢᠭᠤᠯᠬᠤ ᠶᠢ ᠪᠠᠷᠢᠮᠲᠠᠯᠠᠵᠤ᠂ ᠭᠤᠤᠯ ᠰᠡᠳᠦᠪᠲᠦ ᠬᠥᠮᠦᠵᠢᠯ ᠤᠨ ᠦᠷ᠎ᠡ ᠪᠦᠲᠦᠮᠵᠢ ᠪᠠᠷ ᠠᠵᠢᠯ ᠤᠨ | ᠨᠠᠶᠢᠳᠠᠪᠤᠷᠢᠵᠢᠭᠤᠯᠤᠯᠲᠠ ᠶᠢ ᠠᠬᠢᠭᠤᠯᠪᠠ᠃ ᠶᠠᠳᠠᠭᠤ ᠠᠴᠠ ᠠᠩᠭᠢᠵᠢᠷᠠᠭᠤᠯᠬᠤ ᠪᠣᠭᠤᠮᠲᠠ ᠰᠢᠪᠲᠤᠯᠬᠤ᠂ ᠥᠨᠳᠥᠷ | ᠦᠷ᠎ᠡ ᠠᠰᠢᠭᠲᠤ ᠬᠥᠭᠵᠢᠯᠲᠡ᠂ ᠣᠷᠴᠢᠨ ᠲᠣᠭᠤᠷᠢᠨ ᠢ ᠴᠡᠭᠴᠡᠯᠡᠨ ᠵᠠᠰᠠᠬᠤ᠂ ᠰᠤᠷᠲᠠᠯ ᠢ ᠬᠤᠪᠢᠷᠠᠭᠤᠯᠬᠤ ︽ | ᠳᠥᠷᠪᠡᠨ ᠶᠡᠭᠡ ᠠᠵᠢᠯᠯᠠᠭ᠎ᠠ︾ ᠶᠢ ᠥᠷᠨᠢᠭᠦᠯᠵᠦ᠂ ᠪᠦᠬᠦ ᠲᠤᠭᠤᠷᠢᠭ ᠤᠨ ᠡᠯ᠎ᠡ ᠵᠦᠢᠯ ᠤᠨ ᠭᠤᠣᠯᠳᠠᠯᠭ᠎ᠠ ᠲᠠᠢ | ᠡᠭᠦᠷᠭᠡ ᠶᠢ ᠵᠡᠷᠭᠡᠪᠡᠷ ᠠᠬᠢᠭᠤᠯᠵᠤ᠂ ᠪᠦᠬᠦ ᠲᠤᠭᠤᠷᠢᠭ ᠤᠨ ᠰᠢᠶᠠᠨ ᠤ ᠬᠡᠪᠴᠢᠶᠡᠨ ᠤ ᠠᠵᠤ ᠠᠬᠤᠢ ᠶᠢᠨ ᠴᠢᠨᠠᠷ | ᠰᠠᠶᠢᠲᠠᠢ ᠬᠥᠭᠵᠢᠯᠲᠡ ᠶᠢ ᠠᠬᠢᠭᠤᠯᠵᠤ᠂ ᠶᠠᠳᠠᠭᠤ ᠠᠴᠠ ᠠᠩᠭᠢᠵᠢᠷᠠᠭᠤᠯᠬᠤ ᠪᠣᠭᠤᠮᠲᠠ ᠰᠢᠪᠲᠤᠯᠬᠤ ᠠᠯᠬᠤᠴᠠ ᠪᠦᠬᠦ | ᠲᠠᠯ᠎ᠠ ᠪᠠᠷ ᠲᠦᠷᠭᠡᠳᠴᠦ᠂ ᠬᠤᠲᠠ ᠬᠥᠳᠡᠭᠡ ᠶᠢᠨ ᠣᠷᠴᠢᠨ ᠲᠣᠭᠤᠷᠢᠨ ᠤ ᠳᠦᠷᠰᠦ ᠪᠠᠶᠢᠳᠠᠯ ᠦᠷᠭᠦᠯᠵᠢᠯᠡᠨ | ᠰᠠᠶᠢᠵᠢᠷᠠᠵᠤ᠂ ᠰᠠᠭᠤᠷᠢ ᠪᠡᠯᠡᠳᠬᠡᠮᠵᠢ ᠶᠢᠨ ᠪᠦᠲᠦᠭᠡᠨ ᠪᠠᠶᠢᠭᠤᠯᠤᠯᠲᠠ ᠢᠯᠡᠳᠲᠡ ᠦᠷ᠎ᠡ ᠪᠦᠲᠦᠮᠵᠢ ᠣᠯᠵᠤ᠂ | ᠣᠷᠴᠢᠨ ᠲᠣᠭᠤᠷᠢᠨ ᠢ ᠶᠡᠷᠦᠩᠬᠡᠶᠢᠯᠡᠨ ᠴᠡᠭᠴᠡᠯᠡᠨ ᠵᠠᠰᠠᠬᠤ ᠠᠵᠢᠯ ᠯᠠᠪᠳᠠᠭᠤᠨ ᠢᠶᠠᠷ ᠠᠬᠢᠪᠠ᠃ | | | | | | | | |