︽ᠤᠯᠤᠰ ᠤᠨ ᠣᠢ ᠰᠢᠭᠤᠶ ᠶᠢᠨ ᠬᠥᠳᠡᠭᠡ ᠲᠣᠰᠬᠤᠨ ᠢ ᠦᠨᠡᠯᠡᠨ ᠲᠣᠭᠲᠠᠭᠠᠬᠤ ᠠᠵᠢᠯ ᠢ ᠥᠷᠨᠢᠭᠦᠯᠬᠦ ᠲᠤᠬᠠᠶ | ᠤᠯᠤᠰ ᠤᠨ ᠣᠢ ᠰᠢᠭᠤᠶ ᠪᠠ ᠨᠤᠲᠤᠭ ᠪᠡᠯᠴᠢᠭᠡᠷ ᠤᠨ ᠲᠣᠪᠴᠢᠶ᠎ᠠ ᠶᠢᠨ ᠮᠡᠳᠡᠭᠳᠡᠯ︾ ︵ᠤᠢ ᠰᠢᠭᠤᠢ ᠠᠮᠢ ᠠᠬᠤᠢ | ᠲᠠᠷᠬᠠᠭᠠᠭᠰᠠᠨ ︵2019︶ 77 ᠳ᠋ᠤᠭᠠᠷ ᠲᠣᠭᠠᠲᠤ︶ ᠢ ᠦᠨᠳᠦᠰᠦᠯᠡᠵᠦ᠂ ᠥᠪᠡᠷᠲᠡᠭᠡᠨ ᠵᠠᠰᠠᠬᠤ ᠣᠷᠣᠨ ᠤ ᠣᠢ | ᠰᠢᠭᠤᠶ ᠨᠤᠲᠤᠭ ᠪᠡᠯᠴᠢᠭᠡᠷ ᠤᠨ ᠲᠣᠪᠴᠢᠶ᠎ᠠ ᠠᠴᠠ 2019 ᠤᠨ ᠤ 9 ᠰᠠᠷ᠎ᠠ ᠳᠤ᠂ ᠤᠯᠤᠰ ᠤᠨ ᠣᠢ ᠰᠢᠭᠤᠶ | ᠬᠥᠳᠡᠭᠡ ᠲᠣᠰᠬᠤᠨ ᠢ ᠦᠨᠡᠯᠡᠨ ᠲᠣᠭᠲᠠᠭᠠᠬᠤ ᠠᠵᠢᠯ ᠢ ᠥᠷᠨᠢᠭᠦᠯᠪᠡ᠃ ᠦᠨᠡᠯᠡᠨ ᠲᠣᠭᠲᠠᠭᠠᠬᠤ ᠨᠥᠬᠦᠴᠡᠯ ᠪᠣᠯᠤᠨ | ᠳᠡᠰ ᠳᠠᠷᠠᠭᠠᠯᠠᠯ ᠤᠨ ᠶᠣᠰᠣᠭᠠᠷ᠂ ᠱᠠᠲᠤ ᠱᠠᠲᠤ ᠪᠠᠷ ᠪᠠᠲᠤᠯᠠᠨ ᠲᠠᠨᠢᠯᠴᠠᠭᠤᠯᠵᠤ᠂ ᠱᠠᠲᠤ ᠱᠠᠲᠤ ᠪᠠᠷ ᠬᠢᠨᠠᠨ | ᠬᠠᠷᠭᠤᠭᠤᠯᠬᠤ ᠪᠠᠷ ᠳᠠᠮᠵᠢᠭᠤᠯᠤᠨ᠂ ᠪᠦᠬᠦ ᠣᠷᠣᠨ ᠤ 183 ᠵᠠᠰᠠᠭ ᠵᠠᠬᠢᠷᠭᠠᠨ ᠤ ᠲᠣᠰᠬᠤᠨ ᠢ ᠤᠯᠤᠰ ᠤᠨ ᠣᠢ | ᠰᠢᠭᠤᠶ ᠬᠥᠳᠡᠭᠡ ᠲᠣᠰᠬᠤᠨ ᠢᠶᠠᠷ ᠦᠨᠡᠯᠡᠨ ᠲᠤᠭᠲᠠᠭᠠᠬᠤ ᠪᠠᠷ ᠪᠤᠯᠪᠠ᠃ ᠲᠦᠩᠯᠢᠶᠣᠤ ᠬᠤᠲᠠ ᠶᠢᠨ 30 | ᠲᠣᠰᠬᠤᠨ ᠢ ᠰᠤᠩᠭᠤᠨ ᠦᠨᠡᠮᠰᠢᠬᠦ ᠪᠠᠷ ᠵᠢᠱᠢᠵᠦ᠂ ᠡᠭᠦᠨ ᠳᠤ ᠬᠤᠷᠴᠢᠨ ᠲᠣᠭᠤᠷᠢᠭ ᠲᠤ ᠨᠡᠶᠢᠲᠡ 5 ᠲᠣᠰᠬᠤᠨ ︵ | ᠭᠠᠴᠠᠭ᠎ᠠ︶ ᠲᠠᠢ ᠪᠠᠶᠢᠵᠤ᠂ ᠲᠣᠰ ᠲᠣᠰ ᠬᠤᠷᠴᠢᠨ ᠲᠣᠭᠤᠷᠢᠭ ᠤᠨ ᠹᠧᠩ ᠲᠢᠶᠠᠨ ᠪᠠᠯᠭᠠᠰᠤ ᠶᠢᠨ ᠠᠷᠠᠳᠴᠢᠯᠠᠯ | ᠲᠣᠰᠬᠤᠨ᠂ ᠴᠢᠶᠠᠨ ᠵᠢᠶᠠ ᠳ᠋ᠢᠶᠠᠨ ᠪᠠᠯᠭᠠᠰᠤ ᠶᠢᠨ ᠴᠢᠶᠠᠨ ᠶᠣᠣ ᠸᠧᠦ᠋ᠫᠦ ᠲᠣᠰᠬᠤᠨ᠂ ᠴᠢᠩ ᠾᠧ ᠪᠠᠯᠭᠠᠰᠤ ᠶᠢᠨ | ᠴᠢᠩ ᠾᠧ ᠲᠣᠰᠬᠤᠨ᠂ ᠮᠡᠯᠡᠬᠡᠶᠢᠳᠦ ᠪᠠᠯᠭᠠᠰᠤ ᠶᠢᠨ ᠪᠠᠷᠠᠭᠤᠨ ᠬᠤᠸᠠ ᠳ᠋ᠧᠩ ᠭᠠᠴᠠᠭ᠎ᠠ᠂ ᠮᠤᠷᠤᠶᠢᠨ ᠰᠦᠮ᠎ᠡ | ᠰᠤᠮᠤ ᠶᠢᠨ ᠰᠦᠨ ᠵᠢᠶᠠ ᠳ᠋ᠠ ᠶᠤᠸᠠᠨ ᠲᠣᠰᠬᠤᠨ ᠪᠣᠯᠤᠨ᠎ᠠ᠃ ᠤᠯᠤᠰ ᠤᠨ ᠣᠢ ᠰᠢᠭᠤᠶ ᠶᠢᠨ ᠬᠥᠳᠡᠭᠡ | ᠲᠣᠰᠬᠤᠨ ᠢ ᠦᠨᠡᠯᠡᠵᠦ ᠮᠠᠭᠠᠳᠯᠠᠨ ᠲᠣᠭᠲᠠᠭᠠᠬᠤ ᠠᠵᠢᠯ ᠢ ᠥᠷᠨᠢᠭᠦᠯᠬᠦ ᠪᠣᠯ ᠤᠯᠤᠰ ᠤᠨ ᠬᠥᠳᠡᠭᠡ ᠲᠣᠰᠬᠤᠨ ᠢ | ᠬᠥᠭᠵᠢᠭᠦᠯᠦᠨ ᠮᠠᠨᠳᠤᠭᠤᠯᠬᠤ ᠪᠠᠶᠢᠯᠳᠤᠬᠤ ᠪᠣᠳᠣᠯᠭ᠎ᠠ ᠪᠠ ᠬᠥᠳᠡᠭᠡ ᠲᠣᠰᠬᠤᠨ ᠤ ᠣᠷᠣᠰᠢᠨ ᠠᠮᠢᠳᠤᠷᠠᠬᠤ ᠣᠷᠴᠢᠨ | ᠨᠥᠬᠦᠴᠡᠯ ᠢ ᠴᠡᠭᠴᠡᠯᠡᠨ ᠵᠠᠰᠠᠬᠤ ᠭᠤᠷᠪᠠᠨ ᠵᠢᠯ ᠤᠨ ᠠᠵᠢᠯᠯᠠᠭᠠᠨ ᠤ ᠲᠥᠰᠦᠯ ᠢ ᠲᠤᠤᠱᠯᠠᠭᠤᠯᠤᠨ | ᠨᠠᠢᠳᠠᠪᠤᠷᠢᠵᠢᠭᠤᠯᠬᠤ᠂ ᠬᠥᠳᠡᠭᠡ ᠲᠣᠰᠬᠤᠨ ᠤ ᠨᠣᠭᠤᠭᠠᠷᠠᠭᠤᠯᠤᠯᠲᠠ ᠭᠤᠶᠤᠵᠢᠭᠤᠯᠤᠯᠳᠠ ᠶᠢᠨ ᠠᠯᠬᠤᠴᠠ ᠶᠢ | ᠲᠦᠷᠭᠡᠳᠬᠡᠬᠦ ᠲᠥᠯᠥᠭᠡ ᠶᠤᠮ᠃ ᠣᠢ ᠰᠢᠭᠤᠶ ᠶᠢᠨ ᠬᠥᠳᠡᠭᠡ ᠲᠣᠰᠬᠤᠨ ᠭᠡᠳᠡᠭ ᠨᠢ ᠬᠥᠳᠡᠭᠡ ᠲᠣᠰᠬᠤᠨ ᠤ | ᠪᠠᠶᠢᠭᠠᠯᠢ ᠶᠢᠨ ᠠᠮᠢ ᠠᠬᠤᠶ ᠪᠦᠷᠢᠨ ᠪᠦᠲᠦᠨ ᠬᠠᠳᠠᠭᠠᠯᠠᠭᠳᠠᠵᠤ᠂ ᠨᠤᠲᠤᠭ ᠤᠰᠤᠨ ᠤ ᠨᠤᠲᠤᠭ ᠪᠡᠯᠴᠢᠭᠡᠷ ᠤᠨ | ᠣᠨᠴᠠᠯᠢᠭ ᠲᠤᠪᠤᠶᠢᠮ᠎ᠠ᠂ ᠣᠢ ᠰᠢᠭᠤᠶ ᠶᠢᠨ ᠠᠭᠤᠷ ᠠᠮᠢᠰᠬᠤᠯ ᠥᠳᠬᠡᠨ᠂ ᠣᠢ ᠰᠢᠭᠤᠶ ᠶᠢᠨ ᠴᠢᠳᠠᠮᠵᠢ ᠶᠢᠨ | ᠦᠷ᠎ᠡ ᠠᠰᠢᠭ ᠢᠯᠡᠷᠬᠡᠶ᠂ ᠣᠢ ᠰᠢᠭᠤᠶ ᠳᠤ ᠬᠤᠯᠪᠣᠭᠳᠠᠬᠤ ᠠᠵᠤ ᠦᠢᠯᠡᠰ ᠤᠨ ᠬᠥᠭᠵᠢᠯᠲᠡ ᠰᠠᠶᠢᠨ᠂ ᠬᠥᠮᠦᠰ ᠤᠨ | ᠣᠷᠣᠰᠢᠨ ᠰᠠᠭᠤᠷᠢᠰᠢᠬᠤ ᠣᠷᠴᠢᠨ ᠲᠣᠭᠤᠷᠢᠨ ᠴᠡᠪᠡᠷ ᠲᠡᠭᠰᠢ᠂ ᠬᠠᠮᠠᠭᠠᠯᠠᠯᠲᠠ ᠬᠠᠮᠢᠶᠠᠷᠤᠯᠲᠠ ᠪᠦᠲᠦᠮᠵᠢᠲᠡᠶ ᠠᠮᠢ | ᠠᠬᠤᠢ ᠶᠢᠨ ᠰᠠᠭᠤᠷᠢᠰᠢᠬᠤ ᠳᠤ ᠲᠣᠬᠢᠷᠠᠮᠵᠢᠲᠠᠶ ᠬᠥᠳᠡᠭᠡ ᠲᠣᠰᠬᠤᠨ ᠢ ᠵᠢᠭᠠᠵᠤ ᠪᠣᠶ᠃ ᠤᠯᠤᠰ ᠤᠨ ᠲᠡᠰ ᠤᠨ ᠣᠢ | ᠰᠢᠭᠤᠶ ᠶᠢᠨ ᠬᠥᠳᠡᠭᠡ ᠲᠣᠰᠬᠤᠨ ᠢ ᠡᠭᠦᠳᠦᠨ ᠪᠠᠢᠭᠤᠯᠬᠤ ᠪᠠᠷ ᠳᠠᠮᠵᠢᠨ᠂ ᠬᠥᠳᠡᠭᠡ ᠲᠣᠰᠬᠤᠨ ᠤ | ᠨᠣᠭᠤᠭᠠᠷᠠᠭᠤᠯᠤᠯᠲᠠ ᠭᠤᠶᠤᠵᠢᠭᠤᠯᠤᠯᠲᠠ ᠶᠢ ᠵᠢᠯᠣᠭᠤᠳᠤᠨ ᠳᠠᠶᠢᠴᠢᠯᠠᠵᠤ᠂ ᠨᠠᠮ ᠲᠣᠭᠲᠠᠭᠤᠨ᠂ ᠡᠶ᠎ᠡ ᠵᠣᠬᠢᠴᠠᠩᠭᠤᠶ | ᠂ ᠦᠵᠡᠰᠬᠦᠯᠡᠩᠲᠦ ᠰᠠᠢᠬᠠᠨ ᠬᠥᠳᠡᠭᠡ ᠲᠣᠰᠬᠤᠨ ᠤ ᠪᠦᠲᠦᠭᠡᠨ ᠪᠠᠶᠢᠭᠤᠯᠤᠯᠲᠠ ᠶᠢ ᠲᠦᠷᠭᠡᠳᠬᠡᠨ ᠠᠬᠢᠭᠤᠯᠵᠤ᠂ | ᠬᠥᠳᠡᠭᠡ ᠲᠣᠰᠬᠤᠨ ᠢ ᠬᠥᠭᠵᠢᠭᠦᠯᠦᠨ ᠮᠠᠨᠳᠤᠭᠤᠯᠬᠤ ᠪᠠᠶᠢᠯᠳᠤᠬᠤ ᠪᠣᠳᠣᠯᠭ᠎ᠠ ᠳᠤ ᠣᠢ ᠰᠢᠭᠤᠶ ᠶᠢᠨ ᠦᠢᠯᠡᠰ ᠤᠨ | ᠬᠦᠴᠦᠨ ᠴᠢᠳᠠᠯ ᠢᠶᠠᠨ ᠨᠡᠮᠡᠷᠢᠯᠡᠨ᠎ᠡ᠃ |