ᠬᠤᠷᠴᠢᠨ ᠲᠣᠭᠤᠷᠢᠭ ︽ᠥᠪᠥᠷ ᠮᠣᠩᠭᠤᠯ ᠤᠨ ᠥᠪᠡᠷᠲᠡᠭᠡᠨ ᠵᠠᠰᠠᠬᠤ ᠣᠷᠣᠨ ᠤ ᠰᠢᠨᠵᠢᠯᠡᠬᠦ ᠤᠬᠠᠭᠠᠨ ᠮᠡᠷᠭᠡᠵᠢᠯ ᠤᠨ ᠵᠢᠱᠢᠶ᠎ᠡ ᠦᠵᠡᠭᠦᠯᠬᠦ ᠰᠤᠷᠭᠠᠭᠤᠯᠢ︾ ᠶᠢᠨ ᠫᠠᠶᠢᠰᠠ ᠣᠯᠭᠤᠬᠤ ᠶᠣᠰᠣᠯᠠᠯ ᠶᠠᠪᠤᠭᠳᠠᠪᠠ
ᠨᠡᠶᠢᠲᠡᠯᠡᠭᠰᠡᠨ ᠴᠠᠭ᠄
2019-12-09
12 ᠰᠠᠷ᠎ᠠ ᠶᠢᠨ 3 ᠤ ᠡᠳᠦᠷ᠂ ᠥᠪᠡᠷᠲᠡᠭᠡᠨ ᠵᠠᠰᠠᠬᠤ ᠣᠷᠣᠨ ᠤ ᠰᠢᠨᠵᠢᠯᠡᠬᠦ ᠤᠬᠠᠭᠠᠨ ᠮᠡᠷᠭᠡᠵᠢᠯ ᠤᠨ ᠨᠡᠶᠢᠭᠡᠮᠯᠢᠭ ᠤᠨ ᠨᠠᠶᠢᠳᠠᠯᠭ᠎ᠠ ᠪᠠᠷ ᠬᠤᠷᠴᠢᠨ ᠲᠣᠭᠤᠷᠢᠭ ᠤᠨ ᠰᠢᠨᠵᠢᠯᠡᠬᠦ ᠤᠬᠠᠭᠠᠨ ᠮᠡᠷᠭᠡᠵᠢᠯ ᠤᠨ ᠨᠡᠶᠢᠭᠡᠮᠯᠢᠭ ᠤᠨ ᠬᠢᠨ ᠲᠣᠭᠤᠷᠢᠭ ᠤᠨ ᠲᠤᠷᠰᠢᠯᠲᠠ ᠶᠢᠨ ᠪᠠᠭ᠎ᠠ ᠰᠤᠷᠭᠠᠭᠤᠯᠢ ᠳᠤ ︽ᠥᠪᠥᠷ ᠮᠣᠩᠭᠤᠯ ᠤᠨ ᠥᠪᠡᠷᠲᠡᠭᠡᠨ ᠵᠠᠰᠠᠬᠤ ᠣᠷᠣᠨ ᠤ ᠰᠢᠨᠵᠢᠯᠡᠬᠦ ᠤᠬᠠᠭᠠᠨ ᠮᠡᠷᠭᠡᠵᠢᠯ ᠤᠨ ᠵᠢᠱᠢᠶ᠎ᠡ ᠦᠵᠡᠭᠦᠯᠬᠦ ᠰᠤᠷᠭᠠᠭᠤᠯᠢ︾ ᠶᠢᠨ ᠫᠠᠶᠢᠰᠠ ᠣᠯᠭᠤᠬᠤ ᠶᠣᠰᠣᠯᠠᠯ ᠶᠠᠪᠤᠭᠳᠠᠪᠠ  ᠃ ᠲᠣᠭᠤᠷᠢᠭ ᠤᠨ ᠰᠢᠨᠵᠢᠯᠡᠬᠦ ᠤᠬᠠᠭᠠᠨ ᠮᠡᠷᠭᠡᠵᠢᠯ ᠤᠨ ᠨᠡᠶᠢᠭᠡᠮᠯᠢᠭ ᠤᠨ ᠲᠡᠷᠢᠭᠦᠯᠡᠭᠴᠢ ᠯᠢᠤ ᠰᠢᠶᠤᠤ ᠬᠤᠸᠠ᠂ ᠰᠤᠷᠭᠠᠨ ᠬᠥᠮᠦᠵᠢᠯ ᠪᠡᠶ᠎ᠡ ᠶᠢᠨ ᠲᠠᠮᠢᠷ ᠤᠨ ᠲᠣᠪᠴᠢᠶ᠎ᠠ ᠶᠢᠨ ᠳᠡᠳ᠋ ᠳᠠᠷᠤᠭ᠎ᠠ ᠭᠦᠸᠧ ᠸᠧᠶ ᠳ᠋ᠦᠩ ᠫᠠᠶᠢᠰᠠ ᠣᠯᠭᠤᠬᠤ ᠶᠣᠰᠣᠯᠠᠯ ᠳᠤ ᠣᠷᠣᠯᠴᠠᠵᠤ᠂ ᠲᠤᠷᠰᠢᠯᠲᠠ ᠶᠢᠨ ᠪᠠᠭ᠎ᠠ ᠰᠤᠷᠭᠠᠭᠤᠯᠢ ᠶᠢᠨ ᠬᠠᠮᠢᠶ᠎ᠠ ᠪᠦᠬᠦᠢ ᠤᠳᠤᠷᠢᠳᠤᠯᠭ᠎ᠠ᠂ ᠲᠣᠭᠤᠷᠢᠭ ᠤᠨ ᠰᠢᠨᠵᠢᠯᠡᠬᠦ ᠤᠬᠠᠭᠠᠨ ᠮᠡᠷᠭᠡᠵᠢᠯ ᠤᠨ ᠨᠡᠶᠢᠭᠡᠮᠯᠢᠭ ᠤᠨ ᠺᠠᠳ᠋ᠷ ᠠᠵᠢᠯᠲᠠᠨ ᠵᠢᠴᠢ ᠬᠡᠰᠡᠭ ᠪᠠᠭᠰᠢ ᠰᠤᠷᠤᠭᠴᠢᠳ ᠠᠵᠢᠯᠯᠠᠭ᠎ᠠ ᠳᠤ ᠣᠷᠣᠯᠴᠠᠪᠠ᠃ ᠬᠤᠷᠠᠯ ᠳᠤ ᠣᠷᠣᠯᠴᠠᠭᠰᠠᠳ ᠰᠤᠷᠭᠠᠭᠤᠯᠢ ᠶᠢᠨ ᠰᠢᠨᠵᠢᠯᠡᠬᠦ ᠤᠬᠠᠭᠠᠨ ᠮᠡᠷᠭᠡᠵᠢᠯ ᠢ ᠲᠦᠭᠡᠮᠡᠯᠵᠢᠭᠦᠯᠬᠦ ᠥᠷᠲᠡᠭᠡ᠂ ᠵᠠᠯᠠᠭᠤᠴᠤᠳ ᠪᠠᠭᠠᠴᠤᠳ ᠤᠨ ᠰᠢᠨᠵᠢᠯᠡᠬᠦ ᠤᠬᠠᠭᠠᠨ ᠮᠡᠷᠭᠡᠵᠢᠯ ᠤᠨ ᠠᠵᠢᠯᠯᠠᠭᠠᠨ ᠤ ᠲᠠᠰᠤᠭ ᠢ ᠲᠣᠭᠤᠷᠢᠨ ᠦᠵᠡᠵᠦ᠂ ᠰᠤᠷᠭᠠᠭᠤᠯᠢ ᠶᠢᠨ ᠰᠢᠨᠵᠢᠯᠡᠬᠦ ᠤᠬᠠᠭᠠᠨ ᠮᠡᠷᠭᠡᠵᠢᠯ ᠢ ᠲᠦᠭᠡᠮᠡᠯᠵᠢᠭᠦᠯᠬᠦ ᠠᠵᠢᠯ ᠢ  ᠳᠡᠭᠡᠳᠦ ᠬᠡᠮᠵᠢᠶ᠎ᠡ ᠪᠠᠷ ᠴᠢᠬᠤᠯᠠᠴᠢᠯᠠᠨ ᠦᠵᠡᠵᠦ᠂ ᠡᠯ᠎ᠡ ᠲᠥᠷᠥᠯ ᠤᠨ ᠵᠠᠯᠠᠭᠤᠴᠤᠳ ᠪᠠᠭᠠᠴᠤᠳ ᠤᠨ ᠰᠢᠨᠵᠢᠯᠡᠬᠦ ᠤᠬᠠᠭᠠᠨ ᠮᠡᠷᠭᠡᠵᠢᠯ ᠢ ᠲᠦᠭᠡᠮᠡᠯᠵᠢᠭᠦᠯᠬᠦ ᠠᠵᠢᠯᠯᠠᠭ᠎ᠠ ᠶᠢ ᠪᠦᠲᠦᠭᠡᠯᠴᠢ ᠪᠠᠷ ᠥᠷᠨᠢᠭᠦᠯᠵᠦ᠂ ᠵᠠᠯᠠᠭᠤᠴᠤᠳ ᠪᠠᠭᠠᠴᠤᠳ ᠤᠨ ᠰᠢᠨᠵᠢᠯᠡᠬᠦ ᠤᠬᠠᠭᠠᠨ ᠤ ᠬᠡᠪ ᠴᠢᠨᠠᠷ ᠢ ᠳᠡᠭᠡᠭᠰᠢᠯᠡᠭᠦᠯᠬᠦ ᠠᠵᠢᠯ ᠢ  ᠳᠡᠭᠡᠳᠦ ᠬᠡᠮᠵᠢᠶ᠎ᠡ ᠪᠠᠷ ᠦᠨᠡᠯᠡᠵᠦ᠂ ᠳᠠᠷᠠᠭ᠎ᠠ ᠨᠢ ᠰᠤᠷᠭᠠᠭᠤᠯᠢ ᠳᠤ ᠫᠠᠶᠢᠰᠠ ᠣᠯᠭᠤᠬᠤ ᠶᠣᠰᠣᠯᠠᠯ ᠶᠠᠪᠤᠭᠤᠯᠪᠠ᠃    2019 ᠣᠨ ᠳᠤ ᠬᠤᠷᠴᠢᠨ ᠲᠣᠭᠤᠷᠢᠭ ᠤᠨ ᠲᠤᠷᠰᠢᠯᠲᠠ ᠶᠢᠨ ᠪᠠᠭ᠎ᠠ ᠰᠤᠷᠭᠠᠭᠤᠯᠢ᠂ ᠮᠢᠩ ᠷᠧᠨ ᠪᠠᠭ᠎ᠠ ᠰᠤᠷᠭᠠᠭᠤᠯᠢ 2 ᠰᠤᠷᠭᠠᠭᠤᠯᠢ ᠲᠤᠰ ᠪᠦᠷᠢ ︽ᠥᠪᠥᠷ ᠮᠣᠩᠭᠤᠯ ᠤᠨ ᠥᠪᠡᠷᠲᠡᠭᠡᠨ ᠵᠠᠰᠠᠬᠤ ᠣᠷᠣᠨ ᠤ ᠰᠢᠨᠵᠢᠯᠡᠬᠦ ᠤᠬᠠᠭᠠᠨ ᠮᠡᠷᠭᠡᠵᠢᠯ ᠰᠤᠷᠭᠠᠨ ᠬᠥᠮᠦᠵᠢᠯ ᠤᠨ ᠵᠢᠱᠢᠶ᠎ᠡ ᠦᠵᠡᠭᠦᠯᠬᠦ ᠰᠤᠷᠭᠠᠭᠤᠯᠢ︾ ᠶᠢᠨ ᠢᠷᠠᠭᠤ ᠠᠯᠳᠠᠷ ᠤᠨ ᠴᠣᠯᠠ ᠶᠢ ᠬᠦᠷᠲᠡᠵᠦ᠂ ᠬᠤᠷᠴᠢᠨ ᠵᠡᠭᠡᠯᠢ ᠭᠤᠳᠤᠮᠵᠢ ᠶᠢᠨ ᠠᠷᠠᠳ ᠤᠨ ᠠᠭᠠᠷ ᠤᠨ ᠲᠡᠭᠡᠭᠡᠪᠦᠷᠢ ᠶᠢᠨ ᠨᠡᠶᠢᠭᠡᠮ ᠲᠣᠭᠤᠷᠢᠭ᠂ ᠬᠤᠩ ᠰᠢᠩ ᠵᠡᠭᠡᠯᠢ ᠭᠤᠳᠤᠮᠵᠢ ᠶᠢᠨ ᠼᠦᠢ ᠳ᠋ᠢ ᠳ᠋ᠦᠩ ᠵᠢᠶᠦ᠋ᠨ ᠨᠡᠶᠢᠭᠡᠮ ᠲᠣᠭᠤᠷᠢᠭ 2 ᠨᠡᠶᠢᠭᠡᠮ ᠲᠣᠭᠤᠷᠢᠭ ︽ᠥᠪᠥᠷ ᠮᠣᠩᠭᠤᠯ ᠤᠨ ᠥᠪᠡᠷᠲᠡᠭᠡᠨ ᠵᠠᠰᠠᠬᠤ ᠣᠷᠣᠨ ᠤ ᠰᠢᠨᠵᠢᠯᠡᠬᠦ ᠤᠬᠠᠭᠠᠨ ᠮᠡᠷᠭᠡᠵᠢᠯ ᠢ ᠲᠦᠭᠡᠮᠡᠯᠵᠢᠭᠦᠯᠬᠦ ᠵᠢᠱᠢᠶ᠎ᠡ ᠦᠵᠡᠭᠦᠯᠬᠦ ᠨᠡᠶᠢᠭᠡᠮ ᠲᠣᠭᠤᠷᠢᠭ︾ ᠤᠨ ᠢᠷᠠᠭᠤ ᠠᠯᠳᠠᠷ ᠤᠨ ᠴᠣᠯᠠ ᠶᠢ ᠬᠦᠷᠲᠡᠪᠡ᠃ ᠲᠤᠰ ᠠᠵᠢᠯᠯᠠᠭ᠎ᠠ ᠶᠢ ᠥᠷᠨᠢᠭᠦᠯᠦᠭᠰᠡᠨ ᠨᠢ ᠰᠢᠨᠵᠢᠯᠡᠬᠦ ᠤᠬᠠᠭᠠᠨ ᠮᠡᠷᠭᠡᠵᠢᠯ ᠢ ᠲᠦᠭᠡᠮᠡᠯᠵᠢᠭᠦᠯᠬᠦ ᠤᠬᠠᠭᠤᠯᠭ᠎ᠠ ᠶᠢᠨ ᠪᠣᠳᠠᠲᠤ ᠦᠷ᠎ᠡ ᠪᠦᠲᠦᠮᠵᠢ ᠶᠢ ᠪᠦᠲᠦᠮᠵᠢᠲᠡᠶ ᠪᠠᠷ ᠥᠷᠭᠡᠳᠬᠡᠬᠦ᠂ ᠬᠤᠷᠴᠢᠨ ᠲᠣᠭᠤᠷᠢᠭ ᠤᠨ ᠰᠢᠨᠵᠢᠯᠡᠬᠦ ᠤᠬᠠᠭᠠᠨ ᠮᠡᠷᠭᠡᠵᠢᠯ ᠢ ᠲᠦᠭᠡᠮᠡᠯᠵᠢᠭᠦᠯᠬᠦ ᠵᠢᠱᠢᠶ᠎ᠡ ᠦᠵᠡᠭᠦᠯᠬᠦ ᠰᠤᠷᠭᠠᠭᠤᠯᠢ᠂ ᠨᠡᠶᠢᠭᠡᠮ ᠲᠣᠭᠤᠷᠢᠭ ᠤᠨ ᠪᠦᠲᠦᠭᠡᠨ ᠪᠠᠶᠢᠭᠤᠯᠤᠯᠲᠠ ᠶᠢᠨ ᠠᠵᠢᠯ ᠢ ᠠᠬᠢᠭᠤᠯᠬᠤ ᠳᠤ ᠪᠠᠲᠤ ᠪᠠᠬᠢ ᠰᠠᠭᠤᠷᠢ ᠶᠢ ᠲᠠᠯᠪᠢᠵᠤ ᠥᠭᠴᠡᠶ᠃
 
ᠢᠷᠡᠯᠲᠡ᠄ ᠬᠤᠷᠴᠢᠨ ᠲᠤᠭᠤᠷᠢᠭ ᠤᠨ ᠵᠠᠰᠠᠭ ᠤᠨ ᠤᠷᠳᠤᠨ
 
 
ᠬᠠᠮᠢᠶ᠎ᠡ ᠪᠦᠬᠦᠢ ᠰᠣᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备05070829号