ᠬᠤᠷᠴᠢᠨ ᠲᠣᠭᠤᠷᠢᠭ ᠤᠨ ᠴᠢᠩ ᠾᠧ ᠪᠠᠯᠭᠠᠰᠤ ᠶᠠᠳᠠᠭᠤ ᠠᠴᠠ ᠠᠩᠭᠢᠵᠢᠷᠠᠭᠤᠯᠬᠤ ᠪᠣᠭᠤᠮᠲᠠ ᠰᠢᠪᠲᠤᠯᠬᠤ ︽ᠵᠤᠨ ᠤ ᠤᠯᠠᠷᠢᠯ ᠤᠨ ᠳᠠᠶᠢᠯᠠᠯᠳᠤᠭᠠᠨ︾ ᠤ ᠠᠵᠢᠯᠯᠠᠭ᠎ᠠ ᠶᠢ ᠯᠠᠪᠳᠠᠭᠤᠨ ᠪᠠᠲᠤᠲᠠᠶ ᠥᠷᠨᠢᠭᠦᠯᠪᠡ
ᠨᠡᠶᠢᠲᠡᠯᠡᠭᠰᠡᠨ ᠴᠠᠭ᠄
2019-08-19
ᠬᠤᠷᠴᠢᠨ ᠲᠣᠭᠤᠷᠢᠭ ᠤᠨ ᠴᠢᠩ ᠾᠧ ᠪᠠᠯᠭᠠᠰᠤ ᠶᠠᠳᠠᠭᠤ ᠠᠴᠠ ᠠᠩᠭᠢᠵᠢᠷᠠᠭᠤᠯᠬᠤ ᠪᠣᠭᠤᠮᠲᠠ ᠰᠢᠪᠲᠤᠯᠬᠤ ︽ᠵᠤᠨ ᠤ ᠤᠯᠠᠷᠢᠯ ᠤᠨ ᠳᠠᠶᠢᠯᠠᠯᠳᠤᠭᠠᠨ︾ ᠤ ᠠᠵᠢᠯᠯᠠᠭ᠎ᠠ ᠶᠢ ᠯᠠᠪᠳᠠᠭᠤᠨ ᠪᠠᠲᠤᠲᠠᠶ ᠥᠷᠨᠢᠭᠦᠯᠪᠡ     ᠨᠢᠭᠡ ᠳᠤ ᠠᠵᠤ ᠦᠶ᠋ᠯᠡᠰ ᠢ ᠠᠳᠬᠤᠵᠤ ᠪᠠᠬᠢᠵᠢᠭᠦᠯᠦᠨ ᠳᠡᠭᠡᠭᠰᠢᠯᠡᠭᠦᠯᠬᠦ ᠶᠢ ᠪᠠᠷᠢᠮᠲᠠᠯᠠᠵᠤ᠂ ᠲᠣᠭᠲᠠᠭᠤᠨ ᠢᠶᠠᠷ ᠶᠠᠳᠠᠭᠤ ᠠᠴᠠ ᠠᠩᠭᠢᠵᠢᠷᠠᠭᠤᠯᠬᠤ ᠶᠢ ᠳᠠᠶᠢᠴᠢᠯᠠᠨ᠎ᠠ᠃ ᠴᠢᠩ ᠾᠧ ᠪᠠᠯᠭᠠᠰᠤ ᠣᠳᠣ ᠪᠠᠶ᠋ᠭ᠎ᠠ ᠠᠵᠤ ᠦᠢᠯᠡᠰ ᠤᠨ ᠰᠠᠭᠤᠷᠢ ᠳᠠᠭᠠᠨ ᠰᠠᠭᠤᠷᠢᠯᠠᠵᠤ᠂ ᠶᠠᠳᠠᠭᠤ ᠠᠴᠠ ᠠᠩᠭᠢᠵᠢᠷᠠᠭᠤᠯᠬᠤ ᠰᠢᠨ᠎ᠡ ᠬᠥᠳᠡᠯᠭᠡᠭᠦᠷ ᠢ ᠬᠦᠴᠦᠯᠡᠨ ᠪᠠᠢᠭᠤᠯᠵᠤ᠂ ᠬᠠᠶ ᠲᠢᠶᠠᠨ ᠡᠮ ᠤᠨ ᠦᠶ᠋ᠯᠡᠰ ᠢ ᠣᠷᠣᠭᠤᠯᠤᠨ ᠠᠪᠴᠢᠷᠠᠵᠤ᠂ ᠴᠢᠴᠠᠷᠭᠠᠨ᠎ᠠ᠂ ᠴᠢᠪᠠᠭ᠎ᠠ ᠵᠡᠷᠭᠡ 3 ᠲᠦᠮᠡᠨ ᠮᠦ ᠠᠵᠤ ᠠᠬᠤᠶ ᠶᠢᠨ ᠣᠶ ᠲᠠᠷᠢᠬᠤ ᠶᠢᠨ ᠬᠠᠮᠲᠤ ᠣᠶ ᠶᠢᠨ ᠵᠠᠪᠰᠠᠷ ᠤᠨ ᠭᠠᠵᠠᠷ ᠢ ᠠᠰᠢᠭᠯᠠ ᠡᠮ ᠤᠨ ᠮᠠᠲ᠋ᠧᠷᠢᠶᠠᠯ ᠲᠠᠷᠢᠵᠤ᠂ ᠶᠠᠳᠠᠭᠤ ᠬᠦᠴᠢᠷᠳᠡᠯᠲᠡᠶ ᠡᠷᠦᠬᠡ ᠵᠢᠴᠢ ᠡᠩ ᠤᠨ ᠲᠠᠷᠢᠶᠠᠴᠢᠨ ᠡᠷᠦᠬᠡ ᠶᠢᠨ 300 ᠬᠥᠮᠦᠨ ᠳᠤ ᠠᠵᠢᠯ ᠣᠯᠭᠤᠪᠠ︔ ᠠᠵᠤ ᠦᠢᠯᠡᠰ ᠢᠶᠠᠷ ᠶᠠᠳᠠᠭᠤ ᠶᠢ ᠲᠡᠳᠬᠦᠬᠦ ᠪᠡᠯᠡ ᠮᠥᠩᠭᠦ ᠪᠠᠷ 40 ᠲᠦᠮᠡᠨ ᠲᠥᠭᠦᠷᠢᠭ ᠪᠡᠯᠡ ᠣᠷᠣᠭᠤᠯᠵᠤ᠂ ᠰᠢᠩ ᠳ᠋ᠠ ᠲᠡᠵᠢᠭᠡᠪᠦᠷᠢ ᠶᠢᠨ ᠬᠤᠷᠰᠢᠶᠠᠨ ᠳᠤ 10 ᠲᠦᠮᠡᠨ ᠲᠥᠭᠦᠷᠢᠭ ᠬᠤᠪᠢ ᠣᠷᠣᠭᠤᠯᠵᠤ᠂ ᠪᠡᠯᠡ ᠣᠷᠣᠭᠤᠯᠤᠯᠲᠠ ᠶᠢᠨ ᠠᠰᠢᠭ ᠣᠯᠵᠠᠪᠤᠷᠢ ᠶᠢᠨ ᠨᠣᠷᠮ᠎ᠠ ᠨᠢ 10 % ᠪᠠᠶᠢᠵᠤ᠂ 16 ᠶᠠᠳᠠᠭᠤ ᠬᠦᠴᠢᠷᠳᠡᠯᠲᠡᠶ ᠡᠷᠦᠬᠡ 34 ᠬᠥᠮᠦᠨ ᠢ ᠳᠠᠶᠢᠴᠢᠯᠠᠪᠠ᠃ 2 ᠲᠦᠮᠡᠨ ᠲᠥᠭᠦᠷᠢᠭ ᠢ ᠲᠡᠵᠢᠭᠡᠨ ᠦᠷᠡᠵᠢᠭᠦᠯᠬᠦ ᠣᠷᠣᠨ ᠰᠠᠭᠤᠴᠠ ᠶᠢᠨ ᠪᠦᠲᠦᠭᠡᠨ ᠪᠠᠶᠢᠭᠤᠯᠤᠯᠲᠠ ᠳᠤ ᠬᠡᠷᠡᠭᠯᠡᠵᠦ᠂ 4 ᠡᠷᠦᠬᠡ ᠶᠠᠳᠠᠭᠤ ᠬᠦᠴᠢᠷᠳᠡᠯᠲᠡᠶ ᠡᠷᠦᠬᠡ ᠶᠢ ᠳᠠᠶᠢᠴᠢᠯᠠᠨ᠎ᠠ᠃ 1.2 ᠲᠦᠮᠡᠨ ᠲᠥᠭᠦᠷᠢᠭ ᠢ ᠰᠠᠭᠤᠷᠢ ᠡᠮ᠎ᠡ ᠬᠤᠨᠢ ᠶᠢ ᠲᠡᠵᠢᠭᠡᠨ ᠦᠷᠡᠵᠢᠭᠦᠯᠬᠦ ᠳᠤ ᠬᠡᠷᠡᠭᠯᠡᠵᠦ᠂ ᠶᠠᠳᠠᠭᠤ ᠬᠦᠴᠢᠷᠳᠡᠯᠲᠡᠶ ᠡᠷᠦᠬᠡ 1 ᠡᠷᠦᠭᠡ 2 ᠬᠥᠮᠦᠨ ᠢ ᠳᠠᠢᠴᠢᠯᠠᠨ᠎ᠠ︔ ᠵᠢᠯ ᠤᠨ ᠡᠬᠢᠨ ᠠᠴᠠ ᠨᠠᠰᠢ᠂ ᠶᠠᠳᠠᠭᠤ ᠶᠢ ᠲᠡᠳᠬᠦᠬᠦ ᠭᠠᠯᠠᠭᠤ ᠶᠢ ᠨᠡᠶᠢᠲᠡ 1 ᠲᠦᠭᠦᠷ ᠲᠦᠭᠡᠭᠡᠵᠦ᠂ 90 ᠶᠠᠳᠠᠭᠤ ᠬᠦᠴᠢᠷᠳᠡᠯᠲᠡᠶ ᠡᠷᠦᠬᠡ ᠶᠢ ᠳᠠᠶᠢᠴᠢᠯᠠᠨ᠂ ᠡᠷᠦᠬᠡ ᠪᠦᠷᠢ ᠶᠢᠨ ᠣᠷᠣᠯᠭ᠎ᠠ ᠶᠢ 1000 ᠲᠥᠭᠦᠷᠢᠭ ᠨᠡᠮᠡᠭᠳᠡᠭᠦᠯᠪᠡ᠃     ᠬᠤᠶᠠᠷ ᠲᠤ ᠮᠡᠷᠭᠡᠵᠢᠯ ᠤᠨ ᠴᠢᠳᠠᠪᠤᠷᠢ ᠶᠢᠨ ᠪᠣᠯᠪᠠᠰᠤᠷᠠᠭᠤᠯᠤᠯ ᠢ ᠪᠥᠷᠬᠦᠭᠦᠯᠬᠦ ᠶᠢ ᠠᠳᠬᠤᠬᠤ ᠶᠢ ᠪᠠᠷᠢᠮᠲᠠᠯᠠᠵᠤ ᠂ ᠴᠢᠰᠤ ᠪᠦᠲᠦᠭᠡᠬᠦ ᠴᠢᠳᠠᠮᠵᠢ ᠶᠢ ᠳᠡᠭᠡᠭᠰᠢᠯᠡᠭᠦᠯᠦᠨ᠎ᠡ᠃ ᠶᠠᠳᠠᠭᠤ ᠬᠦᠴᠢᠷᠳᠡᠯᠲᠡᠶ ᠣᠯᠠᠨ ᠲᠦᠮᠡᠨ ᠤ ᠣᠷᠣᠯᠭ᠎ᠠ ᠶᠢ ᠲᠣᠭᠲᠠᠭᠤᠨ ᠢᠶᠠᠷ ᠨᠡᠮᠡᠭᠳᠡᠭᠦᠯᠬᠦ ᠠᠷᠭ᠎ᠠ ᠵᠠᠮ ᠢ ᠥᠷᠭᠡᠳᠬᠡᠬᠦ ᠶᠢᠨ ᠲᠥᠯᠥᠭᠡ᠂ ᠴᠢᠩ ᠾᠧ ᠪᠠᠯᠭᠠᠰᠤ ︽ᠪᠡᠯᠡ ᠮᠥᠩᠭᠦ ᠶᠠᠳᠠᠭᠤ ᠬᠥᠮᠦᠨ ᠢ ᠳᠠᠭᠠᠵᠤ᠂ ᠶᠠᠳᠠᠭᠤ ᠬᠥᠮᠦᠨ ᠴᠢᠳᠠᠪᠤᠷᠢᠲᠠᠨ ᠢ ᠳᠠᠭᠠᠵᠤ᠂ ᠴᠢᠳᠠᠪᠤᠷᠢᠲᠠᠨ ᠠᠵᠤ ᠦᠢᠯᠡᠰ ᠤᠨ ᠲᠥᠷᠥᠯ ᠵᠦᠶ᠋ᠯ ᠢ ᠳᠠᠭᠠᠵᠤ᠂ ᠠᠵᠤ ᠦᠢᠯᠡᠰ ᠤᠨ ᠲᠥᠷᠥᠯ ᠵᠦᠶ᠋ᠯ ᠵᠠᠬ᠎ᠠ ᠳᠡᠯᠭᠡᠭᠦᠷ ᠢ ᠳᠠᠭᠠᠵᠤ︾ ᠣᠨᠢᠨ ᠳᠡᠭᠡᠷ᠎ᠡ ᠨᠢ ᠠᠵᠤ ᠦᠶ᠋ᠯᠡᠰ ᠢᠶᠠᠷ ᠶᠠᠳᠠᠭᠤ ᠶᠢ ᠲᠡᠳᠬᠦᠬᠦ ᠠᠵᠢᠯ ᠶᠢᠨ ᠰᠡᠳᠬᠢᠮᠵᠢ ᠶᠢ ᠪᠠᠷᠢᠮᠲᠠᠯᠠᠵᠤ᠂ ︽ᠶᠠᠳᠠᠭᠤ ᠶᠢ ᠲᠡᠳᠬᠦᠬᠦ ᠳᠤ ᠤᠷᠢᠳ ᠢᠶᠠᠷ ᠣᠶᠤᠨ ᠢ ᠨᠢ ᠲᠡᠳᠬᠦᠵᠦ᠂ ᠶᠠᠳᠠᠭᠤ ᠶᠢ ᠵᠠᠰᠠᠬᠤ ᠳᠤ ᠤᠷᠢᠳ ᠢᠶᠠᠷ ᠲᠡᠨᠡᠭ ᠮᠤᠩᠬᠠᠭ ᠢ ᠨᠢ  ᠵᠠᠰᠠᠬᠤ︾ ᠵᠠᠷᠴᠢᠮ   ᠢ ᠪᠠᠷᠢᠮᠲᠠᠯᠠᠵᠤ᠂ ᠠᠳᠠᠯᠢ ᠪᠤᠰᠤ ᠠᠵᠤ ᠦᠢᠯᠡᠰ ᠤᠨ ᠲᠠᠷᠢᠶᠠᠴᠢᠨ ᠡᠷᠦᠬᠡ ᠳᠤ ᠴᠢᠭᠯᠡᠭᠦᠯᠦᠨ ᠵᠥᠷᠢᠶᠡᠲᠦ ᠪᠣᠯᠪᠠᠰᠤᠷᠠᠭᠤᠯᠤᠯ ᠬᠢᠵᠦ᠂ ᠲᠠᠷᠢᠶᠠᠴᠢᠨ ᠡᠷᠦᠬᠡ ᠶᠢᠨ ᠠᠵᠤ ᠦᠢᠯᠡᠰ ᠤᠨ ᠤᠷ᠎ᠠ ᠴᠢᠳᠠᠪᠤᠷᠢ ᠶᠢ ᠳᠡᠭᠡᠭᠰᠢᠯᠡᠭᠦᠯᠬᠦ ᠶᠠᠪᠤᠳᠠᠯ ᠢ ᠠᠵᠤ ᠦᠢᠯᠡᠰ ᠤᠨ ᠨᠠᠷᠢᠯᠢᠭ ᠣᠨᠣᠴᠠᠲᠠᠶ ᠪᠠᠷ ᠶᠠᠳᠠᠭᠤ ᠶᠢ ᠲᠡᠳᠬᠦᠬᠦ ᠶᠢ ᠲᠦᠯᠬᠢᠨ ᠠᠬᠢᠭᠤᠯᠬᠤ ᠶᠠᠪᠤᠳᠠᠯ ᠪᠣᠯᠭᠠᠵᠤ᠂ ᠬᠥᠳᠡᠯᠮᠦᠷᠢᠯᠡᠬᠦ ᠴᠢᠳᠠᠪᠤᠷᠢ ᠲᠠᠢ ᠶᠠᠳᠠᠭᠤ ᠬᠦᠴᠢᠷᠳᠡᠯᠲᠡᠶ ᠡᠷᠦᠬᠡ ᠪᠦᠬᠦᠨ ᠢ ᠨᠢᠭᠡ ᠤᠳᠠᠭ᠎ᠠ ᠶᠠᠳᠠᠭᠤ ᠠᠴᠠ ᠠᠩᠭᠢᠵᠢᠷᠠᠭᠤᠯᠬᠤ ᠶᠢ ᠪᠠᠲᠤᠯᠠᠵᠤ᠂ ᠦᠵᠡᠯ ᠰᠠᠨᠠᠭ᠎ᠠ ᠪᠠᠷ ᠶᠠᠳᠠᠭᠤ ᠶᠢ ᠲᠡᠳᠬᠦᠬᠦ᠂ ᠣᠶᠢᠯᠠᠭᠠᠭᠳᠠᠬᠤᠨ ᠢᠶᠠᠷ ᠶᠠᠳᠠᠭᠤ ᠶᠢ ᠲᠡᠳᠬᠦᠬᠦ᠂ ᠤᠷ᠎ᠠ ᠴᠢᠳᠠᠪᠤᠷᠢ ᠪᠠᠷ ᠶᠠᠳᠠᠭᠤ ᠶᠢ ᠲᠡᠳᠬᠦᠬᠦ ᠪᠠᠷ ᠳᠠᠮᠵᠢᠭᠤᠯᠤᠨ᠂ ᠶᠠᠳᠠᠭᠤ ᠬᠦᠴᠢᠷᠳᠡᠯᠲᠡᠶ ᠣᠯᠠᠨ ᠲᠦᠮᠡᠨ ᠢ ᠬᠥᠲᠥᠯᠥᠨ ᠵᠢᠯᠣᠭᠤᠳᠴᠤ ᠪᠠᠶᠢᠭᠠᠳ ᠬᠠᠷᠠᠭ᠎ᠠ ᠶᠢ ᠨᠢ ᠥᠷᠭᠡᠳᠬᠡᠨ᠂ ᠦᠵᠡᠯᠲᠡ ᠲᠠᠨᠢᠯᠲᠠ ᠶᠢ ᠨᠢ ᠳᠡᠭᠡᠭᠰᠢᠯᠡᠭᠦᠯᠵᠦ᠂ ᠤᠷ᠎ᠠ ᠴᠢᠳᠠᠪᠤᠷᠢ ᠶᠢ ᠨᠢ ᠳᠡᠭᠡᠭᠰᠢᠯᠡᠭᠦᠯᠵᠡᠶ᠃ ᠵᠢᠯ ᠤᠨ ᠡᠬᠢᠨ ᠠᠴᠠ ᠨᠠᠰᠢ  ᠂ ᠤᠷᠢᠳ ᠬᠤᠵᠢᠳ ᠴᠠᠭᠠᠨ ᠭᠠᠯᠠᠭᠤ ᠲᠡᠵᠢᠭᠡᠨ ᠦᠷᠡᠵᠢᠭᠦᠯᠬᠦ᠂ ᠢᠳᠡᠰᠢᠨ ᠨᠣᠭᠤᠭ᠎ᠠ ᠲᠠᠷᠢᠬᠤ᠂  ᠠᠯᠠᠰᠢᠨ ᠦᠬᠡᠷ  ᠬᠤᠨᠢᠨ ᠤ ᠠᠵᠤ ᠦᠢᠯᠡᠰ ᠤᠨ ᠬᠥᠭᠵᠢᠯᠲᠡ ᠵᠡᠷᠭᠡ ᠨᠠᠷᠢᠯᠢᠭ ᠣᠨᠣᠪᠴᠢᠲᠠᠶ  ᠪᠤᠯᠪᠠᠰᠤᠷᠠᠯ ᠢ 3 ᠤᠳᠠᠭ᠎ᠠ ᠥᠷᠨᠢᠭᠦᠯᠵᠦ᠂ ︽ᠴᠢᠰᠤ ᠶᠡᠭᠦᠯᠡᠬᠦ ᠮᠠᠶ᠋ᠢᠭ︾ ᠤᠨ ᠶᠠᠳᠠᠭᠤ ᠶᠢ ᠲᠡᠳᠭᠦᠬᠦ ᠠᠴᠠ ︽ᠴᠢᠰᠤ ᠪᠦᠲᠦᠭᠡᠬᠦ ᠮᠠᠶ᠋ᠢᠭ︾ ᠤᠨ ᠶᠠᠳᠠᠭᠤ ᠶᠢ ᠲᠡᠳᠬᠦᠬᠦ ᠪᠣᠯᠭᠠᠨ ᠬᠤᠪᠢᠷᠠᠭᠤᠯᠵᠤ᠂ ᠶᠠᠳᠠᠭᠤ ᠬᠦᠴᠢᠷᠳᠡᠯᠲᠡᠶ ᠡᠷᠦᠬᠡ ᠶᠢᠨ ᠣᠨᠢᠨ ᠳᠡᠭᠡᠷ᠎ᠡ ᠨᠢ ᠶᠠᠳᠠᠭᠤ ᠶᠢ ᠲᠡᠳᠬᠦᠬᠦ ᠶᠠᠪᠤᠴᠠ ᠳᠠᠬᠢ ︽ᠳᠠᠶᠢᠴᠢᠨ ᠬᠦᠴᠦᠨ︾ ᠢ ᠲᠠᠰᠤᠷᠠᠯᠲᠠ ᠤᠢᠭᠡᠢ ᠴᠢᠩᠭᠠᠳᠬᠠᠪᠠ᠃ ᠣᠳᠣᠬᠠᠨ ᠪᠣᠯᠲᠠᠯ᠎ᠠ᠂ 21 ᠲᠣᠰᠬᠤᠨ ᠳᠤ ᠰᠠᠭᠤᠭ᠎ᠠ ᠺᠠᠳ᠋ᠷ ᠵᠢᠴᠢ ᠲᠣᠰᠬᠤᠨ ᠤ ᠬᠤᠶᠠᠷ ᠵᠥᠪᠯᠡᠯ ᠤᠨ ᠺᠠᠳ᠋ᠷ ᠢ ᠪᠣᠯᠪᠠᠰᠤᠷᠠᠭᠤᠯᠵᠤ᠂ ᠶᠠᠳᠠᠭᠤ ᠬᠦᠴᠢᠷᠳᠡᠯᠲᠡᠶ ᠡᠷᠦᠬᠡ ᠵᠢᠴᠢ ᠡᠩ ᠤᠨ ᠲᠠᠷᠢᠶᠠᠴᠢᠨ ᠡᠷᠦᠬᠡ ᠳᠤ ᠠᠰᠢᠭ ᠬᠦᠷᠲᠡᠭᠡᠪᠡ᠃     ᠭᠤᠷᠪᠠ ᠳᠤ᠂ ᠰᠡᠵᠢᠭ ᠲᠠᠢ ᠴᠡᠭ ᠤᠨ ᠲᠤᠭ᠎ᠠ ᠪᠠᠷᠢᠮᠲᠠ ᠶᠢ ᠴᠡᠪᠡᠷᠯᠡᠨ ᠤᠬᠢᠶᠠᠬᠤ ᠶᠢ ᠠᠳᠬᠤᠬᠤ ᠶᠢ ᠪᠠᠷᠢᠮᠲᠠᠯᠠᠵᠤ᠂ ᠣᠨᠢᠨ ᠳᠡᠭᠡᠷ᠎ᠡ ᠨᠢ ᠶᠠᠳᠠᠭᠤ ᠶᠢ ᠲᠡᠳᠬᠦᠬᠦ ᠶᠢ ᠦᠨᠡᠨ ᠬᠦ ᠪᠠᠲᠤᠯᠠᠨ᠎ᠠ᠃ ᠴᠢᠩ ᠾᠧ ᠪᠠᠯᠭᠠᠰᠤᠨ ᠤ ᠪᠦᠬᠦ ᠪᠠᠯᠭᠠᠰᠤᠨ ᠤ ᠺᠠᠳ᠋ᠷ᠂ ᠲᠣᠰᠬᠤᠨ ᠳᠤ ᠰᠠᠭᠤᠭ᠎ᠠ ᠺᠠᠳ᠋ᠷ᠂ ᠡᠯ᠎ᠡ ᠲᠣᠰᠬᠤᠨ ᠤ ᠬᠤᠶᠠᠷ ᠵᠥᠪᠯᠡᠯ ᠤᠨ ᠺᠠᠳ᠋ᠷ ᠲᠣᠰᠬᠤᠨ ᠳᠤ ᠣᠷᠣᠵᠤ ᠡᠷᠦᠬᠡ ᠳᠤ ᠣᠷᠣᠵᠤ᠂ ᠶᠠᠳᠠᠭᠤ ᠬᠦᠴᠢᠷᠳᠡᠯᠲᠡᠶ ᠡᠷᠦᠬᠡ ᠶᠢᠨ ᠣᠪᠣᠭ ᠨᠡᠷ᠎ᠡ᠂ ᠪᠡᠶ᠎ᠡ ᠶᠢᠨ ᠦᠨᠡᠮᠯᠡᠯ ︵ᠵᠡᠮᠳᠡᠭ ᠬᠥᠮᠦᠨ ᠤ ᠦᠨᠡᠮᠯᠡᠯ︶ ᠤᠨ ᠨᠣᠮᠧᠷ᠂ ᠶᠠᠳᠠᠭᠤ ᠠᠴᠠ ᠠᠩᠭᠢᠵᠢᠷᠠᠭᠤᠯᠬᠤ ᠬᠥᠮᠦᠨ ᠠᠮᠠ ᠶᠢᠨ ᠣᠷᠣᠯᠭ᠎ᠠ᠂ ︽ᠬᠤᠶᠠᠷ ᠲᠤ ᠵᠣᠪᠠᠭ᠋ᠤ ᠦᠭᠡᠶ᠂ ᠭᠤᠷᠪᠠ ᠶᠢ ᠪᠠᠲᠤᠯᠠᠬᠤ︾ ᠵᠡᠷᠭᠡ ᠡᠯ᠎ᠡ ᠲᠥᠷᠥᠯ ᠤᠨ ᠦᠨᠳᠦᠰᠦᠨ ᠮᠡᠳᠡᠭᠡ ᠵᠠᠩᠭᠢ ᠶᠢ ᠪᠦᠬᠦ ᠲᠠᠯ᠎ᠠ ᠪᠠᠷ ᠬᠠᠷᠭᠤᠭᠤᠯᠤᠨ ᠵᠥᠪᠰᠢᠶᠡᠷᠡᠵᠦ᠂ ᠳᠠᠩᠰᠠᠯᠠᠵᠤ ᠺᠠᠷᠲᠯᠠᠭᠰᠠᠨ ᠮᠠᠲ᠋ᠧᠷᠢᠶᠠᠯ ᠢ ᠨᠠᠷᠢᠯᠢᠭᠵᠢᠭᠤᠯᠤᠨ ᠲᠡᠭᠦᠯᠳᠡᠷᠵᠢᠭᠦᠯᠵᠦ᠂  ᠦᠨᠳᠦᠰᠦᠨ ᠮᠡᠳᠡᠭᠡ ᠵᠠᠩᠭᠢ ᠶᠢᠨ ᠡᠬᠡ ᠳᠠᠩᠰᠠ ᠶᠢ ᠪᠠᠢᠭᠤᠯᠵᠤ᠂ ᠣᠨᠢᠨ ᠳᠡᠭᠡᠷ᠎ᠡ ᠨᠢ ᠶᠠᠳᠠᠭᠤ ᠠᠴᠠ ᠠᠩᠭᠢᠵᠢᠷᠠᠭᠤᠯᠬᠤ ᠳᠤ ᠨᠠᠢᠳᠠᠪᠤᠷᠢᠲᠠᠢ ᠦᠨᠳᠦᠰᠦ ᠪᠠᠷᠢᠮᠲᠠ ᠬᠠᠩᠭᠠᠨ᠎ᠠ︔ ᠵᠢᠯᠣᠭᠤᠳᠬᠤ ᠳᠡᠰ ᠳᠠᠷᠠᠭᠠᠯᠠᠯ ᠢ ᠴᠢᠩᠳᠠᠯᠠᠵᠤ᠂ ᠲᠤᠭ᠎ᠠ ᠪᠠᠷᠢᠮᠲᠠ ᠶᠢᠨ ᠬᠤᠭᠤᠰᠣᠨ ᠬᠡᠮᠵᠢᠭᠳᠡᠯ ᠪᠠ ᠲᠤᠭ᠎ᠠ ᠪᠠᠷᠢᠮᠲᠠ ᠶᠢᠨ ᠯᠣᠭᠢᠭ ᠨᠢ ᠪᠤᠷᠤᠭᠤᠳᠠᠭᠰᠠᠨ ᠠᠰᠠᠭᠤᠳᠠᠯ ᠳᠤ᠂ ᠶᠠᠳᠠᠭᠤ ᠬᠦᠴᠢᠷᠳᠡᠯᠲᠡᠶ ᠡᠷᠦᠬᠡ ᠶᠢᠨ ᠰᠢᠰᠲ᠋ᠧᠮ ᠤᠨ ᠮᠡᠳᠡᠭᠡ ᠵᠠᠩᠭᠢ ᠨᠢ ᠪᠣᠳᠠᠲᠤ ᠪᠠᠢᠳᠠᠯ ᠲᠠᠢ ᠨᠡᠶᠢᠴᠡᠬᠦ ᠡᠰᠡᠬᠦ᠂ ᠲᠤᠭ᠎ᠠ ᠪᠠᠷᠢᠮᠲᠠ ᠶᠢ ᠤᠬᠢᠶᠠᠨ ᠴᠡᠪᠡᠷᠯᠡᠬᠦ ᠨᠢ ᠯᠣᠭᠢᠭ ᠤᠨ ᠠᠯᠳᠠᠭ᠎ᠠ ᠲᠠᠢ ᠡᠰᠡᠬᠦ ᠶᠢ ᠡᠷᠦᠬᠡ ᠳᠠᠷᠠᠭᠠᠯᠠᠨ ᠬᠢᠨᠠᠨ ᠰᠢᠯᠭᠠᠬᠤ ᠶᠢᠨ ᠬᠠᠮᠲᠤ᠂ ᠵᠠᠰᠠᠪᠤᠷᠢ ᠣᠷᠣᠭᠤᠯᠤᠨ ᠳᠠᠩᠰᠠᠯᠠᠬᠤ ᠠᠵᠢᠯ ᠢ ᠰᠠᠶᠢᠲᠤᠷ ᠬᠢᠵᠦ᠂ ᠶᠠᠳᠠᠭᠤ ᠬᠦᠴᠢᠷᠳᠡᠯᠲᠡᠶ ᠡᠷᠦᠬᠡ ᠶᠢᠨ ᠲᠤᠭ᠎ᠠ ᠪᠠᠷᠢᠮᠲᠠ ᠶᠢ ᠴᠡᠪᠡᠷᠯᠡᠨ ᠳᠢᠭᠯᠡᠬᠦ ᠶᠢᠨ ᠣᠨᠣᠪᠴᠢᠲᠤ ᠴᠢᠨᠠᠷ   ᠢ ᠦᠨᠡᠨᠬᠦ ᠪᠠᠲᠤᠯᠠᠬᠤ ᠬᠡᠷᠡᠭᠲᠡᠶ᠃      ᠳᠥᠷᠪᠡ ᠳᠤ᠂  ᠦᠨᠳᠡᠰᠦᠨ ᠳᠠᠩᠰᠠ ᠡᠪᠬᠡᠮᠡᠯ ᠤᠨ ᠬᠠᠮᠢᠶᠠᠷᠤᠯᠲᠠ ᠶᠢ ᠠᠳᠬᠤᠬᠤ ᠶᠢ ᠪᠠᠷᠢᠮᠲᠠᠯᠠᠵᠤ᠂ ᠶᠠᠳᠠᠭᠤ ᠶᠢ ᠲᠡᠳᠬᠦᠬᠦ ᠠᠵᠢᠯ ᠢ ᠳᠠᠬᠢᠨ ᠳᠡᠭᠡᠭᠰᠢᠯᠡᠭᠦᠯᠪᠡ᠃ ᠴᠢᠩ ᠾᠧ ᠪᠠᠯᠭᠠᠰᠤᠨ ᠤ ᠪᠦᠬᠦ ᠪᠠᠯᠭᠠᠰᠤᠨ ᠤ ᠺᠠᠳ᠋ᠷ ᠣᠨᠢᠨ ᠳᠡᠭᠡᠷ᠎ᠡ ᠨᠢ ᠶᠠᠳᠠᠭᠤ ᠶᠢ ᠲᠡᠳᠬᠦᠬᠦ ᠮᠠᠲ᠋ᠧᠷᠢᠶᠠᠯ ᠤᠨ ᠲᠥᠷᠥᠯᠵᠢᠭᠦᠯᠦᠨ ᠡᠮᠬᠢᠯᠡᠬᠦ ᠪᠠ ᠳᠠᠩᠰᠠ ᠡᠪᠬᠡᠮᠡᠯ ᠢ ᠵᠢᠷᠤᠮᠵᠢᠭᠤᠯᠤᠨ ᠬᠠᠮᠢᠶᠠᠷᠬᠤ ᠱᠠᠭᠠᠷᠳᠠᠯᠭ᠎ᠠ ᠶᠢ ᠨᠠᠷᠢᠨ ᠬᠢᠨᠠᠮᠠᠭᠠᠶ ᠰᠤᠷᠤᠯᠴᠠᠨ ᠰᠤᠳᠤᠯᠬᠤ ᠶᠢᠨ ᠬᠠᠮᠲᠤ ᠡᠯ᠎ᠡ ᠲᠣᠰᠬᠤᠨ ᠳᠤ ᠰᠠᠭᠤᠭ᠎ᠠ ᠺᠠᠳ᠋ᠷ᠂ ᠲᠣᠰᠬᠤᠨ ᠤ ᠬᠤᠶᠠᠷ ᠵᠥᠪᠯᠡᠯ ᠤᠨ ᠺᠠᠳ᠋ᠷ ᠢ ᠴᠤᠭᠯᠠᠭᠤᠯᠤᠨ ᠲᠤᠰᠬᠠᠶ ᠰᠡᠳᠦᠪᠲᠦ ᠳᠠᠩᠰᠠ ᠡᠪᠬᠡᠮᠡᠯ ᠢ ᠵᠢᠷᠤᠮᠵᠢᠭᠤᠯᠬᠤ ᠲᠤᠬᠠᠶᠢᠯᠠᠭᠰᠠᠨ ᠠᠵᠢᠯ ᠶᠢᠨ ᠪᠣᠯᠪᠠᠰᠤᠷᠠᠯ ᠤᠨ ᠬᠤᠷᠠᠯ ᠬᠤᠷᠠᠯᠳᠤᠭᠤᠯᠵᠤ᠂ ᠡᠯ᠎ᠡ ᠲᠣᠰᠬᠤᠨ ᠢ ᠵᠢᠯᠣᠭᠤᠳᠤᠨ ᠣᠨᠢᠨ ᠳᠡᠭᠡᠷ᠎ᠡ ᠨᠢ ᠶᠠᠳᠠᠭᠤ ᠶᠢ ᠲᠡᠳᠬᠦᠬᠦ ᠳᠠᠩᠰᠠ ᠡᠪᠬᠡᠮᠡᠯ ᠤᠨ ᠠᠵᠢᠯ ᠢ ᠰᠠᠶᠢᠲᠤᠷ ᠬᠢᠵᠦ᠂ ᠣᠨᠢᠨ ᠳᠡᠭᠡᠷ᠎ᠡ ᠨᠢ ᠶᠠᠳᠠᠭᠤ ᠶᠢ ᠲᠡᠳᠬᠦᠬᠦ ᠳᠠᠩᠰᠠ ᠡᠪᠬᠡᠮᠡᠯ ᠢ ᠡᠮᠬᠢᠯᠡᠬᠦ ᠠᠵᠢᠯ ᠢ ᠰᠠᠶᠢᠲᠤᠷ ᠬᠢᠬᠦ ᠳᠤ ᠲᠤᠬᠠᠶᠢᠯᠠᠭᠰᠠᠨ ᠠᠵᠢᠯ ᠶᠢᠨ ᠰᠠᠭᠤᠷᠢ ᠲᠠᠯᠪᠢᠵᠤ ᠥᠭᠪᠡ᠃ ᠡᠭᠦᠨ ᠤ  ᠬᠠᠮᠲᠤ᠂ ᠳᠡᠭᠡᠳᠦ ᠱᠠᠲᠤᠨ ᠤ ᠳᠠᠩᠰᠠ ᠡᠪᠬᠡᠮᠡᠯ ᠤᠨ ᠮᠡᠳᠡᠭᠡ ᠵᠠᠩᠭᠢ ᠶᠢᠨ ᠠᠵᠢᠯ ᠤᠨ ᠬᠤᠷᠠᠯ ᠤᠨ ᠱᠠᠭᠠᠷᠳᠠᠯᠭ᠎ᠠ ᠶᠢ ᠴᠢᠩᠭ᠎ᠠ ᠵᠢᠷᠤᠮᠯᠠᠨ᠂ ᠡᠯ᠎ᠡ ᠲᠣᠰᠬᠤᠨ ᠤ  ᠣᠨᠣᠪᠴᠢᠲᠠᠶ ᠪᠠᠷ ᠶᠠᠳᠠᠭᠤ ᠶᠢ ᠲᠡᠳᠬᠦᠬᠦ ᠳᠠᠩᠰᠠ ᠡᠪᠬᠡᠮᠡᠯ ᠢ ᠡᠮᠬᠢᠯᠡᠬᠦ ᠠᠵᠢᠯ ᠢ ᠲᠤᠰᠬᠠᠶ  ᠵᠦᠢᠯ ᠢᠶᠠᠷ ᠬᠢᠨᠠᠨ ᠵᠢᠯᠣᠭᠤᠳᠴᠤ ᠪᠠᠶᠢᠴᠠᠭᠠᠨ᠎ᠠ᠃ ᠳᠠᠩᠰᠠ ᠡᠪᠬᠡᠮᠡᠯ ᠳᠤ ᠣᠷᠣᠭᠤᠯᠬᠤ ᠬᠡᠪᠴᠢᠶ᠎ᠡ᠂ ᠡᠮᠬᠢᠯᠡᠬᠦ ᠠᠷᠭ᠎ᠠ᠂ ᠬᠠᠳᠠᠭᠠᠯᠠᠨ ᠬᠠᠮᠢᠶᠠᠷᠬᠤ ᠨᠥᠬᠦᠴᠡᠯ᠂ ᠬᠡᠷᠡᠭᠯᠡᠬᠦ ᠳᠡᠰ ᠳᠠᠷᠠᠭᠠᠯᠠᠯ᠂ ᠰᠢᠯᠵᠢᠭᠦᠯᠦᠨ ᠲᠤᠰᠢᠶᠠᠬᠤ ᠴᠠᠭ ᠤᠨ ᠬᠢᠵᠠᠭᠠᠷ ᠵᠢᠴᠢ ᠮᠡᠳᠡᠭᠡ ᠵᠠᠩᠭᠢᠵᠢᠭᠤᠯᠤᠨ ᠬᠠᠮᠢᠶᠠᠷᠬᠤ ᠵᠡᠷᠭᠡ ᠱᠠᠭᠠᠷᠳᠠᠯᠭ᠎ᠠ ᠳᠤ ᠭᠤᠤᠯᠳᠠᠯᠭ᠎ᠠ ᠲᠠᠢ ᠴᠢᠭᠯᠡᠭᠦᠯᠦᠨ ᠨᠠᠷᠢᠨ ᠨᠢᠮᠪᠠᠶ ᠪᠠᠶᠢᠴᠠᠭᠠᠯᠲᠠ ᠬᠢᠵᠦ᠂ ᠣᠯᠵᠤ ᠮᠡᠳᠡᠭᠰᠡᠨ ᠠᠰᠠᠭᠤᠳᠠᠯ ᠢ ᠴᠠᠭ ᠲᠤᠬᠠᠶ ᠳᠤᠨᠢ ᠮᠥᠷᠳᠡᠨ ᠳᠠᠭᠠᠵᠤ᠂ ᠵᠦᠶ ᠵᠣᠬᠢᠰᠲᠠᠶ ᠲᠥᠰᠦᠯ ᠲᠣᠭᠲᠠᠭᠠᠨ᠂ ᠲᠤᠬᠠᠶ ᠶᠢᠨ ᠲᠠᠯᠠᠪᠠᠶ ᠳᠤ ᠴᠡᠭᠴᠡᠯᠡᠨ ᠰᠠᠶᠢᠵᠢᠷᠠᠭᠤᠯᠬᠤ ᠰᠠᠨᠠᠯ ᠪᠠ ᠠᠷᠭ᠎ᠠ ᠬᠡᠮᠵᠢᠶ᠎ᠡ ᠳᠤᠷᠠᠳᠴᠤ᠂ ᠣᠨᠣᠪᠴᠢᠲᠠᠶ ᠪᠠᠷ ᠶᠠᠳᠠᠭᠤ ᠶᠢ ᠲᠡᠳᠬᠦᠬᠦ ᠪᠢᠴᠢᠭ ᠮᠠᠲ᠋ᠧᠷᠢᠶᠠᠯ ᠮᠠᠲ᠋ᠧᠷᠢᠶᠠᠯ ᠴᠤᠭᠯᠠᠭᠤᠯᠬᠤ ᠰᠢᠰᠲ᠋ᠧᠮ ᠤᠨ ᠪᠦᠬᠦ ᠲᠠᠯ᠎ᠠ ᠶᠢᠨ ᠪᠠᠶᠢᠬᠤ ᠶᠢ ᠦᠨᠡᠨᠬᠦ ᠪᠠᠲᠤᠯᠠᠬᠤ ᠬᠡᠷᠡᠭᠲᠡᠶ᠃
 
ᠢᠷᠡᠯᠲᠡ᠄ ᠬᠤᠷᠴᠢᠨ ᠲᠤᠭᠤᠷᠢᠭ ᠤᠨ ᠵᠠᠰᠠᠭ ᠤᠨ ᠤᠷᠳᠤᠨ ᠤ ᠬᠢᠳᠠᠳ ᠰᠦᠯᠵᠢᠶ᠎ᠡ
 
 
ᠬᠠᠮᠢᠶ᠎ᠡ ᠪᠦᠬᠦᠢ ᠰᠣᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备05070829号