︽ᠬᠤᠷᠴᠢᠨ ᠲᠣᠭᠤᠷᠢᠭ ᠤᠨ ᠵᠠᠰᠠᠭ ᠵᠠᠬᠢᠷᠭᠠᠨ ᠤ ᠬᠠᠤᠯᠢ ᠬᠡᠷᠡᠭᠵᠢᠭᠦᠯᠦᠯᠲᠡ ᠶᠢ ᠢᠯᠠ ᠨᠡᠶᠢᠲᠡᠯᠡᠬᠦ ᠳᠦᠷᠢᠮ᠂ ᠬᠠᠤᠯᠢ ᠬᠡᠷᠡᠭᠵᠢᠭᠦᠯᠬᠦ ᠪᠦᠬᠦ ᠶᠠᠪᠤᠴᠠ ᠶᠢ ᠲᠡᠮᠳᠡᠭᠯᠡᠬᠦ ᠳᠦᠷᠢᠮ᠂ ᠴᠢᠬᠤᠯᠠ ᠶᠡᠭᠡ ᠬᠠᠤᠯᠢ ᠬᠡᠷᠡᠭᠵᠢᠭᠦᠯᠬᠦ ᠲᠣᠭᠲᠠᠭᠠᠯ ᠤᠨ ᠬᠠᠤᠯᠢ ᠳᠦᠷᠢᠮ ᠤᠨ ᠬᠢᠨᠠᠨ ᠬᠠᠷᠭᠤᠭᠤᠯᠬᠤ ᠳᠦᠷᠢᠮ ᠢ ᠬᠡᠷᠡᠭᠵᠢᠭᠦᠯᠬᠦ ᠠᠵᠢᠯ ᠶᠢᠨ ᠲᠥᠰᠦᠯ︾ ᠢ ᠳᠠᠷᠤᠮᠠᠯᠯᠠᠨ ᠲᠠᠷᠬᠠᠭᠠᠬᠤ ᠲᠤᠬᠠᠶ ᠬᠤᠷᠴᠢᠨ ᠲᠣᠭᠤᠷᠢᠭ ᠤᠨ ᠠᠷᠠᠳ ᠤᠨ ᠵᠠᠰᠠᠭ ᠤᠨ ᠣᠷᠳᠣᠨ ᠤ ᠠᠯᠪᠠᠨ ᠭᠡᠷ ᠤᠨ ᠮᠡᠳᠡᠭᠳᠡᠯ
ᠨᠡᠶᠢᠲᠡᠯᠡᠭᠰᠡᠨ ᠴᠠᠭ᠄
2019-08-26
  ᠲᠦᠩᠯᠢᠶᠤᠤ  ᠬᠤᠷᠴᠢᠨ ᠵᠠᠰᠠᠭ ᠠᠯᠪᠠᠨ ᠲᠠᠷᠬᠠᠭᠠᠭᠰᠠᠨ ︹ 2019 ︺ 61 ᠳ᠋ᠦᠭᠡᠷ ᠲᠣᠭᠠᠲᠤ    ᠡᠯ᠎ᠡ ᠪᠠᠯᠭᠠᠰᠤ ᠰᠤᠮᠤᠨ ᠤ ᠠᠷᠠᠳ ᠤᠨ ᠵᠠᠰᠠᠭ ᠤᠨ ᠣᠷᠳᠣᠨ᠂ ᠤᠯᠤᠰ ᠤᠨ ᠥᠮᠴᠢᠯᠡᠯᠲᠡ ᠲᠠᠷᠢᠶᠠᠯᠠᠩ ᠮᠠᠯ ᠠᠵᠤ ᠠᠬᠤᠢ ᠶᠢᠨ ᠲᠠᠯᠠᠪᠠᠢ᠂ ᠡᠯ᠎ᠡ ᠵᠡᠭᠡᠯᠢ ᠭᠤᠳᠤᠮᠵᠢ ᠶᠢᠨ ᠬᠡᠷᠡᠭ ᠡᠷᠬᠢᠯᠡᠬᠦ ᠭᠠᠵᠠᠷ᠂ ᠡᠯ᠎ᠡ ᠵᠥᠪᠯᠡᠯ᠂ ᠠᠯᠪᠠᠨ ᠭᠡᠷ ᠂ ᠲᠣᠪᠴᠢᠶ᠎ᠠ᠂ ᠰᠠᠯᠠᠭ᠎ᠠ ᠳᠤ ᠰᠠᠭᠤᠭ᠎ᠠ ᠣᠷᠣᠨ ᠤ ᠰᠢᠭᠤᠳ ᠬᠠᠷᠢᠶ᠎ᠠ ᠡᠯ᠎ᠡ ᠨᠢᠭᠡᠴᠡ ᠳᠤ᠄    ︽ᠬᠤᠷᠴᠢᠨ ᠲᠣᠭᠤᠷᠢᠭ ᠤᠨ ᠵᠠᠰᠠᠭ ᠵᠠᠬᠢᠷᠭᠠᠨ ᠤ ᠬᠠᠤᠯᠢ ᠬᠡᠷᠡᠭᠵᠢᠭᠦᠯᠦᠯᠲᠡ ᠶᠢ ᠢᠯᠡ ᠨᠡᠶᠢᠲᠡᠯᠡᠬᠦ ᠳᠦᠷᠢᠮ᠂ ᠬᠠᠤᠯᠢ ᠬᠡᠷᠡᠭᠵᠢᠭᠦᠯᠬᠦ ᠪᠦᠬᠦ ᠶᠠᠪᠤᠴᠠ ᠶᠢ ᠲᠡᠮᠳᠡᠭᠯᠡᠬᠦ ᠳᠦᠷᠢᠮ᠂ ᠴᠢᠬᠤᠯᠠ ᠶᠡᠭᠡ ᠬᠠᠤᠯᠢ ᠬᠡᠷᠡᠭᠵᠢᠭᠦᠯᠬᠦ ᠲᠣᠭᠲᠠᠭᠠᠯ ᠤᠨ ᠬᠠᠤᠯᠢ ᠳᠦᠷᠢᠮ ᠤᠨ ᠬᠢᠨᠠᠨ ᠬᠠᠷᠭᠤᠭᠤᠯᠬᠤ ᠳᠦᠷᠢᠮ ᠢ ᠶᠠᠪᠤᠭᠤᠯᠬᠤ ᠠᠵᠢᠯ ᠤᠨ ᠲᠥᠰᠦᠯ︾ ᠢ ᠡᠳᠦᠭᠡ ᠲᠠᠨᠠᠷ ᠲᠤ ᠳᠠᠷᠤᠮᠠᠯᠯᠠᠨ ᠶᠠᠪᠤᠭᠤᠯᠤᠯ᠎ᠠ᠃ ᠡᠯ᠎ᠡ ᠨᠢᠭᠡᠴᠡ ᠪᠣᠳᠠᠲᠤ  ᠪᠠᠶᠢᠳᠠᠯ ᠲᠠᠢ ᠪᠠᠨ ᠤᠶᠠᠯᠳᠤᠭᠤᠯᠤᠨ᠂ ᠬᠢᠨᠠᠮᠠᠭᠠᠶ ᠲᠤᠤᠱᠯᠠᠭᠤᠯᠤᠨ ᠨᠠᠶᠢᠳᠠᠪᠤᠷᠢᠵᠢᠭᠤᠯᠲᠤᠭᠠᠶ᠃    ᠳᠠᠭᠠᠯᠳᠤᠭᠤᠯᠤᠯ᠄ ᠬᠤᠷᠴᠢᠨ ᠲᠣᠭᠤᠷᠢᠭ ᠤᠨ ᠵᠠᠰᠠᠭ ᠵᠠᠬᠢᠷᠭᠠᠨ ᠤ ᠬᠠᠤᠯᠢ ᠬᠡᠷᠡᠭᠵᠢᠭᠦᠯᠦᠯᠲᠡ ᠶᠢ ᠢᠯᠡ ᠨᠡᠶᠢᠲᠡᠯᠡᠬᠦ ᠳᠦᠷᠢᠮ᠂ ᠬᠠᠤᠯᠢ ᠬᠡᠷᠡᠭᠵᠢᠭᠦᠯᠬᠦ ᠪᠦᠬᠦ ᠶᠠᠪᠤᠴᠠ ᠶᠢ ᠲᠡᠮᠳᠡᠭᠯᠡᠬᠦ ᠳᠦᠷᠢᠮ᠂ ᠴᠢᠬᠤᠯᠠ ᠶᠡᠭᠡ ᠬᠠᠤᠯᠢ ᠬᠡᠷᠡᠭᠵᠢᠭᠦᠯᠬᠦ ᠲᠣᠭᠲᠠᠭᠠᠯ ᠤᠨ ᠬᠠᠤᠯᠢ ᠳᠦᠷᠢᠮ ᠤᠨ ᠬᠢᠨᠠᠨ ᠬᠠᠷᠭᠤᠭᠤᠯᠬᠤ ᠳᠦᠷᠢᠮ ᠢ ᠬᠡᠷᠡᠭᠵᠢᠭᠦᠯᠬᠦ ᠠᠵᠢᠯ ᠤᠨ ᠲᠥᠰᠦᠯ    2019 ᠤᠨ ᠤ 6 ᠰᠠᠷ᠎ᠠ ᠶᠢᠨ 10 ᠤ ᠡᠳᠦᠷ ᠬᠤᠷᠴᠢᠨ ᠲᠣᠭᠤᠷᠢᠭ ᠤᠨ ᠠᠷᠠᠳ ᠤᠨ ᠵᠠᠰᠠᠭ ᠤᠨ ᠣᠷᠳᠣᠨ ᠤ ᠠᠯᠪᠠᠨ ᠭᠡᠷ 2019 ᠤᠨ ᠤ 6 ᠰᠠᠷ᠎ᠠ ᠶᠢᠨ 10 ᠤ ᠡᠳᠦᠷ ᠳᠠᠷᠤᠮᠠᠯᠯᠠᠨ ᠲᠠᠷᠬᠠᠭᠠᠪᠠ    ᠬᠤᠷᠴᠢᠨ ᠲᠣᠭᠤᠷᠢᠭ ᠵᠠᠰᠠᠭ ᠵᠠᠬᠢᠷᠭᠠᠨ ᠤ ᠬᠠᠤᠯᠢ ᠬᠡᠷᠡᠭᠵᠢᠭᠦᠯᠦᠯᠲᠡ ᠶᠢ ᠵᠠᠷᠯᠠᠨ ᠨᠡᠶᠢᠲᠡᠯᠡᠬᠦ ᠳᠦᠷᠢᠮ᠂ ᠬᠠᠤᠯᠢ ᠬᠡᠷᠡᠭᠵᠢᠭᠦᠯᠬᠦ ᠪᠦᠬᠦ ᠶᠠᠪᠤᠴᠠ ᠶᠢ ᠲᠡᠮᠳᠡᠭᠯᠡᠬᠦ ᠳᠦᠷᠢᠮ᠂ ᠴᠢᠬᠤᠯᠠ ᠶᠡᠭᠡ ᠬᠠᠤᠯᠢ ᠬᠡᠷᠡᠭᠵᠢᠭᠦᠯᠬᠦ ᠲᠣᠭᠲᠠᠭᠠᠯ ᠬᠠᠤᠯᠢ ᠳᠦᠷᠢᠮ ᠤᠨ ᠬᠢᠨᠠᠨ ᠬᠠᠷᠭᠤᠭᠤᠯᠬᠤ ᠳᠦᠷᠢᠮ ᠢ ᠬᠡᠷᠡᠭᠵᠢᠭᠦᠯᠬᠦ ᠠᠵᠢᠯ ᠤᠨ ᠲᠥᠰᠦᠯ    ︽ᠥᠪᠥᠷ ᠮᠣᠩᠭᠤᠯ ᠤᠨ ᠥᠪᠡᠷᠲᠡᠭᠡᠨ ᠵᠠᠰᠠᠬᠤ ᠣᠷᠣᠨ ᠤ ᠵᠠᠰᠠᠭ ᠵᠠᠬᠢᠷᠭᠠᠨ ᠤ ᠬᠠᠤᠯᠢ ᠬᠡᠷᠡᠭᠵᠢᠭᠦᠯᠦᠯᠲᠡ ᠶᠢ ᠢᠯᠡ ᠨᠡᠶᠢᠲᠡᠯᠡᠬᠦ ᠳᠦᠷᠢᠮ᠂ ᠬᠠᠤᠯᠢ ᠬᠡᠷᠡᠭᠵᠢᠭᠦᠯᠬᠦ ᠪᠦᠬᠦ ᠶᠠᠪᠤᠴᠠ ᠶᠢ ᠲᠡᠮᠳᠡᠭᠯᠡᠬᠦ ᠳᠦᠷᠢᠮ᠂ ᠴᠢᠬᠤᠯᠠ ᠶᠡᠭᠡ ᠬᠠᠤᠯᠢ ᠬᠡᠷᠡᠭᠵᠢᠭᠦᠯᠬᠦ ᠲᠣᠭᠲᠠᠭᠠᠯ   ᠢ ᠬᠡᠷᠡᠭᠵᠢᠭᠦᠯᠬᠦ ᠬᠠᠤᠯᠢ ᠳᠦᠷᠢᠮ ᠤᠨ ᠬᠢᠨᠠᠨ ᠬᠠᠷᠭᠤᠭᠤᠯᠬᠤ ᠳᠦᠷᠢᠮ   ᠢ ᠬᠡᠷᠡᠭᠵᠢᠭᠦᠯᠬᠦ ᠲᠥᠰᠦᠯ︾ ︵ᠥᠪᠥᠷ ᠵᠠᠰᠠᠭ ᠠᠯᠪᠠᠨ ᠲᠠᠷᠬᠠᠭᠠᠭᠰᠠᠨ 2019 - 13 ᠳ᠋ᠤᠭᠠᠷ ᠲᠣᠭᠠᠲᠤ︶ ᠪᠣᠯᠤᠨ ︽ᠲᠦᠩᠯᠢᠶᠣᠤ ᠬᠤᠲᠠ ᠶᠢᠨ ᠵᠠᠰᠠᠭ ᠵᠠᠬᠢᠷᠭᠠᠨ ᠤ ᠬᠠᠤᠯᠢ ᠬᠡᠷᠡᠭᠵᠢᠭᠦᠯᠦᠯᠲᠡ ᠶᠢ ᠢᠯᠡ ᠨᠡᠶᠢᠲᠡᠯᠡᠬᠦ ᠳᠦᠷᠢᠮ᠂ ᠬᠠᠤᠯᠢ ᠬᠡᠷᠡᠭᠵᠢᠭᠦᠯᠬᠦ ᠪᠦᠬᠦ ᠶᠠᠪᠤᠴᠠ ᠶᠢ ᠲᠡᠮᠳᠡᠭᠯᠡᠬᠦ ᠳᠦᠷᠢᠮ᠂ ᠴᠢᠬᠤᠯᠠ ᠶᠡᠭᠡ ᠬᠠᠤᠯᠢ ᠬᠡᠷᠡᠭᠵᠢᠭᠦᠯᠬᠦ ᠲᠣᠭᠲᠠᠭᠠᠯ   ᠢ ᠬᠡᠷᠡᠭᠵᠢᠭᠦᠯᠬᠦ ᠬᠠᠤᠯᠢ ᠳᠦᠷᠢᠮ ᠤᠨ ᠬᠢᠨᠠᠨ ᠬᠠᠷᠭᠤᠭᠤᠯᠬᠤ ᠳᠦᠷᠢᠮ ᠢ ᠬᠡᠷᠡᠭᠵᠢᠭᠦᠯᠬᠦ ᠠᠵᠢᠯ ᠤᠨ ᠲᠥᠰᠦᠯ︾ ︵ᠵᠠᠰᠠᠭ ᠠᠯᠪᠠᠨ ᠲᠠᠷᠬᠠᠭᠠᠭᠰᠠᠨ 2019 - 11 ᠳ᠋ᠦᠭᠡᠷ ᠲᠣᠭᠠᠲᠤ︶ ᠤᠨ ᠪᠢᠴᠢᠭ ᠮᠠᠲ᠋ᠧᠷᠢᠶᠠᠯ ᠤᠨ ᠵᠣᠷᠢᠭ ᠰᠠᠨᠠᠭ᠎ᠠ ᠶᠢ ᠲᠤᠤᠱᠯᠠᠭᠤᠯᠤᠨ ᠨᠠᠶᠢᠳᠠᠪᠤᠷᠢᠵᠢᠭᠤᠯᠬᠤ ᠶᠢᠨ ᠲᠤᠰᠠᠳᠠ᠂ ᠪᠦᠬᠦ  ᠲᠤᠭᠤᠷᠢᠭ ᠤᠨ ᠬᠡᠪᠴᠢᠶᠡᠨ ᠳᠤ ᠵᠠᠰᠠᠭ ᠵᠠᠬᠢᠷᠭᠠᠨ ᠤ ᠬᠠᠤᠯᠢ ᠬᠡᠷᠡᠭᠵᠢᠭᠦᠯᠦᠯᠲᠡ ᠶᠢ ᠢᠯᠡ ᠨᠡᠶᠢᠲᠡᠯᠡᠬᠦ ᠳᠦᠷᠢᠮ᠂ ᠬᠠᠤᠯᠢ ᠬᠡᠷᠡᠭᠵᠢᠭᠦᠯᠬᠦ ᠪᠦᠬᠦ ᠶᠠᠪᠤᠴᠠ ᠶᠢ ᠲᠡᠮᠳᠡᠭᠯᠡᠬᠦ ᠳᠦᠷᠢᠮ᠂ ᠴᠢᠬᠤᠯᠠ ᠶᠡᠭᠡ ᠬᠠᠤᠯᠢ ᠬᠡᠷᠡᠭᠵᠢᠭᠦᠯᠬᠦ ᠲᠣᠭᠲᠠᠭᠠᠯ ᠤᠨ ᠬᠠᠤᠯᠢ ᠳᠦᠷᠢᠮ ᠤᠨ ᠬᠢᠨᠠᠨ ᠬᠠᠷᠭᠤᠭᠤᠯᠬᠤ ᠳᠦᠷᠢᠮ ︵ᠳᠣᠷᠣᠭᠰᠢ ︽ᠭᠤᠷᠪᠠᠨ ᠵᠦᠢᠯ ᠤᠨ ᠳᠦᠷᠢᠮ︾ ᠭᠡᠵᠦ ᠶᠡᠷᠦᠩᠬᠡᠶᠢᠯᠡᠨ ᠨᠡᠷᠡᠶᠢᠳᠦᠨ᠎ᠡ︶ ᠢ ᠪᠦᠬᠦ ᠲᠤᠭᠤᠷᠢᠭ ᠤᠨ ᠬᠡᠪᠴᠢᠶᠡᠨ ᠳᠤ ᠪᠦᠬᠦ ᠲᠠᠯ᠎ᠠ ᠪᠠᠷ ᠶᠠᠪᠤᠭᠤᠯᠵᠤ᠂ ᠮᠠᠨ ᠤ ᠲᠤᠭᠤᠷᠢᠭ ᠤᠨ ᠪᠣᠳᠠᠲᠤ ᠪᠠᠢᠳᠠᠯ ᠲᠠᠢ ᠤᠶᠠᠯᠳᠤᠭᠤᠯᠤᠨ᠂ ᠲᠣᠰ ᠬᠡᠷᠡᠭᠵᠢᠭᠦᠯᠬᠦ ᠲᠥᠰᠦᠯ ᠢ ᠲᠤᠭᠲᠠᠭᠠᠪᠠ᠃    ᠨᠢᠭᠡ᠂ ᠵᠢᠯᠣᠭᠤᠳᠬᠤ ᠦᠵᠡᠯ ᠰᠠᠨᠠᠭ᠎ᠠ ᠨᠢ᠄ ᠰᠢ ᠶᠢᠨ ᠫᠢᠩ ᠤᠨ ᠰᠢᠨ᠎ᠡ ᠴᠠᠭ ᠦᠶ᠎ᠡ ᠶᠢᠨ ᠳᠤᠮᠳᠠᠳᠤ ᠤᠯᠤᠰ   ᠤᠨ ᠣᠨᠴᠠᠯᠢᠭ ᠪᠦᠬᠦᠢ ᠨᠡᠶᠢᠭᠡᠮ ᠵᠢᠷᠤᠮ ᠤᠨ ᠦᠵᠡᠯ ᠰᠠᠨᠠᠭ᠎ᠠ ᠪᠠᠷ ᠵᠢᠯᠣᠭᠤᠳᠣᠯᠭ᠎ᠠ ᠪᠣᠯᠭᠠᠵᠤ᠂ ᠨᠠᠮ ᠤᠨ ᠠᠷᠪᠠ ᠶᠢᠰᠦᠳᠦᠭᠡᠷ ᠶᠡᠭᠡ ᠬᠤᠷᠠᠯ ᠪᠠ ᠠᠷᠪᠠ ᠶᠢᠰᠦᠳᠦᠭᠡᠷ ᠬᠤᠭᠤᠴᠠᠭᠠᠨ ᠤ ᠲᠥᠪ ᠬᠤᠷᠢᠶᠠᠨ ᠤ ᠬᠤᠶᠠᠳᠤᠭᠠᠷ᠂ ᠭᠤᠷᠪᠠᠳᠤᠭᠠᠷ ᠪᠥᠬᠦᠳᠡ ᠬᠤᠷᠠᠯ ᠤᠨ ᠵᠣᠷᠢᠭ ᠰᠠᠨᠠᠭ᠎ᠠ ᠶᠢ ᠪᠥᠬᠦ ᠲᠠᠯ᠎ᠠ ᠪᠠᠷ ᠲᠤᠤᠱᠯᠠᠭᠤᠯᠤᠨ ᠨᠠᠢᠳᠠᠪᠤᠷᠢᠵᠢᠭᠤᠯᠬᠤ᠂ ︽ᠬᠠᠤᠯᠢ ᠪᠠᠷ ᠵᠠᠰᠠᠬᠤ ᠵᠠᠰᠠᠭ ᠤᠨ ᠣᠷᠳᠣᠨ ᠤ ᠪᠠᠶᠢᠭᠤᠯᠤᠯᠲᠠ ᠶᠢᠨ ᠬᠡᠷᠡᠭᠵᠢᠭᠦᠯᠬᠦ ᠬᠥᠲᠥᠯᠪᠦᠷᠢ ︵2015 — 2020 ᠤᠨ︶︾ ᠶᠢ ᠬᠢᠨᠠᠮᠠᠭᠠᠶ ᠨᠠᠶᠢᠳᠠᠪᠤᠷᠢᠵᠢᠭᠤᠯᠤᠨ᠂ ᠵᠠᠰᠠᠭ ᠵᠠᠬᠢᠷᠭᠠᠨ ᠤ ᠬᠠᠤᠯᠢ ᠬᠡᠷᠡᠭᠵᠢᠭᠦᠯᠦᠯᠲᠡ ᠶᠢᠨ ᠢᠯᠡ ᠲᠣᠳᠣ᠂ ᠵᠢᠷᠤᠮᠵᠢᠭᠤᠨ᠂ ᠬᠠᠤᠯᠢ ᠶᠣᠰᠣᠨ ᠤ᠂ ᠲᠥᠪ ᠭᠤᠤᠯᠴᠢ ᠪᠠᠶᠢᠬᠤ ᠶᠢ ᠬᠦᠴᠦᠯᠡᠨ ᠠᠬᠢᠭᠤᠯᠵᠤ᠂ ᠬᠠᠤᠯᠢ ᠬᠡᠷᠡᠭᠵᠢᠭᠦᠯᠬᠦ ᠳᠦᠷᠢᠮ ᠢ ᠲᠠᠰᠤᠷᠠᠯᠲᠠ ᠥᠬᠡᠶ ᠪᠦᠷᠢᠨᠰᠢᠭᠦᠯᠵᠤ᠂ ᠪᠥᠬᠦ ᠲᠠᠯ᠎ᠠ ᠪᠠᠷ ᠬᠠᠤᠯᠢ ᠶᠣᠰᠣᠭᠠᠷ ᠤᠯᠤᠰ ᠢᠶᠠᠨ ᠵᠠᠰᠠᠬᠤ ᠦᠨᠳᠦᠰᠦᠨ ᠠᠷᠭ᠎ᠠ ᠪᠣᠳᠣᠯᠭ᠎ᠠ ᠶᠢ ᠨᠠᠢᠳᠠᠪᠤᠷᠢᠵᠢᠭᠤᠯᠬᠤ᠂ ᠬᠠᠤᠯᠢ ᠪᠠᠷ ᠵᠠᠰᠠᠬᠤ ᠵᠠᠰᠠᠭ ᠤᠨ ᠣᠷᠳᠣᠨ ᠤ ᠪᠠᠶᠢᠭᠤᠯᠤᠯᠲᠠ ᠶᠢ ᠠᠬᠢᠭᠤᠯᠬᠤ ᠳᠤ ᠪᠠᠲᠤ ᠪᠠᠬᠢ ᠰᠠᠭᠤᠷᠢ ᠲᠠᠯᠪᠢᠨ᠎ᠠ᠃    ᠬᠤᠶᠠᠷ᠂ ᠡᠭᠦᠷᠭᠡ᠂ ᠠᠷᠭ᠎ᠠ ᠬᠡᠮᠵᠢᠶ᠎ᠡ ᠶᠢ 2019 ᠤᠨ ᠤ ᠵᠢᠯ ᠤᠨ ᠰᠡᠭᠦᠯᠴᠢ ᠠᠴᠠ ᠡᠮᠦᠨ᠎ᠡ᠂ ᠡᠯ᠎ᠡ ᠰᠠᠯᠠᠭ᠎ᠠ ᠮᠥᠴᠢᠷ ᠤᠳ ᠵᠠᠰᠠᠭ ᠵᠠᠬᠢᠷᠭᠠᠨ ᠤ ᠵᠥᠪᠰᠢᠶᠡᠷᠡᠯ᠂ ᠵᠠᠰᠠᠭ ᠵᠠᠬᠢᠷᠭᠠᠨ ᠤ ᠰᠦᠢᠳᠭᠡᠯ ᠲᠣᠷᠭᠠᠭᠤᠯᠢ᠂ ᠵᠠᠰᠠᠭ ᠵᠠᠬᠢᠷᠭᠠᠨ ᠤ ᠠᠯᠪᠠᠳᠠᠯᠭ᠎ᠠ᠂ ᠵᠠᠰᠠᠭ ᠵᠠᠬᠢᠷᠭᠠᠨ ᠤ ᠲᠠᠲᠠᠪᠤᠷᠢᠯᠠᠨ ᠬᠡᠷᠡᠭᠯᠡᠬᠦ᠂ ᠵᠠᠰᠠᠭ ᠵᠠᠬᠢᠷᠭᠠᠨ ᠤ ᠪᠠᠶᠢᠴᠠᠭᠠᠯᠲᠠ ᠵᠡᠷᠭᠡ ᠵᠠᠰᠠᠭ ᠵᠠᠬᠢᠷᠭᠠᠨ ᠤ ᠬᠠᠤᠯᠢ ᠬᠡᠷᠡᠭᠵᠢᠭᠦᠯᠬᠦ ᠠᠵᠢᠯᠯᠠᠭ᠎ᠠ ᠳᠤ ︽ᠭᠤᠷᠪᠠᠨ ᠵᠦᠢᠯ ᠤᠨ ᠳᠦᠷᠢᠮ︾ ᠢ ᠪᠥᠬᠦ ᠲᠠᠯ᠎ᠠ ᠪᠠᠷ ᠬᠡᠷᠡᠭᠵᠢᠭᠦᠯᠦᠨ᠎ᠡ᠃     ︵ᠨᠢᠭᠡ︶ ᠵᠠᠰᠠᠭ ᠵᠠᠬᠢᠷᠭᠠᠨ ᠤ ᠬᠠᠤᠯᠢ ᠬᠡᠷᠡᠭᠵᠢᠭᠦᠯᠦᠯᠲᠡ ᠶᠢ ᠵᠠᠷᠯᠠᠨ ᠨᠡᠶᠢᠲᠡᠯᠡᠬᠦ ᠳᠦᠷᠢᠮ     ᠵᠠᠰᠠᠭ ᠵᠠᠬᠢᠷᠭᠠᠨ ᠤ ᠲᠠᠯ᠎ᠠ ᠪᠠᠷ ᠵᠠᠰᠠᠭ ᠵᠠᠬᠢᠷᠭᠠᠨ ᠤ ᠬᠠᠤᠯᠢ ᠬᠡᠷᠡᠭᠵᠢᠭᠦᠯᠬᠦ᠂ ᠬᠡᠷᠡᠭ ᠤᠨ ᠳᠤᠮᠳᠠ᠂ ᠬᠡᠷᠡᠭ ᠤᠨ ᠳᠠᠷᠠᠭ᠎ᠠ ᠢᠯᠡ ᠪᠣᠯᠭᠠᠬᠤ ᠲᠣᠭᠲᠠᠴᠠ ᠶᠢ ᠪᠦᠷᠢᠨᠰᠢᠭᠦᠯᠵᠦ᠂ ᠬᠠᠤᠯᠢ ᠬᠡᠷᠡᠭᠵᠢᠭᠦᠯᠬᠦ ᠮᠡᠳᠡᠭᠡ ᠵᠠᠩᠭᠢ ᠶᠢ ᠢᠯᠡ ᠨᠡᠶᠢᠲᠡᠯᠡᠬᠦ ᠨᠢᠭᠡᠳᠦᠯᠲᠡᠶ ᠲᠠᠪᠴᠠᠩ ᠢ ᠪᠠᠶᠢᠭᠤᠯᠵᠤ᠂ ᠵᠠᠰᠠᠭ ᠵᠠᠬᠢᠷᠭᠠᠨ ᠤ ᠬᠠᠤᠯᠢ ᠬᠡᠷᠡᠭᠵᠢᠭᠦᠯᠬᠦ ᠦᠨᠳᠦᠰᠦᠨ ᠮᠡᠳᠡᠭᠡ ᠵᠠᠩᠭᠢ᠂ ᠦᠷ᠎ᠡ ᠳ᠋ᠦᠩ ᠤᠨ ᠮᠡᠳᠡᠭᠡ ᠵᠠᠩᠭᠢ ᠶᠢ ᠨᠡᠶᠢᠭᠡᠮ ᠳᠤ ᠴᠠᠭ ᠲᠤᠬᠠᠶ ᠳᠤᠨᠢ ᠢᠯᠡ ᠪᠣᠯᠭᠠᠬᠤ ᠬᠡᠷᠡᠭᠲᠡᠶ ᠃ ᠤᠯᠤᠰ ᠤᠨ ᠨᠢᠭᠤᠴᠠ᠂ ᠬᠤᠳᠠᠯᠳᠤᠭᠠᠨ ᠤ ᠨᠢᠭᠤᠴᠠ᠂  ᠬᠤᠪᠢ ᠬᠦᠮᠦᠨ ᠤ ᠨᠢᠭᠤᠴᠠ ᠵᠡᠷᠭᠡ   ᠶᠢ ᠢᠯᠡ ᠪᠣᠯᠭᠠᠬᠤ ᠳᠤ ᠲᠣᠬᠢᠷᠠᠬᠤ ᠦᠭᠡᠢ ᠮᠡᠳᠡᠭᠡ ᠵᠠᠩᠭᠢ ᠶᠢ ᠬᠠᠤᠯᠢ ᠶᠣᠰᠣᠭᠠᠷ ᠦᠨᠡᠨ ᠬᠦ ᠢᠯᠡ ᠪᠣᠯᠭᠠᠬᠤ ᠴᠢᠬᠤᠯᠠᠲᠠᠶ ᠪᠣᠯ ᠵᠣᠬᠢᠰᠲᠠᠶ ᠰᠢᠢᠳᠪᠦᠷᠢᠯᠡᠭᠰᠡᠨ ᠤ ᠳᠠᠷᠠᠭ᠎ᠠ ᠢᠯᠡ ᠪᠣᠯᠭᠠᠬᠤ ᠬᠡᠷᠡᠭᠲᠡᠶ᠃    ︵1︶᠂  ᠬᠡᠷᠡᠭ ᠤᠨ ᠡᠮᠦᠨ᠎ᠡ ᠢᠯᠨ ᠪᠤᠯᠭᠠᠬᠤ ᠶᠢ ᠴᠢᠩᠭᠠᠳᠬᠠᠬᠤ    ᠵᠠᠰᠠᠭ ᠵᠠᠬᠢᠷᠭᠠᠨ ᠤ ᠨᠠᠷᠢᠨ ᠳᠠᠩᠰᠠ ︽ᠵᠠᠰᠠᠭ ᠵᠠᠬᠢᠷᠭᠠᠨ ᠤ ᠬᠠᠤᠯᠢ ᠬᠡᠷᠡᠭᠵᠢᠭᠦᠯᠬᠦ  ᠵᠦᠢᠯᠡᠰ ᠤᠨ ᠨᠠᠷᠢᠨ ᠬᠠᠭᠤᠳᠠᠰᠤ︾ ᠶᠢ ᠨᠠᠶᠢᠷᠠᠭᠤᠯᠤᠨ ᠵᠣᠬᠢᠶᠠᠬᠤ ᠶᠢ ᠴᠢᠩᠭᠠᠳᠬᠠᠵᠤ᠂ ᠵᠠᠰᠠᠭ ᠵᠠᠬᠢᠷᠭᠠᠨ ᠤ ᠬᠠᠤᠯᠢ ᠬᠡᠷᠡᠭᠵᠢᠭᠦᠯᠬᠦ ᠭᠤᠤᠯ ᠴᠣᠭᠴᠠ᠂ ᠠᠵᠢᠯᠲᠠᠨ᠂ ᠡᠭᠦᠷᠭᠡ ᠬᠠᠷᠢᠭᠤᠴᠠᠯᠭ᠎ᠠ᠂ ᠡᠷᠬᠡ ᠮᠡᠳᠡᠯ᠂ ᠦᠨᠳᠦᠰᠦᠯᠡᠯ᠂ ᠳᠡᠰ ᠳᠠᠷᠠᠭᠠᠯᠠᠯ᠂ ᠠᠪᠤᠷᠠᠨ ᠲᠤᠰᠠᠯᠠᠬᠤ ᠠᠷᠭ᠎ᠠ ᠵᠠᠮ ᠵᠡᠷᠭᠡ ᠢᠯᠡ ᠪᠣᠯᠭᠠᠬᠤ ᠠᠭᠤᠯᠭ᠎ᠠ ᠶᠢ ᠲᠣᠳᠣᠷᠬᠠᠶᠢᠯᠠᠵᠤ᠂ ᠲᠣᠰ ᠱᠠᠲᠤᠨ ᠤ ᠬᠠᠤᠯᠢ ᠴᠠᠭᠠᠵᠠ ᠶᠢᠨ ᠵᠠᠰᠠᠭ ᠵᠠᠬᠢᠷᠭᠠᠨ ᠤ ᠪᠠᠢᠭᠤᠯᠤᠯᠭ᠎ᠠ ᠪᠠᠷ ᠬᠢᠨᠠᠭᠤᠯᠤᠭᠰᠠᠨ ᠤ ᠳᠠᠷᠠᠭ᠎ᠠ ᠢᠯᠡ ᠨᠡᠶᠢᠲᠡᠯᠡᠨ᠎ᠡ᠃    ︵2︶ ᠵᠠᠰᠠᠭ ᠵᠠᠬᠢᠷᠭᠠᠨ ᠤ ᠰᠠᠯᠠᠭ᠎ᠠ ᠮᠥᠴᠢᠷ ᠨᠢ ︽ᠬᠤᠶᠠᠷ ᠢ ᠲᠠᠰᠢᠷᠠᠮ ᠳᠠᠭᠠᠤ᠂ ᠨᠢᠭᠡ ᠶᠢ ᠢᠯᠠ ᠪᠣᠯᠭᠠᠬᠤ ︾ ᠬᠢᠨᠠᠯᠲᠠ ᠬᠠᠮᠢᠶᠠᠷᠤᠯᠲᠠ ᠶᠢᠨ ᠱᠠᠭᠠᠷᠳᠠᠯᠭ᠎ᠠ ᠶᠢ ᠦᠨᠳᠦᠰᠦᠯᠡᠨ᠂ ᠲᠤᠰ ᠰᠠᠯᠠᠭ᠎ᠠ ᠮᠥᠴᠢᠷ ᠤᠨ ︽ᠲᠠᠰᠢᠷᠠᠮ ᠳᠠᠭᠠᠤ ᠰᠤᠭᠤᠴᠢᠨ ᠪᠠᠶᠢᠴᠠᠭᠠᠬᠤ  ᠵᠦᠢᠯᠡᠰ ᠤᠨ ᠨᠠᠷᠢᠨ ᠬᠠᠭᠤᠳᠠᠰᠤ︾ ᠶᠢ ᠨᠠᠶᠢᠷᠠᠭᠤᠯᠤᠨ ᠵᠣᠬᠢᠶᠠᠵᠤ᠂ ᠲᠤᠰ ᠱᠠᠲᠤᠨ ᠤ ᠵᠠᠬ᠎ᠠ ᠳᠡᠯᠭᠡᠭᠦᠷ ᠤᠨ ᠬᠢᠨᠠᠯᠲᠠ ᠬᠠᠮᠢᠶᠠᠷᠤᠯᠲᠠ ᠶᠢᠨ ᠰᠠᠯᠠᠭ᠎ᠠ ᠮᠥᠴᠢᠷ ᠢᠶᠠᠷ ᠬᠢᠨᠠᠨ ᠬᠠᠷᠭᠤᠭᠤᠯᠤᠭᠰᠠᠨ ᠤ ᠳᠠᠷᠠᠭ᠎ᠠ ᠢᠯᠡ ᠨᠡᠶᠢᠲᠡᠯᠡᠨ᠎ᠡ᠃    ︵3︶ ᠵᠠᠰᠠᠭ ᠵᠠᠬᠢᠷᠭᠠᠨ ᠤ ᠲᠠᠯ᠎ᠠ ᠪᠠᠷ ᠲᠣᠰ ᠪᠠᠶᠢᠭᠤᠯᠤᠯᠭ᠎ᠠ ᠶᠢᠨ ᠡᠯ᠎ᠡ ᠲᠥᠷᠥᠯ ᠤᠨ ᠵᠠᠰᠠᠭ ᠵᠠᠬᠢᠷᠭᠠᠨ ᠤ ᠬᠠᠤᠯᠢ ᠬᠡᠷᠡᠭᠵᠢᠭᠦᠯᠬᠦ ᠴᠤᠪᠤᠷᠠᠯ ᠵᠢᠷᠤᠭ ᠪᠣᠯᠤᠨ ᠵᠠᠰᠠᠭ ᠵᠠᠬᠢᠷᠭᠠᠨ ᠤ ᠬᠠᠤᠯᠢ ᠬᠡᠷᠡᠭᠵᠢᠭᠦᠯᠬᠦ ᠦᠢᠯᠡᠴᠢᠯᠡᠭᠡᠨ ᠤ ᠵᠦᠭᠯᠡᠭᠦᠷ ᠢ ᠨᠠᠶᠢᠷᠠᠭᠤᠯᠤᠨ ᠵᠣᠬᠢᠶᠠᠵᠤ᠂ ᠪᠣᠳᠠᠲᠠᠶ ᠠᠵᠢᠯᠯᠠᠬᠤ ᠴᠤᠪᠤᠷᠠᠯ ᠵᠢᠴᠢ ᠵᠠᠰᠠᠭ ᠵᠠᠬᠢᠷᠭᠠᠨ ᠤ ᠬᠠᠤᠯᠢ ᠬᠡᠷᠡᠭᠵᠢᠭᠦᠯᠬᠦ ᠵᠦᠢᠯᠡᠰ ᠤᠨ ᠨᠡᠷᠡᠶᠢᠳᠦᠯ᠂ ᠦᠨᠳᠦᠰᠦᠯᠡᠯ᠂ ᠬᠦᠯᠢᠶᠡᠨ ᠠᠪᠴᠤ ᠰᠢᠢᠳᠪᠦᠷᠢᠯᠡᠬᠦ ᠪᠠᠶᠢᠭᠤᠯᠤᠮᠵᠢ᠂ ᠬᠢᠨᠠᠨ ᠵᠥᠪᠰᠢᠶᠡᠷᠡᠬᠦ ᠪᠠᠶᠢᠭᠤᠯᠤᠮᠵᠢ᠂ ᠬᠦᠯᠢᠶᠡᠨ ᠠᠪᠴᠤ  ᠰᠢᠢᠳᠪᠦᠷᠢᠯᠡᠬᠦ ᠨᠥᠬᠦᠴᠡᠯ᠂  ᠭᠦᠢᠴᠡᠳᠭᠡᠬᠦ ᠴᠠᠭ ᠤᠨ ᠬᠢᠵᠠᠭᠠᠷ ᠵᠡᠷᠭᠡ ᠠᠭᠤᠯᠭ᠎ᠠ ᠶᠢ ᠲᠣᠳᠣᠷᠬᠠᠶᠢᠯᠠᠬᠤ ᠬᠡᠷᠡᠭᠲᠡᠶ᠃    2  ᠂ ᠬᠡᠷᠡᠭ ᠶᠠᠪᠤᠳᠠᠯ ᠤᠨ ᠳᠤᠮᠳᠠ ᠢᠯᠡ ᠪᠣᠯᠭᠠᠬᠤ   ︵1︶ ᠵᠠᠰᠠᠭ ᠵᠠᠬᠢᠷᠭᠠᠨ ᠤ ᠬᠠᠤᠯᠢ ᠬᠡᠷᠡᠭᠵᠢᠭᠦᠯᠬᠦ ᠠᠵᠢᠯᠲᠠᠨ ᠬᠢᠨᠠᠯᠲᠠ ᠪᠠᠶᠢᠴᠠᠭᠠᠯᠲᠠ ᠬᠢᠬᠦ᠂ ᠬᠢᠨᠠᠨ ᠪᠠᠶᠢᠴᠠᠭᠠᠬᠤ᠂ ᠠᠯᠪᠠᠳᠠᠯᠭ᠎ᠠ ᠶᠢᠨ ᠠᠷᠭ᠎ᠠ ᠬᠡᠮᠵᠢᠶ᠎ᠡ ᠠᠪᠬᠤ ᠪᠠ ᠠᠯᠪᠠᠲᠠᠨ  ᠭᠦᠢᠴᠡᠳᠭᠡᠭᠦᠯᠬᠦ᠂ ᠬᠠᠤᠯᠢ ᠬᠡᠷᠡᠭᠵᠢᠭᠦᠯᠬᠦ ᠪᠢᠴᠢᠭ ᠬᠠᠷ᠎ᠠ ᠶᠢ ᠬᠦᠷᠭᠡᠬᠦ ᠵᠡᠷᠭᠡ ᠬᠠᠤᠯᠢ ᠬᠡᠷᠡᠭᠵᠢᠭᠦᠯᠬᠦ ᠠᠵᠢᠯᠯᠠᠭ᠎ᠠ ᠥᠷᠨᠢᠭᠦᠯᠬᠦ ᠣᠶᠢᠶ᠎ᠠ ᠳᠤ᠂ ᠰᠠᠨᠠᠭᠠᠴᠢᠯᠠᠭ᠎ᠠ ᠠᠴᠠ ᠪᠠᠨ ᠭᠡᠷᠡᠴᠢ ᠲᠡᠮᠳᠡᠭ ᠢᠶᠠᠨ ᠭᠠᠷᠭᠠᠨ ᠦᠵᠡᠭᠦᠯᠵᠦ ᠪᠡᠶ᠎ᠡ  ᠢᠶᠠᠨ ᠲᠣᠳᠣᠷᠬᠠᠶᠢᠯᠠᠬᠤ ᠬᠡᠷᠡᠭᠲᠡᠶ᠃ ᠬᠤᠯᠪᠣᠭᠳᠠᠯ ᠪᠦᠬᠦᠢ ᠵᠠᠰᠠᠭ ᠵᠠᠬᠢᠷᠭᠠᠨ ᠤ ᠲᠠᠯ᠎ᠠ ᠪᠠᠷ ᠤᠯᠤᠰ ᠤᠨ ᠲᠣᠭᠲᠠᠭᠠᠯ ᠶᠣᠰᠣᠭᠠᠷ ᠡᠮᠦᠰᠬᠡᠯ ᠢ ᠵᠢᠷᠤᠮᠵᠢᠭᠤᠯᠬᠤ ᠪᠠ ᠨᠢᠭᠡᠳᠦᠯᠲᠡᠶ ᠲᠡᠮᠳᠡᠭ ᠵᠡᠭᠦᠬᠦ ᠬᠡᠷᠡᠭᠲᠡᠶ᠃    ︵2︶ ᠵᠠᠰᠠᠭ ᠵᠠᠬᠢᠷᠭᠠᠨ ᠤ ᠬᠡᠷᠡᠭ ᠡᠷᠬᠢᠯᠡᠬᠦ ᠲᠢᠩᠬᠢᠮ᠂ ᠦᠢᠯᠡᠴᠢᠯᠡᠭᠡᠨ ᠤ ᠴᠣᠩᠬᠤ ᠵᠡᠷᠭᠡ ᠬᠡᠷᠡᠭ ᠡᠷᠬᠢᠯᠡᠬᠦ ᠲᠠᠯᠠᠪᠤᠷ ᠲᠤ ᠬᠡᠷᠡᠭ ᠡᠷᠬᠢᠯᠡᠬᠦ ᠠᠵᠢᠯ ᠤᠨ ᠪᠠᠶᠢᠷᠢ ᠶᠢᠨ ᠮᠡᠳᠡᠭᠡ ᠵᠠᠩᠭᠢ ᠶᠢ ᠢᠯᠡ ᠨᠡᠶᠢᠲᠡᠯᠡᠬᠦ ᠫᠠᠶᠢᠰᠠ ᠲᠣᠬᠢᠷᠠᠭᠤᠯᠵᠤ᠂ ᠠᠵᠢᠯᠲᠠᠨ ᠤ ᠠᠵᠢᠯ ᠤᠨ ᠪᠠᠶᠢᠷᠢ ᠶᠢᠨ ᠡᠭᠦᠷᠭᠡ ᠬᠠᠷᠢᠭᠤᠴᠠᠯᠭ᠎ᠠ᠂ ᠭᠤᠶᠤᠴᠢᠯᠠᠬᠤ ᠮᠠᠲ᠋ᠧᠷᠢᠶᠠᠯ ᠤᠨ ᠵᠢᠱᠢᠶ᠎ᠡ ᠦᠵᠡᠭᠦᠯᠬᠦ ᠲᠣᠪᠬᠢᠮᠠᠯ᠂ ᠭᠦᠢᠴᠡᠳᠭᠡᠬᠦ ᠠᠬᠢᠴᠠ ᠶᠢ ᠪᠠᠶᠢᠴᠠᠭᠠᠨ ᠯᠠᠪᠯᠠᠬᠤ᠂ ᠵᠠᠭᠠᠯᠳᠤᠬᠤ ᠢᠯᠡᠴᠢᠯᠡᠨ ᠮᠡᠳᠡᠭᠦᠯᠬᠦ ᠵᠡᠷᠭᠡ ᠮᠡᠳᠡᠭᠡ ᠵᠠᠩᠭᠢ ᠶᠢ ᠲᠣᠳᠣᠷᠬᠠᠶ ᠢᠯᠡᠳᠬᠡᠬᠦ ᠬᠡᠷᠡᠭᠲᠡᠶ᠃    3᠂ ᠬᠡᠷᠡᠭ ᠤᠨ ᠳᠠᠷᠠᠭ᠎ᠠ ᠢᠯᠡ ᠪᠣᠯᠭᠠᠬᠤ ᠶᠢ ᠴᠢᠩᠭᠠᠳᠬᠠᠬᠤ  ︵1︶ ᠵᠠᠰᠠᠭ ᠵᠠᠬᠢᠷᠭᠠᠨ ᠤ ᠬᠡᠷᠡᠭ ᠵᠠᠷᠭᠤ ᠬᠠᠤᠯᠢ ᠬᠡᠷᠡᠭᠵᠢᠭᠦᠯᠬᠦ ᠲᠣᠭᠲᠠᠭᠠᠯ ᠭᠠᠷᠭᠠᠭᠰᠠᠨ ᠡᠳᠦᠷ ᠠᠴᠠ ᠡᠬᠢᠯᠡᠨ 20 ᠠᠵᠢᠯᠯᠠᠬᠤ ᠡᠳᠦᠷ ᠤᠨ ᠳᠣᠲᠣᠷ᠎ᠠ᠂ ᠨᠡᠶᠢᠭᠡᠮ ᠨᠡᠶᠢᠲᠡ ᠳᠤ ᠬᠡᠷᠡᠭ ᠵᠠᠷᠭᠤ᠂ ᠬᠠᠤᠯᠢ ᠬᠡᠷᠡᠭᠵᠢᠭᠦᠯᠬᠦ ᠡᠲᠡᠭᠡᠳ᠂ ᠬᠠᠤᠯᠢ ᠬᠡᠷᠡᠭᠵᠢᠭᠦᠯᠬᠦ ᠲᠥᠷᠥᠯ ᠢᠯᠭᠠᠯ᠂ ᠬᠠᠤᠯᠢ ᠬᠡᠷᠡᠭᠵᠢᠭᠦᠯᠬᠦ ᠳ᠋ᠦᠩᠨᠡᠯᠲᠡ ᠵᠡᠷᠭᠡ ᠮᠡᠳᠡᠭᠡ ᠵᠠᠩᠭᠢ ᠶᠢ ᠨᠡᠶᠢᠲᠡᠯᠡᠬᠦ ᠬᠡᠷᠡᠭᠲᠡᠶ᠃ ᠵᠠᠰᠠᠭ ᠵᠠᠬᠢᠷᠭᠠᠨ ᠤ ᠵᠥᠪᠰᠢᠶᠡᠷᠡᠯ᠂ ᠵᠠᠰᠠᠭ ᠵᠠᠬᠢᠷᠭᠠᠨ ᠤ ᠰᠦᠢᠳᠭᠡᠯ ᠲᠣᠷᠭᠠᠭᠤᠯᠢ ᠶᠢᠨ ᠬᠠᠤᠯᠢ ᠬᠡᠷᠡᠭᠵᠢᠭᠦᠯᠬᠦ ᠲᠣᠭᠲᠠᠭᠠᠯ ᠤᠨ ᠮᠡᠳᠡᠭᠡ ᠵᠠᠩᠭᠢ ᠶᠢ ᠬᠠᠤᠯᠢ ᠬᠡᠷᠡᠭᠵᠢᠭᠦᠯᠬᠦ ᠲᠣᠭᠲᠠᠭᠠᠯ ᠭᠠᠷᠭᠠᠭᠰᠠᠨ ᠡᠳᠦᠷ ᠠᠴᠠ ᠡᠬᠢᠯᠡᠨ 7 ᠠᠵᠢᠯᠯᠠᠬᠤ ᠡᠳᠦᠷ ᠤᠨ ᠳᠣᠲᠣᠷ᠎ᠠ ᠢᠯᠡ ᠪᠣᠯᠭᠠᠬᠤ ᠬᠡᠷᠡᠭᠲᠡᠶ᠂ ᠬᠠᠤᠯᠢ ᠴᠠᠭᠠᠵᠠ᠂ ᠵᠠᠰᠠᠭ ᠵᠠᠬᠢᠷᠭᠠᠨ ᠤ ᠬᠠᠤᠯᠢ ᠲᠣᠭᠲᠠᠭᠠᠯ ᠳᠤ  ᠤᠨᠳᠤᠤ ᠲᠣᠭᠲᠠᠭᠠᠯ ᠲᠠᠢ ᠨᠢ ᠡᠭᠦᠨ ᠳᠤ ᠪᠠᠭᠲᠠᠬᠤ ᠦᠭᠡᠢ᠃    ︵2︶ ᠵᠠᠰᠠᠭ ᠵᠠᠬᠢᠷᠭᠠᠨ ᠤ ᠰᠠᠯᠠᠭ᠎ᠠ ᠮᠥᠴᠢᠷ ᠤᠳ ᠬᠠᠤᠯᠢ ᠬᠡᠷᠡᠭᠵᠢᠭᠦᠯᠬᠦ ᠲᠣᠭᠲᠠᠭᠠᠯ ᠤᠨ ᠮᠡᠳᠡᠭᠡ ᠵᠠᠩᠭᠢ ᠶᠢ ᠢᠯᠡ ᠪᠠᠷ ᠨᠡᠶᠢᠲᠡᠯᠡᠬᠦ᠂ ᠬᠦᠴᠦᠨ ᠦᠭᠡᠢ ᠪᠣᠯᠭᠠᠬᠤ ᠪᠠ ᠰᠢᠨᠡᠳᠬᠡᠬᠦ ᠲᠣᠭᠲᠠᠴᠠ ᠶᠢ ᠪᠠᠶᠢᠭᠤᠯᠤᠨ ᠪᠦᠷᠢᠨᠰᠢᠭᠦᠯᠬᠦ ᠬᠡᠷᠡᠭᠲᠡᠶ᠃    ︵3︶ ᠵᠠᠰᠠᠭ ᠵᠠᠬᠢᠷᠭᠠᠨ ᠤ ᠰᠠᠯᠠᠭ᠎ᠠ ᠮᠥᠴᠢᠷ ᠤᠳ ᠵᠠᠰᠠᠭ ᠵᠠᠬᠢᠷᠭᠠᠨ ᠤ ᠬᠠᠤᠯᠢ ᠬᠡᠷᠡᠭᠵᠢᠭᠦᠯᠦᠯᠲᠡ ᠶᠢᠨ ᠪᠦᠷᠢᠳᠬᠡᠯ ᠤᠨ ᠤᠨ ᠮᠡᠳᠡᠭᠦᠯᠦᠯᠲᠡ ᠶᠢᠨ ᠳᠦᠷᠢᠮ ᠢ ᠪᠠᠶᠢᠭᠤᠯᠤᠨ ᠪᠦᠷᠢᠨᠰᠢᠭᠦᠯᠵᠦ᠂ ᠵᠢᠯ ᠪᠦᠷᠢ ᠶᠢᠨ 1 ᠳ᠋ᠦᠭᠡᠷ ᠰᠠᠷ᠎ᠠ ᠶᠢᠨ 31 ᠤ ᠡᠳᠦᠷ ᠠᠴᠠ ᠡᠮᠦᠨ᠎ᠡ ᠲᠣᠰ ᠪᠠᠶᠢᠭᠤᠯᠤᠯᠭ᠎ᠠ ᠶᠢᠨ ᠳᠡᠭᠡᠷ᠎ᠡ ᠵᠢᠯ ᠤᠨ ᠵᠠᠰᠠᠭ ᠵᠠᠬᠢᠷᠭᠠᠨ ᠤ ᠬᠠᠤᠯᠢ ᠬᠡᠷᠡᠭᠵᠢᠭᠦᠯᠦᠯᠲᠡ ᠶᠢᠨ ᠶᠡᠷᠦᠩᠬᠡᠶ ᠪᠠᠢᠳᠠᠯ ᠪᠣᠯᠤᠨ ᠬᠤᠯᠪᠣᠭᠳᠠᠯ ᠪᠦᠬᠦᠢ ᠲᠤᠭ᠎ᠠ ᠪᠠᠷᠢᠮᠲᠠ ᠶᠢ ᠪᠦᠷᠢᠳᠬᠡᠵᠦ ᠢᠯᠡ ᠪᠣᠯᠭᠠᠬᠤ ᠬᠡᠷᠡᠭᠲᠡᠶ᠃   ︵ᠬᠤᠶᠠᠷ︶ ᠬᠠᠤᠯᠢ ᠬᠡᠷᠡᠭᠵᠢᠭᠦᠯᠬᠦ ᠪᠦᠬᠦ ᠶᠠᠪᠤᠴᠠ ᠶᠢ ᠲᠡᠮᠳᠡᠭᠯᠡᠬᠦ ᠳᠦᠷᠢᠮ ᠢ ᠵᠠᠰᠠᠭ ᠵᠠᠬᠢᠷᠭᠠᠨ ᠤ ᠰᠠᠯᠠᠭ᠎ᠠ ᠮᠥᠴᠢᠷ ᠤᠳ ᠥᠪᠡᠷᠲᠡᠭᠡᠨ ᠵᠠᠰᠠᠬᠤ ᠣᠷᠣᠨ ᠤ ᠵᠠᠰᠠᠭ ᠵᠠᠬᠢᠷᠭᠠᠨ ᠤ ᠬᠠᠤᠯᠢ ᠬᠡᠷᠡᠭᠵᠢᠭᠦᠯᠬᠦ ᠶᠢᠨ ᠬᠢᠨᠠᠯᠲᠠ ᠲᠠᠯᠪᠢᠬᠤ ᠲᠠᠪᠴᠠᠩ ᠢ ᠭᠦᠶ᠋ᠴᠡᠳ ᠠᠰᠢᠭᠯᠠ᠂ ᠵᠠᠰᠠᠭ ᠵᠠᠬᠢᠷᠭᠠᠨ ᠤ ᠬᠠᠤᠯᠢ ᠬᠡᠷᠡᠭᠵᠢᠭᠦᠯᠬᠦ ᠪᠦᠬᠦ ᠶᠠᠪᠤᠴᠠ ᠳᠤ ᠤᠷᠤᠮ ᠦᠯᠡᠳᠡᠭᠡᠬᠦ ᠪᠠ ᠡᠭᠡᠭᠦᠯᠦᠨ ᠮᠥᠷᠳᠡᠵᠦ ᠪᠣᠯᠬᠤ ᠬᠠᠮᠢᠶᠠᠷᠤᠯᠲᠠ ᠶᠢ ᠪᠡᠶᠡᠯᠡᠭᠦᠯᠬᠦ ᠬᠡᠷᠡᠭᠲᠡᠶ᠃    1᠂  ᠦᠰᠦᠭ ᠪᠢᠴᠢᠭ ᠢᠶᠠᠷ ᠲᠡᠮᠳᠡᠭᠯᠡᠬᠦ ᠶᠢ ᠵᠢᠷᠤᠮᠵᠢᠭᠤᠯᠬᠤ ᠵᠠᠰᠠᠭ ᠵᠠᠬᠢᠷᠭᠠᠨ ᠤ ᠬᠠᠤᠯᠢ ᠬᠡᠷᠡᠭᠵᠢᠭᠦᠯᠬᠦ ᠰᠠᠯᠠᠭ᠎ᠠ ᠮᠥᠴᠢᠷ ᠤᠳ ︽ᠥᠪᠥᠷ ᠮᠣᠩᠭᠤᠯ ᠤᠨ ᠥᠪᠡᠷᠲᠡᠭᠡᠨ ᠵᠠᠰᠠᠬᠤ ᠣᠷᠣᠨ ᠤ ᠵᠠᠰᠠᠭ ᠵᠠᠬᠢᠷᠭᠠᠨ ᠤ ᠬᠠᠤᠯᠢ ᠬᠡᠷᠡᠭᠵᠢᠭᠦᠯᠬᠦ ᠳᠠᠩᠰᠠ ᠡᠪᠬᠡᠮᠡᠯ ᠤᠨ ᠵᠢᠱᠢᠶ᠎ᠡ ᠦᠵᠡᠭᠦᠯᠬᠦ ᠲᠣᠪᠬᠢᠮᠠᠯ︾ ᠪᠣᠯᠤᠨ ᠲᠥᠷᠥ ᠶᠢᠨ ᠶᠠᠪᠤᠳᠠᠯ ᠤᠨ ᠬᠤᠷᠢᠶᠠᠨ ᠤ ᠬᠤᠯᠪᠣᠭᠳᠠᠯ ᠪᠦᠬᠦᠢ ᠰᠠᠯᠠᠭ᠎ᠠ ᠮᠥᠴᠢᠷ ᠤᠨ ᠨᠢᠭᠡᠳᠦᠯᠲᠡᠶ ᠬᠡᠷᠡᠭᠯᠡᠬᠦ ᠵᠠᠰᠠᠭ ᠵᠠᠬᠢᠷᠭᠠᠨ ᠤ ᠬᠠᠤᠯᠢ ᠬᠡᠷᠡᠭᠵᠢᠭᠦᠯᠬᠦ ᠪᠢᠴᠢᠭ ᠬᠠᠷ᠎ᠠ ᠶᠢᠨ ᠬᠡᠯᠪᠡᠷᠢᠵᠢᠭᠰᠡᠨ ᠲᠣᠪᠬᠢᠮᠠᠯ ᠢᠶᠠᠷ ᠯᠠᠪᠯᠠᠯᠲᠠ ᠪᠣᠯᠭᠠᠵᠤ᠂ ᠬᠠᠤᠯᠢ ᠬᠡᠷᠡᠭᠵᠢᠭᠦᠯᠬᠦ ᠪᠢᠴᠢᠭ ᠬᠠᠷ᠎ᠠ ᠵᠣᠬᠢᠶᠠᠬᠤ ᠶᠢ ᠵᠢᠷᠤᠮᠵᠢᠭᠤᠯᠬᠤ ᠬᠡᠷᠡᠭᠲᠡᠶ᠃    2᠂  ᠳᠠᠭᠤ ᠳᠦᠷᠰᠦ ᠰᠢᠩᠭᠡᠭᠡᠯᠲᠡ ᠶᠢᠨ ᠲᠡᠮᠳᠡᠭᠯᠡᠯ ᠢ ᠵᠢᠷᠤᠮᠵᠢᠭᠤᠯᠬᠤ   ︵1︶  ᠵᠠᠰᠠᠭ ᠵᠠᠬᠢᠷᠭᠠᠨ ᠤ ᠬᠠᠤᠯᠢ ᠬᠡᠷᠡᠭᠵᠢᠭᠦᠯᠬᠦ ᠶᠢᠨ ᠬᠢᠨᠠᠯᠲᠠ ᠲᠠᠯᠪᠢᠬᠤ ᠲᠠᠪᠴᠠᠩ ᠯᠤᠭ᠎ᠠ ᠵᠣᠯᠭᠠᠭᠤᠯᠬᠤ ᠠᠵᠢᠯ ᠢ ᠰᠠᠶᠢᠲᠤᠷ ᠬᠢᠵᠦ᠂ ᠳᠠᠭᠤ ᠳᠦᠷᠰᠦ ᠰᠢᠩᠭᠡᠭᠡᠯᠲᠡ ᠶᠢᠨ ᠲᠡᠮᠳᠡᠭᠯᠡᠯ ᠤᠨ ᠲᠥᠬᠦᠭᠡᠷᠦᠮᠵᠢ ᠶᠢ ᠭᠦᠢᠴᠡᠳ ᠠᠰᠢᠭᠯᠠ᠂ ᠲᠤᠬᠠᠢ ᠶᠢᠨ ᠲᠠᠯᠠᠪᠠᠢ ᠶᠢᠨ ᠬᠠᠤᠯᠢ ᠬᠡᠷᠡᠭᠵᠢᠭᠦᠯᠬᠦ ᠠᠵᠢᠯᠯᠠᠭ᠎ᠠ ᠪᠠ ᠬᠡᠷᠡᠭ ᠰᠢᠢᠳᠪᠦᠷᠢᠯᠡᠬᠦ ᠲᠠᠯᠠᠪᠤᠷ ᠭᠠᠵᠠᠷ ᠤᠨ ᠪᠦᠬᠦ ᠶᠠᠪᠤᠴᠠ ᠶᠢᠨ ᠲᠡᠮᠳᠡᠭᠯᠡᠯ ᠢ ᠪᠦᠬᠦ ᠲᠠᠯ᠎ᠠ ᠪᠠᠷ ᠶᠠᠪᠤᠭᠤᠯᠵᠤ᠂ ᠪᠦᠬᠦ ᠶᠠᠪᠤᠴᠠ ᠶᠢᠨ ᠳᠠᠭᠤ ᠳᠦᠷᠰᠦ ᠰᠢᠩᠭᠡᠭᠡᠯᠲᠡ ᠶᠢᠨ ᠲᠡᠮᠳᠡᠭᠯᠡᠯ ᠢ ᠪᠦᠬᠦ ᠲᠠᠯ᠎ᠠ ᠪᠠᠷ ᠶᠠᠪᠤᠭᠤᠯᠬᠤ ᠬᠡᠷᠡᠭᠲᠡᠢ᠃   ︵2︶ ᠵᠠᠰᠠᠭ ᠵᠠᠬᠢᠷᠭᠠᠨ ᠤ ᠲᠠᠯ᠎ᠠ ᠪᠠᠷ ᠠᠵᠢᠯ ᠤᠨ ᠴᠢᠬᠤᠯᠠ ᠬᠡᠷᠡᠭᠴᠡᠭᠡ᠂ ᠭᠦᠢᠴᠡᠳ ᠬᠡᠷᠡᠭᠯᠡᠬᠦ ᠵᠠᠷᠴᠢᠮ ᠤᠨ ᠶᠣᠰᠣᠭᠠᠷ ᠳᠠᠭᠤ ᠳᠦᠷᠰᠦ ᠰᠢᠩᠭᠡᠭᠡᠯᠲᠡ ᠶᠢᠨ ᠲᠡᠮᠳᠡᠭᠯᠡᠯ ᠤᠨ ᠲᠥᠬᠦᠭᠡᠷᠦᠮᠵᠢ ᠲᠣᠬᠢᠷᠠᠭᠤᠯᠵᠤ᠂ ᠨᠢᠭᠡᠨᠲᠡ ᠪᠠᠶᠢᠭ᠎ᠠ ᠳᠠᠭᠤ ᠳᠦᠷᠰᠦ ᠰᠢᠩᠭᠡᠭᠡᠯᠲᠡ ᠶᠢᠨ ᠲᠡᠮᠳᠡᠭᠯᠡᠯ ᠤᠨ ᠲᠥᠬᠦᠭᠡᠷᠦᠮᠵᠢ ᠶᠢ ᠥᠪᠡᠷᠲᠡᠭᠡᠨ ᠵᠠᠰᠠᠬᠤ ᠣᠷᠣᠨ ᠤ ᠵᠠᠰᠠᠭ ᠵᠠᠬᠢᠷᠭᠠᠨ ᠤ ᠬᠠᠤᠯᠢ ᠬᠡᠷᠡᠭᠵᠢᠭᠦᠯᠬᠦ ᠶᠢᠨ ᠬᠢᠨᠠᠯᠲᠠ ᠲᠠᠯᠪᠢᠬᠤ ᠲᠠᠪᠴᠠᠩ ᠲᠠᠢ ᠵᠣᠯᠭᠠᠭᠤᠯᠬᠤ ᠬᠡᠷᠡᠭᠲᠡᠶ᠃    ︵ᠭᠤᠷᠪᠠ︶ ᠴᠢᠬᠤᠯᠠ ᠶᠡᠭᠡ ᠬᠠᠤᠯᠢ ᠬᠡᠷᠡᠭᠵᠢᠭᠦᠯᠬᠦ ᠲᠣᠭᠲᠠᠭᠠᠯ ᠬᠠᠤᠯᠢ ᠳᠦᠷᠢᠮ ᠤᠨ ᠬᠢᠨᠠᠨ ᠬᠠᠷᠭᠤᠭᠤᠯᠬᠤ ᠳᠦᠷᠢᠮ ᠵᠠᠰᠠᠭ ᠵᠠᠬᠢᠷᠭᠠᠨ ᠤ ᠲᠠᠯ᠎ᠠ ᠪᠠᠷ ᠴᠢᠬᠤᠯᠠ ᠶᠡᠭᠡ ᠬᠠᠤᠯᠢ ᠬᠡᠷᠡᠭᠵᠢᠭᠦᠯᠬᠦ ᠲᠣᠭᠲᠠᠭᠠᠯ ᠭᠠᠷᠭᠠᠬᠤ ᠠᠴᠠ ᠡᠮᠦᠨ᠎ᠡ᠂ ᠬᠠᠤᠯᠢ ᠳᠦᠷᠢᠮ ᠤᠨ ᠬᠢᠨᠠᠨ ᠪᠠᠶᠢᠴᠠᠭᠠᠯᠲᠠ ᠶᠢ ᠴᠢᠩᠭ᠎ᠠ ᠬᠢᠬᠦ ᠬᠡᠷᠡᠭᠲᠡᠶ᠂ ᠬᠠᠤᠯᠢ ᠳᠦᠷᠢᠮ ᠤᠨ ᠬᠢᠨᠠᠨ ᠬᠠᠷᠭᠤᠭᠤᠯᠤᠯᠲᠠ ᠬᠢᠭᠰᠡᠨ ᠦᠭᠡᠢ ᠪᠤᠶᠤ ᠬᠢᠨᠠᠨ ᠬᠠᠷᠭᠤᠭᠤᠯᠤᠭᠠᠳ ᠪᠠᠲᠤᠯᠠᠭᠳᠠᠭᠰᠠᠨ ᠦᠭᠡᠢ ᠪᠣᠯ ᠲᠣᠭᠲᠠᠭᠠᠯ ᠭᠠᠷᠭᠠᠵᠤ ᠪᠣᠯᠬᠤ ᠦᠭᠡᠢ᠃    1 ᠬᠢᠨᠠᠨ ᠬᠠᠷᠭᠤᠭᠤᠯᠬᠤ ᠪᠠᠶᠢᠭᠤᠯᠤᠮᠵᠢ ᠶᠢᠨ ᠵᠠᠰᠠᠭ ᠵᠠᠬᠢᠷᠭᠠᠨ ᠤ ᠶᠠᠪᠤᠳᠠᠯ ᠢ ᠲᠣᠳᠣᠷᠬᠠᠶᠢᠯᠠᠬᠤ ᠳᠠᠭᠠᠨ ᠲᠣᠰ ᠨᠢᠭᠡᠴᠡ ᠶᠢᠨ ᠢᠶᠠᠨ ᠴᠢᠬᠤᠯᠠ ᠶᠡᠭᠡ ᠬᠠᠤᠯᠢ ᠬᠡᠷᠡᠭᠵᠢᠭᠦᠯᠬᠦ ᠲᠣᠭᠲᠠᠭᠠᠯ ᠢ ᠬᠠᠤᠯᠢ ᠳᠦᠷᠢᠮ ᠤᠨ ᠬᠢᠨᠠᠨ ᠬᠠᠷᠭᠤᠭᠤᠯᠬᠤ ᠶᠢ ᠪᠣᠳᠠᠲᠠᠶ ᠬᠠᠷᠢᠭᠤᠴᠠᠬᠤ ᠠᠵᠢᠯ ᠤᠨ ᠪᠠᠶᠢᠭᠤᠯᠤᠮᠵᠢ ᠶᠢ ᠲᠣᠳᠣᠷᠬᠠᠶᠢᠯᠠᠵᠤ᠂ ᠬᠠᠤᠯᠢ ᠳᠦᠷᠢᠮ ᠤᠨ ᠬᠢᠨᠠᠨ ᠬᠠᠷᠭᠤᠭᠤᠯᠬᠤ ᠠᠵᠢᠯ ᠢ ᠪᠠᠶᠢᠭᠤᠯᠤᠮᠵᠢ ᠡᠭᠦᠷᠭᠡᠯᠡᠵᠦ᠂ ᠲᠤᠰᠬᠠᠶ ᠬᠥᠮᠦᠨ ᠢᠶᠠᠷ ᠬᠠᠷᠢᠭᠤᠴᠠᠭᠤᠯᠬᠤ ᠶᠢ ᠦᠨᠡᠨᠬᠦ ᠪᠠᠲᠤᠯᠠᠬᠤ ᠬᠡᠷᠡᠭᠲᠡᠶ᠃ ᠵᠠᠰᠠᠭ ᠤᠨ ᠣᠷᠳᠣᠨ ᠤ ᠬᠠᠤᠯᠢ ᠴᠠᠭᠠᠵᠠ ᠶᠢᠨ ᠵᠥᠪᠯᠡᠭᠴᠢ ᠪᠣᠯᠤᠨ ᠬᠠᠤᠯᠢᠴᠢ ᠶᠢᠨ ᠳᠦᠷᠢᠮ ᠢ ᠪᠠᠶᠢᠭᠤᠯᠤᠨ ᠪᠥᠷᠢᠨᠰᠢᠬᠦᠯᠵᠤ᠂ ᠴᠢᠬᠤᠯᠠ ᠶᠡᠭᠡ ᠲᠦᠪᠡᠭ ᠪᠤᠳᠤᠯᠢᠶᠠᠨᠲᠠᠢ ᠬᠠᠤᠯᠢ ᠴᠠᠭᠠᠵᠠ ᠶᠢᠨ ᠬᠡᠷᠡᠭ ᠶᠠᠪᠤᠳᠠᠯ ᠤᠨ ᠬᠠᠤᠯᠢ ᠴᠠᠭᠠᠵᠠ ᠶᠢᠨ ᠵᠥᠪᠯᠡᠭᠴᠢ ᠪᠣᠯᠤᠨ ᠬᠠᠤᠯᠢᠴᠢ ᠶᠢ ᠵᠣᠬᠢᠶᠠᠨ ᠪᠠᠶᠢᠭᠤᠯᠤᠨ ᠬᠠᠮᠵᠢᠯᠴᠠᠭᠤᠯᠤᠨ ᠰᠤᠳᠤᠯᠤᠯᠲᠠ ᠬᠢᠵᠦ᠂ ᠰᠠᠨᠠᠯ ᠰᠠᠨᠠᠭᠤᠯᠭ᠎ᠠ ᠳᠤᠷᠠᠳᠬᠤ ᠬᠡᠷᠡᠭᠲᠡᠢ᠃    2᠂ ᠬᠢᠨᠠᠨ ᠬᠠᠷᠭᠤᠭᠤᠯᠬᠤ ᠬᠦᠷᠢᠶ᠎ᠡ ᠬᠡᠪᠴᠢᠶ᠎ᠡ ᠶᠢ ᠲᠣᠭᠲᠠᠭᠠᠬᠤ   ︵1︶ ᠴᠢᠬᠤᠯᠠ ᠶᠡᠭᠡ ᠣᠯᠠᠨ ᠨᠡᠶᠢᠲᠡ ᠶᠢᠨ ᠠᠰᠢᠭ ᠲᠤᠰᠠ ᠳᠤ ᠬᠤᠯᠪᠣᠭᠳᠠᠬᠤ᠂ ᠴᠢᠬᠤᠯᠠ ᠶᠡᠭᠡ ᠨᠡᠶᠢᠭᠡᠮ ᠤᠨ ᠨᠥᠯᠥᠭᠡ ᠭᠠᠷᠭᠠᠬᠤ ᠪᠤᠶᠤ ᠨᠡᠶᠢᠭᠡᠮ ᠤᠨ ᠠᠶᠤᠯ ᠲᠦᠭᠰᠢᠭᠦᠷᠢ ᠶᠢ ᠡᠭᠦᠰᠭᠡᠵᠦ ᠮᠡᠳᠡᠬᠦ᠂ ᠵᠠᠰᠠᠭ ᠵᠠᠬᠢᠷᠭᠠᠨ ᠤ ᠬᠠᠷᠢᠴᠠᠩᠭᠤᠶ ᠬᠥᠮᠦᠨ ᠪᠤᠶᠤ ᠭᠤᠷᠪᠠᠳᠠᠬᠢ ᠬᠥᠮᠦᠨ ᠤ ᠴᠢᠬᠤᠯᠠ ᠶᠡᠭᠡ ᠡᠷᠬᠡ ᠠᠰᠢᠭ ᠲᠤ ᠰᠢᠭᠤᠳ ᠬᠤᠯᠪᠣᠭᠳᠠᠬᠤ᠂ ᠭᠡᠷᠡᠴᠢᠯᠡᠭᠡ ᠰᠣᠨᠣᠰᠬᠤ ᠵᠢᠷᠤᠮ ᠢᠶᠠᠷ ᠳᠠᠮᠵᠢᠭᠤᠯᠤᠨ ᠵᠠᠰᠠᠭ ᠵᠠᠬᠢᠷᠭᠠᠨ ᠤ ᠬᠠᠤᠯᠢ ᠬᠡᠷᠡᠭᠵᠢᠭᠦᠯᠬᠦ ᠲᠣᠭᠲᠠᠭᠠᠯ ᠭᠠᠷᠭᠠᠬᠤ ᠵᠢᠴᠢ ᠬᠡᠷᠡᠭ ᠤᠨ ᠪᠠᠢᠳᠠᠯ ᠨᠢ ᠲᠦᠪᠡᠭ ᠪᠤᠳᠤᠯᠢᠶᠠᠨᠲᠠᠶ᠂ ᠣᠯᠠᠨ ᠬᠠᠤᠯᠢ ᠴᠠᠭᠠᠵᠠ ᠶᠢᠨ ᠬᠠᠷᠢᠴᠠᠭ᠎ᠠ ᠳᠤ ᠬᠤᠯᠪᠣᠭᠳᠠᠬᠤ ᠪᠦᠬᠦᠨ ᠳᠤ ᠴᠥᠮ ᠬᠠᠤᠯᠢ ᠳᠦᠷᠢᠮ ᠤᠨ ᠬᠢᠨᠠᠨ ᠪᠠᠶᠢᠴᠠᠭᠠᠯᠲᠠ ᠬᠢᠬᠦ ᠬᠡᠷᠡᠭᠲᠡᠶ᠃   ︵2︶ ᠵᠠᠰᠠᠭ ᠵᠠᠬᠢᠷᠭᠠᠨ ᠤ ᠲᠠᠯ᠎ᠠ ᠪᠠᠷ ᠴᠢᠬᠤᠯᠠ ᠶᠡᠭᠡ ᠵᠠᠰᠠᠭ ᠵᠠᠬᠢᠷᠭᠠᠨ ᠤ ᠬᠠᠤᠯᠢ ᠬᠡᠷᠡᠭᠵᠢᠭᠦᠯᠬᠦ ᠲᠣᠭᠲᠠᠭᠠᠯ ᠤᠨ ᠬᠢᠨᠠᠨ ᠬᠠᠷᠭᠤᠭᠤᠯᠬᠤ ᠬᠡᠪᠴᠢᠶ᠎ᠡ ᠶᠢ ᠲᠣᠳᠣᠷᠬᠠᠶ ᠵᠠᠭᠠᠭᠯᠠᠨ ᠲᠣᠭᠲᠠᠭᠠᠵᠤ᠂ ᠵᠠᠰᠠᠭ ᠵᠠᠬᠢᠷᠭᠠᠨ ᠤ ᠵᠥᠪᠰᠢᠶᠡᠷᠡᠯ᠂ ᠵᠠᠰᠠᠭ ᠵᠠᠬᠢᠷᠭᠠᠨ ᠤ ᠰᠢᠢᠳᠬᠡᠯ᠂ ᠵᠠᠰᠠᠭ ᠵᠠᠬᠢᠷᠭᠠᠨ ᠤ ᠠᠯᠪᠠᠳᠠᠯᠭ᠎ᠠ᠂ ᠵᠠᠰᠠᠭ ᠵᠠᠬᠢᠷᠭᠠᠨ ᠤ ᠲᠠᠲᠠᠪᠤᠷᠢᠯᠠᠯᠲᠠ ᠵᠡᠷᠭᠡ ᠳᠥᠷᠪᠡᠨ ᠲᠥᠷᠥᠯ ᠤᠨ ᠬᠠᠤᠯᠢ ᠬᠡᠷᠡᠭᠵᠢᠭᠦᠯᠬᠦ ᠦᠢᠯᠡ ᠠᠵᠢᠯᠯᠠᠭ᠎ᠠ ᠶᠢ ᠨᠠᠶᠢᠷᠠᠭᠤᠯᠤᠨ ᠵᠣᠬᠢᠶᠠᠭᠰᠠᠨ ︽ᠴᠢᠬᠤᠯᠠ ᠶᠡᠭᠡ ᠬᠠᠤᠯᠢ ᠬᠡᠷᠡᠭᠵᠢᠭᠦᠯᠬᠦ ᠲᠣᠭᠲᠠᠭᠠᠯ ᠤᠨ ᠬᠠᠤᠯᠢ ᠳᠦᠷᠢᠮ ᠤᠨ ᠬᠢᠨᠠᠨ ᠬᠠᠷᠭᠤᠭᠤᠯᠤᠯᠲᠠ ᠶᠢᠨ ᠭᠠᠷᠴᠠᠭ ᠤᠨ ᠲᠣᠳᠣᠷᠬᠠᠶ ᠬᠠᠭᠤᠳᠠᠰᠤ︾ ᠶᠢ ᠨᠠᠶᠢᠷᠠᠭᠤᠯᠤᠨ ᠵᠣᠬᠢᠶᠠᠬᠤ ᠬᠡᠷᠡᠭᠲᠡᠶ᠃ ᠳᠡᠭᠡᠳᠦ ᠱᠠᠲᠤᠨ ᠤ ᠵᠠᠰᠠᠭ ᠵᠠᠬᠢᠷᠭᠠᠨ ᠤ ᠰᠠᠯᠠᠭ᠎ᠠ ᠮᠥᠴᠢᠷ ᠤᠳ ᠳᠣᠤᠷ᠎ᠠ ᠱᠠᠲᠤᠨ ᠤ ᠵᠠᠰᠠᠭ ᠵᠠᠬᠢᠷᠭᠠᠨ ᠤ ᠴᠢᠬᠤᠯᠠ ᠶᠡᠭᠡ ᠬᠠᠤᠯᠢ ᠬᠡᠷᠡᠭᠵᠢᠭᠦᠯᠬᠦ ᠲᠣᠭᠲᠠᠭᠠᠯ ᠤᠨ ᠬᠠᠤᠯᠢ ᠳᠦᠷᠢᠮ ᠤᠨ ᠬᠢᠨᠠᠨ ᠬᠠᠷᠭᠤᠭᠤᠯᠤᠯᠲᠠ ᠶᠢᠨ ᠭᠠᠷᠴᠠᠭ ᠤᠨ ᠨᠠᠷᠢᠨ ᠬᠠᠭᠤᠳᠠᠰᠤ ᠶᠢ ᠨᠠᠶᠢᠷᠠᠭᠤᠯᠤᠨ ᠵᠣᠬᠢᠶᠠᠬᠤ ᠠᠵᠢᠯ ᠳᠤ ᠵᠢᠯᠣᠭᠤᠳᠤᠯᠭ᠎ᠠ ᠪᠠᠨ ᠴᠢᠩᠭᠠᠳᠬᠠᠵᠤ᠂ ᠴᠢᠬᠤᠯᠠ ᠶᠡᠭᠡ ᠬᠠᠤᠯᠢ ᠬᠡᠷᠡᠭᠵᠢᠭᠦᠯᠬᠦ ᠲᠣᠭᠲᠠᠭᠠᠯ ᠤᠨ ᠵᠦᠢᠯᠡᠰ ᠤᠨ ᠪᠠᠷᠢᠮᠵᠢᠶ᠎ᠠ ᠶᠢ ᠲᠣᠳᠣᠷᠬᠠᠶᠢᠯᠠᠬᠤ ᠬᠡᠷᠡᠭᠲᠡᠶ᠃     3᠂ ᠬᠢᠨᠠᠨ ᠬᠠᠷᠭᠤᠭᠤᠯᠬᠤ ᠠᠭᠤᠯᠭ᠎ᠠ ᠶᠢ ᠲᠣᠳᠣᠷᠬᠠᠶᠢᠯᠠᠬᠤ ᠳᠠᠭᠠᠨ ᠵᠠᠰᠠᠭ ᠵᠠᠬᠢᠷᠭᠠᠨ ᠤ ᠬᠠᠤᠯᠢ ᠬᠡᠷᠡᠭᠵᠢᠭᠦᠯᠬᠦ ᠭᠤᠤᠯ ᠴᠣᠭᠴᠠ ᠶᠢᠨ ᠬᠠᠤᠯᠢ ᠳᠤ ᠨᠡᠶᠢᠴᠡᠬᠦ ᠡᠰᠡᠬᠦ᠂ ᠵᠠᠰᠠᠭ ᠵᠠᠬᠢᠷᠭᠠᠨ ᠤ ᠬᠠᠤᠯᠢ ᠬᠡᠷᠡᠭᠵᠢᠭᠦᠯᠬᠦ ᠠᠵᠢᠯᠲᠠᠨ ᠤ ᠬᠠᠤᠯᠢ ᠬᠡᠷᠡᠭᠵᠢᠭᠦᠯᠬᠦ ᠬᠢᠷᠢ ᠬᠡᠮ ᠢ ᠪᠦᠷᠢᠯᠳᠦᠭᠦᠯᠦᠭᠰᠡᠨ ᠡᠰᠡᠬᠦ ᠶᠢ ᠴᠢᠩᠭ᠎ᠠ ᠬᠢᠨᠠᠨ ᠬᠠᠷᠭᠤᠭᠤᠯᠬᠤ ᠬᠡᠷᠡᠭᠲᠡᠶ᠃ ᠵᠠᠰᠠᠭ ᠵᠠᠬᠢᠷᠭᠠᠨ ᠤ ᠬᠠᠤᠯᠢ ᠬᠡᠷᠡᠭᠵᠢᠭᠦᠯᠬᠦ ᠳᠡᠰ ᠳᠠᠷᠠᠭᠠᠯᠠᠯ ᠨᠢ ᠬᠠᠤᠯᠢ ᠳᠤ ᠨᠡᠶᠢᠴᠡᠬᠦ ᠡᠰᠡᠬᠦ︔ ᠬᠡᠷᠡᠭ ᠤᠨ ᠪᠣᠳᠠᠲᠤ ᠶᠠᠪᠤᠳᠠᠯ ᠨᠢ ᠲᠣᠳᠣᠷᠬᠠᠶ ᠡᠰᠡᠬᠦ᠂ ᠭᠡᠷᠡᠴᠢ ᠪᠠᠷᠢᠮᠲᠠ ᠨᠢ ᠬᠠᠤᠯᠢ ᠶᠣᠰᠣᠨ ᠳᠤ ᠨᠡᠶᠢᠴᠡᠵᠦ ᠪᠦᠷᠢᠨ ᠭᠦᠢᠴᠡᠳ ᠪᠠᠶᠢᠬᠤ ᠡᠰᠡᠬᠦ︔ ᠬᠠᠤᠯᠢ ᠴᠠᠭᠠᠵᠠ᠂ ᠬᠠᠤᠯᠢ ᠲᠣᠭᠲᠠᠭᠠᠯ᠂ ᠳᠦᠷᠢᠮ ᠲᠣᠭᠲᠠᠭᠠᠯ ᠢ ᠬᠡᠷᠡᠭᠯᠡᠭᠰᠡᠨ ᠨᠢ ᠣᠨᠣᠪᠴᠢᠲᠠᠶ ᠡᠰᠡᠬᠦ᠂ ᠲᠠᠰᠤᠯᠤᠯᠲᠠ ᠶᠢᠨ ᠦᠨᠳᠦᠰᠦᠨ ᠪᠠᠷᠢᠮᠵᠢᠶ᠎ᠠ ᠶᠢ ᠬᠡᠷᠡᠭᠵᠢᠭᠦᠯᠦᠭᠰᠡᠨ ᠨᠢ ᠵᠣᠬᠢᠰᠲᠠᠶ ᠡᠰᠡᠬᠦ︔ ᠬᠠᠤᠯᠢ ᠬᠡᠷᠡᠭᠵᠢᠭᠦᠯᠬᠦ ᠨᠢ ᠬᠠᠤᠯᠢ ᠪᠠᠷ ᠲᠣᠭᠲᠠᠭᠠᠭᠰᠠᠨ ᠡᠷᠬᠡ ᠶᠢᠨ ᠬᠢᠵᠠᠭᠠᠷ ᠠᠴᠠ ᠳᠠᠪᠠᠭᠰᠠᠨ ᠪᠤᠶᠤ ᠡᠷᠬᠡ ᠲᠤᠰᠢᠶᠠᠯ ᠢᠶᠠᠨ ᠳᠤᠷ᠎ᠠ ᠪᠠᠷ ᠬᠡᠷᠡᠭᠯᠡᠭᠰᠡᠨ ᠪᠠᠢᠳᠠᠯ ᠪᠠᠶᠢᠬᠤ ᠡᠰᠡᠬᠦ︔ ᠵᠠᠰᠠᠭ ᠵᠠᠬᠢᠷᠭᠠᠨ ᠤ ᠬᠠᠤᠯᠢ ᠬᠡᠷᠡᠭᠵᠢᠭᠦᠯᠬᠦ ᠪᠢᠴᠢᠭ ᠬᠠᠷ᠎ᠠ ᠨᠢ ᠪᠦᠷᠢᠨ ᠲᠡᠭᠦᠯᠳᠡᠷ᠂ ᠵᠢᠷᠤᠮᠵᠢᠯ ᠲᠠᠢ ᠡᠰᠡᠬᠦ︔ ᠬᠠᠤᠯᠢ ᠶᠢ ᠵᠥᠷᠢᠴᠡᠭᠰᠡᠨ ᠦᠢᠯᠡ ᠠᠵᠢᠯᠯᠠᠭ᠎ᠠ ᠨᠢ ᠶᠠᠯ᠎ᠠ ᠬᠢᠭᠰᠡᠨ ᠰᠡᠵᠢᠭᠯᠡᠯᠲᠡᠶ  ᠪᠠᠶᠢᠬᠤ ᠡᠰᠡᠬᠦ᠂ ᠬᠠᠤᠯᠢ ᠪᠠᠷᠢᠬᠤ ᠪᠠᠶᠢᠭᠤᠯᠭ᠎ᠠ ᠳᠤ ᠰᠢᠯᠵᠢᠭᠦᠯᠦᠨ ᠬᠦᠷᠭᠡᠬᠦ ᠴᠢᠬᠤᠯᠠᠲᠠᠶ ᠪᠠᠶᠢᠬᠤ ᠵᠡᠷᠭᠡ᠃    4᠂ ᠬᠢᠨᠠᠨ ᠬᠠᠷᠭᠤᠭᠤᠯᠬᠤ ᠬᠠᠷᠢᠭᠤᠴᠠᠯᠭ᠎ᠠ ᠶᠢᠨ ᠵᠠᠰᠠᠭ ᠵᠠᠬᠢᠷᠭᠠᠨ ᠤ ᠭᠤᠤᠯ ᠬᠠᠷᠢᠭᠤᠴᠠᠯᠭᠠᠲᠠᠨ ᠪᠣᠯ ᠲᠤᠰ ᠪᠠᠶᠢᠭᠤᠯᠭ᠎ᠠ ᠶᠢᠨ ᠴᠢᠬᠤᠯᠠ ᠶᠡᠭᠡ ᠬᠠᠤᠯᠢ ᠬᠡᠷᠡᠭᠵᠢᠭᠦᠯᠬᠦ ᠲᠣᠭᠲᠠᠭᠠᠯ ᠢ ᠬᠠᠤᠯᠢ ᠳᠦᠷᠢᠮ ᠤᠨ ᠬᠢᠨᠠᠨ ᠬᠠᠷᠭᠤᠭᠤᠯᠬᠤ ᠳᠦᠷᠢᠮ ᠢ ᠨᠠᠶᠢᠳᠠᠪᠤᠷᠢᠵᠢᠭᠤᠯᠬᠤ ᠨᠢᠭᠡᠳᠦᠭᠡᠷ ᠬᠠᠷᠢᠭᠤᠴᠠᠯᠭᠠᠲᠠᠨ ᠪᠣᠯᠬᠤ ᠶᠢ ᠲᠣᠳᠣᠷᠬᠠᠶᠢᠯᠠᠵᠤ᠂ ᠲᠤᠰ ᠪᠠᠶᠢᠭᠤᠯᠭ᠎ᠠ ᠶᠢᠨ ᠭᠠᠷᠭᠠᠭᠰᠠᠨ ᠵᠠᠰᠠᠭ ᠵᠠᠬᠢᠷᠭᠠᠨ ᠤ ᠬᠠᠤᠯᠢ ᠬᠡᠷᠡᠭᠵᠢᠭᠦᠯᠬᠦ ᠲᠣᠭᠲᠠᠭᠠᠯ ᠢ ᠬᠠᠷᠢᠭᠤᠴᠠᠬᠤ ᠬᠡᠷᠡᠭᠲᠡᠶ᠃    ︵1︶ ᠵᠠᠰᠠᠭ ᠵᠠᠬᠢᠷᠭᠠᠨ ᠤ ᠰᠠᠯᠠᠭ᠎ᠠ ᠮᠥᠴᠢᠷ ᠤᠳ ᠬᠠᠤᠯᠢ ᠳᠦᠷᠢᠮ ᠤᠨ ᠬᠢᠨᠠᠨ ᠬᠠᠷᠭᠤᠭᠤᠯᠬᠤ ᠴᠤᠪᠤᠷᠠᠯ ᠵᠢᠷᠤᠭ ᠢ ᠲᠣᠭᠲᠠᠭᠠᠵᠤ᠂ ᠬᠦᠷᠭᠡᠵᠦ ᠬᠢᠨᠠᠭᠤᠯᠬᠤ ᠮᠠᠲ᠋ᠧᠷᠢᠶᠠᠯ ᠢ ᠮᠡᠳᠡᠭᠦᠯᠦᠨ ᠬᠦᠷᠭᠡᠬᠦ ᠱᠠᠭᠠᠷᠳᠠᠯᠭ᠎ᠠ ᠪᠠ ᠬᠢᠨᠠᠨ ᠬᠠᠷᠭᠤᠭᠤᠯᠬᠤ ᠠᠷᠭ᠎ᠠ ᠮᠠᠶ᠋ᠢᠭ᠂ ᠴᠠᠭ ᠬᠤᠭᠤᠴᠠᠭ᠎ᠠ᠂ ᠬᠠᠷᠢᠭᠤᠴᠠᠯᠭ᠎ᠠ ᠶᠢ ᠲᠣᠳᠣᠷᠬᠠᠶᠢᠯᠠᠨ᠂ ᠬᠠᠤᠯᠢ ᠳᠦᠷᠢᠮ ᠤᠨ ᠬᠢᠨᠠᠨ ᠬᠠᠷᠭᠤᠭᠤᠯᠬᠤ ᠪᠠᠶᠢᠭᠤᠯᠤᠮᠵᠢ ᠬᠢᠭᠡᠳ ᠵᠠᠰᠠᠭ ᠵᠠᠬᠢᠷᠭᠠᠨ ᠤ ᠬᠠᠤᠯᠢ ᠬᠡᠷᠡᠭᠵᠢᠭᠦᠯᠬᠦ ᠶᠢ ᠳᠠᠭᠠᠭᠠᠨ ᠭᠦᠢᠴᠡᠳᠭᠡᠬᠦ ᠪᠠᠶᠢᠭᠤᠯᠤᠮᠵᠢ ᠶᠢᠨ ᠬᠢᠨᠠᠨ ᠬᠠᠷᠭᠤᠭᠤᠯᠤᠭᠰᠠᠨ ᠰᠠᠨᠠᠯ ᠨᠢ ᠨᠢᠭᠡᠳᠦᠯ ᠦᠭᠡᠢ  ᠪᠠᠶᠢᠬᠤ ᠦᠶ᠎ᠡ ᠶᠢᠨ ᠵᠣᠬᠢᠴᠠᠭᠤᠯᠬᠤ ᠲᠣᠭᠲᠠᠴᠠ ᠶᠢ ᠪᠠᠶᠢᠭᠤᠯᠬᠤ ᠬᠡᠷᠡᠭᠲᠡᠶ᠃    ︵2︶ ᠵᠠᠰᠠᠭ ᠵᠠᠬᠢᠷᠭᠠᠨ ᠤ ᠬᠠᠤᠯᠢ ᠬᠡᠷᠡᠭᠵᠢᠭᠦᠯᠦᠯᠲᠡ ᠶᠢ ᠳᠠᠭᠠᠭᠠᠨ ᠠᠪᠴᠤ ᠭᠦᠢᠴᠡᠳᠭᠡᠬᠦ ᠪᠠᠶᠢᠭᠤᠯᠤᠮᠵᠢ ᠨᠢ ᠬᠦᠷᠭᠡᠨ ᠬᠢᠨᠠᠭᠤᠯᠬᠤ ᠮᠠᠲ᠋ᠧᠷᠢᠶᠠᠯ ᠤᠨ ᠦᠨᠡᠨ ᠪᠣᠳᠠᠲᠤ ᠴᠢᠨᠠᠷ᠂ ᠣᠨᠣᠪᠴᠢᠲᠤ ᠴᠢᠨᠠᠷ᠂ ᠴᠢᠬᠡᠴᠢ ᠴᠢᠨᠠᠷ ᠵᠢᠴᠢ ᠬᠠᠤᠯᠢ ᠬᠡᠷᠡᠭᠵᠢᠭᠦᠯᠦᠭᠰᠡᠨ ᠪᠣᠳᠠᠲᠤ ᠶᠠᠪᠤᠳᠠᠯ᠂ ᠭᠡᠷᠡᠴᠢ ᠪᠠᠷᠢᠮᠲᠠ᠂ ᠬᠠᠤᠯᠢ ᠴᠠᠭᠠᠵᠠ ᠶᠢᠨ ᠬᠡᠷᠡᠭᠯᠡᠯᠲᠡ᠂ ᠵᠢᠷᠤᠮ ᠤᠨ ᠬᠠᠤᠯᠢ ᠶᠣᠰᠣᠴᠢ ᠴᠢᠨᠠᠷ ᠲᠤ ᠬᠠᠷᠢᠭᠤᠴᠠᠬᠤ ᠬᠡᠷᠡᠭᠲᠡᠶ᠃ ᠬᠠᠤᠯᠢ ᠳᠦᠷᠢᠮ ᠤᠨ ᠬᠢᠨᠠᠨ ᠬᠠᠷᠭᠤᠭᠤᠯᠬᠤ ᠪᠠᠶᠢᠭᠤᠯᠤᠮᠵᠢ ᠨᠢ ᠴᠢᠬᠤᠯᠠ ᠶᠡᠭᠡ ᠬᠠᠤᠯᠢ ᠬᠡᠷᠡᠭᠵᠢᠭᠦᠯᠬᠦ ᠲᠣᠭᠲᠠᠭᠠᠯ ᠤᠨ ᠬᠠᠤᠯᠢ ᠳᠦᠷᠢᠮ ᠤᠨ ᠬᠢᠨᠠᠨ ᠬᠠᠷᠭᠤᠭᠤᠯᠤᠭᠰᠠᠨ ᠰᠠᠨᠠᠯ ᠳᠤ ᠬᠠᠷᠢᠭᠤᠴᠠᠬᠤ ᠬᠡᠷᠡᠭᠲᠡᠶ᠃ ᠳᠠᠭᠠᠭᠠᠨ ᠠᠪᠴᠤ ᠰᠢᠢᠳᠪᠦᠷᠢᠯᠡᠬᠦ ᠠᠵᠢᠯᠲᠠᠨ᠂ ᠬᠠᠤᠯᠢ ᠳᠦᠷᠢᠮ ᠤᠨ ᠬᠢᠨᠠᠨ ᠬᠠᠷᠭᠤᠭᠤᠯᠬᠤ ᠠᠵᠢᠯᠲᠠᠨ ᠪᠣᠯᠤᠨ ᠬᠢᠨᠠᠨ ᠵᠥᠪᠰᠢᠶᠡᠷᠡᠬᠦ ᠬᠠᠷᠢᠭᠤᠴᠠᠯᠭᠠᠲᠠᠨ ᠡᠷᠬᠡ ᠲᠤᠰᠢᠶᠠᠯ ᠢᠶᠠᠨ ᠳᠤᠷ᠎ᠠ ᠪᠠᠷ ᠢᠶᠠᠨ ᠬᠡᠷᠡᠭᠯᠡᠵᠦ᠂ ᠠᠯᠪᠠᠨ ᠲᠤᠰᠢᠶᠠᠯ ᠳᠠᠭᠠᠨ ᠠᠯᠮᠠᠢᠷᠠᠨ ᠣᠰᠤᠯᠳᠤᠵᠤ᠂ ᠬᠤᠪᠢ ᠶᠢᠨ ᠨᠠᠶᠢᠷ ᠢᠶᠠᠷ ᠬᠠᠤᠯᠢ ᠴᠠᠭᠠᠵᠠ ᠶᠢ ᠭᠠᠵᠢᠭᠤᠳᠠᠭᠤᠯᠤᠭᠠᠳ᠂ ᠵᠠᠰᠠᠭ ᠵᠠᠬᠢᠷᠭᠠᠨ ᠤ ᠬᠠᠤᠯᠢ ᠬᠡᠷᠡᠭᠵᠢᠭᠦᠯᠬᠦ ᠲᠣᠭᠲᠠᠭᠠᠯ ᠢ ᠪᠤᠷᠤᠭᠤ ᠪᠣᠯᠭᠠᠭᠰᠠᠨ ᠪᠠᠶᠢᠪᠠᠯ᠂ ᠬᠠᠮᠢᠶ᠎ᠠ ᠪᠦᠬᠦᠢ ᠬᠥᠮᠦᠰ ᠤᠨ ᠬᠠᠷᠢᠭᠤᠴᠠᠯᠭ᠎ᠠ ᠶᠢ ᠬᠠᠤᠯᠢ ᠶᠣᠰᠣᠭᠠᠷ ᠨᠡᠬᠡᠮᠵᠢᠯᠡᠬᠦ ᠬᠡᠷᠡᠭᠲᠡᠶ᠃    ᠭᠤᠷᠪᠠ᠂ ᠬᠡᠷᠡᠭᠵᠢᠭᠦᠯᠬᠦ ᠠᠯᠬᠤᠮ ᠳᠠᠷᠠᠭ᠎ᠠ    ︵ᠨᠢᠭᠡ︶ ᠲᠤᠬᠢᠷᠠᠭᠤᠯᠤᠨ ᠪᠠᠶᠢᠷᠢᠯᠠᠭᠤᠯᠬᠤ ᠱᠠᠲᠤ ᠦᠶ᠎ᠡ    1᠂ ᠲᠥᠰᠦᠯ ᠲᠣᠭᠲᠠᠭᠠᠬᠤ ᠡᠯ᠎ᠡ ᠵᠠᠰᠠᠭ ᠵᠠᠬᠢᠷᠭᠠᠨ ᠤ ᠬᠠᠤᠯᠢ ᠬᠡᠷᠡᠭᠵᠢᠭᠦᠯᠬᠦ ᠰᠠᠯᠠᠭ᠎ᠠ ᠮᠥᠴᠢᠷ ᠤᠳ ᠲᠤᠰ ᠲᠥᠰᠦᠯ ᠤᠨ ᠱᠠᠭᠠᠷᠳᠠᠯᠭ᠎ᠠ ᠶᠣᠰᠣᠭᠠᠷ᠂ ᠲᠤᠰ ᠰᠠᠯᠠᠭ᠎ᠠ ᠮᠥᠴᠢᠷ ᠤᠨ ᠢᠶᠠᠨ ᠪᠣᠳᠠᠲᠠᠶ ᠠᠵᠢᠯ ᠤᠨ ᠲᠥᠰᠦᠯ ᠢ ᠰᠤᠳᠤᠯᠤᠨ ᠲᠣᠭᠲᠠᠭᠠᠵᠤ᠂ 2019  ᠤᠨ ᠤ 7 ᠳ᠋ᠤᠭᠠᠷ ᠰᠠᠷ᠎ᠠ ᠶᠢᠨ 10 ᠤ ᠡᠳᠦᠷ ᠠᠴᠠ ᠡᠮᠦᠨ᠎ᠡ ᠬᠤᠷᠴᠢᠨ ᠲᠣᠭᠤᠷᠢᠭ ᠤᠨ ᠬᠠᠤᠯᠢ ᠴᠠᠭᠠᠵᠠ ᠶᠢᠨ ᠲᠣᠪᠴᠢᠶ᠎ᠠ ᠳᠤ ᠮᠡᠳᠡᠭᠦᠯᠦᠨ ᠳᠠᠩᠰᠠᠯᠠᠭᠤᠯᠬᠤ ᠬᠡᠷᠡᠭᠲᠡᠶ᠃     2᠂ ︽ᠭᠤᠷᠪᠠᠨ ᠵᠦᠢᠯ ᠤᠨ ᠳᠦᠷᠢᠮ︾ ᠤᠨ ᠪᠣᠯᠪᠠᠰᠤᠷᠠᠭᠤᠯᠤᠯ ᠢ ᠵᠣᠬᠢᠶᠠᠨ ᠪᠠᠶᠢᠭᠤᠯᠬᠤ ᠬᠡᠷᠡᠭᠲᠡᠶ᠃    ᠲᠣᠭᠤᠷᠢᠭ ᠤᠨ ᠬᠠᠤᠯᠢ ᠴᠠᠭᠠᠵᠠ ᠶᠢᠨ ᠲᠣᠪᠴᠢᠶ᠎ᠠ ᠠᠴᠠ ᠲᠣᠰ ᠱᠠᠲᠤᠨ ᠤ ᠬᠠᠤᠯᠢ ᠬᠡᠷᠡᠭᠵᠢᠭᠦᠯᠬᠦ ᠠᠵᠢᠯᠲᠠᠳ ᠲᠤ ᠪᠣᠯᠪᠠᠰᠤᠷᠠᠭᠤᠯᠤᠯ ᠬᠢᠬᠦ ᠶᠢ ᠵᠣᠬᠢᠶᠠᠨ ᠪᠠᠶᠢᠭᠤᠯᠤᠨ᠎ᠠ᠃    ︵ᠬᠤᠶᠠᠷ︶ ᠳᠦᠷᠢᠮ ᠲᠣᠭᠲᠠᠭᠠᠬᠤ ᠪᠠ ᠵᠠᠰᠠᠪᠤᠷᠢ ᠣᠷᠣᠭᠤᠯᠬᠤ ᠱᠠᠲᠤ ᠦᠶ᠎ᠡ ᠶᠢᠨ ᠵᠠᠰᠠᠭ ᠵᠠᠬᠢᠷᠭᠠᠨ ᠤ ᠬᠠᠤᠯᠢ ᠬᠡᠷᠡᠭᠵᠢᠭᠦᠯᠬᠦ ᠰᠠᠯᠠᠭ᠎ᠠ ᠮᠥᠴᠢᠷ ᠤᠳ 2019 ᠤᠨ ᠤ 7 ᠳ᠋ᠤᠭᠠᠷ ᠰᠠᠷ᠎ᠠ ᠶᠢᠨ ᠰᠡᠭᠦᠯᠴᠢ ᠠᠴᠠ ᠡᠮᠦᠨ᠎ᠡ ᠲᠤᠰ ᠲᠥᠰᠦᠯ ᠳᠤ ᠲᠣᠭᠲᠠᠭᠠᠭᠰᠠᠨ ᠪᠤᠶᠤ ᠵᠠᠰᠠᠪᠤᠷᠢ ᠣᠷᠣᠭᠤᠯᠬᠤ ᠪᠠᠷ ᠱᠠᠭᠠᠷᠳᠠᠭᠰᠠᠨ ᠡᠯ᠎ᠡ ᠵᠦᠢᠯ ᠤᠨ ᠳᠦᠷᠢᠮ᠂ ᠨᠠᠷᠢᠨ ᠳᠠᠩᠰᠠ᠂  ᠦᠢᠯᠡᠴᠢᠯᠡᠭᠡᠨ ᠤ ᠵᠦᠭᠯᠡᠭᠦᠷ᠂ ᠴᠤᠪᠤᠷᠠᠯ ᠵᠢᠷᠤᠭ ᠵᠡᠷᠭᠡ ᠬᠠᠮᠢᠶ᠎ᠠ ᠪᠦᠬᠦᠢ ᠠᠵᠢᠯ ᠢ ᠪᠡᠶᠡᠯᠡᠭᠦᠯᠬᠦ ᠬᠡᠷᠡᠭᠲᠡᠶ᠃ ᠵᠠᠰᠠᠭ ᠵᠠᠬᠢᠷᠭᠠᠨ ᠤ ᠰᠠᠯᠠᠭ᠎ᠠ ᠮᠥᠴᠢᠷ ᠤᠳ 2019  ᠤᠨ ᠤ 7 ᠳ᠋ᠤᠭᠠᠷ ᠰᠠᠷ᠎ᠠ ᠶᠢᠨ ᠰᠡᠭᠦᠯᠴᠢ ᠠᠴᠠ ᠡᠮᠦᠨ᠎ᠡ ᠥᠪᠡᠷᠲᠡᠭᠡᠨ ᠵᠠᠰᠠᠬᠤ ᠣᠷᠣᠨ ᠤ ᠵᠠᠰᠠᠭ ᠵᠠᠬᠢᠷᠭᠠᠨ ᠤ ᠬᠠᠤᠯᠢ ᠬᠡᠷᠡᠭᠵᠢᠭᠦᠯᠬᠦ ᠶᠢᠨ ᠬᠢᠨᠠᠯᠲᠠ ᠲᠠᠯᠪᠢᠬᠤ ᠲᠠᠪᠴᠠᠩ ᠯᠤᠭ᠎ᠠ ᠵᠣᠯᠭᠠᠭᠤᠯᠬᠤ ᠠᠵᠢᠯ ᠢ ᠪᠡᠶᠡᠯᠡᠭᠦᠯᠵᠦ᠂ ᠬᠠᠮᠢᠶ᠎ᠠ ᠪᠦᠬᠦᠢ ᠳᠦᠷᠢᠮ ᠤᠨ ᠤᠷᠤᠭᠰᠢᠲᠠᠶ ᠬᠡᠷᠡᠭᠵᠢᠭᠦᠯᠦᠭᠳᠡᠬᠦ ᠶᠢ ᠦᠨᠡᠨᠬᠦ ᠪᠠᠲᠤᠯᠠᠬᠤ ᠬᠡᠷᠡᠭᠲᠡᠶ᠃    ︵ᠭᠤᠷᠪᠠ︶ ᠪᠦᠬᠦ ᠲᠠᠯ᠎ᠠ ᠪᠠᠷ ᠬᠡᠷᠡᠭᠵᠢᠭᠦᠯᠬᠦ ᠱᠠᠲᠤ ᠦᠶ᠎ᠡ    1᠂ ᠵᠠᠰᠠᠭ ᠵᠠᠬᠢᠷᠭᠠᠨ ᠤ ᠬᠡᠷᠡᠭᠵᠢᠭᠦᠯᠦᠯᠲᠡ ᠶᠢ ᠳᠦᠷᠢᠮᠵᠢᠭᠦᠯᠬᠦ ᠳᠤ ᠠᠵᠢᠯ ᠤᠨ ᠨᠠᠶᠢᠳᠠᠪᠤᠷᠢᠵᠢᠭᠤᠯᠤᠯᠲᠠ ᠶᠢ ᠴᠢᠩᠭ᠎ᠠ ᠠᠳᠬᠤᠵᠤ᠂ 2019 ᠤᠨ ᠤ 8 ᠰᠠᠷ᠎ᠠ ᠠᠴᠠ ᠡᠬᠢᠯᠡᠨ ᠰᠢᠨ᠎ᠡ ᠪᠠᠷ ᠵᠠᠰᠠᠪᠤᠷᠢ ᠣᠷᠣᠭᠤᠯᠤᠨ ᠲᠡᠭᠦᠯᠳᠡᠷᠵᠢᠭᠦᠯᠦᠭᠰᠡᠨ ᠬᠠᠮᠢᠶ᠎ᠠ ᠪᠦᠬᠦᠢ ᠳᠦᠷᠢᠮ ᠪᠠ ᠠᠵᠢᠯ ᠤᠨ ᠴᠤᠪᠤᠷᠠᠯ ᠤᠨ ᠶᠣᠰᠣᠭᠠᠷ᠂ ︽ᠭᠤᠷᠪᠠᠨ ᠵᠦᠢᠯ ᠤᠨ ᠳᠦᠷᠢᠮ︾ ᠢ ᠪᠥᠬᠦ ᠲᠠᠯ᠎ᠠ ᠪᠠᠷ᠂ ᠴᠢᠩᠭ᠎ᠠ᠂ ᠵᠢᠷᠤᠮᠵᠢᠯ ᠲᠠᠢ ᠬᠡᠷᠡᠭᠵᠢᠭᠦᠯᠬᠦ ᠬᠡᠷᠡᠭᠲᠡᠶ᠃   2᠂ ᠬᠤᠷᠴᠢᠨ ᠲᠣᠭᠤᠷᠢᠭ ᠤᠨ ᠠᠷᠠᠳ ᠤᠨ ᠵᠠᠰᠠᠭ ᠤᠨ ᠣᠷᠳᠣᠨ ᠤ ︽ᠭᠤᠷᠪᠠᠨ ᠵᠦᠢᠯ ᠤᠨ ᠳᠦᠷᠢᠮ︾ ᠢ ᠠᠬᠢᠭᠤᠯᠤᠭᠰᠠᠨ ᠪᠠᠶᠢᠳᠠᠯ ᠢ ᠬᠠᠤᠯᠢ ᠪᠠᠷ ᠵᠠᠰᠠᠬᠤ ᠵᠠᠰᠠᠭ ᠤᠨ ᠣᠷᠳᠣᠨ ᠤ ᠪᠠᠶᠢᠭᠤᠯᠤᠯᠲᠠ ᠶᠢᠨ ᠰᠢᠯᠭᠠᠨ ᠦᠨᠡᠯᠡᠬᠦ ᠭᠦᠢᠴᠡᠳᠭᠡᠯ ᠲᠤᠭ᠎ᠠ ᠶᠢᠨ ᠰᠢᠰᠲ᠋ᠧᠮᠵᠢ ᠳᠤ ᠣᠷᠣᠭᠤᠯᠵᠤ᠂ ᠵᠢᠯ ᠤᠨ ᠡᠴᠦᠰ ᠤᠨ ᠬᠦᠴᠦᠨ ᠴᠢᠳᠠᠪᠤᠷᠢ ᠶᠢᠨ ᠬᠠᠷᠠᠯᠲᠠᠲᠤ ᠰᠢᠯᠭᠠᠨ ᠬᠢᠨᠠᠬᠤ ᠰᠢᠰᠲ᠋ᠧᠮᠵᠢ ᠳᠤ ᠣᠷᠣᠭᠤᠯᠵᠤ᠂ ︽ᠭᠤᠷᠪᠠᠨ  ᠵᠦᠢᠯ ᠤᠨ ᠳᠦᠷᠢᠮ︾ ᠤᠨ ᠲᠤᠰᠬᠠᠶ  ᠵᠦᠢᠯ ᠤᠨ ᠬᠢᠨᠠᠯᠲᠠ ᠪᠠᠶᠢᠴᠠᠭᠠᠯᠲᠠ ᠶᠢ ᠴᠠᠭ ᠲᠤᠨᠢ ᠲᠤᠬᠢᠷᠠᠭᠤᠯᠤᠨ ᠵᠣᠬᠢᠶᠠᠨ ᠪᠠᠢᠭᠤᠯᠵᠤ᠂ ᠮᠡᠳᠡᠭᠡᠯᠡᠬᠦ ᠲᠣᠭᠲᠠᠴᠠ ᠶᠢ ᠪᠠᠶᠢᠭᠤᠯᠤᠨ᠎ᠠ᠃    ︵ᠳᠥᠷᠪᠡᠨ︶ ᠳ᠋ᠦᠩᠨᠡᠯᠲᠡ ᠬᠢᠵᠦ ᠰᠢᠯᠭᠠᠨ ᠠᠪᠬᠤ ᠱᠠᠲᠤ ᠦᠶ᠎ᠡ   1᠂ ᠳ᠋ᠦᠩᠨᠡᠯᠲᠡ ᠶᠢᠨ ᠮᠡᠳᠡᠭᠦᠯᠦᠯᠲᠡ ᠶᠢᠨ ᠱᠠᠲᠤᠨ ᠳᠤ ᠡᠯ᠎ᠡ ᠵᠠᠰᠠᠭ ᠵᠠᠬᠢᠷᠭᠠᠨ ᠤ ᠬᠠᠤᠯᠢ ᠬᠡᠷᠡᠭᠵᠢᠭᠦᠯᠬᠦ ᠰᠠᠯᠠᠭ᠎ᠠ ᠮᠥᠴᠢᠷ ︽ᠭᠤᠷᠪᠠᠨ ᠵᠦᠢᠯ ᠤᠨ ᠳᠦᠷᠢᠮ︾ ᠢ ᠬᠡᠷᠡᠭᠵᠢᠭᠦᠯᠦᠭᠰᠡᠨ ᠠᠵᠢᠯ ᠶᠢᠨ ᠪᠠᠢᠳᠠᠯ ᠳᠤ ᠥᠪᠡᠷ ᠢᠶᠠᠨ ᠪᠠᠢᠴᠠᠭᠠᠯᠲᠠ ᠬᠢᠵᠦ᠂ 2019  ᠤᠨ ᠤ 9 ᠰᠠᠷ᠎ᠠ ᠶᠢᠨ ᠰᠡᠭᠦᠯᠴᠢ ᠠᠴᠠ ᠡᠮᠦᠨ᠎ᠡ ︽ᠭᠤᠷᠪᠠᠨ ᠵᠦᠢᠯ ᠤᠨ ᠳᠦᠷᠢᠮ ︾ ᠤᠨ ᠠᠵᠢᠯ ᠶᠢᠨ ᠳ᠋ᠦᠩᠨᠡᠯᠲᠡ ᠪᠠᠨ ᠬᠤᠷᠴᠢᠨ ᠲᠣᠭᠤᠷᠢᠭ ᠤᠨ ᠬᠠᠤᠯᠢ ᠴᠠᠭᠠᠵᠠ ᠶᠢᠨ ᠲᠣᠪᠴᠢᠶ᠎ᠠ ᠳᠤ  ᠬᠦᠷᠭᠡᠨ᠎ᠡ   2᠂ ᠰᠢᠯᠭᠠᠨ ᠠᠪᠬᠤ ᠶᠢ ᠵᠣᠬᠢᠶᠠᠨ ᠪᠠᠶᠢᠭᠤᠯᠬᠤ ᠱᠠᠲᠤ ᠦᠶ᠎ᠡ   2019 ᠤᠨ ᠤ 10 ᠳ᠋ᠤᠭᠠᠷ ᠰᠠᠷ᠎ᠠ ᠳᠤ ᠬᠤᠷᠴᠢᠨ ᠲᠣᠭᠤᠷᠢᠭ ᠤᠨ ᠬᠠᠤᠯᠢ ᠴᠠᠭᠠᠵᠠ ᠶᠢᠨ ᠲᠣᠪᠴᠢᠶ᠎ᠠ ᠠᠴᠠ ᠪᠥᠬᠦ ᠣᠷᠣᠨ ᠤ ︽ᠭᠤᠷᠪᠠᠨ ᠵᠦᠢᠯ ᠤᠨ ᠳᠦᠷᠢᠮ︾ ᠢ ᠬᠡᠷᠡᠭᠵᠢᠭᠦᠯᠬᠦ ᠠᠵᠢᠯ ᠢ ᠵᠣᠬᠢᠶᠠᠨ ᠪᠠᠢᠭᠤᠯᠤᠨ ᠰᠢᠯᠭᠠᠨ ᠬᠤᠷᠢᠶᠠᠵᠤ᠂ ᠠᠵᠢᠯ ᠶᠢᠨ ᠮᠡᠳᠡᠭᠦᠯᠦᠯᠲᠡ ᠪᠣᠯᠭᠠᠨ ᠪᠦᠷᠢᠯᠳᠦᠭᠦᠯᠵᠦ᠂ ᠱᠠᠭᠠᠷᠳᠠᠯᠭ᠎ᠠ ᠶᠣᠰᠣᠭᠠᠷ ᠬᠤᠲᠠ ᠶᠢᠨ ᠬᠠᠤᠯᠢ ᠴᠠᠭᠠᠵᠠ ᠶᠢᠨ ᠲᠣᠪᠴᠢᠶ᠎ᠠ ᠪᠣᠯᠤᠨ ᠬᠤᠷᠴᠢᠨ ᠲᠣᠭᠤᠷᠢᠭ ᠤᠨ ᠠᠷᠠᠳ ᠤᠨ ᠵᠠᠰᠠᠭ ᠤᠨ ᠣᠷᠳᠣᠨ ᠳᠤ ᠮᠡᠳᠡᠭᠦᠯᠦᠨ ᠬᠦᠷᠭᠡᠨ᠎ᠡ᠃    ᠳᠥᠷᠪᠡᠨ᠂ ᠵᠣᠬᠢᠶᠠᠨ ᠪᠠᠶᠢᠭᠤᠯᠤᠯᠲᠠ ᠶᠢᠨ ᠪᠠᠲᠤᠯᠠᠭ᠎ᠠ    ︵ᠨᠢᠭᠡ︶᠂ ᠵᠣᠬᠢᠶᠠᠨ ᠪᠠᠶᠢᠭᠤᠯᠤᠯᠲᠠ ᠶᠢᠨ ᠤᠳᠤᠷᠢᠳᠤᠯᠭ᠎ᠠ ᠪᠠᠨ ᠴᠢᠩᠭᠠᠳᠬᠠᠬᠤ ᠡᠯ᠎ᠡ ᠰᠠᠯᠠᠭ᠎ᠠ ᠮᠥᠴᠢᠷ ᠤᠨ ᠭᠤᠤᠯ ᠬᠠᠷᠢᠭᠤᠴᠠᠯᠭᠠᠲᠠᠨ ᠪᠣᠯ ᠲᠣᠰ ᠰᠠᠯᠠᠭ᠎ᠠ ᠮᠥᠴᠢᠷ ᠤᠨ ︽ᠭᠤᠷᠪᠠᠨ ᠵᠦᠢᠯ ᠤᠨ ᠳᠦᠷᠢᠮ︾ ᠤᠨ ᠠᠵᠢᠯ ᠢ ᠪᠦᠬᠦ ᠲᠠᠯ᠎ᠠ ᠪᠠᠷ ᠶᠠᠪᠤᠭᠤᠯᠬᠤ ᠨᠢᠭᠡᠳᠦᠭᠡᠷ ᠬᠠᠷᠢᠭᠤᠴᠠᠯᠭ᠎ᠠ ᠡᠭᠦᠷᠭᠡᠯᠡᠭᠴᠢ ᠪᠣᠯᠤᠨ᠎ᠠ᠃ ᠡᠯ᠎ᠡ ᠰᠠᠯᠠᠭ᠎ᠠ ᠮᠥᠴᠢᠷ ᠤᠳ ᠵᠣᠬᠢᠶᠠᠨ ᠪᠠᠶᠢᠭᠤᠯᠤᠯᠲᠠ ᠶᠢᠨ ᠤᠳᠤᠷᠢᠳᠤᠯᠭ᠎ᠠ ᠪᠠᠨ ᠴᠢᠩᠭᠠᠳᠬᠠᠵᠤ᠂ ︽ᠭᠤᠷᠪᠠᠨ ᠵᠦᠢᠯ ᠤᠨ ᠳᠦᠷᠢᠮ︾ ᠢ ᠬᠡᠷᠡᠭᠵᠢᠭᠦᠯᠬᠦ ᠠᠵᠢᠯ ᠢ ᠯᠠᠪᠳᠠᠭᠤᠨ ᠪᠠᠲᠤᠲᠠᠶ ᠠᠬᠢᠭᠤᠯᠬᠤ ᠬᠡᠷᠡᠭᠲᠡᠶ᠃ ᠬᠠᠤᠯᠢ  ᠪᠠᠷᠢᠵᠤ ᠵᠠᠰᠠᠭ ᠶᠠᠪᠤᠭᠤᠯᠬᠤ᠂ ᠣᠷᠣᠨ ᠲᠤᠭ᠎ᠠ ᠶᠢᠨ ᠬᠠᠮᠢᠶᠠᠷᠤᠯᠲᠠ᠂ ᠠᠯᠪᠠᠲᠠᠨ ᠤ ᠬᠠᠮᠢᠶᠠᠷᠤᠯᠲᠠ᠂ ᠮᠡᠳᠡᠭᠡ ᠵᠠᠩᠭᠢ ᠶᠢ ᠢᠯᠡ ᠪᠣᠯᠭᠠᠬᠤ᠂ ᠵᠠᠰᠠᠭ ᠤᠨ ᠶᠠᠪᠤᠳᠠᠯ ᠢ ᠡᠯᠧᠺᠲᠷᠣᠨ ᠢᠶᠠᠷ ᠭᠦᠢᠴᠡᠳᠭᠡᠬᠦ᠂ ᠬᠥᠭᠵᠢᠭᠦᠯᠦᠯᠲᠡ ᠥᠭᠡᠷᠡᠴᠢᠯᠡᠯᠲᠡ᠂ ᠡᠳ᠋ ᠤᠨ ᠵᠠᠰᠠᠭ᠂ ᠵᠠᠬ᠎ᠠ ᠳᠡᠯᠭᠡᠭᠦᠷ ᠤᠨ ᠬᠢᠨᠠᠯᠲᠠ ᠬᠠᠮᠢᠶᠠᠷᠤᠯᠲᠠ ᠵᠡᠷᠭᠡ ᠨᠢᠭᠡᠴᠡ ᠣᠷᠣᠯᠴᠠᠭᠰᠠᠨ ︽ᠭᠤᠷᠪᠠᠨ ᠵᠦᠢᠯ ᠤᠨ ᠳᠦᠷᠢᠮ︾ ᠢ ᠪᠦᠬᠦ ᠲᠠᠯ᠎ᠠ ᠪᠠᠷ ᠬᠡᠷᠡᠭᠵᠢᠭᠦᠯᠬᠦ ᠠᠵᠢᠯ ᠤᠨ ᠵᠣᠬᠢᠴᠠᠭᠤᠯᠬᠤ ᠲᠣᠭᠲᠠᠴᠠ ᠶᠢ ᠪᠠᠶᠢᠭᠤᠯᠤᠨ᠎ᠠ᠃ ᠡᠯ᠎ᠡ ᠬᠤᠯᠪᠣᠭᠳᠠᠯ ᠪᠦᠬᠦᠢ ᠰᠠᠯᠠᠭ᠎ᠠ ᠮᠥᠴᠢᠷ ᠤᠳ ᠲᠣᠰ ᠰᠢᠰᠲ᠋ᠧᠮ ᠤᠨ ᠢᠶᠠᠨ ᠳᠡᠭᠡᠳᠦ ᠱᠠᠲᠤᠨ ᠤ ᠨᠢᠭᠡᠴᠡ ᠯᠦᠭᠡ ︽ᠭᠤᠷᠪᠠᠨ  ᠵᠦᠢᠯ ᠤᠨ ᠳᠦᠷᠢᠮ︾ ᠤᠨ ᠠᠵᠢᠯ ᠢ ᠪᠦᠬᠦ ᠲᠠᠯ᠎ᠠ ᠪᠠᠷ ᠵᠣᠬᠢᠴᠠᠭᠤᠯᠤᠨ ᠨᠡᠪᠲᠡᠷᠡᠯᠴᠡᠬᠦ ᠪᠠᠨ ᠴᠢᠩᠭᠠᠳᠬᠠᠬᠤ ᠬᠡᠷᠡᠭᠲᠡᠶ    ︵ᠬᠤᠶᠠᠷ︶ ᠵᠠᠷᠤᠳᠠᠯ ᠤᠨ ᠣᠷᠣᠭᠤᠯᠤᠯᠲᠠ ᠶᠢᠨ ᠡᠯ᠎ᠡ ᠰᠠᠯᠠᠭ᠎ᠠ ᠮᠥᠴᠢᠷ ᠤᠳ ᠬᠠᠷᠢᠭᠤᠴᠠᠯᠭ᠎ᠠ ᠨᠢ ᠲᠣᠳᠣᠷᠬᠠᠶ ᠂ ᠬᠠᠮᠢᠶᠠᠷᠤᠯᠲᠠ ᠨᠢ ᠵᠢᠷᠤᠮᠵᠢᠯ ᠲᠠᠢ᠂ ᠣᠷᠣᠭᠤᠯᠤᠯᠲᠠ ᠨᠢ ᠲᠣᠭᠲᠠᠭᠤᠨ ᠬᠠᠤᠯᠢ ᠬᠡᠷᠡᠭᠵᠢᠭᠦᠯᠬᠦ ᠪᠠᠲᠤᠯᠠᠭ᠎ᠠ ᠶᠢᠨ ᠲᠣᠭᠲᠠᠴᠠ ᠶᠢ ᠪᠠᠶᠢᠭᠤᠯᠵᠤ᠂ ᠵᠠᠰᠠᠭ ᠵᠠᠬᠢᠷᠭᠠᠨ ᠤ ᠡᠭᠦᠷᠭᠡ ᠬᠠᠷᠢᠭᠤᠴᠠᠯᠭ᠎ᠠ ᠪᠠᠨ ᠬᠠᠤᠯᠢ ᠶᠣᠰᠣᠭᠠᠷ ᠭᠦᠢᠴᠡᠳᠭᠡᠬᠦ ᠳᠤ ᠬᠡᠷᠡᠭᠰᠡᠬᠦ ᠬᠠᠤᠯᠢ ᠬᠡᠷᠡᠭᠵᠢᠭᠦᠯᠬᠦ ᠲᠣᠨᠤᠭ ᠲᠥᠬᠦᠭᠡᠷᠦᠮᠵᠢ᠂ ᠵᠠᠷᠤᠳᠠᠯ ᠢ ᠪᠠᠲᠤᠯᠠᠬᠤ ᠬᠡᠷᠡᠭᠲᠡᠶ᠃    ︵ᠭᠤᠷᠪᠠ︶ ᠤᠬᠠᠭᠤᠯᠤᠨ ᠬᠥᠲᠥᠯᠥᠨ ᠵᠢᠯᠣᠭᠤᠳᠬᠤ ᠶᠢ ᠰᠠᠶᠢᠲᠤᠷ ᠠᠳᠬᠤᠬᠤ ᠬᠡᠷᠡᠭᠲᠡᠶ᠃ ᠡᠯ᠎ᠡ ᠰᠠᠯᠠᠭ᠎ᠠ ᠮᠥᠴᠢᠷ ᠤᠳ ᠰᠣᠨᠢᠨ ᠮᠡᠳᠡᠭᠡᠨ ᠤ ᠵᠠᠭᠤᠴᠢᠯᠠᠭᠤᠷ ᠢ ᠢᠳᠡᠪᠬᠢᠲᠡᠶ ᠪᠠᠷ ᠵᠣᠬᠢᠶᠠᠨ ᠪᠠᠶᠢᠭᠤᠯᠵᠤ᠂ ᠣᠯᠠᠨ  ᠵᠦᠢᠯ ᠤᠨ ᠠᠷᠭ᠎ᠠ ᠮᠠᠶ᠋ᠢᠭ ᠢ ᠠᠪᠴᠤ᠂ ︽ᠭᠤᠷᠪᠠᠨ  ᠵᠦᠢᠯ ᠤᠨ ᠳᠦᠷᠢᠮ︾ ᠢ ᠶᠠᠪᠤᠭᠤᠯᠬᠤ ᠠᠵᠢᠯ ᠢ ᠪᠦᠬᠦ ᠲᠠᠯ᠎ᠠ ᠪᠠᠷ᠂ ᠣᠯᠠᠨ ᠲᠠᠯ᠎ᠠ ᠠᠴᠠ ᠤᠬᠠᠭᠤᠯᠤᠨ ᠮᠡᠳᠡᠭᠡᠯᠡᠵᠦ᠂ ᠨᠡᠶᠢᠭᠡᠮ ᠤᠨ ᠰᠠᠶᠢᠨ ᠰᠠᠶᠢᠬᠠᠨ ᠠᠭᠤᠷ ᠠᠮᠢᠰᠬᠤᠯ ᠢ ᠪᠤᠢ ᠪᠣᠯᠭᠠᠬᠤ ᠬᠡᠷᠡᠭᠲᠡᠶ᠃
 
ᠢᠷᠡᠯᠲᠡ᠄ ᠲᠣᠲᠣᠷᠬᠠᠢ ᠦᠭᠡᠢ
 
 
ᠬᠠᠮᠢᠶ᠎ᠡ ᠪᠦᠬᠦᠢ ᠰᠣᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备05070829号