2019 ᠤᠨ ᠤ 44 ᠳ᠋ᠦᠭᠡᠷ ᠲᠣᠭᠠᠲᠤ | ᠡᠯ᠎ᠡ ᠪᠠᠯᠭᠠᠰᠤ ᠰᠤᠮᠤᠨ ᠤ ᠠᠷᠠᠳ ᠤᠨ ᠵᠠᠰᠠᠭ ᠤᠨ ᠣᠷᠳᠣᠨ᠂ ᠤᠯᠤᠰ ᠤᠨ ᠥᠮᠴᠢᠯᠡᠯᠲᠡ ᠲᠠᠷᠢᠶᠠᠯᠠᠩ ᠮᠠᠯ | ᠠᠵᠤ ᠠᠬᠤᠢ ᠶᠢᠨ ᠲᠠᠯᠠᠪᠠᠢ᠂ ᠡᠯ᠎ᠡ ᠵᠡᠭᠡᠯᠢ ᠭᠤᠳᠤᠮᠵᠢ ᠶᠢᠨ ᠬᠡᠷᠡᠭ ᠡᠷᠬᠢᠯᠡᠬᠦ ᠭᠠᠵᠠᠷ᠂ ᠡᠯ᠎ᠡ ᠵᠥᠪᠯᠡᠯ᠂ ᠠᠯᠪᠠᠨ ᠭᠡᠷ | ᠂ ᠲᠣᠪᠴᠢᠶ᠎ᠠ᠂ ᠲᠤᠭᠤᠷᠢᠭ ᠲᠤ ᠰᠠᠭᠤᠭ᠎ᠠ ᠣᠷᠣᠨ ᠤ ᠰᠢᠭᠤᠳ ᠬᠠᠷᠢᠶ᠎ᠠ ᠡᠯ᠎ᠡ ᠨᠢᠭᠡᠴᠡ ᠳᠤ᠄ | ᠪᠥᠬᠦ ᠣᠷᠣᠨ ᠤ ᠡᠯ᠎ᠡ ᠨᠢᠭᠡᠴᠡ ᠶᠢᠨ ᠲᠣᠭᠲᠠᠮᠠᠯ ᠬᠥᠷᠥᠩᠭᠡ ᠶᠢᠨ ᠰᠠᠭᠤᠷᠢ ᠲᠤᠭ᠎ᠠ ᠶᠢ ᠭᠦᠶ᠋ᠴᠡᠳ ᠡᠵᠡᠮᠰᠢᠵᠦ᠂ | ᠤᠳᠤᠷᠢᠳᠤᠯᠭ᠎ᠠ ᠶᠢᠨ ᠰᠢᠢᠳᠪᠦᠷᠢᠳᠦ ᠪᠣᠳᠣᠯᠭ᠎ᠠ ᠲᠣᠭᠲᠠᠭᠠᠬᠤ ᠳᠤ ᠬᠠᠮᠢᠶ᠎ᠠ ᠪᠦᠬᠦᠢ ᠦᠨᠳᠦᠰᠦᠯᠡᠯ ᠬᠠᠩᠭᠠᠬᠤ ᠶᠢᠨ | ᠲᠤᠰᠠᠳᠠ᠂ ᠬᠤᠷᠴᠢᠨ ᠲᠣᠭᠤᠷᠢᠭ ᠤᠨ ᠳᠥᠷᠪᠡᠳᠦᠭᠡᠷ ᠤᠳᠠᠭᠠᠨ ᠤ ᠵᠠᠰᠠᠭ ᠤᠨ ᠣᠷᠳᠣᠨ ᠤ ᠪᠠᠶᠢᠩᠭᠤ ᠶᠢᠨ | ᠬᠤᠷᠠᠯ ᠤᠨ ᠱᠠᠭᠠᠷᠳᠠᠯᠭ᠎ᠠ ᠶᠢ ᠦᠨᠳᠦᠰᠦᠯᠡᠨ᠂ ᠡᠯ᠎ᠡ ᠨᠢᠭᠡᠴᠡ ᠨᠦᠭᠦᠳ ᠡᠳ᠋ ᠬᠥᠷᠥᠩᠭᠡ ᠶᠢ ᠡᠮᠬᠢᠯᠡᠨ ᠳᠢᠭᠯᠡᠬᠦ | ᠠᠵᠢᠯ ᠢ ᠳᠠᠬᠢᠵᠤ ᠬᠢᠵᠦ᠂ ᠥᠪᠡᠰᠦᠪᠡᠨ ᠪᠠᠶᠢᠴᠠᠭᠠᠵᠤ ᠡᠮᠬᠢᠯᠡᠨ ᠳᠢᠭᠯᠡᠭᠰᠡᠨ ᠮᠡᠳᠡᠭᠦᠯᠦᠯᠲᠡ ᠬᠢᠬᠦ ᠪᠠ ᠡᠳ᠋ | ᠬᠥᠷᠥᠩᠭᠡ ᠶᠢᠨ ᠨᠠᠷᠢᠨ ᠬᠠᠭᠤᠳᠠᠰᠤ ᠪᠠᠨ ᠳᠡᠭᠡᠭᠰᠢ ᠮᠡᠳᠡᠭᠦᠯᠵᠦ᠂ ᠪᠥᠬᠦ ᠲᠤᠭᠤᠷᠢᠭ ᠤᠨ ᠪᠤᠢ ᠪᠦᠬᠦᠢ ᠭᠠᠵᠠᠷ ᠰᠢᠷᠣᠶ | ᠭᠡᠷ ᠪᠠᠶᠢᠰᠢᠩ ᠵᠢᠴᠢ ᠭᠡᠷ ᠪᠠᠶᠢᠰᠢᠩ ᠢ ᠲᠥᠷᠥᠯ ᠬᠤᠪᠢᠶᠠᠨ ᠳᠠᠩᠰᠠᠯᠠᠨ ᠲᠡᠮᠳᠡᠭᠯᠡᠵᠦ᠂ ᠭᠡᠷ ᠤᠨ ᠰᠠᠭᠤᠷᠢ ᠶᠢ | ᠠᠷᠢᠯᠭᠠᠨ᠂ ᠡᠷᠬᠡ ᠶᠢᠨ ᠬᠠᠷᠢᠶᠠᠯᠠᠯ ᠢ ᠨᠢ ᠰᠢᠯᠤᠭᠤᠳᠬᠠᠨ᠎ᠠ᠃ | ᠨᠢᠭᠡ᠂ ᠠᠵᠢᠯ ᠤᠨ ᠱᠠᠭᠠᠷᠳᠠᠯᠭ᠎ᠠ | ᠪᠥᠬᠦ ᠲᠤᠭᠤᠷᠢᠭ ᠤᠨ ᠡᠯ᠎ᠡ ᠰᠠᠯᠠᠭ᠎ᠠ ᠮᠥᠴᠢᠷ ᠵᠢᠴᠢ ᠬᠠᠷᠢᠶ᠎ᠠ ᠬᠤᠶᠠᠳᠤᠭᠠᠷ ᠲᠡᠰ ᠤᠨ ᠨᠢᠭᠡᠴᠡ ᠪᠠ | ᠲᠣᠮᠢᠯᠠᠭᠰᠠᠨ ᠪᠠᠶᠢᠭᠤᠯᠤᠮᠵᠢ ︵ᠰᠢᠶᠠᠩ ᠪᠠᠯᠭᠠᠰᠤ ᠶᠢᠨ ᠡᠷᠡᠭᠦᠯ ᠬᠠᠮᠠᠭᠠᠯᠠᠯ ᠤᠨ ᠬᠤᠷᠢᠶ᠎ᠠ᠂ ᠰᠤᠷᠭᠠᠭᠤᠯᠢ᠂ | ᠲᠣᠮᠢᠯᠠᠭᠰᠠᠨ ᠰᠠᠯᠪᠤᠷᠢ᠂ ᠣᠢ ᠰᠢᠭᠤᠶ ᠶᠢᠨ ᠲᠠᠯᠠᠪᠠᠢ ᠵᠡᠷᠭᠡ ᠪᠠᠭᠲᠠᠨ᠎ᠠ︶ ᠨᠢ ᠲᠤᠰ ᠨᠢᠭᠡᠴᠡ ᠶᠢᠨ ᠢᠶᠠᠨ ᠲᠣᠭᠲᠠᠮᠠᠯ | ᠬᠥᠷᠥᠩᠭᠡ ︵ᠭᠡᠷ ᠬᠥᠷᠥᠩᠭᠡ᠂ ᠭᠠᠵᠠᠷ ᠰᠢᠷᠣᠶ ᠵᠡᠷᠭᠡ︶ ᠶᠢᠨ ᠪᠠᠶᠢᠳᠠᠯ ᠢ ᠬᠢᠨᠠᠮᠠᠭᠠᠶ ᠬᠢᠨᠠᠨ ᠬᠠᠷᠭᠤᠭᠤᠯᠤᠨ᠎ᠠ᠃ 7 | ᠳ᠋ᠤᠭᠠᠷ ᠰᠠᠷ᠎ᠠ ᠶᠢᠨ 20 ᠤ ᠡᠳᠦᠷ ᠠᠴᠠ ᠡᠮᠦᠨ᠎ᠡ᠂ ᠮᠡᠳᠡᠭᠦᠯᠦᠯᠲᠡ ᠵᠢᠴᠢ ᠬᠤᠷᠴᠢᠨ ᠲᠣᠭᠤᠷᠢᠭ ᠤᠨ ᠨᠠᠮ | ᠵᠠᠰᠠᠭ ᠤᠨ ᠪᠠᠶᠢᠭᠤᠯᠭ᠎ᠠ ᠶᠢᠨ ᠲᠣᠭᠲᠠᠮᠠᠯ ᠬᠥᠷᠥᠩᠭᠡ ᠶᠢᠨ ᠪᠦᠷᠢᠳᠬᠡᠯ ᠤᠨ ᠬᠦᠰᠦᠨᠦᠭᠲᠦ ︵ᠴᠠᠭᠠᠰᠤᠨ ᠬᠡᠪᠯᠡᠯ︶ ᠶᠢ | ᠭᠤᠤᠯ ᠤᠳᠤᠷᠢᠳᠤᠯᠭ᠎ᠠ ᠠᠴᠠ ᠭᠠᠷ ᠤᠨ ᠦᠰᠦᠭ ᠵᠢᠷᠤᠵᠤ ᠲᠠᠮᠠᠭ᠎ᠠ ᠳᠠᠷᠤᠭᠰᠠᠨ ᠤ ᠳᠠᠷᠠᠭ᠎ᠠ᠂ ᠬᠤᠷᠴᠢᠨ | ᠲᠣᠭᠤᠷᠢᠭ ᠤᠨ ᠨᠠᠮ ᠵᠠᠰᠠᠭ ᠤᠨ ᠶᠡᠷᠦᠩᠬᠡᠶᠢᠯᠡᠭᠰᠡᠨ ᠠᠰᠠᠷ 504 ᠳᠠᠰᠤᠭ ᠲᠤ ᠮᠡᠳᠡᠭᠦᠯᠵᠦ᠂ ᠡᠯᠧᠺᠲᠷᠣᠨ ᠬᠡᠪᠯᠡᠯ ᠢ | ᠰᠢᠤᠳᠠᠨ ᠬᠠᠶᠢᠷᠴᠠᠭ ᠲᠤ ᠳᠠᠮᠵᠢᠭᠤᠯᠤᠨ᠎ᠠ ︵531417875 @ q .com︶ ᠃ | ᠬᠤᠶᠠᠷ᠂ ᠬᠠᠷᠢᠭᠤᠴᠠᠯᠭ᠎ᠠ ᠨᠡᠬᠡᠮᠵᠢᠯᠡᠬᠦ | ᠡᠯ᠎ᠡ ᠰᠠᠯᠠᠭ᠎ᠠ ᠮᠥᠴᠢᠷ ᠤᠳ ᠦᠨᠡᠨ ᠠᠴᠠ ᠵᠥᠪ ᠢ ᠡᠷᠢᠬᠦ ᠵᠠᠷᠴᠢᠮ ᠶᠣᠰᠣᠭᠠᠷ᠂ ᠮᠡᠳᠡᠭᠳᠡᠯ ᠤᠨ ᠱᠠᠭᠠᠷᠳᠠᠯᠭ᠎ᠠ | ᠶᠣᠰᠣᠭᠠᠷ ᠬᠠᠮᠢᠶ᠎ᠠ ᠪᠦᠬᠦᠢ ᠠᠭᠤᠯᠭ᠎ᠠ ᠶᠢ ᠳᠡᠭᠡᠭᠰᠢ ᠮᠡᠳᠡᠭᠦᠯᠵᠦ᠂ ᠲᠣᠰ ᠤᠳᠠᠭᠠᠨ ᠤ ᠲᠤᠭ᠎ᠠ ᠪᠦᠷᠢᠳᠬᠡᠯ ᠤᠨ | ᠠᠭᠤᠯᠭ᠎ᠠ ᠶᠢ ᠡᠯ᠎ᠡ ᠨᠢᠭᠡᠴᠡ ᠶᠢᠨ ᠲᠣᠭᠲᠠᠮᠠᠯ ᠬᠥᠷᠥᠩᠭᠡ ᠶᠢᠨ ᠰᠠᠭᠤᠷᠢ ᠲᠤᠭ᠎ᠠ ᠪᠠᠷᠢᠮᠲᠠ ᠪᠣᠯᠭᠠᠵᠤ᠂ ᠬᠠᠮᠢᠶ᠎ᠠ | ᠪᠦᠬᠦᠢ ᠰᠠᠯᠠᠭ᠎ᠠ ᠮᠥᠴᠢᠷ ᠲᠤ ᠪᠦᠷᠢᠳᠬᠡᠨ ᠳᠠᠩᠰᠠᠯᠠᠭᠤᠯᠬᠤ ᠬᠡᠷᠡᠭᠲᠡᠶ᠃ ᠬᠡᠷᠪᠡ ᠨᠢᠭᠤᠨ ᠳᠠᠯᠳᠠᠯᠠᠵᠤ ᠮᠡᠳᠡᠭᠦᠯᠬᠦ | ᠦᠭᠡᠢ ᠡᠰᠡᠪᠡᠯ ᠭᠠᠳᠠᠭᠰᠢ ᠡᠳ᠋ ᠬᠦᠷᠦᠩᠭᠡ ᠶᠢ ᠲᠦᠷᠢᠶᠡᠰᠦᠯᠡᠵᠤ᠂ ᠬᠤᠭᠤᠴᠠᠭ᠎ᠠ ᠨᠢ ᠲᠤᠯᠤᠭᠰᠠᠨ ᠴᠤ ᠲᠤᠭᠲᠠᠭᠠᠯ | ᠶᠤᠰᠤᠭᠠᠷ ᠪᠤᠴᠠᠭᠠᠨ ᠠᠪᠬᠤ ᠦᠭᠡᠢ ᠦᠷᠭᠦᠯᠵᠢᠯᠡᠨ ᠲᠦᠷᠢᠶᠡᠰᠦᠯᠡᠭᠰᠡᠨ ᠪᠠᠶᠢᠪᠠᠯ ᠲᠤᠭᠤᠷᠢᠭ ᠤᠨ ᠨᠠᠮ ᠤᠨ ᠬᠤᠷᠢᠶ᠎ᠠ | ᠵᠠᠰᠠᠭ ᠤᠨ ᠤᠷᠳᠤᠨ ᠠᠴᠠ ᠰᠠᠬᠢᠯᠭ᠎ᠠ ᠪᠠᠳᠤ ᠬᠤᠷᠢᠶ᠎ᠠ ᠶᠢᠨ ᠬᠢᠨᠠᠨ ᠪᠠᠶᠢᠴᠠᠭᠠᠬᠤ ᠵᠦᠪᠯᠡᠯ ᠢ ᠲᠤᠬᠢᠷᠠᠭᠤᠯᠤᠨ | ᠬᠠᠷᠢᠭᠤᠴᠠᠯᠭ᠎ᠠ ᠨᠡᠬᠡᠮᠵᠢᠯᠡᠨ᠎ᠡ᠃ | ᠬᠠᠷᠢᠯᠴᠠᠬᠤ ᠬᠥᠮᠦᠨ᠄ ᠭᠦᠸᠧ ᠬᠠᠢ ᠲᠤᠤ᠂ ᠸᠠᠩ ᠶᠠᠨ ᠵᠢᠶᠦ᠋ᠨ᠃ | ᠬᠠᠷᠢᠯᠴᠠᠬᠤ ᠤᠲᠠᠰᠤ᠄ 8319025᠃ | | | | 2019 ᠤᠨ ᠤ 7 ᠳ᠋ᠤᠭᠠᠷ ᠰᠠᠷ᠎ᠠ 11 ᠤ ᠡᠳᠦᠷ |