ᠡᠵᠡᠩᠨᠡᠯᠲᠡ ᠶᠢᠨ ᠣᠷᠴᠢᠨ ᠲᠣᠭᠤᠷᠢᠨ ᠢ ᠤᠯᠠᠮ ᠨᠢᠭᠡ ᠠᠯᠬᠤᠮ ᠰᠢᠯᠢᠳᠡᠭᠵᠢᠭᠦᠯᠵᠦ᠂ ᠠᠶᠤᠯᠭᠦᠶ ᠦᠢᠯᠡᠳᠪᠦᠷᠢᠯᠡᠯ ᠢ | ᠪᠠᠲᠤᠯᠠᠵᠤ᠂ ᠨᠡᠶᠢᠭᠡᠮ ᠤᠨ ᠲᠣᠭᠲᠠᠭᠤᠨ ᠢ ᠬᠠᠮᠠᠭᠠᠯᠠᠬᠤ ᠶᠢᠨ ᠲᠥᠯᠥᠭᠡ᠂ 8 ᠰᠠᠷ᠎ᠠ ᠶᠢᠨ 31 ᠤ ᠡᠳᠦᠷ ᠠᠴᠠ ᠡᠬᠢᠯᠡᠨ᠂ | ᠬᠤᠷᠴᠢᠨ ᠲᠣᠭᠤᠷᠢᠭ ᠤᠨ ᠲᠡᠭᠡᠭᠡᠪᠦᠷᠢ ᠶᠢᠨ ᠬᠠᠮᠢᠶᠠᠷᠤᠯᠲᠠ ᠶᠢᠨ ᠭᠠᠵᠠᠷ ᠲᠦᠩᠯᠢᠶᠣᠤ ᠬᠤᠲᠠ ᠶᠢᠨ ᠵᠠᠮ ᠬᠠᠷᠢᠯᠴᠠᠭᠠᠨ ᠤ | ᠴᠠᠭᠳᠠᠭ᠎ᠠ ᠶᠢᠨ ᠶᠡᠭᠡ ᠠᠩᠭᠢ᠂ ᠲᠣᠭᠤᠷᠢᠭ ᠤᠨ ᠳᠣᠲᠣᠭᠠᠳᠤ ᠶᠢ ᠬᠠᠮᠠᠭᠠᠯᠠᠬᠤ ᠬᠤᠪᠢᠶᠠᠷᠢ ᠲᠣᠪᠴᠢᠶ᠎ᠠ ᠲᠠᠢ ᠬᠠᠮᠲᠤᠷᠠᠨ | ᠭᠤᠤᠯ ᠬᠤᠲᠠ ᠶᠢᠨ ᠲᠣᠭᠤᠷᠢᠭ ᠤᠨ ᠥᠷᠲᠡᠭᠡᠨ ᠡᠮᠦᠨᠡᠬᠢ᠂ ᠨᠢᠰᠬᠡᠯ ᠤᠨ ᠪᠠᠭᠤᠳᠠᠯ ᠵᠡᠷᠭᠡ ᠭᠤᠤᠯᠳᠠᠭᠤ ᠬᠠᠤᠯᠢ ᠪᠤᠰᠤ ᠪᠠᠷ | ᠡᠵᠡᠩᠨᠡᠬᠦ ᠠᠵᠢᠯᠯᠠᠭ᠎ᠠ ᠳᠤ ᠲᠤᠰᠬᠠᠶ ᠵᠠᠰᠠᠯᠲᠠ ᠬᠢᠪᠡ᠃ | ᠲᠣᠰ ᠤᠳᠠᠭᠠᠨ ᠤ ᠠᠵᠢᠯᠯᠠᠭ᠎ᠠ ᠨᠢ ᠰᠦᠯᠵᠢᠶ᠎ᠡ᠂ ᠸᠢᠴᠠᠲ ᠤᠨ ᠰᠦᠷᠦᠭᠵᠢᠯ ᠵᠡᠷᠭᠡ ᠠᠷᠭ᠎ᠠ ᠮᠠᠶ᠋ᠢᠭ ᠢᠶᠠᠷ ᠳᠠᠮᠵᠢᠭᠤᠯᠤᠨ | ︽ᠬᠠᠷ᠎ᠠ ᠲᠡᠷᠭᠡ︾ ᠶᠢ ᠬᠠᠤᠯᠢ ᠪᠤᠰᠤ ᠪᠠᠷ ᠵᠣᠬᠢᠶᠠᠨ ᠪᠠᠶᠢᠭᠤᠯᠵᠤ ᠡᠵᠡᠩᠨᠡᠭᠰᠡᠨ᠂ ᠠᠶᠠᠨᠴᠢᠳ ᠲᠡᠭᠡᠭᠡᠪᠦᠷᠢ ᠶᠢᠨ | ᠡᠭᠡᠯᠵᠢ ᠶᠢᠨ ᠲᠡᠷᠭᠡ᠂ ᠲᠦᠷᠢᠶᠡᠰᠦᠨ ᠮᠠᠰᠢᠨ ᠲᠡᠷᠭᠡ ᠲᠠᠢ ᠠᠶᠠᠨᠴᠢᠳ ᠤᠨ ᠢᠷᠡᠯᠲᠡ ᠶᠢ ᠪᠤᠯᠢᠶᠠᠯᠳᠤᠵᠤ᠂ ᠵᠠᠬ᠎ᠠ | ᠳᠡᠯᠭᠡᠭᠦᠷ ᠤᠨ ᠡᠵᠡᠩᠨᠡᠯᠲᠡ ᠶᠢᠨ ᠡᠮᠬᠢ ᠵᠢᠷᠤᠮ ᠢ ᠰᠠᠮᠠᠭᠤᠷᠠᠭᠤᠯᠤᠭᠰᠠᠨ ᠪᠦᠯᠬᠦᠮ ᠪᠤᠶᠤ ᠬᠤᠪᠢ ᠬᠥᠮᠦᠨ ᠢ | ᠭᠤᠤᠯᠳᠠᠯᠭ᠎ᠠ ᠲᠠᠢ ᠪᠠᠶᠢᠴᠠᠭᠠᠨ ᠰᠢᠢᠳᠪᠦᠷᠢᠯᠡᠪᠡ᠃ ᠬᠤᠪᠢ ᠶᠢᠨ ᠲᠡᠷᠭᠡ ᠬᠥᠰᠬᠡ ᠶᠢᠨ ᠬᠠᠤᠯᠢ ᠪᠤᠰᠤ ᠪᠠᠷ ᠵᠠᠮ ᠤᠨ | ᠠᠶᠠᠨᠴᠢᠳ ᠢ ᠲᠡᠭᠡᠭᠡᠪᠦᠷᠢᠯᠡᠬᠦ ᠪᠠ ᠠᠶᠠᠨᠴᠢᠳ ᠢ ᠲᠡᠭᠡᠭᠡᠪᠦᠷᠢᠯᠡᠬᠦ ᠲᠦᠷᠢᠶᠡᠰᠦᠨ ᠮᠠᠰᠢᠨ ᠲᠡᠷᠭᠡ ᠡᠵᠡᠩᠨᠡᠬᠦ ᠦᠢᠯᠡ | ᠠᠵᠢᠯᠯᠠᠭ᠎ᠠ ᠶᠢ ᠬᠠᠤᠯᠢ ᠶᠣᠰᠣᠭᠠᠷ ᠵᠠᠰᠠᠵᠤ᠂ ᠲᠦᠷᠢᠶᠡᠰᠦᠨ ᠮᠠᠰᠢᠨ ᠲᠡᠷᠭᠡ ᠬᠠᠤᠯᠢ ᠪᠤᠰᠤ ᠪᠠᠷ ᠣᠨᠳᠣᠤ ᠭᠠᠵᠠᠷ | ᠲᠡᠭᠡᠭᠡᠪᠦᠷᠢ ᠡᠷᠬᠢᠯᠡᠬᠦ᠂ ᠠᠶᠠᠨᠴᠢᠳ ᠲᠡᠭᠡᠭᠡᠪᠦᠷᠢᠯᠡᠬᠦ ᠡᠭᠡᠯᠵᠢ ᠶᠢᠨ ᠱᠤᠭᠤᠮ ᠳᠤ ᠠᠶᠠᠨᠴᠢᠳ ᠢ ᠳᠠᠭᠠᠭᠠᠨ ᠠᠪᠬᠤ ᠵᠡᠷᠭᠡ | ᠡᠵᠡᠩᠨᠡᠯᠲᠡ ᠶᠢᠨ ᠦᠢᠯᠡ ᠠᠵᠢᠯᠯᠠᠭ᠎ᠠ ᠶᠢ ᠪᠠᠶᠢᠴᠠᠭᠠᠨ ᠰᠢᠢᠳᠪᠦᠷᠢᠯᠡᠬᠦ ᠡᠷᠴᠢᠮ ᠢ ᠴᠢᠩᠭᠠᠷᠠᠭᠤᠯᠤᠨ᠎ᠠ ᠃ ᠭᠤᠤᠯ | ᠬᠤᠲᠠ ᠶᠢᠨ ᠲᠣᠭᠤᠷᠢᠭ ᠤᠨ ᠬᠠᠤᠯᠢ ᠪᠤᠰᠤ ᠪᠠᠷ ᠵᠠᠮ ᠲᠡᠭᠡᠭᠡᠪᠦᠷᠢ ᠶᠢᠨ ᠡᠵᠡᠩᠨᠡᠯᠲᠡ ᠬᠢᠵᠦ ᠪᠠᠶᠢᠭ᠎ᠠ ᠬᠥᠮᠦᠨ ᠤ | ᠬᠦᠴᠦᠨ ᠤ ᠲᠡᠷᠭᠡ ᠵᠢᠴᠢ ᠭᠤᠷᠪᠠᠨ᠂ ᠳᠥᠷᠪᠡᠨ ᠬᠦᠷᠳᠦᠲᠦ ᠲᠡᠷᠭᠡᠨ ᠳᠤ ᠡᠷᠡᠰ ᠴᠣᠬᠢᠯᠲᠠ ᠥᠭᠭᠦᠨ᠎ᠡ᠃ ᠲᠦᠷᠢᠶᠡᠰᠦᠨ | ᠮᠠᠰᠢᠨ ᠲᠡᠷᠭᠡ ᠨᠢ ᠲᠣᠭᠲᠠᠭᠠᠯ ᠶᠣᠰᠣᠭᠠᠷ ᠮᠠᠰᠢᠨ ᠲᠡᠷᠭᠡᠨ ᠤ ᠥᠷᠲᠡᠭᠡ᠂ ᠭᠠᠯᠲᠤ ᠲᠡᠷᠭᠡᠨ ᠤ ᠥᠷᠲᠡᠭᠡ᠂ ᠨᠢᠰᠬᠡᠯ ᠤᠨ | ᠪᠠᠭᠤᠳᠠᠯ᠂ ᠠᠶᠠᠨᠴᠢᠳ ᠢ ᠲᠡᠭᠡᠭᠡᠪᠦᠷᠢᠯᠡᠬᠦ ᠥᠷᠲᠡᠭᠡ ᠵᠡᠷᠭᠡ ᠬᠥᠮᠦᠨ ᠣᠯᠠᠨ ᠴᠤᠭᠯᠠᠷᠠᠬᠤ ᠭᠠᠵᠠᠷ ᠲᠠᠯᠠᠪᠤᠷ ᠲᠤ | ᠲᠦᠷᠢᠶᠡᠰᠦᠯᠡᠬᠦ ᠶᠢ ᠬᠦᠯᠢᠶᠡᠬᠦ ᠥᠬᠡᠶ᠂ ᠢᠯᠠᠩᠭᠤᠶ᠎ᠠ ᠭᠠᠳᠠᠨ᠎ᠠ ᠭᠠᠵᠠᠷ ᠳᠡᠭᠡᠷ᠎ᠡ ᠲᠡᠷᠭᠡᠨ ᠠᠴᠠ ᠪᠠᠭᠤᠭᠰᠠᠨ ᠠᠶᠠᠨᠴᠢᠳ ᠢ | ᠬᠠᠰᠬᠢᠷᠬᠤ᠂ ᠦᠨ᠎ᠡ ᠵᠥᠪᠯᠡᠬᠦ ᠵᠢᠴᠢ ᠲᠣᠭᠲᠠᠭᠠᠯ ᠶᠣᠰᠣᠭᠠᠷ ᠦᠨ᠎ᠡ ᠲᠣᠭᠠᠯᠠᠭᠤᠷ ᠬᠡᠷᠡᠭᠯᠡᠬᠦ ᠥᠬᠡᠶ᠂ ᠠᠴᠢᠶᠠᠯᠠᠬᠤ ᠥᠬᠡᠶ᠂ | ᠵᠣᠷᠢᠭᠤᠳᠠ ᠲᠣᠭᠤᠷᠢᠭᠤ ᠵᠠᠮ᠂ ᠵᠠᠶᠢᠰᠠᠩ ᠵᠡᠷᠭᠡ ᠲᠣᠭᠲᠠᠭᠠᠯ ᠠᠴᠠ ᠵᠥᠷᠢᠴᠡᠨ ᠡᠵᠡᠩᠨᠡᠵᠦ ᠪᠠᠶᠢᠭ᠎ᠠ ᠦᠵᠡᠭᠳᠡᠯ ᠢ | ᠭᠤᠤᠯᠳᠠᠯᠭ᠎ᠠ ᠲᠠᠢ ᠴᠡᠭᠴᠡᠯᠡᠨ ᠵᠠᠰᠠᠨ᠎ᠠ᠃ ᠡᠭᠦᠨ ᠤ ᠬᠠᠮᠲᠤ ᠵᠠᠮ ᠬᠠᠷᠢᠯᠴᠠᠭᠠᠨ ᠤ ᠬᠠᠤᠯᠢ ᠬᠡᠷᠡᠭᠵᠢᠭᠦᠯᠬᠦ ᠶᠠᠪᠤᠴᠠ ᠳᠤ | ᠬᠠᠤᠯᠢ ᠬᠡᠷᠡᠭᠵᠢᠭᠦᠯᠬᠦ ᠶᠢ ᠬᠦᠴᠦᠷᠬᠡᠭᠯᠡᠯ ᠢᠶᠠᠷ ᠡᠰᠡᠷᠭᠦᠴᠡᠬᠦ ᠪᠤᠶᠤ ᠬᠠᠷᠰᠢᠯᠠᠬᠤ ᠬᠠᠷ᠎ᠠ ᠪᠦᠯᠦᠭᠲᠡᠨ ᠬᠠᠷᠭᠢᠰ ᠬᠦᠴᠦᠨ ᠵᠢᠴᠢ | ᠲᠡᠭᠦᠨ ᠤ ᠬᠠᠮᠠᠭᠠᠯᠠᠭᠴᠢ ᠰᠢᠬᠦᠷ ᠲᠤ ᠴᠢᠩᠭ᠎ᠠ ᠴᠣᠬᠢᠯᠲᠠ ᠥᠭᠬᠦ ᠪᠤᠯᠤᠨ᠎ᠠ᠃ | ᠴᠡᠭᠴᠡᠯᠡᠨ ᠵᠠᠰᠠᠬᠤ ᠠᠵᠢᠯᠯᠠᠭ᠎ᠠ ᠪᠠᠷ ᠳᠠᠮᠵᠢᠭᠤᠯᠤᠨ᠂ ᠨᠢᠭᠡ ᠪᠦᠯᠦᠭ ᠬᠠᠤᠯᠢ ᠪᠤᠰᠤ ᠪᠠᠷ ᠡᠵᠡᠩᠨᠡᠭᠴᠢ ᠶᠢ ᠬᠠᠤᠯᠢ | ᠶᠣᠰᠣᠭᠠᠷ ᠪᠠᠶᠢᠴᠠᠭᠠᠨ ᠰᠢᠢᠳᠪᠦᠷᠢᠯᠡᠵᠤ᠂ ᠨᠢᠭᠡ ᠪᠦᠯᠦᠭ ᠬᠠᠤᠯᠢ ᠪᠤᠰᠤ ᠪᠠᠷ ᠡᠵᠡᠩᠨᠡᠭᠴᠢ ᠶᠢ ᠠᠭᠤᠳᠠᠯᠠᠨ ᠭᠠᠷᠭᠠᠵᠤ᠂ | ᠠᠵᠢᠯ ᠲᠥᠷᠥᠯ ᠤᠨ ᠲᠣᠭᠲᠠᠭᠠᠯ ᠠᠴᠠ ᠵᠥᠷᠢᠴᠡᠨ ᠡᠵᠡᠩᠨᠡᠭᠰᠡᠨ ᠡᠮᠬᠢ ᠵᠠᠮᠪᠠᠷᠠᠭ᠎ᠠ ᠦᠭᠡᠢ ᠪᠠᠶᠢᠳᠠᠯ ᠢ ᠴᠢᠩᠭ᠎ᠠ ᠵᠠᠰᠠᠵᠤ᠂ | ᠵᠠᠮ ᠲᠡᠭᠡᠭᠡᠪᠦᠷᠢ ᠶᠢᠨ ᠬᠦᠷᠢᠶᠡᠨ ᠳᠠᠬᠢ ᠬᠠᠤᠯᠢ ᠠᠴᠠ ᠵᠥᠷᠢᠴᠡᠭᠰᠡᠨ ᠶᠠᠯᠠᠲᠤ ᠠᠵᠢᠯᠯᠠᠭ᠎ᠠ ᠳᠤ ᠬᠦᠨᠳᠦ ᠴᠣᠬᠢᠯᠲᠠ ᠥᠭᠴᠦ᠂ | ᠥᠷᠭᠡᠨ ᠣᠯᠠᠨ ᠲᠦᠮᠡᠨ ᠳᠤ ᠵᠠᠮ ᠬᠠᠷᠢᠯᠴᠠᠭᠠᠨ ᠤ ᠠᠶᠠᠨᠴᠢᠳ ᠲᠡᠭᠡᠭᠡᠪᠦᠷᠢ ᠶᠢᠨ ᠠᠮᠤᠷ ᠲᠦᠪᠰᠢᠨ᠂ ᠡᠮᠬᠢ ᠵᠢᠷᠤᠮ ᠲᠠᠢ᠂ | ᠰᠠᠭᠠᠳ ᠦᠭᠡᠢ ᠨᠡᠪᠲᠡᠷᠡᠬᠦ ᠣᠷᠴᠢᠨ ᠲᠣᠭᠤᠷᠢᠨ ᠢ ᠬᠦᠴᠦᠯᠡᠨ ᠪᠤᠢ ᠪᠣᠯᠭᠠᠵᠤ ᠦᠭᠴᠦ ᠪᠠᠶᠢᠨ᠎ᠠ᠃ |