ᠨᠢᠭᠡ᠂ ᠠᠵᠢᠯ ᠤᠨ ᠡᠭᠦᠷᠭᠡ ᠬᠠᠷᠢᠭᠤᠴᠠᠯᠭ᠎ᠠ | ᠨᠢᠭᠡ ᠨᠠᠮ ᠪᠣᠯᠤᠨ ᠤᠯᠤᠰ ᠠᠴᠠ ᠰᠤᠷᠭᠠᠨ ᠬᠥᠮᠦᠵᠢᠯ ᠪᠡᠶ᠎ᠡ ᠶᠢᠨ ᠲᠠᠮᠢᠷ ᠤᠨ ᠠᠵᠢᠯ ᠤᠨ ᠴᠢᠭᠯᠡᠯᠲᠡ᠂ | ᠲᠥᠷᠥ ᠶᠢᠨ ᠪᠣᠳᠣᠯᠭ᠎ᠠ ᠪᠣᠯᠤᠨ ᠬᠤᠯᠪᠣᠭᠳᠠᠯ ᠪᠦᠬᠦᠢ ᠬᠠᠤᠯᠢ ᠲᠣᠭᠲᠠᠭᠠᠯ ᠢ ᠲᠤᠤᠱᠯᠠᠭᠤᠯᠤᠨ ᠬᠡᠷᠡᠭᠵᠢᠭᠦᠯᠵᠦ᠂ | ᠪᠦᠬᠦ ᠲᠤᠭᠤᠷᠢᠭ ᠤᠨ ᠰᠤᠷᠭᠠᠨ ᠬᠥᠮᠦᠵᠢᠯ ᠪᠡᠶ᠎ᠡ ᠶᠢᠨ ᠲᠠᠮᠢᠷ ᠤᠨ ᠥᠭᠡᠷᠡᠴᠢᠯᠡᠯᠲᠡ ᠪᠣᠯᠤᠨ ᠬᠥᠭᠵᠢᠯᠲᠡ ᠶᠢᠨ | ᠲᠥᠯᠥᠪᠵᠢᠭᠦᠯᠪᠡ᠂ ᠪᠦᠬᠦ ᠲᠤᠭᠤᠷᠢᠭ ᠤᠨ ᠰᠤᠷᠭᠠᠨ ᠬᠥᠮᠦᠵᠢᠯ ᠪᠡᠶ᠎ᠡ ᠶᠢᠨ ᠲᠠᠮᠢᠷ ᠤᠨ ᠵᠢᠷᠤᠮᠵᠢᠯ ᠤᠨ ᠴᠢᠨᠠᠷᠲᠠᠶ | ᠪᠢᠴᠢᠭ ᠮᠠᠲ᠋ᠧᠷᠢᠶᠠᠯ ᠢ ᠰᠤᠳᠤᠯᠤᠨ ᠲᠣᠭᠲᠠᠭᠠᠬᠤ ᠶᠢᠨ ᠬᠠᠮᠲᠤ ᠵᠣᠬᠢᠶᠠᠨ ᠪᠠᠶᠢᠭᠤᠯᠤᠨ ᠬᠡᠷᠡᠭᠵᠢᠭᠦᠯᠬᠦ ᠪᠠ ᠬᠢᠨᠠᠯᠲᠠ | ᠲᠠᠯᠪᠢᠵᠤ ᠪᠠᠶᠢᠴᠠᠭᠠᠬᠤ ᠬᠡᠷᠡᠭᠲᠡᠶ᠃ | ︵ᠬᠤᠶᠠᠷ︶ ᠪᠦᠬᠦ ᠲᠤᠭᠤᠷᠢᠭ ᠤᠨ ᠡᠯ᠎ᠡ ᠱᠠᠲᠤᠨ ᠤ ᠡᠯ᠎ᠡ ᠲᠥᠷᠥᠯ ᠤᠨ ᠰᠤᠷᠭᠠᠨ ᠬᠥᠮᠦᠵᠢᠯ ᠢ ᠨᠢᠭᠡᠳᠦᠯᠲᠡᠶ | ᠲᠥᠯᠥᠪᠯᠡᠬᠦ᠂ ᠵᠣᠬᠢᠴᠠᠭᠤᠯᠬᠤ ᠪᠠ ᠬᠠᠮᠢᠶᠠᠷᠬᠤ ᠶᠢ ᠬᠠᠷᠢᠭᠤᠴᠠᠨ᠂ ᠪᠦᠬᠦ ᠲᠤᠭᠤᠷᠢᠭ ᠤᠨ ᠰᠤᠷᠭᠠᠨ ᠬᠥᠮᠦᠵᠢᠯ ᠤᠨ | ᠪᠠᠶᠢᠷᠢᠰᠢᠭᠤᠯᠤᠯ ᠪᠣᠯᠤᠨ ᠪᠦᠲᠦᠴᠡ ᠶᠢ ᠰᠢᠯᠢᠳᠡᠭᠵᠢᠭᠦᠯᠬᠦ ᠶᠢ ᠲᠥᠯᠥᠪᠵᠢᠭᠦᠯᠵᠦ᠂ ᠡᠯ᠎ᠡ ᠱᠠᠲᠤᠨ ᠤ ᠡᠯ᠎ᠡ | ᠲᠥᠷᠥᠯ ᠤᠨ ᠰᠤᠷᠭᠠᠭᠤᠯᠢ᠂ ᠬᠡᠤᠬᠡᠳ ᠤᠨ ᠴᠡᠴᠡᠷᠯᠢᠭ ᠤᠨ ᠰᠤᠷᠭᠠᠨ ᠬᠥᠮᠦᠵᠢᠯ ᠤᠨ ᠵᠢᠭᠠᠨ ᠰᠤᠷᠭᠠᠬᠤ ᠵᠢᠴᠢ | ᠵᠢᠭᠠᠨ ᠰᠤᠳᠤᠯᠬᠤ ᠵᠢᠭᠠᠨ ᠰᠤᠷᠭᠠᠬᠤ ᠶᠢ ᠵᠢᠯᠣᠭᠤᠳᠴᠤ᠂ ᠬᠡᠪ ᠴᠢᠨᠠᠷ ᠤᠨ ᠰᠤᠷᠭᠠᠨ ᠬᠥᠮᠦᠵᠢᠯ ᠢ ᠪᠦᠬᠦ ᠲᠠᠯ᠎ᠠ ᠪᠠᠷ | ᠬᠡᠷᠡᠭᠵᠢᠭᠦᠯᠦᠨ᠎ᠡ᠃ | ︵ᠭᠤᠷᠪᠠ︶ ᠪᠥᠬᠦ ᠲᠤᠭᠤᠷᠢᠭ ᠤᠨ ᠠᠯᠪᠠᠨ ᠵᠢᠷᠤᠮ ᠤᠨ ᠰᠤᠷᠭᠠᠨ ᠬᠥᠮᠦᠵᠢᠯ ᠢ ᠲᠡᠩᠴᠡᠭᠦᠷᠢᠲᠡᠢ | ᠬᠥᠭᠵᠢᠭᠦᠯᠬᠦ ᠶᠢ ᠬᠠᠷᠢᠭᠤᠴᠠᠨ ᠲᠦᠯᠬᠢᠨ ᠠᠬᠢᠭᠤᠯᠵᠤ᠂ ᠪᠠᠶᠢᠭᠠᠯᠢ ᠶᠢᠨ ᠰᠤᠷᠭᠠᠨ ᠬᠥᠮᠦᠵᠢᠯ᠂ ᠰᠤᠷᠬᠤ | ᠨᠠᠰᠤᠨ ᠠᠴᠠ ᠡᠮᠦᠨᠡᠬᠢ ᠰᠤᠷᠭᠠᠨ ᠬᠥᠮᠦᠵᠢᠯ᠂ ᠣᠨᠴᠠᠭᠠᠢ ᠰᠤᠷᠭᠠᠨ ᠬᠥᠮᠦᠵᠢᠯ ᠤᠨ ᠠᠵᠢᠯ ᠢ ᠵᠢᠯᠣᠭᠤᠳᠤᠨ᠎ᠠ᠃ | ︵ᠳᠥᠷᠪᠡᠨ︶ ᠪᠥᠬᠦ ᠲᠤᠭᠤᠷᠢᠭ ᠤᠨ ᠰᠤᠷᠭᠠᠭᠤᠯᠢ᠂ ᠬᠡᠦᠬᠡᠳ ᠤᠨ ᠴᠡᠴᠡᠷᠯᠢᠭ ᠤᠨ ᠶᠣᠰᠣ ᠮᠣᠷᠠᠯ ᠤᠨ | ᠬᠥᠮᠦᠵᠢᠯ᠂ ᠪᠡᠶ᠎ᠡ ᠶᠢᠨ ᠲᠠᠮᠢᠷ᠂ ᠡᠷᠡᠭᠦᠯ ᠬᠠᠮᠠᠭᠠᠯᠠᠯ᠂ ᠤᠷᠠᠯᠢᠭ ᠤᠨ ᠬᠥᠮᠦᠵᠢᠯ᠂ ᠪᠠᠶᠢᠭᠠᠯᠢ ᠶᠢᠨ ᠲᠠᠮᠢᠷ ᠵᠡᠷᠭᠡ | ᠠᠵᠢᠯ ᠢ ᠵᠢᠯᠣᠭᠤᠳᠤᠨ᠎ᠠ᠃ | ︵ᠲᠠᠪᠤ︶ ᠪᠦᠬᠦ ᠲᠤᠭᠤᠷᠢᠭ ᠤᠨ ᠠᠷᠠᠳ ᠠᠴᠠ ᠡᠷᠬᠢᠯᠡᠭᠰᠡᠨ ᠰᠤᠷᠭᠠᠨ ᠬᠥᠮᠦᠵᠢᠯ ᠤᠨ ᠶᠡᠷᠦᠩᠬᠡᠶᠢᠯᠡᠭᠰᠡᠨ | ᠬᠠᠮᠢᠶᠠᠷᠤᠯᠲᠠ᠂ ᠬᠢᠨᠠᠨ ᠵᠥᠪᠰᠢᠶᠡᠷᠡᠬᠦ᠂ ᠬᠢᠨᠠᠬᠤ ᠠᠵᠢᠯ ᠢ ᠬᠠᠷᠢᠭᠤᠴᠠᠨ᠎ᠠ᠃ | ︵ᠵᠢᠷᠭᠤᠭ᠎ᠠ︶ ᠤᠯᠤᠰ ᠤᠨ ᠪᠠᠭᠰᠢ ᠶᠢᠨ ᠬᠢᠷᠢ ᠭᠡᠮ ᠤᠨ ᠪᠠᠷᠢᠮᠵᠢᠶ᠎ᠠ ᠶᠢ ᠬᠡᠷᠡᠭᠵᠢᠭᠦᠯᠵᠦ᠂ ᠪᠥᠬᠦ ᠲᠤᠭᠤᠷᠢᠭ | ᠤᠨ ᠪᠠᠭᠰᠢ ᠶᠢ ᠰᠢᠯᠵᠢᠭᠦᠯᠦᠨ ᠲᠣᠬᠢᠷᠠᠭᠤᠯᠬᠤ᠂ ᠤᠷᠢᠨ ᠬᠡᠷᠡᠭᠯᠡᠬᠦ᠂ ᠰᠣᠯᠢᠯᠴᠠᠬᠤ᠂ ᠰᠢᠯᠭᠠᠨ ᠬᠢᠨᠠᠬᠤ᠂ | ᠰᠢᠯᠢᠳᠡᠭ ᠢ ᠰᠢᠯᠭᠠᠷᠠᠭᠤᠯᠬᠤ ᠵᠢᠱᠢᠶᠡᠴᠢ ᠶᠢ ᠪᠤᠶᠢᠵᠢᠭᠤᠯᠬᠤ᠂ ᠱᠠᠩᠨᠠᠵᠤ ᠲᠣᠷᠭᠠᠬᠤ᠂ ᠨᠠᠰᠤᠨ ᠤ ᠠᠮᠠᠷᠠᠯᠲᠠ ᠠᠪᠬᠤ᠂ | ᠬᠠᠯᠠᠮᠵᠢᠯᠠᠨ ᠲᠤᠰᠠᠯᠠᠬᠤ ᠵᠡᠷᠭᠡ ᠠᠵᠢᠯ ᠢ ᠬᠠᠷᠢᠭᠤᠴᠠᠨ᠎ᠠ᠃ ᠪᠥᠬᠦ ᠲᠤᠭᠤᠷᠢᠭ ᠤᠨ ᠪᠠᠭᠰᠢ ᠶᠢᠨ | ᠪᠣᠯᠪᠠᠰᠤᠷᠠᠭᠤᠯᠤᠯ ᠢ ᠵᠣᠬᠢᠶᠠᠨ ᠪᠠᠶᠢᠭᠤᠯᠤᠨ ᠬᠡᠷᠡᠭᠵᠢᠭᠦᠯᠬᠦ ᠶᠢ ᠬᠠᠷᠢᠭᠤᠴᠠᠨ᠎ᠠ᠃ ᠺᠠᠳ᠋ᠷ ᠤᠨ ᠬᠠᠮᠢᠶᠠᠷᠤᠯᠲᠠ ᠶᠢᠨ | ᠶᠣᠰᠣᠭᠠᠷ ᠰᠤᠷᠭᠠᠭᠤᠯᠢ ᠶᠢᠨ ᠤᠳᠤᠷᠢᠳᠬᠤ ᠪᠠᠭ ᠢ ᠬᠢᠨᠠᠨ ᠪᠠᠶᠢᠴᠠᠭᠠᠵᠤ ᠲᠤᠰᠢᠶᠠᠯ ᠳᠤ ᠲᠣᠮᠢᠯᠠᠬᠤ ᠪᠠ | ᠲᠤᠰᠢᠶᠠᠯ ᠠᠴᠠ ᠪᠠᠭᠤᠯᠭᠠᠬᠤ᠂ ᠬᠠᠮᠢᠶᠠᠷᠬᠤ ᠵᠢᠴᠢ ᠪᠡᠯᠡᠳᠬᠡᠯ ᠺᠠᠳ᠋ᠷ ᠤᠨ ᠡᠩᠨᠡᠭᠡ ᠶᠢᠨ ᠪᠠᠶᠢᠭᠤᠯᠤᠯᠲᠠ ᠶᠢᠨ ᠠᠵᠢᠯ ᠢ | ᠬᠢᠨ᠎ᠡ᠃ | ︵ᠳᠣᠯᠤᠭ᠎ᠠ︶ ᠰᠤᠷᠭᠠᠨ ᠬᠥᠮᠦᠵᠢᠯ ᠤᠨ ᠵᠠᠷᠤᠳᠠᠯ ᠢ ᠨᠢᠭᠡᠳᠦᠯᠲᠡᠶ ᠲᠥᠯᠥᠪᠯᠡᠨ ᠬᠠᠮᠢᠶᠠᠷᠴᠤ᠂ ᠰᠤᠷᠭᠠᠨ | ᠬᠥᠮᠦᠵᠢᠯ ᠤᠨ ᠵᠠᠷᠤᠳᠠᠯ ᠤᠨ ᠲᠥᠰᠦᠪ ᠢ ᠨᠠᠶᠢᠷᠠᠭᠤᠯᠤᠨ ᠵᠣᠬᠢᠶᠠᠬᠤ ᠶᠢᠨ ᠬᠠᠮᠲᠤ ᠬᠢᠨᠠᠯᠲᠠ ᠲᠠᠯᠪᠢᠨ ᠬᠡᠷᠡᠭᠵᠢᠭᠦᠯᠵᠦ᠂ | ᠰᠤᠷᠭᠠᠨ ᠬᠥᠮᠦᠵᠢᠯ ᠤᠨ ᠲᠤᠰᠬᠠᠶ ᠵᠦᠶ᠋ᠯ ᠤᠨ ᠪᠠᠯᠠ ᠮᠥᠩᠭᠦ ᠶᠢ ᠬᠠᠮᠢᠶᠠᠷᠤᠨ᠎ᠠ︔ ᠰᠤᠷᠭᠠᠨ ᠬᠥᠮᠦᠵᠢᠯ ᠤᠨ | ᠵᠠᠷᠤᠳᠠᠯ ᠤᠨ ᠬᠡᠷᠡᠭᠯᠡᠯᠲᠡ ᠶᠢᠨ ᠪᠠᠢᠳᠠᠯ ᠳᠤ ᠬᠢᠨᠠᠯᠲᠠ ᠲᠠᠯᠪᠢᠨ᠎ᠠ︔ ᠭᠡᠷ ᠤᠨ ᠠᠮᠢᠳᠤᠷᠠᠯ ᠨᠢ ᠬᠦᠴᠢᠷᠳᠡᠯᠲᠡᠶ | ᠰᠤᠷᠤᠭᠴᠢᠳ ᠢ ᠲᠤᠰᠠᠯᠠᠬᠤ ᠠᠵᠢᠯ ᠢ ᠬᠡᠷᠡᠭᠵᠢᠭᠦᠯᠦᠨ᠎ᠡ᠃ | ︵ ᠨᠠᠢᠮᠠ︶ ᠪᠦᠬᠦ ᠲᠤᠭᠤᠷᠢᠭ ᠤᠨ ᠰᠤᠷᠭᠠᠨ ᠬᠥᠮᠦᠵᠢᠯ ᠤᠨ ᠮᠡᠳᠡᠭᠡ ᠵᠠᠩᠭᠢᠵᠢᠯᠲᠠ ᠶᠢᠨ ᠪᠠᠶᠢᠭᠤᠯᠤᠯᠲᠠ | ᠬᠢᠭᠡᠳ ᠬᠠᠮᠢᠶᠠᠷᠤᠯᠲᠠ ᠶᠢᠨ ᠠᠵᠢᠯ ᠢ ᠬᠠᠷᠢᠭᠤᠴᠠᠵᠤ᠂ ᠮᠡᠳᠡᠭᠡ ᠵᠠᠩᠭᠢ ᠶᠢᠨ ᠮᠡᠷᠭᠡᠵᠢᠯ ᠤᠨ ᠰᠤᠷᠭᠠᠨ ᠬᠥᠮᠦᠵᠢᠯ ᠤᠨ | ᠬᠡᠷᠡᠭᠯᠡᠯᠲᠡ ᠶᠢ ᠲᠦᠯᠬᠢᠨ ᠠᠬᠢᠭᠤᠯᠤᠨ᠎ᠠ᠃ | ︵ᠶᠢᠰᠦ︶ ᠪᠦᠬᠦ ᠲᠤᠭᠤᠷᠢᠭ ᠤᠨ ᠰᠤᠷᠭᠠᠨ ᠬᠥᠮᠦᠵᠢᠯ ᠤᠨ ᠰᠤᠷᠤᠭᠴᠢ ᠡᠯᠰᠡᠬᠦ ᠰᠢᠯᠭᠠᠯᠲᠠ ᠶᠢᠨ ᠠᠵᠢᠯ᠂ | ᠰᠤᠷᠤᠯᠭ᠎ᠠ ᠶᠢᠨ ᠨᠠᠮᠲᠠᠷ ᠤᠨ ᠬᠠᠮᠢᠶᠠᠷᠤᠯᠲᠠ ᠶᠢᠨ ᠠᠵᠢᠯ ᠢ ᠬᠠᠷᠢᠭᠤᠴᠠᠨ᠎ᠠ᠃ | ︵ᠠᠷᠪᠠ︶ ᠤᠯᠤᠰ ᠤᠨ ᠦᠭᠡ ᠬᠡᠯᠡ ᠦᠰᠦᠭ ᠪᠢᠴᠢᠭ ᠤᠨ ᠠᠵᠢᠯ ᠤᠨ ᠵᠢᠷᠤᠮᠵᠢᠯ᠂ ᠪᠠᠷᠢᠮᠵᠢᠶ᠎ᠠ ᠶᠢ | ᠲᠤᠤᠱᠯᠠᠭᠤᠯᠵᠤ᠂ ᠨᠡᠶᠢᠲᠡᠯᠢᠭ ᠬᠡᠯᠡ ᠶᠢ ᠲᠦᠭᠡᠮᠡᠯᠵᠢᠭᠦᠯᠬᠦ ᠠᠵᠢᠯ ᠢ ᠵᠢᠯᠣᠭᠤᠳᠤᠨ᠎ᠠ᠃ | ︵ᠠᠷᠪᠠᠨ ᠨᠢᠭᠡ︶ ᠪᠦᠬᠦ ᠲᠤᠭᠤᠷᠢᠭ ᠤᠨ ᠰᠤᠷᠭᠠᠨ ᠬᠥᠮᠦᠵᠢᠯ ᠤᠨ ᠬᠢᠨᠠᠨ ᠵᠢᠯᠣᠭᠤᠳᠬᠤ ᠠᠵᠢᠯ ᠢ | ᠬᠠᠷᠢᠭᠤᠴᠠᠵᠤ᠂ ᠬᠠᠤᠯᠢ ᠶᠣᠰᠣᠭᠠᠷ᠂ ᠳᠦᠷᠢᠮ ᠲᠣᠭᠲᠠᠭᠠᠯ ᠪᠤᠶᠤ ᠡᠷᠬᠡ ᠣᠯᠭᠤᠵᠤ ᠪᠠᠶᠢᠭᠠᠳ ᠵᠠᠰᠠᠭ ᠤᠨ | ᠶᠠᠪᠤᠳᠠᠯ ᠢ ᠰᠢᠮᠳᠠᠭᠤᠯᠤᠨ ᠪᠠᠶᠢᠴᠠᠭᠠᠬᠤ᠂ ᠰᠤᠷᠭᠠᠭᠤᠯᠢ ᠶᠢ ᠰᠢᠮᠳᠠᠭᠤᠯᠤᠨ ᠪᠠᠶᠢᠴᠠᠭᠠᠬᠤ ᠪᠠ ᠰᠤᠷᠭᠠᠨ | ᠬᠥᠮᠦᠵᠢᠯ ᠤᠨ ᠬᠢᠨᠠᠨ ᠬᠡᠮᠵᠢᠵᠦ ᠦᠨᠡᠯᠡᠨ ᠵᠢᠱᠢᠬᠦ ᠠᠵᠢᠯ ᠢ ᠥᠷᠨᠢᠭᠦᠯᠦᠨ᠎ᠡ᠃ | ︵ᠠᠷᠪᠠᠨ ᠬᠤᠶᠠᠷ︶ ᠰᠤᠷᠭᠠᠨ ᠬᠥᠮᠦᠵᠢᠯ ᠪᠡᠶ᠎ᠡ ᠶᠢᠨ ᠲᠠᠮᠢᠷ ᠤᠨ ᠰᠢᠰᠲ᠋ᠧᠮ ᠤᠨ ᠠᠮᠤᠷ ᠲᠦᠪᠰᠢᠨ | ᠲᠣᠭᠲᠠᠭᠤᠨ ᠪᠠᠶᠢᠯᠭᠠᠬᠤ ᠠᠵᠢᠯ ᠢ ᠬᠠᠷᠢᠭᠤᠴᠠᠵᠤ᠂ ᠰᠢᠰᠲ᠋ᠧᠮ ᠤᠨ ᠳᠣᠲᠣᠷᠠᠬᠢ ᠵᠠᠬᠢᠳᠠᠯ ᠰᠤᠷᠪᠤᠯᠵᠢᠯᠠᠯ᠂ ᠭᠠᠵᠢᠭᠤ | ᠨᠣᠮᠯᠠᠯ ᠢ ᠰᠡᠷᠭᠡᠶᠢᠯᠡᠬᠦ ᠵᠡᠷᠭᠡ ᠠᠵᠢᠯ ᠢ ᠬᠠᠷᠢᠭᠤᠴᠠᠨ᠎ᠠ᠃ | ︵ᠠᠷᠪᠠᠨ ᠭᠤᠷᠪᠠ︶ ᠪᠦᠬᠦ ᠲᠤᠭᠤᠷᠢᠭ ᠤᠨ ᠰᠤᠷᠭᠠᠭᠤᠯᠢ᠂ ᠬᠡᠤᠬᠡᠳ ᠤᠨ ᠴᠡᠴᠡᠷᠯᠢᠭ ᠤᠨ ᠠᠷᠤ ᠲᠠᠯ᠎ᠠ ᠶᠢᠨ | ᠦᠢᠯᠡᠴᠢᠯᠡᠭᠡᠨ ᠤ ᠪᠠᠲᠤᠯᠠᠭ᠎ᠠ ᠦᠢᠯᠡᠴᠢᠯᠡᠭᠡ ᠪᠠ ᠬᠠᠮᠢᠶᠠᠷᠤᠯᠲᠠ ᠶᠢᠨ ᠠᠵᠢᠯ ᠢ ᠵᠢᠯᠣᠭᠤᠳᠤᠨ᠎ᠠ᠃ | ︵ᠠᠷᠪᠠᠨ ᠳᠦᠷᠪᠡ︶ ᠪᠥᠬᠦ ᠠᠷᠠᠳ ᠤᠨ ᠪᠡᠶ᠎ᠡ ᠴᠢᠭᠢᠷᠠᠭᠵᠢᠭᠤᠯᠬᠤ ᠲᠥᠯᠥᠪᠯᠡᠭᠡ ᠶᠢ ᠬᠡᠷᠡᠭᠵᠢᠭᠦᠯᠬᠦ ᠶᠢ | ᠬᠠᠷᠢᠭᠤᠴᠠᠵᠤ᠂ ᠣᠯᠠᠨ ᠲᠦᠮᠡᠨᠴᠢ ᠴᠢᠨᠠᠷᠲᠠᠶ ᠪᠡᠶ᠎ᠡ ᠶᠢᠨ ᠲᠠᠮᠢᠷ ᠤᠨ ᠬᠥᠳᠡᠯᠭᠡᠭᠡᠨ ᠤ ᠥᠷᠨᠢᠯᠲᠡ ᠶᠢ ᠵᠢᠯᠣᠭᠤᠳᠴᠤ᠂ | ᠤᠯᠤᠰ ᠤᠨ ᠪᠡᠶ᠎ᠡ ᠶᠢᠨ ᠲᠠᠮᠢᠷ ᠤᠨ ᠪᠣᠯᠪᠠᠰᠤᠷᠠᠯ ᠤᠨ ᠪᠠᠷᠢᠮᠵᠢᠶ᠎ᠠ ᠶᠢ ᠬᠡᠷᠡᠭᠵᠢᠭᠦᠯᠦᠨ᠎ᠡ᠃ ᠣᠯᠠᠨ ᠨᠡᠶᠢᠲᠡ ᠶᠢᠨ | ᠪᠡᠶ᠎ᠡ ᠶᠢᠨ ᠲᠠᠮᠢᠷ ᠤᠨ ᠪᠡᠯᠡᠳᠬᠡᠮᠵᠢ ᠶᠢᠨ ᠪᠦᠲᠦᠭᠡᠨ ᠪᠠᠶᠢᠭᠤᠯᠤᠯᠲᠠ ᠶᠢ ᠵᠢᠯᠣᠭᠤᠳᠴᠤ᠂ ᠣᠯᠠᠨ ᠨᠡᠶᠢᠲᠡ ᠶᠢᠨ | ᠪᠡᠶ᠎ᠡ ᠶᠢᠨ ᠲᠠᠮᠢᠷ ᠤᠨ ᠪᠡᠯᠡᠳᠬᠡᠮᠵᠢ ᠶᠢᠨ ᠬᠢᠨᠠᠯᠲᠠ ᠬᠠᠮᠢᠶᠠᠷᠤᠯᠲᠠ ᠶᠢ ᠬᠠᠷᠢᠭᠤᠴᠠᠨ᠎ᠠ᠃ | ︵ᠠᠷᠪᠠᠨ ᠲᠠᠪᠤ︶ ᠪᠥᠬᠦ ᠲᠤᠭᠤᠷᠢᠭ ᠤᠨ ᠤᠷᠤᠯᠳᠤᠭᠠᠨ ᠤ ᠪᠡᠶ᠎ᠡ ᠶᠢᠨ ᠲᠠᠮᠢᠷ ᠤᠨ ᠬᠥᠭᠵᠢᠯᠲᠡ ᠶᠢ ᠨᠢᠭᠡᠳᠦᠯᠲᠡᠶ | ᠲᠥᠯᠥᠪᠯᠡᠨ ᠲᠥᠯᠥᠪᠵᠢᠭᠦᠯᠵᠦ᠂ ᠪᠡᠶ᠎ᠡ ᠶᠢᠨ ᠲᠠᠮᠢᠷ ᠤᠨ ᠲᠥᠷᠥᠯ ᠵᠦᠢᠯ ᠢ ᠲᠦᠭᠡᠮᠡᠯᠵᠢᠭᠦᠯᠬᠦ ᠶᠢ ᠠᠬᠢᠭᠤᠯᠤᠨ᠂ | ᠪᠡᠶ᠎ᠡ ᠶᠢᠨ ᠲᠠᠮᠢᠷ ᠤᠨ ᠴᠢᠳᠠᠪᠤᠷᠢᠲᠠᠨ ᠢ ᠢᠯᠡᠷᠡᠭᠦᠯᠬᠦ ᠪᠠ ᠳᠡᠭᠡᠳᠦ ᠱᠠᠲᠤᠨ ᠳᠤ ᠬᠦᠷᠭᠡᠨ᠎ᠡ ᠃ ᠵᠠᠯᠠᠭᠤᠴᠤᠳ | ᠪᠠᠭᠠᠴᠤᠳ ᠤᠨ ᠪᠡᠶ᠎ᠡ ᠶᠢᠨ ᠲᠠᠮᠢᠷ ᠤᠨ ᠬᠥᠭᠵᠢᠯᠲᠡ ᠶᠢ ᠨᠢᠭᠡᠳᠦᠯᠲᠡᠶ ᠲᠥᠯᠥᠪᠵᠢᠭᠦᠯᠵᠦ᠂ ᠵᠠᠯᠠᠭᠤᠴᠤᠳ | ᠪᠠᠭᠠᠴᠤᠳ ᠤᠨ ᠪᠡᠶ᠎ᠡ ᠶᠢᠨ ᠲᠠᠮᠢᠷ ᠤᠨ ᠠᠵᠢᠯ ᠢ ᠵᠢᠯᠣᠭᠤᠳᠤᠨ ᠠᠬᠢᠭᠤᠯᠤᠨ᠎ᠠ᠃ | ︵ᠠᠷᠪᠠᠨ ᠵᠢᠷᠭᠤᠭ᠎ᠠ︶ ᠲᠣᠰ ᠰᠢᠰᠲ᠋ᠧᠮ ᠤᠨ ᠢᠶᠠᠨ ᠨᠠᠮ ᠤᠨ ᠵᠣᠬᠢᠶᠠᠨ ᠪᠠᠶᠢᠭᠤᠯᠤᠯᠲᠠ ᠶᠢᠨ ᠪᠠᠶᠢᠭᠤᠯᠤᠯᠲᠠ᠂ | ᠨᠠᠮ ᠤᠨ ᠰᠤᠷᠲᠠᠯ ᠠᠷᠢᠭᠤᠨ ᠴᠢᠬᠡᠴᠢ ᠪᠠᠷ ᠵᠠᠰᠠᠭ ᠪᠠᠷᠢᠬᠤ ᠪᠠᠶᠢᠭᠤᠯᠤᠯᠲᠠ᠂ ᠰᠠᠬᠢᠯᠭ᠎ᠠ ᠪᠠᠲᠤ ᠪᠠᠶᠢᠴᠠᠭᠠᠬᠤ ᠬᠢᠨᠠᠨ | ᠪᠠᠶᠢᠴᠠᠭᠠᠬᠤ ᠠᠵᠢᠯ ᠪᠣᠯᠤᠨ ᠣᠶᠤᠨ ᠤ ᠪᠣᠯᠪᠠᠰᠤᠨ ᠤ ᠪᠠᠶᠢᠭᠤᠯᠤᠯᠲᠠ ᠵᠢᠴᠢ ᠥᠭᠡᠷᠡᠴᠢᠯᠡᠯᠲᠡ᠂ ᠬᠥᠭᠵᠢᠯᠲᠡ᠂ | ᠡᠭᠦᠳᠦᠨ ᠪᠠᠶᠢᠭᠤᠯᠬᠤ ᠠᠵᠢᠯ ᠢ ᠬᠠᠷᠢᠭᠤᠴᠠᠨ᠎ᠠ᠃ | ︵ᠠᠷᠪᠠᠨ ᠳᠣᠯᠤᠭ᠎ᠠ︶ ᠰᠤᠷᠭᠠᠨ ᠬᠥᠮᠦᠵᠢᠯ ᠪᠡᠶ᠎ᠡ ᠶᠢᠨ ᠲᠠᠮᠢᠷ ᠤᠨ ᠵᠠᠰᠠᠭ ᠵᠠᠬᠢᠷᠭᠠᠨ ᠤ ᠵᠥᠪᠰᠢᠶᠡᠷᠡᠯ ᠤᠨ | ᠵᠦᠢᠯ ᠪᠣᠯᠤᠨ ᠰᠤᠷᠭᠠᠨ ᠬᠥᠮᠦᠵᠢᠯ ᠪᠡᠶ᠎ᠡ ᠶᠢᠨ ᠲᠠᠮᠢᠷ ᠤᠨ ᠵᠠᠰᠠᠭ ᠵᠠᠬᠢᠷᠭᠠᠨ ᠤ ᠬᠠᠤᠯᠢ ᠬᠡᠷᠡᠭᠵᠢᠭᠦᠯᠦᠯᠲᠡ ᠶᠢ | ᠬᠠᠷᠢᠭᠤᠴᠠᠨ ᠭᠦᠢᠴᠡᠳᠭᠡᠨ᠎ᠡ ᠃ | ︵ᠠᠷᠪᠠᠨ ᠨᠠᠢᠮᠠ︶ ᠲᠤᠭᠤᠷᠢᠭ ᠤᠨ ᠨᠠᠮ ᠤᠨ ᠬᠤᠷᠢᠶ᠎ᠠ᠂ ᠲᠤᠭᠤᠷᠢᠭ ᠤᠨ ᠵᠠᠰᠠᠭ ᠤᠨ ᠤᠷᠳᠤᠨ ᠤ | ᠲᠤᠰᠢᠶᠠᠭᠰᠠᠨ ᠪᠤᠰᠤᠳ ᠠᠵᠢᠯ ᠤᠳ ᠢ ᠪᠡᠶᠡᠯᠡᠭᠦᠯᠦᠨ᠎ᠡ᠃ | ᠬᠤᠶᠠᠷ᠂ ᠳᠣᠲᠣᠭᠠᠳᠤ ᠪᠠᠶᠢᠭᠤᠯᠤᠮᠵᠢ | 1. ᠨᠠᠮ ᠪᠠ ᠣᠯᠠᠨ ᠲᠦᠮᠡᠨ ᠤ ᠠᠯᠪᠠᠨ ᠭᠡᠷ | 2. ᠡᠪᠯᠡᠯ ᠤᠨ ᠬᠤᠷᠢᠶ᠎ᠠ | 3. ᠠᠵᠢᠯᠴᠢᠨ ᠤ ᠡᠪᠯᠡᠯ | 4. ᠠᠵᠢᠯᠲᠠᠨ ᠤ ᠶᠠᠪᠤᠳᠠᠯ ᠤᠨ ᠲᠠᠰᠤᠭ | 5 .ᠡᠳ᠋ ᠮᠥᠩᠭᠦ ᠪᠤᠳᠤᠬᠤ ᠲᠠᠰᠤᠭ | 6. ᠵᠠᠰᠠᠭ ᠵᠠᠬᠢᠷᠭᠠᠨ ᠤ ᠠᠯᠪᠠᠨ ᠭᠡᠷ | 7. ᠦᠨᠳᠦᠰᠦᠨ ᠪᠦᠲᠦᠭᠡᠨ ᠪᠠᠶᠢᠭᠤᠯᠤᠯᠲᠠ ᠶᠢᠨ ᠠᠯᠪᠠᠨ ᠭᠡᠷ | 8. ᠠᠶᠤᠯ ᠦᠭᠡᠢ ᠲᠠᠰᠤᠭ | 9. ᠰᠤᠷᠭᠠᠨ ᠬᠥᠮᠦᠵᠢᠯ ᠤᠨ ᠲᠠᠰᠤᠭ | 10 . ᠦᠨᠳᠦᠰᠦᠲᠡᠨ ᠤ ᠰᠤᠷᠭᠠᠨ ᠬᠥᠮᠦᠵᠢᠯ ᠤᠨ ᠲᠠᠰᠤᠭ | 11 .ᠠᠵᠢᠯ ᠮᠡᠷᠭᠡᠵᠢᠯ ᠨᠠᠰᠤᠨ ᠳᠤ ᠬᠦᠷᠦᠭᠰᠡᠳ ᠤᠨ ᠰᠤᠷᠭᠠᠨ ᠬᠦᠮᠦᠵᠢᠯ ᠤᠨ ᠲᠠᠰᠤᠭ | 12. ᠡᠷᠡᠭᠦᠯ ᠬᠠᠮᠠᠭᠠᠯᠠᠯ ᠤᠨ ᠤᠷᠠᠯᠢᠭ ᠤᠨ ᠲᠠᠰᠤᠭ | 13. ᠰᠤᠷᠤᠯᠭ᠎ᠠ ᠶᠢᠨ ᠲᠡᠳᠬᠦᠮᠵᠢ ᠶᠢᠨ ᠬᠠᠮᠢᠶᠠᠷᠤᠯᠲᠠ ᠶᠢᠨ ᠲᠥᠪ | 14. ᠰᠤᠷᠤᠭᠴᠢ ᠡᠯᠰᠡᠬᠦ ᠠᠯᠪᠠᠨ ᠭᠡᠷ | 15. ᠪᠡᠶ᠎ᠡ ᠶᠢᠨ ᠲᠠᠮᠢᠷ ᠤᠨ ᠳᠠᠰᠤᠭ | 16. ᠬᠢᠨᠠᠨ ᠵᠢᠯᠣᠭᠤᠳᠬᠤ ᠲᠠᠰᠤᠭ | 17. ᠰᠤᠷᠬᠤ ᠨᠠᠰᠤᠨ ᠠᠴᠠ ᠡᠮᠦᠨᠡᠬᠢ ᠰᠤᠷᠭᠠᠨ ᠬᠥᠮᠦᠵᠢᠯ ᠤᠨ ᠲᠠᠰᠤᠭ | 18. ᠲᠣᠭᠲᠠᠭᠤᠨ ᠪᠠᠶᠢᠳᠠᠯ ᠢ ᠬᠠᠮᠠᠭᠠᠯᠠᠬᠤ ᠠᠵᠢᠯ ᠤᠨ ᠠᠯᠪᠠᠨ ᠭᠡᠷ | 19. ᠬᠢᠨᠠᠨ ᠪᠠᠶᠢᠴᠠᠭᠠᠬᠤ ᠲᠠᠰᠤᠭ | 20. ᠪᠠᠶᠢᠴᠠᠭᠠᠨ ᠰᠤᠳᠤᠯᠬᠤ ᠲᠠᠰᠤᠭ | ᠭᠤᠷᠪᠠ᠂ ᠠᠵᠢᠯᠯᠠᠬᠤ ᠬᠠᠶ᠋ᠢᠭ ᠲᠦᠩᠯᠢᠶᠣᠤ ᠬᠤᠲᠠ ᠶᠢᠨ ᠬᠤᠷᠴᠢᠨ ᠲᠣᠭᠤᠷᠢᠭ ᠤᠨ ᠮᠢᠩ ᠷᠧᠨ ᠶᠡᠭᠡ | ᠵᠡᠭᠡᠯᠢ ᠶᠢᠨ ᠵᠡᠭᠦᠨ 1548 ᠳ᠋ᠤᠭᠠᠷ ᠨᠣᠮᠧᠷ | ᠠᠯᠪᠠᠨ ᠤᠲᠠᠰᠤ — 0475 - 8232520 |