ᠡᠷᠡᠭᠦᠯ ᠬᠠᠮᠠᠭᠠᠯᠠᠯ ᠲᠦᠯᠦᠪᠯᠡᠭᠡᠳᠦ ᠦᠷᠡᠵᠢᠯ ᠤᠨ ᠲᠣᠪᠴᠢᠶ᠎ᠠ
ᠨᠡᠶᠢᠲᠡᠯᠡᠭᠰᠡᠨ ᠴᠠᠭ᠄
2019-09-17
  ᠨᠢᠭᠡ᠂ ᠠᠵᠢᠯ ᠤᠨ ᠡᠭᠦᠷᠭᠡ ᠬᠠᠷᠢᠭᠤᠴᠠᠯᠭ᠎ᠠ    ᠬᠤᠷᠴᠢᠨ ᠲᠣᠭᠤᠷᠢᠭ ᠤᠨ ᠡᠷᠡᠭᠦᠯ ᠬᠠᠮᠠᠭᠠᠯᠠᠯ ᠲᠥᠯᠥᠪᠯᠡᠭᠡᠲᠦ ᠦᠷᠡᠵᠢᠯ ᠤᠨ ᠲᠣᠪᠴᠢᠶ᠎ᠠ ᠪᠣᠯ ᠬᠤᠷᠴᠢᠨ ᠲᠣᠭᠤᠷᠢᠭ ᠤᠨ ᠠᠷᠠᠳ ᠤᠨ ᠵᠠᠰᠠᠭ ᠤᠨ ᠣᠷᠳᠣᠨ ᠤ ᠪᠥᠬᠦ ᠲᠤᠭᠤᠷᠢᠭ ᠤᠨ ᠡᠷᠡᠭᠦᠯ ᠬᠠᠮᠠᠭᠠᠯᠠᠯ ᠲᠥᠯᠥᠪᠯᠡᠭᠡᠲᠦ ᠦᠷᠡᠵᠢᠯ ᠤᠨ ᠠᠵᠢᠯ ᠢ ᠬᠠᠤᠯᠢ ᠶᠣᠰᠣᠭᠠᠷ ᠬᠠᠮᠢᠶᠠᠷᠬᠤ ᠡᠭᠦᠷᠭᠡ ᠴᠢᠳᠠᠪᠤᠷᠢᠲᠤ ᠰᠠᠯᠠᠭ᠎ᠠ ᠮᠥᠴᠢᠷ ᠪᠣᠯᠤᠨ᠎ᠠ᠂ ᠬᠤᠲᠠ ᠬᠥᠳᠡᠭᠡ ᠶᠢᠨ ᠡᠮ ᠡᠮᠨᠡᠯᠭᠡ ᠶᠢᠨ  ᠦᠢᠯᠡᠴᠢᠯᠡᠭᠡ᠂ ᠣᠯᠠᠨ ᠨᠡᠶᠢᠲᠡ ᠶᠢᠨ ᠡᠷᠡᠭᠦᠯ ᠬᠠᠮᠠᠭᠠᠯᠠᠯ᠂ ᠲᠥᠯᠥᠪᠯᠡᠭᠡᠲᠦ ᠦᠷᠡᠵᠢᠯ᠂ ᠡᠬᠡ ᠨᠢᠯᠬᠠᠰ ᠤᠨ ᠡᠷᠡᠭᠦᠯᠵᠢᠯ᠂ ᠡᠷᠡᠭᠦᠯ ᠮᠡᠨᠳᠦ ᠶᠢᠨ ᠬᠥᠮᠦᠵᠢᠯ ᠵᠡᠷᠭᠡ ᠣᠯᠠᠨ ᠵᠦᠢᠯ ᠤᠨ ᠠᠵᠢᠯ ᠢ ᠬᠠᠷᠢᠭᠤᠴᠠᠵᠤ᠂  ᠲᠤᠭᠤᠷᠢᠭ ᠤᠨ ᠵᠠᠰᠠᠭ ᠤᠨ ᠤᠷᠳᠤᠨ ᠢ ᠲᠦᠯᠦᠭᠡᠯᠡᠨ ᠬᠠᠷᠢᠶᠠᠳᠤ ᠳᠣᠲᠣᠷᠠᠬᠢ ᠡᠷᠡᠭᠦᠯ ᠬᠠᠮᠠᠭᠠᠯᠠᠯ ᠲᠥᠯᠥᠪᠯᠡᠭᠡᠲᠦ ᠦᠷᠡᠵᠢᠯ ᠤᠨ ᠡᠬᠢ ᠪᠠᠶᠠᠯᠢᠭ ᠢ ᠨᠢᠭᠡᠳᠦᠯᠲᠡᠶ ᠲᠦᠯᠦᠪᠵᠢᠭᠦᠯᠵᠦ᠂ ᠨᠢᠭᠡᠳᠦᠯᠲᠡᠢ ᠬᠢᠨᠠᠯᠲᠠ ᠲᠠᠯᠪᠢᠬᠤ᠂ ᠨᠢᠭᠡᠳᠦᠯᠲᠡᠶ ᠬᠠᠮᠢᠶᠠᠷᠤᠯᠲᠠ ᠬᠢᠨ᠎ᠡ᠃    ᠬᠤᠶᠠᠷ᠂ ᠳᠣᠲᠣᠭᠠᠳᠤ ᠪᠠᠶᠢᠭᠤᠯᠤᠮᠵᠢ    ᠬᠤᠷᠴᠢᠨ ᠲᠣᠭᠤᠷᠢᠭ ᠤᠨ ᠡᠷᠡᠭᠦᠯ ᠬᠠᠮᠠᠭᠠᠯᠠᠯ ᠲᠥᠯᠥᠪᠯᠡᠭᠡᠲᠦ ᠦᠷᠡᠵᠢᠯ ᠤᠨ ᠲᠣᠪᠴᠢᠶ᠎ᠠ ᠤᠳᠤ 16 ᠡᠭᠦᠷᠭᠡ ᠴᠢᠳᠠᠪᠬᠢ ᠶᠢᠨ ᠰᠠᠯᠠᠭ᠎ᠠ ︵ᠲᠠᠰᠤᠭ︶ ᠲᠠᠢ᠄ ᠠᠯᠪᠠᠨ ᠭᠡᠷ᠂ ᠠᠵᠢᠯᠲᠠᠨ ᠤ ᠶᠠᠪᠤᠳᠠᠯ ᠤᠨ ᠲᠠᠰᠤᠭ᠂ ᠲᠥᠯᠥᠪᠵᠢᠭᠦᠯᠪᠡ ᠡᠳ᠋ ᠤᠨ ᠶᠠᠪᠤᠳᠠᠯ ᠤᠨ ᠲᠠᠰᠤᠭ᠂ ᠲᠥᠷᠥ ᠶᠢᠨ ᠪᠣᠳᠣᠯᠭ᠎ᠠ ᠬᠠᠤᠯᠢ ᠲᠣᠭᠲᠠᠭᠠᠯ ᠳᠤ ᠬᠢᠨᠠᠯᠲᠠ ᠲᠠᠯᠪᠢᠬᠤ ᠲᠠᠰᠤᠭ᠂ ᠡᠷᠡᠭᠦᠯ ᠬᠠᠮᠠᠭᠠᠯᠠᠯ ᠤᠨ ᠪᠠᠴᠢᠮ ᠪᠠᠶᠢᠳᠠᠯ ᠢ ᠠᠷᠭᠠᠴᠠᠬᠤ ᠠᠯᠪᠠᠨ ᠭᠡᠷ᠂ ᠡᠪᠡᠳᠴᠢᠨ ᠡᠮᠭᠡᠭ ᠢ ᠤᠷᠢᠳᠴᠢᠯᠠᠨ ᠰᠡᠷᠭᠡᠶᠢᠯᠡᠵᠦ ᠡᠵᠡᠮᠳᠡᠬᠦ  ᠲᠠᠰᠤᠭ᠂ ᠦᠨᠳᠦᠰᠦᠨ ᠱᠠᠲᠤᠨ ᠤ ᠡᠷᠡᠭᠦᠯ ᠬᠠᠮᠠᠭᠠᠯᠠᠯ ᠲᠥᠯᠥᠪᠯᠡᠭᠡᠲᠦ ᠦᠷᠡᠵᠢᠯ ᠤᠨ  ᠲᠠᠰᠤᠭ᠂ ᠡᠬᠡ ᠨᠢᠯᠬᠠᠰ ᠤᠨ ᠡᠷᠡᠭᠦᠯ ᠮᠡᠨᠳᠦ ᠶᠢ ᠬᠠᠮᠠᠭᠠᠯᠠᠬᠤ ᠦᠢᠯᠡᠴᠢᠯᠡᠭᠡᠨ ᠤ ᠲᠠᠰᠤᠭ᠂ ᠡᠮᠨᠡᠯᠭᠡ ᠶᠢᠨ ᠶᠠᠪᠤᠳᠠᠯ ᠡᠮ ᠡᠮᠨᠡᠯᠭᠡ ᠶᠢᠨ ᠬᠠᠮᠢᠶᠠᠷᠤᠯᠲᠠ ᠶᠢᠨ ᠲᠠᠰᠤᠭ᠂ ᠮᠣᠩᠭᠤᠯ ᠬᠢᠲᠠᠳ ᠡᠮ ᠡᠮᠨᠡᠯᠭᠡ ᠶᠢᠨ ᠬᠠᠮᠢᠶᠠᠷᠤᠯᠲᠠ ᠶᠢᠨ ᠲᠠᠰᠤᠭ᠂ ᠨᠡᠭᠦᠳᠡᠯ ᠬᠥᠮᠦᠨ ᠠᠮᠠ ᠶᠢᠨ ᠲᠥᠯᠥᠪᠯᠡᠭᠡᠲᠦ ᠦᠷᠡᠵᠢᠯ ᠤᠨ  ᠦᠢᠯᠡᠴᠢᠯᠡᠭᠡᠨ ᠤ ᠬᠠᠮᠢᠶᠠᠷᠤᠯᠲᠠ ᠶᠢᠨ ᠲᠠᠰᠤᠭ᠂ ᠮᠡᠳᠡᠭᠡ ᠵᠠᠩᠭᠢ ᠶᠢᠨ ᠬᠠᠮᠢᠶᠠᠷᠤᠯᠲᠠ ᠶᠢᠨ  ᠲᠠᠰᠤᠭ᠂ ᠤᠬᠠᠭᠤᠯᠭ᠎ᠠ ᠬᠥᠮᠦᠵᠢᠯ ᠤᠨ  ᠲᠠᠰᠤᠭ᠂ ᠬᠢᠨᠠᠨ ᠰᠢᠯᠭᠠᠵᠤ ᠦᠨᠡᠯᠡᠬᠦ ᠲᠠᠰᠤᠭ᠂ ᠲᠥᠯᠥᠪᠯᠡᠭᠡᠲᠦ ᠦᠷᠡᠵᠢᠯ ᠤᠨ ᠦᠨᠳᠦᠰᠦᠨ ᠱᠠᠲᠤᠨ ᠤ ᠵᠢᠯᠣᠭᠤᠳᠬᠤ ᠲᠠᠰᠤᠭ᠂ ᠲᠥᠯᠥᠪᠯᠡᠭᠡᠲᠦ ᠦᠷᠡᠵᠢᠯ ᠤᠨ ᠭᠡᠷ ᠪᠦᠯᠢ ᠶᠢᠨ ᠬᠥᠭᠵᠢᠯᠲᠡ ᠶᠢᠨ  ᠲᠠᠰᠤᠭ᠃    ᠭᠤᠷᠪᠠ᠂ ᠠᠵᠢᠯᠯᠠᠬᠤ ᠭᠠᠵᠠᠷ ᠤᠨ ᠬᠠᠶ᠋ᠢᠭ᠄ ᠬᠤᠷᠴᠢᠨ ᠲᠣᠭᠤᠷᠢᠭ ᠤᠨ ᠶᠦᠩ ᠴᠢᠩ ᠶᠡᠭᠡ ᠵᠡᠭᠡᠯᠢ ᠶᠢᠨ ᠳᠤᠮᠳᠠ ᠬᠡᠰᠡᠭ ᠤᠨ 268 ᠳ᠋ᠤᠭᠠᠷ    ᠠᠯᠪᠠᠨ ᠤᠲᠠᠰᠤ 0475 - 8232440
 
ᠢᠷᠡᠯᠲᠡ᠄ ᠲᠣᠲᠣᠷᠬᠠᠢ ᠦᠭᠡᠢ
 
 
ᠬᠠᠮᠢᠶ᠎ᠡ ᠪᠦᠬᠦᠢ ᠰᠣᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备05070829号