ᠣᠷᠣᠨ ᠰᠠᠭᠤᠴᠠ ᠪᠠ ᠬᠤᠲᠠ ᠬᠥᠳᠡᠭᠡ ᠶᠢᠨ ᠪᠦᠲᠦᠭᠡᠨ ᠪᠠᠶᠢᠭᠤᠯᠤᠯᠲᠠ ᠶᠢᠨ ᠲᠣᠪᠴᠢᠶ᠎ᠠ
ᠨᠡᠶᠢᠲᠡᠯᠡᠭᠰᠡᠨ ᠴᠠᠭ᠄
2019-09-18
 ᠨᠢᠭᠡ᠂ ᠭᠤᠤᠯ ᠡᠭᠦᠷᠭᠡ ᠬᠠᠷᠢᠭᠤᠴᠠᠯᠭ᠎ᠠ    ︽ᠬᠤᠷᠴᠢᠨ ᠲᠣᠭᠤᠷᠢᠭ ᠤᠨ ᠣᠷᠣᠨ ᠰᠠᠭᠤᠴᠠ ᠪᠠ ᠬᠤᠲᠠ ᠬᠥᠳᠡᠭᠡ ᠶᠢᠨ ᠪᠦᠲᠦᠭᠡᠨ ᠪᠠᠶᠢᠭᠤᠯᠤᠯᠲᠠ ᠶᠢᠨ ᠲᠣᠪᠴᠢᠶ᠎ᠠ ᠶᠢᠨ ᠭᠤᠤᠯ ᠡᠭᠦᠷᠭᠡ ᠬᠠᠷᠢᠭᠤᠴᠠᠯᠭ᠎ᠠ ᠶᠢᠨ ᠳᠣᠲᠣᠭᠠᠳᠤ ᠪᠠᠶᠢᠭᠤᠯᠤᠮᠵᠢ ᠪᠠ ᠠᠵᠢᠯᠲᠠᠨ ᠤ ᠣᠷᠣᠨ ᠲᠤᠭ᠎ᠠ ᠶᠢᠨ ᠲᠣᠭᠲᠠᠭᠠᠯ   ᠢ ᠳᠠᠷᠤᠮᠠᠯᠯᠠᠨ ᠶᠠᠪᠤᠭᠤᠯᠬᠤ ᠲᠤᠬᠠᠶ ᠮᠡᠳᠡᠭᠳᠡᠯ︾ ︵ᠲᠦᠩᠯᠢᠶᠤᠤ ᠬᠤᠳᠠ ᠶᠢᠨ ᠬᠤᠷᠴᠢᠨ ᠲᠤᠭᠤᠷᠢᠭ ᠤᠨ ᠪᠠᠶᠢᠭᠤᠯᠤᠮᠵᠢ ᠶᠢᠨ ᠤᠷᠤᠨ ᠲᠤᠭ᠎ᠠ [ 2010 ] 13 ᠳ᠋ᠤᠭᠠᠷ ᠲᠣᠭᠠᠲᠤ︶᠂ ︽ᠭᠤᠤᠯ ᠬᠤᠲᠠ ᠶᠢᠨ ᠲᠣᠭᠤᠷᠢᠭ ᠤᠨ ᠬᠤᠲᠠ ᠶᠢᠨ ᠪᠦᠲᠦᠭᠡᠨ ᠪᠠᠶᠢᠭᠤᠯᠤᠯᠲᠠ ᠶᠢᠨ ᠬᠠᠮᠢᠶᠠᠷᠤᠯᠲᠠ ᠶᠢᠨ ᠡᠭᠦᠷᠭᠡ  ᠴᠢᠳᠠᠪᠬᠢ ᠶᠢᠨ ᠲᠣᠬᠢᠷᠠᠭᠤᠯᠤᠯᠲᠠ ᠵᠢᠴᠢ ᠬᠠᠮᠢᠶ᠎ᠠ ᠪᠦᠬᠦᠢ ᠪᠠᠶᠢᠭᠤᠯᠤᠮᠵᠢ ᠲᠣᠬᠢᠷᠠᠭᠤᠯᠬᠤ ᠠᠰᠠᠭᠤᠳᠠᠯ ᠤᠨ ᠲᠤᠬᠠᠶ ᠮᠡᠳᠡᠭᠳᠡᠯ︾ ︵ ᠲᠦᠩᠯᠢᠶᠤᠤ ᠬᠤᠲᠠ ᠶᠢᠨ ᠬᠤᠷᠴᠢᠨ ᠶᠢᠨ ᠪᠠᠶᠢᠭᠤᠯᠤᠮᠵᠢ ᠶᠢᠨ ᠤᠷᠤᠨ ᠲᠤᠭ᠎ᠠ ᠵᠢᠨ‌ᠦᠰᠦᠭ ﹇2014﹈ 1 ᠳ᠋ᠦᠭᠡᠷ ᠲᠣᠭᠠᠲᠤ︶ ᠤᠨ ᠪᠢᠴᠢᠭ ᠮᠠᠲ᠋ᠧᠷᠢᠶᠠᠯ ᠤᠨ ᠵᠣᠷᠢᠭ ᠰᠠᠨᠠᠭ᠎ᠠ ᠶᠢ ᠦᠨᠳᠦᠰᠦᠯᠡᠪᠡᠯ᠂ ᠬᠤᠷᠴᠢᠨ ᠲᠣᠭᠤᠷᠢᠭ ᠤᠨ ᠣᠷᠣᠨ ᠰᠠᠭᠤᠴᠠ ᠪᠠ ᠬᠤᠲᠠ ᠬᠥᠳᠡᠭᠡ ᠶᠢᠨ ᠪᠦᠲᠦᠭᠡᠨ ᠪᠠᠶᠢᠭᠤᠯᠤᠯᠲᠠ ᠶᠢᠨ ᠲᠣᠪᠴᠢᠶ᠎ᠠ ᠪᠣᠯ ᠬᠤᠷᠴᠢᠨ ᠲᠣᠭᠤᠷᠢᠭ ᠤᠨ ᠠᠷᠠᠳ ᠤᠨ ᠵᠠᠰᠠᠭ ᠤᠨ ᠣᠷᠳᠣᠨ ᠤ ᠠᠵᠢᠯᠯᠠᠬᠤ ᠰᠠᠯᠠᠭ᠎ᠠ ᠮᠥᠴᠢᠷ ᠪᠣᠯᠤᠨ᠎ᠠ᠂ ᠬᠠᠮᠢᠶᠠᠷᠬᠤ ᠬᠦᠷᠢᠶ᠎ᠡ ᠬᠡᠪᠴᠢᠶ᠎ᠡ ᠳᠤ ᠲᠣᠭᠤᠷᠢᠭ ᠤᠨ 10 ᠪᠠᠯᠭᠠᠰᠤ ᠶᠢᠨ 5 ᠲᠠᠷᠢᠶᠠᠯᠠᠩ ᠤᠨ ᠲᠠᠯᠠᠪᠠᠢ ᠵᠢᠴᠢ ᠠᠰᠠᠷᠠᠮᠵᠢ ᠶᠢᠨ ᠵᠠᠮ ᠠᠴᠠ ᠵᠡᠭᠦᠨᠰᠢᠬᠢ᠂ ᠲᠡᠮᠦᠷ ᠵᠠᠮ  ᠠᠴᠠ ᠡᠮᠦᠨᠡᠰᠢ ᠬᠤᠲᠠ ᠶᠢᠨ ᠬᠠᠵᠠᠭᠤ ᠶᠢᠨ ᠣᠷᠣᠨ ᠪᠦᠰᠡ ᠶᠢ ᠪᠠᠭᠲᠠᠭᠠᠨ᠎ᠠ᠃ ᠪᠣᠳᠠᠲᠠᠶ ᠭᠤᠤᠯ ᠡᠭᠦᠷᠭᠡ ᠬᠠᠷᠢᠭᠤᠴᠠᠯᠭ᠎ᠠ ᠨᠢ ᠳᠣᠤᠷᠠᠬᠢ ᠮᠡᠲᠦ᠄    ︵ᠨᠢᠭᠡ︶ ᠬᠤᠷᠴᠢᠨ ᠲᠣᠭᠤᠷᠢᠭ ᠤᠨ ᠡᠯ᠎ᠡ ᠰᠤᠮᠤ ᠪᠠᠯᠭᠠᠰᠤ ᠶᠢᠨ ᠭᠡᠷ ᠪᠠᠶᠢᠰᠢᠩ ᠭᠠᠵᠠᠷ ᠬᠥᠷᠥᠩᠭᠡ ᠶᠢᠨ ᠵᠠᠬ᠎ᠠ ᠳᠡᠯᠭᠡᠭᠦᠷ ᠤᠨ ᠡᠮᠬᠢ ᠳᠢᠭᠯᠢᠮ ᠢ ᠵᠢᠷᠤᠮᠵᠢᠭᠤᠯᠤᠨ᠂ ᠭᠡᠷ ᠪᠠᠶᠢᠰᠢᠩ ᠭᠠᠵᠠᠷ ᠬᠥᠷᠥᠩᠭᠡ ᠶᠢᠨ ᠨᠡᠭᠡᠭᠡᠯᠲᠡ ᠶᠢᠨ ᠠᠵᠤ ᠠᠬᠤᠶᠢᠯᠠᠯ ᠤᠨ ᠬᠠᠤᠯᠢ ᠶᠣᠰᠣᠭᠠᠷ ᠠᠵᠢᠯ ᠡᠷᠬᠢᠯᠡᠬᠦ ᠶᠢ ᠬᠢᠨᠠᠨ ᠬᠠᠮᠢᠶᠠᠷᠬᠤ ᠶᠢ ᠡᠭᠦᠷᠭᠡᠯᠡᠨ᠎ᠡ᠃    ︵ᠬᠤᠶᠠᠷ︶ ᠬᠤᠷᠴᠢᠨ ᠲᠣᠭᠤᠷᠢᠭ ᠤᠨ ᠵᠢᠵᠢᠭ ᠬᠤᠲᠠ ᠪᠠᠯᠭᠠᠰᠤ ᠶᠢᠨ ᠪᠦᠲᠦᠭᠡᠨ ᠪᠠᠶᠢᠭᠤᠯᠤᠯᠲᠠ ᠶᠢᠨ ᠠᠵᠢᠯ ᠢ ᠵᠢᠷᠤᠮᠵᠢᠭᠤᠯᠬᠤ ᠪᠠ ᠵᠢᠯᠣᠭᠤᠳᠬᠤ ᠶᠢ ᠬᠠᠷᠢᠭᠤᠴᠠᠨ᠎ᠠ  ᠃ ᠠᠶᠢᠯ ᠲᠣᠰᠬᠤᠨ ᠪᠣᠯᠤᠨ ᠵᠢᠵᠢᠭ ᠬᠤᠲᠠ ᠪᠠᠯᠭᠠᠰᠤ ᠶᠢᠨ ᠬᠥᠮᠦᠰ ᠤᠨ ᠣᠷᠣᠰᠢᠨ ᠰᠠᠭᠤᠬᠤ ᠠᠮᠢ ᠠᠬᠤᠢ ᠶᠢᠨ ᠣᠷᠴᠢᠨ ᠲᠣᠭᠤᠷᠢᠨ ᠢ ᠰᠠᠶᠢᠵᠢᠷᠠᠭᠤᠯᠬᠤ ᠶᠢ ᠵᠢᠯᠣᠭᠤᠳᠴᠤ᠂ ᠲᠠᠷᠢᠶᠠᠯᠠᠬᠤ ᠮᠠᠯᠵᠢᠬᠤ ᠣᠷᠣᠨ ᠪᠣᠯᠤᠨ ᠵᠢᠵᠢᠭ ᠬᠤᠲᠠ ᠪᠠᠯᠭᠠᠰᠤ ᠶᠢᠨ ᠣᠷᠣᠨ ᠰᠠᠭᠤᠴᠠ ᠶᠢᠨ ᠪᠦᠲᠦᠭᠡᠨ ᠪᠠᠶᠢᠭᠤᠯᠤᠯᠲᠠ᠂ ᠰᠠᠭᠤᠷᠢ ᠪᠡᠯᠡᠳᠬᠡᠮᠵᠢ ᠶᠢᠨ ᠪᠦᠲᠦᠭᠡᠨ ᠪᠠᠶᠢᠭᠤᠯᠤᠯᠲᠠ ᠪᠣᠯᠤᠨ ᠨᠤᠷᠠᠬᠤ ᠠᠶᠤᠯᠲᠠᠶ ᠭᠡᠷ ᠪᠠᠶᠢᠰᠢᠩ ᠢ ᠰᠢᠨᠡᠳᠬᠡᠨ ᠵᠠᠰᠠᠬᠤ ᠠᠵᠢᠯ ᠢ ᠵᠢᠯᠣᠭᠤᠳᠤᠨ᠎ᠠ᠃    ︵ᠭᠤᠷᠪᠠ︶ ᠬᠤᠷᠴᠢᠨ ᠲᠣᠭᠤᠷᠢᠭ ᠤᠨ ᠡᠯ᠎ᠡ ᠰᠤᠮᠤ ᠪᠠᠯᠭᠠᠰᠤ ᠶᠢᠨ ᠣᠷᠣᠨ ᠰᠠᠭᠤᠴᠠ ᠶᠢᠨ ᠪᠦᠲᠦᠭᠡᠨ ᠪᠠᠶᠢᠭᠤᠯᠤᠯᠲᠠ᠂ ᠬᠠᠮᠢᠶᠠᠷᠤᠯᠲᠠ ᠬᠢᠭᠡᠳ ᠬᠢᠨᠠᠯᠲᠠ ᠲᠠᠯᠪᠢᠬᠤ ᠠᠵᠢᠯ ᠢ ᠬᠠᠷᠢᠭᠤᠴᠠᠨ᠎ᠠ  ᠃ ᠬᠠᠷᠢᠶ᠎ᠠ ᠣᠷᠣᠨ ᠤ ᠳᠣᠲᠣᠷᠠᠬᠢ ᠪᠠᠷᠢᠯᠭ᠎ᠠ ᠪᠠᠷᠢᠬᠤ ᠶᠢ ᠵᠥᠪᠰᠢᠶᠡᠷᠡᠬᠦ᠂ ᠪᠦᠲᠦᠭᠡᠨ ᠪᠠᠶᠢᠭᠤᠯᠤᠯᠲᠠ ᠶᠢ ᠬᠢᠨᠠᠨ ᠬᠠᠮᠢᠶᠠᠷᠬᠤ᠂ ᠪᠠᠷᠢᠯᠭ᠎ᠠ ᠶᠢᠨ ᠪᠦᠲᠦᠭᠡᠨ ᠪᠠᠶᠢᠭᠤᠯᠤᠯᠲᠠ ᠶᠢᠨ ᠲᠥᠷᠥᠯ ᠵᠦᠢᠯ ᠢ ᠮᠡᠳᠡᠭᠦᠯᠦᠨ ᠪᠠᠶᠢᠭᠤᠯᠬᠤ᠂ ᠪᠠᠷᠢᠯᠭ᠎ᠠ ᠪᠠᠷᠢᠬᠤ ᠶᠢ ᠵᠥᠪᠰᠢᠶᠡᠷᠡᠬᠦ ᠵᠢᠴᠢ ᠪᠠᠷᠢᠯᠭ᠎ᠠ ᠳᠠᠭᠤᠰᠤᠭᠰᠠᠨ ᠢ ᠰᠢᠯᠭᠠᠨ ᠠᠪᠴᠤ ᠳᠠᠩᠰᠠᠯᠠᠬᠤ ᠵᠡᠷᠭᠡ ᠬᠠᠤᠯᠢ ᠪᠠᠷ ᠲᠣᠭᠲᠠᠭᠠᠭᠰᠠᠨ ᠪᠦᠲᠦᠭᠡᠨ ᠪᠠᠶᠢᠭᠤᠯᠤᠯᠲᠠ ᠶᠢᠨ ᠳᠡᠰ ᠳᠠᠷᠠᠭᠠᠯᠠᠯ ᠤᠨ ᠬᠢᠨᠠᠯᠲᠠ ᠬᠠᠮᠢᠶᠠᠷᠤᠯᠲᠠ ᠶᠢ ᠬᠠᠷᠢᠭᠤᠴᠠᠨ᠎ᠠ᠃ ᠪᠠᠷᠢᠯᠭ᠎ᠠ ᠶᠢᠨ ᠠᠶᠤᠯ ᠦᠭᠡᠢ ᠶᠢᠨ ᠬᠢᠨᠠᠯᠲᠠ ᠬᠠᠮᠢᠶᠠᠷᠤᠯᠲᠠ ᠶᠢ ᠬᠠᠷᠢᠭᠤᠴᠠᠨ᠎ᠠ᠃    ︵ ᠳᠦᠷᠪᠡ︶ ᠬᠤᠷᠴᠢᠨ ᠲᠣᠭᠤᠷᠢᠭ ᠤᠨ ᠬᠠᠷᠢᠶ᠎ᠠ ᠣᠷᠣᠨ ᠤ ᠳᠣᠲᠣᠷᠠᠬᠢ ᠪᠠᠷᠢᠯᠭ᠎ᠠ ᠶᠢᠨ ᠠᠵᠢᠯ ᠤᠨ ᠶᠠᠰᠤ ᠴᠢᠨᠠᠷ ᠤᠨ ᠠᠶᠤᠯ ᠦᠭᠡᠢ ᠶᠢᠨ ᠬᠢᠨᠠᠯᠲᠠ ᠬᠠᠮᠢᠶᠠᠷᠤᠯᠲᠠ ᠶᠢᠨ ᠠᠵᠢᠯ ᠢ ᠬᠠᠷᠢᠭᠤᠴᠠᠨ᠎ᠠ  ᠃᡾    ︵ᠲᠠᠪᠤ︶ ᠬᠤᠷᠴᠢᠨ ᠲᠣᠭᠤᠷᠢᠭ ᠤᠨ ᠬᠠᠷᠢᠶ᠎ᠠ ᠣᠷᠣᠨ ᠤ ᠳᠣᠲᠣᠷᠠᠬᠢ ᠤᠯᠤᠰ ᠤᠨ ᠬᠢᠵᠠᠭᠠᠷᠯᠠᠭᠰᠠᠨ ᠲᠣᠭᠠᠨ ᠤ ᠳᠣᠲᠣᠷᠠᠬᠢ ᠪᠠᠷᠢᠯᠭ᠎ᠠ ᠶᠢᠨ ᠪᠠᠷᠢᠯᠭ᠎ᠠ ᠶᠢᠨ ᠲᠥᠷᠥᠯ ᠵᠦᠢᠯ ᠤᠨ  ᠲᠦᠯᠦᠪᠵᠢᠭᠦᠯᠭᠡ᠂ ᠪᠦᠲᠦᠭᠡᠨ ᠪᠠᠶᠢᠭᠤᠯᠤᠯᠲᠠ᠂ ᠬᠠᠮᠢᠶᠠᠷᠤᠯᠲᠠ ᠬᠢᠭᠡᠳ ᠬᠢᠨᠠᠯᠲᠠ ᠲᠠᠯᠪᠢᠬᠤ ᠠᠵᠢᠯ ᠢ ᠬᠠᠷᠢᠭᠤᠴᠠᠵᠤ᠂ ᠮᠠᠨ ᠤ ᠲᠤᠭᠤᠷᠢᠭ ᠤᠨ ᠪᠠᠷᠢᠯᠭ᠎ᠠ ᠶᠢᠨ ᠠᠵᠢᠯ ᠲᠥᠷᠥᠯ ᠤᠨ ᠡᠷᠡᠭᠦᠯ ᠪᠥᠭᠡᠳ ᠡᠮᠬᠢ ᠵᠢᠷᠤᠮ ᠲᠠᠢ ᠪᠠᠷ ᠤᠷᠤᠭᠰᠢ ᠬᠥᠭᠵᠢᠬᠦ ᠶᠢ ᠲᠦᠯᠬᠢᠨ ᠠᠬᠢᠭᠤᠯᠤᠨ᠎ᠠ᠃    ︵ᠵᠢᠷᠭᠤᠭ᠎ᠠ︶ ︽ᠲᠦᠩᠯᠢᠶᠣᠤ ᠬᠤᠲᠠ ᠶᠢᠨ ᠭᠤᠤᠯ ᠬᠤᠲᠠ ᠲᠣᠭᠤᠷᠢᠭ ᠤᠨ ᠰᠢᠲᠠᠮᠠᠬᠠᠶ ᠬᠡᠢ ᠶᠢᠨ ᠬᠠᠮᠢᠶᠠᠷᠤᠯᠲᠠ ᠶᠢᠨ ᠡᠷᠬᠡ   ᠶᠢ  ᠬᠤᠪᠢᠶᠠᠷᠢᠯᠠᠬᠤ ᠵᠢᠭᠠᠪᠤᠷᠢ ᠠᠪᠬᠤ ᠪᠢᠴᠢᠭ︾ ᠤᠨ ᠬᠠᠷᠢᠭᠤ ᠵᠠᠬᠢᠳᠠᠯ ᠤᠨ ᠪᠢᠴᠢᠭ ᠮᠠᠲ᠋ᠧᠷᠢᠶᠠᠯ ᠤᠨ ᠱᠠᠭᠠᠷᠳᠠᠯᠭ᠎ᠠ ᠶᠢ ᠦᠨᠳᠦᠰᠦᠯᠡᠨ᠂ 2015 ᠤᠨ 4 ᠳ᠋ᠦᠭᠡᠷ ᠰᠠᠷ᠎ᠠ ᠶᠢᠨ 1 ᠤ ᠡᠳᠦᠷ ᠠᠴᠠ ᠡᠬᠢᠯᠡᠨ᠂ ᠭᠤᠤᠯ ᠬᠤᠲᠠ ᠲᠣᠭᠤᠷᠢᠭ ᠤᠨ ᠳᠣᠲᠣᠷᠠᠬᠢ 9 ᠮᠠᠰᠢᠨ ᠲᠡᠷᠭᠡᠨ ᠤ ᠬᠡᠢ ᠨᠡᠮᠡᠬᠦ ᠥᠷᠲᠡᠭᠡ᠂ ᠰᠢᠩᠭᠡᠨᠵᠢᠮᠡᠯ ᠬᠡᠢ ᠶᠢᠨ ᠥᠷᠲᠡᠭᠡ ᠶᠢᠨ   ᠶᠢᠨ ᠬᠠᠮᠢᠶᠠᠷᠤᠯᠲᠠ ᠶᠢᠨ ᠡᠷᠬᠡ ᠶᠢ ᠳᠣᠷᠣᠭᠰᠢ ᠪᠠᠭᠤᠯᠭᠠᠨ ᠬᠤᠷᠴᠢᠨ ᠲᠣᠭᠤᠷᠢᠭ ᠤᠨ ᠣᠷᠣᠨ ᠰᠠᠭᠤᠴᠠ ᠪᠠ ᠪᠦᠲᠦᠭᠡᠨ ᠪᠠᠶᠢᠭᠤᠯᠤᠯᠲᠠ ᠶᠢᠨ ᠲᠣᠪᠴᠢᠶ᠎ᠠ ᠳᠤ  ᠬᠠᠮᠢᠶᠠᠷᠠᠭᠤᠯᠤᠨ᠎ᠠ  ᠃    ︵ᠳᠣᠯᠤᠭ᠎ᠠ︶ ᠭᠤᠣᠯ ᠬᠤᠲᠠ ᠲᠣᠭᠤᠷᠢᠭ ᠤᠨ ᠳᠥᠭᠦᠮ ᠪᠦᠳᠦᠭᠦᠯᠢᠭ ᠣᠷᠣᠨ ᠰᠠᠭᠤᠴᠠᠳᠤ ᠤᠷᠤᠨ ᠢ ᠥᠭᠡᠷᠡᠴᠢᠯᠡᠨ ᠰᠢᠨᠡᠳᠬᠡᠬᠦ ᠠᠵᠢᠯ ᠤᠨ ᠭᠠᠵᠠᠷ ᠰᠢᠷᠣᠢ᠂  ᠲᠦᠯᠦᠪᠵᠢᠭᠦᠯᠭᠡ᠂ ᠪᠦᠲᠦᠭᠡᠨ ᠪᠠᠶᠢᠭᠤᠯᠤᠯᠲᠠ ᠶᠢᠨ ᠬᠢᠨᠠᠨ ᠵᠥᠪᠰᠢᠶᠡᠷᠡᠯ ᠢ ᠴᠥᠮ ᠬᠤᠲᠠ ᠠᠴᠠ ᠬᠠᠮᠢᠶᠠᠷᠤᠨ ᠬᠠᠷᠢᠶᠠᠯᠠᠭᠰᠠᠭᠠᠷ ᠢᠷᠡᠭᠰᠡᠨ ᠪᠣᠯᠬᠤᠷ᠂ ᠮᠠᠨ ᠤ ᠲᠣᠪᠴᠢᠶ᠎ᠠ ᠭᠤᠣᠯᠳᠠᠭᠤ ᠰᠠᠯᠠᠭ᠎ᠠ ᠮᠥᠴᠢᠷ ᠢᠶᠠᠷ ᠵᠥᠪᠰᠢᠶᠡᠷᠡᠭᠦᠯᠦᠭᠰᠡᠨ ᠳᠡᠭᠡᠳᠦ ᠱᠠᠲᠤᠨ ᠤ ᠣᠷᠣᠨ ᠰᠠᠭᠤᠴᠠ ᠶᠢᠨ ᠪᠠᠲᠤᠯᠠᠭ᠎ᠠ ᠶᠢᠨ ᠬᠥᠭᠵᠢᠯᠲᠡ ᠶᠢᠨ  ᠲᠦᠯᠦᠪᠵᠢᠭᠦᠯᠭᠡ ᠪᠣᠯᠤᠨ  ᠵᠢᠯ ᠤᠨ ᠠᠵᠢᠯ ᠤᠨ ᠲᠥᠯᠥᠪᠯᠡᠭᠡ ᠶᠢ ᠬᠠᠷᠢᠭᠤᠴᠠᠨ ᠬᠡᠷᠡᠭᠵᠢᠭᠦᠯᠵᠦ᠂ ᠮᠠᠨ ᠤ ᠲᠤᠭᠤᠷᠢᠭ ᠤᠨ ᠪᠣᠳᠠᠲᠤ ᠪᠠᠶᠢᠳᠠᠯ ᠢ ᠦᠨᠳᠦᠰᠦᠯᠡᠨ ᠳᠡᠭᠡᠳᠦ ᠱᠠᠲᠤᠨ ᠤ ᠱᠠᠭᠠᠷᠳᠠᠯᠭ᠎ᠠ ᠶᠣᠰᠣᠭᠠᠷ ᠳᠥᠭᠦᠮ ᠪᠦᠳᠦᠭᠦᠯᠢᠭ ᠣᠷᠣᠨ ᠰᠠᠭᠤᠴᠠᠳᠤ ᠤᠷᠤᠨ ᠢ ᠥᠭᠡᠷᠡᠴᠢᠯᠡᠨ ᠪᠠᠶᠢᠭᠤᠯᠬᠤ ᠬᠠᠮᠢᠶ᠎ᠠ ᠪᠦᠬᠦᠢ ᠲᠤᠭ᠎ᠠ ᠪᠠᠷᠢᠮᠲᠠ ᠶᠢ ᠵᠣᠬᠢᠶᠠᠨ ᠪᠠᠶᠢᠭᠤᠯᠤᠨ ᠴᠤᠭᠯᠠᠭᠤᠯᠵᠤ ᠮᠡᠳᠡᠭᠦᠯᠦᠨ ᠬᠦᠷᠭᠡᠬᠦ ᠶᠢ ᠵᠣᠬᠢᠶᠠᠨ ᠪᠠᠶᠢᠭᠤᠯᠤᠨ᠎ᠠ᠃ ᠳᠥᠭᠦᠮ ᠪᠦᠳᠦᠴᠡᠳᠦ ᠣᠷᠣᠨ ᠰᠠᠭᠤᠴᠠ ᠶᠢ ᠥᠭᠡᠷᠡᠴᠢᠯᠡᠬᠦ ᠵᠢᠴᠢ ᠲᠡᠭᠦᠨ ᠤ ᠢᠵᠢ ᠪᠦᠷᠢᠳᠦᠭᠦᠯᠬᠦ ᠰᠠᠭᠤᠷᠢ ᠪᠡᠯᠡᠳᠬᠡᠮᠵᠢ ᠶᠢᠨ ᠪᠦᠲᠦᠭᠡᠨ ᠪᠠᠶᠢᠭᠤᠯᠤᠯᠲᠠ ᠶᠢᠨ ᠪᠠᠶᠢᠳᠠᠯ ᠢ ᠳᠠᠭᠠᠵᠤ᠂ ᠢᠨᠵᠧᠨᠧᠷᠢᠩ ᠤᠨ ᠮᠠᠲ᠋ᠧᠷᠢᠶᠠᠯ ᠵᠡᠷᠭᠡ ᠲᠠᠯ᠎ᠠ ᠠᠴᠠ ᠳᠥᠭᠦᠮ ᠪᠦᠳᠦᠴᠡᠳᠦ ᠣᠷᠣᠨ ᠰᠠᠭᠤᠴᠠ ᠶᠢ ᠥᠭᠡᠷᠡᠴᠢᠯᠡᠬᠦ ᠶᠢ ᠬᠢᠵᠠᠭᠠᠷᠯᠠᠵᠤ ᠪᠤᠴᠠᠭᠠᠨ ᠨᠡᠭᠦᠯᠭᠡᠬᠦ ᠡᠯ᠎ᠡ ᠪᠦᠲᠦᠭᠡᠨ ᠪᠠᠶᠢᠭᠤᠯᠤᠯᠲᠠ ᠶᠢᠨ ᠭᠤᠭᠴᠤᠭ᠎ᠠ ᠶᠢ ᠡᠵᠡᠮᠳᠡᠵᠦ᠂ ᠲᠥᠷᠥᠯ ᠵᠦᠢᠯ ᠤᠨ ᠠᠬᠢᠴᠠ ᠶᠢ ᠦᠨᠳᠦᠰᠦᠯᠡᠨ ᠳᠥᠭᠦᠮ ᠪᠦᠳᠦᠴᠡᠳᠦ ᠣᠷᠣᠨ ᠰᠠᠭᠤᠴᠠ ᠶᠢ ᠥᠭᠡᠷᠡᠴᠢᠯᠡᠬᠦ ᠢᠵᠢ ᠪᠦᠷᠢᠳᠦᠭᠦᠯᠬᠦ ᠰᠠᠭᠤᠷᠢ ᠪᠡᠯᠡᠳᠬᠡᠮᠵᠢ ᠶᠢᠨ ᠲᠥᠪ ᠤᠨ ᠲᠥᠰᠦᠪ ᠤᠨ ᠳᠣᠲᠣᠷᠠᠬᠢ ᠪᠠᠯᠠ ᠣᠷᠣᠭᠤᠯᠤᠯᠲᠠ ᠶᠢ ᠭᠤᠶᠤᠴᠢᠯᠠᠬᠤ ᠪᠠ ᠳᠤᠷᠤᠭᠰᠢ ᠪᠠᠭᠤᠯᠭᠠᠬᠤ ᠵᠡᠷᠭᠡ ᠬᠠᠮᠢᠶ᠎ᠠ ᠪᠦᠬᠦᠢ ᠠᠵᠢᠯ ᠢ ᠬᠢᠨ᠎ᠡ᠃    ︵ᠨᠠᠢᠮᠠ︶ ᠬᠤᠷᠴᠢᠨ ᠲᠣᠭᠤᠷᠢᠭ ᠤᠨ ᠬᠡᠪᠴᠢᠶᠡᠨ ᠳᠣᠲᠣᠷᠠᠬᠢ ᠢᠯᠴᠢ ᠬᠠᠩᠭᠠᠬᠤ᠂ ᠤᠰᠤ ᠬᠠᠩᠭᠠᠬᠤ᠂ ᠪᠣᠬᠢᠷᠲᠤᠯ ᠭᠠᠳᠠᠭᠰᠢᠯᠠᠭᠤᠯᠬᠤ ᠬᠤᠭᠤᠯᠠᠢ ᠶᠢᠨ ᠲᠣᠣᠷ ᠢ ᠰᠡᠯᠪᠢᠨ ᠵᠠᠰᠠᠬᠤ ᠪᠠ  ᠬᠠᠮᠢᠶᠠᠷᠬᠤ ᠡᠷᠬᠡ ᠶᠢ ᠬᠤᠷᠴᠢᠨ ᠲᠣᠭᠤᠷᠢᠭ ᠲᠤ ᠪᠠᠭᠤᠯᠭᠠᠭᠠᠳᠤᠢ᠂ ᠡᠳᠦᠭᠡ ᠪᠣᠯᠲᠠᠯ᠎ᠠ ᠴᠥᠮ ᠬᠤᠲᠠ ᠶᠢᠨ ᠱᠠᠲᠤᠨ ᠤ ᠬᠠᠮᠢᠶ᠎ᠠ ᠪᠦᠬᠦᠢ ᠨᠢᠭᠡᠴᠡ ᠠᠴᠠ ᠬᠠᠷᠢᠭᠤᠴᠠᠨ᠎ᠠ᠃ ᠮᠠᠨ ᠤ ᠲᠣᠪᠴᠢᠶ᠎ᠠ ᠬᠤᠲᠠ᠂ ᠲᠣᠭᠤᠷᠢᠭ ᠬᠤᠶᠠᠷ ᠱᠠᠲᠤᠨ ᠤ ᠵᠠᠰᠠᠭ ᠤᠨ ᠣᠷᠳᠣᠨ ᠤ ᠬᠠᠭᠤᠴᠢᠨ ᠵᠢᠵᠢᠭ ᠲᠣᠭᠤᠷᠢᠭ ᠤᠨ ᠡᠨᠧᠷᠭᠢ ᠠᠷᠪᠢᠯᠠᠬᠤ ᠥᠭᠡᠷᠡᠴᠢᠯᠡᠯᠲᠡ᠂  ᠲᠤᠤᠷ ᠰᠦᠯᠵᠢᠶ᠎ᠡ ᠶᠢ ᠬᠠᠮᠢᠶᠠᠷᠬᠤ ᠥᠭᠡᠷᠡᠴᠢᠯᠡᠯᠲᠡ ᠶᠢᠨ ᠡᠭᠦᠷᠭᠡ ᠶᠢ ᠡᠭᠦᠷᠭᠡᠯᠡᠨ᠎ᠡ᠃    ︵ᠶᠢᠰᠦ︶ ︽ᠭᠤᠣᠯ ᠬᠤᠲᠠ ᠲᠣᠭᠤᠷᠢᠭ ᠤᠨ ᠬᠤᠲᠠ ᠶᠢᠨ ᠪᠦᠲᠦᠭᠡᠨ ᠪᠠᠶᠢᠭᠤᠯᠤᠯᠲᠠ ᠶᠢᠨ ᠬᠠᠮᠢᠶᠠᠷᠤᠯᠲᠠ ᠶᠢᠨ ᠡᠭᠦᠷᠭᠡ  ᠴᠢᠳᠠᠪᠬᠢ ᠶᠢ ᠲᠣᠬᠢᠷᠠᠭᠤᠯᠬᠤ ᠵᠢᠴᠢ ᠬᠠᠮᠢᠶ᠎ᠠ ᠪᠦᠬᠦᠢ ᠪᠠᠶᠢᠭᠤᠯᠤᠮᠵᠢ ᠪᠠᠶᠢᠷᠢᠯᠠᠭᠤᠯᠬᠤ ᠠᠰᠠᠭᠤᠳᠠᠯ ᠤᠨ ᠲᠤᠬᠠᠢ ᠮᠡᠳᠡᠭᠳᠡᠯ︾ ︵ ᠲᠦᠩᠯᠢᠶᠤᠤ ᠪᠠᠶᠢᠭᠤᠯᠤᠮᠵᠢ ᠶᠢᠨ ᠦᠰᠦᠭ  ﹇2014﹈ 1 ᠲᠤᠭᠠᠷ ᠲᠣᠭᠠᠲᠤ︶ ᠤᠨ ᠪᠢᠴᠢᠭ ᠮᠠᠲ᠋ᠧᠷᠢᠶᠠᠯ ᠤᠨ ᠵᠣᠷᠢᠭ ᠰᠠᠨᠠᠭ᠎ᠠ ᠶᠢ ᠦᠨᠳᠦᠰᠦᠯᠡᠨ᠂ ᠲᠦᠩᠯᠢᠶᠣᠤ ᠬᠤᠲᠠ ᠶᠢᠨ ᠬᠤᠷᠴᠢᠨ ᠲᠣᠭᠤᠷᠢᠭ ᠤᠨ ᠪᠦᠲᠦᠭᠡᠨ ᠪᠠᠶᠢᠭᠤᠯᠤᠯᠲᠠ ᠶᠢᠨ ᠪᠠᠷᠢᠯᠭ᠎ᠠ ᠶᠢᠨ ᠶᠠᠰᠤ ᠴᠢᠨᠠᠷ ᠤᠨ ᠠᠶᠤᠯ ᠦᠭᠡᠢ ᠳᠤ ᠬᠢᠨᠠᠯᠲᠠ ᠲᠠᠯᠪᠢᠬᠤ ᠦᠨ᠎ᠡ ᠶᠢᠨ ᠬᠠᠮᠢᠶᠠᠷᠤᠯᠲᠠ ᠶᠢᠨ ᠥᠷᠲᠡᠭᠡ ᠪᠠᠶᠢᠭᠤᠯᠵᠤ᠂  ᠲᠣᠭᠤᠷᠢᠭ ᠤᠨ ᠬᠠᠷᠢᠶᠠᠨ ᠳᠠᠬᠢ ᠣᠷᠣᠨ ᠰᠠᠭᠤᠴᠠ ᠪᠠ ᠪᠦᠲᠦᠭᠡᠨ ᠪᠠᠶᠢᠭᠤᠯᠤᠯᠲᠠ ᠶᠢᠨ ᠲᠣᠪᠴᠢᠶ᠎ᠠ ᠲᠤ ᠬᠠᠷᠢᠶᠠᠯᠠᠭᠤᠯᠤᠨ᠂ ᠬᠠᠷᠢᠶ᠎ᠠ ᠬᠡᠪᠴᠢᠶᠡᠨ ᠳᠠᠬᠢ ᠪᠠᠷᠢᠯᠭ᠎ᠠ ᠶᠢᠨ ᠶᠠᠰᠤ ᠴᠢᠨᠠᠷ ᠤᠨ ᠠᠶᠤᠯ ᠦᠭᠡᠢ ᠵᠡᠷᠭᠡ ᠠᠵᠢᠯ ᠳᠤ ᠪᠦᠬᠦ ᠬᠠᠷᠢᠭᠤᠴᠠᠯᠭ᠎ᠠ ᠶᠢ ᠡᠭᠦᠷᠭᠡᠯᠡᠬᠦ ᠬᠡᠷᠡᠭᠲᠡᠢ᠃  ᠲᠦᠩᠯᠢᠶᠣᠤ ᠬᠤᠲᠠ ᠶᠢᠨ ᠭᠡᠷ ᠬᠥᠷᠥᠩᠭᠡ ᠶᠢᠨ ᠬᠠᠮᠢᠶᠠᠷᠤᠯᠲᠠ ᠶᠢᠨ ᠲᠣᠪᠴᠢᠶ᠎ᠠ ᠶᠢᠨ ᠬᠤᠷᠴᠢᠨ ᠲᠣᠭᠤᠷᠢᠭ ᠤᠨ ᠬᠤᠪᠢᠶᠠᠷᠢ ᠲᠣᠪᠴᠢᠶ᠎ᠠ ᠶᠢ ᠪᠠᠶᠢᠭᠤᠯᠵᠤ᠂ ᠬᠠᠷᠢᠶᠠᠲᠤ ᠣᠷᠣᠨ ᠤ ᠰᠢᠨ᠎ᠡ ᠪᠠᠷ ᠪᠠᠶᠢᠭᠤᠯᠤᠭᠰᠠᠨ ᠭᠡᠷ ᠪᠠᠶᠢᠰᠢᠩ ᠤᠨ ᠡᠳ᠋ ᠬᠥᠷᠥᠩᠭᠡ ᠶᠢᠨ ᠡᠷᠬᠡ ᠶᠢᠨ ᠦᠨᠡᠮᠯᠡᠯ ᠤᠨ ᠠᠩᠬᠠᠨ ᠤ ᠬᠢᠨᠠᠯᠲᠠ ᠶᠢ ᠬᠠᠤᠯᠢ ᠶᠣᠰᠣᠭᠠᠷ ᠬᠠᠷᠢᠭᠤᠴᠠᠬᠤ ᠶᠢᠨ ᠬᠠᠮᠲᠤ ᠠᠳᠠᠯ ᠠᠬᠤᠢ ᠶᠢᠨ ᠬᠠᠮᠢᠶᠠᠷᠤᠯᠲᠠ ᠪᠠ ᠭᠡᠷ ᠪᠠᠶᠢᠰᠢᠩ ᠤᠨ ᠶᠡᠭᠡ ᠬᠡᠮᠵᠢᠶᠡᠨ ᠤ ᠰᠠᠭᠤᠷᠢ ᠮᠥᠩᠭᠦ ᠬᠤᠷᠢᠶᠠᠬᠤ᠂ ᠬᠠᠮᠢᠶᠠᠷᠬᠤ ᠪᠠ ᠬᠡᠷᠡᠭᠯᠡᠬᠦ ᠶᠢ ᠬᠠᠷᠢᠭᠤᠴᠠᠨ᠎ᠠ  ᠃  ᠬᠠᠷᠢᠶᠠᠲᠤ ᠣᠷᠣᠨ ᠤ ᠠᠳᠠᠯ ᠠᠬᠤᠢ ᠶᠢᠨ ᠠᠵᠤ ᠠᠬᠤᠶᠢᠯᠠᠯ ᠤᠨ ᠬᠢᠷᠢ ᠴᠢᠳᠠᠮᠵᠢ ᠶᠢ ᠠᠩᠬ᠎ᠠ  ᠬᠢᠨᠠᠵᠤ ᠳᠡᠭᠡᠭᠰᠢ ᠮᠡᠳᠡᠭᠦᠯᠬᠦ᠂ ᠣᠷᠣᠨ ᠰᠠᠭᠤᠴᠠ ᠶᠢᠨ ᠵᠢᠵᠢᠭ ᠲᠣᠭᠤᠷᠢᠭ ᠤᠨ ᠪᠠᠷᠢᠯᠭ᠎ᠠ ᠳᠠᠭᠤᠰᠤᠭᠰᠠᠨ ᠢ ᠰᠢᠯᠭᠠᠨ ᠬᠤᠷᠢᠶᠠᠬᠤ ᠳᠤ ᠣᠷᠣᠯᠴᠠᠬᠤ ᠶᠢ ᠬᠠᠷᠢᠭᠤᠴᠠᠨ᠎ᠠ᠃    ᠬᠤᠶᠠᠷ᠂ ᠳᠣᠲᠣᠭᠠᠳᠤ ᠪᠠᠶᠢᠭᠤᠯᠤᠮᠵᠢ    ᠵᠠᠰᠠᠭ ᠵᠠᠬᠢᠷᠭᠠᠨ ᠤ ᠠᠯᠪᠠᠨ ᠭᠡᠷ᠂ ᠨᠠᠮ ᠣᠯᠠᠨ ᠲᠦᠮᠡᠨ ᠤ ᠠᠯᠪᠠᠨ ᠭᠡᠷ᠂ ᠠᠵᠢᠯᠴᠢᠨ ᠤ ᠡᠪᠯᠡᠯ᠂ ᠡᠳ᠋ ᠤᠨ ᠶᠠᠪᠤᠳᠠᠯ ᠤᠨ ᠰᠠᠯᠠᠭ᠎ᠠ᠂ ᠠᠵᠢᠯᠲᠠᠨ ᠤ ᠶᠠᠪᠤᠳᠠᠯ ᠤᠨ ᠰᠠᠯᠠᠭ᠎ᠠ᠂ ᠳᠠᠩᠰᠠ ᠡᠪᠬᠡᠮᠡᠯ ᠤᠨ ᠰᠠᠯᠠᠭ᠎ᠠ᠂ ᠵᠠᠬᠢᠳᠠᠯ ᠰᠤᠷᠪᠤᠯᠵᠢᠯᠠᠯ ᠢ ᠲᠣᠭᠲᠠᠭᠤᠨ ᠪᠠᠶᠢᠯᠭᠠᠬᠤ ᠠᠯᠪᠠᠨ ᠭᠡᠷ᠂ ᠪᠠᠶᠢᠭᠤᠯᠤᠯᠭ᠎ᠠ ᠶᠢᠨ ᠶᠠᠪᠤᠳᠠᠯ ᠤᠨ ᠦᠢᠯᠡᠴᠢᠯᠡᠭᠡᠨ ᠤ ᠲᠥᠪ᠂ ᠪᠠᠷᠢᠯᠭ᠎ᠠ ᠶᠢᠨ ᠪᠦᠲᠦᠭᠡᠨ ᠪᠠᠶᠢᠭᠤᠯᠤᠯᠲᠠ ᠶᠢᠨ ᠬᠠᠮᠢᠶᠠᠷᠤᠯᠲᠠ ᠶᠢᠨ ᠰᠠᠯᠠᠭ᠎ᠠ᠂ ᠪᠠᠷᠢᠯᠭ᠎ᠠ ᠶᠢᠨ ᠡᠨᠧᠷᠭᠢ ᠠᠷᠪᠢᠯᠠᠬᠤ ᠥᠭᠡᠷᠡᠴᠢᠯᠡᠯᠲᠡ ᠶᠢᠨ ᠰᠠᠯᠠᠭ᠎ᠠ᠂ ᠪᠠᠲᠤᠯᠠᠭ᠎ᠠ ᠶᠢᠨ ᠠᠯᠪᠠᠨ ᠭᠡᠷ᠂ ᠪᠠᠷᠢᠯᠭ᠎ᠠ ᠶᠢᠨ ᠠᠵᠢᠯ ᠤᠨ ᠰᠠᠯᠠᠭ᠎ᠠ᠂ ᠵᠠᠰᠠᠭ ᠤᠨ ᠶᠠᠪᠤᠳᠠᠯ ᠢ ᠬᠢᠨᠠᠨ ᠵᠦᠪᠰᠢᠶᠡᠷᠡᠬᠦ ᠠᠯᠪᠠᠨ ᠭᠡᠷ᠂ ᠪᠠᠷᠢᠯᠭ᠎ᠠ ᠶᠢᠨ ᠪᠦᠲᠦᠭᠡᠨ ᠪᠠᠶᠢᠭᠤᠯᠤᠯᠲᠠ ᠶᠢᠨ ᠰᠠᠯᠠᠭ᠎ᠠ ᠂ ᠲᠥᠷᠥᠯ ᠵᠦᠢᠯ ᠤᠨ ᠳᠠᠭᠠᠭᠠᠴᠢᠯᠠᠯᠲᠠ ᠵᠠᠷᠯᠠᠬᠤ ᠠᠯᠪᠠᠨ ᠭᠡᠷ᠂ ᠲᠣᠰᠬᠤᠨ ᠪᠠᠯᠭᠠᠰᠤ ᠶᠢᠨ ᠰᠠᠯᠠᠭ᠎ᠠ᠃    ᠭᠤᠷᠪᠠ᠂ ᠠᠵᠢᠯᠯᠠᠬᠤ ᠭᠠᠵᠠᠷ᠄ ᠪᠢᠨ ᠾᠧ ᠶᠡᠭᠡ ᠵᠡᠭᠡᠯᠢ ᠪᠣᠯᠤᠨ ᠶᠦᠩ ᠠᠨ ᠵᠠᠮ ᠤᠨ ᠠᠭᠤᠯᠵᠠᠷ ᠭᠠᠵᠠᠷ᠃    ᠤᠲᠠᠰᠤ᠄ 2730606
 
ᠢᠷᠡᠯᠲᠡ᠄ ᠬᠤᠷᠴᠢᠨ ᠲᠤᠭᠤᠷᠢᠭ ᠤᠨ ᠵᠠᠰᠠᠭ ᠤᠨ ᠤᠷᠳᠤᠨ
 
 
ᠬᠠᠮᠢᠶ᠎ᠡ ᠪᠦᠬᠦᠢ ᠰᠣᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备05070829号