ᠨᠢᠭᠡ᠂ ᠭᠤᠤᠯ ᠡᠭᠦᠷᠭᠡ ᠬᠠᠷᠢᠭᠤᠴᠠᠯᠭ᠎ᠠ | ︵ᠨᠢᠭᠡ︶ ᠤᠯᠤᠰ ᠤᠨ ᠢᠳᠡᠭᠡᠨ ᠤ ᠠᠮᠤᠷ ᠲᠦᠪᠰᠢᠨ᠂ ᠡᠮ ᠤᠨ ᠵᠦᠢᠯ᠂ ᠡᠮᠴᠢᠯᠡᠭᠡᠨ ᠤ ᠪᠠᠭᠠᠵᠢ ᠬᠡᠷᠡᠭᠰᠡᠯ᠂ | ᠵᠠᠰᠠᠯ ᠴᠢᠮᠡᠭ ᠤᠨ ᠡᠳ᠋ ᠲᠤ ᠬᠢᠨᠠᠯᠲᠠ ᠲᠠᠯᠪᠢᠵᠤ ᠬᠠᠮᠢᠶᠠᠷᠬᠤ ᠴᠢᠭᠯᠡᠯᠲᠡ᠂ ᠲᠥᠷᠥ ᠶᠢᠨ ᠪᠣᠳᠣᠯᠭ᠎ᠠ ᠪᠠ ᠬᠠᠤᠯᠢ | ᠴᠠᠭᠠᠵᠠ᠂ ᠬᠠᠤᠯᠢ ᠲᠣᠭᠲᠠᠭᠠᠯ᠂ ᠳᠦᠷᠢᠮ ᠲᠣᠭᠲᠠᠭᠠᠯ ᠢ ᠲᠤᠤᠱᠯᠠᠭᠤᠯᠤᠨ ᠬᠡᠷᠡᠭᠵᠢᠭᠦᠯᠦᠨ᠎ᠡ᠃ ᠢᠳᠡᠭᠡᠨ ᠪᠠ | ᠡᠮ ᠤᠨ ᠵᠦᠢᠯ ᠤᠨ ᠠᠮᠤᠷ ᠲᠦᠪᠰᠢᠨ ᠤ ᠠᠵᠤ ᠠᠬᠤᠶᠢᠯᠠᠯ ᠤᠨ ᠭᠤᠤᠯ ᠴᠣᠭᠴᠠ ᠶᠢᠨ ᠬᠠᠷᠢᠭᠤᠴᠠᠯᠭ᠎ᠠ ᠶᠢ | ᠨᠠᠶᠢᠳᠠᠪᠤᠷᠢᠵᠢᠭᠤᠯᠬᠤ᠂ ᠣᠷᠣᠨ ᠨᠤᠲᠤᠭ ᠤᠨ ᠠᠷᠠᠳ ᠤᠨ ᠵᠠᠰᠠᠭ ᠤᠨ ᠣᠷᠳᠣᠨ ᠶᠡᠷᠦᠩᠬᠡᠶ ᠬᠠᠷᠢᠭᠤᠴᠠᠯᠭ᠎ᠠ | ᠡᠭᠦᠷᠭᠡᠯᠡᠬᠦ ᠲᠣᠭᠲᠠᠴᠠ ᠪᠠᠶᠢᠭᠤᠯᠬᠤ ᠶᠢ ᠠᠬᠢᠭᠤᠯᠤᠨ᠎ᠠ ᠃ ᠢᠳᠡᠭᠡᠨ ᠪᠠ ᠡᠮ ᠤᠨ ᠵᠦᠢᠯ ᠤᠨ ᠴᠢᠬᠤᠯᠠ ᠶᠡᠭᠡ | ᠮᠡᠳᠡᠭᠡ ᠵᠠᠩᠭᠢ ᠶᠢ ᠰᠢᠭᠤᠳ ᠮᠡᠳᠡᠭᠦᠯᠬᠦ ᠳᠦᠷᠢᠮ ᠢ ᠪᠠᠶᠢᠭᠤᠯᠬᠤ ᠶᠢᠨ ᠬᠠᠮᠲᠤ ᠵᠣᠬᠢᠶᠠᠨ ᠪᠠᠶᠢᠭᠤᠯᠤᠨ ᠬᠡᠷᠡᠭᠵᠢᠭᠦᠯᠬᠦ | ᠪᠠ ᠬᠢᠨᠠᠯᠲᠠ ᠲᠠᠯᠪᠢᠨ ᠪᠠᠶᠢᠴᠠᠭᠠᠵᠤ᠂ ᠣᠷᠣᠨ ᠪᠦᠰᠡ ᠶᠢᠨ ᠴᠢᠨᠠᠷᠲᠠᠶ᠂ ᠰᠢᠰᠲ᠋ᠧᠮᠲᠦ ᠴᠢᠨᠠᠷᠲᠠᠶ ᠢᠳᠡᠭᠡᠨ ᠪᠠ | ᠡᠮ ᠤᠨ ᠵᠦᠢᠯ ᠤᠨ ᠠᠮᠤᠷ ᠲᠦᠪᠰᠢᠨ ᠤ ᠲᠦᠭᠰᠢᠭᠦᠷᠢ ᠶᠢ ᠬᠦᠴᠦᠯᠡᠨ ᠰᠡᠷᠭᠡᠶᠢᠯᠡᠨ᠎ᠡ᠄ ᠬᠤᠷᠴᠢᠨ ᠲᠣᠭᠤᠷᠢᠭ ᠤᠨ | ᠢᠳᠡᠭᠡᠨ ᠤ ᠠᠮᠤᠷ ᠲᠦᠪᠰᠢᠨ᠂ ᠡᠮ ᠤᠨ ᠵᠦᠢᠯ᠂ ᠡᠮᠴᠢᠯᠡᠭᠡᠨ ᠤ ᠪᠠᠭᠠᠵᠢ ᠬᠡᠷᠡᠭᠰᠡᠯ᠂ ᠵᠠᠰᠠᠯ ᠴᠢᠮᠡᠭ ᠤᠨ ᠡᠳ᠋ ᠤᠨ | ᠠᠮᠤᠷ ᠲᠦᠪᠰᠢᠨ ᠤ ᠬᠢᠨᠠᠯᠲᠠ ᠬᠠᠮᠢᠶᠠᠷᠤᠯᠲᠠ ᠶᠢᠨ ᠠᠵᠢᠯ ᠶᠢᠨ ᠲᠥᠯᠥᠪᠵᠢᠭᠦᠯᠭᠡ ᠶᠢ ᠰᠤᠳᠤᠯᠤᠨ ᠲᠣᠭᠲᠠᠭᠠᠬᠤ ᠶᠢᠨ | ᠬᠠᠮᠲᠤ ᠵᠣᠬᠢᠶᠠᠨ ᠪᠠᠶᠢᠭᠤᠯᠤᠨ ᠬᠡᠷᠡᠭᠵᠢᠭᠦᠯᠦᠨ᠎ᠡ ᠃ ᠬᠤᠷᠴᠢᠨ ᠲᠣᠭᠤᠷᠢᠭ ᠤᠨ ᠬᠤᠯᠪᠣᠭᠳᠠᠯ ᠪᠦᠬᠦᠢ ᠣᠷᠣᠨ | ᠨᠤᠲᠤᠭ ᠤᠨ ᠴᠢᠨᠠᠷᠲᠠᠶ ᠬᠠᠮᠢᠶᠠᠷᠤᠯᠲᠠ ᠶᠢᠨ ᠠᠷᠭ᠎ᠠ ᠶᠢ ᠲᠤᠭᠤᠷᠪᠢᠬᠤ ᠳᠤ ᠣᠷᠣᠯᠴᠠᠨ᠎ᠠ᠃ | ︵ᠬᠤᠶᠠᠷ︶ ᠬᠤᠷᠴᠢᠨ ᠲᠣᠭᠤᠷᠢᠭ ᠤᠨ ᠢᠳᠡᠭᠡᠨ ᠤ ᠵᠠᠰᠠᠭ ᠵᠠᠬᠢᠷᠭᠠᠨ ᠤ ᠵᠥᠪᠰᠢᠶᠡᠷᠡᠯ ᠤᠨ ᠬᠡᠷᠡᠭᠵᠢᠭᠦᠯᠬᠦ | ᠠᠷᠭ᠎ᠠ ᠶᠢ ᠲᠣᠭᠲᠠᠭᠠᠬᠤ ᠶᠢᠨ ᠬᠠᠮᠲᠤ ᠬᠢᠨᠠᠯᠲᠠ ᠲᠠᠯᠪᠢᠨ ᠬᠡᠷᠡᠭᠵᠢᠭᠦᠯᠬᠦ ᠶᠢ ᠬᠠᠷᠢᠭᠤᠴᠠᠨ᠎ᠠ᠃ ᠦᠢᠯᠡᠳᠪᠦᠷᠢᠯᠡᠯ ᠤᠨ | ᠵᠠᠩᠭᠢᠯᠠᠭ᠎ᠠ ᠳᠠᠬᠢ ᠢᠳᠡᠭᠡᠨ ᠤ ᠠᠮᠤᠷ ᠲᠦᠪᠰᠢᠨ᠂ ᠭᠦᠶᠦᠯᠭᠡᠭᠡᠨ ᠤ ᠵᠠᠩᠭᠢᠯᠠᠭ᠎ᠠ ᠳᠠᠬᠢ ᠢᠳᠡᠭᠡᠨ ᠤ ᠠᠮᠤᠷ ᠲᠦᠪᠰᠢᠨ | ᠂ ᠢᠳᠡᠭᠡᠨ ᠤᠮᠳᠠᠭᠠᠨ ᠤ ᠦᠢᠯᠡᠴᠢᠯᠡᠭᠡᠨ ᠤ ᠵᠠᠩᠭᠢᠯᠠᠭ᠎ᠠ ᠳᠠᠬᠢ ᠢᠳᠡᠭᠡᠨ ᠤ ᠠᠮᠤᠷ ᠲᠦᠪᠰᠢᠨ ᠪᠠ ᠡᠷᠡᠭᠦᠯᠵᠢᠯ ᠤᠨ | ᠢᠳᠡᠭᠡᠨ ᠤ ᠠᠮᠤᠷ ᠲᠦᠪᠰᠢᠨ᠂ ᠠᠷᠢᠬᠢᠨ ᠤ ᠵᠦᠢᠯ ᠤᠨ ᠢᠳᠡᠭᠡᠨ ᠤ ᠠᠮᠤᠷ ᠲᠦᠪᠰᠢᠨ ᠤ ᠬᠢᠨᠠᠯᠲᠠ | ᠬᠠᠮᠢᠶᠠᠷᠤᠯᠲᠠ ᠶᠢᠨ ᠠᠵᠢᠯ ᠢ ᠬᠠᠷᠢᠭᠤᠴᠠᠨ᠎ᠠ᠃ ᠢᠳᠡᠭᠡᠨ ᠤ ᠠᠮᠤᠷ ᠲᠦᠪᠰᠢᠨ ᠤ ᠳᠠᠯᠳᠠ ᠭᠡᠮ ᠢ ᠵᠢᠭᠰᠠᠭᠠᠨ | ᠪᠠᠶᠢᠴᠠᠭᠠᠵᠤ ᠵᠠᠰᠠᠬᠤ ᠲᠣᠭᠲᠠᠴᠠ ᠶᠢ ᠪᠠᠶᠢᠭᠤᠯᠵᠤ᠂ ᠪᠥᠬᠦ ᠲᠤᠭᠤᠷᠢᠭ ᠤᠨ ᠢᠳᠡᠭᠡᠨ ᠤ ᠠᠮᠤᠷ ᠲᠦᠪᠰᠢᠨ ᠤ | ᠪᠠᠶᠢᠴᠠᠭᠠᠯᠲᠠ ᠶᠢᠨ ᠤᠨ ᠲᠥᠯᠥᠪᠯᠡᠭᠡ᠂ ᠴᠢᠬᠤᠯᠠ ᠶᠡᠭᠡ ᠴᠡᠭᠴᠡᠯᠡᠨ ᠵᠠᠰᠠᠬᠤ ᠲᠥᠰᠦᠯ ᠢ ᠲᠣᠭᠲᠠᠭᠠᠬᠤ ᠶᠢᠨ ᠬᠠᠮᠲᠤ | ᠵᠣᠬᠢᠶᠠᠨ ᠪᠠᠶᠢᠭᠤᠯᠤᠨ ᠨᠠᠶᠢᠳᠠᠪᠤᠷᠢᠵᠢᠭᠤᠯᠤᠨ᠎ᠠ ᠃ ᠢᠳᠡᠭᠡᠨ ᠤ ᠠᠮᠤᠷ ᠲᠦᠪᠰᠢᠨ ᠤ ᠮᠡᠳᠡᠭᠡ ᠵᠠᠩᠭᠢ ᠶᠢ | ᠨᠢᠭᠡᠳᠦᠯᠲᠡᠶ ᠨᠡᠶᠢᠲᠡᠯᠡᠬᠦ ᠳᠦᠷᠢᠮ ᠢ ᠪᠠᠶᠢᠭᠤᠯᠬᠤ᠂ ᠴᠢᠬᠤᠯᠠ ᠶᠡᠭᠡ ᠢᠳᠡᠭᠡᠨ ᠤ ᠠᠮᠤᠷ ᠲᠦᠪᠰᠢᠨ ᠤ ᠮᠡᠳᠡᠭᠡ | ᠵᠠᠩᠭᠢ ᠶᠢ ᠨᠡᠶᠢᠲᠡᠯᠡᠬᠦ ᠶᠢ ᠬᠠᠷᠢᠭᠤᠴᠠᠨ᠎ᠠ ᠃ ᠢᠳᠡᠭᠡᠨ ᠤ ᠠᠶᠤᠯ ᠦᠭᠡᠢ ᠶᠢᠨ ᠲᠦᠭᠰᠢᠭᠦᠷᠢ ᠶᠢ ᠬᠢᠨᠠᠨ ᠬᠡᠮᠵᠢᠬᠦ | ᠲᠥᠯᠥᠪᠯᠡᠭᠡ᠂ ᠢᠳᠡᠭᠡᠨ ᠤ ᠠᠶᠤᠯ ᠦᠭᠡᠢ ᠶᠢᠨ ᠪᠠᠷᠢᠮᠵᠢᠶ᠎ᠠ ᠶᠢ ᠲᠣᠭᠲᠠᠭᠠᠬᠤ ᠳᠤ ᠣᠷᠣᠯᠴᠠᠵᠤ᠂ ᠢᠳᠡᠭᠡᠨ ᠤ ᠠᠶᠤᠯ | ᠦᠭᠡᠢ ᠶᠢᠨ ᠲᠦᠭᠰᠢᠭᠦᠷᠢ ᠶᠢ ᠬᠢᠨᠠᠨ ᠬᠡᠮᠵᠢᠬᠦ ᠲᠥᠯᠥᠪᠯᠡᠭᠡ ᠶᠢ ᠦᠨᠳᠦᠰᠦᠯᠡᠨ ᠢᠳᠡᠭᠡᠨ ᠤ ᠠᠶᠤᠯ ᠦᠭᠡᠢ ᠶᠢᠨ | ᠲᠦᠭᠰᠢᠭᠦᠷᠢ ᠶᠢ ᠬᠢᠨᠠᠨ ᠬᠡᠮᠵᠢᠬᠦ ᠠᠵᠢᠯ ᠢ ᠥᠷᠨᠢᠭᠦᠯᠬᠦ ᠬᠡᠷᠡᠭᠲᠡᠶ᠃ | ︵ᠭᠤᠷᠪᠠ︶ ᠤᠯᠤᠰ ᠤᠨ ᠡᠮ ᠤᠨ ᠲᠣᠯᠢ ᠵᠡᠷᠭᠡ ᠡᠮ ᠤᠨ ᠵᠦᠢᠯ ᠪᠠ ᠡᠮᠴᠢᠯᠡᠭᠡᠨ ᠤ ᠪᠠᠭᠠᠵᠢ ᠬᠡᠷᠡᠭᠰᠡᠯ ᠤᠨ | ᠪᠠᠷᠢᠮᠵᠢᠶ᠎ᠠ᠂ ᠲᠥᠷᠥᠯ ᠬᠤᠪᠢᠶᠠᠨ ᠬᠠᠮᠢᠶᠠᠷᠬᠤ ᠳᠦᠷᠢᠮ ᠢ ᠲᠤᠤᠱᠯᠠᠭᠤᠯᠤᠨ ᠨᠠᠶᠢᠳᠠᠪᠤᠷᠢᠵᠢᠭᠤᠯᠬᠤ ᠶᠢᠨ ᠬᠠᠮᠲᠤ | ᠬᠢᠨᠠᠯᠲᠠ ᠲᠠᠯᠪᠢᠨ ᠬᠡᠷᠡᠭᠵᠢᠭᠦᠯᠬᠦ ᠶᠢ ᠬᠠᠷᠢᠭᠤᠴᠠᠨ᠎ᠠ᠃ ᠡᠮ ᠤᠨ ᠵᠦᠢᠯ ᠪᠠ ᠡᠮᠴᠢᠯᠡᠭᠡᠨ ᠤ ᠮᠠᠰᠢᠨ ᠪᠠᠭᠠᠵᠢ | ᠰᠤᠳᠤᠯᠤᠨ ᠦᠢᠯᠡᠳᠬᠦ᠂ ᠦᠢᠯᠡᠳᠪᠦᠷᠢᠯᠡᠬᠦ᠂ ᠡᠵᠡᠩᠨᠡᠬᠦ᠂ ᠬᠡᠷᠡᠭᠯᠡᠬᠦ ᠶᠠᠰᠤ ᠴᠢᠨᠠᠷ ᠤᠨ ᠬᠠᠮᠢᠶᠠᠷᠤᠯᠲᠠ ᠶᠢᠨ | ᠵᠢᠷᠤᠮᠵᠢᠯ ᠢ ᠲᠤᠤᠱᠯᠠᠭᠤᠯᠤᠨ ᠨᠠᠶᠢᠳᠠᠪᠤᠷᠢᠵᠢᠭᠤᠯᠬᠤ ᠶᠢᠨ ᠬᠠᠮᠲᠤ ᠬᠢᠨᠠᠯᠲᠠ ᠲᠠᠯᠪᠢᠨ ᠬᠡᠷᠡᠭᠵᠢᠭᠦᠯᠬᠦ ᠶᠢ | ᠬᠠᠷᠢᠭᠤᠴᠠᠨ᠎ᠠ᠃ ᠡᠮ ᠤᠨ ᠵᠦᠢᠯ᠂ ᠡᠮᠴᠢᠯᠡᠭᠡ ᠶᠢᠨ ᠪᠠᠭᠠᠵᠢ ᠬᠡᠷᠡᠭᠰᠡᠯ ᠢ ᠳᠠᠩᠰᠠᠯᠠᠨ ᠠᠩᠬ᠎ᠠ ᠬᠢᠨᠠᠬᠤ ᠠᠵᠢᠯ ᠢ | ᠬᠠᠷᠢᠭᠤᠴᠠᠨ᠎ᠠ᠃ ᠡᠮ ᠤᠨ ᠵᠦᠢᠯ ᠤᠨ ᠮᠠᠭᠤ ᠲᠤᠰᠬᠠᠯ᠂ ᠡᠮᠴᠢᠯᠡᠭᠡᠨ ᠤ ᠪᠠᠭᠠᠵᠢ ᠬᠡᠷᠡᠭᠰᠡᠯ ᠤᠨ ᠮᠠᠭᠤ ᠬᠡᠷᠡᠭ ᠢ | ᠬᠢᠨᠠᠨ ᠬᠡᠮᠵᠢᠬᠦ ᠰᠢᠰᠲ᠋ᠧᠮᠵᠢ ᠶᠢ ᠪᠠᠶᠢᠭᠤᠯᠬᠤ ᠶᠢᠨ ᠬᠠᠮᠲᠤ ᠬᠢᠨᠠᠨ ᠬᠡᠮᠵᠢᠬᠦ ᠪᠠ ᠰᠢᠢᠳᠪᠦᠷᠢᠯᠡᠬᠦ ᠠᠵᠢᠯ ᠢ | ᠥᠷᠨᠢᠭᠦᠯᠦᠨ᠎ᠡ ᠃ ᠠᠵᠢᠯ ᠡᠷᠬᠢᠯᠡᠬᠦ ᠡᠮ ᠨᠠᠶᠢᠷᠠᠭᠴᠢ ᠶᠢᠨ ᠬᠢᠷᠢ ᠬᠡᠮ ᠢ ᠵᠥᠪᠰᠢᠶᠡᠷᠡᠬᠦ ᠳᠦᠷᠢᠮ ᠢ ᠲᠤᠤᠱᠯᠠᠭᠤᠯᠤᠨ | ᠨᠠᠢᠳᠠᠪᠤᠷᠢᠵᠢᠭᠤᠯᠬᠤ᠂ ᠠᠵᠢᠯ ᠡᠷᠬᠢᠯᠡᠬᠦ ᠡᠮ ᠨᠠᠶᠢᠷᠠᠭᠴᠢ ᠶᠢᠨ ᠳᠠᠩᠰᠠᠯᠠᠬᠤ ᠠᠵᠢᠯ ᠢ ᠵᠢᠯᠣᠭᠤᠳᠤᠨ ᠬᠢᠨᠠᠯᠲᠠ | ᠲᠠᠯᠪᠢᠨ᠎ᠠ᠄ ᠤᠯᠤᠰ ᠤᠨ ᠦᠨᠳᠦᠰᠦᠨ ᠡᠮ ᠤᠨ ᠵᠦᠢᠯ ᠤᠨ ᠳᠦᠷᠢᠮ ᠢ ᠬᠠᠮᠵᠢᠯᠴᠠᠨ ᠬᠡᠷᠡᠭᠵᠢᠭᠦᠯᠦᠨ᠎ᠡ᠃ ᠵᠠᠰᠠᠯ | ᠴᠢᠮᠡᠭ ᠤᠨ ᠡᠳ᠋ ᠤᠨ ᠬᠢᠨᠠᠯᠲᠠ ᠬᠠᠮᠢᠶᠠᠷᠤᠯᠲᠠ ᠶᠢᠨ ᠠᠷᠭ᠎ᠠ ᠶᠢ ᠲᠤᠤᠱᠯᠠᠭᠤᠯᠤᠨ ᠨᠠᠶᠢᠳᠠᠪᠤᠷᠢᠵᠢᠭᠤᠯᠬᠤ ᠶᠢᠨ ᠬᠠᠮᠲᠤ | ᠬᠢᠨᠠᠯᠲᠠ ᠲᠠᠯᠪᠢᠨ ᠬᠡᠷᠡᠭᠵᠢᠭᠦᠯᠦᠨ᠎ᠡ᠃ | ︵ᠳᠦᠷᠪᠡ︶ ᠬᠠᠷᠢᠶ᠎ᠠ ᠣᠷᠣᠨ ᠤ ᠢᠳᠡᠭᠡᠨ᠂ ᠡᠮ ᠤᠨ ᠵᠦᠢᠯ᠂ ᠡᠮᠴᠢᠯᠡᠭᠡᠨ ᠤ ᠪᠠᠭᠠᠵᠢ ᠬᠡᠷᠡᠭᠰᠡᠯ᠂ ᠵᠠᠰᠠᠯ | ᠴᠢᠮᠡᠭ ᠤᠨ ᠡᠳ᠋ ᠤᠨ ᠬᠢᠨᠠᠯᠲᠠ ᠬᠠᠮᠢᠶᠠᠷᠤᠯᠲᠠ ᠶᠢᠨ ᠮᠥᠷᠳᠡᠨ ᠪᠠᠶᠢᠴᠠᠭᠠᠬᠤ ᠳᠦᠷᠢᠮ ᠢ ᠪᠠᠶᠢᠭᠤᠯᠬᠤ ᠶᠢᠨ ᠬᠠᠮᠲᠤ | ᠵᠣᠬᠢᠶᠠᠨ ᠪᠠᠶᠢᠭᠤᠯᠤᠨ ᠬᠡᠷᠡᠭᠵᠢᠭᠦᠯᠵᠦ᠂ ᠬᠠᠤᠯᠢ ᠠᠴᠠ ᠵᠥᠷᠢᠴᠡᠭᠰᠡᠨ ᠬᠦᠨᠳᠦ ᠶᠡᠭᠡ ᠦᠢᠯᠡ ᠠᠵᠢᠯᠯᠠᠭ᠎ᠠ ᠶᠢ | ᠵᠣᠬᠢᠶᠠᠨ ᠪᠠᠶᠢᠭᠤᠯᠤᠨ ᠪᠠᠶᠢᠴᠠᠭᠠᠨ ᠰᠢᠢᠳᠪᠦᠷᠢᠯᠡᠨ᠎ᠡ᠄ ᠠᠰᠠᠭᠤᠳᠠᠯ ᠲᠠᠢ ᠦᠢᠯᠡᠳᠭᠦᠨ ᠪᠠ ᠰᠢᠢᠳᠪᠦᠷᠢᠯᠡᠬᠦ ᠳᠦᠷᠢᠮ | ᠪᠠᠶᠢᠭᠤᠯᠬᠤ ᠶᠢᠨ ᠬᠠᠮᠲᠤ ᠬᠢᠨᠠᠯᠲᠠ ᠲᠠᠯᠪᠢᠨ ᠬᠡᠷᠡᠭᠵᠢᠭᠦᠯᠦᠨ᠎ᠡ᠃ | ︵ᠲᠠᠪᠤ︶ ᠬᠠᠷᠢᠶ᠎ᠠ ᠣᠷᠣᠨ ᠤ ᠢᠳᠡᠭᠡᠨ ᠪᠠ ᠡᠮ ᠤᠨ ᠵᠦᠢᠯ ᠤᠨ ᠠᠶᠤᠯ ᠦᠭᠡᠢ ᠶᠢᠨ ᠠᠳᠡᠯ ᠤᠨ ᠪᠠᠴᠢᠮ | ᠪᠠᠶᠢᠳᠠᠯ ᠢ ᠠᠷᠭᠠᠴᠠᠬᠤ ᠰᠢᠰᠲ᠋ᠧᠮᠵᠢ ᠶᠢᠨ ᠪᠠᠶᠢᠭᠤᠯᠤᠯᠲᠠ ᠶᠢ ᠬᠠᠷᠢᠭᠤᠴᠠᠵᠤ᠂ ᠢᠳᠡᠭᠡᠨ ᠪᠠ ᠡᠮ ᠤᠨ ᠵᠦᠢᠯ ᠤᠨ | ᠠᠶᠤᠯ ᠦᠭᠡᠢ ᠶᠢᠨ ᠠᠳᠡᠯ ᠤᠨ ᠪᠠᠴᠢᠮ ᠪᠠᠶᠢᠳᠠᠯ ᠢ ᠠᠷᠭᠠᠴᠠᠨ ᠰᠢᠢᠳᠪᠦᠷᠢᠯᠡᠬᠦ ᠪᠠ ᠪᠠᠶᠢᠴᠠᠭᠠᠨ ᠰᠢᠢᠳᠪᠦᠷᠢᠯᠡᠬᠦ | ᠠᠵᠢᠯ ᠢ ᠵᠣᠬᠢᠶᠠᠨ ᠪᠠᠶᠢᠭᠤᠯᠤᠨ ᠵᠢᠯᠣᠭᠤᠳᠴᠤ᠂ ᠠᠳᠡᠯ ᠢ ᠪᠠᠶᠢᠴᠠᠭᠠᠨ ᠰᠢᠢᠳᠪᠦᠷᠢᠯᠡᠵᠦ ᠨᠠᠶᠢᠳᠠᠪᠤᠷᠢᠵᠢᠭᠤᠯᠤᠭᠰᠠᠨ | ᠪᠠᠶᠢᠳᠠᠯ ᠳᠤ ᠬᠢᠨᠠᠯᠲᠠ ᠲᠠᠯᠪᠢᠨ᠎ᠠ᠃ | ︵ᠵᠢᠷᠭᠤᠭ᠎ᠠ︶ ᠪᠥᠬᠦ ᠲᠤᠭᠤᠷᠢᠭ ᠤᠨ ᠢᠳᠡᠭᠡᠨ ᠪᠠ ᠡᠮ ᠤᠨ ᠵᠦᠢᠯ ᠤᠨ ᠠᠮᠤᠷ ᠲᠦᠪᠰᠢᠨ ᠤ ᠰᠢᠨᠵᠢᠯᠡᠬᠦ | ᠤᠬᠠᠭᠠᠨ ᠮᠡᠷᠭᠡᠵᠢᠯ ᠤᠨ ᠬᠥᠭᠵᠢᠯᠲᠡ ᠶᠢᠨ ᠲᠥᠯᠥᠪᠵᠢᠭᠦᠯᠭᠡ ᠶᠢ ᠲᠣᠭᠲᠠᠭᠠᠬᠤ ᠶᠢᠨ ᠬᠠᠮᠲᠤ ᠵᠣᠬᠢᠶᠠᠨ ᠪᠠᠶᠢᠭᠤᠯᠤᠨ | ᠬᠡᠷᠡᠭᠵᠢᠭᠦᠯᠬᠦ ᠶᠢ ᠬᠠᠷᠢᠭᠤᠴᠠᠵᠤ᠂ ᠢᠳᠡᠭᠡᠨ ᠪᠠ ᠡᠮ ᠤᠨ ᠵᠦᠢᠯ ᠢ ᠰᠢᠯᠭᠠᠨ ᠪᠠᠶᠢᠴᠠᠭᠠᠵᠤ ᠪᠠᠶᠢᠴᠠᠭᠠᠨ ᠰᠢᠨᠵᠢᠬᠦ | ᠰᠢᠰᠲ᠋ᠧᠮᠵᠢ᠂ ᠡᠯᠧᠺᠲᠷᠣᠨ ᠬᠢᠨᠠᠯᠲᠠ ᠬᠠᠮᠢᠶᠠᠷᠤᠯᠲᠠ ᠶᠢᠨ ᠮᠥᠷᠳᠡᠨ ᠤᠬᠤᠴᠢᠯᠠᠬᠤ ᠰᠢᠰᠲ᠋ᠧᠮᠵᠢ ᠪᠠ ᠮᠡᠳᠡᠭᠡ | ᠵᠠᠩᠭᠢᠵᠢᠯᠲᠠ ᠶᠢᠨ ᠪᠠᠶᠢᠭᠤᠯᠤᠯᠲᠠ ᠶᠢ ᠠᠬᠢᠭᠤᠯᠤᠨ᠎ᠠ᠃ ᠢᠳᠡᠭᠡᠨ ᠪᠠ ᠡᠮ ᠤᠨ ᠵᠦᠢᠯ ᠤᠨ ᠠᠵᠢᠯ | ᠡᠷᠬᠢᠯᠡᠭᠰᠡᠳ ᠤᠨ ᠡᠷᠡᠭᠦᠯ ᠮᠡᠨᠳᠦ ᠶᠢᠨ ᠬᠠᠮᠢᠶᠠᠷᠤᠯᠲᠠ᠂ ᠠᠵᠢᠯ ᠡᠷᠬᠢᠯᠡᠬᠦ ᠬᠢᠷᠢ ᠭᠡᠮ ᠤᠨ ᠬᠠᠮᠢᠶᠠᠷᠤᠯᠲᠠ ᠶᠢᠨ | ᠠᠵᠢᠯ ᠢ ᠵᠣᠬᠢᠶᠠᠨ ᠪᠠᠶᠢᠭᠤᠯᠤᠨ ᠬᠡᠷᠡᠭᠵᠢᠭᠦᠯᠦᠨ᠎ᠡ᠃ | ︵ᠳᠣᠯᠤᠭ᠎ᠠ︶ ᠬᠠᠷᠢᠶ᠎ᠠ ᠣᠷᠣᠨ ᠤ ᠢᠳᠡᠭᠡᠨ ᠪᠠ ᠡᠮ ᠤᠨ ᠵᠦᠢᠯ ᠤᠨ ᠠᠮᠤᠷ ᠲᠦᠪᠰᠢᠨ ᠤ ᠤᠬᠠᠭᠤᠯᠭ᠎ᠠ᠂ | ᠬᠥᠮᠦᠵᠢᠯ ᠪᠣᠯᠪᠠᠰᠤᠷᠠᠭᠤᠯᠤᠯ ᠪᠠ ᠭᠠᠳᠠᠭᠠᠳᠤ ᠯᠤᠭ᠎ᠠ ᠶᠢᠨ ᠰᠣᠯᠢᠯᠴᠠᠭ᠎ᠠ ᠪᠠ ᠬᠠᠮᠲᠤᠷᠠᠯᠴᠠᠭ᠎ᠠ ᠶᠢ ᠬᠠᠷᠢᠭᠤᠴᠠᠨ | ᠥᠷᠨᠢᠭᠦᠯᠦᠨ᠎ᠡ ᠃ ᠢᠳᠡᠭᠡᠨ ᠪᠠ ᠡᠮ ᠤᠨ ᠵᠦᠢᠯ ᠤᠨ ᠠᠵᠢᠯ ᠲᠥᠷᠥᠯ ᠤᠨ ᠢᠲᠡᠭᠡᠮᠵᠢ ᠶᠢᠨ ᠰᠢᠰᠲ᠋ᠧᠮᠵᠢ ᠶᠢᠨ | ᠪᠠᠶᠢᠭᠤᠯᠤᠯᠲᠠ ᠶᠢ ᠲᠦᠯᠬᠢᠨ ᠠᠬᠢᠭᠤᠯᠤᠨ᠎ᠠ᠃ | ︵ᠨᠠᠢᠮᠠ︶ ᠪᠠᠯᠭᠠᠰᠤ ᠰᠤᠮᠤ᠂ ᠤᠯᠤᠰ ᠤᠨ ᠥᠮᠴᠢᠯᠡᠯᠳᠤ ᠲᠠᠷᠢᠶᠠᠯᠠᠩ ᠮᠠᠯᠵᠢᠯ ᠤᠨ ᠲᠠᠯᠠᠪᠠᠢ᠂ ᠵᠡᠭᠡᠯᠢ | ᠭᠤᠳᠤᠮᠵᠢ ᠶᠢᠨ ᠬᠡᠷᠡᠭ ᠡᠷᠬᠢᠯᠡᠬᠦ ᠭᠠᠵᠠᠷ ᠤᠨ ᠢᠳᠡᠭᠡᠨ ᠪᠠ ᠡᠮ ᠤᠨ ᠵᠦᠢᠯ ᠤᠨ ᠬᠢᠨᠠᠯᠲᠠ ᠬᠠᠮᠢᠶᠠᠷᠤᠯᠲᠠ ᠶᠢᠨ | ᠠᠵᠢᠯ ᠢ ᠵᠢᠯᠣᠭᠤᠳᠤᠨ᠎ᠠ ᠃ ᠵᠠᠰᠠᠭ ᠵᠠᠬᠢᠷᠭᠠᠨ ᠤ ᠬᠠᠤᠯᠢ ᠬᠡᠷᠡᠭᠵᠢᠭᠦᠯᠬᠦ ᠦᠢᠯᠡ ᠠᠵᠢᠯᠯᠠᠭ᠎ᠠ ᠶᠢ ᠵᠢᠷᠤᠮᠵᠢᠭᠤᠯᠵᠤ | ᠂ ᠵᠠᠰᠠᠭ ᠵᠠᠬᠢᠷᠭᠠᠨ ᠤ ᠬᠠᠤᠯᠢ ᠬᠡᠷᠡᠭᠵᠢᠭᠦᠯᠦᠯᠲᠡ ᠬᠢᠭᠡᠳ ᠡᠷᠡᠭᠦᠤ ᠶᠢᠨ ᠬᠡᠷᠡᠭ ᠤᠨ ᠬᠠᠤᠯᠢ ᠴᠠᠭᠠᠵᠠ ᠶᠢ | ᠵᠣᠯᠭᠠᠯᠳᠤᠭᠤᠯᠬᠤ ᠲᠣᠭᠲᠠᠴᠠ ᠶᠢ ᠲᠡᠭᠦᠯᠳᠡᠷᠵᠢᠭᠦᠯᠦᠨ᠎ᠡ᠃ | ︵ᠶᠢᠰᠦ︶ ᠲᠤᠭᠤᠷᠢᠭ ᠤᠨ ᠵᠠᠰᠠᠭ ᠤᠨ ᠤᠷᠳᠤᠨ ᠤ ᠢᠳᠡᠭᠡᠨ ᠤ ᠠᠶᠤᠯ ᠦᠭᠡᠢ ᠶᠢ ᠵᠣᠬᠢᠴᠠᠭᠤᠯᠬᠤ | ᠺᠣᠮᠢᠰ ᠤᠨ ᠡᠳᠦᠷ ᠳᠣᠳᠥᠮ ᠤᠨ ᠠᠵᠢᠯ ᠢ ᠡᠭᠦᠷᠭᠡᠯᠡᠨ᠎ᠡ᠃ ᠢᠳᠡᠭᠡᠨ ᠤ ᠠᠮᠤᠷ ᠲᠦᠪᠰᠢᠨ ᠤ ᠬᠢᠨᠠᠯᠲᠠ | ᠬᠠᠮᠢᠶᠠᠷᠤᠯᠲᠠ ᠶᠢᠨ ᠶᠡᠷᠦᠩᠬᠡᠶᠢᠯᠡᠨ ᠵᠣᠬᠢᠴᠠᠭᠤᠯᠬᠤ ᠶᠢ ᠬᠠᠷᠢᠭᠤᠴᠠᠵᠤ᠂ ᠵᠣᠬᠢᠴᠠᠭᠤᠯᠵᠤ ᠬᠠᠮᠲᠤᠷᠠᠨ ᠬᠥᠳᠡᠯᠦᠯᠴᠡᠬᠦ | ᠲᠣᠭᠲᠠᠴᠠ ᠶᠢ ᠪᠦᠷᠢᠨᠰᠢᠭᠦᠯᠬᠦ ᠶᠢ ᠠᠬᠢᠭᠤᠯᠤᠨ᠎ᠠ᠃ ᠪᠠᠯᠭᠠᠰᠤ ᠰᠤᠮᠤ᠂ ᠤᠯᠤᠰ ᠤᠨ ᠥᠮᠴᠢᠯᠡᠯᠲᠡ ᠲᠠᠷᠢᠶᠠᠯᠠᠩ | ᠮᠠᠯᠵᠢᠯ ᠤᠨ ᠲᠠᠯᠠᠪᠠᠢ᠂ ᠵᠡᠭᠡᠯᠢ ᠭᠤᠳᠤᠮᠵᠢ ᠶᠢᠨ ᠬᠡᠷᠡᠭ ᠡᠷᠬᠢᠯᠡᠬᠦ ᠭᠠᠵᠠᠷ ᠤᠨ ᠢᠳᠡᠭᠡᠨ ᠤ ᠠᠮᠤᠷ ᠲᠦᠪᠰᠢᠨ ᠢ ᠬᠢᠨᠠᠨ | ᠬᠠᠮᠢᠶᠠᠷᠬᠤ ᠡᠭᠦᠷᠭᠡ ᠬᠠᠷᠢᠭᠤᠴᠠᠯᠭ᠎ᠠ ᠪᠠᠨ ᠭᠦᠢᠴᠡᠳᠭᠡᠬᠦ ᠶᠢ ᠰᠢᠮᠳᠠᠭᠤᠯᠤᠨ ᠪᠠᠶᠢᠴᠠᠭᠠᠬᠤ ᠶᠢᠨ ᠬᠠᠮᠲᠤ ᠰᠢᠯᠭᠠᠨ | ᠬᠢᠨᠠᠵᠤ ᠦᠨᠡᠯᠡᠬᠦ ᠶᠢ ᠬᠠᠷᠢᠭᠤᠴᠠᠨ᠎ᠠ᠃ | ︵ᠠᠷᠪᠠ︶ ᠲᠤᠭᠤᠷᠢᠭ ᠤᠨ ᠨᠠᠮ ᠤᠨ ᠬᠤᠷᠢᠶ᠎ᠠ᠂ ᠲᠤᠭᠤᠷᠢᠭ ᠤᠨ ᠵᠠᠰᠠᠭ ᠤᠨ ᠤᠷᠳᠤᠨ ᠬᠢᠭᠡᠳ ᠭᠤᠤᠯᠯᠠᠨ | ᠡᠷᠬᠢᠯᠡᠨ ᠬᠠᠮᠢᠶᠠᠷᠬᠤ ᠰᠠᠯᠠᠭ᠎ᠠ ᠮᠥᠴᠢᠷ ᠤᠨ ᠲᠤᠰᠢᠶᠠᠭᠰᠠᠨ ᠪᠤᠰᠤᠳ ᠶᠠᠪᠤᠳᠠᠯ ᠤᠳ ᠢ ᠳᠠᠭᠠᠭᠠᠨ ᠠᠪᠴᠤ | ᠭᠦᠢᠴᠡᠳᠭᠡᠨ᠎ᠡ᠃ | ᠬᠤᠶᠠᠷ᠂ ᠳᠣᠲᠣᠭᠠᠳᠤ ᠪᠠᠶᠢᠭᠤᠯᠤᠮᠵᠢ | ᠳᠡᠭᠡᠷ᠎ᠡ ᠳᠤᠷᠠᠳᠤᠭᠰᠠᠨ ᠡᠭᠦᠷᠭᠡ ᠬᠠᠷᠢᠭᠤᠴᠠᠯᠭ᠎ᠠ ᠶᠢ ᠦᠨᠳᠦᠰᠦᠯᠡᠨ᠂ ᠬᠤᠷᠴᠢᠨ ᠲᠣᠭᠤᠷᠢᠭ ᠤᠨ ᠢᠳᠡᠭᠡᠨ ᠪᠠ | ᠡᠮ ᠤᠨ ᠵᠦᠢᠯ ᠤᠨ ᠬᠢᠨᠠᠯᠲᠠ ᠬᠠᠮᠢᠶᠠᠷᠤᠯᠲᠠ ᠶᠢᠨ ᠲᠣᠪᠴᠢᠶ᠎ᠠ ᠳᠤ 12 ᠳᠣᠲᠣᠭᠠᠳᠤ ᠪᠠᠶᠢᠭᠤᠯᠤᠮᠵᠢ ᠲᠣᠬᠢᠷᠠᠭᠤᠯᠪᠠ | ᠄ | ︵ᠨᠢᠭᠡ︶ ᠠᠯᠪᠠᠨ ᠭᠡᠷ | ᠪᠢᠴᠢᠭ ᠮᠠᠲ᠋ᠧᠷᠢᠶᠠᠯ ᠴᠠᠬᠢᠯᠭᠠᠨ᠂ ᠬᠤᠷᠠᠯ ᠤᠨ ᠶᠠᠪᠤᠳᠠᠯ᠂ ᠨᠢᠭᠤᠴᠠ ᠮᠠᠲ᠋ᠧᠷᠢᠶᠠᠯ᠂ ᠳᠠᠩᠰᠠ ᠡᠪᠬᠡᠮᠡᠯ᠂ | ᠰᠢᠮᠳᠠᠭᠤᠯᠤᠨ ᠪᠠᠶᠢᠴᠠᠭᠠᠬᠤ᠂ ᠵᠢᠵᠢᠭᠦᠷᠯᠡᠬᠦ᠂ ᠠᠷᠤ ᠲᠠᠯ᠎ᠠ ᠶᠢᠨ ᠠᠵᠢᠯ ᠵᠡᠷᠭᠡ ᠪᠠᠶᠢᠭᠤᠯᠭ᠎ᠠ ᠶᠢᠨ ᠡᠳᠦᠷ | ᠲᠤᠲᠤᠮ ᠤᠨ ᠡᠷᠭᠢᠯᠲᠡ ᠶᠢᠨ ᠠᠵᠢᠯ ᠢ ᠬᠠᠷᠢᠭᠤᠴᠠᠵᠤ᠂ ᠵᠠᠰᠠᠭ ᠤᠨ ᠶᠠᠪᠤᠳᠠᠯ ᠢ ᠢᠯᠡ ᠪᠣᠯᠭᠠᠬᠤ᠂ ᠠᠮᠤᠷ ᠲᠦᠪᠰᠢᠨ | ᠨᠢᠭᠤᠴᠠ ᠶᠢ ᠬᠠᠮᠠᠭᠠᠯᠠᠬᠤ ᠪᠠ ᠵᠠᠬᠢᠳᠠᠯ ᠰᠤᠷᠪᠤᠯᠵᠢᠯᠠᠭ᠎ᠠ ᠵᠡᠷᠭᠡ ᠠᠵᠢᠯ ᠢ ᠡᠭᠦᠷᠭᠡᠯᠡᠨ᠎ᠡ ᠃ ᠢᠳᠡᠭᠡᠨ ᠤ ᠵᠦᠢᠯ | ᠡᠮ ᠤᠨ ᠵᠦᠢᠯ ᠤᠨ ᠬᠢᠨᠠᠯᠲᠠ ᠬᠠᠮᠢᠶᠠᠷᠤᠯᠲᠠ ᠶᠢᠨ ᠣᠷᠣᠨ ᠪᠦᠰᠡ ᠶᠢᠨ ᠰᠣᠯᠢᠯᠴᠠᠭ᠎ᠠ ᠪᠠ ᠬᠠᠮᠲᠤᠷᠠᠯᠴᠠᠭ᠎ᠠ ᠶᠢ | ᠵᠣᠬᠢᠶᠠᠨ ᠪᠠᠶᠢᠭᠤᠯᠤᠨ ᠥᠷᠨᠢᠭᠦᠯᠦᠨ᠎ᠡ᠃ ᠵᠢᠷᠤᠮᠵᠢᠯ ᠤᠨ ᠴᠢᠨᠠᠷᠲᠠᠶ ᠪᠢᠴᠢᠭ ᠮᠠᠲ᠋ᠧᠷᠢᠶᠠᠯ ᠢ ᠲᠤᠭᠤᠷᠪᠢᠨ ᠪᠢᠴᠢᠬᠦ | ᠠᠵᠢᠯ ᠢ ᠡᠭᠦᠷᠭᠡᠯᠡᠨ᠎ᠡ᠃ ᠪᠠᠶᠢᠭᠤᠯᠭ᠎ᠠ ᠪᠠ ᠬᠠᠷᠢᠶ᠎ᠠ ᠨᠢᠭᠡᠴᠢ ᠶᠢᠨ ᠢᠶᠠᠨ ᠠᠵᠢᠯᠲᠠᠨ ᠤ ᠶᠠᠪᠤᠳᠠᠯ ᠤᠨ ᠬᠠᠮᠢᠶᠠᠷᠤᠯᠲᠠ᠂ | ᠪᠠᠶᠢᠭᠤᠯᠤᠮᠵᠢ ᠶᠢᠨ ᠣᠷᠣᠨ ᠲᠤᠭ᠎ᠠ᠂ ᠡᠩᠨᠡᠭᠡᠨ ᠤ ᠪᠠᠶᠢᠭᠤᠯᠤᠯᠲᠠ᠂ ᠪᠣᠯᠪᠠᠰᠤᠷᠠᠭᠤᠯᠤᠯ ᠤᠨ ᠠᠵᠢᠯ ᠢ ᠡᠭᠦᠷᠭᠡᠯᠡᠨ᠎ᠡ ᠃ | ᠢᠳᠡᠭᠡᠨ ᠪᠠ ᠡᠮ ᠤᠨ ᠵᠦᠢᠯ ᠤᠨ ᠠᠮᠤᠷ ᠲᠦᠪᠰᠢᠨ ᠤ ᠰᠢᠨᠵᠢᠯᠡᠬᠦ ᠤᠬᠠᠭᠠᠨ ᠢ ᠲᠦᠭᠡᠮᠡᠯᠵᠢᠭᠦᠯᠬᠦ ᠤᠬᠠᠭᠤᠯᠭ᠎ᠠ᠂ | ᠰᠣᠨᠢᠨ ᠮᠡᠳᠡᠭᠡ ᠪᠠ ᠮᠡᠳᠡᠭᠡ ᠵᠠᠩᠭᠢ ᠨᠡᠶᠢᠲᠡᠯᠡᠬᠦ ᠠᠵᠢᠯ ᠢ ᠡᠭᠦᠷᠭᠡᠯᠡᠵᠦ᠂ ᠡᠯᠧᠺᠲᠷᠣᠨ ᠬᠢᠨᠠᠯᠲᠠ ᠬᠠᠮᠢᠶᠠᠷᠤᠯᠲᠠ ᠶᠢᠨ | ᠮᠥᠷᠳᠡᠨ ᠤᠬᠤᠴᠢᠯᠠᠬᠤ ᠰᠢᠰᠲ᠋ᠧᠮᠵᠢ ᠪᠠ ᠮᠡᠳᠡᠭᠡ ᠵᠠᠩᠭᠢᠵᠢᠯᠲᠠ ᠶᠢᠨ ᠪᠠᠶᠢᠭᠤᠯᠤᠯᠲᠠ ᠶᠢ ᠲᠦᠯᠬᠢᠨ ᠠᠬᠢᠭᠤᠯᠤᠨ᠎ᠠ᠃ | | ︵ᠬᠤᠶᠠᠷ︶ ᠶᠡᠷᠦᠩᠬᠡᠶᠢᠯᠡᠭᠰᠡᠨ ᠬᠠᠮᠢᠶᠠᠷᠤᠯᠲᠠ ᠶᠢᠨ ᠲᠠᠰᠤᠭ | ᠲᠤᠭᠤᠷᠢᠭ ᠤᠨ ᠢᠳᠡᠭᠡᠨ ᠤ ᠠᠮᠤᠷ ᠲᠦᠪᠰᠢᠨ ᠤ ᠵᠣᠬᠢᠴᠠᠭᠤᠯᠬᠤ ᠺᠣᠮᠢᠰ ᠤᠨ ᠠᠯᠪᠠᠨ ᠭᠡᠷ ᠤᠨ ᠡᠳᠦᠷ | ᠲᠤᠲᠤᠮ ᠤᠨ ᠠᠵᠢᠯ ᠢ ᠡᠭᠦᠷᠭᠡᠯᠡᠨ᠎ᠡ᠃ ᠢᠳᠡᠭᠡᠨ ᠤ ᠵᠦᠢᠯ ᠡᠮ ᠤᠨ ᠵᠦᠢᠯ ᠤᠨ ᠠᠶᠤᠯᠭᠦᠶ ᠶᠢᠨ | ᠲᠥᠯᠥᠪᠵᠢᠭᠦᠯᠭᠡ ᠶᠢ ᠲᠤᠭᠤᠷᠪᠢᠨ ᠲᠣᠭᠲᠠᠭᠠᠬᠤ ᠶᠢᠨ ᠬᠠᠮᠲᠤ ᠵᠣᠬᠢᠶᠠᠨ ᠪᠠᠶᠢᠭᠤᠯᠵᠤ ᠬᠡᠷᠡᠭᠵᠢᠭᠦᠯᠦᠨ᠎ᠡ᠃ ᠪᠥᠬᠦ | ᠲᠤᠭᠤᠷᠢᠭ ᠤᠨ ᠢᠳᠡᠭᠡᠨ ᠪᠠ ᠡᠮ ᠤᠨ ᠵᠦᠢᠯ ᠤᠨ ᠠᠮᠤᠷ ᠲᠦᠪᠰᠢᠨ ᠤ ᠪᠠᠴᠢᠮ ᠪᠠᠶᠢᠳᠠᠯ ᠢ ᠠᠷᠭᠠᠴᠠᠬᠤ | ᠰᠢᠰᠲ᠋ᠧᠮᠵᠢ ᠶᠢᠨ ᠪᠠᠶᠢᠭᠤᠯᠤᠯᠲᠠ ᠶᠢ ᠠᠬᠢᠭᠤᠯᠵᠤ᠂ ᠪᠠᠴᠢᠮ ᠪᠠᠶᠢᠳᠠᠯ ᠢ ᠠᠷᠭᠠᠴᠠᠬᠤ ᠪᠡᠯᠡᠳᠬᠡᠯ ᠲᠥᠰᠦᠯ ᠢ ᠵᠣᠬᠢᠶᠠᠨ | ᠪᠠᠶᠢᠭᠤᠯᠤᠨ ᠨᠠᠶᠢᠷᠠᠭᠤᠯᠤᠨ ᠵᠣᠬᠢᠶᠠᠬᠤ ᠶᠢᠨ ᠬᠠᠮᠲᠤ ᠰᠣᠷᠢᠯᠲᠠ ᠶᠢ ᠥᠷᠨᠢᠭᠦᠯᠦᠨ᠎ᠡ ᠃ ᠢᠳᠡᠭᠡᠨ ᠪᠠ ᠡᠮ ᠤᠨ | ᠵᠦᠢᠯ ᠤᠨ ᠠᠮᠤᠷ ᠲᠦᠪᠰᠢᠨ ᠤ ᠬᠦᠨᠳᠦ ᠶᠡᠭᠡ ᠠᠳᠡᠯ ᠤᠨ ᠪᠠᠴᠢᠮ ᠪᠠᠶᠢᠳᠠᠯ ᠢ ᠠᠷᠭᠠᠴᠠᠨ ᠰᠢᠢᠳᠪᠦᠷᠢᠯᠡᠬᠦ ᠪᠠ | ᠪᠠᠶᠢᠴᠠᠭᠠᠨ ᠰᠢᠢᠳᠪᠦᠷᠢᠯᠡᠬᠦ ᠠᠵᠢᠯ ᠢ ᠡᠭᠦᠷᠭᠡᠯᠡᠵᠦ᠂ ᠪᠠᠯᠭᠠᠰᠤ ᠰᠤᠮᠤ ᠵᠡᠭᠡᠯᠢ ᠭᠤᠳᠤᠮᠵᠢ ᠶᠢᠨ ᠢᠳᠡᠭᠡᠨ ᠤ ᠠᠮᠤᠷ | ᠲᠦᠪᠰᠢᠨ ᠤ ᠬᠡᠷᠡᠭ ᠤᠨ ᠪᠠᠴᠢᠮ ᠪᠠᠶᠢᠳᠠᠯ ᠢ ᠠᠷᠭᠠᠴᠠᠨ ᠰᠢᠢᠳᠪᠦᠷᠢᠯᠡᠬᠦ ᠠᠵᠢᠯ ᠢ ᠵᠢᠯᠣᠭᠤᠳᠤᠨ ᠵᠣᠬᠢᠴᠠᠭᠤᠯᠤᠨ᠎ᠠ᠃ | ᠢᠳᠡᠭᠡᠨ ᠤ ᠠᠶᠤᠯᠭᠦᠶ ᠶᠢᠨ ᠲᠦᠭᠰᠢᠭᠦᠷᠢ ᠶᠢ ᠤᠷᠢᠳᠴᠢᠯᠠᠨ ᠰᠡᠷᠡᠮᠵᠢᠯᠡᠭᠦᠯᠬᠦ ᠪᠠ ᠲᠦᠭᠰᠢᠭᠦᠷᠢ ᠶᠢᠨ | ᠰᠣᠯᠢᠯᠴᠠᠭ᠎ᠠ ᠶᠢ ᠵᠣᠬᠢᠶᠠᠨ ᠪᠠᠶᠢᠭᠤᠯᠤᠨ ᠥᠷᠨᠢᠭᠦᠯᠵᠦ᠂ ᠢᠳᠡᠭᠡᠨ ᠤ ᠠᠶᠤᠯᠭᠦᠶ ᠶᠢᠨ ᠲᠦᠭᠰᠢᠭᠦᠷᠢ ᠶᠢ ᠬᠢᠨᠠᠨ ᠬᠡᠮᠵᠢᠬᠦ | ᠲᠥᠯᠥᠪᠯᠡᠭᠡ ᠲᠣᠭᠲᠠᠭᠠᠬᠤ ᠳᠤ ᠣᠷᠣᠯᠴᠠᠬᠤ ᠶᠢᠨ ᠬᠠᠮᠲᠤ ᠲᠤᠰ ᠲᠥᠯᠥᠪᠯᠡᠭᠡ ᠶᠢ ᠦᠨᠳᠦᠰᠦᠯᠡᠨ ᠢᠳᠡᠭᠡᠨ ᠤ | ᠠᠶᠤᠯᠭᠦᠶ ᠶᠢᠨ ᠲᠦᠭᠰᠢᠭᠦᠷᠢ ᠶᠢ ᠬᠢᠨᠠᠨ ᠬᠡᠮᠵᠢᠬᠦ ᠠᠵᠢᠯ ᠢ ᠥᠷᠨᠢᠭᠦᠯᠦᠨ᠎ᠡ᠃ ᠲᠤᠭᠤᠷᠢᠭ ᠤᠨ ᠰᠢᠭᠤᠳ ᠬᠠᠷᠢᠶ᠎ᠠ | ᠬᠤᠯᠪᠣᠭᠳᠠᠯ ᠪᠦᠬᠦᠢ ᠰᠠᠯᠠᠭ᠎ᠠ ᠮᠥᠴᠢᠷ ᠪᠣᠯᠤᠨ ᠪᠠᠯᠭᠠᠰᠤ ᠲᠠᠯᠠᠪᠠᠢ ᠰᠤᠮᠤ ᠵᠡᠭᠡᠯᠢ ᠭᠤᠳᠤᠮᠵᠢ ᠳᠤ ᠬᠠᠷᠢᠶᠠᠯᠠᠭᠳᠠᠬᠤ | ᠢᠳᠡᠭᠡᠨ ᠤ ᠠᠮᠤᠷ ᠲᠦᠪᠰᠢᠨ ᠤ ᠬᠢᠨᠠᠯᠲᠠ ᠬᠠᠮᠢᠶᠠᠷᠤᠯᠲᠠ ᠶᠢᠨ ᠡᠭᠦᠷᠭᠡ ᠬᠠᠷᠢᠭᠤᠴᠠᠯᠭ᠎ᠠ ᠶᠢ ᠬᠢᠨᠠᠨ ᠰᠢᠯᠭᠠᠵᠤ | ᠦᠨᠡᠯᠡᠬᠦ ᠠᠵᠢᠯ ᠢ ᠬᠠᠷᠢᠭᠤᠴᠠᠨ᠎ᠠ᠃ | ︵ᠭᠤᠷᠪᠠ︶ ᠲᠥᠷᠥ ᠶᠢᠨ ᠪᠣᠳᠣᠯᠭ᠎ᠠ ᠬᠠᠤᠯᠢ ᠲᠣᠭᠲᠠᠭᠠᠯ ᠤᠨ ᠲᠠᠰᠤᠭ | ᠵᠢᠷᠤᠮᠵᠢᠯ ᠤᠨ ᠴᠢᠨᠠᠷᠲᠠᠶ ᠪᠢᠴᠢᠭ ᠮᠠᠲ᠋ᠧᠷᠢᠶᠠᠯ ᠢ ᠬᠢᠨᠠᠨ ᠬᠠᠷᠭᠤᠭᠤᠯᠬᠤ ᠠᠵᠢᠯ ᠢ ᠡᠭᠦᠷᠭᠡᠯᠡᠨ᠎ᠡ ᠃ ᠬᠠᠤᠯᠢ | ᠳᠦᠷᠢᠮ᠂ ᠵᠠᠰᠠᠭ ᠵᠠᠬᠢᠷᠭᠠᠨ ᠤ ᠳᠠᠬᠢᠨ ᠵᠥᠪᠯᠡᠬᠦ᠂ ᠵᠠᠰᠠᠭ ᠵᠠᠬᠢᠷᠭᠠᠨ ᠤ ᠵᠠᠷᠭᠤ ᠬᠦᠯᠢᠶᠡᠬᠦ ᠵᠡᠷᠭᠡ ᠠᠵᠢᠯ ᠢ | ᠡᠭᠦᠷᠭᠡᠯᠡᠨ᠎ᠡ᠃ | ︵ᠳᠥᠷᠪᠡᠨ︶ ᠡᠳ᠋ ᠤᠨ ᠶᠠᠪᠤᠳᠠᠯ ᠤᠨ ᠲᠠᠰᠤᠭ | ᠪᠦᠬᠦ ᠣᠷᠣᠨ ᠤ ᠢᠳᠡᠭᠡᠨ ᠪᠠ ᠡᠮ ᠤᠨ ᠵᠦᠢᠯ ᠤᠨ ᠠᠮᠤᠷ ᠲᠦᠪᠰᠢᠨ ᠤ ᠲᠣᠨᠤᠭ ᠲᠥᠬᠦᠭᠡᠷᠦᠮᠵᠢ᠂ | ᠦᠨᠳᠦᠰᠦᠨ ᠪᠦᠲᠦᠭᠡᠨ ᠪᠠᠶᠢᠭᠤᠯᠤᠯᠲᠠ᠂ ᠤᠯᠤᠰ ᠤᠨ ᠥᠮᠴᠢᠯᠡᠯᠲᠡ ᠡᠳ᠋ ᠬᠥᠷᠥᠩᠭᠡ ᠶᠢᠨ ᠬᠠᠮᠢᠶᠠᠷᠤᠯᠲᠠ ᠶᠢᠨ | ᠲᠥᠯᠥᠪᠵᠢᠭᠦᠯᠭᠡ ᠶᠢ ᠬᠠᠷᠢᠭᠤᠴᠠᠬᠤ ᠶᠢᠨ ᠬᠠᠮᠲᠤ ᠵᠣᠬᠢᠶᠠᠨ ᠪᠠᠶᠢᠭᠤᠯᠤᠨ ᠬᠡᠷᠡᠭᠵᠢᠭᠦᠯᠦᠨ᠎ᠡ᠃ ᠲᠤᠰᠬᠠᠶ ᠪᠡᠯᠡ | ᠮᠥᠩᠭᠦ ᠶᠢᠨ ᠬᠠᠮᠢᠶᠠᠷᠤᠯᠲᠠ ᠪᠠ ᠵᠠᠰᠠᠭ ᠤᠨ ᠣᠷᠳᠣᠨ ᠤ ᠬᠤᠳᠠᠯᠳᠤᠨ ᠠᠪᠬᠤ ᠠᠵᠢᠯ ᠢ ᠬᠠᠷᠢᠭᠤᠴᠠᠨ᠎ᠠ᠃ | ᠪᠠᠶᠢᠭᠤᠯᠭ᠎ᠠ ᠪᠠ ᠰᠢᠭᠤᠳ ᠬᠠᠷᠢᠶ᠎ᠠ ᠨᠢᠭᠡᠴᠢ ᠶᠢᠨ ᠲᠥᠰᠦᠪ ᠪᠠ ᠲᠥᠰᠦᠪ ᠤᠨ ᠭᠦᠢᠴᠡᠳᠭᠡᠯ᠂ ᠴᠠᠯᠢᠩ᠂ ᠡᠳ᠋ ᠤᠨ | ᠶᠠᠪᠤᠳᠠᠯ ᠵᠢᠴᠢ ᠳᠣᠲᠣᠭᠠᠳᠤ ᠶᠢᠨ ᠬᠢᠨᠠᠨ ᠪᠣᠳᠣᠯᠲᠠ ᠶᠢ ᠡᠭᠦᠷᠭᠡᠯᠡᠨ᠎ᠡ᠃ | ︵ᠲᠠᠪᠤ︶ ᠢᠳᠡᠭᠡᠨ ᠤ ᠦᠢᠯᠡᠳᠪᠦᠷᠢᠯᠡᠯ ᠤᠨ ᠬᠢᠨᠠᠯᠲᠠ ᠬᠠᠮᠢᠶᠠᠷᠤᠯᠲᠠ ᠶᠢᠨ ᠳᠠᠰᠤᠭ | ᠦᠢᠯᠡᠳᠪᠦᠷᠢᠯᠡᠯ ᠤᠨ ᠵᠠᠩᠭᠢᠯᠠᠭ᠎ᠠ ᠶᠢᠨ ᠢᠳᠡᠭᠡᠨ ᠤ ᠠᠶᠤᠯᠭᠦᠶ ᠶᠢᠨ ᠪᠠᠶᠢᠳᠠᠯ᠂ ᠣᠷᠣᠰᠢᠵᠤ ᠪᠠᠶᠢᠭ᠎ᠠ | ᠠᠰᠠᠭᠤᠳᠠᠯ ᠢ ᠡᠵᠡᠮᠰᠢᠨ ᠵᠠᠳᠠᠯᠬᠤ ᠶᠢᠨ ᠬᠠᠮᠲᠤ ᠳᠦᠷᠢᠮ ᠲᠣᠭᠲᠠᠴᠠ ᠶᠢ ᠲᠡᠭᠦᠯᠳᠡᠷᠵᠢᠭᠦᠯᠬᠦ ᠪᠠ ᠠᠵᠢᠯ ᠢᠶᠠᠨ | ᠰᠠᠶᠢᠵᠢᠷᠠᠭᠤᠯᠬᠤ ᠰᠠᠨᠠᠭᠤᠯᠭ᠎ᠠ ᠳᠤᠷᠠᠳᠤᠨ᠎ᠠ᠃ ᠦᠢᠯᠡᠳᠪᠦᠷᠢᠯᠡᠯ ᠤᠨ ᠵᠠᠩᠭᠢᠯᠠᠭ᠎ᠠ ᠶᠢᠨ ᠢᠳᠡᠭᠡᠨ ᠤ ᠠᠶᠤᠯ | ᠦᠭᠡᠢ ᠳᠤ ᠬᠢᠨᠠᠯᠲᠠ ᠲᠠᠯᠪᠢᠵᠤ ᠬᠠᠮᠢᠶᠠᠷᠬᠤ ᠴᠢᠬᠤᠯᠠ ᠶᠡᠭᠡ ᠲᠥᠷᠥ ᠶᠢᠨ ᠪᠣᠳᠣᠯᠭ᠎ᠠ ᠶᠢ ᠰᠤᠳᠤᠯᠤᠨ᠎ᠠ᠄ | ᠲᠣᠮᠢᠯᠠᠭᠰᠠᠨ ᠪᠠᠶᠢᠭᠤᠯᠤᠯᠭ᠎ᠠ ᠶᠢ ᠰᠢᠮᠳᠠᠭᠤᠯᠵᠤ ᠪᠠᠶᠢᠭᠠᠳ ᠵᠠᠰᠠᠭ ᠵᠠᠬᠢᠷᠭᠠᠨ ᠤ ᠵᠥᠪᠰᠢᠶᠡᠷᠡᠯ ᠢ ᠬᠠᠤᠯᠢ ᠶᠣᠰᠣᠭᠠᠷ | ᠴᠢᠩᠭ᠎ᠠ ᠬᠡᠷᠡᠭᠵᠢᠭᠦᠯᠵᠦ᠂ ᠬᠢᠨᠠᠯᠲᠠ ᠲᠠᠯᠪᠢᠵᠤ ᠬᠠᠮᠢᠶᠠᠷᠬᠤ ᠬᠠᠷᠢᠭᠤᠴᠠᠯᠭ᠎ᠠ ᠶᠢ ᠭᠦᠢᠴᠡᠳᠭᠡᠨ᠂ ᠬᠠᠤᠯᠢ ᠠᠴᠠ | ᠵᠥᠷᠢᠴᠡᠭᠰᠡᠨ ᠪᠠ ᠵᠦᠶ ᠵᠣᠬᠢᠰ ᠦᠭᠡᠢ ᠦᠢᠯᠡ ᠠᠵᠢᠯᠯᠠᠭ᠎ᠠ ᠶᠢ ᠴᠠᠭ ᠲᠤᠬᠠᠶ ᠳᠤᠨᠢ ᠣᠯᠵᠤ ᠮᠡᠳᠡᠨ ᠵᠠᠯᠠᠷᠠᠭᠤᠯᠬᠤ | ᠬᠡᠷᠡᠭᠲᠡᠶ᠃ | ︵ᠵᠢᠷᠭᠤᠭ᠎ᠠ︶ ᠢᠳᠡᠭᠡᠨ ᠤ ᠭᠦᠶᠦᠯᠭᠡᠭᠡᠨ ᠤ ᠬᠢᠨᠠᠯᠲᠠ ᠬᠠᠮᠢᠶᠠᠷᠤᠯᠲᠠ ᠶᠢᠨ ᠲᠠᠰᠤᠭ | ᠭᠦᠶᠦᠯᠭᠡᠭᠡᠨ ᠤ ᠬᠡᠷᠡᠭᠯᠡᠭᠡᠨ ᠤ ᠵᠠᠩᠭᠢᠯᠠᠭ᠎ᠠ ᠳᠠᠬᠢ ᠢᠳᠡᠭᠡᠨ ᠤ ᠠᠮᠤᠷ ᠲᠦᠪᠰᠢᠨ ᠤ ᠪᠠᠶᠢᠳᠠᠯ᠂ ᠣᠷᠣᠰᠢᠵᠤ | ᠪᠠᠶᠢᠭ᠎ᠠ ᠠᠰᠠᠭᠤᠳᠠᠯ ᠢ ᠡᠵᠡᠮᠰᠢᠨ ᠵᠠᠳᠠᠯᠬᠤ ᠶᠢᠨ ᠬᠠᠮᠲᠤ ᠳᠦᠷᠢᠮ ᠲᠣᠭᠲᠠᠴᠠ ᠶᠢ ᠲᠡᠭᠦᠯᠳᠡᠷᠵᠢᠭᠦᠯᠬᠦ ᠪᠠ | ᠠᠵᠢᠯ ᠢᠶᠠᠨ ᠰᠠᠶᠢᠵᠢᠷᠠᠭᠤᠯᠬᠤ ᠰᠠᠨᠠᠭᠤᠯᠭ᠎ᠠ ᠳᠤᠷᠠᠳᠤᠨ᠎ᠠ᠃ ᠭᠦᠶᠦᠯᠭᠡᠭᠡᠨ ᠤ ᠦᠢᠯᠡᠴᠢᠯᠡᠭᠡᠨ ᠤ ᠵᠠᠩᠭᠢᠯᠠᠭ᠎ᠠ ᠳᠠᠬᠢ | ᠢᠳᠡᠭᠡᠨ ᠤ ᠠᠮᠤᠷ ᠲᠦᠪᠰᠢᠨ ᠤ ᠬᠢᠨᠠᠯᠲᠠ ᠬᠠᠮᠢᠶᠠᠷᠤᠯᠲᠠ ᠶᠢᠨ ᠴᠢᠬᠤᠯᠠ ᠶᠡᠭᠡ ᠲᠥᠷᠥ ᠶᠢᠨ ᠪᠣᠳᠣᠯᠭ᠎ᠠ ᠶᠢ | ᠰᠤᠳᠤᠯᠤᠨ᠎ᠠ᠃ ᠲᠣᠮᠢᠯᠠᠭᠰᠠᠨ ᠪᠠᠶᠢᠭᠤᠯᠤᠯᠭ᠎ᠠ ᠶᠢ ᠰᠢᠮᠳᠠᠭᠤᠯᠵᠤ ᠪᠠᠶᠢᠭᠠᠳ ᠵᠠᠰᠠᠭ ᠵᠠᠬᠢᠷᠭᠠᠨ ᠤ ᠵᠥᠪᠰᠢᠶᠡᠷᠡᠯ ᠢ | ᠬᠠᠤᠯᠢ ᠶᠣᠰᠣᠭᠠᠷ ᠴᠢᠩᠭ᠎ᠠ ᠬᠡᠷᠡᠭᠵᠢᠭᠦᠯᠵᠦ᠂ ᠬᠢᠨᠠᠯᠲᠠ ᠲᠠᠯᠪᠢᠵᠤ ᠬᠠᠮᠢᠶᠠᠷᠬᠤ ᠬᠠᠷᠢᠭᠤᠴᠠᠯᠭ᠎ᠠ ᠶᠢ ᠭᠦᠢᠴᠡᠳᠭᠡᠨ᠂ | ᠬᠠᠤᠯᠢ ᠠᠴᠠ ᠵᠥᠷᠢᠴᠡᠭᠰᠡᠨ ᠪᠠ ᠵᠦᠶ ᠵᠣᠬᠢᠰ ᠦᠭᠡᠢ ᠦᠢᠯᠡ ᠠᠵᠢᠯᠯᠠᠭ᠎ᠠ ᠶᠢ ᠴᠠᠭ ᠲᠤᠬᠠᠶ ᠳᠤᠨᠢ ᠣᠯᠵᠤ ᠮᠡᠳᠡᠨ | ᠵᠠᠯᠠᠷᠠᠭᠤᠯᠬᠤ ᠬᠡᠷᠡᠭᠲᠡᠶ᠃ | ︵ᠳᠣᠯᠤᠭ᠎ᠠ︶ ᠢᠳᠡᠭᠡᠨ ᠤᠮᠳᠠᠭᠠᠨ ᠤ ᠦᠢᠯᠡᠴᠢᠯᠡᠭᠡᠨ ᠤ ᠬᠢᠨᠠᠯᠲᠠ ᠬᠠᠮᠢᠶᠠᠷᠤᠯᠲᠠ ᠶᠢᠨ ᠳᠠᠰᠤᠭ | ᠢᠳᠡᠭᠡᠨ ᠤᠮᠳᠠᠭᠠᠨ ᠤ ᠦᠢᠯᠡᠴᠢᠯᠡᠭᠡᠨ ᠤ ᠵᠠᠩᠭᠢᠯᠠᠭ᠎ᠠ ᠶᠢᠨ ᠢᠳᠡᠭᠡᠨ ᠤ ᠠᠮᠤᠷ ᠲᠦᠪᠰᠢᠨ ᠤ ᠪᠠᠶᠢᠳᠠᠯ᠂ | ᠣᠷᠣᠰᠢᠵᠤ ᠪᠠᠶᠢᠭ᠎ᠠ ᠠᠰᠠᠭᠤᠳᠠᠯ ᠢ ᠡᠵᠡᠮᠰᠢᠨ ᠵᠠᠳᠠᠯᠬᠤ ᠶᠢᠨ ᠬᠠᠮᠲᠤ ᠳᠦᠷᠢᠮ ᠲᠣᠭᠲᠠᠴᠠ ᠶᠢ ᠲᠡᠭᠦᠯᠳᠡᠷᠵᠢᠭᠦᠯᠬᠦ ᠪᠠ | ᠠᠵᠢᠯ ᠢᠶᠠᠨ ᠰᠠᠶᠢᠵᠢᠷᠠᠭᠤᠯᠬᠤ ᠰᠠᠨᠠᠭᠤᠯᠭ᠎ᠠ ᠳᠤᠷᠠᠳᠤᠨ᠎ᠠ᠃ ᠢᠳᠡᠭᠡᠨ ᠤᠮᠳᠠᠭᠠᠨ ᠤ ᠦᠢᠯᠡᠴᠢᠯᠡᠭᠡᠨ ᠤ | ᠵᠠᠩᠭᠢᠯᠠᠭ᠎ᠠ ᠳᠠᠬᠢ ᠢᠳᠡᠭᠡᠨ ᠤ ᠠᠮᠤᠷ ᠲᠦᠪᠰᠢᠨ ᠤ ᠬᠢᠨᠠᠯᠲᠠ ᠬᠠᠮᠢᠶᠠᠷᠤᠯᠲᠠ ᠶᠢᠨ ᠴᠢᠬᠤᠯᠠ ᠶᠡᠭᠡ ᠲᠥᠷᠥ ᠶᠢᠨ | ᠪᠣᠳᠣᠯᠭ᠎ᠠ ᠶᠢ ᠰᠤᠳᠤᠯᠤᠨ᠎ᠠ ᠃ ᠲᠣᠮᠢᠯᠠᠭᠰᠠᠨ ᠪᠠᠶᠢᠭᠤᠯᠤᠯᠭ᠎ᠠ ᠶᠢ ᠰᠢᠮᠳᠠᠭᠤᠯᠵᠤ ᠪᠠᠶᠢᠭᠠᠳ ᠵᠠᠰᠠᠭ ᠵᠠᠬᠢᠷᠭᠠᠨ ᠤ | ᠵᠥᠪᠰᠢᠶᠡᠷᠡᠯ ᠢ ᠬᠠᠤᠯᠢ ᠶᠣᠰᠣᠭᠠᠷ ᠴᠢᠩᠭ᠎ᠠ ᠬᠡᠷᠡᠭᠵᠢᠭᠦᠯᠵᠦ᠂ ᠬᠢᠨᠠᠯᠲᠠ ᠲᠠᠯᠪᠢᠵᠤ ᠬᠠᠮᠢᠶᠠᠷᠬᠤ ᠬᠠᠷᠢᠭᠤᠴᠠᠯᠭ᠎ᠠ ᠶᠢ | ᠭᠦᠢᠴᠡᠳᠭᠡᠨ᠂ ᠬᠠᠤᠯᠢ ᠠᠴᠠ ᠵᠥᠷᠢᠴᠡᠭᠰᠡᠨ ᠪᠠ ᠵᠦᠶ ᠵᠣᠬᠢᠰ ᠦᠭᠡᠢ ᠦᠢᠯᠡ ᠠᠵᠢᠯᠯᠠᠭ᠎ᠠ ᠶᠢ ᠴᠠᠭ ᠲᠤᠬᠠᠶ ᠳᠤᠨᠢ | ᠣᠯᠵᠤ ᠮᠡᠳᠡᠨ ᠵᠠᠯᠠᠷᠠᠭᠤᠯᠬᠤ ᠬᠡᠷᠡᠭᠲᠡᠶ᠃ | ︵ᠨᠠᠢᠮᠠ︶ ᠡᠮ ᠤᠨ ᠵᠦᠢᠯ ᠵᠠᠰᠠᠯ ᠴᠢᠮᠡᠭ ᠤᠨ ᠡᠳ᠋ ᠤᠨ ᠬᠢᠨᠠᠯᠲᠠ ᠬᠠᠮᠢᠶᠠᠷᠤᠯᠲᠠ ᠶᠢᠨ ᠳᠠᠰᠤᠭ | ᠬᠠᠤᠯᠢ ᠴᠠᠭᠠᠵᠠ ᠬᠠᠤᠯᠢ ᠲᠣᠭᠲᠠᠭᠠᠯ ᠤᠨ ᠲᠣᠭᠲᠠᠭᠠᠯ ᠶᠣᠰᠣᠭᠠᠷ ᠡᠮ ᠤᠨ ᠵᠦᠢᠯ ᠢ ᠳᠠᠩᠰᠠᠯᠠᠭᠤᠯᠬᠤ ᠪᠠ | ᠬᠡᠰᠡᠭ ᠵᠠᠰᠠᠯ ᠴᠢᠮᠡᠭ ᠤᠨ ᠵᠠᠰᠠᠭ ᠵᠠᠬᠢᠷᠭᠠᠨ ᠤ ᠵᠥᠪᠰᠢᠶᠡᠷᠡᠯ ᠢ ᠭᠦᠢᠴᠡᠳᠭᠡᠨ᠎ᠡ᠄ ᠡᠮ ᠤᠨ ᠵᠦᠢᠯ ᠵᠠᠰᠠᠯ ᠴᠢᠮᠡᠭ ᠤᠨ | ᠡᠳ᠋ ᠤᠨ ᠠᠮᠤᠷ ᠲᠦᠪᠰᠢᠨ ᠤ ᠬᠢᠨᠠᠯᠲᠠ ᠬᠠᠮᠢᠶᠠᠷᠤᠯᠲᠠ ᠶᠢᠨ ᠴᠢᠬᠤᠯᠠ ᠶᠡᠭᠡ ᠲᠥᠷᠥ ᠶᠢᠨ ᠪᠣᠳᠣᠯᠭ᠎ᠠ ᠶᠢ | ᠰᠤᠳᠤᠯᠤᠨ᠎ᠠ ᠃ ᠡᠮᠲᠦ ᠪᠣᠳᠠᠰ ᠤᠨ ᠡᠮᠴᠢᠯᠡᠭᠡᠨ ᠤ ᠪᠤᠰᠤ ᠰᠤᠳᠤᠯᠤᠯ᠂ ᠡᠮᠲᠦ ᠪᠣᠳᠠᠰ ᠤᠨ ᠡᠮᠴᠢᠯᠡᠭᠡᠨ ᠤ | ᠲᠤᠷᠰᠢᠯᠲᠠ ᠶᠢᠨ ᠶᠠᠰᠤ ᠴᠢᠨᠠᠷ ᠤᠨ ᠬᠠᠮᠢᠶᠠᠷᠤᠯᠲᠠ ᠶᠢᠨ ᠵᠢᠷᠤᠮᠵᠢᠯ᠂ ᠬᠢᠲᠠᠳ ᠡᠮ ᠤᠨ ᠴᠢᠨᠠᠬᠤ ᠡᠮ ᠤᠨ | ᠵᠢᠷᠤᠮᠵᠢᠯ ᠢ ᠬᠢᠨᠠᠨ ᠡᠵᠡᠩᠨᠡᠨ ᠬᠡᠷᠡᠭᠵᠢᠭᠦᠯᠵᠦ᠂ ᠬᠢᠲᠠᠳ ᠡᠮ ᠤᠨ ᠲᠥᠷᠥᠯ ᠵᠦᠢᠯ ᠢ ᠬᠠᠮᠠᠭᠠᠯᠠᠬᠤ ᠳᠦᠷᠢᠮ ᠢ | ᠬᠡᠷᠡᠭᠵᠢᠭᠦᠯᠦᠨ᠎ᠡ ᠃ ᠡᠮ ᠤᠨ ᠵᠦᠢᠯ᠂ ᠵᠠᠰᠠᠯ ᠴᠢᠮᠡᠭ ᠤᠨ ᠡᠳ᠋ ᠤᠨ ᠠᠶᠤᠯ ᠦᠭᠡᠢ ᠶᠢᠨ ᠪᠠᠶᠢᠳᠠᠯ᠂ ᠣᠷᠣᠰᠢᠵᠤ | ᠪᠠᠶᠢᠭ᠎ᠠ ᠠᠰᠠᠭᠤᠳᠠᠯ ᠢ ᠡᠵᠡᠮᠰᠢᠨ ᠵᠠᠳᠠᠯᠬᠤ ᠶᠢᠨ ᠬᠠᠮᠲᠤ ᠳᠦᠷᠢᠮ ᠲᠣᠭᠲᠠᠴᠠ ᠶᠢ ᠲᠡᠭᠦᠯᠳᠡᠷᠵᠢᠭᠦᠯᠬᠦ ᠪᠠ ᠠᠵᠢᠯ ᠢ | ᠬᠠᠯᠠᠨ ᠰᠠᠶᠢᠵᠢᠷᠠᠭᠤᠯᠬᠤ ᠰᠠᠨᠠᠭᠤᠯᠭ᠎ᠠ ᠶᠢ ᠳᠤᠷᠠᠳᠤᠨ᠎ᠠ᠄ ᠲᠣᠮᠢᠯᠠᠭᠰᠠᠨ ᠪᠠᠶᠢᠭᠤᠯᠤᠯᠭ᠎ᠠ ᠶᠢ ᠰᠢᠮᠳᠠᠭᠤᠯᠵᠤ ᠪᠠᠶᠢᠭᠠᠳ | ᠵᠠᠰᠠᠭ ᠵᠠᠬᠢᠷᠭᠠᠨ ᠤ ᠵᠥᠪᠰᠢᠶᠡᠷᠡᠯ ᠢ ᠬᠠᠤᠯᠢ ᠶᠣᠰᠣᠭᠠᠷ ᠴᠢᠩᠭ᠎ᠠ ᠬᠡᠷᠡᠭᠵᠢᠭᠦᠯᠵᠦ᠂ ᠬᠢᠨᠠᠯᠲᠠ ᠲᠠᠯᠪᠢᠵᠤ ᠬᠠᠮᠢᠶᠠᠷᠬᠤ | ᠬᠠᠷᠢᠭᠤᠴᠠᠯᠭ᠎ᠠ ᠶᠢ ᠭᠦᠢᠴᠡᠳᠬᠡᠨ᠂ ᠬᠠᠤᠯᠢ ᠠᠴᠠ ᠵᠥᠷᠢᠴᠡᠭᠰᠡᠨ ᠪᠠ ᠵᠣᠬᠢᠰ ᠥᠬᠡᠶ ᠦᠢᠯᠡ ᠠᠵᠢᠯᠯᠠᠭ᠎ᠠ ᠶᠢ ᠴᠠᠭ | ᠲᠤᠬᠠᠢ ᠲᠤᠨᠢ ᠣᠯᠵᠤ ᠮᠡᠳᠡᠨ ᠵᠠᠯᠠᠷᠠᠭᠤᠯᠬᠤ ᠬᠡᠷᠡᠭᠲᠡᠢ ᠃ ᠰᠠᠴᠤᠷᠠᠭ ᠴᠢᠨᠠᠷᠲᠠᠶ ᠡᠮ ᠤᠨ ᠵᠦᠢᠯ᠂ ᠴᠠᠷᠠᠰᠤᠨ | ᠡᠮ ᠤᠨ ᠵᠦᠢᠯ᠂ ᠬᠤᠤᠷᠲᠤ ᠴᠢᠨᠠᠷᠲᠠᠶ ᠡᠮ ᠤᠨ ᠵᠦᠢᠯ ᠵᠢᠴᠢ ᠮᠡᠳᠡᠷᠡᠯ ᠤᠨ ᠡᠮ ᠤᠨ ᠵᠦᠢᠯ᠂ ᠡᠮ ᠤᠨ ᠵᠦᠢᠯ ᠤᠨ | ᠲᠥᠷᠥᠯ ᠤᠨ ᠬᠤᠤᠷᠲᠤ ᠡᠳ᠋ ᠦᠢᠯᠡᠳᠬᠦ ᠳᠤ ᠠᠮᠠᠷᠬᠠᠨ ᠬᠢᠮᠢ ᠶᠢᠨ ᠵᠦᠢᠯ ᠳᠤ ᠬᠢᠨᠠᠯᠲᠠ ᠲᠠᠯᠪᠢᠵᠤ ᠬᠠᠮᠢᠶᠠᠷᠬᠤ | ᠠᠵᠢᠯ ᠢ ᠡᠭᠦᠷᠭᠡᠯᠡᠨ᠎ᠡ ᠃ ᠠᠵᠢᠯ ᠡᠷᠬᠢᠯᠡᠬᠦ ᠡᠮ ᠨᠠᠶᠢᠷᠠᠭᠴᠢ ᠶᠢᠨ ᠳᠠᠩᠰᠠᠯᠠᠭᠤᠯᠬᠤ ᠠᠵᠢᠯ ᠳᠤ ᠬᠢᠨᠠᠯᠲᠠ ᠲᠠᠯᠪᠢᠬᠤ | ᠪᠠ ᠵᠢᠯᠣᠭᠤᠳᠤᠨ᠎ᠠ᠃ | ︵ᠶᠢᠰᠦ︶ ᠡᠮᠴᠢᠯᠡᠭᠡᠨ ᠤ ᠪᠠᠭᠠᠵᠢ ᠬᠡᠷᠡᠭᠰᠡᠯ ᠤᠨ ᠬᠢᠨᠠᠯᠲᠠ ᠬᠠᠮᠢᠶᠠᠷᠤᠯᠲᠠ ᠶᠢᠨ ᠲᠠᠰᠤᠭ | ᠬᠠᠤᠯᠢ ᠴᠠᠭᠠᠵᠠ ᠬᠠᠤᠯᠢ ᠲᠣᠭᠲᠠᠭᠠᠯ ᠳᠤ ᠲᠣᠭᠲᠠᠭᠠᠭᠰᠠᠨ ᠨᠥᠬᠦᠴᠡᠯ ᠪᠠ ᠳᠡᠰ ᠳᠠᠷᠠᠭᠠᠯᠠᠯ ᠢ ᠴᠢᠩᠭ᠎ᠠ | ᠵᠢᠷᠤᠮᠯᠠᠨ ᠭᠤᠷᠪᠠᠳᠤᠭᠠᠷ ᠲᠥᠷᠥᠯ᠂ ᠭᠠᠳᠠᠭᠠᠳᠤ ᠠᠴᠠ ᠣᠷᠣᠭᠤᠯᠬᠤ ᠡᠮᠴᠢᠯᠡᠭᠡᠨ ᠤ ᠪᠠᠭᠠᠵᠢ ᠬᠡᠷᠡᠭᠰᠡᠯ ᠤᠨ | ᠦᠢᠯᠡᠳᠭᠦᠨ ᠢ ᠳᠠᠩᠰᠠᠯᠠᠭᠤᠯᠬᠤ ᠶᠢᠨ ᠬᠠᠮᠲᠤ ᠵᠣᠬᠢᠬᠤ ᠬᠠᠷᠢᠭᠤᠴᠠᠯᠭ᠎ᠠ ᠡᠭᠦᠷᠭᠡᠯᠡᠵᠦ᠂ ᠳᠠᠩᠰᠠᠯᠠᠨ ᠬᠠᠮᠢᠶᠠᠷᠬᠤ | ᠴᠤᠪᠤᠷᠠᠯ ᠢ ᠰᠢᠯᠢᠳᠡᠭᠵᠢᠭᠦᠯᠦᠨ᠂ ᠲᠥᠷᠥᠯ ᠬᠤᠪᠢᠶᠠᠨ ᠬᠠᠮᠢᠶᠠᠷᠬᠤ ᠶᠢ ᠵᠣᠬᠢᠶᠠᠨ ᠪᠠᠶᠢᠭᠤᠯᠤᠨ ᠬᠡᠷᠡᠭᠵᠢᠭᠦᠯᠦᠨ᠎ᠡ᠄ | ᠡᠮᠴᠢᠯᠡᠭᠡᠨ ᠤ ᠪᠠᠭᠠᠵᠢ ᠬᠡᠷᠡᠭᠰᠡᠯ ᠤᠨ ᠠᠮᠤᠷ ᠲᠦᠪᠰᠢᠨ ᠤ ᠬᠢᠨᠠᠯᠲᠠ ᠬᠠᠮᠢᠶᠠᠷᠤᠯᠲᠠ ᠶᠢᠨ ᠴᠢᠬᠤᠯᠠ ᠶᠡᠭᠡ | ᠲᠥᠷᠥ ᠶᠢᠨ ᠪᠣᠳᠣᠯᠭ᠎ᠠ ᠶᠢ ᠰᠤᠳᠤᠯᠤᠨ᠎ᠠ᠃ ᠡᠮᠴᠢᠯᠡᠭᠡᠨ ᠤ ᠪᠠᠭᠠᠵᠢ ᠬᠡᠷᠡᠭᠰᠡᠯ ᠤᠨ ᠶᠠᠰᠤ ᠴᠢᠨᠠᠷ ᠤᠨ | ᠬᠠᠮᠢᠶᠠᠷᠤᠯᠲᠠ ᠶᠢᠨ ᠵᠢᠷᠤᠮᠵᠢᠯ ᠢ ᠬᠢᠨᠠᠯᠲᠠ ᠲᠠᠯᠪᠢᠨ ᠬᠡᠷᠡᠭᠵᠢᠭᠦᠯᠦᠨ᠎ᠡ᠃ ᠡᠮᠴᠢᠯᠡᠭᠡᠨ ᠤ ᠪᠠᠭᠠᠵᠢ ᠬᠡᠷᠡᠭᠰᠡᠯ ᠤᠨ ᠠᠮᠤᠷ | ᠲᠦᠪᠰᠢᠨ ᠤ ᠪᠠᠶᠢᠳᠠᠯ᠂ ᠣᠷᠣᠰᠢᠵᠤ ᠪᠠᠶᠢᠭ᠎ᠠ ᠠᠰᠠᠭᠤᠳᠠᠯ ᠢ ᠡᠵᠡᠮᠰᠢᠨ ᠵᠠᠳᠠᠯᠬᠤ ᠶᠢᠨ ᠬᠠᠮᠲᠤ ᠳᠦᠷᠢᠮ | ᠲᠣᠭᠲᠠᠴᠠ ᠶᠢ ᠲᠡᠭᠦᠯᠳᠡᠷᠵᠢᠭᠦᠯᠬᠦ ᠪᠠ ᠠᠵᠢᠯ ᠢᠶᠠᠨ ᠰᠠᠶᠢᠵᠢᠷᠠᠭᠤᠯᠬᠤ ᠰᠠᠨᠠᠭᠤᠯᠭ᠎ᠠ ᠳᠤᠷᠠᠳᠤᠨ᠎ᠠ᠃ ᠲᠣᠮᠢᠯᠠᠭᠰᠠᠨ | ᠪᠠᠶᠢᠭᠤᠯᠤᠯᠭ᠎ᠠ ᠶᠢᠨ ᠵᠠᠰᠠᠭ ᠵᠠᠬᠢᠷᠭᠠᠨ ᠤ ᠵᠥᠪᠰᠢᠶᠡᠷᠡᠯ ᠢ ᠬᠠᠤᠯᠢ ᠶᠣᠰᠣᠭᠠᠷ ᠴᠢᠩᠭ᠎ᠠ ᠬᠡᠷᠡᠭᠵᠢᠭᠦᠯᠬᠦ᠂ ᠬᠢᠨᠠᠯᠲᠠ | ᠲᠠᠯᠪᠢᠵᠤ ᠬᠠᠮᠢᠶᠠᠷᠬᠤ ᠬᠠᠷᠢᠭᠤᠴᠠᠯᠭ᠎ᠠ ᠪᠠᠨ ᠭᠦᠢᠴᠡᠳᠭᠡᠬᠦ ᠶᠢ ᠰᠢᠮᠳᠠᠭᠤᠯᠵᠤ᠂ ᠬᠠᠤᠯᠢ ᠠᠴᠠ ᠵᠥᠷᠢᠴᠡᠭᠰᠡᠨ ᠪᠠ | ᠵᠦᠶ ᠵᠣᠬᠢᠰ ᠦᠭᠡᠢ ᠦᠢᠯᠡ ᠠᠵᠢᠯᠯᠠᠭ᠎ᠠ ᠶᠢ ᠴᠠᠭ ᠲᠤᠬᠠᠶ ᠳᠤᠨᠢ ᠣᠯᠵᠤ ᠮᠡᠳᠡᠨ ᠵᠠᠯᠠᠷᠠᠭᠤᠯᠬᠤ ᠬᠡᠷᠡᠭᠲᠡᠶ᠃ | ︵ᠠᠷᠪᠠ︶ ᠢᠳᠡᠭᠡᠨ ᠪᠠ ᠡᠮ ᠤᠨ ᠵᠦᠢᠯ ᠢ ᠪᠠᠶᠢᠴᠠᠭᠠᠬᠤ ᠲᠣᠪᠴᠢᠶ᠎ᠠ | ᠢᠳᠡᠭᠡᠨ ᠤ ᠵᠦᠢᠯ ᠡᠮ ᠤᠨ ᠵᠦᠢᠯ ᠤᠨ ᠠᠶᠤᠯᠭᠦᠶ ᠶᠢᠨ ᠬᠠᠤᠯᠢ ᠠᠴᠠ ᠵᠥᠷᠢᠴᠡᠭᠰᠡᠨ ᠬᠦᠨᠳᠦ ᠶᠡᠭᠡ ᠬᠡᠷᠡᠭ ᠢ | ᠵᠣᠬᠢᠶᠠᠨ ᠪᠠᠶᠢᠭᠤᠯᠤᠨ ᠪᠠᠶᠢᠴᠠᠭᠠᠨ ᠰᠢᠢᠳᠪᠦᠷᠢᠯᠡᠨ᠎ᠡ᠃ ᠵᠠᠬ᠎ᠠ ᠳᠡᠯᠭᠡᠭᠦᠷ ᠤᠨ ᠬᠠᠤᠯᠢ ᠬᠡᠷᠡᠭᠵᠢᠭᠦᠯᠬᠦ ᠠᠵᠢᠯ ᠢ | ᠵᠢᠯᠣᠭᠤᠳᠬᠤ ᠪᠠ ᠲᠡᠭᠦᠨ ᠳᠤ ᠬᠢᠨᠠᠯᠲᠠ ᠲᠠᠯᠪᠢᠵᠤ᠂ ᠵᠠᠰᠠᠭ ᠵᠠᠬᠢᠷᠭᠠᠨ ᠤ ᠬᠠᠤᠯᠢ ᠬᠡᠷᠡᠭᠵᠢᠭᠦᠯᠬᠦ ᠠᠵᠢᠯᠯᠠᠭ᠎ᠠ ᠶᠢ | ᠵᠢᠷᠤᠮᠵᠢᠭᠤᠯᠤᠨ᠂ ᠵᠠᠰᠠᠭ ᠵᠠᠬᠢᠷᠭᠠᠨ ᠤ ᠬᠠᠤᠯᠢ ᠬᠡᠷᠡᠭᠵᠢᠭᠦᠯᠬᠦ ᠪᠠ ᠡᠷᠡᠭᠦᠤ ᠶᠢᠨ ᠬᠡᠷᠡᠭ ᠤᠨ ᠬᠠᠤᠯᠢ ᠪᠠᠷᠢᠬᠤ ᠶᠢ | ᠵᠣᠯᠭᠠᠯᠳᠤᠭᠤᠯᠬᠤ ᠲᠣᠭᠲᠠᠴᠠ ᠶᠢ ᠲᠡᠭᠦᠯᠳᠡᠷᠵᠢᠭᠦᠯᠬᠦ ᠶᠢ ᠲᠦᠯᠬᠢᠨ ᠠᠬᠢᠭᠤᠯᠤᠨ᠎ᠠ᠃ ᠠᠰᠠᠭᠤᠳᠠᠯ ᠲᠠᠢ ᠦᠢᠯᠡᠳᠬᠦᠨ | ᠢ ᠡᠭᠡᠭᠦᠯᠦᠨ ᠪᠤᠴᠠᠭᠠᠨ ᠠᠪᠴᠢᠷᠠᠬᠤ ᠪᠠ ᠰᠢᠢᠳᠪᠦᠷᠢᠯᠡᠯᠲᠡ ᠳᠤ ᠬᠢᠨᠠᠯᠲᠠ ᠲᠠᠯᠪᠢᠨ᠎ᠠ᠃ ᠢᠳᠡᠭᠡᠨ ᠪᠠ ᠡᠮ ᠤᠨ | ᠵᠦᠢᠯ ᠤᠨ ᠵᠠᠭᠠᠯᠳᠤᠵᠤ ᠢᠯᠡᠴᠢᠯᠡᠨ ᠮᠡᠳᠡᠭᠦᠯᠬᠦ ᠠᠵᠢᠯ ᠢ ᠬᠦᠯᠢᠶᠡᠨ ᠠᠪᠴᠤ ᠰᠢᠢᠳᠪᠦᠷᠢᠯᠡᠨ᠂ 12331 | ᠵᠠᠭᠠᠯᠳᠤᠵᠤ ᠢᠯᠡᠴᠢᠯᠡᠨ ᠮᠡᠳᠡᠭᠦᠯᠬᠦ ᠲᠠᠪᠴᠠᠩ ᠤᠨ ᠠᠵᠢᠯ ᠢ ᠬᠠᠮᠢᠶᠠᠷᠤᠨ᠎ᠠ᠃ ᠣᠷᠣᠨ ᠨᠤᠲᠤᠭ ᠤᠨ ᠡᠮ ᠤᠨ ᠵᠦᠢᠯ | ᠂ ᠡᠮᠴᠢᠯᠡᠭᠡᠨ ᠤ ᠪᠠᠭᠠᠵᠢ ᠬᠡᠷᠡᠭᠰᠡᠯ᠂ ᠡᠷᠡᠭᠦᠯᠵᠢᠯ ᠡᠳ᠋ ᠤᠨ ᠵᠠᠷ ᠮᠡᠳᠡᠭᠡ ᠶᠢᠨ ᠬᠢᠨᠠᠨ ᠪᠠᠶᠢᠴᠠᠭᠠᠬᠤ ᠠᠵᠢᠯ ᠢ | ᠵᠢᠯᠣᠭᠤᠳᠤᠨ᠎ᠠ᠃ | ︵ᠠᠷᠪᠠᠨ ᠨᠢᠭᠡ︶ ᠨᠠᠮ ᠠᠴᠠ ᠡᠷᠬᠢᠯᠡᠬᠦ | ᠨᠠᠮ ᠤᠨ ᠡᠷᠬᠢᠯᠡᠭᠰᠡᠨ ᠡᠳᠦᠷ ᠲᠤᠲᠤᠮ ᠤᠨ ᠠᠵᠢᠯ ᠵᠢᠴᠢ ᠵᠣᠬᠢᠶᠠᠨ ᠪᠠᠶᠢᠭᠤᠯᠤᠯᠲᠠ᠂ ᠺᠠᠳ᠋ᠷ᠂ ᠠᠵᠢᠯᠲᠠᠨ ᠤ | ᠶᠠᠪᠤᠳᠠᠯ᠂ ᠤᠬᠠᠭᠤᠯᠭ᠎ᠠ᠂ ᠡᠪ ᠬᠠᠮᠲᠤ ᠵᠠᠯᠠᠭᠤᠴᠤᠳ ᠤᠨ ᠡᠪᠯᠡᠯ ᠵᠡᠷᠭᠡ ᠠᠵᠢᠯ ᠢ ᠬᠠᠷᠢᠭᠤᠴᠠᠨ᠎ᠠ᠃ | ︵ᠠᠷᠪᠠᠨ ᠬᠤᠶᠠᠷ︶ ᠵᠠᠰᠠᠭ ᠵᠠᠬᠢᠷᠭᠠᠨ ᠤ ᠵᠥᠪᠰᠢᠶᠡᠷᠡᠯ ᠢ ᠬᠢᠨᠠᠨ ᠵᠥᠪᠰᠢᠶᠡᠷᠡᠬᠦ ᠠᠯᠪᠠᠨ ᠭᠡᠷ | ᠪᠦᠬᠦ ᠲᠤᠭᠤᠷᠢᠭ ᠤᠨ ᠢᠳᠡᠭᠡᠨ ᠪᠠ ᠡᠮ ᠤᠨ ᠵᠦᠢᠯ ᠤᠨ ᠵᠠᠰᠠᠭ ᠵᠠᠬᠢᠷᠭᠠᠨ ᠤ ᠵᠥᠪᠰᠢᠶᠡᠷᠡᠯ ᠢ ᠬᠢᠨᠠᠨ | ᠵᠥᠪᠰᠢᠶᠡᠷᠡᠬᠦ ᠠᠵᠢᠯ ᠢ ᠬᠠᠷᠢᠭᠤᠴᠠᠨ᠎ᠠ᠃ | ᠠᠵᠢᠯᠯᠠᠬᠤ ᠬᠠᠶ᠋ᠢᠭ᠄ ᠬᠤᠷᠴᠢᠨ ᠲᠣᠭᠤᠷᠢᠭ ᠤᠨ ᠬᠤᠤᠯᠢᠨ ᠭᠤᠤᠯ ᠶᠡᠭᠡ ᠵᠡᠭᠡᠯᠢ ᠶᠢᠨ 1786 ᠳ᠋ᠤᠭᠠᠷ | ᠬᠤᠷᠴᠢᠨ ᠲᠣᠭᠤᠷᠢᠭ ᠤᠨ ᠣᠢ ᠰᠢᠭᠤᠶ ᠶᠢᠨ ᠲᠣᠮᠣ ᠠᠰᠠᠷ ᠤᠨ 5 — 6 ᠳ᠋ᠤᠭᠠᠷ ᠠᠰᠠᠷ | ᠠᠯᠪᠠᠨ ᠤᠲᠠᠰᠤ᠄ 8210045 | | | | | |