ᠮᠡᠳᠡᠭᠡ ᠵᠠᠩᠭᠢᠵᠢᠯᠲᠠ ᠶᠢᠨ ᠠᠬᠢᠭᠤᠯᠬᠤ ᠲᠥᠪ
ᠨᠡᠶᠢᠲᠡᠯᠡᠭᠰᠡᠨ ᠴᠠᠭ᠄
2019-09-19
 ᠨᠢᠭᠡ᠂ ᠠᠵᠢᠯ ᠤᠨ ᠡᠭᠦᠷᠭᠡ ᠬᠠᠷᠢᠭᠤᠴᠠᠯᠭ᠎ᠠ    ︵ᠨᠢᠭᠡ︶ ᠬᠤᠷᠴᠢᠨ ᠲᠣᠭᠤᠷᠢᠭ ᠤᠨ ᠮᠡᠳᠡᠭᠡ ᠵᠠᠩᠭᠢᠵᠢᠯᠲᠠ ᠶᠢᠨ ᠬᠥᠭᠵᠢᠯᠲᠡ ᠶᠢᠨ ᠲᠥᠯᠥᠪᠵᠢᠭᠦᠯᠭᠡ ᠶᠢ ᠵᠣᠬᠢᠶᠠᠨ ᠪᠠᠢᠭᠤᠯᠤᠨ ᠲᠣᠭᠲᠠᠭᠠᠵᠤ᠂  ᠬᠤᠷᠴᠢᠨ ᠲᠣᠭᠤᠷᠢᠭ ᠤᠨ ᠦᠨᠳᠦᠰᠦᠨ ᠱᠠᠲᠤᠨ ᠤ ᠮᠡᠳᠡᠭᠡ ᠵᠠᠩᠭᠢᠵᠢᠯᠲᠠ ᠶᠢᠨ ᠠᠵᠢᠯ ᠢ ᠵᠢᠯᠣᠭᠤᠳᠴᠤ᠂ ᠰᠢᠮᠳᠠᠭᠤᠯᠵᠤ᠂ ᠪᠠᠶᠢᠴᠠᠭᠠᠨ᠎ᠠ᠃     ︵ᠬᠤᠶᠠᠷ︶ ᠮᠡᠳᠡᠭᠡ ᠵᠠᠩᠭᠢ ᠶᠢᠨ ᠵᠠᠬ᠎ᠠ ᠳᠡᠯᠭᠡᠭᠦᠷ ᠲᠤ ᠠᠵᠢᠯ ᠲᠥᠷᠥᠯ ᠤᠨ ᠬᠠᠮᠢᠶᠠᠷᠤᠯᠲᠠ ᠶᠢ ᠬᠡᠷᠡᠭᠵᠢᠭᠦᠯᠬᠦ ᠶᠢ ᠬᠠᠷᠢᠭᠤᠴᠠᠵᠤ᠂ ᠮᠡᠳᠡᠭᠡ ᠵᠠᠩᠭᠢ ᠶᠢᠨ ᠠᠵᠤ ᠠᠬᠤᠶᠢᠯᠠᠯ ᠳᠤ ᠬᠢᠷᠢ ᠭᠡᠮ ᠤᠨ ᠬᠢᠨᠠᠨ ᠰᠢᠯᠭᠠᠯᠲᠠ ᠪᠠ ᠪᠠᠶᠢᠴᠠᠭᠠᠯᠲᠠ ᠬᠢᠨ᠎ᠡ᠃ ᠬᠤᠯᠪᠣᠭᠳᠠᠯ ᠪᠦᠬᠦᠢ ᠮᠡᠳᠡᠭᠡ ᠵᠠᠩᠭᠢ ᠶᠢᠨ ᠮᠡᠷᠭᠡᠵᠢᠯ ᠪᠠ ᠬᠡᠷᠡᠭᠯᠡᠭᠡᠨ ᠤ ᠪᠠᠷᠢᠮᠵᠢᠶ᠎ᠠ ᠶᠢ ᠵᠣᠬᠢᠶᠠᠨ ᠪᠠᠶᠢᠭᠤᠯᠵᠤ ᠵᠣᠬᠢᠴᠠᠭᠤᠯᠬᠤ᠂ ᠲᠣᠭᠲᠠᠭᠠᠬᠤ ᠪᠠ ᠳᠡᠯᠭᠡᠷᠡᠭᠦᠯᠬᠦ᠃    ︵ᠭᠤᠷᠪᠠ︶ ᠵᠠᠰᠠᠭ ᠤᠨ ᠣᠷᠳᠣᠨ ᠤ ᠡᠭᠦᠳᠡᠨ ᠰᠦᠯᠵᠢᠶᠡᠨ ᠤ ᠥᠷᠲᠡᠭᠡ ᠶᠢᠨ ᠪᠦᠲᠦᠭᠡᠨ ᠪᠠᠶᠢᠭᠤᠯᠬᠤ᠂ ᠰᠢᠨᠡᠳᠬᠡᠬᠦ᠂ ᠬᠠᠮᠠᠭᠠᠯᠠᠬᠤ ᠶᠢ ᠬᠠᠷᠢᠭᠤᠴᠠᠵᠤ᠂ ᠡᠯ᠎ᠡ ᠰᠠᠯᠠᠭ᠎ᠠ ᠮᠥᠴᠢᠷ ᠤᠨ ᠰᠦᠯᠵᠢᠶᠡᠨ ᠤ ᠥᠷᠲᠡᠭᠡ ᠶᠢᠨ ᠪᠦᠲᠦᠭᠡᠨ ᠪᠠᠶᠢᠭᠤᠯᠤᠯᠲᠠ ᠪᠠ ᠬᠠᠮᠢᠶᠠᠷᠤᠯᠲᠠ ᠶᠢᠨ ᠠᠵᠢᠯ ᠢ ᠵᠢᠯᠣᠭᠤᠳᠴᠤ᠂ ᠵᠣᠬᠢᠴᠠᠭᠤᠯᠵᠤ᠂ ᠬᠢᠨᠠᠯᠲᠠ ᠲᠠᠯᠪᠢᠵᠤ ᠂ ᠰᠦᠯᠵᠢᠶᠡᠨ ᠳᠡᠭᠡᠷᠡᠬᠢ ᠵᠠᠰᠠᠭ ᠤᠨ ᠣᠷᠳᠣᠨ ᠤ ᠮᠡᠳᠡᠭᠡ ᠵᠠᠩᠭᠢ ᠶᠢ ᠢᠯᠡ ᠪᠣᠯᠭᠠᠬᠤ ᠠᠵᠢᠯ ᠢ ᠥᠷᠨᠢᠭᠦᠯᠦᠨ᠎ᠡ᠃    ︵ᠳᠦᠷᠪᠡ︶ ᠪᠥᠬᠦ ᠲᠤᠭᠤᠷᠢᠭ ᠤᠨ ᠺᠣᠮᠫᠢᠦ᠋ᠲ᠋ᠧᠷ ᠤᠨ ᠲᠣᠤᠷ ᠰᠦᠯᠵᠢᠶ᠎ᠡ ᠶᠢᠨ ᠬᠠᠷᠢᠯᠴᠠᠨ ᠬᠤᠯᠪᠣᠭᠠᠯᠠᠬᠤ᠂ ᠮᠡᠳᠡᠭᠡ ᠵᠠᠩᠭᠢ ᠶᠢᠨ ᠡᠬᠢ ᠪᠠᠶᠠᠯᠢᠭ ᠢ ᠨᠡᠭᠡᠭᠡᠨ ᠠᠰᠢᠭᠯᠠᠬᠤ ᠠᠵᠢᠯ ᠢ ᠬᠠᠷᠢᠭᠤᠴᠠᠨ ᠵᠣᠬᠢᠶᠠᠨ ᠪᠠᠶᠢᠭᠤᠯᠤᠨ᠎ᠠ᠃  ᠲᠤᠭᠤᠷᠢᠭ ᠤᠨ ᠰᠢᠭᠤᠳ ᠬᠠᠷᠢᠶ᠎ᠠ ᠪᠠᠶᠢᠭᠤᠯᠤᠯᠭ᠎ᠠ᠂ ᠲᠤᠭᠤᠷᠢᠭ ᠤᠨ ᠬᠠᠷᠢᠶ᠎ᠠ ᠠᠵᠤ ᠠᠬᠤᠶᠢᠯᠠᠯ ᠠᠵᠢᠯ ᠦᠢᠯᠡᠰ ᠤᠨ ᠨᠢᠭᠡᠴᠡ ᠶᠢᠨ ᠮᠡᠳᠡᠭᠡ ᠵᠠᠩᠭᠢ ᠳᠠᠮᠵᠢᠭᠤᠯᠬᠤ ᠰᠦᠯᠵᠢᠶ᠎ᠡ ᠶᠢᠨ ᠵᠢᠷᠤᠭ ᠲᠥᠯᠥᠪᠯᠡᠭᠡ ᠶᠢ ᠵᠣᠬᠢᠶᠠᠨ ᠪᠠᠶᠢᠭᠤᠯᠬᠤ᠂ ᠵᠣᠬᠢᠴᠠᠭᠤᠯᠬᠤ ᠶᠢ ᠬᠠᠷᠢᠭᠤᠴᠠᠨ᠎ᠠ᠃    ︵ᠲᠠᠪᠤ︶ ᠮᠡᠳᠡᠭᠡ ᠵᠠᠩᠭᠢᠵᠢᠯᠲᠠ ᠶᠢᠨ ᠪᠦᠲᠦᠭᠡᠨ ᠪᠠᠶᠢᠭᠤᠯᠤᠯᠲᠠ ᠳᠤ ᠬᠤᠯᠪᠣᠭᠳᠠᠬᠤ ᠵᠠᠰᠠᠭ ᠵᠠᠬᠢᠷᠭᠠᠨ ᠤ ᠳᠦᠷᠢᠮ ᠲᠣᠭᠲᠠᠭᠠᠯ ᠢ ᠲᠤᠭᠤᠷᠪᠢᠨ ᠲᠣᠭᠲᠠᠭᠠᠬᠤ ᠶᠢ ᠬᠠᠷᠢᠭᠤᠴᠠᠨ᠎ᠠ᠃    ︵ᠵᠢᠷᠭᠤᠭ᠎ᠠ︶  ᠲᠤᠭᠤᠷᠢᠭ ᠤᠨ ᠮᠡᠳᠡᠭᠡ ᠵᠠᠩᠭᠢᠵᠢᠭᠤᠯᠤᠯᠲᠠ ᠶᠢᠨ ᠤᠬᠠᠭᠤᠯᠭ᠎ᠠ᠂ ᠮᠡᠳᠡᠭᠡ ᠵᠠᠩᠭᠢ ᠶᠢᠨ ᠠᠵᠢᠯᠲᠠᠨ ᠤ ᠪᠣᠯᠪᠠᠰᠤᠷᠠᠭᠤᠯᠤᠯ ᠢ ᠵᠣᠬᠢᠶᠠᠨ ᠪᠠᠶᠢᠭᠤᠯᠤᠨ ᠵᠣᠬᠢᠴᠠᠭᠤᠯᠬᠤ ᠬᠡᠷᠡᠭᠲᠡᠢ  ᠃᡾    ︵ᠳᠣᠯᠤᠭ᠎ᠠ︶  ᠲᠤᠭᠤᠷᠢᠭ ᠤᠨ ᠵᠠᠰᠠᠭ ᠤᠨ ᠤᠷᠳᠤᠨ   ᠤ ᠢᠨᠲ᠋ᠧᠷ ᠰᠦᠯᠵᠢᠶ᠎ᠡ ᠵᠢᠴᠢ ᠡᠯᠧᠺᠲᠷᠣᠨ ᠵᠠᠰᠠᠭ ᠤᠨ ᠶᠠᠪᠤᠳᠠᠯ ᠤᠨ ᠭᠠᠳᠠᠷ ᠰᠦᠯᠵᠢᠶ᠎ᠡ ᠶᠢᠨ ᠪᠦᠲᠦᠴᠡ ᠪᠠ ᠬᠠᠮᠠᠭᠠᠯᠠᠯᠲᠠ ᠶᠢ ᠬᠠᠷᠢᠭᠤᠴᠠᠨ᠎ᠠ᠃    ᠬᠤᠶᠠᠷ᠂ ᠳᠣᠲᠣᠭᠠᠳᠤ ᠶᠢᠨ ᠰᠠᠯᠠᠭ᠎ᠠ ᠲᠠᠰᠤᠭ    ︵ᠨᠢᠭᠡ︶ ᠮᠡᠳᠡᠭᠡ ᠵᠠᠩᠭᠢ ᠶᠢᠨ ᠠᠯᠪᠠᠨ ᠭᠡᠷ ᠤᠨ ᠠᠯᠪᠠᠨ ᠭᠡᠷ᠄    1. ᠤᠳᠤᠷᠢᠳᠤᠯᠭ᠎ᠠ ᠪᠠᠨ ᠬᠠᠪᠰᠤᠷᠤᠨ ᠡᠳᠦᠷ ᠲᠤᠲᠤᠮ ᠤᠨ ᠬᠠᠮᠢᠶᠠᠷᠤᠯᠲᠠ᠂ ᠰᠢᠯᠭᠠᠨ ᠬᠢᠨᠠᠬᠤ ᠵᠢᠴᠢ ᠵᠣᠬᠢᠴᠠᠭᠤᠯᠬᠤ᠂ ᠦᠢᠯᠡᠴᠢᠯᠡᠬᠦ ᠠᠵᠢᠯ ᠢ ᠰᠠᠶᠢᠲᠤᠷ ᠬᠢᠨ᠎ᠡ  ᠃    2. ᠮᠡᠳᠡᠭᠡ ᠵᠠᠩᠭᠢᠵᠢᠯᠲᠠ ᠶᠢᠨ ᠤᠬᠠᠭᠤᠯᠭ᠎ᠠ᠂ ᠮᠡᠳᠡᠭᠡ ᠵᠠᠩᠭᠢ ᠶᠢᠨ ᠠᠵᠢᠯᠲᠠᠨ ᠤ ᠪᠣᠯᠪᠠᠰᠤᠷᠠᠭᠤᠯᠤᠯ ᠢ ᠵᠣᠬᠢᠶᠠᠨ ᠪᠠᠶᠢᠭᠤᠯᠤᠨ ᠵᠣᠬᠢᠴᠠᠭᠤᠯᠤᠨ᠎ᠠ᠃   3. ᠰᠠᠯᠠᠭ᠎ᠠ ᠮᠥᠴᠢᠷ ᠤᠨ ᠨᠡᠷ᠎ᠡ ᠪᠠᠷ ᠠᠯᠪᠠᠨ ᠪᠢᠴᠢᠭ ᠤᠨ ᠮᠠᠲ᠋ᠧᠷᠢᠶᠠᠯ ᠢ ᠬᠢᠨᠠᠨ ᠬᠠᠷᠭᠤᠭᠤᠯᠤᠨ᠎ᠠ᠃ ᠲᠤᠭᠤᠷᠪᠢᠨ ᠪᠢᠴᠢᠬᠦ ᠠᠵᠢᠯ ᠤᠨ ᠳ᠋ᠦᠩᠨᠡᠯᠲᠡ ᠪᠠ ᠲᠥᠯᠥᠪᠯᠡᠭᠡ᠂ ᠤᠳᠤᠷᠢᠳᠤᠯᠭ᠎ᠠ ᠶᠢᠨ ᠶᠠᠷᠢᠶ᠎ᠠ ᠵᠢᠴᠢ ᠬᠤᠯᠪᠣᠭᠳᠠᠯ ᠪᠦᠬᠦᠢ ᠦᠰᠦᠭ ᠪᠢᠴᠢᠭ ᠤᠨ ᠮᠠᠲ᠋ᠧᠷᠢᠶᠠᠯ ᠤᠨ ᠶᠡᠷᠦᠩᠬᠡᠶᠢᠯᠡᠭᠰᠡᠨ ᠠᠵᠢᠯ ᠢ ᠬᠠᠷᠢᠭᠤᠴᠠᠨ᠎ᠠ᠃    ︵ᠬᠤᠶᠠᠷ︶ ᠮᠡᠳᠡᠭᠡ ᠵᠠᠩᠭᠢᠵᠢᠯᠲᠠ ᠶᠢ ᠠᠬᠢᠭᠤᠯᠬᠤ ᠲᠠᠰᠤᠭ᠄    1. ᠤᠯᠤᠰ ᠠᠷᠠᠳ ᠤᠨ ᠠᠵᠤ ᠠᠬᠤᠶ ᠪᠠ ᠨᠡᠶᠢᠭᠡᠮ ᠤᠨ ᠮᠡᠳᠡᠭᠡ ᠵᠠᠩᠭᠢᠵᠢᠯᠲᠠ ᠶᠢᠨ ᠬᠥᠭᠵᠢᠯᠲᠡ ᠶᠢᠨ ᠴᠢᠭᠯᠡᠯᠲᠡ ᠲᠥᠷᠦ ᠶᠢᠨ ᠪᠣᠳᠣᠯᠭ᠎ᠠ ᠶᠢ ᠲᠤᠭᠤᠰᠢᠯᠠᠭᠤᠯᠤᠨ ᠬᠡᠷᠡᠭᠵᠢᠭᠦᠯᠦᠨ᠎ᠡ  ᠃    2. ᠪᠥᠬᠦ ᠲᠤᠭᠤᠷᠢᠭ ᠤᠨ ᠤᠯᠤᠰ ᠠᠷᠠᠳ ᠤᠨ ᠠᠵᠤ ᠠᠬᠤᠶ ᠪᠠ ᠨᠡᠶᠢᠭᠡᠮ ᠤᠨ ᠮᠡᠳᠡᠭᠡ ᠵᠠᠩᠭᠢᠵᠢᠯᠲᠠ ᠶᠢᠨ ᠬᠥᠭᠵᠢᠯᠲᠡ ᠶᠢᠨ ᠲᠥᠯᠥᠪᠵᠢᠭᠦᠯᠭᠡ ᠶᠢᠨ ᠠᠵᠢᠯ ᠢ ᠵᠣᠬᠢᠶᠠᠨ ᠪᠠᠶᠢᠭᠤᠯᠤᠨ ᠲᠣᠭᠲᠠᠭᠠᠬᠤ ᠪᠠ ᠬᠡᠷᠡᠭᠵᠢᠭᠦᠯᠦᠨ᠎ᠡ  ᠃    3. ᠤᠯᠤᠰ ᠲᠥᠷᠥ᠂ ᠠᠵᠤ ᠠᠬᠤᠶ᠂ ᠰᠣᠶᠣᠯ ᠵᠡᠷᠭᠡ ᠡᠯ᠎ᠡ ᠬᠦᠷᠢᠶ᠎ᠡ ᠳᠤ ᠬᠤᠯᠪᠣᠭᠳᠠᠬᠤ ᠮᠡᠳᠡᠭᠡ ᠵᠠᠩᠭᠢᠵᠢᠯᠲᠠ ᠪᠠ ᠮᠡᠳᠡᠭᠡ ᠵᠠᠩᠬᠢᠵᠢᠯᠲᠠ ᠶᠢᠨ ᠠᠮᠤᠷ ᠲᠦᠪᠰᠢᠨ ᠢ ᠶᠡᠷᠦᠩᠬᠡᠶᠢᠯᠡᠨ ᠵᠣᠬᠢᠴᠠᠭᠤᠯᠤᠨ ᠠᠬᠢᠭᠤᠯᠤᠨ᠎ᠠ᠃    4. ᠡᠯᠧᠺᠲᠷᠣᠨ ᠵᠠᠰᠠᠭ ᠤᠨ ᠶᠠᠪᠤᠳᠠᠯ ᠤᠨ ᠪᠠᠶᠢᠭᠤᠯᠤᠯᠲᠠ ᠶᠢ ᠲᠥᠯᠥᠪᠵᠢᠭᠦᠯᠦᠨ ᠬᠡᠷᠡᠭᠵᠢᠭᠦᠯᠦᠨ᠎ᠡ᠃    ︵ᠭᠤᠷᠪᠠ︶ ᠰᠦᠯᠵᠢᠶᠡᠨ ᠥᠷᠲᠡᠭᠡ ᠶᠢᠨ ᠬᠠᠮᠢᠶᠠᠷᠤᠯᠲᠠ ᠶᠢᠨ ᠲᠠᠰᠤᠭ᠄    1. ᠬᠤᠷᠴᠢᠨ ᠲᠤᠭᠤᠷᠢᠭ ᠤᠨ ᠵᠠᠰᠠᠭ ᠤᠨ ᠤᠷᠳᠤᠨ ᠤ ᠡᠭᠦᠳᠡᠨ ᠰᠦᠯᠵᠢᠶᠡᠨ ᠥᠷᠲᠡᠭᠡ ︽ᠳᠤᠮᠳᠠᠳᠤ ᠤᠯᠤᠰ · ᠬᠤᠷᠴᠢᠨ︾ ᠤ  ᠲᠦᠯᠦᠪᠵᠢᠭᠦᠯᠭᠡ᠂ ᠪᠦᠲᠦᠭᠡᠨ ᠪᠠᠶᠢᠭᠤᠯᠤᠯᠲᠠ᠂ ᠠᠵᠢᠯᠯᠠᠭᠠᠨ ᠪᠠ ᠬᠠᠮᠢᠶᠠᠷᠤᠯᠲᠠ ᠶᠢ ᠬᠠᠷᠢᠭᠤᠴᠠᠨ᠎ᠠ  ᠃    2. ᠡᠯ᠎ᠡ  ᠬᠤᠪᠢᠶᠠᠷᠢ  ᠨᠧᠲ ᠰᠦᠯᠵᠢᠶᠡᠨ ᠥᠷᠲᠡᠭᠡ ᠶᠢᠨ ᠪᠦᠲᠦᠭᠡᠨ ᠪᠠᠶᠢᠭᠤᠯᠤᠯᠲᠠ ᠪᠠ ᠬᠠᠮᠢᠶᠠᠷᠤᠯᠲᠠ ᠶᠢᠨ ᠠᠵᠢᠯ ᠢ ᠵᠢᠯᠣᠭᠤᠳᠴᠤ᠂ ᠵᠣᠬᠢᠴᠠᠭᠤᠯᠵᠤ᠂ ᠬᠢᠨᠠᠯᠲᠠ ᠲᠠᠯᠪᠢᠨ᠎ᠠ  ᠃   3. ᠵᠠᠰᠠᠭ ᠤᠨ ᠣᠷᠳᠣᠨ ᠬᠢᠭᠡᠳ ᠣᠯᠠᠨ ᠨᠡᠶᠢᠲᠡ ᠶᠢᠨ ᠰᠦᠯᠵᠢᠶᠡᠨ ᠳᠡᠭᠡᠷᠡᠬᠢ ᠬᠤᠷᠰᠢᠯ ᠰᠣᠯᠢᠯᠴᠠᠭ᠎ᠠ ᠶᠢ ᠲᠦᠯᠬᠢᠨ ᠠᠬᠢᠭᠤᠯᠵᠤ᠂ ᠰᠦᠯᠵᠢᠶᠡᠨ ᠳᠡᠭᠡᠷᠡᠬᠢ ᠮᠡᠳᠡᠭᠡ ᠵᠠᠩᠭᠢ ᠶᠢᠨ ᠦᠢᠯᠡᠴᠢᠯᠡᠭᠡᠨ ᠪᠣᠯᠤᠨ ᠠᠵᠢᠯ ᠶᠠᠪᠤᠳᠠᠯ  ᠭᠦᠢᠴᠡᠳᠭᠡᠬᠦ ᠦᠢᠯᠡᠴᠢᠯᠡᠭᠡᠨ ᠵᠡᠷᠭᠡ ᠠᠷᠠᠳ ᠲᠤ ᠳᠥᠭᠦᠮ ᠦᠵᠡᠭᠦᠯᠬᠦ  ᠦᠢᠯᠡᠴᠢᠯᠡᠭᠡᠨ ᠤ ᠲᠥᠷᠥᠯ ᠵᠦᠢᠯ ᠢ ᠲᠥᠯᠥᠪᠵᠢᠭᠦᠯᠦᠨ᠎ᠡ᠃    ︵ ᠳᠦᠷᠪᠡ︶ ᠲᠣᠤᠷ ᠰᠦᠯᠵᠢᠶ᠎ᠡ ᠶᠢᠨ ᠬᠠᠮᠠᠭᠠᠯᠠᠯᠲᠠ ᠶᠢᠨ ᠳᠠᠰᠤᠭ᠄    1. ᠬᠤᠷᠴᠢᠨ ᠲᠣᠭᠤᠷᠢᠭ ᠤᠨ ᠨᠠᠮ ᠵᠠᠰᠠᠭ ᠤᠨ ᠲᠣᠮᠣ ᠠᠰᠠᠷ ᠤᠨ ᠠᠯᠪᠠᠨ ᠭᠡᠷ ᠤᠨ ᠲᠣᠤᠷ ᠤᠨ ᠪᠦᠲᠦᠭᠡᠨ ᠪᠠᠶᠢᠭᠤᠯᠤᠯᠲᠠ᠂ ᠬᠠᠮᠢᠶᠠᠷᠤᠯᠲᠠ ᠪᠠ ᠬᠠᠮᠠᠭᠠᠯᠠᠯᠲᠠ ᠶᠢ ᠬᠠᠷᠢᠭᠤᠴᠠᠨ᠎ᠠ᠃   2. ᠲᠤᠭᠤᠷᠢᠭ ᠤᠨ ᠰᠢᠭᠤᠳ ᠬᠠᠷᠢᠶ᠎ᠠ ᠪᠠᠶᠢᠭᠤᠯᠤᠯᠭ᠎ᠠ᠂ ᠲᠤᠭᠤᠷᠢᠭ ᠤᠨ ᠬᠠᠷᠢᠶ᠎ᠠ ᠪᠦᠬᠦᠢ ᠠᠵᠤ ᠠᠬᠤᠶᠢᠯᠠᠯ ᠠᠵᠢᠯ ᠦᠢᠯᠡᠰ ᠤᠨ ᠨᠢᠭᠡᠴᠡ ᠶᠢᠨ ᠮᠡᠳᠡᠭᠡ ᠵᠠᠩᠭᠢ ᠳᠠᠮᠵᠢᠭᠤᠯᠬᠤ ᠲᠣᠤᠷ ᠰᠦᠯᠵᠢᠶ᠎ᠡ ᠶᠢᠨ ᠵᠢᠷᠤᠭ ᠲᠥᠯᠥᠪᠯᠡᠭᠡ ᠶᠢ ᠬᠢᠨᠠᠨ ᠲᠣᠭᠲᠠᠭᠠᠬᠤ᠂ ᠵᠣᠬᠢᠴᠠᠭᠤᠯᠬᠤ ᠶᠢ ᠬᠠᠷᠢᠭᠤᠴᠠᠨ᠎ᠠ  ᠃    3. ᠪᠦᠬᠦ  ᠲᠤᠭᠤᠷᠢᠭ ᠤᠨ ᠺᠣᠮᠫᠢᠦ᠋ᠲ᠋ᠧᠷ ᠤᠨ ᠲᠣᠤᠷ ᠰᠦᠯᠵᠢᠶ᠎ᠡ ᠶᠢᠨ ᠬᠠᠷᠢᠯᠴᠠᠨ ᠬᠤᠯᠪᠣᠭᠠᠯᠠᠬᠤ᠂ ᠮᠡᠳᠡᠭᠡ ᠵᠠᠩᠭᠢ ᠶᠢᠨ ᠡᠬᠢ ᠪᠠᠶᠠᠯᠢᠭ ᠢ ᠨᠡᠭᠡᠭᠡᠨ ᠠᠰᠢᠭᠯᠠᠬᠤ ᠠᠵᠢᠯ ᠢ ᠬᠠᠷᠢᠭᠤᠴᠠᠨ᠎ᠠ᠃
 
ᠢᠷᠡᠯᠲᠡ᠄ ᠬᠤᠷᠴᠢᠨ ᠲᠤᠭᠤᠷᠢᠭ ᠤᠨ ᠵᠠᠰᠠᠭ ᠤᠨ ᠤᠷᠳᠤᠨ
 
 
ᠬᠠᠮᠢᠶ᠎ᠡ ᠪᠦᠬᠦᠢ ᠰᠣᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备05070829号