ᠬᠥᠮᠦᠨ ᠤ ᠬᠦᠴᠦᠨ ᠤ ᠡᠬᠢ ᠪᠠᠶᠠᠯᠢᠭ ᠪᠠ ᠨᠡᠶᠢᠭᠡᠮ ᠤᠨ ᠪᠠᠲᠤᠯᠠᠭ᠎ᠠ ᠶᠢᠨ ᠲᠣᠪᠴᠢᠶ᠎ᠠ
ᠨᠡᠶᠢᠲᠡᠯᠡᠭᠰᠡᠨ ᠴᠠᠭ᠄
2019-09-19
 ᠨᠢᠭᠡ᠂ ᠠᠵᠢᠯ ᠤᠨ ᠡᠭᠦᠷᠭᠡ ᠬᠠᠷᠢᠭᠤᠴᠠᠯᠭ᠎ᠠ    1. ᠪᠦᠬᠦ ᠣᠷᠣᠨ ᠤ ᠠᠵᠢᠯ ᠣᠯᠭᠤᠯᠲᠠ ᠶᠢ ᠠᠬᠢᠭᠤᠯᠬᠤ ᠠᠵᠢᠯ ᠢ ᠬᠠᠷᠢᠭᠤᠴᠠᠵᠤ᠂ ᠬᠤᠲᠠ ᠬᠥᠳᠡᠭᠡ ᠶᠢᠨ ᠠᠵᠢᠯ ᠣᠯᠭᠤᠯᠲᠠ ᠶᠢ ᠨᠢᠭᠡᠳᠦᠯᠲᠡᠶ ᠲᠥᠯᠥᠪᠯᠡᠨ᠂ ᠣᠯᠠᠨ ᠨᠡᠶᠢᠲᠡ ᠶᠢᠨ ᠠᠵᠢᠯ ᠣᠯᠭᠤᠬᠤ ᠦᠢᠯᠡᠴᠢᠯᠡᠭᠡᠨ ᠤ ᠰᠢᠰᠲ᠋ᠧᠮᠵᠢ ᠶᠢ ᠲᠡᠭᠦᠯᠳᠡᠷᠵᠢᠭᠦᠯᠵᠦ᠂ ᠪᠦᠬᠦ ᠲᠤᠭᠤᠷᠢᠭ ᠤᠨ ᠠᠵᠢᠯ ᠣᠯᠭᠤᠯᠲᠠ ᠶᠢᠨ ᠪᠠᠶᠢᠳᠠᠯ ᠤᠨ ᠲᠣᠭᠲᠠᠭᠤᠨ ᠪᠠᠶᠢᠬᠤ ᠶᠢ ᠪᠠᠲᠤᠯᠠᠨ᠎ᠠ᠃    2. ᠨᠡᠶᠢᠳᠡᠮ ᠪᠦᠷᠬᠦᠭᠰᠡᠨ ᠨᠠᠰᠤᠵᠢᠯ᠂ ᠡᠮ ᠡᠮᠨᠡᠯᠭᠡ᠂ ᠠᠵᠢᠯ ᠠᠴᠠ ᠪᠣᠯᠤᠭᠰᠠᠨ ᠭᠡᠮᠲᠦᠯ᠂ ᠦᠷᠡᠵᠢᠯ᠂ ᠠᠵᠢᠯ ᠠᠯᠳᠠᠯᠲᠠ ᠵᠡᠷᠭᠡ ︽ᠲᠠᠪᠤᠨ ᠳᠠᠭᠠᠳᠬᠠᠯ ᠢ ᠨᠢᠭᠡᠳᠬᠡᠭᠰᠡᠨ︾ ᠨᠡᠶᠢᠭᠡᠮ ᠤᠨ ᠪᠠᠲᠤᠯᠠᠭ᠎ᠠ ᠶᠢᠨ ᠰᠢᠰᠲ᠋ᠧᠮᠵᠢ ᠶᠢ ᠪᠠᠶᠢᠭᠤᠯᠵᠤ᠂ ᠬᠤᠲᠠ ᠬᠥᠳᠡᠭᠡ ᠶᠢᠨ ᠰᠠᠭᠤᠭᠠᠯᠢ ᠠᠷᠠᠳ ᠢ ᠬᠠᠮᠤᠷᠤᠭᠰᠠᠨ ᠨᠡᠶᠢᠭᠡᠮ ᠤᠨ ᠨᠠᠰᠤᠵᠢᠯ ᠤᠨ ᠳᠠᠭᠠᠳᠬᠠᠯ ᠤᠨ ᠳᠦᠷᠢᠮ ᠢ ᠪᠦᠷᠢᠨᠰᠢᠭᠦᠯᠦᠨ᠎ᠡ᠃    3. ᠪᠦᠬᠦ ᠲᠤᠭᠤᠷᠢᠭ ‍ᠤᠨ‌ᠠᠵᠢᠯ ᠮᠡᠷᠭᠡᠵᠢᠯ ᠤᠨ ᠴᠢᠳᠠᠪᠤᠷᠢ ᠪᠣᠯᠤᠨ ᠲᠤᠰᠬᠠᠶ ᠮᠡᠷᠭᠡᠵᠢᠯ ᠤᠨ ᠠᠵᠢᠯᠲᠠᠨ ᠤ ᠡᠩᠨᠡᠭᠡᠨ ᠤ ᠪᠠᠶᠢᠭᠤᠯᠤᠯᠲᠠ ᠶᠢᠨ ᠠᠵᠢᠯ ᠢ ᠬᠠᠷᠢᠭᠤᠴᠠᠵᠤ᠂ ᠪᠦᠬᠦ ᠬᠥᠳᠡᠯᠮᠦᠷᠢᠯᠡᠭᠴᠢᠳ ᠲᠤ ᠬᠠᠨᠳᠤᠭᠤᠯᠤᠭᠰᠠᠨ ᠠᠵᠢᠯ ᠮᠡᠷᠭᠡᠵᠢᠯ ᠤᠨ ᠪᠣᠯᠪᠠᠰᠤᠷᠠᠭᠤᠯᠤᠯ ᠤᠨ ᠳᠦᠷᠢᠮ ᠪᠣᠯᠤᠨ ᠲᠤᠰᠬᠠᠶ ᠮᠡᠷᠭᠡᠵᠢᠯ ᠤᠨ ᠠᠵᠢᠯᠲᠠᠨ ᠢ ᠦᠷᠭᠦᠯᠵᠢᠯᠡᠨ ᠬᠥᠮᠦᠵᠢᠭᠦᠯᠬᠦ ᠳᠦᠷᠢᠮ ᠢ ᠪᠠᠶᠢᠭᠤᠯᠤᠨ᠎ᠠ᠃    4. ᠪᠦᠬᠦ ᠲᠤᠭᠤᠷᠢᠭ ᠤᠨ ᠪᠠᠶᠢᠭᠤᠯᠤᠯᠭ᠎ᠠ ᠶᠢᠨ ᠠᠵᠤ ᠠᠬᠤᠶᠢᠯᠠᠯ ᠠᠵᠢᠯ ᠦᠢᠯᠡᠰ ᠤᠨ ᠨᠢᠭᠡᠴᠡ ᠶᠢᠨ ᠴᠠᠯᠢᠩ ᠤᠨ ᠣᠷᠣᠯᠭ᠎ᠠ ᠶᠢᠨ ᠬᠤᠪᠢᠶᠠᠷᠢᠯᠠᠯᠲᠠ᠂ ᠠᠰᠠᠷᠠᠮᠵᠢ ᠪᠣᠯᠤᠨ ᠠᠵᠢᠯ ᠠᠴᠠ ᠪᠠᠨ ᠰᠠᠯᠵᠤ ᠠᠮᠠᠷᠠᠬᠤ ᠪᠠ ᠠᠵᠢᠯ ᠠᠴᠠ ᠪᠠᠨ ᠪᠠᠭᠤᠵᠤ ᠠᠮᠠᠷᠠᠬᠤ ᠲᠥᠷᠥ ᠶᠢᠨ ᠪᠣᠳᠣᠯᠭ᠎ᠠ ᠶᠢ ᠵᠣᠬᠢᠶᠠᠨ ᠪᠠᠶᠢᠭᠤᠯᠤᠨ ᠬᠡᠷᠡᠭᠵᠢᠭᠦᠯᠦᠨ᠎ᠡ᠃    5. ᠬᠥᠮᠦᠨ ᠤ ᠬᠦᠴᠦᠨ ᠤ ᠡᠬᠢ ᠪᠠᠶᠠᠯᠢᠭ ᠤᠨ ᠬᠢᠨᠠᠯᠲᠠ ᠬᠠᠮᠢᠶᠠᠷᠤᠯᠲᠠ ᠶᠢ ᠬᠠᠷᠢᠭᠤᠴᠠᠵᠤ᠂ ᠠᠵᠢᠯ ᠦᠢᠯᠡᠰ ᠤᠨ ᠨᠢᠭᠡᠴᠡ ᠶᠢᠨ ᠶᠡᠷᠦᠩᠬᠡᠶᠢᠯᠡᠭᠰᠡᠨ ᠲᠥᠬᠦᠷ ᠥᠭᠡᠷᠡᠴᠢᠯᠡᠯᠲᠡ ᠶᠢᠨ ᠲᠥᠷᠥ ᠶᠢᠨ ᠪᠣᠳᠣᠯᠭ᠎ᠠ ᠶᠢ ᠨᠠᠶᠢᠳᠠᠪᠤᠷᠢᠵᠢᠭᠤᠯᠤᠨ᠂ ᠪᠦᠬᠦ  ᠲᠤᠭᠤᠷᠢᠭ ᠤᠨ ᠠᠵᠢᠯ ᠦᠢᠯᠡᠰ ᠤᠨ ᠨᠢᠭᠡᠴᠡ ᠶᠢᠨ ᠠᠵᠢᠯᠲᠠᠨ ᠤ ᠶᠠᠪᠤᠳᠠᠯ ᠤᠨ ᠳᠦᠷᠢᠮ ᠤᠨ ᠥᠭᠡᠷᠡᠴᠢᠯᠡᠯᠲᠡ᠂ ᠠᠵᠢᠯᠲᠠᠨ ᠤ ᠶᠠᠪᠤᠳᠠᠯ ᠤᠨ ᠬᠠᠮᠢᠶᠠᠷᠤᠯᠲᠠ ᠶᠢᠨ ᠠᠵᠢᠯ ᠢ ᠵᠢᠯᠣᠭᠤᠳᠤᠨ᠎ᠠ᠃    6. ᠬᠤᠯᠪᠣᠭᠳᠠᠯ ᠪᠦᠬᠦᠢ ᠰᠠᠯᠠᠭ᠎ᠠ ᠮᠥᠴᠢᠷ ᠲᠠᠢ ᠬᠠᠮᠲᠤᠷᠠᠨ ᠪᠦᠬᠦ  ᠲᠤᠭᠤᠷᠢᠭ ᠤᠨ ᠴᠡᠷᠢᠭ ᠠᠴᠠ ᠰᠢᠯᠵᠢᠭᠰᠡᠨ ᠺᠠᠳ᠋ᠷ ᠢ ᠲᠥᠪᠬᠢᠨᠡᠭᠦᠯᠬᠦ ᠠᠷᠭ᠎ᠠ ᠪᠣᠯᠤᠨ ᠲᠥᠯᠥᠪᠯᠡᠭᠡ ᠶᠢ ᠲᠣᠭᠲᠠᠭᠠᠬᠤ ᠶᠢᠨ ᠬᠠᠮᠲᠤ ᠵᠣᠬᠢᠶᠠᠨ ᠪᠠᠶᠢᠭᠤᠯᠤᠨ ᠬᠡᠷᠡᠭᠵᠢᠭᠦᠯᠵᠦ᠂ ᠲᠥᠪ᠂ ᠥᠪᠡᠷᠲᠡᠭᠡᠨ ᠵᠠᠰᠠᠬᠤ ᠣᠷᠣᠨ᠂ ᠲᠦᠩᠯᠢᠶᠣᠤ ᠬᠤᠲᠠ ᠶᠢᠨ ᠬᠤᠯᠪᠣᠭᠳᠠᠯ ᠪᠦᠬᠦᠢ ᠠᠵᠤ ᠠᠬᠤᠶᠢᠯᠠᠯ ᠤᠨ ᠴᠡᠷᠢᠭ ᠠᠴᠠ ᠰᠢᠯᠵᠢᠭᠰᠡᠨ ᠺᠠᠳ᠋ᠷ ᠢ ᠲᠥᠪᠬᠢᠨᠡᠭᠦᠯᠬᠦ ᠬᠠᠮᠢᠶ᠎ᠠ ᠪᠦᠬᠦᠢ ᠲᠥᠷᠥ ᠶᠢᠨ ᠪᠣᠳᠣᠯᠭ᠎ᠠ ᠶᠢ ᠨᠠᠶᠢᠳᠠᠪᠤᠷᠢᠵᠢᠭᠤᠯᠬᠤ ᠬᠡᠷᠡᠭᠲᠡᠶ᠃    7. ᠪᠦᠬᠦ ᠲᠤᠭᠤᠷᠢᠭ ᠤᠨ ᠵᠠᠰᠠᠭ ᠵᠠᠬᠢᠷᠭᠠᠨ ᠤ ᠪᠠᠶᠢᠭᠤᠯᠤᠯᠭ᠎ᠠ ᠶᠢᠨ ᠠᠯᠪᠠᠲᠠᠨ ᠪᠣᠯᠤᠨ ᠠᠯᠪᠠᠲᠠᠨ ᠤ ᠬᠠᠤᠯᠢ ᠪᠠᠷ ᠯᠠᠪᠯᠠᠯᠲᠠ ᠪᠣᠯᠭᠠᠨ ᠠᠵᠢᠯ ᠦᠢᠯᠡᠰ ᠤᠨ ᠨᠢᠭᠡᠴᠡ ᠶᠢᠨ ᠠᠵᠢᠯᠲᠠᠨ ᠤ ᠶᠡᠷᠦᠩᠬᠡᠶᠢᠯᠡᠭᠰᠡᠨ ᠬᠠᠮᠢᠶᠠᠷᠤᠯᠲᠠ ᠶᠢᠨ ᠠᠵᠢᠯ ᠢ ᠬᠠᠷᠢᠭᠤᠴᠠᠨ᠎ᠠ᠃    8. ᠬᠥᠳᠡᠯᠮᠦᠷᠢ ᠶᠢᠨ ᠬᠠᠷᠢᠴᠠᠭ᠎ᠠ ᠶᠢ ᠵᠣᠬᠢᠴᠠᠭᠤᠯᠬᠤ ᠲᠣᠭᠲᠠᠴᠠ ᠶᠢ ᠪᠠᠶᠢᠭᠤᠯᠤᠨ ᠪᠦᠷᠢᠨᠰᠢᠭᠦᠯᠵᠦ᠂ ᠬᠥᠳᠡᠯᠮᠦᠷᠢ ᠠᠵᠢᠯᠲᠠᠨ ᠤ ᠶᠠᠪᠤᠳᠠᠯ ᠤᠨ ᠮᠠᠷᠭᠤᠯᠳᠤᠭᠠᠨ ᠤ ᠬᠡᠷᠡᠭ ᠢ ᠬᠠᠤᠯᠢ ᠶᠣᠰᠣᠭᠠᠷ ᠰᠢᠢᠳᠪᠦᠷᠢᠯᠡᠵᠦ᠂ ᠪᠦᠬᠦ ᠣᠷᠣᠨ ᠤ ᠬᠥᠳᠡᠯᠮᠦᠷᠢ ᠶᠢᠨ ᠪᠠᠲᠤᠯᠠᠭ᠎ᠠ ᠶᠢᠨ ᠬᠢᠨᠠᠨ ᠪᠠᠶᠢᠴᠠᠭᠠᠬᠤ ᠠᠵᠢᠯ ᠢ ᠬᠠᠷᠢᠭᠤᠴᠠᠨ᠎ᠠ᠃    ᠬᠤᠶᠠᠷ᠂ ᠳᠣᠲᠣᠭᠠᠳᠤ ᠰᠠᠯᠠᠭ᠎ᠠ ᠲᠠᠰᠤᠭ    ᠵᠠᠰᠠᠭ ᠤᠨ ᠶᠠᠪᠤᠳᠠᠯ ᠤᠨ ᠠᠯᠪᠠᠨ ᠭᠡᠷ ︵8319200︶    1. ᠲᠣᠪᠴᠢᠶ᠎ᠠ ᠪᠠᠶᠢᠭᠤᠯᠤᠯᠭ᠎ᠠ ᠶᠢᠨ ᠳᠦᠷᠢᠮ ᠤᠨ ᠪᠠᠶᠢᠭᠤᠯᠤᠯᠲᠠ᠂ ᠪᠢᠴᠢᠭ ᠮᠠᠲ᠋ᠧᠷᠢᠶᠠᠯ ᠴᠠᠬᠢᠯᠭᠠᠨ ᠮᠡᠳᠡᠭᠡ ᠶᠢᠨ ᠰᠢᠢᠳᠪᠦᠷᠢᠯᠡᠯᠲᠡ᠂ ᠪᠢᠴᠢᠭ ᠬᠠᠷ᠎ᠠ ᠳᠠᠩᠰᠠ ᠡᠪᠬᠡᠮᠡᠯ᠂ ᠨᠢᠭᠤᠴᠠ ᠮᠠᠲ᠋ᠧᠷᠢᠶᠠᠯ ᠤᠨ ᠨᠢᠭᠤᠴᠠ ᠶᠢ ᠬᠠᠮᠠᠭᠠᠯᠠᠬᠤ ᠵᠡᠷᠭᠡ ᠠᠵᠢᠯ ᠢ ᠬᠠᠷᠢᠭᠤᠴᠠᠨ᠎ᠠ᠃    2. ᠲᠣᠪᠴᠢᠶ᠎ᠠ ᠶᠢᠨ ᠪᠠᠶᠢᠭᠤᠯᠭ᠎ᠠ ᠶᠢᠨ ᠡᠳ᠋ ᠤᠨ ᠶᠠᠪᠤᠳᠠᠯ ᠪᠠ ᠡᠳ᠋ ᠬᠥᠷᠥᠩᠭᠡ ᠶᠢᠨ ᠬᠠᠮᠢᠶᠠᠷᠤᠯᠲᠠ ᠶᠢᠨ ᠠᠵᠢᠯ ᠢ ᠬᠠᠷᠢᠭᠤᠴᠠᠨ᠎ᠠ᠃    3. ᠲᠣᠪᠴᠢᠶ᠎ᠠ ᠪᠠᠶᠢᠭᠤᠯᠤᠯᠭ᠎ᠠ ᠶᠢᠨ ᠵᠠᠰᠠᠭ ᠤᠨ ᠶᠠᠪᠤᠳᠠᠯ ᠤᠨ ᠬᠡᠷᠡᠭ ᠶᠠᠪᠤᠳᠠᠯ ᠢ ᠵᠣᠬᠢᠴᠠᠭᠤᠯᠬᠤ ᠪᠠ ᠰᠢᠮᠳᠠᠭᠤᠯᠤᠨ ᠭᠦᠶ᠋ᠴᠡᠳᠬᠡᠬᠦ ᠶᠢ ᠬᠠᠷᠢᠭᠤᠴᠠᠨ᠎ᠠ᠃    4. ᠵᠠᠰᠠᠭ ᠤᠨ ᠶᠠᠪᠤᠳᠠᠯ ᠢ ᠢᠯᠡ ᠪᠣᠯᠭᠠᠬᠤ ᠵᠡᠷᠭᠡ ᠪᠠᠶᠢᠭᠤᠯᠤᠯᠭ᠎ᠠ ᠶᠢᠨ ᠮᠡᠳᠡᠭᠡ ᠵᠠᠩᠭᠢᠴᠢᠯᠠᠬᠤ᠂ ᠠᠯᠪᠠᠨ ᠠᠵᠢᠯ ᠤᠨ ᠠᠦ᠋ᠲ᠋ᠣᠴᠢᠯᠠᠬᠤ ᠪᠠᠶᠢᠭᠤᠯᠤᠯᠲᠠ ᠶᠢᠨ ᠠᠵᠢᠯ ᠢ ᠬᠠᠷᠢᠭᠤᠴᠠᠨ᠎ᠠ᠃    5. ᠲᠣᠪᠴᠢᠶ᠎ᠠ ᠪᠠᠶᠢᠭᠤᠯᠤᠯᠭ᠎ᠠ ᠶᠢᠨ ᠠᠵᠢᠯ ᠠᠴᠠ ᠪᠠᠨ ᠠᠮᠠᠷᠠᠭᠰᠠᠳ ᠪᠠᠭᠤᠭᠰᠠᠳ ᠤᠨ ᠬᠠᠮᠢᠶᠠᠷᠤᠯᠲᠠ ᠬᠢᠭᠡᠳ ᠦᠢᠯᠡᠴᠢᠯᠡᠭᠡᠨ ᠤ ᠠᠵᠢᠯ ᠢ ᠬᠠᠷᠢᠭᠤᠴᠠᠨ᠎ᠠ᠃    6. ᠲᠣᠪᠴᠢᠶ᠎ᠠ ᠶᠢᠨ ᠤᠳᠤᠷᠢᠳᠤᠯᠭ᠎ᠠ ᠶᠢ ᠬᠠᠮᠵᠢᠨ ᠲᠣᠪᠴᠢᠶ᠎ᠠ ᠶᠢᠨ ᠪᠠᠶᠢᠭᠤᠯᠭ᠎ᠠ ᠶᠢᠨ ᠵᠠᠰᠠᠭ ᠵᠠᠬᠢᠷᠭᠠᠨ ᠤ ᠡᠳᠦᠷ ᠲᠤᠲᠤᠮ ᠤᠨ ᠠᠵᠢᠯ ᠢ ᠰᠢᠢᠳᠪᠦᠷᠢᠯᠡᠨ᠎ᠡ᠃    7. ᠪᠠᠶᠢᠭᠤᠯᠭ᠎ᠠ ᠶᠢᠨ ᠠᠷᠤ ᠲᠠᠯ᠎ᠠ ᠶᠢᠨ ᠦᠢᠯᠡᠴᠢᠯᠡᠭᠡᠨ ᠤ ᠠᠵᠢᠯ ᠢ ᠬᠠᠷᠢᠭᠤᠴᠠᠨ᠎ᠠ᠃    8. ᠪᠠᠶᠢᠭᠤᠯᠤᠯᠭ᠎ᠠ ᠶᠢᠨ ᠵᠠᠰᠠᠭ ᠤᠨ ᠶᠠᠪᠤᠳᠠᠯ ᠤᠨ ᠬᠤᠷᠠᠯ ᠤᠨ ᠵᠣᠬᠢᠶᠠᠨ ᠪᠠᠶᠢᠭᠤᠯᠬᠤ᠂ ᠲᠡᠮᠳᠡᠭᠯᠡᠬᠦ᠂ ᠲᠣᠪᠴᠢ ᠲᠡᠮᠳᠡᠭᠯᠡᠯ ᠪᠣᠯᠤᠨ ᠪᠠᠶᠢᠭᠤᠯᠤᠯᠭ᠎ᠠ ᠶᠢᠨ ᠵᠠᠰᠠᠭ ᠤᠨ ᠶᠠᠪᠤᠳᠠᠯ ᠤᠨ ᠮᠡᠳᠡᠭᠡ ᠵᠠᠩᠭᠢ ᠶᠢ ᠮᠡᠳᠡᠭᠡᠯᠡᠬᠦ ᠠᠵᠢᠯ ᠢ ᠬᠠᠷᠢᠭᠤᠴᠠᠨ᠎ᠠ᠃    9. ᠬᠠᠷᠢᠶ᠎ᠠ ᠨᠢᠭᠡᠴᠡ ᠶᠢᠨ ᠢᠶᠠᠨ ᠵᠠᠰᠠᠭ ᠵᠠᠬᠢᠷᠭᠠᠨ᠂ ᠠᠵᠢᠯ ᠶᠠᠪᠤᠳᠠᠯ ᠢ ᠬᠠᠷᠢᠭᠤᠴᠠᠨ ᠵᠣᠬᠢᠴᠠᠭᠤᠯᠵᠤ ᠵᠢᠯᠣᠭᠤᠳᠤᠨ᠎ᠠ᠃    10. ᠪᠠᠶᠢᠭᠤᠯᠭ᠎ᠠ ᠶᠢᠨ ᠠᠮᠤᠷ ᠲᠦᠪᠰᠢᠨ ᠢ ᠬᠠᠮᠠᠭᠠᠯᠠᠬᠤ ᠠᠵᠢᠯ ᠢ ᠵᠣᠬᠢᠶᠠᠨ ᠪᠠᠶᠢᠭᠤᠯᠵᠤ ᠬᠡᠷᠡᠭᠵᠢᠭᠦᠯᠬᠦ ᠶᠢ ᠬᠠᠷᠢᠭᠤᠴᠠᠨ᠎ᠠ᠃    11. ᠵᠠᠬᠢᠳᠠᠯ ᠰᠤᠷᠪᠤᠯᠵᠢᠯᠠᠭ᠎ᠠ ᠶᠢ ᠬᠦᠯᠢᠶᠡᠨ ᠠᠪᠬᠤ ᠪᠠ ᠵᠠᠬᠢᠳᠠᠯ ᠰᠤᠷᠪᠤᠯᠵᠢᠯᠠᠭ᠎ᠠ ᠶᠢᠨ  ᠵᠦᠢᠯᠡᠰ ᠢ ᠳᠠᠮᠵᠢᠭᠤᠯᠬᠤ ᠵᠢᠴᠢ ᠮᠠᠲ᠋ᠧᠷᠢᠶᠠᠯ ᠢ ᠡᠮᠬᠢᠳᠬᠡᠨ ᠳᠠᠩᠰᠠ ᠡᠪᠬᠡᠮᠡᠯ ᠳᠤ ᠣᠷᠣᠭᠤᠯᠬᠤ ᠠᠵᠢᠯ ᠢ ᠬᠠᠷᠢᠭᠤᠴᠠᠨ᠎ᠠ᠃    ᠨᠠᠮ ᠤᠨ ᠬᠤᠷᠢᠶᠠᠨ ᠤ ᠠᠯᠪᠠᠨ ᠭᠡᠷ ︵8319266︶    1. ᠨᠠᠮ ᠪᠠ ᠲᠥᠷᠦ ᠶᠢᠨ ᠡᠯ᠎ᠡ ᠵᠦᠢᠯ ᠤᠨ ᠴᠢᠭᠯᠡᠯᠲᠡ᠂ ᠲᠥᠷᠦ ᠶᠢᠨ ᠪᠣᠳᠣᠯᠭ᠎ᠠ ᠵᠢᠴᠢ ᠬᠠᠤᠯᠢ ᠵᠠᠷᠯᠠᠯ ᠬᠠᠤᠯᠢ ᠲᠣᠭᠲᠠᠭᠠᠯ ᠢ ᠬᠢᠨᠠᠮᠠᠭᠠᠶ ᠰᠤᠷᠤᠯᠴᠠᠨ ᠲᠤᠤᠱᠯᠠᠭᠤᠯᠤᠨ ᠬᠡᠷᠡᠭᠵᠢᠭᠦᠯᠬᠦ ᠬᠡᠷᠡᠭᠲᠡᠶ᠃    2.ᠳᠡᠭᠡᠳᠦ ᠱᠠᠲᠤᠨ ᠤ ᠨᠠᠮ ᠤᠨ ᠵᠣᠬᠢᠶᠠᠨ ᠪᠠᠶᠢᠭᠤᠯᠤᠯᠲᠠ ᠶᠢᠨ ᠵᠢᠭᠠᠪᠤᠷᠢ᠂ ᠰᠢᠢᠳᠪᠦᠷᠢ ᠶᠢ ᠤᠯᠠᠮᠵᠢᠯᠠᠨ ᠲᠤᠤᠱᠯᠠᠭᠤᠯᠵᠤ᠂  ᠳᠡᠭᠡᠳᠦ ᠱᠠᠲᠤᠨ ᠤ ᠨᠠᠮ ᠤᠨ ᠵᠣᠬᠢᠶᠠᠨ ᠪᠠᠶᠢᠭᠤᠯᠤᠯᠲᠠ ᠶᠢᠨ ᠲᠣᠬᠢᠷᠠᠭᠤᠯᠤᠭᠰᠠᠨ ᠤᠯᠤᠰ ᠲᠥᠷᠥ ᠶᠢᠨ ᠠᠵᠢᠯᠯᠠᠭ᠎ᠠ ᠶᠢ ᠵᠣᠬᠢᠶᠠᠨ ᠪᠠᠶᠢᠭᠤᠯᠤᠨ ᠥᠷᠨᠢᠭᠦᠯᠬᠦ ᠶᠢ ᠬᠠᠷᠢᠭᠤᠴᠠᠵᠤ᠂ ᠳᠡᠭᠡᠳᠦ ᠱᠠᠲᠤᠨ ᠤ ᠨᠠᠮ ᠤᠨ ᠵᠣᠬᠢᠶᠠᠨ ᠪᠠᠶᠢᠭᠤᠯᠤᠯᠲᠠ ᠪᠠ ᠨᠠᠮ ᠤᠨ ᠬᠤᠷᠢᠶᠠᠨ ᠤ ᠤᠳᠤᠷᠢᠳᠤᠯᠭ᠎ᠠ ᠶᠢᠨ ᠲᠤᠰᠢᠶᠠᠭᠰᠠᠨ ᠠᠵᠢᠯ ᠢ ᠪᠡᠶᠡᠯᠡᠭᠦᠯᠦᠨ᠎ᠡ᠃   3. ᠨᠠᠮ ᠤᠨ ᠬᠤᠷᠢᠶᠠᠨ ᠠᠴᠠ ᠬᠤᠷᠠᠯᠳᠤᠭᠤᠯᠤᠭᠰᠠᠨ ᠡᠯ᠎ᠡ ᠲᠥᠷᠥᠯ ᠤᠨ ᠬᠤᠷᠠᠯ ᠢ ᠵᠣᠬᠢᠶᠠᠨ ᠪᠠᠶᠢᠭᠤᠯᠵᠤ ᠲᠣᠬᠢᠷᠠᠭᠤᠯᠬᠤ᠂ ᠲᠡᠮᠳᠡᠭᠯᠡᠬᠦ᠂ ᠲᠣᠪᠴᠢ ᠲᠡᠮᠳᠡᠭᠯᠡᠯ ᠬᠢᠬᠦ ᠪᠠ ᠪᠠᠶᠢᠭᠤᠯᠤᠯᠭ᠎ᠠ ᠶᠢᠨ ᠮᠡᠳᠡᠭᠡ ᠵᠠᠩᠭᠢ ᠶᠢ ᠮᠡᠳᠡᠭᠡᠯᠡᠬᠦ ᠠᠵᠢᠯ ᠢ ᠬᠠᠷᠢᠭᠤᠴᠠᠨ᠎ᠠ᠃ ᠨᠠᠮ ᠤᠨ ᠬᠤᠷᠢᠶᠠᠨ ᠤ ᠬᠤᠯᠪᠣᠭᠳᠠᠯ ᠪᠦᠬᠦᠢ ᠪᠢᠴᠢᠭ ᠮᠠᠲ᠋ᠧᠷᠢᠶᠠᠯ᠂ ᠮᠡᠳᠡᠭᠦᠯᠦᠯᠲᠡ ᠶᠢ ᠲᠤᠭᠤᠷᠪᠢᠨ ᠪᠢᠴᠢᠵᠦ᠂ ᠨᠠᠮ ᠤᠨ ᠪᠠᠶᠢᠭᠤᠯᠤᠯᠲᠠ ᠶᠢᠨ ᠠᠵᠢᠯ ᠤᠨ ᠮᠠᠲ᠋ᠧᠷᠢᠶᠠᠯ ᠢ ᠲᠤᠭᠤᠷᠪᠢᠨ ᠪᠢᠴᠢᠵᠦ᠂ ᠨᠠᠮ ᠤᠨ ᠬᠤᠷᠢᠶᠠᠨ ᠤ ᠪᠢᠴᠢᠭ ᠮᠠᠲ᠋ᠧᠷᠢᠶᠠᠯ ᠲᠠᠷᠬᠠᠭᠠᠬᠤ᠂ ᠳᠠᠩᠰᠠ ᠡᠪᠬᠡᠮᠡᠯ ᠤᠨ ᠮᠠᠲ᠋ᠧᠷᠢᠶᠠᠯ ᠢ ᠴᠤᠭᠯᠠᠭᠤᠯᠬᠤ᠂ ᠡᠮᠬᠢᠯᠡᠬᠦ᠂ ᠳᠡᠪᠲᠡᠷᠯᠡᠬᠦ ᠵᠡᠷᠭᠡ ᠠᠵᠢᠯ ᠢ ᠬᠠᠷᠢᠭᠤᠴᠠᠨ᠎ᠠ᠃    4. ᠬᠥᠮᠦᠨ ᠤ ᠬᠦᠴᠦᠨ ᠤ ᠡᠬᠢ ᠪᠠᠶᠠᠯᠢᠭ ᠪᠠ ᠨᠡᠶᠢᠭᠡᠮ ᠤᠨ ᠪᠠᠲᠤᠯᠠᠭ᠎ᠠ ᠶᠢᠨ ᠰᠢᠰᠲ᠋ᠧᠮ ᠤᠨ ᠨᠠᠮ ᠤᠨ ᠪᠠᠶᠢᠭᠤᠯᠤᠯᠲᠠ ᠶᠢᠨ ᠠᠵᠢᠯ ᠢ ᠬᠠᠷᠢᠭᠤᠴᠠᠨ ᠪᠠᠶᠢᠴᠠᠭᠠᠵᠤ᠂ ᠰᠢᠪᠠᠳᠠᠨ ᠵᠢᠯᠣᠭᠤᠳᠴᠤ᠂ ᠰᠢᠰᠲ᠋ᠧᠮ ᠤᠨ ᠨᠠᠮ ᠤᠨ ᠭᠡᠰᠢᠭᠦᠨ ᠳᠤ ᠰᠤᠷᠭᠠᠨ ᠬᠥᠮᠦᠵᠢᠯ ᠤᠨ ᠬᠠᠮᠢᠶᠠᠷᠤᠯᠲᠠ ᠶᠢ ᠬᠡᠷᠡᠭᠵᠢᠭᠦᠯᠦᠨ᠂ ᠨᠠᠮ ᠤᠨ ᠰᠦᠢᠳᠭᠡᠯ ᠬᠤᠷᠢᠶᠠᠵᠤ᠂ ᠨᠠᠮ ᠤᠨ ᠭᠡᠰᠢᠭᠦᠨ ᠤ ᠬᠦᠰᠦᠨᠦᠭᠲᠦ ᠶᠢᠨ ᠳᠡᠪᠲᠡᠷ ᠢ ᠲᠠᠭᠯᠠᠨ ᠪᠢᠴᠢᠵᠦ ᠮᠡᠳᠡᠭᠦᠯᠦᠨ ᠬᠦᠷᠭᠡᠵᠦ᠂ ᠨᠠᠮ ᠤᠨ ᠭᠡᠰᠢᠭᠦᠨ ᠨᠠᠮ ᠤᠨ ᠵᠣᠬᠢᠶᠠᠨ ᠪᠠᠶᠢᠭᠤᠯᠤᠯᠲᠠ ᠶᠢᠨ ᠬᠠᠷᠢᠴᠠᠭ᠎ᠠ᠂ ᠳᠠᠩᠰᠠ ᠡᠪᠬᠡᠮᠡᠯ ᠢ ᠰᠢᠯᠵᠢᠭᠦᠯᠬᠦ ᠭᠠᠷ ᠭᠦᠶ᠋ᠴᠡᠳᠬᠡᠯ ᠢ ᠭᠦᠢᠴᠡᠳᠭᠡᠨ᠎ᠡ᠃ ᠰᠢᠰᠲ᠋ᠧᠮ ᠤᠨ ᠺᠠᠳ᠋ᠷ ᠠᠵᠢᠯᠲᠠᠨ ᠠᠵᠢᠯᠴᠢᠨ ᠤ ᠨᠠᠮ ᠳᠤ ᠣᠷᠣᠬᠤ ᠪᠠ ᠨᠠᠮ ᠤᠨ ᠪᠡᠯᠡᠳᠬᠡᠯ ᠭᠡᠰᠢᠭᠦᠨ ᠢ ᠵᠢᠩᠬᠢᠨᠢᠴᠢᠯᠡᠬᠦ ᠮᠠᠲ᠋ᠧᠷᠢᠶᠠᠯ ᠢ ᠬᠢᠨᠠᠨ ᠦᠵᠡᠬᠦ᠂  ᠰᠢᠢᠳᠪᠦᠷᠢᠯᠡᠬᠦ᠂ ᠮᠡᠳᠡᠭᠦᠯᠦᠨ ᠬᠦᠷᠭᠡᠬᠦ ᠠᠵᠢᠯ ᠢ ᠬᠠᠷᠢᠭᠤᠴᠠᠨ᠎ᠠ᠃    5. ᠦᠨᠳᠦᠰᠦᠨ ᠱᠠᠲᠤᠨ ᠤ ᠨᠠᠮ ᠤᠨ ᠵᠣᠬᠢᠶᠠᠨ ᠪᠠᠶᠢᠭᠤᠯᠤᠯᠲᠠ ᠪᠠ ᠵᠠᠰᠠᠭ ᠵᠠᠬᠢᠷᠭᠠᠨ ᠤ ᠰᠠᠯᠠᠭ᠎ᠠ ᠮᠥᠴᠢᠷ ᠯᠦᠭᠡ ᠶᠢᠨ ᠬᠠᠷᠢᠯᠴᠠᠭ᠎ᠠ ᠪᠠᠨ ᠴᠢᠩᠭᠠᠳᠬᠠᠵᠤ᠂ ᠠᠵᠢᠯ ᠢ ᠣᠶᠢᠯᠭᠠᠨ᠂ ᠪᠠᠶᠢᠳᠠᠯ ᠢ ᠡᠵᠡᠮᠰᠢᠵᠦ᠂ ᠵᠣᠬᠢᠴᠠᠭᠤᠯᠬᠤ ᠠᠵᠢᠯ ᠢ ᠰᠠᠶᠢᠲᠤᠷ ᠬᠢᠬᠦ ᠬᠡᠷᠡᠭᠲᠡᠶ᠃    6. ᠰᠢᠰᠲ᠋ᠧᠮ ᠤᠨ ᠣᠶᠤᠨ ᠤ ᠪᠣᠯᠪᠠᠰᠤᠨ ᠤ ᠪᠠᠶᠢᠭᠤᠯᠤᠯᠲᠠ ᠪᠠ ᠨᠠᠮ ᠤᠨ ᠰᠤᠷᠲᠠᠯ ᠤᠨ ᠠᠷᠢᠭᠤᠨ ᠴᠢᠬᠡᠴᠢ ᠪᠠᠷ ᠵᠠᠰᠠᠭ ᠪᠠᠷᠢᠬᠤ ᠪᠠᠶᠢᠭᠤᠯᠤᠯᠲᠠ ᠶᠢᠨ ᠠᠵᠢᠯ ᠢ ᠬᠠᠷᠢᠭᠤᠴᠠᠨ᠎ᠠ᠃    7. ᠬᠥᠮᠦᠨ ᠤ ᠬᠦᠴᠦᠨ ᠤ ᠡᠬᠢ ᠪᠠᠶᠠᠯᠢᠭ ᠪᠠ ᠨᠡᠶᠢᠭᠡᠮ ᠤᠨ ᠪᠠᠲᠤᠯᠠᠭ᠎ᠠ ᠶᠢᠨ ᠰᠢᠰᠲ᠋ᠧᠮ ᠤᠨ ᠺᠠᠳ᠋ᠷᠴᠤᠳ ᠢ ᠬᠥᠮᠦᠵᠢᠭᠦᠯᠦᠨ ᠪᠣᠯᠪᠠᠰᠤᠷᠠᠭᠤᠯᠬᠤ ᠠᠵᠢᠯ ᠤᠨ ᠲᠥᠯᠥᠪᠯᠡᠭᠡ ᠪᠠ ᠰᠤᠷᠤᠯᠴᠠᠬᠤ ᠲᠥᠯᠥᠪᠯᠡᠭᠡ ᠶᠢ ᠲᠤᠭᠤᠷᠪᠢᠨ ᠲᠣᠭᠲᠠᠭᠠᠬᠤ ᠶᠢᠨ ᠬᠠᠮᠲᠤ ᠵᠣᠬᠢᠶᠠᠨ ᠪᠠᠶᠢᠭᠤᠯᠵᠤ ᠬᠡᠷᠡᠭᠵᠢᠭᠦᠯᠦᠨ᠎ᠡ᠃    8. ᠬᠦᠮᠦᠨ ᠤ ᠬᠦᠴᠦᠨ ᠤ ᠡᠬᠢ ᠪᠠᠶᠠᠯᠢᠭ ᠪᠠ ᠨᠡᠶᠢᠭᠡᠮ ᠤᠨ ᠪᠠᠳᠤᠯᠠᠭ᠎ᠠ ᠶᠢᠨ ᠰᠢᠰᠲ᠋ᠧᠮ ᠤᠨ ᠬᠠᠤᠯᠢ ᠲᠦᠭᠡᠮᠡᠯᠵᠢᠭᠦᠯᠬᠦ᠂ ᠶᠡᠷᠦᠩᠬᠡᠶᠢᠯᠡᠨ ᠵᠠᠰᠠᠬᠤ᠂ ᠲᠣᠭᠲᠠᠭᠤᠨ ᠢ ᠬᠠᠮᠠᠭᠠᠯᠠᠬᠤ᠂ ᠠᠵᠢᠯᠴᠢᠨ ᠤ ᠡᠪᠯᠡᠯ᠂ ᠡᠮᠡᠭᠲᠡᠶᠢᠴᠦᠳ ᠤᠨ ᠬᠤᠯᠪᠣᠭ᠎ᠠ᠂ ᠶᠠᠳᠠᠭᠤ ᠶᠢ ᠲᠡᠳᠬᠦᠬᠦ ᠵᠡᠷᠭᠡ ᠣᠯᠠᠨ ᠲᠦᠮᠡᠨ ᠤ ᠰᠢᠷᠢᠰ ᠠᠵᠢᠯ   ᠢ  ᠬᠠᠷᠢᠭᠤᠴᠠᠨ᠎ᠠ᠃    ᠠᠯᠪᠠᠲᠠᠨ ᠤ ᠬᠠᠮᠢᠶᠠᠷᠤᠯᠲᠠ ᠶᠢᠨ ᠰᠠᠯᠠᠭ᠎ᠠ ︵8319205︶    1. ᠠᠯᠪᠠᠲᠠᠨ ᠤ ᠬᠠᠤᠯᠢ ᠬᠢᠭᠡᠳ ᠲᠥᠷᠥ ᠶᠢᠨ ᠪᠣᠳᠣᠯᠭ᠎ᠠ ᠶᠢᠨ ᠲᠥᠬᠦᠷ ᠲᠣᠭᠲᠠᠭᠠᠯ ᠢ ᠲᠤᠤᠱᠯᠠᠭᠤᠯᠤᠨ ᠨᠠᠢᠳᠠᠪᠤᠷᠢᠵᠢᠭᠤᠯᠬᠤ᠂ ᠪᠦᠬᠦ ᠲᠤᠭᠤᠷᠢᠭ ᠤᠨ ᠵᠠᠰᠠᠭ ᠤᠨ ᠣᠷᠳᠣᠨ ᠤ ᠪᠠᠶᠢᠭᠤᠯᠤᠯᠭ᠎ᠠ ᠶᠢᠨ ᠠᠯᠪᠠᠲᠠᠨ ᠵᠢᠴᠢ ᠠᠯᠪᠠᠲᠠᠨ ᠤ ᠬᠠᠤᠯᠢ ᠪᠠᠷ ᠯᠠᠪᠯᠠᠯᠲᠠ ᠪᠣᠯᠭᠠᠨ ᠬᠠᠮᠢᠶᠠᠷᠬᠤ ᠨᠢᠭᠡᠴᠡ ᠶᠢᠨ ᠠᠵᠢᠯᠲᠠᠨ ᠤ ᠡᠩᠨᠡᠭᠡ ᠶᠢ ᠶᠡᠷᠦᠩᠬᠡᠶᠢᠯᠡᠨ ᠬᠠᠮᠢᠶᠠᠷᠤᠨ᠎ᠠ᠃    2. ᠠᠯᠪᠠᠲᠠᠨ ᠤ ᠲᠤᠰᠢᠶᠠᠯ ᠤᠨ ᠪᠠᠶᠢᠷᠢ ᠶᠢᠨ ᠬᠤᠪᠢᠶᠠᠷᠢᠯᠠᠯ᠂ ᠲᠤᠰᠢᠶᠠᠯ ᠤᠨ ᠪᠠᠶᠢᠷᠢ ᠶᠢᠨ ᠲᠣᠬᠢᠷᠠᠭᠤᠯᠤᠯᠲᠠ᠂  ᠵᠢᠯ ᠤᠨ ᠰᠢᠯᠭᠠᠨ ᠬᠢᠨᠠᠬᠤ᠂ ᠱᠠᠩᠨᠠᠵᠤ ᠲᠣᠷᠭᠠᠬᠤ᠂ ᠲᠣᠮᠢᠯᠠᠬᠤ ᠪᠠᠭᠤᠯᠭᠠᠬᠤ᠂ ᠪᠣᠯᠪᠠᠰᠤᠷᠠᠭᠤᠯᠬᠤ᠂ ᠲᠤᠰᠢᠶᠠᠯ ᠠᠴᠠ ᠪᠠᠨ ᠪᠠᠭᠤᠬᠤ ᠪᠠ ᠠᠵᠢᠯ ᠠᠴᠠ ᠨᠢ ᠪᠠᠭᠤᠯᠭᠠᠬᠤ᠂ ᠠᠵᠢᠯ ᠤᠨ ᠪᠠᠶᠢᠷᠢ ᠶᠢ ᠡᠭᠡᠯᠵᠢᠯᠡᠭᠦᠯᠬᠦ ᠵᠢᠴᠢ ᠥᠷᠢᠰᠥᠯᠳᠦᠭᠦᠯᠦᠨ ᠠᠵᠢᠯ ᠤᠨ ᠪᠠᠶᠢᠷᠢ ᠳᠤ ᠭᠠᠷᠭᠠᠬᠤ ᠵᠡᠷᠭᠡ ᠠᠵᠢᠯ ᠢ ᠬᠠᠷᠢᠭᠤᠴᠠᠬᠤ ᠶᠢᠨ ᠬᠠᠮᠲᠤ ᠬᠡᠷᠡᠭᠵᠢᠭᠦᠯᠵᠦ  ᠪᠠᠶᠢᠭ᠎ᠠ ᠪᠠᠶᠢᠳᠠᠯ ᠳᠤ ᠬᠢᠨᠠᠯᠲᠠ ᠪᠠᠶᠢᠴᠠᠭᠠᠯᠲᠠ ᠬᠢᠨ᠎ᠡ᠃    3. ᠵᠠᠰᠠᠭ ᠤᠨ ᠣᠷᠳᠣᠨ ᠤ ᠪᠠᠶᠢᠭᠤᠯᠭ᠎ᠠ ᠶᠢᠨ ᠠᠯᠪᠠᠲᠠᠨ ᠵᠢᠴᠢ ᠠᠯᠪᠠᠲᠠᠨ ᠤ ᠬᠠᠤᠯᠢ ᠪᠠᠷ ᠯᠠᠪᠯᠠᠯᠲᠠ ᠪᠣᠯᠭᠠᠨ ᠬᠠᠮᠢᠶᠠᠷᠬᠤ ᠨᠢᠭᠡᠴᠡ ᠶᠢᠨ ᠠᠵᠢᠯᠲᠠᠨ ᠡᠯᠰᠡᠨ ᠬᠡᠷᠡᠭᠯᠡᠬᠦ ᠲᠥᠯᠥᠪᠯᠡᠭᠡ ᠶᠢ ᠳᠡᠭᠡᠭᠰᠢ ᠮᠡᠳᠡᠭᠦᠯᠬᠦ᠂ ᠡᠯᠰᠡᠨ ᠬᠡᠷᠡᠭᠯᠡᠬᠦ ᠭᠠᠷᠳᠠᠮ ᠢ ᠬᠢᠨᠠᠨ ᠵᠥᠪᠰᠢᠶᠡᠷᠡᠬᠦ᠂ ᠳᠠᠩᠰᠠᠯᠠᠬᠤ ᠵᠡᠷᠭᠡ ᠠᠵᠢᠯ ᠢ ᠡᠭᠦᠷᠭᠡᠯᠡᠨ᠎ᠡ᠃ ᠪᠦᠬᠦ ᠲᠤᠭᠤᠷᠢᠭ ᠤᠨ ᠬᠥᠬᠢᠭᠦᠯᠦᠨ ᠰᠠᠶᠢᠰᠢᠶᠠᠬᠤ᠂ ᠱᠠᠩᠨᠠᠬᠤ ᠠᠵᠢᠯ ᠢ ᠳᠠᠭᠠᠭᠠᠨ ᠡᠷᠬᠢᠯᠡᠨ᠎ᠡ  ᠃    4. ᠵᠠᠰᠠᠭ ᠵᠠᠬᠢᠷᠭᠠᠨ ᠤ ︵ᠠᠯᠪᠠᠲᠠᠨ ᠢᠶᠠᠷ ᠯᠠᠪᠯᠠᠯᠲᠠ ᠪᠤᠯᠭᠠᠭᠰᠠᠨ ᠬᠠᠮᠢᠶᠠᠷᠬᠤ︶ ᠨᠢᠭᠡᠴᠡ ᠶᠢᠨ ᠠᠵᠢᠯᠲᠠᠨ ᠢ  ᠰᠢᠯᠵᠢᠭᠦᠯᠵᠦ ᠬᠢᠨᠠᠨ ᠵᠥᠪᠰᠢᠶᠡᠷᠡᠭᠦᠯᠬᠦ ᠠᠵᠢᠯ ᠢ ᠬᠠᠷᠢᠭᠤᠴᠠᠨ᠎ᠠ᠃   5.  ᠬᠦᠮᠦᠨ ᠤ ᠬᠦᠴᠦᠨ ᠤ ᠡᠬᠢ ᠪᠠᠶᠠᠯᠢᠭ ᠪᠠ ᠨᠡᠶᠢᠭᠡᠮ ᠤᠨ ᠪᠠᠲᠤᠯᠠᠭ᠎ᠠ ᠶᠢᠨ ᠰᠢᠰᠲ᠋ᠧᠮ ᠤᠨ ᠺᠠᠳ᠋ᠷ ᠵᠢᠴᠢ ᠠᠯᠪᠠᠲᠠᠨ ᠤ ᠰᠦᠯᠵᠢᠶᠡᠨ ᠳᠡᠭᠡᠷᠡᠬᠢ ᠰᠤᠷᠤᠯᠴᠠᠯᠭ᠎ᠠ ᠬᠠᠮᠢᠶᠠᠷᠤᠯᠲᠠ ᠪᠠ ᠤᠨ ᠠᠯᠪᠠᠲᠠᠨ ᠤ ᠲᠤᠭ᠎ᠠ ᠪᠦᠷᠢᠳᠬᠡᠯ ᠤᠨ ᠠᠵᠢᠯ ᠢ  ᠬᠠᠷᠢᠭᠤᠴᠠᠨ᠎ᠠ  ᠃   6. ᠮᠤᠵᠢ ᠶᠢᠨ ᠠᠯᠪᠠᠲᠠᠨ ᠤ ᠠᠵᠢᠯ ᠤᠨ ᠪᠠᠶᠢᠷᠢ ᠳᠤ ᠰᠢᠯᠭᠠᠭᠤᠯᠬᠤ ᠪᠠ ᠮᠠᠨ ᠤ ᠲᠤᠭᠤᠷᠢᠭ ᠤᠨ ᠠᠯᠪᠠᠲᠠᠨ ᠤ ᠠᠵᠢᠯ ᠤᠨ ᠪᠠᠶᠢᠷᠢ ᠶᠢᠨ ᠰᠢᠯᠭᠠᠯᠲᠠ ᠳᠤ ᠨᠡᠷ᠎ᠡ ᠮᠡᠳᠡᠭᠦᠯᠦᠭᠰᠡᠨ ᠬᠥᠮᠦᠰ ᠤᠨ ᠬᠢᠷᠢ ᠬᠡᠮ ᠢ ᠬᠢᠨᠠᠨ ᠬᠠᠷᠭᠤᠭᠤᠯᠬᠤ ᠠᠵᠢᠯ ᠢ ᠬᠠᠷᠢᠭᠤᠴᠠᠨ᠎ᠠ᠃    7. ᠪᠦᠬᠦ  ᠲᠤᠭᠤᠷᠢᠭ ᠤᠨ ᠠᠯᠪᠠᠲᠠᠨ ︵ᠬᠠᠮᠢᠶᠠᠷᠤᠯᠲᠠ ᠶᠢᠨ ᠠᠵᠢᠯᠲᠠᠨ ᠢᠶᠠᠷ ᠯᠠᠪᠯᠠᠯᠲᠠ ᠪᠣᠯᠭᠠᠬᠤ ᠪᠠᠭᠲᠠᠨ᠎ᠠ︶ ᠤ ᠮᠡᠳᠡᠭᠡ ᠵᠠᠩᠭᠢ ᠶᠢᠨ ᠳ᠋ᠠᠶᠢᠲ᠋ᠠ ᠬᠥᠮᠥᠷᠭᠡ ᠶᠢᠨ ᠪᠠᠶᠢᠭᠤᠯᠤᠯᠲᠠ ᠵᠢᠴᠢ ᠬᠠᠮᠢᠶᠠᠷᠤᠯᠲᠠ ᠶᠢᠨ ᠠᠵᠢᠯ ᠢ ᠬᠠᠷᠢᠭᠤᠴᠠᠨ᠎ᠠ᠃    8. ᠪᠠᠶᠢᠭᠤᠯᠤᠯᠭ᠎ᠠ᠂ ᠠᠵᠤ ᠠᠬᠤᠶᠢᠯᠠᠯ ᠠᠵᠢᠯ ᠦᠢᠯᠡᠰ ᠤᠨ ᠨᠢᠭᠡᠴᠡ ᠶᠢᠨ ᠠᠵᠢᠯᠲᠠᠨ ᠤ ᠰᠤᠷᠤᠯᠴᠠᠭᠰᠠᠨ ᠨᠠᠮᠲᠠᠷ ᠢ ᠦᠨᠡᠮᠰᠢᠬᠦ ᠶᠢ ᠬᠢᠨᠠᠨ ᠵᠥᠪᠰᠢᠶᠡᠷᠡᠬᠦ ᠠᠵᠢᠯ ᠢ ᠬᠠᠷᠢᠭᠤᠴᠠᠨ᠎ᠠ᠃    9. ᠰᠠᠯᠠᠭᠠᠨ ᠤ ᠳᠡᠰ ᠠᠴᠠ ᠳᠣᠷᠣᠭᠰᠢᠬᠢ ︵ᠰᠠᠯᠠᠭᠠᠨ ᠤ ᠳᠡᠰ ᠢ ᠪᠠᠭᠲᠠᠭᠠᠨ᠎ᠠ︶  ᠤᠳᠤᠷᠢᠳᠤᠯᠭ᠎ᠠ  ᠪᠤᠰᠤ ᠲᠤᠰᠢᠶᠠᠯ ᠤᠨ ᠪᠠᠶᠢᠷᠢᠯᠠᠭᠤᠯᠤᠯᠲᠠ ᠵᠢᠴᠢ ᠬᠢᠨᠠᠨ ᠵᠥᠪᠰᠢᠶᠡᠷᠡᠬᠦ ᠠᠵᠢᠯ ᠢ ᠬᠠᠷᠢᠭᠤᠴᠠᠨ᠎ᠠ᠃    ᠮᠡᠷᠭᠡᠵᠢᠯ ᠤᠨ ᠴᠣᠯᠠ ᠶᠢᠨ ᠰᠠᠯᠠᠭ᠎ᠠ  ︵8319209︶    1. ᠮᠡᠷᠭᠡᠵᠢᠯ ᠤᠨ ᠴᠣᠯᠠ ᠶᠢ ᠬᠢᠨᠠᠨ ᠲᠣᠭᠲᠠᠭᠠᠬᠤ ᠠᠵᠢᠯ ᠤᠨ ᠬᠤᠯᠪᠣᠭᠳᠠᠯ ᠪᠦᠬᠦᠢ ᠪᠢᠴᠢᠭ ᠮᠠᠲ᠋ᠧᠷᠢᠶᠠᠯ᠂ ᠴᠢᠭᠯᠡᠯᠲᠡ᠂ ᠲᠥᠷᠥ ᠶᠢᠨ ᠪᠣᠳᠣᠯᠭ᠎ᠠ ᠶᠢ ᠲᠤᠤᠱᠯᠠᠭᠤᠯᠤᠨ ᠬᠡᠷᠡᠭᠵᠢᠭᠦᠯᠦᠨ᠎ᠡ᠃ ᠪᠦᠬᠦ  ᠲᠤᠭᠤᠷᠢᠭ ᠤᠨ ᠲᠤᠰᠬᠠᠶ ᠮᠡᠷᠭᠡᠵᠢᠯ ᠤᠨ ᠠᠵᠢᠯᠲᠠᠨ ᠤ ᠮᠡᠷᠭᠡᠵᠢᠯ ᠤᠨ ᠴᠣᠯᠠ ᠶᠢᠨ ᠠᠵᠢᠯ ᠢ ᠬᠠᠷᠢᠭᠤᠴᠠᠨ᠎ᠠ᠃ ᠪᠥᠬᠦ  ᠲᠤᠭᠤᠷᠢᠭ ᠤᠨ ᠲᠤᠰᠬᠠᠶ ᠮᠡᠷᠭᠡᠵᠢᠯ ᠤᠨ ᠲᠤᠰᠢᠶᠠᠯ ᠢ ᠬᠢᠨᠠᠨ ᠲᠣᠭᠲᠠᠭᠠᠬᠤ ᠠᠵᠢᠯ ᠢ ᠵᠣᠬᠢᠶᠠᠨ ᠪᠠᠶᠢᠭᠤᠯᠵᠤ᠂ ᠠᠩᠬ᠎ᠠ ᠵᠡᠷᠭᠡ ᠶᠢᠨ ᠬᠢᠨᠠᠨ ᠲᠣᠭᠲᠠᠭᠠᠬᠤ ᠵᠥᠪᠯᠡᠯ ᠳᠤ ᠬᠤᠷᠸ᠎ᠠ ᠬᠠᠮᠢᠶᠠᠷᠤᠯᠲᠠ ᠬᠢᠵᠦ᠂ ᠡᠯ᠎ᠡ ᠰᠢᠷᠢᠰ᠂ ᠡᠯ᠎ᠡ ᠲᠤᠰᠬᠠᠶ ᠮᠡᠷᠭᠡᠵᠢᠯ ᠤᠨ ᠠᠩᠬ᠎ᠠ ᠵᠡᠷᠭᠡ ᠶᠢᠨ ᠲᠤᠰᠬᠠᠶ ᠮᠡᠷᠭᠡᠵᠢᠯ ᠤᠨ ᠲᠤᠰᠢᠶᠠᠯ ᠤᠨ ᠲᠤᠰᠢᠶᠠᠯ ᠡᠭᠦᠷᠭᠡᠯᠡᠬᠦ ᠬᠢᠷᠢ ᠬᠡᠮ ᠢ ᠬᠢᠨᠠᠨ ᠲᠣᠭᠲᠠᠭᠠᠬᠤ ᠂ ᠬᠢᠨᠠᠨ ᠵᠥᠪᠰᠢᠶᠡᠷᠡᠬᠦ ᠠᠵᠢᠯ ᠢ ᠬᠠᠷᠢᠭᠤᠴᠠᠨ᠎ᠠ᠃ ᠡᠯ᠎ᠡ ᠰᠢᠷᠢᠰ ᠲᠤᠰᠬᠠᠶ ᠮᠡᠷᠭᠡᠵᠢᠯ ᠤᠨ ᠥᠨᠳᠥᠷ᠂ ᠳᠤᠮᠳᠠ ᠵᠡᠷᠭᠡ ᠶᠢᠨ ᠲᠤᠰᠬᠠᠶ ᠮᠡᠷᠭᠡᠵᠢᠯ ᠤᠨ ᠲᠤᠰᠢᠶᠠᠯ ᠤᠨ ᠲᠤᠰᠢᠶᠠᠯ ᠡᠭᠦᠷᠭᠡᠯᠡᠬᠦ ᠬᠢᠷᠢ ᠬᠡᠮ ᠢ ᠬᠢᠨᠠᠨ ᠬᠠᠷᠭᠤᠭᠤᠯᠬᠤ᠂ ᠮᠡᠳᠡᠭᠦᠯᠬᠦ ᠠᠵᠢᠯ ᠢ ᠬᠠᠷᠢᠭᠤᠴᠠᠨ᠎ᠠ᠃    2. ᠪᠦᠬᠦ ᠲᠤᠭᠤᠷᠢᠭ ᠤᠨ ᠡᠯ᠎ᠡ ᠲᠥᠷᠥᠯ ᠤᠨ ᠲᠤᠰᠬᠠᠶ ᠮᠡᠷᠭᠡᠵᠢᠯ ᠤᠨ ᠬᠢᠷᠢ ᠬᠡᠮ᠂ ᠮᠡᠷᠭᠡᠵᠢᠯ ᠤᠨ ᠴᠣᠯᠠ ᠶᠢᠨ ᠭᠠᠳᠠᠭᠠᠳᠤ ᠬᠡᠯᠡ᠂ ᠮᠡᠷᠭᠡᠵᠢᠯ ᠤᠨ ᠴᠣᠯᠠ ᠶᠢᠨ ᠺᠣᠮᠫᠢᠦ᠋ᠲ᠋ᠧᠷ ᠤᠨ ᠰᠢᠯᠭᠠᠯᠲᠠ ᠳᠤ ᠨᠡᠷ᠎ᠡ ᠮᠡᠳᠡᠭᠦᠯᠬᠦ ᠠᠵᠢᠯ ᠢ ᠬᠠᠷᠢᠭᠤᠴᠠᠨ ᠵᠣᠬᠢᠶᠠᠨ ᠪᠠᠶᠢᠭᠤᠯᠤᠨ᠎ᠠ᠃    3᠂ ᠪᠥᠬᠦ ᠲᠤᠭᠤᠷᠢᠭ ᠤᠨ ᠲᠤᠰᠬᠠᠢ ᠮᠡᠷᠭᠡᠵᠢᠯ ᠤᠨ ᠲᠤᠰᠢᠶᠠᠯ ᠤᠨ ᠠᠵᠢᠯ ᠤᠨ ᠪᠠᠶᠢᠷᠢ ᠪᠠᠶᠢᠷᠢᠯᠠᠭᠤᠯᠬᠤ ᠬᠠᠮᠢᠶᠠᠷᠤᠯᠲᠠ ᠶᠢᠨ ᠠᠵᠢᠯ ᠢ ᠬᠠᠷᠢᠭᠤᠴᠠᠨ᠎ᠠ  ᠃᡾ ᠲᠤᠰᠬᠠᠶ ᠮᠡᠷᠭᠡᠵᠢᠯ ᠤᠨ ᠲᠤᠰᠢᠶᠠᠯ ᠳᠤ ᠤᠷᠢᠨ ᠲᠣᠮᠢᠯᠠᠬᠤ ᠳᠦᠷᠢᠮ ᠢ ᠲᠡᠭᠦᠯᠳᠡᠷᠵᠢᠭᠦᠯᠵᠦ᠂ ᠪᠦᠬᠦ ᠲᠤᠭᠤᠷᠢᠭ ᠤᠨ ᠠᠵᠢᠯ ᠦᠢᠯᠡᠰ ᠤᠨ ᠨᠢᠭᠡᠴᠡ ᠶᠢᠨ ᠲᠤᠰᠬᠠᠶ ᠮᠡᠷᠭᠡᠵᠢᠯ ᠤᠨ ᠲᠤᠰᠢᠶᠠᠯ ᠳᠤ ᠤᠷᠢᠨ ᠲᠣᠮᠢᠯᠠᠬᠤ ᠶᠢ ᠬᠢᠨᠠᠨ ᠵᠥᠪᠰᠢᠶᠡᠷᠡᠬᠦ ᠠᠵᠢᠯ ᠢ ᠬᠠᠷᠢᠭᠤᠴᠠᠨ᠎ᠠ᠃     4. ᠡᠯ᠎ᠡ ᠰᠢᠷᠢᠰ ᠲᠤᠰᠬᠠᠶ ᠮᠡᠷᠭᠡᠵᠢᠯ ᠤᠨ ᠥᠨᠳᠥᠷ᠂ ᠳᠤᠮᠳᠠ᠂ ᠠᠩᠬ᠎ᠠ ᠵᠡᠷᠭᠡ ᠶᠢᠨ ᠲᠤᠰᠬᠠᠶ ᠮᠡᠷᠭᠡᠵᠢᠯ ᠤᠨ ᠲᠤᠰᠢᠶᠠᠯ ᠡᠭᠦᠷᠭᠡᠯᠡᠬᠦ ᠬᠢᠷᠢ ᠭᠡᠮ ᠤᠨ ᠦᠨᠡᠮᠯᠡᠯ ᠣᠯᠭᠤᠬᠤ ᠠᠵᠢᠯ ᠢ ᠬᠠᠷᠢᠭᠤᠴᠠᠨ᠎ᠠ᠃    ᠴᠢᠳᠠᠪᠤᠷᠢᠲᠠᠨ ᠤ ᠠᠵᠢᠯ ᠣᠯᠭᠤᠯᠲᠠ ᠶᠢ ᠠᠬᠢᠭᠤᠯᠬᠤ ᠰᠠᠯᠠᠭ᠎ᠠ ︵8319211︶    1. ᠪᠥᠬᠦ ᠲᠤᠭᠤᠷᠢᠭ ᠤᠨ ᠴᠢᠳᠠᠪᠤᠷᠢᠲᠠᠨ ᠢ ᠬᠥᠮᠦᠵᠢᠭᠦᠯᠬᠦ᠂ ᠣᠷᠣᠭᠤᠯᠤᠨ ᠠᠪᠴᠢᠷᠠᠬᠤ ᠪᠠ ᠬᠡᠷᠡᠭᠯᠡᠬᠦ ᠲᠥᠷᠥ ᠶᠢᠨ ᠪᠣᠳᠣᠯᠭ᠎ᠠ ᠶᠢ ᠰᠤᠳᠤᠯᠤᠨ ᠲᠣᠭᠲᠠᠭᠠᠨ᠎ᠠ᠃ ᠪᠦᠬᠦ  ᠲᠤᠭᠤᠷᠢᠭ ᠤᠨ ᠡᠯ᠎ᠡ ᠲᠥᠷᠥᠯ ᠤᠨ ᠪᠠᠴᠢᠮ ᠬᠡᠷᠡᠭᠰᠡᠬᠦ ᠰᠢᠨᠵᠢᠯᠡᠬᠦ ᠤᠬᠠᠭᠠᠨ ᠤ ᠰᠤᠳᠤᠯᠤᠯ ᠤᠨ ᠴᠢᠳᠠᠪᠤᠷᠢᠲᠠᠨ᠂ ᠲᠥᠷᠥᠯ ᠵᠦᠢᠯ ᠤᠨ ᠴᠢᠳᠠᠪᠤᠷᠢᠲᠠᠨ ᠢ ᠣᠷᠣᠭᠤᠯᠵᠤ ᠢᠷᠡᠬᠦ ᠠᠵᠢᠯ ᠢ ᠬᠠᠷᠢᠭᠤᠴᠠᠨ᠎ᠠ᠃    2. ᠲᠤᠰᠬᠠᠶ ᠮᠡᠷᠭᠡᠵᠢᠯ ᠤᠨ ᠠᠵᠢᠯᠲᠠᠨ ᠪᠠ ᠲᠤᠰᠬᠠᠶ ᠮᠡᠷᠭᠡᠵᠢᠯ ᠤᠨ ᠡᠩᠨᠡᠭᠡ ᠶᠢᠨ ᠪᠠᠶᠢᠭᠤᠯᠤᠯᠲᠠ ᠶᠢᠨ ᠠᠵᠢᠯ᠂ ᠠᠵᠤ ᠠᠬᠤᠶᠢᠯᠠᠯ ᠠᠵᠢᠯ ᠦᠢᠯᠡᠰ ᠤᠨ ᠨᠢᠭᠡᠴᠡ ᠶᠢᠨ ᠡᠯ᠎ᠡ ᠲᠥᠷᠥᠯ ᠤᠨ ᠴᠢᠳᠠᠪᠤᠷᠢᠲᠠᠨ ᠢ ᠪᠠᠶᠢᠴᠠᠭᠠᠨ ᠪᠦᠷᠢᠳᠬᠡᠬᠦ ᠠᠵᠢᠯ ᠢ ᠬᠠᠷᠢᠭᠤᠴᠠᠨ᠎ᠠ᠃    3. ᠪᠦᠬᠦ ᠲᠤᠭᠤᠷᠢᠭ ᠤᠨ ᠡᠯ᠎ᠡ ᠲᠥᠷᠥᠯ ᠤᠨ  ᠳᠡᠭᠡᠳᠦ ᠳᠡᠰ ᠳᠠᠪᠬᠤᠷᠭ᠎ᠠ ᠶᠢᠨ ᠲᠤᠰᠬᠠᠶ ᠮᠡᠷᠭᠡᠵᠢᠯ ᠤᠨ ᠴᠢᠳᠠᠪᠤᠷᠢᠲᠠᠨ ᠢ ᠰᠢᠯᠢᠨ ᠰᠣᠩᠭᠤᠬᠤ᠂ ᠬᠢᠨᠠᠨ ᠬᠠᠷᠭᠤᠭᠤᠯᠬᠤ᠂ ᠪᠠᠲᠤᠯᠠᠨ ᠲᠠᠨᠢᠯᠴᠠᠭᠤᠯᠬᠤ᠂ ᠭᠤᠶᠤᠴᠢᠯᠠᠨ ᠮᠡᠳᠡᠭᠦᠯᠬᠦ ᠵᠢᠴᠢ ᠪᠣᠯᠪᠠᠰᠤᠷᠠᠭᠤᠯᠤᠨ ᠬᠠᠮᠢᠶᠠᠷᠬᠤ ᠠᠵᠢᠯ ᠢ ᠬᠠᠷᠢᠭᠤᠴᠠᠨ᠎ᠠ᠃    4. ᠪᠥᠬᠦ ᠲᠤᠭᠤᠷᠢᠭ ᠤᠨ ᠳᠡᠭᠡᠳᠦ ᠰᠤᠷᠭᠠᠭᠤᠯᠢ‌ᠡᠴᠠ ᠲᠡᠭᠦᠰᠦᠭᠰᠡᠳ ᠤᠨ ᠠᠵᠢᠯ ᠣᠯᠵᠤ ᠠᠳᠠᠯ ᠦᠢᠯᠡᠰ ᠴᠣᠭᠴᠠᠯᠠᠬᠤ ᠠᠵᠢᠯ ᠢ ᠬᠠᠷᠢᠭᠤᠴᠠᠨ᠎ᠠ  ᠃ ᠴᠢᠳᠠᠪᠤᠷᠢᠲᠠᠨ ᠰᠣᠯᠢᠯᠴᠠᠬᠤ ᠪᠣᠯᠪᠠᠰᠤᠷᠠᠭᠤᠯᠤᠯ ᠤᠨ ᠲᠥᠪ ᠤᠨ ᠬᠥᠭᠵᠢᠯᠲᠡ ᠶᠢᠨ  ᠲᠦᠯᠦᠪᠵᠢᠭᠦᠯᠭᠡ ᠪᠠ ᠲᠤᠬᠠᠶᠢᠯᠠᠭᠰᠠᠨ ᠠᠵᠢᠯ ᠤᠨ ᠵᠢᠯᠣᠭᠤᠳᠬᠤ ᠠᠵᠢᠯ ᠢ ᠬᠠᠷᠢᠭᠤᠴᠠᠨ᠎ᠠ  ᠃ ᠪᠦᠬᠦ  ᠲᠤᠭᠤᠷᠢᠭ ᠤᠨ ᠴᠢᠳᠠᠪᠤᠷᠢᠲᠠᠨ ᠤ ᠰᠣᠯᠢᠯᠴᠠᠭᠠᠨ ᠤ ᠠᠵᠢᠯᠯᠠᠭ᠎ᠠ ᠶᠢ ᠵᠣᠬᠢᠶᠠᠨ ᠪᠠᠶᠢᠭᠤᠯᠤᠨ ᠥᠷᠨᠢᠭᠦᠯᠦᠨ᠎ᠡ᠃   5. ᠪᠦᠬᠦ  ᠲᠤᠭᠤᠷᠢᠭ ᠤᠨ ᠴᠢᠳᠠᠪᠤᠷᠢᠲᠠᠨ ᠤ ᠰᠢᠯᠵᠢᠯᠲᠡ᠂ ᠴᠢᠳᠠᠪᠤᠷᠢᠲᠠᠨ ᠲᠣᠮᠢᠯᠠᠬᠤ ᠪᠠ  ᠳᠡᠭᠡᠳᠦ ᠰᠤᠷᠭᠠᠭᠤᠯᠢ ᠡᠴᠠ‌‍ᠲ᠋ᠡᠭᠦᠰᠦᠭᠰᠡᠳ ᠤᠨ ᠳᠠᠳᠤᠯᠭ᠎ᠠ ᠬᠢᠬᠦ᠂ ᠨᠥᠭᠡᠴᠡᠯᠡᠬᠦ ᠵᠢᠴᠢ ᠤᠶᠤᠲᠠᠳ ᠤᠨ ︽ᠭᠤᠷᠪᠠ ᠶᠢ ᠳᠠᠮᠵᠢᠵᠤ ᠨᠢᠭᠡ ᠶᠢ ᠲᠡᠳᠬᠦᠬᠦ︾᠂ ︽ᠨᠡᠶᠢᠲᠡ ᠶᠢᠨ ᠠᠰᠠᠷᠠᠮᠵᠢ ᠶᠢᠨ ᠠᠵᠢᠯ ᠤᠨ ᠪᠠᠶᠢᠷᠢ︾᠂ ︽ᠨᠡᠶᠢᠭᠡᠮ ᠲᠣᠭᠤᠷᠢᠭ ᠤᠨ ᠠᠷᠠᠳ ᠤᠨ ᠠᠮᠢᠳᠤᠷᠠᠯ︾ ᠵᠡᠷᠭᠡ ᠠᠵᠢᠯ ᠢ ᠬᠠᠷᠢᠭᠤᠴᠠᠨ᠎ᠠ᠃   6. ᠪᠦᠬᠦ ᠲᠤᠭᠤᠷᠢᠭ ‍ᠤᠨ‌ᠵᠠᠰᠠᠭ ᠤᠨ ᠣᠷᠳᠣᠨ ᠤ ᠣᠨᠴᠣᠭᠤᠶ ᠨᠡᠮᠡᠭᠦᠷᠢ ᠬᠦᠷᠲᠡᠵᠦ ᠪᠠᠶᠢᠭ᠎ᠠ‌‍ᠬᠥ᠋ᠮᠦᠰ ᠪᠣᠯᠤᠨ  ᠲᠤᠪᠤᠶᠢᠮ᠎ᠠ ᠬᠤᠪᠢ ᠨᠡᠮᠡᠷᠢ ᠦᠵᠡᠭᠦᠯᠦᠭᠰᠡᠨ ᠤᠨ ᠢᠳᠡᠷ ᠵᠠᠯᠠᠭᠤ ᠲᠤᠰᠬᠠᠶ ᠮᠡᠷᠭᠡᠵᠢᠯᠲᠡᠳ ᠢ ᠮᠡᠳᠡᠭᠦᠯᠬᠦ᠂ ᠬᠢᠨᠠᠬᠤ ᠪᠠ ᠲᠠᠨᠢᠯᠴᠠᠭᠤᠯᠬᠤ ᠠᠵᠢᠯ ᠢ ᠬᠠᠷᠢᠭᠤᠴᠠᠨ᠎ᠠ᠃    7.  ᠪᠦᠬᠦ ᠲᠤᠭᠤᠷᠢᠭ ᠤᠨ ᠲᠤᠰᠬᠠᠢ ᠮᠡᠷᠭᠡᠵᠢᠯᠲᠡᠳ ᠤᠨ  ᠦᠷᠭᠦᠯᠵᠢᠯᠡᠨ ᠰᠤᠷᠭᠠᠨ ᠬᠦᠮᠦᠵᠢᠭᠦᠯᠬᠦ  ᠲᠦᠯᠦᠪᠯᠡᠭᠡ᠂  ᠬᠠᠮᠢᠶᠠᠷᠤᠯᠲᠠ᠂  ᠪᠤᠯᠪᠠᠰᠤᠷᠠᠭᠤᠯᠬᠤ᠂  ᠦᠨᠡᠮᠯᠡᠯ ᠢ ᠳᠠᠩᠰᠠᠯᠠᠭᠤᠯᠬᠤ ᠵᠡᠷᠭᠡ ᠠᠵᠢᠯ ᠢ  ᠬᠠᠷᠢᠭᠤᠴᠠᠨ᠎ᠠ᠃   8. ︽ᠭᠤᠷᠪᠠᠨ ᠵᠦᠢᠯ ᠤᠨ ᠰᠤᠷᠤᠭᠴᠢ︾ ᠢ ᠡᠯᠰᠡᠨ ᠬᠡᠷᠡᠭᠯᠡᠬᠦ ᠵᠢᠴᠢ ᠲᠥᠷᠦ ᠶᠢᠨ ᠪᠣᠳᠣᠯᠭ᠎ᠠ ᠶᠢᠨ ᠵᠥᠪᠯᠡᠯᠭᠡ ᠥᠭᠬᠦ ᠵᠡᠷᠭᠡ ᠶᠢ ᠬᠠᠷᠢᠭᠤᠴᠠᠨ᠎ᠠ᠃     ᠴᠠᠯᠢᠩ ᠤᠨ ᠬᠠᠮᠢᠶᠠᠷᠤᠯᠲᠠ ᠶᠢᠨ ᠰᠠᠯᠠᠭ᠎ᠠ ︵8319206︶    1. ᠤᠯᠤᠰ᠂ ᠥᠪᠡᠷᠲᠡᠭᠡᠨ ᠵᠠᠰᠠᠬᠤ ᠣᠷᠣᠨ᠂ ᠲᠦᠩᠯᠢᠶᠣᠤ ᠬᠤᠲᠠ ᠶᠢᠨ ᠴᠠᠯᠢᠩ ᠤᠨ ᠲᠥᠷᠥ ᠶᠢᠨ ᠪᠣᠳᠣᠯᠭ᠎ᠠ ᠪᠣᠯᠤᠨ ᠬᠠᠤᠯᠢ ᠲᠣᠭᠲᠠᠭᠠᠯ ᠤᠨ ᠲᠣᠭᠲᠠᠭᠠᠯ ᠢ ᠲᠤᠤᠱᠯᠠᠭᠤᠯᠤᠨ ᠬᠡᠷᠡᠭᠵᠢᠭᠦᠯᠵᠦ᠂ ᠬᠠᠮᠢᠶᠠᠷᠤᠯᠲᠠ ᠶᠢᠨ ᠰᠠᠯᠠᠭ᠎ᠠ ᠮᠥᠴᠢᠷ ᠤᠨ ᠣᠷᠣᠨ ᠤ ᠪᠠᠶᠢᠭᠤᠯᠤᠯᠭ᠎ᠠ᠂ ᠠᠵᠢᠯ ᠦᠢᠯᠡᠰ ᠤᠨ ᠨᠢᠭᠡᠴᠡ ᠶᠢᠨ ᠴᠠᠯᠢᠩ ᠤᠨ ᠰᠠᠭᠤᠷᠢ ᠮᠥᠩᠭᠦ ᠶᠢᠨ ᠬᠠᠮᠢᠶᠠᠷᠤᠯᠲᠠ ᠶᠢᠨ ᠠᠵᠢᠯ ᠵᠢᠴᠢ ᠪᠠᠶᠢᠭᠤᠯᠤᠯᠭ᠎ᠠ᠂ ᠠᠵᠢᠯ ᠦᠢᠯᠡᠰ ᠤᠨ ᠨᠢᠭᠡᠴᠡ ᠶᠢᠨ ᠴᠠᠯᠢᠩ ᠤᠨ ᠰᠠᠭᠤᠷᠢ ᠮᠥᠩᠭᠦ ᠶᠢᠨ ᠰᠢᠭᠦᠨ  ᠰᠢᠢᠳᠪᠦᠷᠢᠯᠡᠬᠦ ᠠᠵᠢᠯ ᠢ ᠬᠠᠷᠢᠭᠤᠴᠠᠬᠤ ᠶᠢᠨ ᠬᠠᠮᠲᠤ ᠡᠳ᠋ ᠤᠨ ᠵᠠᠰᠠᠭ ᠤᠨ ᠴᠠᠯᠢᠩ ᠢ ᠬᠢᠨᠠᠨ ᠰᠠᠯᠭᠠᠨ ᠥᠭᠬᠦ ᠶᠢᠨ ᠬᠠᠤᠯᠢ ᠪᠠᠷ ᠲᠣᠭᠲᠠᠭᠠᠭᠰᠠᠨ ᠦᠨᠳᠦᠰᠦᠯᠡᠯ ᠪᠣᠯᠭᠠᠨ᠎ᠠ᠃    2. ᠪᠠᠶᠢᠭᠤᠯᠤᠯᠭ᠎ᠠ᠂ ᠠᠵᠢᠯ ᠦᠢᠯᠡᠰ ᠤᠨ ᠨᠢᠭᠡᠴᠡ ᠶᠢᠨ ᠠᠵᠢᠯ ᠳᠤ  ᠪᠠᠶᠢᠭ᠎ᠠ ᠠᠵᠢᠯᠲᠠᠨ ᠤ ᠴᠠᠯᠢᠩ᠂ ᠭᠠᠵᠠᠷ ᠣᠷᠣᠨ ᠤ ᠨᠡᠮᠡᠭᠦᠷᠢ᠂ ᠠᠯᠪᠠᠲᠠᠨ ᠤ ᠨᠡᠮᠡᠭᠦᠷᠢ ᠨᠥᠬᠦᠪᠥᠷᠢ᠂ ᠠᠵᠢᠯ ᠦᠢᠯᠡᠰ ᠤᠨ ᠨᠢᠭᠡᠴᠡ ᠶᠢᠨ ᠰᠠᠭᠤᠷᠢ ᠴᠢᠨᠠᠷᠲᠠᠶ ᠠᠮᠵᠢᠯᠲᠠ ᠪᠦᠲᠦᠮᠵᠢ ᠶᠢᠨ ᠴᠠᠯᠢᠩ ᠢ ᠬᠢᠨᠠᠨ ᠵᠥᠪᠰᠢᠶᠡᠷᠡᠬᠦ ᠠᠵᠢᠯ ᠢ ᠬᠠᠷᠢᠭᠤᠴᠠᠨ᠎ᠠ᠃    3. ᠪᠠᠶᠢᠭᠤᠯᠤᠯᠭ᠎ᠠ᠂ ᠠᠵᠢᠯ ᠦᠢᠯᠡᠰ ᠤᠨ ᠨᠢᠭᠡᠴᠡ ᠶᠢᠨ ᠠᠵᠢᠯᠲᠠᠨ ᠤ ᠬᠥᠳᠡᠯᠦᠩᠭᠦᠶ ᠴᠠᠯᠢᠩ᠂ ᠠᠵᠢᠯ ᠤᠨ ᠪᠠᠶᠢᠷᠢ ᠶᠢᠨ ᠨᠡᠮᠡᠭᠦᠷᠢ᠂ ᠨᠥᠬᠦᠪᠥᠷᠢ ᠮᠥᠩᠭᠦ ᠬᠦᠷᠲᠡᠬᠦ ᠶᠢ ᠬᠢᠨᠠᠨ ᠵᠥᠪᠰᠢᠶᠡᠷᠡᠬᠦ ᠠᠵᠢᠯ ᠢ ᠬᠠᠷᠢᠭᠤᠴᠠᠨ᠎ᠠ᠃    4. ᠪᠠᠶᠢᠭᠤᠯᠤᠯᠭ᠎ᠠ᠂ ᠠᠵᠢᠯ ᠦᠢᠯᠡᠰ ᠤᠨ ᠨᠢᠭᠡᠴᠡ ᠶᠢᠨ ᠠᠵᠢᠯᠲᠠᠨ ᠤ ᠲᠤᠰᠢᠶᠠᠯ ᠢ ᠬᠤᠪᠢᠷᠠᠭᠤᠯᠤᠭᠰᠠᠨ ᠤ ᠳᠠᠷᠠᠭᠠᠬᠢ ᠴᠠᠯᠢᠩ ᠣᠯᠭᠤᠮᠵᠢ ᠶᠢ ᠬᠢᠨᠠᠨ ᠵᠥᠪᠰᠢᠶᠡᠷᠡᠬᠦ ᠠᠵᠢᠯ ᠢ ᠬᠠᠷᠢᠭᠤᠴᠠᠨ᠎ᠠ᠃    5. ᠰᠢᠨ᠎ᠡ ᠪᠠᠷ ᠣᠷᠣᠯᠴᠠᠭᠰᠠᠨ ᠠᠵᠢᠯᠲᠠᠨ ᠤ ᠲᠤᠷᠰᠢᠨ ᠬᠡᠷᠡᠭᠯᠡᠬᠦ ᠬᠤᠭᠤᠴᠠᠭ᠎ᠠ᠂ ᠳᠠᠭᠠᠵᠤ ᠰᠤᠷᠬᠤ ᠬᠤᠭᠤᠴᠠᠭᠠᠨ ᠤ ᠴᠠᠯᠢᠩ ᠢ ᠬᠢᠨᠠᠨ ᠵᠥᠪᠰᠢᠶᠡᠷᠡᠬᠦ ᠠᠵᠢᠯ ᠢ ᠬᠠᠷᠢᠭᠤᠴᠠᠨ᠎ᠠ᠃ ᠴᠡᠷᠢᠭ ᠠᠩᠭᠢ ᠠᠴᠠ ᠰᠢᠯᠵᠢᠭᠰᠡᠨ ᠺᠠᠳ᠋ᠷ ᠪᠣᠯᠤᠨ ᠴᠡᠷᠢᠭ ᠠᠴᠠ ᠬᠠᠯᠠᠭᠳᠠᠭᠰᠠᠳ ᠪᠠᠭᠤᠭᠰᠠᠳ᠂ ᠪᠡᠶ᠎ᠡ ᠶᠢᠨ ᠲᠠᠮᠢᠷ ᠤᠨ ᠠᠵᠢᠯ ᠠᠴᠠ ᠪᠠᠨ ᠪᠠᠭᠤᠭᠰᠠᠨ ᠲᠠᠮᠢᠷᠴᠢᠳ ᠤᠨ ᠴᠠᠯᠢᠩ ᠣᠯᠭᠤᠮᠵᠢ ᠶᠢ ᠬᠢᠨᠠᠨ ᠵᠥᠪᠰᠢᠶᠡᠷᠡᠬᠦ ᠠᠵᠢᠯ ᠢ ᠬᠠᠷᠢᠭᠤᠴᠠᠨ᠎ᠠ᠃ ᠠᠵᠢᠯᠲᠠᠨ ᠢ ᠰᠢᠯᠵᠢᠭᠦᠯᠦᠭᠰᠡᠨ ᠤ ᠳᠠᠷᠠᠭ᠎ᠠ᠂ ᠴᠠᠯᠢᠩ ᠣᠯᠭᠤᠮᠵᠢ ᠶᠢ ᠬᠢᠨᠠᠨ ᠵᠥᠪᠰᠢᠶᠡᠷᠡᠬᠦ ᠠᠵᠢᠯ ᠢ ᠬᠠᠷᠢᠭᠤᠴᠠᠨ᠎ᠠ᠃    6. ᠰᠠᠯᠠᠭ᠎ᠠ ᠮᠥᠴᠢᠷ ᠤᠨ ᠪᠠᠶᠢᠭᠤᠯᠤᠯᠭ᠎ᠠ ᠠᠵᠢᠯ ᠦᠢᠯᠡᠰ ᠤᠨ ᠨᠢᠭᠡᠴᠡ ᠶᠢᠨ ᠴᠠᠯᠢᠩ ᠢ ᠪᠦᠷᠢᠳᠬᠡᠬᠦ ᠵᠢᠴᠢ ᠵᠠᠳᠠᠯᠬᠤ ᠠᠵᠢᠯ ᠢ ᠬᠠᠷᠢᠭᠤᠴᠠᠨ᠎ᠠ᠃    ᠠᠵᠢᠯ ᠠᠴᠠ ᠪᠠᠨ ᠰᠠᠯᠵᠤ ᠠᠮᠠᠷᠠᠭᠰᠠᠨ ᠪᠠ ᠠᠵᠢᠯ ᠠᠴᠠ ᠪᠠᠨ ᠪᠠᠭᠤᠵᠤ ᠠᠮᠠᠷᠠᠭᠰᠠᠨ ᠬᠠᠮᠢᠶᠠᠷᠤᠯᠲᠠ ᠶᠢᠨ ᠰᠠᠯᠠᠭ᠎ᠠ ︵6380678︶    1. ᠨᠡᠶᠢᠭᠡᠮ ᠤᠨ ᠳᠠᠭᠠᠳᠬᠠᠯ ᠠᠰᠠᠷᠠᠮᠵᠢ ᠠᠵᠢᠯ ᠠᠴᠠ ᠪᠠᠨ ᠰᠠᠯᠵᠤ ᠠᠮᠠᠷᠠᠬᠤ ᠪᠠ ᠠᠵᠢᠯ ᠠᠴᠠ ᠪᠠᠨ ᠰᠠᠯᠵᠤ ᠠᠮᠠᠷᠠᠬᠤ ᠵᠡᠷᠭᠡ ᠬᠤᠯᠪᠣᠭᠳᠠᠯ ᠪᠦᠬᠦᠢ ᠲᠥᠷᠥ ᠶᠢᠨ ᠪᠣᠳᠣᠯᠭ᠎ᠠ ᠶᠢ ᠲᠤᠤᠱᠯᠠᠭᠤᠯᠤᠨ ᠬᠡᠷᠡᠭᠵᠢᠭᠦᠯᠬᠦ ᠶᠢ ᠬᠠᠷᠢᠭᠤᠴᠠᠨ᠎ᠠ    2. ᠪᠦᠬᠦ ᠲᠤᠭᠤᠷᠢᠭ ᠤᠨ ᠪᠠᠶᠢᠭᠤᠯᠤᠯᠭ᠎ᠠ᠂ ᠠᠵᠤ ᠠᠬᠤᠶᠢᠯᠠᠯ ᠠᠵᠢᠯ ᠦᠢᠯᠡᠰ ᠤᠨ ᠨᠢᠭᠡᠴᠡ ᠶᠢᠨ ᠠᠵᠢᠯᠲᠠᠨ ᠠᠵᠢᠯᠴᠢᠨ ᠤ ᠬᠥᠳᠡᠯᠮᠦᠷᠢᠯᠡᠬᠦ ᠴᠢᠳᠠᠪᠤᠷᠢ ᠶᠢ ᠬᠢᠨᠠᠨ ᠲᠣᠭᠲᠠᠭᠠᠵᠤ ᠮᠡᠳᠡᠭᠦᠯᠬᠦ ᠠᠵᠢᠯ ᠢ ᠬᠠᠷᠢᠭᠤᠴᠠᠨ᠎ᠠ᠃    3 . ᠲᠣᠭᠤᠷᠢᠭ ᠤᠨ ᠣᠨᠴᠠᠭᠠᠢ ᠠᠵᠢᠯᠲᠠᠨ ᠠᠵᠢᠯᠴᠢᠨ ᠤ ᠠᠵᠢᠯ ᠲᠦᠷᠦᠯ  ᠤᠨ ᠮᠡᠳᠡᠭᠦᠯᠬᠦ   ᠶᠢ ᠬᠠᠷᠢᠭᠤᠴᠠᠨ᠎ᠠ᠃  4. ᠪᠠᠶᠢᠭᠤᠯᠤᠯᠭ᠎ᠠ᠂ ᠠᠵᠤ ᠠᠬᠤᠶᠢᠯᠠᠯ ᠠᠵᠢᠯ ᠦᠢᠯᠡᠰ ᠤᠨ ᠨᠢᠭᠡᠴᠡ ᠶᠢᠨ ᠠᠵᠢᠯᠲᠠᠨ ᠠᠵᠢᠯᠴᠢᠨ ᠤ ᠲᠥᠷᠥᠭᠰᠡᠨ ᠴᠠᠭ ᠵᠢᠴᠢ ᠠᠵᠢᠯ ᠳᠤ ᠣᠷᠣᠯᠴᠠᠭᠰᠠᠨ ᠴᠠᠭ ᠢ ᠬᠢᠨᠠᠨ ᠲᠣᠭᠲᠠᠭᠠᠭᠰᠠᠨ ᠠᠵᠢᠯᠯᠠᠭᠰᠠᠨ ᠤᠨ ᠵᠢᠯ ᠢ ᠮᠠᠭᠠᠳᠯᠠᠨ ᠲᠣᠭᠲᠠᠭᠠᠬᠤ ᠶᠢ ᠬᠠᠷᠢᠭᠤᠴᠠᠨ᠎ᠠ᠃    5. ᠠᠵᠢᠯ ᠠᠴᠠ ᠪᠠᠨ ᠰᠠᠯᠵᠤ ᠠᠮᠠᠷᠠᠭᠰᠠᠨ ᠪᠠ ᠠᠵᠢᠯ ᠠᠴᠠ ᠪᠠᠨ ᠪᠠᠭᠤᠵᠤ ᠠᠮᠠᠷᠠᠭᠰᠠᠨ ᠲᠠᠯ᠎ᠠ ᠳᠤ ᠬᠤᠯᠪᠣᠭᠳᠠᠬᠤ ᠵᠠᠬᠢᠳᠠᠯ᠂ ᠰᠤᠷᠪᠤᠯᠵᠢᠯᠠᠭ᠎ᠠ᠂ ᠵᠥᠪᠯᠡᠯᠭᠡ ᠥᠭᠬᠦ ᠵᠡᠷᠭᠡ ᠠᠰᠠᠭᠤᠳᠠᠯ ᠢ ᠰᠢᠢᠳᠪᠦᠷᠢᠯᠡᠬᠦ ᠪᠠ ᠬᠠᠷᠢᠭᠤᠯᠲᠠ ᠥᠭᠬᠦ ᠠᠵᠢᠯ ᠢ ᠬᠠᠷᠢᠭᠤᠴᠠᠨ᠎ᠠ᠃    6. ᠪᠠᠶᠢᠭᠤᠯᠤᠯᠭ᠎ᠠ᠂ ᠠᠵᠤ ᠠᠬᠤᠶᠢᠯᠠᠯ ᠠᠵᠢᠯ ᠦᠢᠯᠡᠰ ᠤᠨ ᠨᠢᠭᠡᠴᠡ ᠶᠢᠨ ᠠᠵᠢᠯᠲᠠᠨ ᠠᠵᠢᠯᠴᠢᠨ ᠤ ᠠᠵᠢᠯ ᠠᠴᠠ ᠠᠮᠠᠷᠠᠭᠰᠠᠳ ᠪᠠᠭᠤᠭᠰᠠᠳ ᠤᠨ ᠬᠡᠪ ᠤᠨ ᠬᠢᠨᠠᠨ ᠵᠥᠪᠰᠢᠶᠡᠷᠡᠬᠦ ᠵᠢᠴᠢ ᠠᠵᠢᠯ ᠠᠴᠠ ᠠᠮᠠᠷᠠᠭᠰᠠᠳ ᠪᠠᠭᠤᠭᠰᠠᠳ ᠤᠨ ᠬᠠᠮᠢᠶᠠᠷᠤᠯᠲᠠ ᠶᠢᠨ ᠠᠵᠢᠯ ᠢ ᠬᠠᠷᠢᠭᠤᠴᠠᠨ᠎ᠠ᠃    7. ᠪᠠᠶᠢᠭᠤᠯᠤᠯᠭ᠎ᠠ᠂ ᠠᠵᠤ ᠠᠬᠤᠶᠢᠯᠠᠯ ᠠᠵᠢᠯ ᠦᠢᠯᠡᠰ ᠤᠨ ᠨᠢᠭᠡᠴᠡ ᠶᠢᠨ ᠠᠵᠢᠯ ᠠᠴᠠ ᠪᠠᠨ ᠰᠠᠯᠵᠤ ᠠᠮᠠᠷᠠᠭᠰᠠᠨ ᠪᠠ ᠠᠵᠢᠯ ᠠᠴᠠ ᠪᠠᠨ ᠪᠠᠭᠤᠵᠤ ᠠᠮᠠᠷᠠᠭᠰᠠᠨ ᠠᠵᠢᠯᠲᠠᠨ ᠠᠵᠢᠯᠴᠢᠨ ᠤ ᠠᠵᠢᠯ ᠠᠴᠠ ᠪᠠᠨ ᠰᠠᠯᠵᠤ ᠠᠮᠠᠷᠠᠭᠰᠠᠨ ᠪᠠ ᠠᠵᠢᠯ ᠠᠴᠠ ᠪᠠᠨ ᠪᠠᠭᠤᠵᠤ ᠠᠮᠠᠷᠠᠭᠰᠠᠨ ᠵᠠᠷᠤᠳᠠᠯ ᠢ ᠨᠡᠮᠡᠭᠳᠡᠭᠦᠯᠬᠦ ᠶᠢ ᠬᠠᠷᠢᠭᠤᠴᠠᠨ᠎ᠠ᠃     8. ᠪᠠᠶᠢᠭᠤᠯᠤᠯᠭ᠎ᠠ᠂ ᠠᠵᠤ ᠠᠬᠤᠶᠢᠯᠠᠯ ᠠᠵᠢᠯ ᠦᠢᠯᠡᠰ ᠤᠨ ᠨᠢᠭᠡᠴᠡ ᠶᠢᠨ ᠠᠵᠢᠯ ᠠᠴᠠ ᠪᠠᠨ ᠠᠮᠠᠷᠠᠭᠰᠠᠳ ᠪᠠᠭᠤᠭᠰᠠᠳ ᠢ ᠪᠦᠷᠢᠳᠬᠡᠨ ᠮᠡᠳᠡᠭᠦᠯᠬᠦ ᠠᠵᠢᠯ ᠢ ᠬᠠᠷᠢᠭᠤᠴᠠᠨ᠎ᠠ᠃    9. ᠪᠠᠶᠢᠭᠤᠯᠤᠯᠭ᠎ᠠ᠂ ᠠᠵᠢᠯ ᠦᠢᠯᠡᠰ ᠤᠨ ᠨᠢᠭᠡᠴᠡ ᠶᠢᠨ ᠨᠥᠭᠴᠢᠭᠰᠡᠳ ᠤᠨ ᠭᠡᠷ ᠪᠦᠯᠢ ᠶᠢᠨ ᠬᠡᠪ ᠤᠨ ᠠᠮᠢᠳᠤᠷᠠᠯ ᠤᠨ ᠵᠠᠷᠤᠳᠠᠯ   ᠢ ᠬᠢᠨᠠᠨ ᠵᠥᠪᠰᠢᠶᠡᠷᠡᠬᠦ ᠠᠵᠢᠯ ᠵᠢᠴᠢ ᠨᠥᠭᠴᠢᠭᠰᠡᠳ ᠤᠨ ᠭᠡᠷ ᠪᠦᠯᠢ ᠶᠢᠨ ᠤᠨ ᠪᠠᠶᠢᠴᠠᠭᠠᠯᠲᠠ ᠶᠢᠨ ᠠᠵᠢᠯ ᠢ ᠬᠠᠷᠢᠭᠤᠴᠠᠨ᠎ᠠ᠃    10. ᠬᠤᠲᠠ ᠬᠥᠳᠡᠭᠡ ᠶᠢᠨ ᠰᠠᠭᠤᠭᠠᠯᠢ ᠠᠷᠠᠳ ᠤᠨ ᠨᠠᠰᠤᠵᠢᠯ ᠤᠨ ᠳᠠᠭᠠᠳᠬᠠᠯ ᠤᠨ ᠬᠠᠮᠢᠶᠠᠷᠤᠯᠲᠠ ᠶᠢᠨ ᠠᠵᠢᠯ ᠢ ᠬᠠᠷᠢᠭᠤᠴᠠᠨ᠎ᠠ᠃    11. ᠡᠳᠦᠷ ᠲᠤᠲᠤᠮ ᠤᠨ ᠨᠡᠶᠢᠭᠡᠮ ᠤᠨ ᠳᠠᠭᠠᠳᠬᠠᠯ ᠠᠰᠠᠷᠠᠮᠵᠢ ᠶᠢᠨ ᠡᠯ᠎ᠡ  ᠵᠦᠢᠯ ᠤᠨ ᠠᠵᠢᠯ ᠵᠢᠴᠢ  ᠳᠡᠭᠡᠳᠦ ᠱᠠᠲᠤᠨ ᠤ ᠲᠤᠰᠢᠶᠠᠭᠰᠠᠨ ᠪᠤᠰᠤᠳ ᠠᠵᠢᠯ ᠢ ᠬᠠᠷᠢᠭᠤᠴᠠᠨ ᠰᠢᠢᠳᠪᠦᠷᠢᠯᠡᠨ᠎ᠡ  ᠃ ᠬᠥᠳᠡᠯᠮᠦᠷᠢ ᠶᠢᠨ ᠬᠠᠷᠢᠴᠠᠭᠠᠨ ᠤ ᠰᠠᠯᠠᠭ᠎ᠠ ︵8319 208︶   1. ︽ᠠᠵᠢᠯ ᠣᠯᠭᠤᠬᠤ   ᠶᠢ ᠠᠬᠢᠭᠤᠯᠬᠤ ᠬᠠᠤᠯᠢ︾ ᠪᠣᠯᠤᠨ ᠠᠵᠢᠯ ᠠᠯᠳᠠᠯᠲᠠ ᠶᠢᠨ ᠳᠠᠭᠠᠳᠬᠠᠯ ᠤᠨ ᠬᠠᠮᠢᠶ᠎ᠠ ᠪᠦᠬᠦᠢ ᠲᠥᠷᠥ ᠶᠢᠨ ᠪᠣᠳᠣᠯᠭ᠎ᠠ ᠬᠠᠤᠯᠢ ᠲᠣᠭᠲᠠᠭᠠᠯ ᠢ ᠲᠤᠤᠱᠯᠠᠭᠤᠯᠤᠨ ᠬᠡᠷᠡᠭᠵᠢᠭᠦᠯᠦᠨ᠎ᠡ᠃   2. ᠪᠦᠬᠦ ᠵᠢᠯ ᠤᠨ ᠠᠵᠢᠯ ᠣᠯᠭᠤᠬᠤ  ᠲᠦᠯᠦᠪᠵᠢᠭᠦᠯᠭᠡ᠂ ᠵᠢᠯ ᠤᠨ ᠠᠵᠢᠯ ᠤᠨ ᠲᠥᠯᠥᠪᠯᠡᠭᠡ ᠪᠣᠯᠤᠨ ᠬᠤᠯᠪᠣᠭᠳᠠᠯ ᠪᠦᠬᠦᠢ ᠲᠥᠷᠥ ᠶᠢᠨ ᠪᠣᠳᠣᠯᠭ᠎ᠠ ᠶᠢ ᠰᠤᠳᠤᠯᠤᠨ ᠲᠤᠭᠤᠷᠪᠢᠨ ᠲᠣᠭᠲᠠᠭᠠᠬᠤ ᠶᠢᠨ ᠬᠠᠮᠲᠤ ᠵᠣᠬᠢᠶᠠᠨ ᠪᠠᠶᠢᠭᠤᠯᠤᠨ ᠬᠡᠷᠡᠭᠵᠢᠭᠦᠯᠦᠨ᠎ᠡ᠃   3. ᠲᠤᠰᠬᠠᠶ ᠵᠦᠢᠯ ᠤᠨ ᠠᠵᠢᠯ ᠣᠯᠭᠤᠬᠤ ᠰᠠᠭᠤᠷᠢ ᠮᠥᠩᠭᠦ᠂ ᠠᠳᠠᠯ ᠦᠢᠯᠡᠰ ᠴᠣᠭᠴᠠᠯᠠᠬᠤ ᠶᠢ ᠲᠡᠳᠬᠦᠬᠦ ᠰᠠᠭᠤᠷᠢ ᠮᠥᠩᠭᠦ ᠶᠢᠨ ᠬᠡᠷᠡᠭᠯᠡᠯᠲᠡ ᠬᠠᠮᠢᠶᠠᠷᠤᠯᠲᠠ ᠶᠢᠨ ᠠᠷᠭ᠎ᠠ ᠶᠢ ᠲᠤᠭᠤᠷᠪᠢᠬᠤ ᠳᠤ ᠣᠷᠣᠯᠴᠠᠬᠤ ᠶᠢᠨ ᠬᠠᠮᠲᠤ ᠬᠢᠨᠠᠯᠲᠠ ᠲᠠᠯᠪᠢᠨ ᠬᠡᠷᠡᠭᠵᠢᠭᠦᠯᠦᠨ᠎ᠡ᠃   4. ᠪᠦᠬᠦ ᠣᠷᠣᠨ ᠤ ᠳᠡᠭᠡᠰᠦ ᠰᠤᠷᠭᠠᠭᠤᠯᠢ ᠲᠡᠭᠦᠰᠦᠭᠰᠡᠳ ᠲᠤ ᠠᠵᠢᠯ ᠣᠯᠭᠤᠬᠤ᠂ ᠠᠵᠢᠯ ᠣᠯᠭᠤᠬᠤ ᠲᠤᠰᠠᠯᠠᠮᠵᠢ ᠦᠵᠡᠭᠦᠯᠬᠦ ᠪᠠ ᠣᠨᠴᠣᠭᠤᠶ ᠨᠡᠶᠢᠲᠡ ᠴᠣᠭᠴᠠ ᠳᠤ ᠠᠵᠢᠯ ᠣᠯᠭᠤᠬᠤ ᠲᠥᠷᠥ ᠶᠢᠨ ᠪᠣᠳᠣᠯᠭ᠎ᠠ ᠶᠢ ᠲᠦᠷᠦᠭᠦᠯᠡᠨ ᠲᠤᠭᠤᠷᠪᠢᠨ᠎ᠠ᠃   5. ︽ᠬᠥᠳᠡᠯᠮᠦᠷᠢ ᠶᠢᠨ ᠭᠡᠷ᠎ᠡ ᠶᠢᠨ ᠬᠠᠤᠯᠢ︾ ᠶᠢ ᠲᠤᠤᠱᠯᠠᠭᠤᠯᠤᠨ ᠬᠡᠷᠡᠭᠵᠢᠭᠦᠯᠵᠦ᠂ ᠪᠦᠬᠦ ᠲᠤᠭᠤᠷᠢᠭ ᠤᠨ ᠬᠥᠳᠡᠯᠮᠦᠷᠢ ᠶᠢᠨ ᠭᠡᠷ᠎ᠡ ᠪᠣᠯᠤᠨ ᠬᠠᠮᠲᠤ ᠶᠢᠨ ᠭᠡᠷ᠎ᠡ ᠶᠢᠨ ᠳᠦᠷᠢᠮ ᠤᠨ ᠬᠡᠷᠡᠭᠵᠢᠭᠦᠯᠦᠯᠲᠡ ᠵᠢᠴᠢ ᠬᠥᠳᠡᠯᠮᠦᠷᠢ ᠶᠢᠨ ᠭᠡᠷ᠎ᠡ ᠶᠢ ᠬᠢᠨᠠᠨ ᠬᠠᠷᠭᠤᠭᠤᠯᠵᠤ ᠳᠠᠩᠰᠠᠯᠠᠬᠤ ᠠᠵᠢᠯ ᠢ ᠵᠢᠯᠣᠭᠤᠳᠤᠨ᠎ᠠ᠃   6. ᠠᠵᠤ ᠠᠬᠤᠶᠢᠯᠠᠯ ᠤᠨ ᠠᠵᠢᠯᠲᠠᠨ ᠠᠵᠢᠯᠴᠢᠨ ᠤ ᠬᠥᠳᠡᠯᠮᠦᠷᠢ ᠶᠢᠨ ᠬᠠᠷᠢᠴᠠᠭ᠎ᠠ ᠶᠢ ᠰᠢᠯᠵᠢᠭᠦᠯᠬᠦ ᠭᠠᠷᠳᠠᠮ ᠢ ᠭᠦᠢᠴᠡᠳᠭᠡᠨ᠎ᠡ᠃ ᠳᠦᠷᠢᠮ ᠦᠭᠡᠷᠡᠴᠢᠯᠡᠬᠦ᠂ ᠳᠠᠮᠫᠤᠷᠠᠭᠰᠠᠨ ᠠᠵᠤ ᠠᠬᠤᠶᠢᠯᠠᠯ ᠤᠨ ᠠᠵᠢᠯᠲᠠᠨ ᠠᠵᠢᠯᠲᠠᠨ ᠢ ᠲᠥᠪᠬᠢᠨᠡᠭᠦᠯᠬᠦ ᠪᠠ ᠡᠷᠬᠡ ᠠᠰᠢᠭ ᠢ ᠪᠠᠲᠤᠯᠠᠬᠤ ᠠᠵᠢᠯ ᠢ ᠵᠢᠯᠣᠭᠤᠳᠤᠨ᠎ᠠ᠃   7. ᠠᠵᠤ ᠠᠬᠤᠶᠢᠯᠠᠯ ᠤᠨ ᠬᠤᠷᠸ᠎ᠠ ᠲᠣᠬᠢᠷᠠᠭᠤᠯᠤᠯ ᠡᠵᠡᠮᠳᠡᠯ ᠪᠠ ᠬᠡᠪ ᠤᠨ ᠨᠡᠮᠡᠭᠳᠡᠯ ᠤᠨ ᠲᠣᠭᠲᠠᠴᠠ ᠶᠢᠨ ᠰᠠᠨᠠᠯ ᠢ ᠳᠤᠷᠠᠳᠤᠨ᠎ᠠ᠃ ᠤᠯᠤᠰ ᠤᠨ ᠥᠮᠴᠢᠯᠡᠯᠲᠡ ᠠᠵᠤ ᠠᠬᠤᠶᠢᠯᠠᠯ ᠤᠨ ᠡᠵᠡᠩᠨᠡᠯᠲᠡ ᠬᠠᠮᠢᠶᠠᠷᠤᠯᠲᠠ ᠪᠣᠯᠤᠨ ᠠᠵᠤ ᠠᠬᠤᠶᠢᠯᠠᠯ ᠤᠨ ᠬᠠᠷᠢᠭᠤᠴᠠᠯᠭᠠᠲᠠᠨ ᠤ ᠴᠠᠯᠢᠩ ᠤᠨ ᠣᠷᠣᠯᠭ᠎ᠠ ᠶᠢᠨ ᠬᠤᠪᠢᠶᠠᠷᠢᠯᠠᠯᠲᠠ ᠶᠢ ᠵᠢᠯᠣᠭᠤᠳᠬᠤ ᠪᠠ ᠬᠢᠨᠠᠯᠲᠠ ᠲᠠᠯᠪᠢᠨ᠎ᠠ᠃   8. ᠲᠣᠰ ᠭᠠᠵᠠᠷ ᠣᠷᠣᠨ ᠤ ᠬᠥᠮᠦᠨ ᠤ ᠬᠦᠴᠦᠨ ᠤ ᠡᠬᠢ ᠪᠠᠶᠠᠯᠢᠭ ᠤᠨ ᠵᠠᠬ᠎ᠠ ᠳᠡᠯᠭᠡᠭᠦᠷ ᠤᠨ ᠴᠠᠯᠢᠩ ᠤᠨ ᠵᠢᠯᠣᠭᠤᠳᠬᠤ ᠦᠨ᠎ᠡ ᠬᠠᠩᠰᠢ ᠶᠢ ᠲᠣᠭᠲᠠᠭᠠᠨ᠎ᠠ᠃  ᠡᠯ᠎ᠡ ᠱᠠᠳᠤᠨ ᠤ ᠬᠦᠳᠡᠯᠮᠦᠷᠢ ᠶᠢᠨ ᠵᠢᠱᠢᠶᠡᠴᠢ ᠶᠢ ᠡᠷᠭᠦᠨ ᠲᠠᠨᠢᠯᠴᠠᠭᠤᠯᠬᠤ ᠪᠠ ᠰᠢᠯᠭᠠᠷᠠᠭᠤᠯᠬᠤ ᠳᠤ ᠣᠷᠣᠯᠴᠠᠨ᠎ᠠ  ᠃ ᠪᠦᠬᠦ  ᠲᠤᠭᠤᠷᠢᠭ ᠤᠨ ᠬᠤᠲᠠ ᠬᠥᠳᠡᠭᠡ ᠶᠢᠨ ᠬᠥᠳᠡᠯᠮᠦᠷᠢ ᠬᠦᠴᠦᠨ ᠤ ᠡᠬᠢ ᠪᠠᠶᠠᠯᠢᠭ ᠢ ᠪᠠᠶᠢᠴᠠᠭᠠᠨ ᠪᠦᠷᠢᠳᠬᠡᠬᠦ ᠠᠵᠢᠯ ᠢ ᠬᠠᠷᠢᠭᠤᠴᠠᠨ᠎ᠠ᠃    9. ︽ᠭᠤᠷᠪᠠᠨ ᠶᠡᠭᠡ ᠠᠵᠤ ᠦᠶ᠋ᠯᠡᠰ︾ ᠤᠨ ᠠᠵᠢᠯ ᠣᠯᠭᠤᠯᠲᠠ ᠶᠢ ᠳᠠᠶᠢᠴᠢᠯᠠᠬᠤ ᠠᠵᠢᠯᠯᠠᠭ᠎ᠠ ᠶᠢᠨ ᠨᠠᠶᠢᠳᠠᠪᠤᠷᠢᠵᠢᠭᠤᠯᠤᠯᠲᠠ ᠪᠠ ᠰᠢᠮᠳᠠᠭᠤᠯᠬᠤ ᠠᠵᠢᠯ ᠢ ᠬᠠᠷᠢᠭᠤᠴᠠᠨ᠎ᠠ᠃    10. ᠪᠦᠬᠦ  ᠲᠤᠭᠤᠷᠢᠭ ᠤᠨ ᠳᠡᠭᠡᠳᠦ ᠰᠤᠷᠭᠠᠭᠤᠯᠢ ᠠᠴᠠ ᠲᠡᠭᠦᠰᠦᠭᠰᠡᠳ ᠤᠨ ᠠᠳᠠᠯ  ᠦᠢᠯᠡᠰ ᠴᠣᠭᠴᠠᠯᠠᠨ ᠠᠵᠢᠯ ᠣᠯᠭᠤᠬᠤ ᠲᠥᠯᠥᠪᠯᠡᠭᠡ ᠶᠢ ᠨᠠᠶᠢᠳᠠᠪᠤᠷᠢᠵᠢᠭᠤᠯᠬᠤ ᠶᠢ ᠬᠠᠷᠢᠭᠤᠴᠠᠨ᠎ᠠ᠃    ᠬᠥᠳᠡᠯᠮᠦᠷᠢ ᠶᠢᠨ ᠪᠠᠲᠤᠯᠠᠭ᠎ᠠ ᠶᠢᠨ ᠬᠢᠨᠠᠨ ᠪᠠᠶᠢᠴᠠᠭᠠᠬᠤ ᠰᠠᠯᠠᠭ᠎ᠠ ︵6182776︶    1. ᠤᠯᠤᠰ ᠤᠨ ᠬᠥᠳᠡᠯᠮᠦᠷᠢ ᠪᠠ ᠨᠡᠶᠢᠭᠡᠮ ᠤᠨ ᠪᠠᠲᠤᠯᠠᠭ᠎ᠠ ᠶᠢᠨ ᠬᠠᠤᠯᠢ ᠴᠠᠭᠠᠵᠠ᠂ ᠬᠠᠤᠯᠢ ᠲᠣᠭᠲᠠᠭᠠᠯ ᠪᠠ ᠲᠥᠷᠥ ᠶᠢᠨ ᠪᠣᠳᠣᠯᠭ᠎ᠠ ᠶᠢ ᠤᠬᠠᠭᠤᠯᠤᠨ ᠲᠤᠤᠱᠯᠠᠭᠤᠯᠤᠨ ᠬᠡᠷᠡᠭᠵᠢᠭᠦᠯᠬᠦ ᠶᠢᠨ ᠬᠠᠮᠲᠤ ᠬᠥᠮᠦᠨ ᠬᠡᠷᠡᠭᠯᠡᠬᠦ ᠨᠢᠭᠡᠴᠡ ᠶᠢ ᠰᠢᠮᠳᠠᠭᠤᠯᠵᠤ ᠪᠠᠶᠢᠭᠠᠳ ᠲᠤᠤᠱᠯᠠᠭᠤᠯᠤᠨ ᠬᠡᠷᠡᠭᠵᠢᠭᠦᠯᠬᠦ ᠬᠡᠷᠡᠭᠲᠡᠶ᠃    2. ᠬᠥᠮᠦᠨ ᠬᠡᠷᠡᠭᠯᠡᠬᠦ ᠨᠢᠭᠡᠴᠡ ᠶᠢᠨ ᠬᠥᠳᠡᠯᠮᠦᠷᠢ ᠶᠢᠨ ᠬᠠᠤᠯᠢ ᠴᠠᠭᠠᠵᠠ᠂ ᠬᠠᠤᠯᠢ ᠲᠣᠭᠲᠠᠭᠠᠯ ᠢ ᠵᠢᠷᠤᠮᠯᠠᠵᠤ  ᠪᠠᠶᠢᠭ᠎ᠠ ᠪᠠᠶᠢᠳᠠᠯ ᠳᠤ ᠬᠢᠨᠠᠯᠲᠠ ᠲᠠᠯᠪᠢᠨ ᠪᠠᠶᠢᠴᠠᠭᠠᠵᠤ᠂ ᠬᠥᠳᠡᠯᠮᠦᠷᠢ ᠶᠢᠨ ᠬᠠᠤᠯᠢ ᠴᠠᠭᠠᠵᠠ ᠬᠠᠤᠯᠢ ᠲᠣᠭᠲᠠᠭᠠᠯ ᠠᠴᠠ ᠵᠥᠷᠢᠴᠡᠭᠰᠡᠨ ᠦᠢᠯᠡ ᠠᠵᠢᠯᠯᠠᠭ᠎ᠠ ᠶᠢ ᠬᠠᠤᠯᠢ ᠶᠣᠰᠣᠭᠠᠷ ᠵᠠᠯᠠᠷᠠᠭᠤᠯᠬᠤ ᠪᠠ ᠵᠣᠭᠰᠣᠭᠠᠬᠤ ᠶᠢᠨ ᠬᠠᠮᠲᠤ  ᠰᠢᠢᠳᠭᠡᠨ ᠲᠣᠷᠭᠠᠬᠤ ᠶᠢ ᠬᠠᠤᠯᠢ ᠶᠣᠰᠣᠭᠠᠷ ᠬᠡᠷᠡᠭᠵᠢᠭᠦᠯᠬᠦ ᠬᠡᠷᠡᠭᠲᠡᠶ᠃    3. ᠬᠥᠳᠡᠯᠮᠦᠷᠢ ᠶᠢᠨ ᠪᠠᠲᠤᠯᠠᠭ᠎ᠠ ᠶᠢᠨ ᠬᠠᠤᠯᠢ ᠴᠠᠭᠠᠵᠠ᠂ ᠬᠠᠤᠯᠢ ᠲᠣᠭᠲᠠᠭᠠᠯ ᠠᠴᠠ ᠵᠥᠷᠢᠴᠡᠭᠰᠡᠨ ᠦᠢᠯᠡ ᠠᠵᠢᠯᠯᠠᠭ᠎ᠠ ᠶᠢ ᠢᠯᠡᠴᠢᠯᠡᠨ ᠮᠡᠳᠡᠭᠦᠯᠦᠭᠰᠡᠨ᠂ ᠵᠠᠭᠠᠯᠳᠤᠭᠰᠠᠨ ᠬᠡᠷᠡᠭ ᠢ ᠬᠦᠯᠢᠶᠡᠨ ᠠᠪᠴᠤ  ᠰᠢᠢᠳᠪᠦᠷᠢᠯᠡᠬᠦ ᠶᠢᠨ ᠬᠠᠮᠲᠤ ᠬᠠᠤᠯᠢ ᠶᠣᠰᠣᠭᠠᠷ ᠪᠠᠶᠢᠴᠠᠭᠠᠨ ᠰᠢᠢᠳᠪᠦᠷᠢᠯᠡᠨ᠎ᠡ᠃ ᠬᠤᠯᠪᠣᠭᠳᠠᠯ ᠪᠦᠬᠦᠢ ᠭᠡᠨᠡᠳᠲᠡ ᠶᠢᠨ ᠬᠡᠷᠡᠭ ᠢ ᠵᠣᠬᠢᠶᠠᠨ ᠪᠠᠶᠢᠭᠤᠯᠤᠨ ᠰᠢᠢᠳᠪᠦᠷᠢᠯᠡᠨ᠎ᠡ  ᠃    4. ᠰᠢᠨ᠎ᠡ ᠪᠠᠷ ᠡᠷᠬᠢᠯᠡᠭᠰᠡᠨ ᠬᠥᠮᠦᠨ ᠬᠡᠷᠡᠭᠯᠡᠬᠦ ᠨᠢᠭᠡᠴᠡ ᠶᠢᠨ ᠲᠣᠭᠲᠠᠭᠠᠭᠰᠠᠨ ᠬᠥᠳᠡᠯᠮᠦᠷᠢ ᠶᠢᠨ ᠪᠠᠲᠤᠯᠠᠭ᠎ᠠ ᠶᠢᠨ ᠬᠠᠮᠢᠶᠠᠷᠤᠯᠲᠠ ᠶᠢᠨ ᠳᠦᠷᠢᠮ   ᠢ ᠬᠢᠨᠠᠨ ᠪᠠᠶᠢᠴᠠᠭᠠᠨ᠎ᠠ᠃    5. ᠬᠥᠳᠡᠯᠮᠦᠷᠢᠯᠡᠭᠴᠢᠳ ᠤᠨ ᠡᠷᠬᠡ ᠠᠰᠢᠭ ᠢ ᠬᠠᠮᠠᠭᠠᠯᠠᠬᠤ ᠠᠵᠢᠯ ᠢ ᠲᠦᠷᠦᠭᠦᠯᠡᠨ ᠵᠣᠬᠢᠴᠠᠭᠤᠯᠵᠤ᠂ ᠬᠠᠤᠯᠢ ᠪᠤᠰᠤ ᠪᠠᠷ ᠬᠡᠷᠡᠭᠯᠡᠬᠦ ᠲᠥᠷᠥ ᠶᠢᠨ ᠪᠣᠳᠣᠯᠭ᠎ᠠ ᠪᠣᠯᠤᠨ ᠨᠠᠰᠤᠨ ᠳᠤ ᠬᠦᠷᠦᠭᠡᠳᠦᠢ ᠠᠵᠢᠯᠲᠠᠨ ᠢ ᠠᠷᠢᠯᠭᠠᠬᠤ ᠣᠨᠴᠣᠭᠤᠶ ᠬᠥᠳᠡᠯᠮᠦᠷᠢ ᠶᠢᠨ ᠬᠠᠮᠠᠭᠠᠯᠠᠯᠲᠠ ᠶᠢᠨ ᠲᠥᠷᠥ ᠶᠢᠨ ᠪᠣᠳᠣᠯᠭ᠎ᠠ ᠶᠢ ᠬᠢᠨᠠᠯᠲᠠ ᠲᠠᠯᠪᠢᠨ ᠨᠠᠶᠢᠳᠠᠪᠤᠷᠢᠵᠢᠭᠤᠯᠬᠤ ᠬᠡᠷᠡᠭᠲᠡᠶ᠃    6. ᠬᠥᠮᠦᠨ ᠤ ᠬᠦᠴᠦᠨ ᠤ ᠡᠬᠢ ᠪᠠᠶᠠᠯᠢᠭ ᠪᠠ ᠨᠡᠶᠢᠭᠡᠮ ᠤᠨ ᠪᠠᠲᠤᠯᠠᠭ᠎ᠠ ᠶᠢᠨ ᠪᠤᠰᠤᠳ ᠬᠢᠨᠠᠯᠲᠠ ᠪᠠᠶᠢᠴᠠᠭᠠᠯᠲᠠ ᠶᠢᠨ ᠠᠵᠢᠯ ᠢ ᠡᠭᠦᠷᠭᠡᠯᠡᠨ᠎ᠡ᠃    7. ᠬᠥᠳᠡᠯᠮᠦᠷᠢ ᠶᠢᠨ ᠪᠠᠲᠤᠯᠠᠭ᠎ᠠ ᠶᠢᠨ ᠬᠢᠨᠠᠨ ᠪᠠᠶᠢᠴᠠᠭᠠᠭᠴᠢ ᠶᠢ ᠬᠠᠮᠢᠶᠠᠷᠬᠤ᠂ ᠪᠣᠯᠪᠠᠰᠤᠷᠠᠭᠤᠯᠬᠤ ᠪᠠ ᠬᠢᠨᠠᠯᠲᠠ ᠲᠠᠯᠪᠢᠬᠤ ᠶᠢ ᠬᠠᠷᠢᠭᠤᠴᠠᠨ᠎ᠠ᠃    ᠬᠥᠳᠡᠯᠮᠦᠷᠢ ᠶᠢᠨ ᠮᠠᠷᠭᠤᠯᠳᠤᠭᠠᠨ ᠢ ᠬᠥᠨᠳᠡᠯᠡᠨ ᠠᠴᠠ ᠲᠠᠰᠤᠯᠬᠤ ᠬᠤᠷᠢᠶ᠎ᠠ ︵ᠬᠥᠨᠳᠡᠯᠡᠨ ᠠᠴᠠ ᠲᠠᠰᠤᠯᠬᠤ ᠺᠣᠮᠢᠰ︶ ︵2292770᠂ 2205099︶   1. ᠤᠯᠤᠰ᠂ ᠥᠪᠡᠷᠲᠡᠭᠡᠨ ᠵᠠᠰᠠᠬᠤ ᠣᠷᠣᠨ ᠪᠣᠯᠤᠨ ᠲᠦᠩᠯᠢᠶᠣᠤ ᠬᠤᠲᠠ ᠶᠢᠨ ᠠᠵᠢᠯᠲᠠᠨ ᠤ ᠶᠠᠪᠤᠳᠠᠯ ᠬᠥᠳᠡᠯᠮᠦᠷᠢ ᠶᠢᠨ ᠮᠠᠷᠭᠤᠯᠳᠤᠭᠠᠨ ᠢ ᠰᠢᠢᠳᠪᠦᠷᠢᠯᠡᠬᠦ ᠲᠤᠬᠠᠶ ᠬᠤᠯᠪᠣᠭᠳᠠᠯ ᠪᠦᠬᠦᠢ ᠬᠠᠤᠯᠢ ᠴᠠᠭᠠᠵᠠ᠂ ᠬᠠᠤᠯᠢ ᠲᠣᠭᠲᠠᠭᠠᠯ ᠪᠣᠯᠤᠨ ᠲᠥᠷᠥ ᠶᠢᠨ ᠪᠣᠳᠣᠯᠭ᠎ᠠ ᠶᠢ ᠲᠤᠤᠱᠯᠠᠭᠤᠯᠤᠨ ᠬᠡᠷᠡᠭᠵᠢᠭᠦᠯᠵᠦ᠂ ᠪᠦᠬᠦ ᠲᠤᠭᠤᠷᠢᠭ ᠤᠨ ᠬᠥᠳᠡᠯᠮᠦᠷᠢ ᠠᠵᠢᠯᠲᠠᠨ ᠤ ᠶᠠᠪᠤᠳᠠᠯ ᠤᠨ ᠬᠥᠨᠳᠡᠯᠡᠨ ᠠᠴᠠ ᠲᠠᠰᠤᠯᠬᠤ ᠪᠠᠶᠢᠭᠤᠯᠤᠮᠵᠢ ᠶᠢᠨ ᠪᠠᠶᠢᠭᠤᠯᠤᠯᠲᠠ᠂ ᠬᠥᠨᠳᠡᠯᠡᠨ ᠠᠴᠠ ᠲᠠᠰᠤᠯᠬᠤ ᠮᠠᠷᠭᠤᠯᠳᠤᠭᠠᠨ ᠤ ᠬᠡᠷᠡᠭ ᠢ ᠰᠢᠭᠦᠬᠦ ᠪᠠ ᠲᠤᠬᠠᠶᠢᠯᠠᠭᠰᠠᠨ ᠠᠵᠢᠯ ᠢ ᠵᠢᠯᠣᠭᠤᠳᠬᠤ ᠠᠵᠢᠯ ᠢ ᠬᠠᠷᠢᠭᠤᠴᠠᠨ᠎ᠠ᠃    2. ᠬᠥᠳᠡᠯᠮᠦᠷᠢ ᠶᠢᠨ ᠮᠠᠷᠭᠤᠯᠳᠤᠭᠠᠨ ᠤ ᠬᠡᠷᠡᠭ ᠢ ᠤᠷᠢᠳᠴᠢᠯᠠᠨ ᠰᠡᠷᠭᠡᠶᠢᠯᠡᠬᠦ ᠠᠵᠢᠯ ᠵᠢᠴᠢ ᠬᠥᠳᠡᠯᠮᠦᠷᠢ ᠶᠢᠨ ᠮᠠᠷᠭᠤᠯᠳᠤᠭᠠᠨ ᠢ ᠬᠥᠨᠳᠡᠯᠡᠨ ᠠᠴᠠ ᠲᠠᠰᠤᠯᠬᠤ ᠬᠡᠷᠡᠭ ᠤᠨ ᠪᠢᠴᠢᠭ ᠬᠠᠷ᠎ᠠ ᠳᠠᠩᠰᠠ ᠡᠪᠬᠡᠮᠡᠯ ᠵᠢᠴᠢ ᠬᠥᠳᠡᠯᠮᠦᠷᠢ ᠶᠢᠨ ᠭᠡᠷ᠎ᠡ ᠶᠢ ᠬᠢᠨᠠᠨ ᠪᠠᠶᠢᠴᠠᠭᠠᠵᠤ ᠭᠡᠷᠡᠴᠢᠯᠡᠬᠦ ᠠᠵᠢᠯ ᠢ ᠬᠠᠷᠢᠭᠤᠴᠠᠨ᠎ᠠ᠃    3. ᠬᠥᠳᠡᠯᠮᠦᠷᠢ ᠠᠵᠢᠯᠲᠠᠨ ᠤ ᠶᠠᠪᠤᠳᠠᠯ ᠤᠨ ᠮᠠᠷᠭᠤᠯᠳᠤᠭᠠᠨ ᠵᠢᠴᠢ ᠲᠡᠭᠦᠨ ᠢ  ᠰᠢᠢᠳᠪᠦᠷᠢᠯᠡᠬᠦ ᠲᠠᠯ᠎ᠠ ᠶᠢᠨ ᠬᠠᠤᠯᠢ ᠴᠠᠭᠠᠵᠠ᠂ ᠬᠠᠤᠯᠢ ᠲᠣᠭᠲᠠᠭᠠᠯ ᠵᠢᠴᠢ ᠲᠥᠷᠥ ᠶᠢᠨ ᠪᠣᠳᠣᠯᠭ᠎ᠠ ᠶᠢᠨ ᠯᠠᠪᠯᠠᠭ᠎ᠠ ᠶᠢ ᠬᠠᠷᠢᠭᠤᠴᠠᠨ᠎ᠠ᠃    4.  ᠳᠡᠭᠡᠳᠦ ᠱᠠᠲᠤᠨ ᠤ ᠬᠥᠳᠡᠯᠮᠦᠷᠢ ᠠᠵᠢᠯᠲᠠᠨ ᠤ ᠶᠠᠪᠤᠳᠠᠯ ᠤᠨ ᠮᠠᠷᠭᠤᠯᠳᠤᠭᠠᠨ ᠢ ᠬᠥᠨᠳᠡᠯᠡᠨ ᠠᠴᠠ ᠲᠠᠰᠤᠯᠬᠤ ᠺᠣᠮᠢᠰ ᠤᠨ ᠲᠤᠰᠢᠶᠠᠭᠰᠠᠨ ᠲᠤᠬᠠᠶᠢᠯᠠᠭᠰᠠᠨ ᠠᠵᠢᠯ ᠲᠠᠢ ᠨᠢ ᠬᠤᠯᠪᠣᠭᠳᠠᠬᠤ ᠪᠤᠰᠤᠳ ᠠᠵᠢᠯ ᠤᠨ ᠡᠭᠦᠷᠭᠡ ᠶᠢ ᠪᠡᠶᠡᠯᠡᠭᠦᠯᠦᠨ᠎ᠡ᠃    ᠠᠵᠢᠯ ᠮᠡᠷᠭᠡᠵᠢᠯ ᠤᠨ ᠴᠢᠳᠠᠪᠤᠷᠢ ᠶᠢᠨ ᠪᠦᠲᠦᠭᠡᠨ ᠪᠠᠶᠢᠭᠤᠯᠤᠯᠲᠠ ᠶᠢᠨ ᠰᠠᠯᠠᠭ᠎ᠠ ︵8319210︶    1. ᠬᠤᠲᠠ ᠬᠥᠳᠡᠭᠡ ᠶᠢᠨ ᠬᠥᠳᠡᠯᠮᠦᠷᠢᠯᠡᠭᠴᠢᠳ ᠤᠨ ᠪᠣᠯᠪᠠᠰᠤᠷᠠᠭᠤᠯᠤᠯ᠂ ᠠᠳᠠᠯ ᠦᠢᠯᠡᠰ ᠪᠣᠰᠬᠠᠬᠤ ᠪᠣᠯᠪᠠᠰᠤᠷᠠᠭᠤᠯᠤᠯ ᠤᠨ ᠲᠥᠷᠥ ᠶᠢᠨ ᠪᠣᠳᠣᠯᠭ᠎ᠠ ᠪᠣᠯᠤᠨ ᠲᠥᠯᠥᠪᠵᠢᠭᠦᠯᠭᠡ ᠶᠢ ᠲᠤᠭᠤᠷᠪᠢᠨ ᠲᠣᠭᠲᠠᠭᠠᠬᠤ ᠶᠢᠨ ᠬᠠᠮᠲᠤ ᠵᠣᠬᠢᠶᠠᠨ ᠪᠠᠶᠢᠭᠤᠯᠤᠨ ᠬᠡᠷᠡᠭᠵᠢᠭᠦᠯᠵᠦ᠂ ᠬᠤᠯᠪᠣᠭᠳᠠᠯ ᠪᠦᠬᠦᠢ ᠰᠠᠯᠠᠭ᠎ᠠ ᠮᠥᠴᠢᠷ ᠲᠠᠢ ᠬᠠᠮᠲᠤᠷᠠᠨ  ᠳᠡᠭᠡᠳᠦ ᠮᠡᠷᠭᠡᠵᠢᠯ ᠤᠨ ᠴᠢᠳᠠᠪᠤᠷᠢᠲᠠᠨ ᠢ ᠬᠥᠮᠦᠵᠢᠭᠦᠯᠬᠦ ᠶᠢ ᠤᠷᠮᠠᠰᠢᠭᠤᠯᠬᠤ ᠲᠥᠷᠥ ᠶᠢᠨ ᠪᠣᠳᠣᠯᠭ᠎ᠠ ᠶᠢ ᠲᠣᠭᠲᠠᠭᠠᠬᠤ ᠶᠢᠨ ᠬᠠᠮᠲᠤ ᠵᠣᠬᠢᠶᠠᠨ ᠪᠠᠶᠢᠭᠤᠯᠤᠨ ᠬᠡᠷᠡᠭᠵᠢᠭᠦᠯᠬᠦ ᠬᠡᠷᠡᠭᠲᠡᠶ᠃    2. ᠪᠦᠬᠦ ᠲᠤᠭᠤᠷᠢᠭ ᠤᠨ ᠮᠡᠷᠭᠡᠵᠢᠯ ᠴᠢᠳᠠᠪᠤᠷᠢ ᠶᠢᠨ ᠴᠢᠳᠠᠪᠤᠷᠢᠲᠠᠨ ᠢ ᠰᠢᠯᠢᠨ ᠰᠣᠩᠭᠤᠬᠤ᠂ ᠬᠥᠮᠦᠵᠢᠭᠦᠯᠬᠦ᠂ ᠬᠡᠷᠡᠭᠯᠡᠵᠦ ᠬᠠᠮᠢᠶᠠᠷᠬᠤ ᠠᠵᠢᠯ ᠢ ᠵᠢᠯᠣᠭᠤᠳᠤᠨ᠎ᠠ᠃    3. ᠤᠯᠤᠰ ᠤᠨ ᠠᠵᠢᠯ ᠮᠡᠷᠭᠡᠵᠢᠯ ᠤᠨ ᠴᠢᠳᠠᠪᠤᠷᠢ ᠶᠢᠨ ᠳᠦᠷᠢᠮ᠂ ᠡᠷᠬᠢᠯᠡᠭᠰᠡᠨ ᠠᠵᠢᠯ ᠤᠨ ᠮᠡᠷᠭᠡᠵᠢᠯ ᠤᠨ ᠴᠢᠳᠠᠪᠤᠷᠢ ᠶᠢ ᠬᠢᠨᠠᠨ ᠲᠣᠭᠲᠠᠭᠠᠬᠤ ᠳᠦᠷᠢᠮ᠂ ᠠᠵᠢᠯ ᠣᠯᠭᠤᠬᠤ ᠳᠤ ᠵᠥᠪᠰᠢᠶᠡᠷᠡᠨ ᠣᠷᠣᠭᠤᠯᠬᠤ ᠳᠦᠷᠢᠮ   ᠢ ᠬᠡᠷᠡᠭᠵᠢᠭᠦᠯᠬᠦ ᠶᠢ ᠲᠦᠯᠬᠢᠨ ᠠᠬᠢᠭᠤᠯᠤᠨ᠎ᠠ᠃    4. ᠮᠡᠷᠭᠡᠵᠢᠯ ᠤᠨ ᠠᠵᠢᠯᠴᠢᠨ ᠤ ᠰᠤᠷᠭᠠᠭᠤᠯᠢ᠂ ᠠᠵᠢᠯ ᠮᠡᠷᠭᠡᠵᠢᠯ ᠤᠨ ᠪᠣᠯᠪᠠᠰᠤᠷᠠᠭᠤᠯᠤᠯ ᠤᠨ ᠪᠠᠶᠢᠭᠤᠯᠤᠮᠵᠢ ᠶᠢᠨ ᠬᠥᠭᠵᠢᠯᠲᠡ ᠶᠢᠨ  ᠲᠦᠯᠦᠪᠵᠢᠭᠦᠯᠭᠡ ᠪᠣᠯᠤᠨ ᠬᠠᠮᠢᠶᠠᠷᠤᠯᠲᠠ ᠶᠢᠨ ᠲᠥᠯᠥᠪᠵᠢᠭᠦᠯᠭᠡ ᠶᠢ ᠲᠤᠭᠤᠷᠪᠢᠨ ᠲᠣᠭᠲᠠᠭᠠᠵᠤ᠂ ᠪᠠᠭᠰᠢ ᠶᠢᠨ ᠡᠩᠨᠡᠭᠡ ᠪᠣᠯᠤᠨ ᠵᠢᠭᠠᠬᠤ ᠮᠠᠲ᠋ᠧᠷᠢᠶᠠᠯ ᠤᠨ ᠪᠠᠶᠢᠭᠤᠯᠤᠯᠲᠠ ᠶᠢ ᠵᠢᠯᠣᠭᠤᠳᠴᠤ᠂ ᠡᠷᠬᠢᠯᠡᠭᠰᠡᠨ ᠠᠵᠢᠯ ᠤᠨ ᠮᠡᠷᠭᠡᠵᠢᠯ ᠤᠨ ᠴᠢᠳᠠᠪᠤᠷᠢ ᠶᠢᠨ ᠤᠷᠤᠯᠳᠤᠭᠠᠨ ᠤ ᠳᠦᠷᠢᠮ   ᠢ ᠲᠡᠭᠦᠯᠳᠡᠷᠵᠢᠭᠦᠯᠦᠨ᠎ᠡ᠃    5. ᠮᠡᠷᠭᠡᠵᠢᠯ ᠴᠢᠳᠠᠪᠤᠷᠢ ᠶᠢᠨ ᠴᠢᠳᠠᠪᠤᠷᠢᠲᠠᠨ ᠢ ᠰᠢᠯᠢᠨ ᠳᠡᠪᠰᠢᠭᠦᠯᠬᠦ᠂ ᠬᠥᠬᠢᠭᠦᠯᠦᠨ ᠰᠠᠶᠢᠰᠢᠶᠠᠬᠤ᠂ ᠱᠠᠩᠨᠠᠬᠤ ᠠᠵᠢᠯ ᠢ ᠵᠣᠬᠢᠶᠠᠨ ᠪᠠᠶᠢᠭᠤᠯᠤᠨ ᠬᠡᠷᠡᠭᠵᠢᠭᠦᠯᠦᠨ᠎ᠡ᠃    6. ᠠᠵᠢᠯ ᠮᠡᠷᠭᠡᠵᠢᠯ ᠤᠨ ᠴᠢᠳᠠᠪᠤᠷᠢ ᠶᠢᠨ ᠪᠠᠶᠢᠭᠤᠯᠤᠯᠲᠠ ᠶᠢᠨ ᠬᠠᠮᠢᠶ᠎ᠠ ᠪᠦᠬᠦᠢ ᠪᠦᠷᠢᠳᠬᠡᠬᠦ ᠪᠠ ᠵᠠᠳᠠᠯᠬᠤ ᠠᠵᠢᠯ ᠢ ᠬᠠᠷᠢᠭᠤᠴᠠᠨ᠎ᠠ᠃   7. ᠠᠯᠪᠠᠨ ᠪᠠᠶᠢᠭᠤᠯᠭ᠎ᠠ ᠠᠵᠢᠯ ᠦᠢᠯᠡᠰ ᠤᠨ ᠨᠢᠭᠡᠴᠡ ᠶᠢᠨ ᠡᠷᠬᠢᠯᠡᠭᠰᠡᠨ ᠠᠵᠢᠯ ᠤᠨ ᠬᠢᠷᠢ ᠭᠡᠮ ᠤᠨ ᠦᠨᠡᠮᠯᠡᠯ ᠣᠯᠤᠭᠰᠠᠨ  ᠦᠢᠯᠡᠴᠢᠯᠡᠭᠡᠨ ᠤ ᠠᠵᠢᠯ ᠤᠨ ᠮᠡᠷᠭᠡᠵᠢᠯ ᠤᠨ ᠴᠢᠳᠠᠪᠤᠷᠢ ᠶᠢᠨ ᠠᠵᠢᠯ ᠤᠨ ᠪᠠᠶᠢᠷᠢ ᠶᠢᠨ ᠠᠵᠢᠯᠲᠠᠨ ᠢ ᠤᠷᠢᠨ ᠲᠣᠮᠢᠯᠠᠬᠤ ᠬᠠᠮᠢᠶᠠᠷᠤᠯᠲᠠ ᠶᠢᠨ ᠠᠵᠢᠯ ᠢ ᠬᠠᠷᠢᠭᠤᠴᠠᠨ᠎ᠠ᠃    8. ᠲᠦᠩᠯᠢᠶᠣᠤ ᠬᠤᠲᠠ ᠶᠢᠨ ᠡᠷᠬᠢᠯᠡᠭᠰᠡᠨ ᠠᠵᠢᠯ ᠤᠨ ᠮᠡᠷᠭᠡᠵᠢᠯ ᠤᠨ ᠴᠢᠳᠠᠪᠤᠷᠢ ᠶᠢ ᠨᠡᠭᠡᠭᠡᠨ ᠬᠥᠭᠵᠢᠭᠦᠯᠬᠦ ᠰᠠᠯᠠᠭᠠᠨ ᠤ ᠲᠤᠰᠢᠶᠠᠭᠰᠠᠨ ᠪᠣᠳᠠᠲᠠᠶ ᠠᠵᠢᠯ ᠢ ᠳᠠᠭᠠᠭᠠᠨ  ᠭᠦᠢᠴᠡᠳᠭᠡᠬᠦ ᠬᠡᠷᠡᠭᠲᠡᠶ᠃    ᠨᠡᠶᠢᠭᠡᠮ ᠤᠨ ᠳᠠᠭᠠᠳᠬᠠᠯ ᠤᠨ ᠰᠠᠯᠠᠭ᠎ᠠ ︵8319210︶    1. ᠤᠯᠤᠰ᠂ ᠥᠪᠡᠷᠲᠡᠭᠡᠨ ᠵᠠᠰᠠᠬᠤ ᠣᠷᠣᠨ ᠤ ᠬᠤᠯᠪᠣᠭᠳᠠᠯ ᠪᠦᠬᠦᠢ ᠠᠵᠤ ᠠᠬᠤᠶᠢᠯᠠᠯ ᠤᠨ ᠨᠠᠰᠤᠵᠢᠯ ᠤᠨ ᠳᠠᠭᠠᠳᠬᠠᠯ ᠤᠨ ᠲᠥᠷᠥ ᠶᠢᠨ ᠪᠣᠳᠣᠯᠭ᠎ᠠ ᠬᠠᠤᠯᠢ ᠲᠣᠭᠲᠠᠭᠠᠯ ᠢ ᠲᠤᠤᠱᠯᠠᠭᠤᠯᠤᠨ ᠬᠡᠷᠡᠭᠵᠢᠭᠦᠯᠦᠨ᠎ᠡ᠃   2. ᠪᠥᠬᠦ ᠲᠤᠭᠤᠷᠢᠭ ᠤᠨ ᠨᠠᠰᠤᠵᠢᠯ ᠤᠨ ᠳᠠᠭᠠᠳᠬᠠᠯ ᠤᠨ ᠥᠭᠡᠷᠡᠴᠢᠯᠡᠯᠲᠡ ᠶᠢᠨ ᠲᠥᠰᠦᠯ ᠵᠢᠴᠢ ᠠᠵᠢᠯ ᠤᠨ ᠬᠥᠭᠵᠢᠯᠲᠡ ᠶᠢᠨ ᠲᠥᠯᠥᠪᠵᠢᠭᠦᠯᠭᠡ ᠶᠢ ᠲᠣᠭᠲᠠᠭᠠᠬᠤ ᠶᠢᠨ ᠬᠠᠮᠲᠤ ᠵᠣᠬᠢᠶᠠᠨ ᠪᠠᠶᠢᠭᠤᠯᠤᠨ ᠬᠡᠷᠡᠭᠵᠢᠭᠦᠯᠦᠨ᠎ᠡ᠃ ᠪᠦᠬᠦ ᠲᠤᠭᠤᠷᠢᠭ ᠬᠤᠲᠠ ᠪᠠᠯᠭᠠᠰᠤᠨ ᠤ ᠰᠠᠭᠤᠭᠠᠯᠢ ᠠᠷᠠᠳ ᠤᠨ ᠨᠠᠰᠤᠵᠢᠯ ᠤᠨ ᠳᠠᠭᠠᠳᠬᠠᠯ ᠤᠨ ᠲᠥᠷᠥ ᠶᠢᠨ ᠪᠣᠳᠣᠯᠭ᠎ᠠ᠂ ᠲᠦᠯᠦᠪᠵᠢᠭᠦᠯᠭᠡ ᠪᠠ ᠪᠠᠷᠢᠮᠵᠢᠶ᠎ᠠ ᠶᠢ ᠲᠣᠭᠲᠠᠭᠠᠨ᠎ᠠ  ᠃᡽ ᠪᠦᠬᠦ ᠲᠤᠭᠤᠷᠢᠭ ᠤᠨ ᠨᠠᠰᠤᠵᠢᠯ ᠤᠨ ᠳᠠᠭᠠᠳᠬᠠᠯ ᠤᠨ ᠰᠠᠭᠤᠷᠢ ᠮᠥᠩᠭᠦ ᠶᠢᠨ ᠬᠠᠮᠢᠶᠠᠷᠤᠯᠲᠠ ᠶᠢᠨ ᠠᠷᠭ᠎ᠠ ᠶᠢ ᠲᠣᠭᠲᠠᠭᠠᠬᠤ ᠳᠤ ᠣᠷᠣᠯᠴᠠᠵᠤ᠂ ᠪᠦᠬᠦ ᠲᠤᠭᠤᠷᠢᠭ ᠤᠨ ᠨᠠᠰᠤᠵᠢᠯ ᠤᠨ ᠳᠠᠭᠠᠳᠬᠠᠯ ᠤᠨ ᠰᠦᠢᠳᠭᠡᠯ ᠢ ᠲᠠᠲᠠᠪᠤᠷᠢᠯᠠᠨ ᠲᠤᠰᠢᠶᠠᠬᠤ ᠠᠷᠭ᠎ᠠ ᠪᠣᠯᠤᠨ ᠰᠠᠭᠤᠷᠢ ᠮᠥᠩᠭᠦ ᠶᠢ ᠲᠥᠰᠦᠭᠡᠯᠡᠵᠦ ᠰᠡᠷᠡᠮᠵᠢᠯᠡᠭᠦᠯᠬᠦ ᠳᠦᠷᠢᠮ ᠢ ᠲᠣᠭᠲᠠᠭᠠᠬᠤ ᠬᠡᠷᠡᠭᠲᠡᠶ᠃   3. ᠪᠦᠬᠦ ᠲᠤᠭᠤᠷᠢᠭ ᠤᠨ ᠠᠵᠢᠯ ᠠᠴᠠ ᠪᠣᠯᠤᠭᠰᠠᠨ ᠭᠡᠮᠲᠦᠯ ᠤᠨ ᠳᠠᠭᠠᠳᠬᠠᠯ ᠤᠨ ᠠᠵᠢᠯ ᠢ ᠬᠠᠷᠢᠭᠤᠴᠠᠵᠤ᠂ ᠠᠵᠢᠯ ᠠᠴᠠ ᠪᠣᠯᠤᠭᠰᠠᠨ ᠭᠡᠮᠲᠦᠯ ᠢ ᠪᠠᠶᠢᠴᠠᠭᠠᠬᠤ᠂ ᠠᠵᠢᠯ ᠠᠴᠠ ᠪᠣᠯᠤᠭᠰᠠᠨ ᠭᠡᠮᠲᠦᠯ ᠢ ᠦᠨᠡᠮᠰᠢᠭᠦᠯᠬᠦ ᠪᠠᠷ ᠮᠡᠳᠡᠭᠦᠯᠬᠦ ᠪᠠ ᠬᠥᠳᠡᠯᠮᠦᠷᠢᠯᠡᠬᠦ ᠴᠢᠳᠠᠪᠤᠷᠢ ᠶᠢ ᠬᠢᠨᠠᠨ ᠲᠣᠭᠲᠠᠭᠠᠵᠤ ᠮᠡᠳᠡᠭᠦᠯᠬᠦ ᠠᠵᠢᠯ ᠢ ᠵᠣᠬᠢᠶᠠᠨ ᠪᠠᠶᠢᠭᠤᠯᠤᠨ᠎ᠠ᠃    4. ᠬᠤᠲᠠ ᠪᠠᠯᠭᠠᠰᠤᠨ ᠤ ᠦᠨᠳᠦᠰᠦᠨ ᠡᠮ ᠡᠮᠨᠡᠯᠭᠡ ᠶᠢᠨ ᠳᠠᠭᠠᠳᠬᠠᠯ᠂ ᠦᠷᠡᠵᠢᠯ ᠤᠨ ᠳᠠᠭᠠᠳᠬᠠᠯ ᠤᠨ ᠲᠥᠷᠦ ᠶᠢᠨ ᠪᠣᠳᠣᠯᠭ᠎ᠠ᠂ ᠥᠭᠡᠷᠡᠴᠢᠯᠡᠯᠲᠡ ᠶᠢᠨ ᠲᠥᠰᠦᠯ ᠪᠠ ᠬᠥᠭᠵᠢᠯᠲᠡ ᠶᠢᠨ ᠲᠥᠯᠥᠪᠵᠢᠭᠦᠯᠭᠡ ᠶᠢ ᠲᠤᠭᠤᠷᠪᠢᠨ ᠲᠣᠭᠲᠠᠭᠠᠬᠤ ᠪᠥᠭᠡᠳ ᠵᠣᠬᠢᠶᠠᠨ ᠪᠠᠶᠢᠭᠤᠯᠵᠤ ᠬᠡᠷᠡᠭᠵᠢᠭᠦᠯᠦᠨ᠎ᠡ᠃ ᠡᠮ ᠡᠮᠨᠡᠯᠭᠡ ᠶᠢᠨ ᠳᠠᠭᠠᠳᠬᠠᠯ᠂ ᠦᠷᠡᠵᠢᠯ ᠤᠨ ᠳᠠᠭᠠᠳᠬᠠᠯ ᠤᠨ ᠰᠦᠢᠳᠭᠡᠯ ᠢ ᠲᠠᠲᠠᠪᠤᠷᠢᠯᠠᠨ ᠲᠤᠰᠢᠶᠠᠬᠤ ᠠᠷᠭ᠎ᠠ᠂ ᠬᠠᠷᠠᠭᠠᠯᠵᠠᠯ ᠤᠨ ᠵᠦᠢᠯᠡᠰ ᠪᠠ ᠥᠭᠬᠦ ᠪᠠᠷᠢᠮᠵᠢᠶ᠎ᠠ ᠵᠢᠴᠢ ᠡᠮ ᠡᠮᠨᠡᠯᠭᠡ ᠶᠢᠨ ᠳᠠᠭᠠᠳᠬᠠᠯ ᠤᠨ ᠬᠤᠪᠢ ᠬᠥᠮᠦᠨ ᠤ ᠳᠠᠩᠰᠠᠨ ᠡᠷᠦᠬᠡ ᠶᠢᠨ ᠬᠠᠮᠢᠶᠠᠷᠤᠯᠲᠠ ᠶᠢᠨ ᠠᠷᠭ᠎ᠠ ᠶᠢ ᠲᠣᠭᠲᠠᠭᠠᠨ᠎ᠠ᠃ ᠪᠦᠬᠦ ᠲᠤᠭᠤᠷᠢᠭ ᠤᠨ ᠬᠤᠲᠠ ᠪᠠᠯᠭᠠᠰᠤᠨ ᠤ ᠦᠨᠳᠦᠰᠦᠨ ᠡᠮ ᠡᠮᠨᠡᠯᠭᠡ ᠶᠢᠨ ᠳᠠᠭᠠᠳᠬᠠᠯ᠂ ᠦᠷᠡᠵᠢᠯ ᠤᠨ ᠥᠭᠡᠷᠡᠴᠢᠯᠡᠯᠲᠡ ᠶᠢᠨ ᠠᠵᠢᠯ ᠵᠢᠴᠢ ᠡᠯ᠎ᠡ ᠵᠦᠢᠯ ᠤᠨ ᠴᠢᠭᠯᠡᠯᠲᠡ ᠲᠥᠷᠥ ᠶᠢᠨ ᠪᠣᠳᠣᠯᠭ᠎ᠠ ᠶᠢᠨ ᠬᠡᠷᠡᠭᠵᠢᠭᠦᠯᠦᠯᠲᠡ ᠳᠤ ᠬᠢᠨᠠᠯᠲᠠ ᠲᠠᠯᠪᠢᠬᠤ ᠪᠠ ᠲᠡᠭᠦᠨ ᠢ ᠵᠢᠯᠣᠭᠤᠳᠤᠨ᠎ᠠ᠃    5. ᠲᠠᠷᠢᠶᠠᠯᠠᠬᠤ ᠮᠠᠯᠵᠢᠬᠤ ᠣᠷᠣᠨ ᠤ ᠨᠡᠶᠢᠭᠡᠮ ᠤᠨ ᠨᠠᠰᠤᠵᠢᠯ ᠤᠨ ᠳᠠᠭᠠᠳᠬᠠᠯ ᠪᠣᠯᠤᠨ ᠭᠠᠵᠠᠷ ᠢᠶᠠᠨ ᠲᠠᠲᠠᠪᠤᠷᠢᠯᠠᠭᠤᠯᠤᠭᠰᠠᠨ ᠲᠠᠷᠢᠶᠠᠴᠢᠨ ᠮᠠᠯᠴᠢᠳ ᠤᠨ ᠨᠡᠶᠢᠭᠡᠮ ᠤᠨ ᠪᠠᠲᠤᠯᠠᠭ᠎ᠠ ᠶᠢᠨ ᠲᠥᠷᠥ ᠶᠢᠨ ᠪᠣᠳᠣᠯᠭ᠎ᠠ᠂  ᠲᠦᠯᠦᠪᠵᠢᠭᠦᠯᠭᠡ ᠪᠣᠯᠤᠨ ᠪᠠᠷᠢᠮᠵᠢᠶ᠎ᠠ ᠶᠢ ᠲᠤᠭᠤᠷᠪᠢᠨ ᠲᠣᠭᠲᠠᠭᠠᠬᠤ ᠶᠢᠨ ᠬᠠᠮᠲᠤ ᠵᠣᠬᠢᠶᠠᠨ ᠪᠠᠶᠢᠭᠤᠯᠤᠨ ᠬᠡᠷᠡᠭᠵᠢᠭᠦᠯᠦᠨ᠎ᠡ᠃ ᠪᠦᠬᠦ  ᠲᠤᠭᠤᠷᠢᠭ ᠤᠨ ᠲᠠᠷᠢᠶᠠᠯᠠᠩ ᠤᠨ ᠳᠠᠭᠠᠳᠬᠠᠯ ᠤᠨ ᠠᠵᠢᠯ ᠢ ᠪᠠᠶᠢᠴᠠᠭᠠᠵᠤ ᠵᠢᠯᠣᠭᠤᠳᠤᠨ᠎ᠠ  ᠃ ᠲᠠᠷᠢᠶᠠᠯᠠᠬᠤ ᠮᠠᠯᠵᠢᠬᠤ ᠣᠷᠣᠨ ᠤ ᠨᠡᠶᠢᠭᠡᠮ ᠤᠨ ᠳᠠᠭᠠᠳᠬᠠᠯ ᠤᠨ ᠰᠠᠭᠤᠷᠢ ᠮᠥᠩᠭᠦ ᠶᠢᠨ ᠬᠠᠮᠢᠶᠠᠷᠤᠯᠲᠠ ᠶᠢᠨ ᠠᠷᠭ᠎ᠠ ᠶᠢ ᠲᠣᠭᠲᠠᠭᠠᠬᠤ ᠳᠤ ᠣᠷᠣᠯᠴᠠᠨ᠎ᠠ᠃ ᠭᠠᠵᠠᠷ ᠲᠠᠲᠠᠪᠤᠷᠢᠯᠠᠬᠤ ᠲᠥᠰᠦᠯ ᠳᠠᠬᠢ ᠭᠠᠵᠠᠷ ᠢᠶᠠᠨ ᠲᠠᠲᠠᠪᠤᠷᠢᠯᠠᠭᠤᠯᠤᠭᠰᠠᠨ ᠲᠠᠷᠢᠶᠠᠴᠢᠨ ᠮᠠᠯᠴᠢᠳ ᠤᠨ ᠨᠡᠶᠢᠭᠡᠮ ᠤᠨ ᠪᠠᠲᠤᠯᠠᠭ᠎ᠠ ᠶᠢᠨ ᠬᠤᠯᠪᠣᠭᠳᠠᠯ ᠪᠦᠬᠦᠢ ᠠᠷᠭ᠎ᠠ ᠬᠡᠮᠵᠢᠶ᠎ᠡ ᠶᠢ ᠬᠢᠨᠠᠨ ᠬᠠᠷᠭᠤᠭᠤᠯᠬᠤ ᠠᠷᠭ᠎ᠠ ᠶᠢ ᠲᠤᠭᠤᠷᠪᠢᠨ ᠲᠣᠭᠲᠠᠭᠠᠬᠤ ᠬᠡᠷᠡᠭᠲᠡᠶ᠃     ᠲᠦᠯᠦᠪᠵᠢᠭᠦᠯᠭᠡ ᠡᠳ᠋ ᠤᠨ ᠶᠠᠪᠤᠳᠠᠯ ᠤᠨ ᠰᠠᠯᠠᠭ᠎ᠠ ︵8319655︶    1. ᠪᠦᠬᠦ ᠲᠤᠭᠤᠷᠢᠭ ᠤᠨ ᠬᠥᠮᠦᠨ ᠤ ᠬᠦᠴᠦᠨ ᠤ ᠡᠬᠢ ᠪᠠᠶᠠᠯᠢᠭ ᠪᠣᠯᠤᠨ ᠨᠡᠶᠢᠭᠡᠮ ᠤᠨ ᠪᠠᠲᠤᠯᠠᠭ᠎ᠠ ᠶᠢᠨ ᠦᠢᠯᠡᠰ ᠤᠨ ᠬᠥᠭᠵᠢᠯᠲᠡ ᠶᠢᠨ  ᠲᠦᠯᠦᠪᠵᠢᠭᠦᠯᠭᠡ  ᠪᠣᠯᠤᠨ ᠵᠢᠯ ᠤᠨ ᠲᠥᠯᠥᠪᠯᠡᠭᠡ ᠶᠢ ᠲᠤᠭᠤᠷᠪᠢᠨ ᠲᠣᠭᠲᠠᠭᠠᠨ᠎ᠠ᠃    2. ᠬᠥᠮᠦᠨ ᠤ ᠬᠦᠴᠦᠨ ᠤ ᠡᠬᠢ ᠪᠠᠶᠠᠯᠢᠭ ᠬᠢᠭᠡᠳ ᠨᠡᠶᠢᠭᠡᠮ ᠤᠨ ᠪᠠᠲᠤᠯᠠᠭ᠎ᠠ ᠶᠢᠨ ᠲᠤᠭ᠎ᠠ ᠪᠦᠷᠢᠳᠬᠡᠯ ᠤᠨ ᠬᠠᠮᠢᠶᠠᠷᠤᠯᠲᠠ ᠶᠢᠨ ᠠᠵᠢᠯ ᠢ ᠬᠠᠷᠢᠭᠤᠴᠠᠨ᠎ᠠ᠃    3. ᠲᠤᠭᠤᠷᠢᠭ ᠤᠨ ᠰᠢᠭᠤᠳ ᠬᠠᠷᠢᠶ᠎ᠠ ᠰᠢᠰᠲ᠋ᠧᠮ ᠤᠨ ᠬᠤᠯᠪᠣᠭᠳᠠᠯ ᠪᠦᠬᠦᠢ  ᠲᠦᠯᠦᠪᠵᠢᠭᠦᠯᠭᠡ᠂ ᠲᠥᠯᠥᠪᠯᠡᠭᠡ᠂ ᠲᠤᠭ᠎ᠠ ᠪᠦᠷᠢᠳᠬᠡᠯ ᠤᠨ ᠲᠠᠯ᠎ᠠ ᠶᠢᠨ ᠵᠣᠬᠢᠴᠠᠭᠤᠯᠬᠤ ᠠᠵᠢᠯ ᠢ ᠬᠠᠷᠢᠭᠤᠴᠠᠨ᠎ᠠ᠃    4.  ᠰᠠᠯᠠᠭ᠎ᠠ ᠮᠥᠴᠢᠷ ᠤᠨ ᠡᠳ᠋ ᠤᠨ ᠶᠠᠪᠤᠳᠠᠯ ᠤᠨ ᠲᠥᠰᠦᠪ ᠪᠠ ᠲᠥᠰᠦᠪ ᠤᠨ ᠭᠦᠢᠴᠡᠳᠭᠡᠯ ᠢ ᠨᠠᠶᠢᠷᠠᠭᠤᠯᠬᠤ᠃    5᠂ ᠲᠣᠪᠴᠢᠶ᠎ᠠ ᠶᠢᠨ ᠪᠠᠶᠢᠭᠤᠯᠤᠯᠭ᠎ᠠ ᠶᠢᠨ  ᠡᠳ᠋ ᠤᠨ ᠶᠠᠪᠤᠳᠠᠯ ᠤᠨ ᠠᠵᠢᠯ ᠢ ᠬᠠᠷᠢᠭᠤᠴᠠᠨ᠎ᠠ᠃    6. ᠨᠡᠶᠢᠭᠡᠮ ᠤᠨ ᠪᠠᠲᠤᠯᠠᠭ᠎ᠠ ᠶᠢᠨ ᠪᠡᠯᠡ ᠮᠥᠩᠭᠦ ︵ᠰᠠᠭᠤᠷᠢ ᠮᠥᠩᠭᠦ︶ ᠶᠢᠨ ᠳᠦᠷᠢᠮ ᠢ ᠲᠤᠭᠤᠷᠪᠢᠨ ᠲᠣᠭᠲᠠᠭᠠᠬᠤ ᠳᠤ ᠣᠷᠣᠯᠴᠠᠨ᠎ᠠ᠃    7. ᠨᠡᠶᠢᠭᠡᠮ ᠤᠨ ᠳᠠᠭᠠᠳᠬᠠᠯ ᠵᠢᠴᠢ ᠨᠥᠬᠦᠪᠥᠷᠢ ᠳᠠᠭᠠᠳᠬᠠᠯ ᠤᠨ ᠰᠠᠭᠤᠷᠢ ᠮᠥᠩᠭᠦ ᠲᠠᠲᠠᠪᠤᠷᠢᠯᠠᠨ ᠲᠤᠰᠢᠶᠠᠬᠤ᠂ ᠣᠯᠭᠤᠬᠤ᠂ ᠬᠠᠮᠢᠶᠠᠷᠬᠤ ᠪᠠ ᠠᠵᠢᠯᠯᠠᠭᠠᠨ ᠳᠤ ᠬᠠᠤᠯᠢ ᠶᠣᠰᠣᠭᠠᠷ ᠬᠢᠨᠠᠯᠲᠠ ᠲᠠᠯᠪᠢᠨ᠎ᠠ᠃    8. ᠨᠡᠶᠢᠭᠡᠮ ᠤᠨ ᠳᠠᠭᠠᠳᠬᠠᠯ ᠤᠨ ᠰᠠᠭᠤᠷᠢ ᠮᠥᠩᠭᠦ ᠶᠢᠨ ᠬᠢᠨᠠᠯᠲᠠ ᠲᠠᠯᠪᠢᠵᠤ ᠢᠯᠡᠴᠢᠯᠡᠨ ᠮᠡᠳᠡᠭᠦᠯᠬᠦ ᠰᠢᠰᠲ᠋ᠧᠮ ᠢ ᠪᠠᠶᠢᠭᠤᠯᠬᠤ ᠶᠢᠨ ᠬᠠᠮᠲᠤ ᠬᠠᠮᠢᠶᠠᠷᠴᠤ᠂ ᠵᠠᠭᠠᠯᠳᠤᠵᠤ ᠢᠯᠡᠴᠢᠯᠡᠨ ᠮᠡᠳᠡᠭᠦᠯᠬᠦ ᠶᠢ ᠬᠦᠯᠢᠶᠡᠨ ᠠᠪᠴᠤ  ᠰᠢᠢᠳᠪᠦᠷᠢᠯᠡᠨ᠂ ᠰᠠᠭᠤᠷᠢ ᠮᠥᠩᠭᠦ ᠶᠢᠨ ᠬᠠᠮᠢᠶᠠᠷᠤᠯᠲᠠ ᠶᠢᠨ ᠬᠦᠨᠳᠦ ᠶᠡᠭᠡ ᠬᠡᠷᠡᠭ ᠢ ᠵᠣᠬᠢᠶᠠᠨ ᠪᠠᠶᠢᠭᠤᠯᠤᠨ ᠪᠠᠶᠢᠴᠠᠭᠠᠨ ᠰᠢᠢᠳᠪᠦᠷᠢᠯᠡᠬᠦ ᠬᠡᠷᠡᠭᠲᠡᠶ᠃    9. ᠬᠠᠷᠢᠶ᠎ᠠ ᠪᠦᠬᠦᠢ ᠨᠡᠶᠢᠭᠡᠮ ᠤᠨ ᠳᠠᠭᠠᠳᠬᠠᠯ ᠢ ᠭᠠᠷᠳᠠᠨ ᠬᠢᠬᠦ ᠪᠠᠶᠢᠭᠤᠯᠤᠮᠵᠢ ᠶᠢᠨ ᠳᠠᠭᠠᠳᠬᠠᠯ ᠤᠨ ᠰᠠᠭᠤᠷᠢ ᠮᠥᠩᠭᠦ ᠶᠢ ᠬᠠᠷᠢᠭᠤᠴᠠᠨ᠎ᠠ᠃    ᠠᠵᠢᠯ ᠦᠢᠯᠡᠰ ᠤᠨ ᠬᠠᠮᠢᠶᠠᠷᠤᠯᠲᠠ ᠶᠢᠨ ᠰᠠᠯᠠᠭ᠎ᠠ ︵8319208︶    1. ᠤᠯᠤᠰ ᠪᠠ ᠥᠪᠡᠷᠲᠡᠭᠡᠨ ᠵᠠᠰᠠᠬᠤ ᠣᠷᠣᠨ ᠤ ᠠᠵᠢᠯ ᠦᠢᠯᠡᠰ ᠤᠨ ᠨᠢᠭᠡᠴᠡ ᠶᠢᠨ ᠠᠵᠢᠯᠲᠠᠨ ᠤ ᠶᠠᠪᠤᠳᠠᠯ ᠤᠨ ᠬᠠᠮᠢᠶᠠᠷᠤᠯᠲᠠ ᠶᠢᠨ ᠲᠥᠷᠥ ᠶᠢᠨ ᠪᠣᠳᠣᠯᠭ᠎ᠠ ᠬᠠᠤᠯᠢ ᠲᠣᠭᠲᠠᠭᠠᠯ ᠢ ᠲᠤᠤᠱᠯᠠᠭᠤᠯᠤᠨ ᠬᠡᠷᠡᠭᠵᠢᠭᠦᠯᠵᠦ᠂ ᠪᠦᠬᠦ ᠬᠤᠲᠠ ᠶᠢᠨ ᠠᠵᠢᠯ ᠦᠢᠯᠡᠰ ᠤᠨ ᠨᠢᠭᠡᠴᠡ ᠶᠢᠨ ᠠᠵᠢᠯᠲᠠᠨ ᠤ ᠶᠠᠪᠤᠳᠠᠯ ᠤᠨ ᠳᠦᠷᠢᠮ ᠤᠨ ᠥᠭᠡᠷᠡᠴᠢᠯᠡᠯᠲᠡ ᠶᠢ ᠵᠣᠬᠢᠶᠠᠨ ᠪᠠᠶᠢᠭᠤᠯᠤᠨ ᠬᠡᠷᠡᠭᠵᠢᠭᠦᠯᠦᠨ᠎ᠡ᠃     2. ᠠᠵᠢᠯ ᠦᠢᠯᠡᠰ ᠤᠨ ᠨᠢᠭᠡᠴᠡ ᠶᠢᠨ ᠨᠥᠬᠦᠪᠥᠷᠢ ᠠᠵᠢᠯᠲᠠᠨ ᠡᠯᠰᠡᠬᠦ ᠠᠵᠢᠯ ᠢ ᠬᠠᠷᠢᠭᠤᠴᠠᠨ᠎ᠠ᠃    3. ᠪᠦᠬᠦ ᠲᠤᠭᠤᠷᠢᠭ ᠤᠨ ᠠᠵᠢᠯ ᠦᠢᠯᠡᠰ ᠤᠨ ᠨᠢᠭᠡᠴᠡ ᠶᠢᠨ ᠠᠵᠢᠯ ᠤᠨ ᠪᠠᠶᠢᠷᠢ ᠲᠣᠬᠢᠷᠠᠭᠤᠯᠬᠤ ᠵᠢᠴᠢ  ᠲᠤᠭᠤᠷᠢᠭ ᠤᠨ ᠰᠢᠭᠤᠳ ᠬᠠᠷᠢᠶ᠎ᠠ ᠠᠵᠢᠯ ᠦᠢᠯᠡᠰ ᠤᠨ ᠨᠢᠭᠡᠴᠡ ᠶᠢᠨ ᠠᠵᠢᠯ ᠤᠨ ᠪᠠᠶᠢᠷᠢ ᠲᠣᠬᠢᠷᠠᠭᠤᠯᠬᠤ ᠶᠢ ᠬᠢᠨᠠᠨ ᠵᠥᠪᠰᠢᠶᠡᠷᠡᠬᠦ᠂ ᠲᠣᠬᠢᠷᠠᠭᠤᠯᠬᠤ᠂ ᠳᠠᠩᠰᠠᠯᠠᠭᠤᠯᠬᠤ ᠵᠢᠴᠢ ᠠᠵᠢᠯᠲᠠᠨ ᠤᠷᠢᠵᠤ ᠬᠡᠷᠡᠭᠯᠡᠬᠦ ᠶᠢ ᠬᠠᠮᠢᠶᠠᠷᠬᠤ᠂ ᠭᠡᠷ᠎ᠡ ᠲᠣᠭᠲᠠᠭᠠᠬᠤ ᠵᠢᠴᠢ ᠬᠢᠨᠠᠨ ᠰᠢᠯᠭᠠᠬᠤ ᠠᠵᠢᠯ ᠢ ᠪᠠᠶᠢᠴᠠᠭᠠᠬᠤ ᠪᠠ ᠵᠢᠯᠣᠭᠤᠳᠤᠨ᠎ᠠ᠃    4. ᠪᠦᠬᠦ ᠲᠤᠭᠤᠷᠢᠭ ‍ᠤᠨ‌ᠠᠵᠢᠯ ᠦᠢᠯᠡᠰ ᠤᠨ ᠨᠢᠭᠡᠴᠡ ᠶᠢᠨ ᠠᠵᠢᠯᠲᠠᠨ ᠢ ᠰᠢᠯᠵᠢᠭᠦᠯᠦᠨ ᠲᠣᠮᠢᠯᠠᠬᠤ᠂ ᠰᠢᠯᠵᠢᠭᠦᠯᠦᠨ ᠲᠣᠬᠢᠷᠠᠭᠤᠯᠬᠤ᠂ ᠬᠢᠨᠠᠨ ᠵᠥᠪᠰᠢᠶᠡᠷᠡᠬᠦ ᠠᠵᠢᠯ ᠢ ᠬᠠᠷᠢᠭᠤᠴᠠᠨ᠎ᠠ᠃ ᠠᠵᠢᠯ ᠦᠢᠯᠡᠰ ᠤᠨ ᠨᠢᠭᠡᠴᠡ ᠶᠢᠨ ᠠᠵᠢᠯᠲᠠᠨ ᠤ  ᠵᠢᠯ ᠤᠨ ᠰᠢᠯᠭᠠᠨ ᠬᠢᠨᠠᠬᠤ ᠠᠵᠢᠯ ᠢ ᠬᠠᠷᠢᠭᠤᠴᠠᠨ᠎ᠠ᠃    5. ᠴᠡᠷᠢᠭ ᠠᠩᠭᠢ ᠠᠴᠠ ᠰᠢᠯᠵᠢᠭᠰᠡᠨ ᠺᠠᠳ᠋ᠷ ᠢ ᠬᠦᠯᠢᠶᠡᠨ ᠠᠪᠴᠤ ᠲᠥᠪᠬᠢᠨᠡᠭᠦᠯᠬᠦ᠂ ᠤᠷᠢᠨ ᠲᠣᠮᠢᠯᠠᠬᠤ ᠭᠡᠷ᠎ᠡ ᠶᠢᠨ ᠰᠢᠯᠭᠠᠨ ᠭᠡᠷᠡᠴᠢᠯᠡᠯᠲᠡ ᠵᠢᠴᠢ ᠬᠠᠮᠢᠶᠠᠷᠤᠯᠲᠠ ᠶᠢᠨ ᠠᠵᠢᠯ ᠢ ᠳᠠᠭᠠᠭᠠᠨ  ᠡᠷᠬᠢᠯᠡᠨ᠎ᠡ᠃ ᠪᠦᠬᠦ ᠲᠤᠭᠤᠷᠢᠭ  ᠤᠨ ᠴᠡᠷᠢᠭ ᠠᠩᠭᠢ ᠠᠴᠠ ᠰᠢᠯᠵᠢᠭᠰᠡᠨ ᠺᠠᠳ᠋ᠷ ᠢ ᠲᠥᠪᠬᠢᠨᠡᠭᠦᠯᠬᠦ ᠲᠥᠯᠥᠪᠯᠡᠭᠡ ᠵᠢᠴᠢ ᠲᠥᠪᠬᠢᠨᠡᠭᠦᠯᠬᠦ ᠲᠤᠰᠬᠠᠶ ᠵᠠᠷᠤᠳᠠᠯ   ᠢ ᠬᠡᠷᠡᠭᠯᠡᠬᠦ ᠬᠠᠮᠢᠶᠠᠷᠤᠯᠲᠠ ᠶᠢᠨ ᠠᠷᠭ᠎ᠠ ᠶᠢ ᠲᠤᠭᠤᠷᠪᠢᠨ ᠲᠣᠭᠲᠠᠭᠠᠵᠤ᠂ ᠴᠡᠷᠢᠭ ᠠᠩᠭᠢ ᠠᠴᠠ ᠰᠢᠯᠵᠢᠭᠰᠡᠨ ᠺᠠᠳ᠋ᠷ ᠢ ᠲᠥᠪᠬᠢᠨᠡᠭᠦᠯᠬᠦ ᠵᠢᠯᠣᠭᠤᠳᠬᠤ ᠪᠥᠭᠡᠳ ᠲᠡᠳᠡᠨ ᠢ ᠵᠣᠬᠢᠶᠠᠨ ᠪᠠᠶᠢᠭᠤᠯᠵᠤ ᠪᠣᠯᠪᠠᠰᠤᠷᠠᠭᠤᠯᠤᠨ᠎ᠠ  ᠃ ᠡᠵᠡᠨ ᠮᠡᠳᠡᠵᠦ ᠠᠵᠢᠯ ᠰᠣᠩᠭᠤᠬᠤ ᠴᠡᠷᠢᠭ ᠠᠩᠭᠢ ᠶᠢᠨ ᠴᠡᠷᠢᠭ ᠠᠴᠠ ᠰᠢᠯᠵᠢᠭᠰᠡᠨ ᠺᠠᠳ᠋ᠷ ᠢ ᠬᠠᠮᠢᠶᠠᠷᠴᠤ ᠦᠢᠯᠡᠴᠢᠯᠡᠬᠦ ᠠᠵᠢᠯ ᠢ ᠬᠠᠷᠢᠭᠤᠴᠠᠨ᠎ᠠ᠃ ᠬᠡᠰᠡᠭ ᠬᠦᠴᠢᠷᠳᠡᠯ ᠲᠠᠢ ᠠᠵᠤ ᠠᠬᠤᠶᠢᠯᠠᠯ ᠤᠨ ᠴᠡᠷᠢᠭ ᠠᠩᠭᠢ ᠠᠴᠠ ᠬᠠᠯᠠᠭᠳᠠᠭᠰᠠᠨ ᠺᠠᠳ᠋ᠷ ᠢ ᠬᠦᠴᠢᠷᠳᠡᠯ ᠠᠴᠠ ᠠᠩᠭᠢᠵᠢᠷᠠᠭᠤᠯᠬᠤ ᠪᠠ ᠲᠣᠭᠲᠠᠭᠤᠨ ᠪᠠᠶᠢᠳᠠᠯ ᠢ ᠬᠠᠮᠠᠭᠠᠯᠠᠬᠤ ᠲᠥᠷᠦ ᠶᠢᠨ ᠪᠣᠳᠣᠯᠭ᠎ᠠ ᠶᠢ ᠨᠠᠶᠢᠳᠠᠪᠤᠷᠢᠵᠢᠭᠤᠯᠤᠨ᠎ᠠ᠃    ᠰᠦᠯᠵᠢᠶᠡᠨ ᠤ ᠮᠡᠳᠡᠭᠡ ᠵᠠᠩᠭᠢ ᠶᠢᠨ ᠲᠥᠪ ︵8319212︶  1. ᠪᠦᠬᠦ ᠲᠤᠭᠤᠷᠢᠭ ᠤᠨ ᠬᠥᠮᠦᠨ ᠤ ᠬᠦᠴᠦᠨ ᠤ ᠡᠬᠢ ᠪᠠᠶᠠᠯᠢᠭ ᠨᠡᠶᠢᠭᠡᠮ ᠤᠨ ᠪᠠᠲᠤᠯᠠᠭ᠎ᠠ ᠶᠢᠨ ᠮᠡᠳᠡᠭᠡ ᠵᠠᠩᠭᠢᠵᠢᠯᠲᠠ ᠶᠢᠨ ᠪᠠᠶᠢᠭᠤᠯᠤᠯᠲᠠ ᠶᠢᠨ ᠶᠡᠷᠦᠩᠬᠡᠶ  ᠲᠦᠯᠦᠪᠵᠢᠭᠦᠯᠭᠡ᠂ ᠪᠠᠷᠢᠮᠵᠢᠶ᠎ᠠ ᠵᠢᠷᠤᠮᠵᠢᠯ᠂ ᠮᠡᠳᠡᠭᠡ ᠵᠠᠩᠭᠢ ᠶᠢᠨ ᠲᠣᠤᠷ ᠰᠦᠯᠵᠢᠶᠡᠨ ᠤ ᠠᠮᠤᠷ ᠲᠦᠪᠰᠢᠨ ᠤ ᠲᠣᠭᠲᠠᠭᠠᠯ ᠵᠡᠷᠭᠡ ᠠᠵᠢᠯ ᠢ ᠵᠣᠬᠢᠶᠠᠨ ᠪᠠᠶᠢᠭᠤᠯᠤᠨ ᠬᠡᠷᠡᠭᠵᠢᠭᠦᠯᠦᠨ᠎ᠡ᠃    2. ᠪᠦᠬᠦ  ᠲᠤᠭᠤᠷᠢᠭ ᠤᠨ ᠬᠥᠮᠦᠨ ᠤ ᠬᠦᠴᠦᠨ ᠤ ᠡᠬᠢ ᠪᠠᠶᠠᠯᠢᠭ ᠨᠡᠶᠢᠭᠡᠮ ᠤᠨ ᠪᠠᠲᠤᠯᠠᠭ᠎ᠠ ᠶᠢᠨ ᠮᠡᠳᠡᠭᠡ ᠵᠠᠩᠭᠢᠴᠢᠯᠠᠬᠤ ᠪᠠᠶᠢᠭᠤᠯᠤᠯᠲᠠ᠂ ᠵᠣᠬᠢᠶᠠᠨ ᠪᠠᠶᠢᠭᠤᠯᠬᠤ ᠪᠠ ᠰᠣᠯᠢᠯᠴᠠᠬᠤ ᠠᠵᠢᠯ ᠥᠷᠨᠢᠭᠦᠯᠬᠦ ᠶᠢ ᠵᠢᠯᠣᠭᠤᠳᠤᠨ᠎ᠠ᠃    3. ᠬᠤᠷᠴᠢᠨ ᠲᠣᠭᠤᠷᠢᠭ ᠤᠨ ᠬᠥᠮᠦᠨ ᠤ ᠬᠦᠴᠦᠨ ᠤ ᠡᠬᠢ ᠪᠠᠶᠠᠯᠢᠭ ᠨᠡᠶᠢᠭᠡᠮ ᠤᠨ ᠪᠠᠲᠤᠯᠠᠭ᠎ᠠ ᠶᠢᠨ ᠶᠡᠭᠡ ᠲᠥᠪᠯᠡᠷᠡᠩᠭᠦᠶ ᠳ᠋ᠠᠶᠢᠲ᠋ᠠ ᠬᠥᠮᠥᠷᠭᠡ ᠶᠢᠨ ᠪᠦᠲᠦᠭᠡᠨ ᠪᠠᠶᠢᠭᠤᠯᠬᠤ᠂ ᠬᠠᠮᠢᠶᠠᠷᠬᠤ᠂ ᠬᠠᠮᠠᠭᠠᠯᠠᠬᠤ ᠪᠠ ᠠᠵᠢᠯᠲᠠᠨ ᠤ ᠦᠨᠳᠦᠰᠦᠨ ᠮᠡᠳᠡᠭᠡ ᠵᠠᠩᠭᠢ ᠶᠢᠨ ᠬᠥᠮᠥᠷᠭᠡ᠂ ᠰᠠᠯᠠᠭ᠎ᠠ ᠮᠥᠴᠢᠷ ᠤᠨ ᠬᠤᠭᠤᠷᠣᠨᠳᠣᠬᠢ ᠮᠡᠳᠡᠭᠡ ᠵᠠᠩᠭᠢ ᠶᠢ ᠬᠠᠮᠲᠤᠪᠠᠷ ᠬᠦᠷᠲᠡᠬᠦ ᠵᠠᠯᠭᠠᠰᠤ ᠶᠢᠨ ᠪᠦᠲᠦᠭᠡᠨ ᠪᠠᠶᠢᠭᠤᠯᠬᠤ᠂ ᠬᠠᠮᠢᠶᠠᠷᠬᠤ ᠪᠠ ᠬᠠᠮᠠᠭᠠᠯᠠᠬᠤ ᠠᠵᠢᠯ ᠢ ᠡᠭᠦᠷᠭᠡᠯᠡᠨ᠎ᠡ᠃   4. ᠬᠤᠷᠴᠢᠨ ᠲᠣᠭᠤᠷᠢᠭ ᠤᠨ ᠨᠡᠶᠢᠭᠡᠮ ᠤᠨ ᠪᠠᠲᠤᠯᠠᠭ᠎ᠠ ᠶᠢᠨ ᠺᠠᠷᠲ ᠲᠠᠷᠬᠠᠭᠠᠬᠤ ᠪᠠ ᠬᠤᠷᠴᠢᠨ ᠲᠣᠭᠤᠷᠢᠭ ᠤᠨ ᠱᠠᠲᠤᠨ ᠤ ᠬᠠᠮᠢᠶ᠎ᠠ ᠪᠦᠬᠦᠢ ᠨᠢᠭᠤᠴᠠ ᠲᠦᠯᠬᠢᠭᠦᠷ ᠤᠨ ᠬᠠᠮᠢᠶᠠᠷᠤᠯᠲᠠ ᠶᠢᠨ ᠠᠵᠢᠯ ᠢ ᠡᠭᠦᠷᠭᠡᠯᠡᠨ᠎ᠡ᠃   5. ᠬᠤᠷᠴᠢᠨ ᠲᠣᠭᠤᠷᠢᠭ ᠤᠨ ᠬᠥᠮᠦᠨ ᠤ ᠬᠦᠴᠦᠨ ᠤ ᠡᠬᠢ ᠪᠠᠶᠠᠯᠢᠭ ᠨᠡᠶᠢᠭᠡᠮ ᠤᠨ ᠪᠠᠲᠤᠯᠠᠭ᠎ᠠ ᠶᠢᠨ ᠨᠢᠭᠡᠳᠦᠯᠲᠡᠶ  ᠦᠢᠯᠡᠴᠢᠯᠡᠭᠡᠨ ᠤ ᠳ᠋ᠢᠶᠠᠩᠬᠤᠸᠠ᠂ ᠰᠦᠯᠵᠢᠶᠡᠨ ᠥᠷᠲᠡᠭᠡ ᠶᠢᠨ ᠴᠤᠭᠯᠠᠷᠠᠯ᠂ ᠡᠯᠧᠺᠲᠷᠣᠨ ᠰᠢᠤᠳᠠᠨ ᠤ  ᠵᠦᠢᠯ᠂  ᠦᠪᠡᠰᠦᠪᠡᠨ ᠦᠢᠯᠡᠴᠢᠯᠡᠬᠦ ᠦᠵᠦᠭᠦᠷ ᠵᠡᠷᠭᠡ ᠣᠯᠠᠨ ᠨᠡᠶᠢᠲᠡ ᠶᠢᠨ  ᠦᠢᠯᠡᠴᠢᠯᠡᠭᠡᠨ ᠤ ᠲᠠᠪᠴᠠᠩ ᠢ ᠪᠦᠲᠦᠭᠡᠨ ᠪᠠᠶᠢᠭᠤᠯᠬᠤ᠂ ᠬᠠᠮᠢᠶᠠᠷᠬᠤ ᠪᠠ ᠬᠠᠮᠠᠭᠠᠯᠠᠬᠤ ᠵᠡᠷᠭᠡ ᠠᠵᠢᠯ ᠢ ᠡᠭᠦᠷᠭᠡᠯᠡᠨ᠎ᠡ᠃    ᠳᠠᠩᠰᠠ ᠡᠪᠬᠡᠮᠡᠯ ᠤᠨ ᠰᠠᠯᠠᠭ᠎ᠠ (8319212)   1. ᠪᠦᠬᠦ  ᠲᠤᠭᠤᠷᠢᠭ ᠤᠨ ᠳᠡᠳ᠋ ᠰᠠᠯᠠᠭᠠᠨ ᠤ ᠳᠡᠰ ︵ᠳᠡᠳ᠋ ᠰᠠᠯᠠᠭᠠᠨ ᠤ ᠳᠡᠰ ᠪᠠᠭᠲᠠᠬᠤ ᠦᠭᠡᠢ︶ ᠠᠴᠠ ᠳᠣᠷᠣᠭᠰᠢᠬᠢ ᠠᠯᠪᠠᠲᠠᠨ ᠤ ᠠᠵᠢᠯᠲᠠᠨ ᠤ ᠶᠠᠪᠤᠳᠠᠯ ᠤᠨ ᠳᠠᠩᠰᠠ ᠡᠪᠬᠡᠮᠡᠯ ᠢ ᠴᠤᠭᠯᠠᠭᠤᠯᠬᠤ᠂ ᠡᠮᠬᠢᠯᠡᠬᠦ᠂ ᠡᠪᠬᠡᠮᠡᠯ ᠭᠠᠷᠭᠠᠬᠤ᠂ ᠳᠠᠩᠰᠠ ᠡᠪᠬᠡᠮᠡᠯ ᠳᠤ ᠣᠷᠣᠭᠤᠯᠬᠤ᠂ ᠪᠠᠶᠢᠴᠠᠭᠠᠵᠤ ᠵᠢᠭᠡᠯᠡᠨ ᠤᠩᠰᠢᠬᠤ ᠠᠵᠢᠯ ᠢ ᠬᠠᠷᠢᠭᠤᠴᠠᠨ᠎ᠠ᠃   2. ᠲᠤᠭᠤᠷᠢᠭ ᠤᠨ ᠰᠢᠭᠤᠳ ᠬᠠᠷᠢᠶ᠎ᠠ ᠵᠠᠰᠠᠭ ᠤᠨ ᠣᠷᠳᠣᠨ ᠤ ᠪᠠᠶᠢᠭᠤᠯᠤᠯᠭ᠎ᠠ᠂ ᠠᠵᠢᠯ ᠦᠢᠯᠡᠰ ᠤᠨ ᠨᠢᠭᠡᠴᠡ ᠶᠢᠨ ᠠᠵᠢᠯ ᠳᠤ ᠪᠠᠶᠢᠭ᠎ᠠ ᠵᠢᠴᠢ ᠠᠵᠢᠯ ᠠᠴᠠ ᠪᠠᠨ ᠪᠠᠭᠤᠭᠰᠠᠳ ᠤᠨ ᠳᠠᠩᠰᠠ ᠡᠪᠬᠡᠮᠡᠯ ᠤᠨ ᠬᠠᠮᠢᠶᠠᠷᠤᠯᠲᠠ ᠶᠢᠨ ᠠᠵᠢᠯ ᠢ ᠬᠠᠷᠢᠭᠤᠴᠠᠨ᠎ᠠ᠃    3. ᠺᠠᠳ᠋ᠷ ᠠᠵᠢᠯᠲᠠᠨ ᠤ ᠶᠠᠪᠤᠳᠠᠯ ᠤᠨ ᠳᠠᠩᠰᠠ ᠡᠪᠬᠡᠮᠡᠯ ᠤᠨ ᠠᠮᠤᠷ ᠲᠦᠪᠰᠢᠨ᠂ ᠨᠢᠭᠤᠴᠠ ᠶᠢ ᠬᠠᠮᠠᠭᠠᠯᠠᠬᠤ᠂ ᠬᠠᠳᠠᠭᠠᠯᠠᠬᠤ ᠠᠵᠢᠯ ᠢ ᠰᠠᠶᠢᠲᠤᠷ ᠬᠢᠬᠦ ᠬᠡᠷᠡᠭᠲᠡᠶ᠃   4. ᠺᠠᠳ᠋ᠷ ᠤᠨ ᠠᠵᠢᠯᠲᠠᠨ ᠤ ᠶᠠᠪᠤᠳᠠᠯ ᠤᠨ ᠳᠠᠩᠰᠠ ᠡᠪᠬᠡᠮᠡᠯ ᠤᠨ ᠠᠵᠢᠯ ᠤᠨ ᠪᠠᠶᠢᠳᠠᠯ ᠢ ᠪᠠᠶᠢᠴᠠᠭᠠᠨ ᠰᠤᠳᠤᠯᠵᠤ ᠂ ᠳᠦᠷᠢᠮ ᠲᠣᠭᠲᠠᠭᠠᠯ ᠲᠣᠭᠲᠠᠭᠠᠵᠤ᠂ ᠺᠠᠳ᠋ᠷ ᠤᠨ ᠠᠵᠢᠯᠲᠠᠨ ᠤ ᠶᠠᠪᠤᠳᠠᠯ ᠤᠨ ᠳᠠᠩᠰᠠ ᠡᠪᠬᠡᠮᠡᠯ ᠤᠨ ᠲᠤᠬᠠᠶᠢᠯᠠᠭᠰᠠᠨ ᠠᠵᠢᠯ ᠤᠨ ᠪᠠᠶᠢᠭᠤᠯᠤᠯᠲᠠ ᠪᠠ ᠲᠤᠬᠠᠶᠢᠯᠠᠭᠰᠠᠨ ᠠᠵᠢᠯ ᠤᠨ ᠵᠢᠯᠣᠭᠤᠳᠤᠯᠭ᠎ᠠ ᠶᠢ ᠰᠠᠶᠢᠲᠤᠷ ᠬᠢᠬᠦ ᠬᠡᠷᠡᠭᠲᠡᠶ᠃    5. ᠺᠠᠳ᠋ᠷ ᠠᠵᠢᠯᠲᠠᠨ ᠤ ᠶᠠᠪᠤᠳᠠᠯ ᠤᠨ ᠳᠠᠩᠰᠠ ᠡᠪᠬᠡᠮᠡᠯ ᠤᠨ ᠣᠳᠣᠬᠢᠴᠢᠯᠠᠭᠰᠠᠨ ᠬᠠᠮᠢᠶᠠᠷᠤᠯᠲᠠ ᠶᠢᠨ ᠮᠡᠷᠭᠡᠵᠢᠯ ᠢ ᠳᠡᠯᠭᠡᠷᠡᠭᠦᠯᠦᠨ ᠬᠡᠷᠡᠭᠯᠡᠬᠦ ᠬᠡᠷᠡᠭᠲᠡᠶ᠃    6.  ᠬᠠᠯᠢᠭᠰᠠᠨ ᠺᠠᠳ᠋ᠷ ᠤᠨ ᠠᠵᠢᠯᠲᠠᠨ ᠤ ᠶᠠᠪᠤᠳᠠᠯ ᠤᠨ ᠳᠠᠩᠰᠠ ᠡᠪᠬᠡᠮᠡᠯ ᠢ ᠲᠣᠭᠲᠠᠮᠠᠯ ᠬᠤᠭᠤᠴᠠᠭ᠎ᠠ ᠲᠠᠢ ᠪᠠᠷ ᠰᠢᠯᠵᠢᠭᠦᠯᠦᠨ ᠲᠤᠰᠢᠶᠠᠬᠤ ᠬᠡᠷᠡᠭᠲᠡᠶ᠃    7. ᠪᠦᠬᠦ  ᠲᠤᠭᠤᠷᠢᠭ ᠤᠨ ᠳᠠᠩᠰᠠ ᠡᠪᠬᠡᠮᠡᠯ ᠤᠨ ᠠᠵᠢᠯ ᠠᠴᠠ ᠪᠠᠨ ᠪᠠᠭᠤᠭᠰᠠᠳ ᠢ ᠲᠣᠭᠲᠠᠮᠠᠯ ᠬᠤᠭᠤᠴᠠᠭ᠎ᠠ ᠲᠠᠢ ᠪᠠᠷ ᠬᠢᠨᠠᠨ ᠬᠠᠷᠭᠤᠭᠤᠯᠤᠨ᠎ᠠ᠃    8. ᠪᠤᠰᠤᠳ ᠬᠤᠯᠪᠣᠭᠳᠠᠯ ᠪᠦᠬᠦᠢ ᠵᠦᠢᠯ ᠢ ᠭᠦᠢᠴᠡᠳᠬᠡᠨ᠎ᠡ᠃    ᠠᠵᠢᠯ ᠠᠴᠠ ᠪᠣᠯᠤᠭᠰᠠᠨ ᠭᠡᠮᠲᠦᠯ ᠤᠨ ᠳᠠᠭᠠᠳᠬᠠᠯ ᠤᠨ ᠲᠥᠪ ︵8250817︶   1. ᠬᠤᠷᠴᠢᠨ ᠲᠣᠭᠤᠷᠢᠭ ᠤᠨ ᠬᠠᠷᠢᠶ᠎ᠠ ᠣᠷᠣᠨ ᠤ ᠳᠣᠲᠣᠷᠠᠬᠢ ᠬᠥᠮᠦᠨ ᠬᠡᠷᠡᠭᠯᠡᠬᠦ ᠨᠢᠭᠡᠴᠡ ᠶᠢᠨ ᠠᠵᠢᠯᠲᠠᠨ ᠠᠵᠢᠯᠴᠢᠨ ᠤ ᠠᠵᠢᠯ ᠠᠴᠠ ᠪᠣᠯᠤᠭᠰᠠᠨ ᠭᠡᠮᠲᠦᠯ ᠤᠨ ᠳᠠᠭᠠᠳᠬᠠᠯ ᠳᠤ ᠣᠷᠣᠯᠴᠠᠬᠤ ᠳᠠᠩᠰᠠᠯᠠᠯ ᠢ ᠬᠠᠷᠢᠭᠤᠴᠠᠵᠤ᠂ ᠮᠡᠳᠡᠭᠦᠯᠵᠦ ᠬᠢᠨᠠᠨ ᠲᠣᠭᠲᠠᠭᠠᠬᠤ᠂ ᠠᠵᠢᠯ ᠠᠴᠠ ᠪᠣᠯᠤᠭᠰᠠᠨ ᠭᠡᠮᠲᠦᠯ ᠤᠨ ᠳᠠᠭᠠᠳᠬᠠᠯ ᠤᠨ ᠬᠠᠷᠢᠴᠠᠭ᠎ᠠ ᠶᠢ ᠰᠢᠯᠵᠢᠭᠦᠯᠵᠦ᠂ ᠳᠠᠩᠰᠠᠨ ᠳᠤ ᠣᠷᠣᠭᠤᠯᠤᠨ ᠰᠢᠢᠳᠪᠦᠷᠢᠯᠡᠬᠦ ᠬᠡᠷᠡᠭᠲᠡᠶ᠃   2. ᠬᠤᠷᠴᠢᠨ ᠲᠣᠭᠤᠷᠢᠭ ᠤᠨ ᠬᠠᠷᠢᠶ᠎ᠠ ᠣᠷᠣᠨ ᠤ ᠳᠣᠲᠣᠷᠠᠬᠢ ᠬᠥᠮᠦᠨ ᠬᠡᠷᠡᠭᠯᠡᠬᠦ ᠨᠢᠭᠡᠴᠡ ᠶᠢᠨ ᠠᠵᠢᠯ ᠠᠴᠠ ᠪᠣᠯᠵᠤ ᠭᠡᠮᠲᠦᠭᠰᠡᠨ ᠠᠵᠢᠯᠲᠠᠨ ᠠᠵᠢᠯᠴᠢᠨ ᠤ ᠠᠵᠢᠯ ᠠᠴᠠ ᠪᠣᠯᠤᠭᠰᠠᠨ ᠭᠡᠮᠲᠦᠯ ᠤᠨ ᠳᠠᠭᠠᠳᠬᠠᠯ ᠤᠨ ᠣᠯᠭᠤᠮᠵᠢ ᠶᠢ ᠠᠩᠬ᠎ᠠ ᠬᠢᠨᠠᠬᠤ ᠪᠠ ᠮᠡᠳᠡᠭᠦᠯᠦᠨ ᠬᠦᠷᠭᠡᠬᠦ ᠮᠠᠲ᠋ᠧᠷᠢᠶᠠᠯ᠂ ᠣᠯᠭᠤᠬᠤ ᠶᠢ ᠬᠠᠷᠢᠭᠤᠴᠠᠨ᠎ᠠ᠃    3. ᠳᠠᠭᠠᠳᠬᠠᠯ ᠳᠤ ᠣᠷᠣᠯᠴᠠᠭᠰᠠᠨ ᠨᠢᠭᠡᠴᠡ ᠶᠢᠨ ᠳᠠᠭᠠᠳᠬᠠᠯ ᠳᠤ ᠣᠷᠣᠯᠴᠠᠭᠰᠠᠨ ᠬᠥᠮᠦᠨ ᠤ ᠲᠤᠭ᠎ᠠ᠂ ᠴᠠᠯᠢᠩ ᠤᠨ ᠰᠠᠭᠤᠷᠢ ᠲᠤᠭ᠎ᠠ ᠶᠢ ᠬᠠᠷᠭᠤᠭᠤᠯᠤᠨ ᠪᠤᠳᠤᠬᠤ ᠶᠢ ᠬᠠᠷᠢᠭᠤᠴᠠᠨ᠎ᠠ᠃    4. ᠠᠵᠢᠯ ᠠᠴᠠ ᠪᠣᠯᠤᠭᠰᠠᠨ ᠭᠡᠮᠲᠦᠯ ᠤᠨ ᠳᠠᠭᠠᠳᠬᠠᠯ ᠤᠨ ᠲᠥᠷᠥ ᠶᠢᠨ ᠪᠣᠳᠣᠯᠭ᠎ᠠ ᠶᠢᠨ ᠬᠠᠤᠯᠢ ᠴᠠᠭᠠᠵᠠ ᠬᠠᠤᠯᠢ ᠲᠣᠭᠲᠠᠭᠠᠯ ᠢ ᠤᠬᠠᠭᠤᠯᠤᠨ ᠯᠠᠪᠯᠠᠵᠤ ᠲᠠᠶᠢᠯᠪᠤᠷᠢᠯᠠᠬᠤ ᠶᠢ ᠬᠠᠷᠢᠭᠤᠴᠠᠨ᠎ᠠ᠃    5᠂ ᠠᠵᠢᠯ ᠠᠴᠠ ᠪᠣᠯᠤᠭᠰᠠᠨ ᠭᠡᠮᠲᠦᠯ ᠢ ᠪᠠᠶᠢᠴᠠᠭᠠᠬᠤ ᠠᠵᠢᠯ ᠢ ᠬᠠᠷᠢᠭᠤᠴᠠᠨ ᠬᠠᠮᠵᠢᠯᠴᠠᠨ᠎ᠠ᠃    ᠬᠤᠷᠴᠢᠨ ᠲᠣᠭᠤᠷᠢᠭ ᠤᠨ ᠬᠥᠮᠦᠨ ᠤ ᠬᠦᠴᠦᠨ ᠤ ᠡᠬᠢ ᠪᠠᠶᠠᠯᠢᠭ ᠪᠠ ᠨᠡᠶᠢᠭᠡᠮ ᠤᠨ ᠪᠠᠲᠤᠯᠠᠭ᠎ᠠ ᠶᠢᠨ ᠲᠣᠪᠴᠢᠶ᠎ᠠ    ᠠᠵᠢᠯᠯᠠᠬᠤ ᠬᠠᠶ᠋ᠢᠭ᠄ ᠬᠤᠤᠯᠢᠨ ᠭᠤᠤᠯ ᠶᠡᠭᠡ ᠵᠡᠭᠡᠯᠢ ᠶᠢᠨ 908 ᠳ᠋ᠤᠭᠠᠷ ᠲᠣᠭᠠᠲᠤ ᠨᠠᠮ ᠵᠠᠰᠠᠭ ᠤᠨ ᠶᠡᠷᠦᠩᠬᠡᠶᠢᠯᠡᠭᠰᠡᠨ ᠠᠰᠠᠷ ᠤᠨ 11 ᠳ᠋ᠦᠭᠡᠷ ᠳᠠᠪᠬᠤᠷᠭ᠎ᠠ︔    ᠤᠲᠠᠰᠤ᠄ 8319200᠂ 8319266᠃
 
ᠢᠷᠡᠯᠲᠡ᠄ ᠬᠤᠷᠴᠢᠨ ᠲᠤᠭᠤᠷᠢᠭ ᠤᠨ ᠵᠠᠰᠠᠭ ᠤᠨ ᠤᠷᠳᠤᠨ
 
 
ᠬᠠᠮᠢᠶ᠎ᠡ ᠪᠦᠬᠦᠢ ᠰᠣᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备05070829号