ᠠᠶᠤᠯᠭᠦᠶ ᠦᠢᠯᠡᠳᠪᠦᠷᠢᠯᠡᠯ ᠤᠨ ᠬᠢᠨᠠᠯᠲᠠ ᠬᠠᠮᠢᠶᠠᠷᠤᠯᠲᠠ ᠶᠢᠨ ᠲᠣᠪᠴᠢᠶ᠎ᠠ
ᠨᠡᠶᠢᠲᠡᠯᠡᠭᠰᠡᠨ ᠴᠠᠭ᠄
2019-09-19
   ᠨᠢᠭᠡ᠂ ᠭᠤᠤᠯ ᠡᠭᠦᠷᠭᠡ ᠬᠠᠷᠢᠭᠤᠴᠠᠯᠭ᠎ᠠ    ︵ᠨᠢᠭᠡ︶ ᠤᠯᠤᠰ᠂ ᠥᠪᠡᠷᠲᠡᠭᠡᠨ ᠵᠠᠰᠠᠬᠤ ᠣᠷᠣᠨ ᠪᠣᠯᠤᠨ ᠲᠦᠩᠯᠢᠶᠣᠤ ᠬᠤᠲᠠ ᠶᠢᠨ ᠠᠶᠤᠯ ᠦᠭᠡᠢ ᠦᠢᠯᠡᠳᠪᠦᠷᠢᠯᠡᠯ ᠤᠨ ᠬᠠᠤᠯᠢ ᠴᠠᠭᠠᠵᠠ ᠬᠠᠤᠯᠢ ᠲᠣᠭᠲᠠᠭᠠᠯ ᠲᠥᠷᠥ ᠶᠢᠨ ᠪᠣᠳᠣᠯᠭ᠎ᠠ ᠶᠢ ᠲᠤᠤᠱᠯᠠᠭᠤᠯᠤᠨ ᠨᠠᠢᠳᠠᠪᠤᠷᠢᠵᠢᠭᠤᠯᠬᠤ᠂ ᠪᠦᠬᠦ  ᠲᠤᠭᠤᠷᠢᠭ ᠤᠨ ᠠᠶᠤᠯ ᠦᠭᠡᠢ ᠦᠢᠯᠡᠳᠪᠦᠷᠢᠯᠡᠯ ᠤᠨ ᠲᠥᠯᠥᠪᠵᠢᠭᠦᠯᠭᠡ ᠶᠢ ᠨᠠᠶᠢᠷᠠᠭᠤᠯᠤᠨ ᠵᠣᠬᠢᠶᠠᠬᠤ ᠶᠢ ᠬᠠᠷᠢᠭᠤᠴᠠᠨ᠎ᠠ᠃    ︵ᠬᠤᠶᠠᠷ︶ ᠬᠤᠷᠴᠢᠨ ᠲᠣᠭᠤᠷᠢᠭ ᠤᠨ ᠵᠠᠰᠠᠭ ᠵᠠᠬᠢᠷᠭᠠᠨ ᠤ  ᠬᠠᠷᠢᠶ᠎ᠠ ᠳᠣᠲᠣᠷᠠᠬᠢ ᠠᠶᠤᠯ ᠦᠭᠡᠢ ᠦᠢᠯᠡᠳᠪᠦᠷᠢᠯᠡᠯ ᠤᠨ ᠠᠵᠢᠯ ᠳᠤ ᠬᠠᠤᠯᠢ ᠶᠣᠰᠣᠭᠠᠷ ᠶᠡᠷᠦᠩᠬᠡᠶᠢᠯᠡᠭᠰᠡᠨ ᠬᠢᠨᠠᠯᠲᠠ ᠬᠠᠮᠢᠶᠠᠷᠤᠯᠲᠠ ᠶᠢ ᠬᠡᠷᠡᠭᠵᠢᠭᠦᠯᠵᠦ᠂ ᠬᠤᠷᠴᠢᠨ ᠲᠣᠭᠤᠷᠢᠭ ᠤᠨ ᠠᠷᠠᠳ ᠤᠨ ᠵᠠᠰᠠᠭ ᠤᠨ ᠣᠷᠳᠣᠨ ᠤ ᠬᠤᠯᠪᠣᠭᠳᠠᠯ ᠪᠦᠬᠦᠢ ᠰᠠᠯᠠᠭ᠎ᠠ ᠮᠥᠴᠢᠷ ᠪᠣᠯᠤᠨ ᠪᠠᠯᠭᠠᠰᠤ ︵ᠰᠤᠮᠤ︶ ᠶᠢᠨ ᠠᠷᠠᠳ ᠤᠨ ᠵᠠᠰᠠᠭ ᠤᠨ ᠣᠷᠳᠣᠨ᠂ ᠵᠡᠭᠡᠯᠢ ᠭᠤᠳᠤᠮᠵᠢ ᠶᠢᠨ ᠬᠡᠷᠡᠭ ᠡᠷᠬᠢᠯᠡᠬᠦ ᠭᠠᠵᠠᠷ ᠵᠢᠴᠢ ᠤᠯᠤᠰ ᠤᠨ ᠦᠮᠴᠢᠯᠡᠯᠳᠦ ᠲᠠᠷᠢᠶᠠᠯᠠᠩ ᠮᠠᠯᠵᠢᠯ ᠤᠨ ᠲᠠᠯᠠᠪᠠᠢ ᠳᠤ ᠠᠶᠤᠯ ᠦᠭᠡᠢ ᠦᠢᠯᠡᠳᠪᠦᠷᠢᠯᠡᠯ ᠤᠨ ᠬᠢᠨᠠᠯᠲᠠ ᠬᠠᠮᠢᠶᠠᠷᠤᠯᠲᠠ ᠶᠢᠨ ᠡᠭᠦᠷᠭᠡ ᠬᠠᠷᠢᠭᠤᠴᠠᠯᠭ᠎ᠠ ᠪᠠᠨ  ᠭᠦᠢᠴᠡᠳᠭᠡᠬᠦ ᠶᠢ ᠵᠢᠯᠣᠭᠤᠳᠴᠤ᠂ ᠵᠣᠬᠢᠴᠠᠭᠤᠯᠵᠤ᠂ ᠬᠢᠨᠠᠯᠲᠠ ᠲᠠᠯᠪᠢᠵᠤ᠂ ᠪᠠᠶᠢᠴᠠᠭᠠᠨ᠎ᠠ᠃    ︵ᠭᠤᠷᠪᠠ︶ ᠬᠤᠷᠴᠢᠨ ᠲᠣᠭᠤᠷᠢᠭ ᠤᠨ ᠠᠶᠤᠯ ᠦᠭᠡᠢ ᠦᠢᠯᠡᠳᠪᠦᠷᠢᠯᠡᠯ ᠤᠨ ᠪᠠᠶᠢᠳᠠᠯ ᠢ ᠶᠡᠷᠦᠩᠬᠡᠶᠢᠯᠡᠨ ᠵᠠᠳᠠᠯᠵᠤ᠂ ᠲᠣᠭᠲᠠᠮᠠᠯ ᠬᠤᠭᠤᠴᠠᠭ᠎ᠠ ᠲᠠᠢ ᠪᠠᠷ ᠬᠤᠷᠴᠢᠨ ᠲᠣᠭᠤᠷᠢᠭ ᠤᠨ ᠠᠷᠠᠳ ᠤᠨ ᠵᠠᠰᠠᠭ ᠤᠨ ᠣᠷᠳᠣᠨ ᠳᠤ ᠠᠶᠤᠯ ᠦᠭᠡᠢ ᠦᠢᠯᠡᠳᠪᠦᠷᠢᠯᠡᠯ ᠤᠨ ᠠᠵᠢᠯ ᠢᠶᠠᠨ ᠮᠡᠳᠡᠭᠦᠯᠵᠦ᠂ ᠠᠶᠤᠯ ᠦᠭᠡᠢ ᠦᠢᠯᠡᠳᠪᠦᠷᠢᠯᠡᠯ  ᠤᠨ ᠠᠵᠢᠯ ᠤᠨ ᠰᠠᠨᠠᠯ ᠪᠠ ᠰᠠᠨᠠᠭᠤᠯᠭ᠎ᠠ ᠳᠤᠷᠠᠳᠴᠤ᠂ ᠪᠦᠬᠦ  ᠲᠤᠭᠤᠷᠢᠭ ᠤᠨ ᠠᠶᠤᠯ ᠦᠭᠡᠢ ᠦᠢᠯᠡᠳᠪᠦᠷᠢᠯᠡᠯ ᠤᠨ ᠮᠡᠳᠡᠭᠡ ᠵᠠᠩᠭᠢ ᠶᠢ ᠨᠡᠶᠢᠲᠡᠯᠡᠨ᠂ ᠠᠶᠤᠯ ᠦᠭᠡᠢ ᠦᠢᠯᠡᠳᠪᠦᠷᠢᠯᠡᠯ ᠤᠨ ᠳᠤᠮᠳᠠᠬᠢ ᠴᠢᠬᠤᠯᠠ ᠶᠡᠭᠡ ᠠᠰᠠᠭᠤᠳᠠᠯ ᠢ ᠵᠣᠬᠢᠴᠠᠭᠤᠯᠤᠨ ᠰᠢᠢᠳᠪᠦᠷᠢᠯᠡᠬᠦ ᠬᠡᠷᠡᠭᠲᠡᠶ᠃    ︵ ᠳᠦᠷᠪᠡ︶ ᠬᠤᠷᠴᠢᠨ ᠲᠣᠭᠤᠷᠢᠭ ᠤᠨ ᠠᠷᠠᠳ ᠤᠨ ᠵᠠᠰᠠᠭ ᠤᠨ ᠣᠷᠳᠣᠨ ᠤ ᠡᠯ᠎ᠡ ᠬᠤᠯᠪᠣᠭᠳᠠᠯ ᠪᠦᠬᠦᠢ ᠰᠠᠯᠠᠭ᠎ᠠ ᠮᠥᠴᠢᠷ ᠪᠣᠯᠤᠨ ᠪᠠᠯᠭᠠᠰᠤ ︵ᠰᠤᠮᠤ︶ ᠶᠢᠨ ᠠᠷᠠᠳ ᠤᠨ ᠵᠠᠰᠠᠭ ᠤᠨ ᠣᠷᠳᠣᠨ᠂ ᠵᠡᠭᠡᠯᠢ ᠭᠤᠳᠤᠮᠵᠢ ᠶᠢᠨ ᠬᠡᠷᠡᠭ ᠡᠷᠬᠢᠯᠡᠬᠦ ᠭᠠᠵᠠᠷ ᠵᠢᠴᠢ ᠤᠯᠤᠰ ᠤᠨ  ᠦᠮᠴᠢᠯᠡᠯᠳᠦ ᠲᠠᠷᠢᠶᠠᠯᠠᠩ ᠮᠠᠯᠵᠢᠯ ᠤᠨ ᠲᠠᠯᠠᠪᠠᠢ ᠶᠢᠨ ᠠᠶᠤᠯ ᠦᠭᠡᠢ ᠦᠢᠯᠡᠳᠪᠦᠷᠢᠯᠡᠯ ᠤᠨ ᠠᠵᠢᠯ ᠤᠨ ᠶᠡᠷᠦᠩᠬᠡᠶᠢᠯᠡᠭᠰᠡᠨ ᠬᠢᠨᠠᠨ ᠰᠢᠯᠭᠠᠯᠲᠠ ᠶᠢ ᠵᠣᠬᠢᠶᠠᠨ ᠪᠠᠶᠢᠭᠤᠯᠤᠨ ᠬᠡᠷᠡᠭᠵᠢᠭᠦᠯᠬᠦ ᠬᠡᠷᠡᠭᠲᠡᠶ᠃    ︵ᠲᠠᠪᠤ︶ ᠬᠤᠷᠴᠢᠨ ᠲᠣᠭᠤᠷᠢᠭ ᠤᠨ ᠵᠠᠰᠠᠭ ᠵᠠᠬᠢᠷᠭᠠᠨ ᠤ  ᠬᠠᠷᠢᠶᠠᠨ ᠳᠣᠲᠣᠷᠠᠬᠢ ᠠᠶᠤᠯ ᠥᠬᠡᠶ ᠦᠢᠯᠡᠳᠪᠦᠷᠢᠯᠡᠯ ᠤᠨ ᠶᠡᠷᠦᠩᠬᠡᠶᠢᠯᠡᠭᠰᠡᠨ ᠰᠢᠮᠳᠠᠭᠤᠯᠤᠨ ᠪᠠᠶᠢᠴᠠᠭᠠᠬᠤ ᠪᠠ ᠲᠤᠰᠬᠠᠢ ᠵᠦᠢᠯ ᠤᠨ ᠪᠠᠶᠢᠴᠠᠭᠠᠯᠲᠠ ᠶᠢ ᠵᠣᠬᠢᠶᠠᠨ ᠪᠠᠶᠢᠭᠤᠯᠤᠨ ᠬᠡᠷᠡᠭᠵᠢᠭᠦᠯᠦᠨ᠎ᠡ  ᠃᡾ ᠪᠦᠬᠦ  ᠲᠤᠭᠤᠷᠢᠭ ᠤᠨ ᠠᠶᠤᠯ ᠦᠭᠡᠢ ᠦᠢᠯᠡᠳᠪᠦᠷᠢᠯᠡᠯ ᠤᠨ ᠵᠠᠰᠠᠭ ᠵᠠᠬᠢᠷᠭᠠᠨ ᠤ ᠬᠠᠤᠯᠢ ᠬᠡᠷᠡᠭᠵᠢᠭᠦᠯᠬᠦ ᠠᠵᠢᠯ ᠢ ᠵᠢᠯᠣᠭᠤᠳᠴᠤ᠂ ᠵᠣᠬᠢᠴᠠᠭᠤᠯᠵᠤ᠂ ᠬᠢᠨᠠᠯᠲᠠ ᠲᠠᠯᠪᠢᠨ᠎ᠠ᠃    ︵ᠵᠢᠷᠭᠤᠭ᠎ᠠ︶ ᠠᠵᠢᠯ ᠲᠥᠷᠥᠯ ᠤᠨ ᠬᠠᠮᠢᠶᠠᠷᠤᠯᠲᠠ ᠶᠢᠨ ᠰᠠᠯᠠᠭ᠎ᠠ ᠮᠥᠴᠢᠷ ᠢ ᠰᠢᠮᠳᠠᠭᠤᠯᠵᠤ ᠪᠠᠶᠢᠭᠠᠳ ᠠᠶᠤᠯ ᠦᠭᠡᠢ ᠦᠢᠯᠡᠳᠪᠦᠷᠢᠯᠡᠯ ᠤᠨ ᠪᠠᠷᠢᠮᠵᠢᠶᠠᠵᠢᠭᠤᠯᠬᠤ᠂ ᠠᠶᠤᠯ ᠦᠭᠡᠢ ᠶᠢᠨ ᠪᠡᠯᠡᠳᠬᠡᠮᠵᠢ ᠬᠢᠭᠡᠳ ᠠᠵᠢᠯ ᠮᠡᠷᠭᠡᠵᠢᠯ ᠤᠨ ᠡᠷᠡᠭᠦᠯ ᠬᠠᠮᠠᠭᠠᠯᠠᠯ ᠤᠨ ︽ᠭᠤᠷᠪᠠ ᠶᠢ ᠵᠡᠷᠭᠡ ᠳᠤᠨᠢ ᠬᠢᠬᠦ︾ ᠪᠠ ᠠᠵᠢᠯ ᠮᠡᠷᠭᠡᠵᠢᠯ ᠤᠨ ᠠᠮᠤᠷ ᠲᠦᠪᠰᠢᠨ ᠡᠷᠡᠭᠦᠯ ᠮᠡᠨᠳᠦ ᠶᠢᠨ ᠠᠵᠢᠯ ᠢ ᠨᠠᠶᠢᠳᠠᠪᠤᠷᠢᠵᠢᠭᠤᠯᠤᠨ᠎ᠠ᠃    ︵ᠳᠣᠯᠤᠭ᠎ᠠ︶ ᠠᠶᠤᠯ ᠲᠠᠢ ᠬᠢᠮᠢ ᠶᠢᠨ ᠵᠦᠢᠯ ᠤᠨ ᠠᠵᠤ ᠠᠬᠤᠶᠢᠯᠠᠯ᠂ ᠬᠤᠸᠠᠷ ᠫᠤᠤᠵᠢᠩ ᠤᠨ ᠠᠵᠤ ᠠᠬᠤᠶᠢᠯᠠᠯ ᠪᠣᠯᠤᠨ ᠨᠡᠭᠦᠷᠡᠰᠦᠨ ᠤ ᠪᠤᠰᠤ ᠠᠭᠤᠷᠬᠠᠢ ᠶᠢᠨ ᠠᠵᠤ ᠠᠬᠤᠶᠢᠯᠠᠯ ᠤᠨ ᠠᠶᠤᠯ ᠥᠬᠡᠶ ᠦᠢᠯᠡᠳᠪᠦᠷᠢᠯᠡᠯ   ᠳᠤ ᠵᠥᠪᠰᠢᠶᠡᠷᠡᠨ ᠣᠷᠣᠭᠤᠯᠬᠤ ᠶᠢᠨ ᠠᠩᠬ᠎ᠠ ᠬᠢᠨᠠᠬᠤ ᠠᠵᠢᠯ ᠢ ᠬᠠᠤᠯᠢ ᠶᠣᠰᠣᠭᠠᠷ ᠬᠠᠷᠢᠭᠤᠴᠠᠨ᠎ᠠ  ᠃᡾ ᠠᠶᠤᠯ ᠲᠠᠢ ᠬᠢᠮᠢ᠂ ᠬᠤᠸᠠᠷ ᠫᠤᠤᠵᠢᠩ ᠪᠣᠯᠤᠨ ᠨᠡᠭᠦᠷᠡᠰᠦᠨ ᠤ ᠪᠤᠰᠤ ᠠᠭᠤᠷᠬᠠᠢ ᠶᠢᠨ ᠠᠶᠤᠯ ᠦᠭᠡᠢ ᠦᠢᠯᠡᠳᠪᠦᠷᠢᠯᠡᠯ ᠤᠨ ᠠᠵᠢᠯ ᠢ ᠶᠡᠷᠦᠩᠬᠡᠶᠢᠯᠡᠨ ᠬᠢᠨᠠᠨ ᠬᠠᠮᠢᠶᠠᠷᠬᠤ ᠶᠢ ᠬᠠᠷᠢᠭᠤᠴᠠᠨ᠎ᠠ᠃    ︵ᠨᠠᠶ᠋ᠮᠠ︶ ᠬᠤᠷᠴᠢᠨ ᠲᠣᠭᠤᠷᠢᠭ ᠤᠨ ᠠᠶᠤᠯ ᠦᠭᠡᠢ ᠦᠢᠯᠡᠳᠪᠦᠷᠢᠯᠡᠯ ᠤᠨ ᠵᠥᠪᠯᠡᠯ ᠤᠨ ᠠᠯᠪᠠᠨ ᠭᠡᠷ ᠤᠨ ᠡᠳᠦᠷ ᠲᠤᠲᠤᠮ ᠤᠨ ᠠᠵᠢᠯ ᠢ ᠡᠭᠦᠷᠭᠡᠯᠡᠨ᠎ᠡ᠃    ︵ᠶᠢᠰᠦ︶ ᠬᠤᠷᠴᠢᠨ ᠲᠣᠭᠤᠷᠢᠭ ᠤᠨ ᠠᠷᠠᠳ ᠤᠨ ᠵᠠᠰᠠᠭ ᠤᠨ ᠣᠷᠳᠣᠨ ᠪᠣᠯᠤᠨ ᠳᠡᠭᠡᠳᠦ ᠱᠠᠲᠤᠨ ᠤ ᠲᠤᠬᠠᠶᠢᠯᠠᠭᠰᠠᠨ ᠠᠵᠢᠯ ᠤᠨ ᠰᠠᠯᠠᠭ᠎ᠠ ᠮᠥᠴᠢᠷ ᠤᠨ ᠲᠤᠰᠢᠶᠠᠭᠰᠠᠨ ᠪᠤᠰᠤᠳ ᠵᠦᠢᠯ ᠤᠳ ᠢ ᠳᠠᠭᠠᠭᠠᠨ  ᠡᠷᠬᠢᠯᠡᠨ᠎ᠡ᠃    ᠳᠡᠭᠡᠷ᠎ᠡ ᠳᠤᠷᠠᠳᠤᠭᠰᠠᠨ ᠡᠭᠦᠷᠭᠡ ᠬᠠᠷᠢᠭᠤᠴᠠᠯᠭ᠎ᠠ ᠶᠢ ᠦᠨᠳᠦᠰᠦᠯᠡᠨ᠂ ᠬᠤᠷᠴᠢᠨ ᠲᠣᠭᠤᠷᠢᠭ ᠤᠨ ᠠᠶᠤᠯ ᠦᠭᠡᠢ ᠦᠢᠯᠡᠳᠪᠦᠷᠢᠯᠡᠯ ᠤᠨ ᠬᠢᠨᠠᠯᠲᠠ ᠬᠠᠮᠢᠶᠠᠷᠤᠯᠲᠠ ᠶᠢᠨ ᠲᠣᠪᠴᠢᠶ᠎ᠠ 5 ᠳᠣᠲᠣᠭᠠᠳᠤ ᠪᠠᠶᠢᠭᠤᠯᠤᠮᠵᠢ ᠪᠠᠶᠢᠭᠤᠯᠪᠠ᠃    ︵ᠨᠢᠭᠡ︶ ᠠᠯᠪᠠᠨ ᠭᠡᠷ    ᠪᠠᠶᠢᠭᠤᠯᠭ᠎ᠠ ᠶᠢᠨ ᠬᠤᠷᠠᠯ ᠤᠨ ᠵᠣᠬᠢᠶᠠᠨ ᠪᠠᠶᠢᠭᠤᠯᠤᠯᠲᠠ ᠪᠠ ᠬᠤᠷᠠᠯ ᠢᠶᠠᠷ ᠲᠣᠭᠲᠠᠭᠠᠭᠰᠠᠨ ᠵᠦᠢᠯᠡᠰ ᠢ ᠵᠣᠬᠢᠴᠠᠭᠤᠯᠵᠤ ᠰᠢᠪᠠᠳᠠᠨ  ᠰᠢᠢᠳᠪᠦᠷᠢᠯᠡᠵᠦ ᠨᠠᠶᠢᠳᠠᠪᠤᠷᠢᠵᠢᠭᠤᠯᠬᠤ ᠠᠵᠢᠯ ᠢ ᠬᠠᠷᠢᠭᠤᠴᠠᠨ᠎ᠠ  ᠃ ᠪᠠᠶᠢᠭᠤᠯᠤᠯᠭ᠎ᠠ ᠶᠢᠨ ᠨᠡᠶᠢᠭᠡᠮ ᠤᠨ ᠠᠮᠤᠷ ᠲᠦᠪᠰᠢᠨ ᠢ ᠶᠡᠷᠦᠩᠬᠡᠶᠢᠯᠡᠨ ᠵᠠᠰᠠᠬᠤ ᠪᠠ ᠪᠠᠶᠢᠭᠤᠯᠤᠯᠭ᠎ᠠ ᠶᠢᠨ ᠰᠠᠬᠢᠯᠭ᠎ᠠ ᠪᠠᠲᠤ ᠵᠢᠴᠢ ᠬᠦᠴᠦᠨ ᠴᠢᠳᠠᠪᠤᠷᠢ ᠶᠢᠨ ᠠᠵᠢᠯ ᠢ ᠬᠠᠷᠢᠭᠤᠴᠠᠨ᠎ᠠ᠃ ᠪᠠᠶᠢᠭᠤᠯᠭ᠎ᠠ ᠶᠢᠨ ᠡᠳ᠋ ᠤᠨ ᠶᠠᠪᠤᠳᠠᠯ ᠤᠨ ᠳ᠋ᠦᠩᠨᠡᠨ ᠪᠣᠳᠣᠯᠲᠠ ᠵᠢᠴᠢ ᠬᠠᠮᠢᠶᠠᠷᠤᠯᠲᠠ ᠶᠢᠨ ᠠᠵᠢᠯ ᠢ ᠬᠠᠷᠢᠭᠤᠴᠠᠨ᠎ᠠ᠃ ᠪᠠᠶᠢᠭᠤᠯᠤᠯᠭ᠎ᠠ ᠶᠢᠨ ᠨᠠᠰᠤᠵᠢᠯ ᠤᠨ ᠳᠠᠭᠠᠳᠬᠠᠯ᠂ ᠡᠮ ᠡᠮᠨᠡᠯᠭᠡ ᠶᠢᠨ ᠳᠠᠭᠠᠳᠬᠠᠯ᠂ ᠣᠷᠣᠨ ᠰᠠᠭᠤᠴᠠ ᠶᠢᠨ ᠨᠡᠶᠢᠲᠡ ᠶᠢᠨ ᠬᠤᠷᠠᠮᠳᠤᠭᠤᠯᠭ᠎ᠠ ᠶᠢᠨ ᠮᠥᠩᠭᠦ ᠵᠡᠷᠭᠡ ᠠᠵᠢᠯ ᠢ ᠬᠠᠷᠢᠭᠤᠴᠠᠨ᠎ᠠ᠃ ᠪᠠᠶᠢᠭᠤᠯᠤᠯᠭ᠎ᠠ ᠶᠢᠨ ᠠᠯᠪᠠᠨ ᠪᠢᠴᠢᠭ ᠤᠨ ᠬᠠᠮᠢᠶᠠᠷᠤᠯᠲᠠ᠂ ᠨᠢᠭᠤᠴᠠ ᠴᠢᠬᠤᠯᠠ ᠳᠠᠩᠰᠠ ᠡᠪᠬᠡᠮᠡᠯ᠂ ᠮᠡᠳᠡᠭᠡ ᠵᠠᠩᠭᠢ ᠮᠡᠳᠡᠭᠦᠯᠦᠨ ᠬᠦᠷᠭᠡᠬᠦ᠂ ᠳᠦᠷᠢᠮ ᠤᠨ ᠪᠠᠶᠢᠭᠤᠯᠤᠯᠲᠠ᠂ ᠰᠢᠮᠳᠠᠭᠤᠯᠤᠨ ᠪᠠᠶᠢᠴᠠᠭᠠᠬᠤ ᠪᠠ ᠨᠠᠮ ᠣᠯᠠᠨ ᠲᠦᠮᠡᠨ ᠵᠡᠷᠭᠡ ᠠᠵᠢᠯ ᠢ ᠬᠠᠷᠢᠭᠤᠴᠠᠨ᠎ᠠ᠃ ᠪᠠᠶᠢᠭᠤᠯᠭ᠎ᠠ ᠶᠢᠨ ᠠᠯᠪᠠᠨ ᠠᠵᠢᠯ ᠤᠨ ᠣᠳᠣᠬᠢᠴᠢᠯᠠᠬᠤ ᠪᠦᠲᠦᠭᠡᠨ ᠪᠠᠶᠢᠭᠤᠯᠤᠯᠲᠠ᠂ ᠠᠷᠤ ᠲᠠᠯ᠎ᠠ ᠶᠢᠨ  ᠦᠢᠯᠡᠴᠢᠯᠡᠭᠡᠨ ᠤ ᠪᠠᠲᠤᠯᠠᠭ᠎ᠠ᠂ ᠠᠳᠠᠯ ᠠᠬᠤᠢ ᠶᠢᠨ ᠬᠠᠮᠢᠶᠠᠷᠤᠯᠲᠠ᠂ ᠲᠡᠷᠭᠡ ᠬᠥᠰᠬᠡ ᠲᠣᠬᠢᠷᠠᠭᠤᠯᠬᠤ᠂ ᠠᠮᠤᠷ ᠲᠦᠪᠰᠢᠨ ᠢ ᠬᠠᠮᠠᠭᠠᠯᠠᠬᠤ ᠪᠠ ᠡᠷᠡᠭᠦᠯ ᠬᠠᠮᠠᠭᠠᠯᠠᠯ ᠤᠨ ᠠᠵᠢᠯ ᠢ ᠬᠠᠷᠢᠭᠤᠴᠠᠨ᠎ᠠ  ᠃ ᠤᠳᠤᠷᠢᠳᠤᠯᠭ᠎ᠠ ᠶᠢᠨ ᠲᠤᠰᠢᠶᠠᠭᠰᠠᠨ ᠪᠤᠰᠤᠳ ᠠᠵᠢᠯ ᠢ ᠳᠠᠭᠠᠭᠠᠨ ᠠᠪᠴᠤ ᠭᠦᠢᠴᠡᠳᠭᠡᠨ᠎ᠡ  ᠃    ︵ᠬᠤᠶᠠᠷ︶ ᠶᠡᠷᠦᠩᠬᠡᠶᠢᠯᠡᠭᠰᠡᠨ ᠳᠠᠰᠤᠭ    ᠪᠥᠬᠦ  ᠲᠤᠭᠤᠷᠢᠭ ᠤᠨ ᠠᠶᠤᠯ ᠥᠬᠡᠶ ᠦᠢᠯᠡᠳᠪᠦᠷᠢᠯᠡᠯ ᠤᠨ ᠤᠷᠲᠤᠪᠲᠤᠷ ᠪᠠ ᠤᠷᠲᠤ ᠬᠤᠭᠤᠴᠠᠭᠠᠨ ᠤ  ᠲᠦᠯᠦᠪᠵᠢᠭᠦᠯᠭᠡ᠂ ᠪᠥᠬᠦ  ᠲᠤᠭᠤᠷᠢᠭ ᠤᠨ ᠠᠶᠤᠯ ᠥᠬᠡᠶ ᠦᠢᠯᠡᠳᠪᠦᠷᠢᠯᠡᠯ ᠤᠨ ᠠᠵᠢᠯ ᠶᠢᠨ ᠲᠥᠯᠥᠪᠯᠡᠭᠡ᠂ ᠬᠠᠤᠯᠢ ᠬᠡᠷᠡᠭᠵᠢᠭᠦᠯᠬᠦ ᠲᠥᠯᠥᠪᠯᠡᠭᠡ ᠪᠠ ᠭᠦᠶ᠋ᠴᠡᠳᠬᠡᠯ ᠲᠤᠭ᠎ᠠ ᠶᠢᠨ ᠬᠢᠨᠠᠨ ᠡᠵᠡᠮᠳᠡᠬᠦ ᠠᠵᠢᠯ ᠢ ᠬᠠᠷᠢᠭᠤᠴᠠᠨ ᠲᠣᠭᠲᠠᠭᠠᠨ᠎ᠠ᠃ ᠪᠥᠬᠦ  ᠲᠤᠭᠤᠷᠢᠭ ᠤᠨ ᠠᠵᠢᠯ ᠮᠡᠷᠭᠡᠵᠢᠯ ᠤᠨ ᠠᠮᠤᠷ ᠲᠦᠪᠰᠢᠨ ᠡᠷᠡᠭᠦᠯ ᠮᠡᠨᠳᠦ ᠶᠢᠨ ᠬᠢᠨᠠᠯᠲᠠ ᠬᠠᠮᠢᠶᠠᠷᠤᠯᠲᠠ ᠶᠢᠨ ᠠᠵᠢᠯ ᠢ ᠬᠠᠷᠢᠭᠤᠴᠠᠨ᠎ᠠ᠃ ᠠᠶᠤᠯ ᠥᠬᠡᠶ ᠦᠢᠯᠡᠳᠪᠦᠷᠢᠯᠡᠯ ᠤᠨ ᠶᠡᠷᠦᠩᠬᠡᠶᠢᠯᠡᠨ ᠵᠠᠰᠠᠬᠤ ᠪᠠ ᠣᠶᠤᠨ ᠤ ᠪᠣᠯᠪᠠᠰᠤᠨ ᠤ ᠪᠠᠶᠢᠭᠤᠯᠤᠯᠲᠠ ᠶᠢᠨ ᠠᠵᠢᠯ ᠢ ᠬᠠᠷᠢᠭᠤᠴᠠᠵᠤ ᠪᠥᠬᠦ ᠲᠤᠭᠤᠷᠢᠭ ᠤᠨ ᠠᠶᠤᠯ ᠥᠬᠡᠶ ᠦᠢᠯᠡᠳᠪᠦᠷᠢᠯᠡᠯ ᠤᠨ ᠤᠨ ᠬᠠᠷᠠᠯᠲᠠ ᠶᠢ ᠰᠢᠯᠭᠠᠨ ᠬᠢᠨᠠᠬᠤ᠂ ᠠᠵᠢᠯ ᠲᠥᠷᠥᠯ ᠤᠨ ᠰᠤᠷᠲᠠᠯ ᠤᠨ ᠪᠠᠢᠭᠤᠯᠤᠯᠲᠠ᠂ ᠵᠠᠬᠢᠳᠠᠯ ᠰᠤᠷᠪᠤᠯᠵᠢᠯᠠᠯ ᠪᠠ ᠪᠠᠶᠢᠭᠤᠯᠭ᠎ᠠ ᠶᠢᠨ ᠲᠡᠤᠬᠡ ᠣᠶᠢᠯᠠᠯᠭ᠎ᠠ ᠶᠢ ᠡᠮᠬᠢᠯᠡᠬᠦ ᠠᠵᠢᠯ ᠢ ᠬᠠᠷᠢᠭᠤᠴᠠᠨ᠎ᠠ᠃ ᠪᠥᠬᠦ ᠲᠤᠭᠤᠷᠢᠭ ᠤᠨ ᠠᠵᠤ ᠠᠬᠤᠶᠢᠯᠠᠯ ᠤᠨ ᠠᠮᠤᠷ ᠲᠦᠪᠰᠢᠨ ᠤ ᠰᠣᠶᠣᠯ ᠤᠨ ᠪᠠᠶᠢᠭᠤᠯᠤᠯᠲᠠ ᠶᠢᠨ ᠠᠵᠢᠯ ᠢ ᠬᠠᠷᠢᠭᠤᠴᠠᠨ᠎ᠠ  ᠃ ᠪᠥᠬᠦ  ᠲᠤᠭᠤᠷᠢᠭ ᠤᠨ ᠠᠶᠤᠯ ᠥᠬᠡᠶ ᠦᠢᠯᠡᠳᠪᠦᠷᠢᠯᠡᠯ ᠤᠨ ᠬᠠᠤᠯᠢ ᠴᠠᠭᠠᠵᠠ ᠬᠠᠤᠯᠢ ᠲᠣᠭᠲᠠᠭᠠᠯ ᠤᠨ ᠤᠬᠠᠭᠤᠯᠭ᠎ᠠ ᠪᠠ ᠠᠵᠢᠯ ᠡᠷᠬᠢᠯᠡᠭᠰᠡᠳ ᠤᠨ ᠮᠡᠷᠭᠡᠵᠢᠯ ᠤᠨ ᠴᠢᠳᠠᠪᠤᠷᠢ ᠶᠢᠨ ᠬᠥᠮᠦᠵᠢᠯ ᠪᠣᠯᠪᠠᠰᠤᠷᠠᠭᠤᠯᠤᠯ ᠤᠨ ᠶᠡᠷᠦᠩᠬᠡᠶᠢᠯᠡᠭᠰᠡᠨ ᠠᠵᠢᠯ ᠢ ᠬᠠᠷᠢᠭᠤᠴᠠᠨ᠎ᠠ᠃ ᠠᠶᠤᠯᠭᠦᠶ ᠦᠢᠯᠡᠳᠪᠦᠷᠢᠯᠡᠯ ᠤᠨ ᠬᠢᠨᠠᠯᠲᠠ ᠬᠠᠮᠢᠶᠠᠷᠤᠯᠲᠠ ᠶᠢᠨ ᠲᠣᠪᠴᠢᠶ᠎ᠠ ᠶᠢᠨ ᠰᠦᠯᠵᠢᠶᠡᠨ ᠤ ᠥᠷᠲᠡᠭᠡᠨ ᠤ ᠪᠠᠶᠢᠭᠤᠯᠤᠯᠲᠠ ᠪᠠ ᠮᠡᠳᠡᠭᠡ ᠵᠠᠩᠭᠢ ᠨᠡᠶᠢᠲᠡᠯᠡᠬᠦ ᠠᠵᠢᠯ ᠢ ᠬᠠᠷᠢᠭᠤᠴᠠᠨ᠎ᠠ  ᠃ ᠪᠥᠬᠦ ᠲᠤᠭᠤᠷᠢᠭ ᠤᠨ ᠦᠢᠯᠡᠳᠪᠦᠷᠢᠯᠡᠯ ᠤᠨ ᠠᠮᠤᠷ ᠲᠦᠪᠰᠢᠨ ᠤ ᠠᠳᠡᠯ ᠤᠨ ᠮᠡᠳᠡᠭᠡ ᠵᠠᠩᠭᠢ ᠪᠠ ᠶᠡᠷᠦᠩᠬᠡᠶᠢᠯᠡᠨ ᠵᠣᠬᠢᠴᠠᠭᠤᠯᠬᠤ ᠠᠵᠢᠯ ᠢ ᠬᠠᠷᠢᠭᠤᠴᠠᠨ᠎ᠠ  ᠃ ᠤᠳᠤᠷᠢᠳᠤᠯᠭ᠎ᠠ ᠶᠢᠨ ᠲᠤᠰᠢᠶᠠᠭᠰᠠᠨ ᠪᠤᠰᠤᠳ ᠠᠵᠢᠯ ᠢ ᠳᠠᠭᠠᠭᠠᠨ ᠠᠪᠴᠤ  ᠭᠦᠢᠴᠡᠳᠭᠡᠨ᠎ᠡ᠃    ︵ᠭᠤᠷᠪᠠ︶ ᠠᠶᠤᠯ ᠲᠠᠢ ᠬᠢᠮᠢ ᠠᠭᠤᠷᠬᠠᠢ ᠶᠢᠨ ᠲᠠᠰᠤᠭ    ᠪᠥᠬᠦ  ᠲᠤᠭᠤᠷᠢᠭ ᠤᠨ ᠠᠶᠤᠯᠲᠠᠶ ᠬᠢᠮᠢ ᠶᠢᠨ ᠵᠦᠢᠯ ︵ᠡᠯ᠎ᠡ  ᠵᠦᠢᠯ ᠤᠨ ᠰᠢᠲᠠᠮᠠᠬᠠᠶ ᠬᠡᠢ ᠪᠠᠭᠲᠠᠨ᠎ᠠ︶᠂ ᠬᠤᠸᠠᠷ ᠫᠤᠤᠵᠢᠩ ᠪᠠ ᠨᠡᠭᠦᠷᠡᠰᠦᠨ ᠤ ᠪᠤᠰᠤ ᠠᠭᠤᠷᠬᠠᠢ ᠶᠢᠨ ᠵᠠᠬ᠎ᠠ ᠳᠡᠯᠭᠡᠭᠦᠷ ᠲᠤ ᠣᠷᠣᠬᠤ ᠶᠢ ᠵᠥᠪᠰᠢᠶᠡᠷᠡᠬᠦ ᠵᠢᠴᠢ  ᠰᠢᠢᠳᠪᠦᠷᠢᠯᠡᠬᠦ ᠠᠵᠢᠯ᠂ ᠠᠮᠤᠷ ᠲᠦᠪᠰᠢᠨ ᠤ ᠬᠥᠮᠦᠵᠢᠯ ᠪᠣᠯᠪᠠᠰᠤᠷᠠᠭᠤᠯᠤᠯ᠂ ᠠᠮᠤᠷ ᠲᠦᠪᠰᠢᠨ ᠤ ᠪᠠᠷᠢᠮᠵᠢᠶᠠᠵᠢᠭᠤᠯᠤᠯᠲᠠ᠂ ᠠᠵᠢᠯ ᠮᠡᠷᠭᠡᠵᠢᠯ ᠤᠨ ᠡᠷᠡᠭᠦᠯ ᠬᠠᠮᠠᠭᠠᠯᠠᠯ ᠤᠨ ᠬᠢᠨᠠᠯᠲᠠ ᠬᠠᠮᠢᠶᠠᠷᠤᠯᠲᠠ᠂ ᠠᠶᠤᠯ ᠥᠬᠡᠶ ᠦᠢᠯᠡᠳᠪᠦᠷᠢᠯᠡᠯ ᠤᠨ ᠪᠡᠯᠡᠳᠬᠡᠮᠵᠢ ᠪᠠ ᠠᠵᠢᠯ ᠮᠡᠷᠭᠡᠵᠢᠯ ᠤᠨ ᠡᠷᠡᠭᠦᠯ ᠬᠠᠮᠠᠭᠠᠯᠠᠯ ᠤᠨ ︽ᠭᠤᠷᠪᠠ ᠶᠢ ᠵᠡᠷᠭᠡ ᠳᠤᠨᠢ ᠬᠢᠬᠦ︾ ᠪᠠᠴᠢᠮ ᠪᠠᠶᠢᠳᠠᠯ ᠢ ᠠᠷᠭᠠᠴᠠᠬᠤ ᠪᠡᠯᠡᠳᠬᠡᠯ ᠲᠥᠰᠦᠯ ᠲᠣᠭᠲᠠᠭᠠᠬᠤ ᠪᠠ ᠪᠠᠴᠢᠮ ᠪᠠᠶᠢᠳᠠᠯ ᠢ ᠠᠷᠭᠠᠴᠠᠬᠤ ᠰᠣᠷᠢᠯᠲᠠ ᠶᠢᠨ ᠠᠵᠢᠯ ᠢ ᠬᠠᠷᠢᠭᠤᠴᠠᠨ᠎ᠠ᠃ ᠪᠥᠬᠦ  ᠲᠤᠭᠤᠷᠢᠭ ᠤᠨ ᠠᠶᠤᠯᠲᠠᠶ ᠬᠢᠮᠢ ᠶᠢᠨ  ᠵᠦᠢᠯ ︵ᠡᠯ᠎ᠡ  ᠵᠦᠢᠯ ᠤᠨ ᠰᠢᠲᠠᠮᠠᠬᠠᠶ ᠬᠡᠢ ᠪᠠᠭᠲᠠᠨ᠎ᠠ︶᠂ ᠬᠤᠸᠠᠷ ᠫᠤᠤᠵᠢᠩ ᠪᠠ ᠨᠡᠭᠦᠷᠡᠰᠦᠨ ᠤ ᠪᠤᠰᠤ ᠠᠭᠤᠷᠬᠠᠢ ᠶᠢᠨ ᠠᠵᠤ ᠠᠬᠤᠢᠯᠠᠯ ᠢ ᠵᠢᠭᠰᠠᠭᠠᠨ ᠪᠠᠶᠢᠴᠠᠭᠠᠵᠤ ᠵᠠᠰᠠᠬᠤ᠂ ᠬᠠᠤᠯᠢ ᠪᠤᠰᠤ ᠪᠠ ᠬᠠᠤᠯᠢ ᠠᠴᠠ ᠵᠥᠷᠢᠴᠡᠭᠰᠡᠨ ᠢ ᠵᠠᠰᠠᠬᠤ᠂ ᠦᠢᠯᠡᠳᠪᠦᠷᠢᠯᠡᠯ ᠤᠨ ᠠᠮᠤᠷ ᠲᠦᠪᠰᠢᠨ ᠤ ᠠᠳᠡᠯ ᠢ ᠪᠠᠢᠴᠠᠭᠠᠨ  ᠰᠢᠢᠳᠪᠦᠷᠢᠯᠡᠬᠦ ᠪᠠ ᠡᠳᠦᠷ ᠲᠣᠲᠤᠮ ᠤᠨ ᠠᠮᠤᠷ ᠲᠦᠪᠰᠢᠨ ᠤ ᠬᠢᠨᠠᠯᠲᠠ ᠬᠠᠮᠢᠶᠠᠷᠤᠯᠲᠠ ᠵᠡᠷᠭᠡ ᠠᠵᠢᠯ ᠢ ᠬᠠᠷᠢᠭᠤᠴᠠᠨ᠎ᠠ  ᠃ ᠤᠳᠤᠷᠢᠳᠤᠯᠭ᠎ᠠ ᠶᠢᠨ ᠲᠤᠰᠢᠶᠠᠭᠰᠠᠨ ᠪᠤᠰᠤᠳ ᠠᠵᠢᠯ ᠢ ᠳᠠᠭᠠᠭᠠᠨ ᠠᠪᠴᠤ  ᠭᠦᠢᠴᠡᠳᠭᠡᠨ᠎ᠡ  ᠃    ︵ᠳᠥᠷᠪᠡᠨ︶ ᠬᠢᠨᠠᠨ ᠪᠠᠶᠢᠴᠠᠭᠠᠬᠤ  ᠳᠠᠰᠤᠭ    ᠠᠶᠤᠯᠲᠠᠶ ᠬᠢᠮᠢ ᠶᠢᠨ ᠵᠦᠢᠯ᠂ ᠬᠤᠸᠠᠷ ᠫᠤᠤᠵᠢᠩ ᠪᠣᠯᠤᠨ ᠨᠡᠭᠦᠷᠡᠰᠦᠨ ᠤ ᠪᠤᠰᠤ ᠠᠭᠤᠷᠬᠠᠢ ᠶᠢᠨ ᠠᠵᠢᠯ ᠲᠥᠷᠥᠯ ᠠᠴᠠ ᠭᠠᠳᠠᠨᠠᠬᠢ ᠪᠤᠰᠤᠳ ᠠᠵᠢᠯ ᠲᠥᠷᠥᠯ ᠤᠨ ᠠᠶᠤᠯ ᠦᠭᠡᠢ ᠦᠢᠯᠡᠳᠪᠦᠷᠢᠯᠡᠯ ᠤᠨ ᠪᠡᠯᠡᠳᠬᠡᠮᠵᠢ ᠪᠣᠯᠤᠨ ᠠᠵᠢᠯ ᠮᠡᠷᠭᠡᠵᠢᠯ ᠤᠨ ᠡᠷᠡᠭᠦᠯ ᠬᠠᠮᠠᠭᠠᠯᠠᠯ ᠤᠨ ︽ᠭᠤᠷᠪᠠ ᠶᠢ ᠵᠡᠷᠭᠡ ᠳᠤᠨᠢ ᠬᠢᠬᠦ︾ ᠬᠢᠨᠠᠨ ᠰᠢᠯᠭᠠᠬᠤ ᠠᠵᠢᠯ ᠢ ᠬᠠᠷᠢᠭᠤᠴᠠᠵᠤ᠂ ᠵᠠᠬ᠎ᠠ ᠳᠡᠯᠭᠡᠭᠦᠷ ᠲᠤ ᠵᠥᠪᠰᠢᠶᠡᠷᠡᠨ ᠣᠷᠣᠭᠤᠯᠬᠤ ᠵᠢᠴᠢ  ᠭᠦᠢᠴᠡᠳᠭᠡᠬᠦ ᠠᠵᠢᠯ ᠢ ᠬᠠᠷᠢᠭᠤᠴᠠᠬᠤ ᠶᠢᠨ ᠬᠠᠮᠲᠤ ᠪᠠᠴᠢᠮ ᠪᠠᠶᠢᠳᠠᠯ ᠢ ᠠᠷᠭᠠᠴᠠᠬᠤ ᠪᠡᠯᠡᠳᠬᠡᠯ ᠲᠥᠰᠦᠯ ᠲᠣᠭᠲᠠᠭᠠᠬᠤ ᠪᠠ ᠪᠠᠴᠢᠮ ᠪᠠᠶᠢᠳᠠᠯ ᠢ ᠠᠷᠭᠠᠴᠠᠬᠤ ᠪᠡᠯᠡᠳᠬᠡᠯ ᠲᠥᠰᠦᠯ ᠤᠨ ᠰᠣᠷᠢᠯᠲᠠ ᠶᠢᠨ ᠠᠵᠢᠯ ᠢ ᠬᠠᠷᠢᠭᠤᠴᠠᠨ᠎ᠠ᠃ ᠪᠥᠬᠦ ᠲᠤᠭᠤᠷᠢᠭ ᠤᠨ ᠠᠵᠢᠯ ᠲᠥᠷᠥᠯ ᠤᠨ ᠠᠮᠤᠷ ᠲᠦᠪᠰᠢᠨ ᠤ ᠳᠠᠯᠳᠠ ᠬᠡᠮ ᠢ ᠵᠢᠭᠰᠠᠭᠠᠨ ᠪᠠᠶᠢᠴᠠᠭᠠᠬᠤ  ᠵᠠᠰᠠᠬᠤ ᠪᠠ ᠬᠠᠤᠯᠢ ᠪᠤᠰᠤ ᠪᠠ ᠬᠠᠤᠯᠢ ᠠᠴᠠ ᠵᠥᠷᠢᠴᠡᠭᠰᠡᠨ ᠦᠢᠯᠡ ᠠᠵᠢᠯᠯᠠᠭ᠎ᠠ ᠳᠤ ᠴᠣᠬᠢᠯᠲᠠ ᠥᠭᠴᠦ ᠵᠠᠰᠠᠬᠤ ᠠᠵᠢᠯ ᠢ ᠬᠠᠷᠢᠭᠤᠴᠠᠨ᠎ᠠ᠃ ᠠᠶᠤᠯᠲᠠᠶ ᠬᠢᠮᠢ ᠶᠢᠨ  ᠵᠦᠢᠯ᠂ ᠬᠤᠸᠠᠷ ᠫᠤᠤᠵᠢᠩ ᠪᠠ ᠨᠡᠭᠦᠷᠡᠰᠦᠨ ᠤ ᠪᠤᠰᠤ ᠠᠭᠤᠷᠬᠠᠢ ᠶᠢᠨ ᠠᠵᠢᠯ ᠲᠥᠷᠥᠯ ᠠᠴᠠ ᠪᠤᠰᠤᠳ ᠠᠵᠢᠯ ᠲᠥᠷᠥᠯ ᠤᠨ ᠦᠢᠯᠡᠳᠪᠦᠷᠢᠯᠡᠯ ᠤᠨ ᠠᠮᠤᠷ ᠲᠦᠪᠰᠢᠨ ᠤ ᠠᠳᠡᠯ ᠢ ᠲᠣᠬᠢᠷᠠᠭᠤᠯᠬᠤ ᠪᠠ ᠰᠢᠢᠳᠪᠦᠷᠢᠯᠡᠬᠦ ᠠᠵᠢᠯ ᠢ ᠬᠠᠷᠢᠭᠤᠴᠠᠨ᠎ᠠ᠃ ᠪᠥᠬᠦ  ᠲᠤᠭᠤᠷᠢᠭ ᠤᠨ ᠡᠯ᠎ᠡ ᠠᠵᠢᠯ ᠲᠥᠷᠥᠯ ᠤᠨ ᠰᠠᠯᠠᠭ᠎ᠠ ᠮᠥᠴᠢᠷ ᠤᠨ ᠠᠶᠤᠯ ᠥᠬᠡᠶ ᠦᠢᠯᠡᠳᠪᠦᠷᠢᠯᠡᠯ ᠤᠨ ᠬᠠᠮᠢᠶᠠᠷᠤᠯᠲᠠ ᠶᠢᠨ ᠡᠭᠦᠷᠭᠡ ᠬᠠᠷᠢᠭᠤᠴᠠᠯᠭ᠎ᠠ ᠪᠠᠨ ᠨᠠᠶᠢᠳᠠᠪᠤᠷᠢᠵᠢᠭᠤᠯᠬᠤ ᠶᠢ ᠬᠠᠷᠢᠭᠤᠴᠠᠨ ᠵᠣᠬᠢᠴᠠᠭᠤᠯᠵᠤ ᠵᠢᠯᠣᠭᠤᠳᠤᠨ᠎ᠠ᠃ ᠤᠳᠤᠷᠢᠳᠤᠯᠭ᠎ᠠ ᠶᠢᠨ ᠲᠤᠰᠢᠶᠠᠭᠰᠠᠨ ᠪᠤᠰᠤᠳ ᠠᠵᠢᠯ ᠢ ᠳᠠᠭᠠᠭᠠᠨ ᠠᠪᠴᠤ  ᠭᠦᠢᠴᠡᠳᠭᠡᠨ᠎ᠡ  ᠃    ︵ᠲᠠᠪᠤ︶ ᠪᠠᠴᠢᠮ ᠪᠠᠶᠢᠳᠠᠯ ᠢ ᠠᠷᠭᠠᠴᠠᠬᠤ ᠠᠪᠤᠷᠠᠨ ᠲᠤᠰᠠᠯᠠᠬᠤ ᠲᠠᠰᠤᠭ    ᠠᠶᠤᠯᠭᠦᠶ ᠦᠢᠯᠡᠳᠪᠦᠷᠢᠯᠡᠯ ᠤᠨ ᠪᠠᠴᠢᠮ ᠪᠠᠶᠢᠳᠠᠯ ᠢ ᠠᠷᠭᠠᠴᠠᠵᠤ ᠠᠪᠤᠷᠠᠨ ᠲᠤᠰᠠᠯᠠᠬᠤ ᠬᠤᠯᠪᠣᠭᠳᠠᠯ ᠪᠦᠬᠦᠢ ᠬᠠᠤᠯᠢ ᠴᠠᠭᠠᠵᠠ ᠬᠠᠤᠯᠢ ᠲᠣᠭᠲᠠᠭᠠᠯ   ᠢ ᠤᠬᠠᠭᠤᠯᠤᠨ ᠲᠤᠭᠤᠰᠢᠯᠠᠭᠤᠯᠬᠤ ᠶᠢ ᠬᠠᠷᠢᠭᠤᠴᠠᠨ᠎ᠠ᠃  ᠲᠦᠯᠦᠪᠵᠢᠭᠦᠯᠭᠡ ᠲᠣᠭᠲᠠᠭᠠᠬᠤ ᠪᠠ ᠪᠥᠬᠦ  ᠲᠤᠭᠤᠷᠢᠭ ᠤᠨ ᠠᠶᠤᠯ ᠥᠬᠡᠶ ᠦᠢᠯᠡᠳᠪᠦᠷᠢᠯᠡᠯ ᠤᠨ ᠪᠠᠴᠢᠮ ᠪᠠᠶᠢᠳᠠᠯ ᠢ ᠠᠷᠭᠠᠴᠠᠵᠤ ᠠᠪᠤᠷᠠᠨ ᠲᠤᠰᠠᠯᠠᠬᠤ ᠬᠠᠮᠢᠶᠠᠷᠤᠯᠲᠠ ᠶᠢᠨ ᠳᠦᠷᠢᠮ ᠤᠨ ᠲᠣᠭᠲᠠᠭᠠᠯ ᠪᠠ ᠪᠥᠬᠦ  ᠲᠤᠭᠤᠷᠢᠭ ᠤᠨ ᠠᠶᠤᠯ ᠥᠬᠡᠶ ᠦᠢᠯᠡᠳᠪᠦᠷᠢᠯᠡᠯ  ᠤᠨ ᠪᠠᠴᠢᠮ ᠪᠠᠶᠢᠳᠠᠯ ᠢ ᠠᠷᠭᠠᠴᠠᠵᠤ ᠠᠪᠤᠷᠠᠨ ᠲᠤᠰᠠᠯᠠᠬᠤ ᠰᠢᠰᠲ᠋ᠧᠮᠵᠢ ᠶᠢᠨ ᠪᠠᠶᠢᠭᠤᠯᠤᠯᠲᠠ ᠶᠢ ᠵᠣᠬᠢᠶᠠᠨ ᠪᠠᠶᠢᠭᠤᠯᠤᠨ ᠬᠡᠷᠡᠭᠵᠢᠭᠦᠯᠦᠨ᠎ᠡ᠃ ᠪᠥᠬᠦ  ᠲᠤᠭᠤᠷᠢᠭ ᠤᠨ ᠠᠶᠤᠯ ᠥᠬᠡᠶ ᠦᠢᠯᠡᠳᠪᠦᠷᠢᠯᠡᠯ  ᠤᠨ ᠠᠳᠡᠯ ᠤᠨ ᠪᠠᠴᠢᠮ ᠪᠠᠶᠢᠳᠠᠯ ᠢ ᠠᠷᠭᠠᠴᠠᠵᠤ ᠠᠪᠤᠷᠠᠨ ᠲᠤᠰᠠᠯᠠᠬᠤ ᠲᠤᠰᠬᠠᠶ ᠵᠦᠢᠯ ᠤᠨ ᠪᠡᠯᠡᠳᠬᠡᠯ ᠲᠥᠰᠦᠯ ᠢ ᠵᠣᠬᠢᠶᠠᠨ ᠪᠠᠶᠢᠭᠤᠯᠤᠨ ᠨᠠᠶᠢᠷᠠᠭᠤᠯᠤᠨ ᠵᠣᠬᠢᠶᠠᠬᠤ ᠶᠢᠨ ᠬᠠᠮᠲᠤ ᠪᠥᠬᠦ  ᠲᠤᠭᠤᠷᠢᠭ ᠤᠨ ᠦᠢᠯᠡᠳᠪᠦᠷᠢᠯᠡᠯ ᠡᠵᠡᠩᠨᠡᠯᠲᠡ ᠶᠢᠨ ᠨᠢᠭᠡᠴᠡ ᠶᠢᠨ ᠪᠠᠴᠢᠮ ᠪᠠᠶᠢᠳᠠᠯ ᠢ ᠠᠷᠭᠠᠴᠠᠵᠤ ᠠᠪᠤᠷᠠᠨ ᠲᠤᠰᠠᠯᠠᠬᠤ ᠪᠡᠯᠡᠳᠬᠡᠯ ᠲᠥᠰᠦᠯ ᠢ ᠬᠢᠨᠠᠨ ᠲᠣᠭᠲᠠᠭᠠᠬᠤ᠂ ᠳᠠᠩᠰᠠᠯᠠᠬᠤ ᠪᠠ ᠶᠡᠷᠦᠩᠬᠡᠶᠢᠯᠡᠨ ᠬᠢᠨᠠᠨ ᠬᠠᠮᠢᠶᠠᠷᠬᠤ ᠠᠵᠢᠯ ᠢ ᠬᠠᠷᠢᠭᠤᠴᠠᠨ᠎ᠠ᠃ ᠪᠥᠬᠦ  ᠲᠤᠭᠤᠷᠢᠭ ᠤᠨ ᠠᠶᠤᠯ ᠥᠬᠡᠶ ᠦᠢᠯᠡᠳᠪᠦᠷᠢᠯᠡᠯ ᠤᠨ ᠠᠳᠡᠯ ᠤᠨ ᠭᠠᠶ ᠭᠠᠮᠰᠢᠭ ᠤᠨ ᠪᠠᠴᠢᠮ ᠪᠠᠶᠢᠳᠠᠯ ᠢ ᠠᠷᠭᠠᠴᠠᠬᠤ  ᠪᠠ ᠠᠪᠤᠷᠠᠨ ᠲᠤᠰᠠᠯᠠᠬᠤ ᠠᠵᠢᠯ ᠢ ᠵᠢᠯᠣᠭᠤᠳᠴᠤ᠂ ᠬᠢᠨᠠᠯᠲᠠ ᠲᠠᠯᠪᠢᠵᠤ᠂ ᠵᠣᠬᠢᠴᠠᠭᠤᠯᠬᠤ ᠪᠠ ᠵᠣᠬᠢᠶᠠᠨ ᠪᠠᠶᠢᠭᠤᠯᠤᠨ᠎ᠠ  ᠃ ᠪᠥᠬᠦ  ᠲᠤᠭᠤᠷᠢᠭ ᠤᠨ ᠬᠦᠨᠳᠦ ᠶᠡᠭᠡ ᠠᠶᠤᠯ ᠤᠨ ᠡᠬᠢ ᠰᠤᠷᠪᠤᠯᠵᠢ ᠶᠢ ᠲᠣᠬᠢᠷᠠᠭᠤᠯᠬᠤ ᠪᠠ ᠬᠢᠨᠠᠨ ᠡᠵᠡᠮᠳᠡᠬᠦ ᠠᠵᠢᠯ ᠢ ᠬᠠᠷᠢᠭᠤᠴᠠᠨ᠎ᠠ᠃ ᠠᠶᠤᠯᠭᠦᠶ ᠦᠢᠯᠡᠳᠪᠦᠷᠢᠯᠡᠯ ᠤᠨ ᠪᠠᠴᠢᠮ ᠪᠠᠶᠢᠳᠠᠯ ᠢ ᠠᠷᠭᠠᠴᠠᠬᠤ ᠠᠪᠤᠷᠠᠨ ᠲᠤᠰᠠᠯᠠᠬᠤ ᠡᠩᠨᠡᠭᠡ ᠶᠢᠨ ᠬᠠᠮᠢᠶᠠᠷᠤᠯᠲᠠ ᠶᠢ ᠵᠢᠯᠣᠭᠤᠳᠤᠨ ᠵᠣᠬᠢᠴᠠᠭᠤᠯᠤᠨ᠎ᠠ  ᠃  ᠪᠥᠬᠦ  ᠲᠤᠭᠤᠷᠢᠭ ᠤᠨ ᠠᠶᠤᠯ ᠥᠬᠡᠶ ᠦᠢᠯᠡᠳᠪᠦᠷᠢᠯᠡᠯ ᠤᠨ ᠪᠠᠴᠢᠮ ᠪᠠᠶᠢᠳᠠᠯ ᠢ ᠠᠷᠭᠠᠴᠠᠵᠤ ᠠᠪᠤᠷᠠᠨ ᠲᠤᠰᠠᠯᠠᠬᠤ ᠪᠣᠯᠪᠠᠰᠤᠷᠠᠭᠤᠯᠤᠯ᠂ ᠰᠣᠷᠢᠯᠲᠠ ᠶᠢᠨ ᠠᠵᠢᠯ ᠢ ᠵᠣᠬᠢᠶᠠᠨ ᠪᠠᠶᠢᠭᠤᠯᠬᠤ ᠪᠠ ᠵᠢᠯᠣᠭᠤᠳᠴᠤ ᠪᠠᠢᠭᠠᠳ ᠠᠶᠤᠯ ᠥᠬᠡᠶ ᠦᠢᠯᠡᠳᠪᠦᠷᠢᠯᠡᠯ ᠤᠨ ᠲᠤᠰᠬᠠᠶ ᠮᠡᠷᠭᠡᠵᠢᠯᠲᠡᠨ ᠤ ᠳᠤᠭᠤᠶᠢᠯᠠᠩ ᠤᠨ ᠠᠵᠢᠯ ᠢ ᠬᠠᠷᠢᠭᠤᠴᠠᠭᠤᠯᠤᠨ᠎ᠠ  ᠃ ᠤᠳᠤᠷᠢᠳᠤᠯᠭ᠎ᠠ ᠶᠢᠨ ᠲᠤᠰᠢᠶᠠᠭᠰᠠᠨ ᠪᠤᠰᠤᠳ ᠠᠵᠢᠯ ᠢ ᠳᠠᠭᠠᠭᠠᠨ ᠠᠪᠴᠤ ᠭᠦᠢᠴᠡᠳᠭᠡᠨ᠎ᠡ᠃    ᠠᠵᠢᠯᠯᠠᠬᠤ ᠬᠠᠶ᠋ᠢᠭ᠄ ᠲᠦᠩᠯᠢᠶᠣᠤ ᠬᠤᠲᠠ ᠶᠢᠨ ᠬᠤᠷᠴᠢᠨ ᠲᠣᠭᠤᠷᠢᠭ ᠤᠨ ᠬᠤᠤᠯᠢᠨ ᠭᠤᠤᠯ ᠶᠡᠭᠡ ᠵᠡᠭᠡᠯᠢ ᠶᠢᠨ 1059 ᠳ᠋ᠦᠭᠡᠷ ᠨᠣᠮᠧᠷ    ᠠᠯᠪᠠᠨ ᠭᠡᠷ ᠤᠨ ᠤᠲᠠᠰᠤ᠄ 0475 — 8253964
 
ᠢᠷᠡᠯᠲᠡ᠄ ᠬᠤᠷᠴᠢᠨ ᠲᠤᠭᠤᠷᠢᠭ ᠤᠨ ᠵᠠᠰᠠᠭ ᠤᠨ ᠤᠷᠳᠤᠨ
 
 
ᠬᠠᠮᠢᠶ᠎ᠡ ᠪᠦᠬᠦᠢ ᠰᠣᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备05070829号