ᠬᠤᠷᠴᠢᠨ ᠲᠣᠭᠤᠷᠢᠭ᠄ ᠸᠠᠺᠼᠢᠨ ᠤ ᠲᠠᠷᠢᠯᠭ᠎ᠠ ᠶᠢ ᠪᠥᠬᠦ ᠶᠠᠪᠤᠴᠠ ᠪᠠᠷ ᠮᠥᠷᠳᠡᠵᠦ ᠪᠣᠯᠬᠤ ᠶᠢ ᠪᠡᠶᠡᠯᠡᠭᠦᠯᠪᠡ
ᠨᠡᠶᠢᠲᠡᠯᠡᠭᠰᠡᠨ ᠴᠠᠭ᠄
2019-09-19
 ᠤᠶᠢᠷ᠎ᠠ ᠳᠤ᠂ ᠥᠪᠡᠷᠲᠡᠭᠡᠨ ᠵᠠᠰᠠᠬᠤ ᠣᠷᠣᠨ ᠤ ᠡᠭᠡᠯᠢᠯᠡᠭᠡ ᠶᠢᠨ ᠲᠥᠯᠥᠪᠵᠢᠭᠦᠯᠭᠡ ᠶᠢᠨ ᠮᠡᠳᠡᠭᠡ ᠵᠠᠩᠭᠢ ᠶᠢᠨ ᠬᠠᠮᠢᠶᠠᠷᠤᠯᠲᠠ ᠶᠢᠨ ᠰᠢᠰᠲ᠋ᠧᠮ ᠵᠢᠩᠬᠢᠨᠢ ᠪᠠᠷ ᠰᠦᠯᠵᠢᠶᠡᠨ ᠳᠤ ᠣᠷᠣᠵᠤ ᠡᠬᠢᠯᠡᠨ᠂ ᠬᠤᠷᠴᠢᠨ ᠲᠣᠭᠤᠷᠢᠭ ᠲᠣᠰ ᠰᠢᠰᠲ᠋ᠧᠮ ᠢ ᠣᠷᠣᠭᠤᠯᠤᠨ ᠠᠪᠴᠢᠷᠠᠭᠰᠠᠨ ᠪᠥᠭᠡᠳ ᠬᠡᠷᠡᠭᠯᠡᠵᠦ᠂ ᠸᠠᠺᠼᠢᠨ ᠤ ᠪᠥᠬᠦ ᠠᠮᠢ ᠨᠠᠰᠤᠨ ᠤ ᠦᠶᠡᠯᠡᠯ ᠤᠨ ᠬᠤᠭᠤᠴᠠᠭᠠᠨ ᠤ ᠮᠥᠷᠳᠡᠵᠦ ᠪᠣᠯᠬᠤ ᠬᠠᠮᠢᠶᠠᠷᠤᠯᠲᠠ᠂ ᠸᠠᠺᠼᠢᠨ ᠤ ᠬᠠᠳᠠᠭᠠᠯᠠᠵᠤ  ᠵᠦᠭᠡᠪᠦᠷᠢᠯᠡᠭᠡ ᠶᠢᠨ ᠪᠥᠬᠦ ᠶᠠᠪᠤᠴᠠ ᠶᠢᠨ ᠬᠦᠢᠲᠡᠨ ᠬᠡᠯᠬᠢᠶᠡᠨ ᠤ ᠳᠤᠯᠠᠭᠠᠨ   ᠢ ᠬᠢᠨᠠᠨ ᠡᠵᠡᠮᠳᠡᠬᠦ᠂ ᠰᠡᠷᠭᠡᠶᠢᠯᠡᠬᠦ ᠲᠠᠷᠢᠯᠭ᠎ᠠ ᠶᠢᠨ ᠵᠢᠷᠤᠮᠵᠢᠭᠤᠯᠤᠯᠲᠠ᠂ ᠮᠡᠳᠡᠭᠡ ᠵᠠᠩᠭᠢᠵᠢᠯᠲᠠ ᠪᠠ ᠣᠶᠤᠨᠴᠢᠯᠠᠭᠰᠠᠨ ᠬᠠᠮᠢᠶᠠᠷᠤᠯᠲᠠ ᠶᠢ ᠪᠡᠶᠡᠯᠡᠭᠦᠯᠵᠦ᠂ ᠸᠠᠺᠼᠢᠨ ᠤ ᠲᠠᠷᠢᠯᠭ᠎ᠠ ᠶᠢᠨ ᠠᠮᠤᠷ ᠲᠦᠪᠰᠢᠨ ᠢ ᠦᠨᠡᠨ ᠬᠦ ᠪᠠᠲᠤᠯᠠᠭᠰᠠᠨ  ᠪᠠᠶᠢᠨ᠎ᠠ᠃ ᠣᠯᠠᠨ ᠨᠡᠶᠢᠲᠡ ︽ ᠪᠦᠪᠠᠢ ᠶᠢᠨ ᠲᠥᠯᠥᠪᠯᠡᠭᠡ︾ ᠶᠢᠨ A P P ᠶᠢ ᠪᠠᠭᠤᠯᠭᠠᠬᠤ ᠪᠤᠶᠤ ᠣᠯᠠᠨ ᠨᠡᠶᠢᠲᠡ ᠶᠢᠨ ᠨᠣᠮᠧᠷ ᠢ ᠠᠩᠬᠠᠷᠬᠤ ᠵᠡᠷᠭᠡ ᠪᠠᠷ ᠳᠠᠮᠵᠢᠭᠤᠯᠤᠨ᠂ ᠸᠠᠺᠼᠢᠨ ᠤ ᠲᠠᠷᠢᠯᠭ᠎ᠠ ᠶᠢ ᠨᠠᠩ ᠳᠥᠭᠦᠮ ᠪᠣᠯᠭᠠᠵᠤ᠂ ᠸᠠᠺᠼᠢᠨ ᠤ ᠲᠠᠷᠢᠯᠭ᠎ᠠ ᠶᠢ ᠨᠠᠩ ᠢᠯᠡ ᠲᠣᠳᠣ ᠪᠣᠯᠭᠠᠵᠤ  ᠴᠢᠳᠠᠪᠠ᠃
 
ᠢᠷᠡᠯᠲᠡ᠄ ᠬᠤᠷᠴᠢᠨ ᠲᠤᠭᠤᠷᠢᠭ ᠤᠨ ᠵᠠᠰᠠᠭ ᠤᠨ ᠤᠷᠳᠤᠨ
 
 
ᠬᠠᠮᠢᠶ᠎ᠡ ᠪᠦᠬᠦᠢ ᠰᠣᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备05070829号