ᠬᠤᠷᠴᠢᠨ ᠲᠣᠭᠤᠷᠢᠭ ᠤᠨ ᠵᠠᠬ᠎ᠠ ᠳᠡᠯᠭᠡᠭᠦᠷ ᠤᠨ ᠬᠢᠨᠠᠯᠲᠠ ᠬᠠᠮᠢᠶᠠᠷᠤᠯᠲᠠ ᠶᠢᠨ ᠲᠣᠪᠴᠢᠶ᠎ᠠ ︽ᠤᠭ ᠰᠠᠨᠠᠭ᠎ᠠ ᠪᠠᠨ ᠦᠯᠦ ᠮᠠᠷᠲᠠᠵᠤ ᠡᠭᠦᠷᠭᠡ ᠬᠠᠷᠢᠭᠤᠴᠠᠯᠭ᠎ᠠ ᠪᠠᠨ ᠪᠠᠲᠤ ᠴᠡᠭᠡᠵᠢᠯᠡᠬᠦ︾ ᠭᠤᠤᠯ ᠰᠡᠳᠦᠪᠲᠦ ᠬᠥᠮᠦᠵᠢᠯ ᠤᠨ ᠠᠵᠢᠯ ᠶᠢᠨ ᠬᠤᠷᠠᠯ ᠬᠤᠷᠠᠯᠳᠤᠭᠤᠯᠪᠠ
ᠨᠡᠶᠢᠲᠡᠯᠡᠭᠰᠡᠨ ᠴᠠᠭ᠄
2019-09-24
9 ᠰᠠᠷ᠎ᠠ ᠶᠢᠨ 20 ᠤ ᠦᠳᠡ ᠡᠮᠦᠨ᠎ᠡ᠂ ᠬᠤᠷᠴᠢᠨ ᠲᠣᠭᠤᠷᠢᠭ ᠤᠨ ᠵᠠᠬ᠎ᠠ ᠳᠡᠯᠭᠡᠭᠦᠷ ᠤᠨ ᠬᠢᠨᠠᠯᠲᠠ ᠬᠠᠮᠢᠶᠠᠷᠤᠯᠲᠠ ᠶᠢᠨ ᠲᠣᠪᠴᠢᠶ᠎ᠠ ︽ᠤᠭ ᠰᠠᠨᠠᠭ᠎ᠠ ᠪᠠᠨ ᠦᠯᠦ ᠮᠠᠷᠲᠠᠵᠤ᠂ ᠡᠭᠦᠷᠭᠡ ᠬᠠᠷᠢᠭᠤᠴᠠᠯᠭ᠎ᠠ ᠪᠠᠨ ᠪᠠᠲᠤ ᠴᠡᠭᠡᠵᠢᠯᠡᠬᠦ︾ ᠭᠤᠤᠯ ᠰᠡᠳᠦᠪᠲᠦ ᠬᠥᠮᠦᠵᠢᠯ ᠤᠨ ᠠᠵᠢᠯ ᠶᠢᠨ ᠬᠤᠷᠠᠯ ᠬᠤᠷᠠᠯᠳᠤᠭᠤᠯᠪᠠ᠃ ᠬᠤᠷᠠᠯ ᠢ ᠲᠣᠪᠴᠢᠶ᠎ᠠ ᠶᠢᠨ ᠳᠤᠭᠤᠶᠢᠯᠠᠩ ᠤᠨ ᠳᠡᠳ᠋ ᠱᠦᠵᠢ᠂ ᠳᠡᠳ᠋ ᠲᠣᠪᠴᠢᠶᠠᠨ ᠳᠠᠷᠤᠭ᠎ᠠ᠂ ᠮᠡᠳᠡᠯᠭᠡ ᠶᠢᠨ ᠪᠦᠲᠦᠭᠡᠭᠳᠡᠬᠦᠨ ᠤ ᠥᠮᠴᠢᠯᠡᠬᠦ ᠡᠷᠬᠡ ᠶᠢᠨ ᠲᠣᠪᠴᠢᠶ᠎ᠠ ᠶᠢᠨ ᠳᠠᠷᠤᠭ᠎ᠠ ᠯᠢᠦ ᠶᠢᠩ ᠡᠷᠬᠢᠯᠡᠵᠦ᠂ ᠲᠣᠪᠴᠢᠶ᠎ᠠ ᠶᠢᠨ ᠨᠠᠮ ᠤᠨ ᠤᠳᠤᠷᠢᠳᠬᠤ ᠳᠤᠭᠤᠶᠢᠯᠠᠩ ᠤᠨ ᠱᠦᠵᠢ᠂ ᠲᠣᠪᠴᠢᠶᠠᠨ ᠳᠠᠷᠤᠭ᠎ᠠ ᠮᠦ ᠯᠢ ᠭᠦᠸᠧ ᠳᠠᠶᠢᠴᠢᠯᠠᠯᠲᠠ ᠶᠢᠨ ᠶᠠᠷᠢᠶ᠎ᠠ ᠲᠠᠯᠪᠢᠵᠤ᠂ ᠬᠤᠷᠴᠢᠨ ᠲᠣᠭᠤᠷᠢᠭ ᠤᠨ ᠭᠤᠤᠯ ᠰᠡᠳᠦᠪᠲᠦ ᠬᠥᠮᠦᠵᠢᠯ ᠤᠨ ᠨᠢᠭᠡᠳᠦᠭᠡᠷ ᠵᠢᠯᠣᠭᠤᠳᠬᠤ ᠳᠤᠭᠤᠶᠢᠯᠠᠩ ᠤᠨ ᠳᠠᠷᠤᠭ᠎ᠠ᠂ ᠠᠷᠠᠳ ᠤᠨ ᠲᠥᠯᠥᠭᠡᠯᠡᠭᠴᠢᠳ ᠤᠨ ᠶᠡᠭᠡ ᠬᠤᠷᠠᠯ ᠤᠨ ᠪᠠᠶᠢᠩᠭᠤ ᠶᠢᠨ ᠬᠤᠷᠢᠶᠠᠨ ᠤ ᠳᠡᠳ᠋ ᠡᠷᠬᠢᠯᠡᠭᠴᠢ ᠸᠠᠩ ᠱᠸᠤ ᠸᠠᠨ ᠬᠤᠷᠠᠯ ᠳᠤ ᠣᠷᠣᠯᠴᠠᠨ ᠵᠢᠯᠣᠭᠤᠳᠤᠭᠰᠠᠨ ᠪᠥᠭᠡᠳ ᠶᠠᠷᠢᠶ᠎ᠠ ᠲᠠᠯᠪᠢᠵᠤ᠂ ᠰᠢᠨᠵᠢᠯᠡᠬᠦ ᠤᠬᠠᠭᠠᠨ ᠮᠡᠷᠭᠡᠵᠢᠯ ᠤᠨ ᠲᠣᠭᠤᠷᠢᠭ ᠤᠨ ᠵᠠᠬ᠎ᠠ ᠳᠡᠯᠭᠡᠭᠦᠷ ᠤᠨ ᠲᠣᠪᠴᠢᠶ᠎ᠠ ᠶᠢᠨ ᠨᠠᠮ ᠤᠨ ᠤᠳᠤᠷᠢᠳᠬᠤ ᠳᠤᠭᠤᠶᠢᠯᠠᠩ ᠤᠨ ᠪᠦᠷᠢᠯᠳᠦᠬᠦᠨ᠂ ᠡᠯ᠎ᠡ ᠡᠭᠦᠷ ᠤᠨ ᠱᠦᠵᠢ᠂ ᠵᠣᠬᠢᠶᠠᠨ ᠪᠠᠶᠢᠭᠤᠯᠬᠤ ᠭᠡᠰᠢᠭᠦᠨ᠂ ᠡᠯ᠎ᠡ  ᠲᠠᠰᠤᠭ ᠤᠨ ᠬᠠᠷᠢᠭᠤᠴᠠᠯᠭᠠᠲᠠᠨ ᠵᠡᠷᠭᠡ 70 ᠨᠠᠮ ᠤᠨ ᠭᠡᠰᠢᠭᠦᠨ ᠬᠤᠷᠠᠯ ᠳᠤ ᠣᠷᠣᠯᠴᠠᠪᠠ᠃
ᠬᠤᠷᠠᠯ ᠳᠡᠭᠡᠷ᠎ᠡ᠂  ᠶᠤᠤ ᠯᠢ ᠭᠦᠸᠧ ᠲᠣᠪᠴᠢᠶᠠᠨ ᠳᠠᠷᠤᠭ᠎ᠠ ᠡᠩ ᠲᠡᠷᠢᠭᠦᠨ ᠳᠤ ᠲᠤᠭᠤᠷᠢᠭ ᠤᠨ ᠨᠠᠮ ᠤᠨ ᠬᠤᠷᠢᠶ᠎ᠠ ᠶᠢᠨ ︽︿ᠤᠭ ᠰᠠᠨᠠᠭ᠎ᠠ ᠪᠠᠨ ᠦᠯᠦ ᠮᠠᠷᠲᠠᠵᠤ᠂ ᠡᠭᠦᠷᠭᠡ ᠬᠠᠷᠢᠭᠤᠴᠠᠯᠭ᠎ᠠ ᠪᠠᠨ ᠪᠠᠲᠤ ᠴᠡᠭᠡᠵᠢᠯᠡᠬᠦ﹀ ᠭᠤᠤᠯ ᠰᠡᠳᠦᠪᠲᠦ ᠬᠥᠮᠦᠵᠢᠯ ᠤᠨ ᠬᠡᠷᠡᠭᠵᠢᠭᠦᠯᠬᠦ ᠲᠥᠰᠦᠯ︾ ᠢ ᠤᠯᠠᠮᠵᠢᠯᠠᠬᠤ ᠶᠢᠨ ᠬᠠᠮᠲᠤ ᠲᠣᠪᠴᠢᠶ᠎ᠠ ᠶᠢᠨ ᠭᠤᠤᠯ ᠰᠡᠳᠦᠪᠲᠦ ᠬᠥᠮᠦᠵᠢᠯ ᠤᠨ ᠠᠵᠢᠯᠯᠠᠭ᠎ᠠ ᠥᠷᠨᠢᠭᠦᠯᠬᠦ ᠲᠤᠬᠠᠶ ᠪᠠᠶᠢᠷᠢᠯᠠᠭᠤᠯᠤᠯᠲᠠ ᠬᠢᠵᠡᠶ᠃ ᠲᠣᠪᠴᠢᠶᠠᠨ ᠳᠠᠷᠤᠭ᠎ᠠ ᠴᠢᠬᠤᠯᠠᠴᠢᠯᠠᠬᠤ ᠳᠠᠭᠠᠨ᠂ ᠨᠢᠭᠡ ᠳᠤ ᠤᠨᠤᠯ ᠤᠨ ᠰᠤᠷᠤᠯᠴᠠᠯᠭ᠎ᠠ ᠶᠢ ᠭᠦᠨᠵᠡᠭᠡᠶ ᠰᠠᠶᠢᠲᠤᠷ ᠠᠳᠬᠤᠬᠤ ᠬᠡᠷᠡᠭᠲᠡᠶ᠃ ᠡᠯ᠎ᠡ ᠨᠠᠮ ᠤᠨ ᠡᠭᠦᠷ ᠨᠠᠮ ᠤᠨ ᠤᠯᠤᠰ ᠲᠥᠷᠦ ᠶᠢᠨ ᠪᠠᠢᠭᠤᠯᠤᠯᠲᠠ᠂ ᠨᠠᠮ ᠢ ᠴᠢᠩᠭ᠎ᠠ ᠵᠠᠰᠠᠬᠤ᠂ ᠬᠦᠰᠡᠯᠡᠩ ᠢᠲᠡᠭᠡᠯ ᠪᠢᠰᠢᠷᠡᠯ᠂ ᠵᠣᠷᠢᠯᠲᠠ ᠶᠢᠨ ᠰᠢᠨᠵᠢ ᠴᠢᠨᠠᠷ᠂ ᠬᠠᠷᠢᠭᠤᠴᠠᠯᠭ᠎ᠠ ᠡᠭᠦᠷᠭᠡᠯᠡᠨ ᠵᠢᠳᠬᠦᠯ ᠴᠢᠷᠮᠠᠶᠢᠯᠭ᠎ᠠ ᠭᠠᠷᠭᠠᠬᠤ᠂ ᠤᠯᠤᠰ ᠲᠥᠷᠦ ᠶᠢᠨ ᠰᠠᠬᠢᠯᠭ᠎ᠠ ᠪᠠᠲᠤ ᠪᠠ ᠤᠯᠤᠰ ᠲᠥᠷᠦ ᠶᠢᠨ ᠶᠣᠰᠣ ᠳᠦᠷᠢᠮ᠂ ᠬᠡᠪ ᠪᠣᠯᠪᠠᠰᠤᠷᠠᠯ᠂ ᠬᠡᠮᠵᠢᠶᠡᠵᠢᠭᠦᠯᠦᠨ ᠰᠤᠷᠤᠯᠴᠠᠬᠤ ᠠᠭᠤᠯᠭ᠎ᠠ ᠶᠢᠨ ᠲᠣᠭᠤᠷᠢᠨ ᠳᠤ᠂ ᠰᠢ ᠶᠢᠨ ᠫᠢᠩ ᠤᠨ ᠰᠢᠨ᠎ᠡ ᠴᠠᠭ ᠦᠶ᠎ᠡ ᠶᠢᠨ ᠳᠤᠮᠳᠠᠳᠤ ᠤᠯᠤᠰ ᠤᠨ ᠣᠨᠴᠠᠯᠢᠭ ᠲᠠᠢ ᠨᠡᠶᠢᠭᠡᠮ ᠵᠢᠷᠤᠮ ᠤᠨ ᠦᠵᠡᠯ ᠰᠠᠨᠠᠭ᠎ᠠ ᠶᠢ ᠰᠤᠷᠤᠯᠴᠠᠨ ᠲᠤᠤᠱᠯᠠᠭᠤᠯᠬᠤ ᠠᠵᠢᠯ ᠢ ᠭᠦᠨᠵᠡᠭᠡᠶᠢᠷᠡᠭᠦᠯᠦᠨ ᠪᠣᠳᠠᠲᠠᠶᠢᠵᠢᠭᠤᠯᠬᠤ ᠶᠢ ᠠᠬᠢᠭᠤᠯᠤᠨ᠎ᠠ ᠭᠡᠪᠡ᠃ ᠠᠰᠠᠭᠤᠳᠠᠯ ᠢᠶᠠᠷ ᠤᠳᠤᠷᠢᠳᠤᠮᠵᠢ ᠪᠣᠯᠭᠠᠬᠤ ᠶᠢ ᠳᠣᠪᠤᠶᠢᠯᠭᠠᠨ᠂ ᠨᠠᠮ ᠤᠨ ᠭᠡᠰᠢᠭᠦᠨ᠂ ᠺᠠᠳ᠋ᠷᠴᠤᠳ ᠤᠨ ᠲᠣᠰ ᠪᠡᠶ᠎ᠡ ᠳᠤ ᠣᠷᠣᠰᠢᠵᠤ ᠪᠠᠶ᠋ᠭ᠎ᠠ ᠠᠰᠠᠭᠤᠳᠠᠯ ᠢᠯᠠᠩᠭᠤᠶ᠎ᠠ ᠦᠵᠡᠯ ᠰᠠᠨᠠᠭᠠᠨ ᠤ ᠦᠨᠳᠦᠰᠦ ᠰᠤᠷᠪᠤᠯᠵᠢ ᠶᠢᠨ ᠠᠰᠠᠭᠤᠳᠠᠯ᠂ ᠣᠶᠤᠨ ᠰᠠᠨᠠᠭᠠᠨ ᠤ ᠳᠦᠷᠰᠦ ᠪᠠᠶᠢᠳᠠᠯ ᠤᠨ ᠠᠰᠠᠭᠤᠳᠠᠯ ᠢ ᠬᠦᠴᠦᠯᠡᠨ ᠰᠢᠢᠳᠪᠦᠷᠢᠯᠡᠵᠤ᠂ ᠠᠵᠤ ᠠᠬᠤᠢ ᠶᠢᠨ ᠴᠢᠨᠠᠷ ᠰᠠᠶᠢᠲᠠᠶ ᠬᠥᠭᠵᠢᠯᠲᠡ ᠬᠤᠴᠣᠷᠤᠩᠭᠤᠶ ᠪᠠᠶᠢᠭ᠎ᠠ ᠠᠰᠠᠭᠤᠳᠠᠯ ᠳᠤ ᠦᠢᠯᠡᠴᠢᠯᠡᠵᠦ᠂ ᠠᠵᠢᠯ ᠶᠢᠨ ᠰᠢᠨ᠎ᠡ ᠶᠢ ᠡᠭᠦᠳᠬᠦ ᠴᠢᠨᠠᠷ ᠢᠶᠠᠷ ᠴᠢᠩᠭ᠎ᠠ ᠪᠢᠰᠢ ᠪᠠᠶᠢᠭ᠎ᠠ ᠠᠰᠠᠭᠤᠳᠠᠯ ᠢ ᠲᠦᠯᠬᠢᠨ ᠠᠬᠢᠭᠤᠯᠵᠤ᠂ ᠣᠯᠠᠨ ᠲᠦᠮᠡᠨ ᠤ ᠬᠠᠮᠤᠭ ᠠᠴᠠ ᠠᠩᠬᠠᠷᠴᠤ ᠪᠠᠶᠢᠭ᠎ᠠ᠂ ᠬᠠᠮᠤᠭ ᠤᠨ ᠰᠢᠭᠤᠳ ᠬᠠᠮᠤᠭ ᠤᠨ ᠪᠣᠳᠠᠲᠠᠶ ᠠᠰᠢᠭ ᠲᠤᠰᠠ ᠶᠢᠨ ᠠᠰᠠᠭᠤᠳᠠᠯ ᠢ ᠬᠦᠴᠦᠯᠡᠨ ᠰᠢᠢᠳᠪᠦᠷᠢᠯᠡᠵᠤ᠂ ᠬᠦᠰᠡᠯᠡᠩ ᠢᠲᠡᠭᠡᠯ ᠪᠢᠰᠢᠷᠡᠯ᠂ ᠤᠭ ᠰᠠᠨᠠᠭ᠎ᠠ ᠡᠭᠦᠷᠭᠡ ᠬᠠᠷᠢᠭᠤᠴᠠᠯᠭ᠎ᠠ ᠪᠠᠨ ᠭᠤᠶᠢᠪᠢᠰᠢ ᠦᠭᠡᠢ ᠪᠠᠲᠤ ᠰᠠᠬᠢᠵᠤ᠂ ᠪᠣᠳᠠᠲᠤ ᠦᠷ᠎ᠡ ᠪᠦᠲᠦᠮᠵᠢ ᠪᠠᠷ ᠢᠶᠠᠨ ᠢᠲᠡᠭᠡᠯ ᠬᠦᠨᠳᠦ ᠶᠢ ᠣᠯᠣᠨ᠎ᠠ᠃ ᠭᠤᠤᠯ ᠰᠡᠳᠦᠪᠲᠦ ᠬᠥᠮᠦᠵᠢᠯ ᠪᠣᠯᠤᠨ ᠵᠠᠬ᠎ᠠ ᠳᠡᠯᠭᠡᠭᠦᠷ ᠤᠨ ᠬᠢᠨᠠᠯᠲᠠ ᠬᠠᠮᠢᠶᠠᠷᠤᠯᠲᠠ ᠶᠢᠨ ᠡᠯ᠎ᠡ ᠵᠦᠢᠯ ᠤᠨ ᠬᠠᠷᠠᠯᠲᠠ ᠡᠭᠦᠷᠭᠡ  ᠲᠠᠢ  ᠪᠠᠨ ᠤᠶᠠᠯᠳᠤᠭᠤᠯᠵᠤ᠂ ᠲᠡᠤᠬᠡ ᠪᠠᠨ ᠦᠯᠦ ᠮᠠᠷᠲᠠᠵᠤ᠂ ᠤᠭ ᠰᠠᠨᠠᠭ᠎ᠠ ᠪᠠᠨ ᠦᠯᠦ ᠮᠠᠷᠲᠠᠵᠤ᠂ ᠲᠡᠮᠡᠴᠡᠯ ᠤᠨ ᠵᠣᠷᠢᠭ ᠰᠠᠨᠠᠭ᠎ᠠ ᠪᠣᠯᠤᠨ ᠬᠤᠪᠢᠰᠬᠠᠯᠲᠤ ᠵᠣᠷᠢᠭ ᠰᠠᠨᠠᠭ᠎ᠠ ᠶᠢ ᠪᠠᠷᠢᠮᠲᠠᠯᠠᠵᠤ᠂ ᠵᠣᠷᠢᠭᠲᠠᠶ ᠪᠠᠷ ᠲᠡᠮᠡᠴᠡᠵᠦ᠂ ᠴᠢᠳᠠᠮᠠᠭᠠᠶ ᠪᠠᠷ ᠲᠡᠮᠡᠴᠡᠵᠦ᠂ ᠡᠯ᠎ᠡ  ᠵᠦᠢᠯ ᠤᠨ ᠭᠤᠤᠯ ᠰᠡᠳᠦᠪᠲᠦ ᠬᠥᠮᠦᠵᠢᠯ ᠢ ᠦᠨᠡᠨᠬᠦ ᠠᠵᠢᠯ ᠶᠢᠨ ᠬᠥᠳᠡᠯᠭᠡᠬᠦ ᠬᠦᠴᠦᠨ ᠪᠣᠯᠭᠠᠨ ᠬᠤᠪᠢᠷᠠᠭᠤᠯᠵᠤ᠂ ᠪᠣᠳᠠᠲᠠᠶ ᠠᠵᠢᠯᠯᠠᠭ᠎ᠠ ᠪᠣᠯᠭᠠᠨ ᠨᠠᠷᠢᠯᠢᠭᠵᠢᠭᠤᠯᠤᠨ᠎ᠠ ᠭᠡᠪᠡ  ᠃    ᠠᠷᠠᠳ ᠤᠨ ᠶᠡᠭᠡ ᠬᠤᠷᠠᠯ ᠤᠨ ᠳᠡᠳ᠋ ᠡᠷᠬᠢᠯᠡᠭᠴᠢ ᠸᠠᠩ ᠱᠧᠤ ᠸᠠᠨ‌ᠢ ᠵᠢᠭᠠᠵᠤ ᠭᠠᠷᠭᠠᠭᠰᠠᠨ ᠨᠢ᠂ ᠭᠤᠤᠯ ᠰᠡᠳᠦᠪᠲᠦ ᠬᠥᠮᠦᠵᠢᠯ ᠤᠨ ᠠᠴᠢ ᠬᠤᠯᠪᠣᠭᠳᠠᠯ ᠢ ᠳᠣᠪᠤᠶᠢᠯᠭᠠᠵᠤ᠂ ᠤᠯᠤᠰ ᠲᠥᠷᠥ ᠶᠢᠨ ᠬᠥᠮᠦᠵᠢᠯ ᠢ ᠳᠡᠭᠡᠭᠰᠢᠯᠡᠭᠦᠯᠬᠦ ᠬᠡᠷᠡᠭᠲᠡᠶ᠃ ᠭᠤᠤᠯ ᠰᠡᠳᠦᠪᠲᠦ ᠬᠥᠮᠦᠵᠢᠯ ᠤᠨ ᠬᠠᠷᠠᠯᠲᠠ ᠡᠭᠦᠷᠭᠡ ᠶᠢ ᠡᠵᠡᠮᠳᠡᠵᠦ᠂ ᠨᠠᠶᠢᠳᠠᠪᠤᠷᠢᠵᠢᠭᠤᠯᠤᠯᠲᠠ ᠶᠢ ᠰᠠᠶᠢᠲᠤᠷ ᠠᠳᠬᠤᠬᠤ ᠬᠡᠷᠡᠭᠲᠡᠶ᠃ ᠭᠤᠤᠯ ᠰᠡᠳᠦᠪᠲᠦ ᠬᠥᠮᠦᠵᠢᠯ ᠢ ᠵᠣᠬᠢᠶᠠᠨ ᠪᠠᠶᠢᠭᠤᠯᠤᠨ ᠬᠡᠷᠡᠭᠵᠢᠭᠦᠯᠬᠦ ᠶᠢ ᠨᠠᠷᠢᠨ ᠬᠢᠨᠠᠮᠠᠭᠠᠶ ᠰᠠᠶᠢᠲᠤᠷ ᠠᠳᠬᠤᠵᠤ᠂ ᠠᠵᠢᠯᠯᠠᠭ᠎ᠠ ᠶᠢᠨ ᠪᠣᠳᠠᠲᠤ ᠦᠷ᠎ᠡ ᠪᠦᠲᠦᠮᠵᠢ ᠶᠢ ᠦᠨᠡᠨᠬᠦ ᠪᠠᠲᠤᠯᠠᠬᠤ ᠬᠡᠷᠡᠭᠲᠡᠶ ᠭᠡᠪᠡ  ᠃
 
 ᠬᠤᠷᠠᠯ ᠳᠡᠭᠡᠷ᠎ᠡ᠂ ᠪᠦᠬᠦ ᠨᠠᠮ ᠤᠨ ᠭᠡᠰᠢᠭᠦᠨ ᠨᠠᠮ ᠳᠤ ᠣᠷᠣᠬᠤ ᠲᠠᠩᠭᠠᠷᠢᠭ ᠤᠨ ᠦᠭᠡ ᠪᠠᠨ ᠳᠠᠬᠢᠨ ᠤᠩᠰᠢᠬᠤ ᠶᠢᠨ ᠬᠠᠮᠲᠤ ︽ᠠᠷᠠᠳ ᠲᠦᠮᠡᠨ ᠳᠤ  ᠦᠢᠯᠡᠴᠢᠯᠡᠶ᠎ᠡ︾ ᠭᠡᠬᠦ ᠨᠣᠮ ᠢ ᠤᠩᠰᠢᠨ ᠨᠡᠶᠢᠲᠡᠯᠡᠵᠦ᠂ ᠪᠦᠬᠦ ᠨᠠᠮ ᠤᠨ ᠭᠡᠰᠢᠭᠦᠨ ᠤ ᠶᠣᠰᠣᠯᠠᠯ ᠤᠨ ᠰᠡᠳᠬᠢᠯᠭᠡ᠂ ᠢᠷᠠᠭᠤ ᠠᠯᠳᠠᠷ ᠤᠨ ᠰᠡᠳᠬᠢᠯᠭᠡ ᠶᠢ ᠨᠡᠮᠡᠭᠳᠡᠭᠦᠯᠵᠦ᠂ ᠨᠠᠮ ᠤᠨ ᠵᠣᠬᠢᠶᠠᠨ ᠪᠠᠶᠢᠭᠤᠯᠤᠯᠲᠠ ᠶᠢᠨ ᠬᠠᠨᠳᠤᠯᠭ᠎ᠠ᠂ ᠨᠢᠭᠲᠠᠷᠠᠭᠤᠯᠬᠤ ᠬᠦᠴᠦᠨ ᠢ ᠳᠡᠭᠡᠭᠰᠢᠯᠡᠭᠦᠯᠵᠡᠶ᠃ ᠨᠥᠬᠦᠳ ᠨᠡᠷ ᠴᠠᠭ ᠢᠮᠠᠭᠲᠠ ᠨᠠᠮ ᠤᠨ ᠭᠡᠰᠢᠭᠦᠨ ᠤ ᠪᠠᠷᠢᠮᠵᠢᠶ᠎ᠠ ᠪᠠᠷ ᠥᠪᠡᠷ ᠢ ᠪᠠᠨ ᠱᠠᠭᠠᠷᠳᠠᠵᠤ᠂ ᠨᠠᠮ ᠤᠨ ᠭᠡᠰᠢᠭᠦᠨ ᠤ ᠲᠡᠷᠢᠭᠦᠨ ᠤ ᠴᠢᠨᠠᠷ ᠢ ᠪᠠᠲᠤᠯᠠᠵᠤ᠂ ᠰᠢᠯᠢᠳᠡᠭ ᠤᠯᠠᠮᠵᠢᠯᠠᠯ ᠢ ᠪᠠᠳᠠᠷᠠᠭᠤᠯᠵᠤ᠂ ᠬᠦᠰᠡᠯᠡᠩ ᠢᠲᠡᠭᠡᠯ ᠪᠢᠰᠢᠷᠡᠯ ᠢᠶᠠᠨ ᠪᠠᠲᠤᠳᠬᠠᠵᠤ ᠂ ᠡᠭᠦᠷᠭᠡ ᠬᠠᠷᠢᠭᠤᠴᠠᠯᠭ᠎ᠠ ᠪᠠᠨ ᠪᠠᠲᠤ ᠴᠡᠭᠡᠵᠢᠯᠡᠵᠦ᠂ ᠨᠠᠩ ᠳᠦᠭᠦᠷᠡᠩ ᠵᠣᠷᠢᠭ ᠰᠠᠨᠠᠭ᠎ᠠ᠂ ᠨᠠᠩ ᠪᠠᠲᠤ ᠴᠢᠩᠭ᠎ᠠ ᠠᠮᠵᠢᠯᠲᠠ ᠪᠠᠷ ᠨᠠᠮ ᠤᠨ ᠲᠥᠪ ᠴᠢᠩᠭ᠎ᠠ ᠠᠮᠠᠯᠠᠯᠲᠠ ᠪᠠᠨ  ᠦᠢᠯᠡᠳᠦᠯᠭᠡᠵᠢᠭᠦᠯᠦᠨ᠎ᠡ ᠭᠡᠵᠦ ᠢᠯᠡᠳᠬᠡᠪᠡ᠃  
 
ᠢᠷᠡᠯᠲᠡ᠄ ᠬᠤᠷᠴᠢᠨ ᠲᠤᠭᠤᠷᠢᠭ ᠤᠨ ᠵᠠᠰᠠᠭ ᠤᠨ ᠤᠷᠳᠤᠨ
 
 
ᠬᠠᠮᠢᠶ᠎ᠡ ᠪᠦᠬᠦᠢ ᠰᠣᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备05070829号