ᠡᠯ᠎ᠡ ᠪᠠᠯᠭᠠᠰᠤ ᠰᠤᠮᠤᠨ ᠤ ᠠᠷᠠᠳ ᠤᠨ ᠵᠠᠰᠠᠭ ᠤᠨ ᠣᠷᠳᠣᠨ᠂ ᠤᠯᠤᠰ ᠤᠨ ᠥᠮᠴᠢᠯᠡᠯᠲᠡ ᠲᠠᠷᠢᠶᠠᠯᠠᠩ ᠮᠠᠯ | ᠠᠵᠤ ᠠᠬᠤᠢ ᠶᠢᠨ ᠲᠠᠯᠠᠪᠠᠢ᠂ ᠡᠯ᠎ᠡ ᠵᠡᠭᠡᠯᠢ ᠭᠤᠳᠤᠮᠵᠢ ᠶᠢᠨ ᠬᠡᠷᠡᠭ ᠡᠷᠬᠢᠯᠡᠬᠦ ᠭᠠᠵᠠᠷ᠂ ᠡᠯ᠎ᠡ ᠵᠥᠪᠯᠡᠯ᠂ ᠠᠯᠪᠠᠨ ᠭᠡᠷ | ᠂ ᠲᠣᠪᠴᠢᠶ᠎ᠠ᠂ ᠰᠠᠯᠠᠭ᠎ᠠ ᠂ ᠬᠤᠷᠴᠢᠨ ᠲᠤᠭᠤᠷᠢᠭ ᠲᠤ ᠰᠠᠭᠤᠭ᠎ᠠ ᠤᠯᠤᠰ ᠤᠨ ᠪᠠ ᠣᠷᠣᠨ ᠤ ᠰᠢᠭᠤᠳ ᠬᠠᠷᠢᠶ᠎ᠠ | ᠡᠯ᠎ᠡ ᠨᠢᠭᠡᠴᠡ ᠳᠤ᠄ | ︽ᠬᠤᠷᠴᠢᠨ ᠲᠣᠭᠤᠷᠢᠭ ᠤᠨ 2018 ᠤᠨ ᠤ ᠵᠠᠰᠠᠭ ᠤᠨ ᠶᠠᠪᠤᠳᠠᠯ ᠢ ᠢᠯᠡ ᠪᠣᠯᠭᠠᠬᠤ ᠠᠵᠢᠯ ᠤᠨ | ᠭᠤᠤᠯᠳᠠᠯᠭ᠎ᠠ︾ ᠶᠢ ᠬᠤᠷᠴᠢᠨ ᠲᠣᠭᠤᠷᠢᠭ ᠤᠨ ᠠᠷᠠᠳ ᠤᠨ ᠵᠠᠰᠠᠭ ᠤᠨ ᠣᠷᠳᠣᠨ ᠢᠶᠠᠷ ᠵᠥᠪᠰᠢᠶᠡᠷᠡᠭᠦᠯᠦᠭᠡᠳ᠂ | ᠡᠳᠦᠭᠡ ᠲᠠᠨᠠᠷ ᠲᠤ ᠳᠠᠷᠤᠮᠠᠯᠯᠠᠨ ᠶᠠᠪᠤᠭᠤᠯᠤᠯ᠎ᠠ᠂ ᠪᠣᠳᠠᠲᠠᠶ ᠲᠠᠢ ᠪᠠᠨ ᠤᠶᠠᠯᠳᠤᠭᠤᠯᠤᠨ᠂ ᠬᠢᠨᠠᠮᠠᠭᠠᠶ ᠲᠤᠤᠱᠯᠠᠭᠤᠯᠤᠨ | ᠨᠠᠶᠢᠳᠠᠪᠤᠷᠢᠵᠢᠭᠤᠯᠲᠤᠭᠠᠶ᠃ | 2018 ᠤᠨ 7 ᠰᠠᠷ᠎ᠠ ᠶᠢᠨ 18 ᠤ ᠡᠳᠦᠷ | ᠬᠤᠷᠴᠢᠨ ᠲᠣᠭᠤᠷᠢᠭ ᠤᠨ 2018 ᠤᠨ ᠵᠠᠰᠠᠭ ᠤᠨ ᠶᠠᠪᠤᠳᠠᠯ ᠢ ᠢᠯᠡ ᠪᠣᠯᠭᠠᠬᠤ ᠠᠵᠢᠯ ᠤᠨ ᠭᠤᠤᠯᠳᠠᠯᠭ᠎ᠠ | 2018 ᠣᠨ ᠳᠤ᠂ ᠬᠤᠷᠴᠢᠨ ᠲᠣᠭᠤᠷᠢᠭ ᠤᠨ ᠵᠠᠰᠠᠭ ᠤᠨ ᠶᠠᠪᠤᠳᠠᠯ ᠢ ᠢᠯᠡ ᠪᠣᠯᠭᠠᠬᠤ ᠠᠵᠢᠯ ᠳᠤ ᠨᠠᠮ ᠤᠨ | ᠠᠷᠪᠠ ᠶᠢᠰᠦᠳᠦᠭᠡᠷ ᠶᠡᠭᠡ ᠬᠤᠷᠠᠯ ᠤᠨ ᠵᠣᠷᠢᠭ ᠰᠠᠨᠠᠭ᠎ᠠ ᠶᠢ ᠪᠥᠬᠦ ᠲᠠᠯ᠎ᠠ ᠪᠠᠷ ᠲᠤᠤᠱᠯᠠᠭᠤᠯᠵᠤ᠂ ᠢᠯᠡ ᠪᠣᠯᠭᠠᠬᠤ ᠶᠢ | ᠬᠡᠪ ᠤᠨ ᠪᠠᠢᠳᠠᠯ ᠪᠣᠯᠭᠠᠬᠤ ᠶᠢ ᠪᠠᠷᠢᠮᠲᠠᠯᠠᠨ᠂ ᠢᠯᠡ ᠪᠣᠯᠭᠠᠬᠤ ᠦᠭᠡᠢ ᠶᠢ ᠣᠨᠴᠠᠭᠠᠢ ᠪᠠᠶᠢᠳᠠᠯ ᠪᠣᠯᠭᠠᠬᠤ ᠶᠢ | ᠪᠠᠷᠢᠮᠲᠠᠯᠠᠨ᠂ ᠢᠯᠡ ᠪᠣᠯᠭᠠᠬᠤ ᠪᠠᠷ ᠨᠠᠶᠢᠳᠠᠪᠤᠷᠢᠵᠢᠭᠤᠯᠤᠯᠲᠠ ᠶᠢ ᠠᠬᠢᠭᠤᠯᠵᠤ᠂ ᠢᠯᠡ ᠪᠣᠯᠭᠠᠬᠤ ᠪᠠᠷ ᠵᠢᠷᠤᠮᠵᠢᠯ ᠢ | ᠠᠬᠢᠭᠤᠯᠤᠨ᠂ ᠢᠯᠡ ᠪᠣᠯᠭᠠᠬᠤ ᠪᠠᠷ ᠦᠢᠯᠡᠴᠢᠯᠡᠭᠡ ᠶᠢ ᠠᠬᠢᠭᠤᠯᠵᠤ᠂ ᠰᠢᠢᠳᠪᠦᠷᠢᠳᠦ ᠪᠣᠳᠣᠯᠭ᠎ᠠ ᠲᠣᠭᠲᠠᠭᠠᠬᠤ᠂ | ᠬᠡᠷᠡᠭᠵᠢᠭᠦᠯᠬᠦ᠂ ᠬᠠᠮᠢᠶᠠᠷᠬᠤ᠂ ᠦᠢᠯᠡᠴᠢᠯᠡᠬᠦ ᠪᠠ ᠦᠷ᠎ᠡ ᠳ᠋ᠦᠩ ᠢ ᠢᠯᠡ ᠪᠣᠯᠭᠠᠬᠤ ᠶᠢ ᠪᠥᠬᠦ ᠲᠠᠯ᠎ᠠ ᠪᠠᠷ ᠲᠦᠯᠬᠢᠨ | ᠠᠬᠢᠭᠤᠯᠤᠨ᠎ᠠ ︵ᠳᠣᠷᠣᠭᠰᠢ ︽ᠲᠠᠪᠤ ᠶᠢ ᠢᠯᠡ ᠪᠣᠯᠭᠠᠬᠤ︾ ᠭᠡᠵᠦ ᠲᠣᠪᠴᠢᠯᠠᠨ᠎ᠠ︶᠃ ᠲᠥᠷᠥ ᠶᠢᠨ ᠪᠣᠳᠣᠯᠭ᠎ᠠ ᠶᠢ | ᠤᠬᠠᠭᠤᠯᠤᠨ ᠲᠠᠶᠢᠯᠪᠤᠷᠢᠯᠠᠬᠤ ᠪᠠ ᠠᠩᠬᠠᠷᠤᠯ ᠲᠠᠯᠪᠢᠵᠤ ᠪᠠᠶᠢᠭ᠎ᠠ ᠠᠰᠠᠭᠤᠳᠠᠯ ᠳᠤ ᠬᠠᠷᠢᠭᠤ ᠲᠤᠰᠬᠠᠬᠤ ᠶᠢ | ᠴᠢᠩᠭᠠᠳᠬᠠᠵᠤ᠂ ᠣᠯᠠᠨ ᠨᠡᠶᠢᠲᠡ ᠶᠢᠨ ᠣᠷᠣᠯᠴᠠᠬᠤ ᠶᠢ ᠥᠷᠭᠡᠳᠬᠡᠨ᠂ ᠲᠥᠷᠥ ᠶᠢᠨ ᠪᠣᠳᠣᠯᠭ᠎ᠠ ᠶᠢᠨ | ᠨᠠᠶᠢᠳᠠᠪᠤᠷᠢᠵᠢᠭᠤᠯᠤᠯᠲᠠ ᠶᠢ ᠠᠬᠢᠭᠤᠯᠵᠤ᠂ ᠪᠥᠬᠦ ᠲᠤᠭᠤᠷᠢᠭ ᠤᠨ ᠵᠠᠰᠠᠭ ᠤᠨ ᠶᠠᠪᠤᠳᠠᠯ ᠢ ᠢᠯᠡ ᠪᠣᠯᠭᠠᠬᠤ ᠬᠢᠷᠢ | ᠬᠡᠮᠵᠢᠶ᠎ᠡ ᠶᠢ ᠴᠢᠷᠮᠠᠶᠢᠨ ᠳᠡᠭᠡᠭᠰᠢᠯᠡᠭᠦᠯᠦᠨ᠎ᠡ᠃ | ᠨᠢᠭᠡ᠂ ᠶᠡᠷᠦᠩᠬᠡᠶ ᠱᠠᠭᠠᠷᠳᠠᠯᠭ᠎ᠠ | ᠰᠢ ᠶᠢᠨ ᠫᠢᠩ ᠤᠨ ᠰᠢᠨ᠎ᠡ ᠴᠠᠭ ᠦᠶ᠎ᠡ ᠶᠢᠨ ᠳᠤᠮᠳᠠᠳᠤ ᠤᠯᠤᠰ ᠤᠨ ᠣᠨᠴᠠᠯᠢᠭ ᠪᠦᠬᠦᠢ ᠨᠡᠶᠢᠭᠡᠮ ᠵᠢᠷᠤᠮ ᠤᠨ | ᠦᠵᠡᠯ ᠰᠠᠨᠠᠭ᠎ᠠ ᠪᠠᠷ ᠵᠢᠯᠣᠭᠤᠳᠣᠯᠭ᠎ᠠ ᠪᠣᠯᠭᠠᠵᠤ᠂ ᠨᠠᠮ ᠤᠨ ᠠᠷᠪᠠ ᠶᠢᠰᠦᠳᠦᠭᠡᠷ ᠶᠡᠭᠡ ᠬᠤᠷᠠᠯ ᠪᠠ ᠠᠷᠪᠠ | ᠶᠢᠰᠦᠳᠦᠭᠡᠷ ᠬᠤᠭᠤᠴᠠᠭᠠᠨ ᠤ ᠲᠥᠪ ᠬᠤᠷᠢᠶᠠᠨ ᠤ ᠬᠤᠶᠠᠳᠤᠭᠠᠷ᠂ ᠭᠤᠷᠪᠠᠳᠤᠭᠠᠷ ᠪᠥᠬᠦᠳᠡ ᠬᠤᠷᠠᠯ ᠤᠨ ᠵᠣᠷᠢᠭ | ᠰᠠᠨᠠᠭ᠎ᠠ ᠶᠢ ᠪᠥᠬᠦ ᠲᠠᠯ᠎ᠠ ᠪᠠᠷ ᠲᠤᠤᠱᠯᠠᠭᠤᠯᠤᠨ᠂ ᠨᠠᠮ ᠤᠨ ᠲᠥᠪ ᠬᠤᠷᠢᠶ᠎ᠠ᠂ ᠲᠥᠷᠥ ᠶᠢᠨ ᠶᠠᠪᠤᠳᠠᠯ ᠤᠨ ᠬᠤᠷᠢᠶ᠎ᠠ | ᠪᠠ ᠥᠪᠡᠷᠲᠡᠭᠡᠨ ᠵᠠᠰᠠᠬᠤ ᠣᠷᠣᠨ ᠵᠢᠴᠢ ᠲᠦᠩᠯᠢᠶᠣᠤ ᠬᠤᠲᠠ ᠶᠢᠨ ᠵᠠᠰᠠᠭ ᠤᠨ ᠶᠠᠪᠤᠳᠠᠯ ᠢ ᠢᠯᠡ ᠪᠣᠯᠭᠠᠬᠤ | ᠠᠵᠢᠯ ᠢ ᠪᠥᠬᠦ ᠲᠠᠯ᠎ᠠ ᠪᠠᠷ ᠠᠬᠢᠭᠤᠯᠬᠤ ᠲᠤᠬᠠᠶ ᠪᠠᠶᠢᠷᠢᠯᠠᠭᠤᠯᠤᠯᠲᠠ ᠶᠢᠨ ᠱᠠᠭᠠᠷᠳᠠᠯᠭ᠎ᠠ ᠶᠢ ᠬᠢᠨᠠᠮᠠᠭᠠᠶ | ᠨᠠᠢᠳᠠᠪᠤᠷᠢᠵᠢᠭᠤᠯᠬᠤ᠂ ᠪᠥᠬᠦ ᠲᠤᠭᠤᠷᠢᠭ ᠤᠨ ᠠᠵᠤ ᠠᠬᠤᠶ ᠨᠡᠶᠢᠭᠡᠮ ᠤᠨ ᠬᠥᠭᠵᠢᠯᠲᠡ ᠶᠢᠨ ᠶᠡᠭᠡ ᠲᠠᠯ᠎ᠠ ᠪᠠ ᠠᠷᠠᠳ | ᠣᠯᠠᠨ ᠤ ᠠᠩᠬᠠᠷᠤᠯ ᠤᠨ ᠲᠣᠭᠤᠷᠢᠨ ᠳᠤ᠂ ᠨᠢᠭᠡᠳᠦᠯᠲᠡᠶ ᠲᠥᠯᠥᠪᠯᠡᠨ ᠨᠡᠶᠢᠲᠡ ᠳᠤᠨᠢ ᠬᠠᠷᠠᠭᠠᠯᠵᠠᠵᠤ᠂ | ᠭᠤᠤᠯᠳᠠᠯᠭ᠎ᠠ ᠶᠢ ᠳᠣᠪᠤᠶᠢᠯᠭᠠᠨ᠂ ᠢᠯᠡ ᠪᠣᠯᠭᠠᠬᠤ ᠶᠢ ᠬᠡᠪ ᠤᠨ ᠪᠠᠶᠢᠳᠠᠯ ᠪᠣᠯᠭᠠᠬᠤ᠂ ᠢᠯᠡ ᠪᠣᠯᠭᠠᠬᠤ ᠦᠭᠡᠢ ᠶᠢ | ᠣᠨᠴᠣᠭᠤᠶ ᠪᠠᠶᠢᠳᠠᠯ ᠪᠣᠯᠭᠠᠬᠤ ᠶᠢ ᠪᠠᠷᠢᠮᠲᠠᠯᠠᠵᠤ᠂ ᠵᠠᠰᠠᠭ ᠵᠠᠬᠢᠷᠭᠠᠨ ᠤ ᠰᠢᠢᠳᠪᠦᠷᠢᠳᠦ ᠪᠣᠳᠣᠯᠭ᠎ᠠ ᠶᠢ ᠢᠯᠡ | ᠪᠣᠯᠭᠠᠬᠤ᠂ ᠬᠡᠷᠡᠭᠵᠢᠭᠦᠯᠦᠯᠲᠡ ᠶᠢ ᠢᠯᠡ ᠪᠣᠯᠭᠠᠬᠤ᠂ ᠬᠠᠮᠢᠶᠠᠷᠤᠯᠲᠠ ᠶᠢ ᠢᠯᠡ ᠪᠣᠯᠭᠠᠬᠤ᠂ ᠦᠢᠯᠡᠴᠢᠯᠡᠭᠡ ᠶᠢ ᠢᠯᠡ | ᠪᠣᠯᠭᠠᠬᠤ ᠪᠠ ᠦᠷ᠎ᠡ ᠳ᠋ᠦᠩ ᠢ ᠢᠯᠡ ᠪᠣᠯᠭᠠᠬᠤ ᠶᠢ ᠠᠬᠢᠭᠤᠯᠤᠨ᠎ᠠ᠃ ᠢᠯᠡ ᠪᠣᠯᠭᠠᠬᠤ ᠠᠭᠤᠯᠭ᠎ᠠ ᠨᠢ ᠡᠷᠬᠡ ᠶᠢᠨ | ᠠᠵᠢᠯᠯᠠᠭᠠᠨ ᠤ ᠪᠦᠬᠦ ᠶᠠᠪᠤᠴᠠ᠂ ᠵᠠᠰᠠᠭ ᠤᠨ ᠶᠠᠪᠤᠳᠠᠯ ᠤᠨ ᠦᠢᠯᠡᠴᠢᠯᠡᠭᠡᠨ ᠤ ᠪᠦᠬᠦ ᠶᠠᠪᠤᠴᠠ ᠶᠢ ᠬᠠᠮᠤᠷᠴᠤ᠂ | ᠣᠯᠠᠨ ᠨᠡᠶᠢᠲᠡ ᠶᠢᠨ ᠣᠷᠣᠯᠴᠠᠬᠤ ᠶᠢ ᠲᠠᠰᠤᠷᠠᠯᠲᠠ ᠦᠭᠡᠢ ᠥᠷᠭᠡᠳᠬᠡᠨ᠂ ᠵᠠᠰᠠᠭ ᠤᠨ ᠣᠷᠳᠣᠨ ᠤ ᠪᠦᠲᠦᠮᠵᠢᠲᠡᠶ | ᠪᠠᠶᠢᠬᠤ ᠶᠢ ᠠᠬᠢᠭᠤᠯᠵᠤ᠂ ᠵᠠᠰᠠᠭ ᠤᠨ ᠣᠷᠳᠣᠨ ᠤ ᠣᠯᠠᠨ ᠨᠡᠶᠢᠲᠡ ᠶᠢ ᠢᠲᠡᠭᠡᠭᠦᠯᠬᠦ ᠬᠦᠴᠦᠨ᠂ ᠭᠦᠢᠴᠡᠳᠭᠡᠬᠦ | ᠬᠦᠴᠦᠨ ᠢ ᠴᠢᠩᠭᠠᠷᠠᠭᠤᠯᠤᠨ᠎ᠠ᠃ | ᠬᠤᠶᠠᠷ᠂ ᠵᠠᠰᠠᠭ ᠤᠨ ᠶᠠᠪᠤᠳᠠᠯ ᠢ ᠢᠯᠡ ᠪᠣᠯᠭᠠᠬᠤ ᠭᠤᠤᠯᠳᠠᠯᠭ᠎ᠠ ᠲᠠᠢ ᠠᠵᠢᠯ | ︵ᠨᠢᠭᠡ︶ ᠵᠠᠰᠠᠭ ᠤᠨ ᠶᠠᠪᠤᠳᠠᠯ ᠢ ᠢᠯᠡ ᠪᠣᠯᠭᠠᠬᠤ ᠲᠠᠪᠴᠠᠩ ᠤᠨ ᠪᠠᠶᠢᠭᠤᠯᠤᠯᠲᠠ ᠶᠢ ᠰᠢᠯᠢᠳᠡᠭᠵᠢᠭᠦᠯᠦᠨ᠎ᠡ᠃ | ᠵᠠᠰᠠᠭ ᠤᠨ ᠣᠷᠳᠣᠨ ᠤ ᠰᠦᠯᠵᠢᠶᠡᠨ ᠤ ᠥᠷᠲᠡᠭᠡ ᠶᠢᠨ ᠵᠠᠰᠠᠭ ᠤᠨ ᠣᠷᠳᠣᠨ ᠤ ᠮᠡᠳᠡᠭᠡ ᠵᠠᠩᠭᠢ ᠶᠢ ᠢᠯᠡ ᠪᠣᠯᠭᠠᠬᠤ | ᠨᠢᠭᠡᠳᠦᠭᠡᠷ ᠲᠠᠪᠴᠠᠩ ᠪᠣᠯᠭᠠᠵᠤ᠂ ᠡᠬᠢ ᠪᠠᠶᠠᠯᠢᠭ ᠢ ᠡᠮᠬᠢᠯᠡᠨ ᠨᠡᠶᠢᠯᠡᠭᠦᠯᠬᠦ ᠪᠠ ᠨᠡᠭᠡᠭᠡᠯᠲᠡ ᠬᠢᠵᠦ ᠬᠠᠮᠲᠤ ᠪᠠᠷ | ᠡᠳ᠋ᠯᠡᠬᠦ ᠶᠢ ᠴᠢᠩᠭᠠᠳᠬᠠᠨ᠂ ᠰᠦᠯᠵᠢᠶᠡᠨ ᠤ ᠥᠷᠲᠡᠭᠡ ᠶᠢᠨ ᠪᠥᠭᠡᠮᠨᠡᠷᠡᠯ ᠤᠨ ᠦᠢᠯᠡᠳᠦᠯ ᠢ ᠳᠡᠭᠡᠭᠰᠢᠯᠡᠭᠦᠯᠵᠦ᠂ | ᠮᠡᠳᠡᠭᠡ ᠵᠠᠩᠭᠢ ᠶᠢ ᠢᠯᠡ ᠪᠣᠯᠭᠠᠬᠤ ᠲᠠᠪᠴᠠᠩ ᠬᠢᠭᠡᠳ ᠵᠠᠰᠠᠭ ᠤᠨ ᠶᠠᠪᠤᠳᠠᠯ ᠤᠨ ᠦᠢᠯᠡᠴᠢᠯᠡᠭᠡ ᠵᠡᠷᠭᠡ | ᠲᠠᠪᠴᠠᠩ ᠤᠨ ᠬᠠᠷᠢᠯᠴᠠᠨ ᠬᠤᠯᠪᠣᠭᠠᠯᠠᠵᠤ ᠬᠠᠷᠢᠯᠴᠠᠨ ᠨᠡᠪᠲᠡᠷᠡᠯᠴᠡᠬᠦ ᠶᠢ ᠴᠢᠷᠮᠠᠶᠢᠨ ᠪᠡᠶᠡᠯᠡᠭᠦᠯᠦᠨ᠎ᠡ᠃ ᠨᠡᠪᠲᠡᠷᠡᠭᠦᠯᠬᠦ | ᠪᠠ ᠭᠦᠨᠵᠡᠭᠡᠶ ᠠᠭᠤᠰᠤᠯᠴᠠᠭᠤᠯᠵᠤ᠂ ᠮᠠᠨ ᠤ ᠲᠤᠭᠤᠷᠢᠭ ᠤᠨ ᠵᠠᠰᠠᠭ ᠤᠨ ᠶᠠᠪᠤᠳᠠᠯ ᠤᠨ ᠦᠢᠯᠡᠴᠢᠯᠡᠭᠡᠨ ᠤ | ᠵᠦᠢᠯᠡᠰ ᠤᠨ ᠮᠡᠳᠡᠭᠡ ᠵᠠᠩᠭᠢ ᠶᠢ ᠢᠯᠡ ᠪᠣᠯᠭᠠᠬᠤ ᠶᠢ ᠯᠠᠪᠳᠠᠭᠤᠨ ᠪᠠᠲᠤᠲᠠᠶ ᠰᠠᠶᠢᠲᠤᠷ ᠬᠢᠨ᠎ᠡ᠃ ᠵᠠᠰᠠᠭ ᠤᠨ | ᠶᠠᠪᠤᠳᠠᠯ ᠢ ᠢᠯᠡ ᠪᠣᠯᠭᠠᠬᠤ ᠶᠢ ᠪᠠᠷᠢᠮᠵᠢᠶᠠᠵᠢᠭᠤᠯᠵᠤ ᠵᠢᠷᠤᠮᠵᠢᠭᠤᠯᠬᠤ ᠲᠤᠰᠬᠠᠶ ᠪᠤᠯᠤᠩ ᠢ ᠲᠡᠭᠦᠯᠳᠡᠷᠵᠢᠭᠦᠯᠵᠦ᠂ | ᠡᠯ᠎ᠡ ᠬᠠᠮᠢᠶ᠎ᠠ ᠪᠦᠬᠦᠢ ᠬᠦᠷᠢᠶ᠎ᠡ ᠴᠠᠷᠠᠭ᠎ᠠ ᠶᠢᠨ ᠠᠭᠤᠯᠭ᠎ᠠ ᠶᠢ ᠪᠥᠬᠦ ᠲᠠᠯ᠎ᠠ ᠪᠠᠷ᠂ ᠰᠢᠰᠲ᠋ᠧᠮ ᠲᠠᠢ ᠢᠯᠡ ᠪᠣᠯᠭᠠᠵᠤ᠂ | ᠮᠡᠳᠡᠭᠡ ᠵᠠᠩᠭᠢ ᠶᠢᠨ ᠬᠠᠶᠢᠯᠲᠠ ᠶᠢᠨ ᠴᠢᠳᠠᠮᠵᠢ ᠶᠢ ᠴᠢᠩᠭᠠᠷᠠᠭᠤᠯᠤᠨ᠂ ᠲᠠᠪᠴᠠᠩ ᠤᠨ ᠬᠠᠶᠢᠯᠲᠠ ᠶᠢᠨ ᠳᠥᠭᠦᠮ | ᠳᠥᠲᠡ ᠴᠢᠨᠠᠷ ᠢ ᠳᠡᠭᠡᠭᠰᠢᠯᠡᠭᠦᠯᠵᠦ᠂ ᠣᠯᠠᠨ ᠲᠦᠮᠡᠨ ᠢᠯᠡ ᠪᠣᠯᠭᠠᠬᠤ ᠮᠡᠳᠡᠭᠡ ᠵᠠᠩᠭᠢ ᠶᠢ ᠨᠠᠩ ᠠᠮᠠᠷᠬᠠᠨ ᠣᠯᠵᠤ | ᠪᠣᠯᠤᠨ᠎ᠠ᠃ | ︵ᠬᠤᠶᠠᠷ︶ ᠵᠠᠰᠠᠭ ᠤᠨ ᠣᠷᠳᠣᠨ ᠤ ᠭᠤᠤᠯᠳᠠᠯᠭ᠎ᠠ ᠲᠠᠢ ᠠᠵᠢᠯ ᠢ ᠴᠢᠩᠭᠠᠷᠠᠭᠤᠯᠬᠤ ᠬᠡᠷᠡᠭᠲᠡᠶ᠃ ᠲᠤᠭᠤᠷᠢᠭ | ᠤᠨ ᠲᠣᠭᠲᠠᠭᠠᠭᠰᠠᠨ ᠤᠨ ᠭᠤᠤᠯᠳᠠᠯᠭ᠎ᠠ ᠲᠠᠢ ᠠᠵᠢᠯ ᠤᠨ ᠡᠭᠦᠷᠭᠡ ᠶᠢᠨ ᠵᠠᠳᠠᠯᠤᠭᠰᠠᠨ ᠪᠠᠶᠢᠳᠠᠯ ᠢ ᠵᠠᠰᠠᠭ ᠤᠨ | ᠣᠷᠳᠣᠨ ᠤ ᠮᠡᠳᠡᠭᠡ ᠵᠠᠩᠭᠢ ᠶᠢ ᠢᠯᠡ ᠪᠣᠯᠭᠠᠬᠤ ᠰᠦᠯᠵᠢᠶᠡᠨ ᠳᠡᠭᠡᠷ᠎ᠡ ᠴᠠᠭ ᠲᠤᠬᠠᠶ ᠳᠤᠨᠢ ᠨᠡᠶᠢᠭᠡᠮ ᠳᠤ ᠢᠯᠡ | ᠪᠣᠯᠭᠠᠵᠤ᠂ ᠵᠢᠯ ᠤᠨ ᠭᠤᠤᠯᠳᠠᠯᠭ᠎ᠠ ᠲᠠᠢ ᠠᠵᠢᠯ ᠤᠨ ᠪᠡᠶᠡᠯᠡᠭᠦᠯᠦᠭᠰᠡᠨ ᠪᠠᠶᠢᠳᠠᠯ ᠢ ᠤᠯᠠᠷᠢᠯ ᠪᠦᠷᠢ ᠮᠡᠳᠡᠭᠡ ᠵᠠᠩᠭᠢ ᠶᠢ | ᠢᠯᠡ ᠪᠤᠯᠭᠠᠨ ᠰᠦᠯᠵᠢᠶᠡᠨ ᠳᠡᠭᠡᠷ᠎ᠡ ᠨᠡᠶᠢᠲᠡᠯᠡᠬᠦ ᠬᠡᠷᠡᠭᠲᠡᠶ᠃ ᠡᠯ᠎ᠡ ᠰᠠᠯᠠᠭ᠎ᠠ ᠮᠥᠴᠢᠷ ᠤᠳ ᠲᠣᠰ ᠰᠠᠯᠠᠭ᠎ᠠ | ᠮᠥᠴᠢᠷ ᠤᠨ ᠢᠶᠠᠨ ᠭᠤᠤᠯᠳᠠᠯᠭ᠎ᠠ ᠲᠠᠢ ᠠᠵᠢᠯ ᠤᠨ ᠮᠡᠳᠡᠭᠡ ᠵᠠᠩᠭᠢ ᠶᠢᠨ ᠭᠤᠤᠯ ᠴᠣᠭᠴᠠ᠂ ᠠᠭᠤᠯᠭ᠎ᠠ᠂ ᠴᠠᠭ ᠤᠨ | ᠬᠢᠵᠠᠭᠠᠷ ᠢ ᠰᠠᠯᠠᠭ᠎ᠠ ᠲᠠᠰᠤᠭ ᠲᠤ ᠬᠤᠪᠢᠶᠠᠷᠢᠯᠠᠨ᠂ ᠬᠠᠷᠢᠭᠤᠴᠠᠯᠭ᠎ᠠ ᠶᠢ ᠬᠥᠮᠦᠨ ᠳᠤ ᠬᠦᠷᠲᠡᠯ᠎ᠡ ᠤᠯᠠᠮ ᠨᠢᠭᠡ | ᠠᠯᠬᠤᠮ ᠵᠠᠳᠠᠯᠤᠨ ᠨᠠᠢᠳᠠᠪᠤᠷᠢᠵᠢᠭᠤᠯᠬᠤ᠂ ᠭᠤᠤᠯᠳᠠᠯᠭ᠎ᠠ ᠲᠠᠢ ᠠᠵᠢᠯ ᠤᠨ ᠭᠤᠤᠯ ᠠᠭᠤᠯᠭ᠎ᠠ ᠶᠢ ᠲᠣᠳᠣᠷᠬᠠᠶᠢᠯᠠᠨ᠂ | ᠭᠤᠤᠯᠳᠠᠯᠭ᠎ᠠ ᠶᠢ ᠦᠨᠡᠨᠬᠦ ᠪᠠᠲᠤᠯᠠᠬᠤ ᠪᠠ ᠪᠡᠶᠡᠯᠡᠭᠦᠯᠦᠭᠰᠡᠨ ᠪᠠᠶᠢᠳᠠᠯ ᠢ ᠴᠠᠭ ᠲᠤᠬᠠᠶ ᠳᠤᠨᠢ ᠢᠯᠡ ᠪᠣᠯᠭᠠᠬᠤ ᠬᠡᠷᠡᠭᠲᠡᠶ | ᠃ | ︵ᠭᠤᠷᠪᠠ︶ ᠲᠥᠷᠥ ᠶᠢᠨ ᠪᠣᠳᠣᠯᠭ᠎ᠠ ᠶᠢ ᠤᠩᠰᠢᠨ ᠲᠠᠶᠢᠯᠪᠤᠷᠢᠯᠠᠬᠤ ᠠᠵᠢᠯ ᠢ ᠴᠢᠩᠭᠠᠳᠬᠠᠬᠤ ᠬᠡᠷᠡᠭᠲᠡᠶ᠃ | ᠡᠯ᠎ᠡ ᠪᠠᠯᠭᠠᠰᠤ ᠰᠤᠮᠤ᠂ ᠲᠤᠭᠤᠷᠢᠭ ᠤᠨ ᠰᠢᠭᠤᠳ ᠬᠠᠷᠢᠶ᠎ᠠ ᠨᠢᠭᠡᠴᠡ ᠨᠦᠭᠦᠳ ᠲᠥᠷᠥ ᠶᠢᠨ ᠪᠣᠳᠣᠯᠭ᠎ᠠ ᠶᠢ ᠤᠩᠰᠢᠨ | ᠨᠠᠶᠢᠷᠠᠭᠤᠯᠵᠤ ᠪᠢᠴᠢᠬᠦ᠂ ᠬᠢᠨᠠᠨ ᠭᠠᠷ ᠤᠨ ᠦᠰᠦᠭ ᠵᠢᠷᠤᠬᠤ᠂ ᠨᠡᠶᠢᠲᠡᠯᠡᠬᠦ ᠠᠵᠢᠯ ᠤᠨ ᠴᠤᠪᠤᠷᠠᠯ ᠢ ᠤᠯᠠᠮ ᠨᠢᠭᠡ | ᠠᠯᠬᠤᠮ ᠪᠦᠷᠢᠨ ᠪᠣᠯᠭᠠᠨ ᠲᠡᠭᠦᠯᠳᠡᠷᠵᠢᠭᠦᠯᠵᠦ᠂ ᠬᠠᠷᠢᠭᠤᠴᠠᠯᠭ᠎ᠠ ᠶᠢᠨ ᠭᠤᠤᠯ ᠴᠣᠭᠴᠠ ᠶᠢ ᠲᠣᠳᠣᠷᠬᠠᠶᠢᠯᠠᠨ᠂ | ᠠᠵᠢᠯ ᠤᠨ ᠲᠣᠭᠲᠠᠴᠠ ᠶᠢ ᠨᠠᠢᠳᠠᠪᠤᠷᠢᠵᠢᠭᠤᠯᠬᠤ᠂ ᠲᠥᠷᠥ ᠶᠢᠨ ᠪᠣᠳᠣᠯᠭ᠎ᠠ ᠶᠢ ᠤᠩᠰᠢᠨ ᠲᠠᠶᠢᠯᠪᠤᠷᠢᠯᠠᠬᠤ | ᠰᠠᠨᠠᠭᠠᠴᠢᠯᠠᠭᠠᠲᠤ ᠴᠢᠨᠠᠷ᠂ ᠴᠢᠭᠯᠡᠭᠦᠯᠦᠯᠲᠡ ᠴᠢᠨᠠᠷ ᠪᠠ ᠴᠠᠭ ᠬᠤᠭᠤᠴᠠᠭ᠎ᠠ ᠶᠢ ᠤᠯᠠᠮ ᠨᠢᠭᠡ ᠠᠯᠬᠤᠮ | ᠳᠡᠭᠡᠭᠰᠢᠯᠡᠭᠦᠯᠬᠦ ᠬᠡᠷᠡᠭᠲᠡᠶ᠃ ᠬᠦᠨᠳᠦ ᠶᠡᠭᠡ ᠠᠶᠤᠯ ᠲᠦᠭᠰᠢᠭᠦᠷᠢ ᠶᠢ ᠰᠡᠷᠭᠡᠶᠢᠯᠡᠨ ᠠᠷᠢᠯᠭᠠᠬᠤ᠂ ᠤᠨᠢᠨ ᠳᠡᠭᠡᠷ᠎ᠡ ᠨᠢ | ᠣᠨᠣᠪᠴᠢᠲᠠᠶ ᠪᠠᠷ ᠶᠠᠳᠠᠭᠤ ᠠᠴᠠ ᠠᠩᠭᠢᠵᠢᠷᠠᠭᠤᠯᠬᠤ᠂ ᠪᠣᠬᠢᠷᠲᠤᠯ ᠢ ᠰᠡᠷᠭᠡᠶᠢᠯᠡᠨ ᠵᠠᠰᠠᠬᠤ ᠭᠤᠷᠪᠠᠨ ᠶᠡᠭᠡ | ᠰᠢᠪᠲᠤᠯᠤᠯᠲᠠ ᠶᠢᠨ ᠳᠠᠶᠢᠯᠠᠯᠳᠤᠭᠠᠨ ᠤ ᠬᠠᠮᠢᠶ᠎ᠠ ᠪᠦᠬᠦᠢ ᠲᠥᠷᠥ ᠶᠢᠨ ᠪᠣᠳᠣᠯᠭ᠎ᠠ ᠶᠢᠨ ᠠᠷᠭ᠎ᠠ ᠬᠡᠮᠵᠢᠶ᠎ᠡ ᠶᠢ ᠤᠩᠰᠢᠨ | ᠲᠠᠶᠢᠯᠪᠤᠷᠢᠯᠠᠬᠤ ᠠᠵᠢᠯ ᠢ ᠭᠤᠤᠯᠳᠠᠯᠭ᠎ᠠ ᠲᠠᠢ ᠰᠠᠶᠢᠲᠤᠷ ᠠᠳᠬᠤᠨ᠎ᠠ᠃ ᠡᠯ᠎ᠡ ᠰᠠᠯᠠᠭ᠎ᠠ ᠮᠥᠴᠢᠷ ᠤᠨ ᠭᠤᠤᠯ | ᠬᠠᠷᠢᠭᠤᠴᠠᠯᠭᠠᠲᠠᠨ ᠨᠥᠬᠦᠳ ᠴᠢᠬᠤᠯᠠ ᠶᠡᠭᠡ ᠲᠥᠷᠥ ᠶᠢᠨ ᠪᠣᠳᠣᠯᠭ᠎ᠠ ᠶᠢᠨ ︽ᠨᠢᠭᠡᠳᠦᠭᠡᠷ ᠲᠠᠶᠢᠯᠤᠮᠵᠢ ᠬᠢᠭᠴᠢ︾ | ᠶᠢᠨ ᠡᠭᠦᠷᠭᠡ ᠬᠠᠷᠢᠭᠤᠴᠠᠯᠭ᠎ᠠ ᠪᠠᠨ ᠰᠠᠶᠢᠲᠤᠷ ᠭᠦᠢᠴᠡᠳᠭᠡᠵᠦ᠂ ᠰᠣᠨᠢᠨ ᠮᠡᠳᠡᠭᠡ ᠨᠡᠶᠢᠲᠡᠯᠡᠬᠦ ᠬᠤᠷᠠᠯ᠂ ᠵᠠᠰᠠᠭ ᠤᠨ | ᠣᠷᠳᠣᠨ ᠤ ᠰᠦᠯᠵᠢᠶᠡᠨ ᠥᠷᠲᠡᠭᠡ ᠵᠡᠷᠭᠡ ᠠᠷᠭ᠎ᠠ ᠮᠠᠶ᠋ᠢᠭ ᠢᠶᠠᠷ ᠳᠠᠮᠵᠢᠭᠤᠯᠤᠨ᠂ ᠲᠥᠷᠥ ᠶᠢᠨ ᠪᠣᠳᠣᠯᠭ᠎ᠠ ᠶᠢᠨ | ᠠᠬᠤᠶ ᠪᠠᠢᠳᠠᠯ᠂ ᠭᠤᠤᠯᠳᠠᠯᠭ᠎ᠠ ᠲᠠᠢ ᠡᠭᠦᠷᠭᠡ᠂ ᠵᠠᠯᠭᠠᠮᠵᠢ ᠠᠵᠢᠯ ᠶᠢᠨ ᠰᠡᠳᠬᠢᠮᠵᠢ ᠵᠡᠷᠭᠡ ᠳᠤ ᠭᠦᠨᠵᠡᠭᠡᠶ ᠲᠠᠶᠢᠯᠤᠮᠵᠢ | ᠬᠢᠵᠦ᠂ ᠵᠠᠷᠢᠮ ᠲᠤᠰᠬᠠᠶ ᠮᠡᠷᠭᠡᠵᠢᠯ ᠤᠨ ᠴᠢᠨᠠᠷ ᠢᠶᠠᠷ ᠨᠡᠯᠢᠶᠡᠳ ᠴᠢᠩᠭ᠎ᠠ ᠲᠥᠷᠥ ᠶᠢᠨ ᠪᠣᠳᠣᠯᠭ᠎ᠠ ᠶᠢ ᠲᠦᠷᠦᠭᠦᠯᠡᠨ | ᠨᠣᠤᠷᠠᠭᠯᠠᠬᠤ ᠰᠠᠯᠠᠭ᠎ᠠ ᠮᠥᠴᠢᠷ ᠤᠳ ᠪᠤᠰᠤᠳᠴᠢ ᠲᠤᠭ᠎ᠠ ᠪᠠᠷᠢᠮᠲᠠ᠂ ᠠᠮᠢᠳᠤᠯᠢᠭ ᠪᠣᠳᠠᠲᠤ ᠵᠢᠱᠢᠶ᠎ᠡ ᠵᠡᠷᠭᠡ ᠶᠢ | ᠬᠡᠷᠡᠭᠯᠡᠬᠦ ᠶᠢ ᠴᠢᠬᠤᠯᠠᠴᠢᠯᠠᠵᠤ᠂ ᠬᠠᠭᠤᠮᠠᠭᠠᠶ᠂ ᠣᠶᠢᠯᠠᠭᠠᠮᠵᠢᠲᠠᠶ ᠲᠠᠶᠢᠯᠤᠮᠵᠢ ᠬᠢᠵᠦ᠂ ᠲᠥᠷᠥ ᠶᠢᠨ ᠪᠣᠳᠣᠯᠭ᠎ᠠ ᠶᠢ | ᠲᠣᠳᠣᠷᠬᠠᠶ ᠲᠠᠶᠢᠯᠪᠤᠷᠢᠯᠠᠵᠤ᠂ ᠲᠥᠷᠥ ᠶᠢᠨ ᠪᠣᠳᠣᠯᠭ᠎ᠠ ᠶᠢᠨ ᠲᠠᠶᠢᠯᠤᠮᠵᠢ ᠶᠢᠨ ᠠᠶᠢᠵᠠᠮ ᠪᠠ ᠡᠷᠴᠢᠮ ᠢ ᠰᠠᠶᠢᠲᠤᠷ | ᠡᠵᠡᠮᠳᠡᠵᠦ᠂ ᠲᠥᠷᠥ ᠶᠢᠨ ᠪᠣᠳᠣᠯᠭ᠎ᠠ ᠶᠢᠨ ᠨᠠᠶᠢᠳᠠᠪᠤᠷᠢᠵᠢᠭᠤᠯᠤᠯᠲᠠ ᠶᠢ ᠠᠬᠢᠭᠤᠯᠬᠤ ᠰᠠᠶᠢᠨ ᠰᠠᠶᠢᠬᠠᠨ ᠤᠷᠴᠢᠨ | ᠠᠬᠤᠢ ᠶᠢ ᠪᠣᠶ ᠪᠣᠯᠭᠠᠬᠤ ᠬᠡᠷᠡᠭᠲᠡᠶ᠃ | ︵ ᠳᠦᠷᠪᠡ︶ ᠣᠯᠠᠨ ᠨᠡᠶᠢᠲᠡ ᠶᠢᠨ ᠣᠷᠣᠯᠴᠠᠬᠤ ᠶᠢ ᠰᠠᠨᠠᠭᠠᠴᠢᠯᠠᠭ᠎ᠠ ᠠᠴᠠ ᠪᠠᠨ ᠥᠷᠭᠡᠳᠬᠡᠨ᠎ᠡ᠃ ᠣᠯᠠᠨ | ᠨᠡᠶᠢᠲᠡ ᠶᠢᠨ ᠣᠷᠣᠯᠴᠠᠬᠤ ᠲᠣᠭᠲᠠᠴᠠ ᠶᠢ ᠲᠡᠭᠦᠯᠳᠡᠷᠵᠢᠭᠦᠯᠵᠦ᠂ ᠠᠳᠠᠯᠢ ᠪᠤᠰᠤ ᠬᠦᠷᠢᠶ᠎ᠡ ᠴᠠᠷᠠᠭ᠎ᠠ ᠶᠢᠨ ᠣᠯᠠᠨ | ᠨᠡᠶᠢᠲᠡ ᠶᠢᠨ ᠣᠷᠣᠯᠴᠠᠬᠤ ᠳᠤ ᠲᠣᠬᠢᠷᠠᠬᠤ ᠵᠦᠢᠯᠡᠰ ᠪᠠ ᠠᠷᠭ᠎ᠠ ᠮᠠᠶ᠋ᠢᠭ ᠢ ᠠᠯᠬᠤᠮ ᠠᠯᠬᠤᠮ ᠢᠶᠠᠷ ᠬᠠᠶᠢᠨ | ᠰᠦᠪᠡᠭᠴᠢᠯᠡᠵᠦ᠂ ᠵᠠᠰᠠᠭ ᠪᠠ ᠠᠷᠠᠳ ᠬᠠᠷᠢᠯᠴᠠᠨ ᠬᠥᠳᠡᠯᠦᠯᠴᠡᠬᠦ᠂ ᠵᠠᠰᠠᠭ ᠤᠨ ᠶᠠᠪᠤᠳᠠᠯ ᠢ ᠠᠰᠠᠭᠤᠬᠤ᠂ ᠬᠡᠷᠡᠭᠴᠡᠭᠡ | ᠱᠠᠭᠠᠷᠳᠠᠯᠭ᠎ᠠ ᠶᠢ ᠠᠰᠠᠭᠤᠬᠤ᠂ ᠠᠷᠭ᠎ᠠ ᠪᠣᠳᠣᠯᠭ᠎ᠠ ᠶᠢ ᠠᠰᠠᠭᠤᠬᠤ ᠶᠢ ᠴᠢᠩᠭᠠᠳᠬᠠᠨ᠎ᠠ᠃ ᠲᠤᠭᠤᠷᠢᠭ ᠤᠨ | ᠵᠢᠷᠤᠮᠵᠢᠯ ᠤᠨ ᠴᠢᠨᠠᠷᠲᠠᠶ ᠪᠢᠴᠢᠭ ᠮᠠᠲ᠋ᠧᠷᠢᠶᠠᠯ ᠤᠨ ᠱᠠᠭᠠᠷᠳᠠᠯᠭ᠎ᠠ ᠶᠢ ᠦᠨᠳᠦᠰᠦᠯᠡᠨ ᠣᠯᠠᠨ ᠨᠡᠶᠢᠲᠡ ᠶᠢᠨ | ᠣᠷᠣᠯᠴᠠᠬᠤ ᠳᠡᠰ ᠳᠠᠷᠠᠭᠠᠯᠠᠯ ᠢ ᠭᠦᠶ᠋ᠴᠡᠳᠬᠡᠬᠦ ᠴᠢᠬᠤᠯᠠᠲᠠᠶ ᠪᠢᠴᠢᠭ ᠮᠠᠲ᠋ᠧᠷᠢᠶᠠᠯ ᠢ ᠲᠣᠭᠲᠠᠭᠠᠵᠤ᠂ ᠰᠢᠢᠳᠪᠦᠷᠢᠳᠦ | ᠪᠣᠳᠣᠯᠭ᠎ᠠ ᠲᠣᠭᠲᠠᠭᠠᠬᠤ ᠠᠴᠠ ᠡᠮᠦᠨ᠎ᠡ ᠶᠠᠷᠢᠯᠴᠠᠨ ᠶᠠᠷᠢᠯᠴᠠᠬᠤ᠂ ᠵᠥᠪᠯᠡᠯᠭᠡ ᠥᠭᠴᠦ ᠵᠥᠪᠳᠡᠯᠴᠡᠬᠦ᠂ ᠪᠠᠶᠢᠴᠠᠭᠠᠯᠲᠠ | ᠬᠢᠬᠦ᠂ ᠨᠡᠶᠢᠭᠡᠮ ᠳᠤ ᠢᠯᠡ ᠪᠠᠷ ᠰᠠᠨᠠᠯ ᠬᠤᠷᠢᠶᠠᠬᠤ ᠡᠬᠡ ᠨᠣᠣᠷᠠᠭ᠂ ᠭᠡᠷᠡᠴᠢᠯᠡᠭᠡ ᠰᠣᠨᠣᠰᠬᠤ ᠵᠡᠷᠭᠡ ᠠᠷᠭ᠎ᠠ | ᠮᠠᠶ᠋ᠢᠭ ᠢᠶᠠᠷ ᠣᠯᠠᠨ ᠨᠡᠶᠢᠲᠡ ᠶᠢᠨ ᠰᠠᠨᠠᠯ ᠢ ᠰᠣᠨᠣᠰᠴᠤ᠂ ᠰᠢᠢᠳᠪᠦᠷᠢᠳᠦ ᠪᠣᠳᠣᠯᠭ᠎ᠠ ᠲᠣᠭᠲᠠᠭᠠᠬᠤ ᠳᠤᠮᠳᠠ ᠠᠰᠢᠭ | ᠲᠤᠰᠠ ᠶᠢᠨ ᠬᠠᠮᠢᠶ᠎ᠠ ᠪᠦᠬᠦᠢ ᠲᠠᠯ᠎ᠠ᠂ ᠣᠯᠠᠨ ᠨᠡᠶᠢᠲᠡ᠂ ᠲᠤᠰᠬᠠᠶ ᠮᠡᠷᠭᠡᠵᠢᠯᠲᠡᠨ᠂ ᠵᠠᠭᠤᠴᠢᠯᠠᠭᠤᠷ ᠵᠡᠷᠭᠡ | ᠲᠥᠯᠥᠭᠡᠯᠡᠭᠴᠢ ᠶᠢ ᠤᠷᠢᠵᠤ ᠬᠠᠮᠢᠶ᠎ᠠ ᠪᠦᠬᠦᠢ ᠵᠠᠰᠠᠭ ᠤᠨ ᠣᠷᠳᠣᠨ ᠤ ᠪᠠᠶᠢᠩᠭᠤ ᠶᠢᠨ ᠬᠤᠷᠠᠯ᠂ ᠲᠤᠰᠬᠠᠶ ᠰᠡᠳᠦᠪᠲᠦ | ᠬᠤᠷᠠᠯ ᠳᠤ ᠰᠤᠯᠠ ᠣᠷᠣᠯᠴᠠᠭᠤᠯᠵᠤ᠂ ᠰᠢᠢᠳᠪᠦᠷᠢᠳᠦ ᠪᠣᠳᠣᠯᠭ᠎ᠠ ᠲᠣᠭᠲᠠᠭᠠᠭᠰᠠᠨ ᠤ ᠳᠠᠷᠠᠭ᠎ᠠ ᠤᠬᠠᠭᠤᠯᠭ᠎ᠠ | ᠲᠠᠶᠢᠯᠤᠮᠵᠢ ᠶᠢ ᠰᠠᠶᠢᠲᠤᠷ ᠬᠢᠬᠦ ᠬᠡᠷᠡᠭᠲᠡᠶ᠃ | ︵ᠲᠠᠪᠤ︶ ︽ᠭᠤᠷᠪᠠᠨ ᠶᠡᠭᠡ ᠰᠢᠢᠳᠪᠦᠷᠢᠳᠦ ᠳᠠᠶᠢᠯᠠᠯᠳᠤᠭᠠᠨ︾ ᠤ ᠮᠡᠳᠡᠭᠡ ᠵᠠᠩᠭᠢ ᠶᠢ ᠢᠯᠡ ᠪᠣᠯᠭᠠᠬᠤ ᠶᠢ | ᠭᠦᠨᠵᠡᠭᠡᠶ ᠲᠦᠯᠬᠢᠨ ᠠᠬᠢᠭᠤᠯᠤᠨ᠎ᠠ᠃ ᠬᠦᠨᠳᠦ ᠶᠡᠭᠡ ᠠᠶᠤᠯ ᠲᠦᠭᠰᠢᠭᠦᠷᠢ ᠶᠢ ᠰᠡᠷᠭᠡᠶᠢᠯᠡᠨ ᠠᠷᠢᠯᠭᠠᠵᠤ᠂ ᠮᠥᠩᠭᠦᠨ | ᠭᠦᠶᠦᠯᠭᠡᠭᠡᠨ᠂ ᠭᠡᠷ ᠪᠠᠶᠢᠰᠢᠩ ᠭᠠᠵᠠᠷ ᠬᠥᠷᠥᠩᠭᠡ ᠵᠡᠷᠭᠡ ᠬᠦᠷᠢᠶᠡᠨ ᠤ ᠠᠷᠭ᠎ᠠ ᠬᠡᠮᠵᠢᠶ᠎ᠡ ᠵᠢᠴᠢ ᠲᠥᠷᠥ ᠶᠢᠨ | ᠪᠣᠳᠣᠯᠭ᠎ᠠ ᠶᠢᠨ ᠲᠠᠶᠢᠯᠤᠮᠵᠢ ᠶᠢ ᠵᠣᠬᠢᠴᠠᠭᠤᠯᠤᠨ ᠨᠡᠶᠢᠲᠡᠯᠡᠵᠦ᠂ ᠵᠠᠰᠠᠭ ᠤᠨ ᠣᠷᠳᠣᠨ ᠤ ᠲᠥᠰᠦᠪ ᠪᠠ ᠲᠥᠰᠦᠪ ᠤᠨ | ᠭᠦᠢᠴᠡᠳᠭᠡᠯ ᠤᠨ ᠮᠡᠳᠡᠭᠦᠯᠦᠯᠲᠡ ᠪᠠᠷ ᠳᠠᠮᠵᠢᠭᠤᠯᠤᠨ ᠵᠠᠰᠠᠭ ᠤᠨ ᠣᠷᠳᠣᠨ ᠤ ᠥᠷᠢ ᠥᠭᠴᠡᠭᠡ ᠶᠢᠨ ᠬᠢᠵᠠᠭᠠᠷ | ᠲᠤᠭ᠎ᠠ ᠪᠠ ᠦᠯᠡᠳᠡᠪᠦᠷᠢ ᠲᠤᠭ᠎ᠠ ᠶᠢᠨ ᠪᠠᠢᠳᠠᠯ ᠳᠤ ᠲᠣᠳᠣᠷᠬᠠᠶᠢᠯᠠᠯᠲᠠ ᠬᠢᠵᠦ᠂ ᠡᠭᠦᠷᠭᠡ ᠬᠠᠷᠢᠭᠤᠴᠠᠯᠭ᠎ᠠ ᠪᠠᠨ | ᠭᠦᠢᠴᠡᠳᠭᠡᠨ᠂ ᠪᠠᠯᠠ ᠲᠣᠬᠢᠷᠠᠭᠤᠯᠭ᠎ᠠ ᠶᠢᠨ ᠳᠠᠭᠠᠭᠠᠯᠲᠠ ᠵᠢᠴᠢ ᠪᠠᠭ᠎ᠠ ᠲᠣᠭᠠᠨ ᠤ ᠵᠢᠭᠡᠯᠡᠯᠭᠡ ᠶᠢᠨ ᠺᠣᠮᠫᠠᠨᠢ ᠶᠢᠨ | ᠨᠡᠷᠡᠰ ᠤᠨ ᠵᠢᠭᠰᠠᠭᠠᠯᠲᠠ ᠶᠢ ᠢᠯᠡ ᠪᠣᠯᠭᠠᠵᠤ᠂ ᠮᠥᠩᠭᠦᠨ ᠭᠦᠶᠦᠯᠭᠡᠭᠡᠨ ᠤ ᠠᠮᠤᠷ ᠲᠦᠪᠰᠢᠨ ᠤ ᠮᠡᠳᠡᠭᠡ ᠵᠠᠩᠭᠢ ᠶᠢ | ᠢᠯᠡ ᠪᠣᠯᠭᠠᠬᠤ ᠶᠢ ᠲᠦᠯᠬᠢᠨ ᠠᠬᠢᠭᠤᠯᠬᠤ ᠬᠡᠷᠡᠭᠲᠡᠶ᠃ ᠡᠯ᠎ᠡ ᠲᠥᠷᠥᠯ ᠤᠨ ᠭᠤᠤᠯ ᠰᠡᠳᠦᠪᠲᠦ ᠤᠬᠠᠭᠤᠯᠭ᠎ᠠ | ᠬᠥᠮᠦᠵᠢᠯ ᠤᠨ ᠠᠵᠢᠯᠯᠠᠭ᠎ᠠ ᠶᠢ ᠥᠷᠭᠡᠨ ᠢᠶᠠᠷ ᠥᠷᠨᠢᠭᠦᠯᠬᠦ ᠬᠡᠷᠡᠭᠲᠡᠶ᠃ ᠶᠠᠳᠠᠭᠤ ᠠᠴᠠ ᠠᠩᠭᠢᠵᠢᠷᠠᠭᠤᠯᠬᠤ | ᠰᠢᠪᠲᠤᠯᠤᠯᠲᠠ ᠶᠢᠨ ᠡᠯ᠎ᠡ ᠵᠦᠢᠯ ᠤᠨ ᠠᠵᠢᠯ ᠢ ᠰᠠᠶᠢᠲᠤᠷ ᠬᠢᠵᠦ᠂ ᠬᠠᠪᠰᠤᠷᠤᠨ ᠲᠡᠳᠬᠦᠬᠦ ᠠᠵᠢᠯ ᠢ ᠠᠬᠢᠭᠤᠯᠤᠭᠰᠠᠨ | ᠪᠠᠶᠢᠳᠠᠯ ᠢ ᠲᠣᠭᠲᠠᠮᠠᠯ ᠬᠤᠭᠤᠴᠠᠭ᠎ᠠ ᠲᠠᠢ ᠪᠠᠷ ᠢᠯᠡ ᠪᠣᠯᠭᠠᠨ᠎ᠠ᠃ ᠬᠠᠪᠰᠤᠷᠤᠨ ᠲᠡᠳᠬᠦᠬᠦ ᠡᠭᠦᠷᠭᠡ ᠶᠢᠨ ᠮᠡᠳᠡᠭᠡ | ᠵᠠᠩᠭᠢ ᠶᠢ ᠢᠯᠡ ᠪᠣᠯᠭᠠᠬᠤ ᠶᠢ ᠲᠦᠯᠬᠢᠨ ᠠᠬᠢᠭᠤᠯᠵᠤ᠂ ᠬᠠᠪᠰᠤᠷᠤᠨ ᠲᠡᠳᠬᠦᠬᠦ ᠠᠷᠭ᠎ᠠ ᠬᠡᠮᠵᠢᠶ᠎ᠡ᠂ ᠪᠡᠯᠡ | ᠮᠥᠩᠭᠦ ᠶᠢᠨ ᠲᠥᠷᠥᠯ ᠵᠦᠢᠯ ᠤᠨ ᠲᠣᠬᠢᠷᠠᠭᠤᠯᠤᠯᠲᠠ᠂ ᠬᠠᠪᠰᠤᠷᠤᠨ ᠲᠡᠳᠬᠦᠭᠰᠡᠨ ᠦᠷ᠎ᠡ ᠪᠦᠲᠦᠮᠵᠢ ᠵᠡᠷᠭᠡ ᠮᠡᠳᠡᠭᠡ | ᠵᠠᠩᠭᠢ ᠶᠢ ᠢᠯᠡ ᠪᠣᠯᠭᠠᠬᠤ ᠶᠢ ᠭᠤᠤᠯᠳᠠᠯᠭ᠎ᠠ ᠲᠠᠢ ᠰᠠᠶᠢᠲᠤᠷ ᠬᠢᠨ᠎ᠡ᠃ ᠣᠷᠴᠢᠨ ᠠᠬᠤᠢ ᠶᠢᠨ ᠬᠠᠮᠠᠭᠠᠯᠠᠯᠲᠠ ᠶᠢᠨ | ᠲᠣᠭᠲᠠᠮᠠᠯ ᠬᠤᠭᠤᠴᠠᠭᠠᠲᠤ ᠰᠣᠨᠢᠨ ᠮᠡᠳᠡᠭᠡ ᠨᠡᠶᠢᠲᠡᠯᠡᠬᠦ ᠳᠦᠷᠢᠮ ᠢ ᠪᠠᠷᠢᠮᠲᠠᠯᠠᠨ ᠲᠡᠭᠦᠯᠳᠡᠷᠵᠢᠭᠦᠯᠵᠦ᠂ ᠬᠦᠨᠳᠦ | ᠣᠨᠴᠠ ᠶᠡᠭᠡ ᠪᠤᠶᠤ ᠭᠡᠨᠡᠳᠲᠡ ᠡᠭᠦᠰᠦᠭᠰᠡᠨ ᠣᠷᠴᠢᠨ ᠠᠬᠤᠢ ᠶᠢᠨ ᠬᠡᠷᠡᠭ ᠢ ᠠᠷᠭᠠᠴᠠᠬᠤ ᠪᠠ ᠪᠠᠶᠢᠴᠠᠭᠠᠯᠲᠠ ᠶᠢᠨ | ᠮᠡᠳᠡᠭᠡ ᠵᠠᠩᠭᠢ ᠶᠢ ᠴᠠᠭ ᠲᠤᠬᠠᠶ ᠳᠤᠨᠢ ᠨᠡᠶᠢᠲᠡᠯᠡᠵᠦ᠂ ᠪᠣᠬᠢᠷᠲᠤᠯ ᠶᠡᠬᠡᠲᠡᠶ ᠲᠡᠷᠭᠡ ᠶᠢ ᠵᠠᠰᠠᠬᠤ᠂ ᠲᠣᠭᠤᠰᠣ ᠳᠡᠭᠳᠡᠬᠦ | ᠪᠣᠬᠢᠷᠲᠤᠯ ᠢ ᠬᠠᠮᠢᠶᠠᠷᠤᠨ ᠡᠵᠡᠮᠳᠡᠬᠦ᠂ ᠪᠣᠬᠢᠷ ᠦᠮᠡᠬᠡᠶ ᠤᠰᠤᠨ ᠴᠣᠭᠴᠠ ᠶᠢ ᠵᠠᠰᠠᠬᠤ ᠵᠡᠷᠭᠡ ᠪᠠᠶᠢᠳᠠᠯ ᠢ | ᠦᠷᠭᠦᠯᠵᠢᠯᠡᠨ ᠢᠯᠡ ᠪᠣᠯᠭᠠᠨ᠎ᠠ᠃ | ︵ᠵᠢᠷᠭᠤᠭ᠎ᠠ︶ ᠭᠤᠤᠯᠳᠠᠯᠭ᠎ᠠ ᠲᠠᠢ ᠬᠦᠷᠢᠶᠡᠨ ᠤ ᠮᠡᠳᠡᠭᠡ ᠵᠠᠩᠭᠢ ᠶᠢ ᠢᠯᠡ ᠪᠣᠯᠭᠠᠬᠤ ᠶᠢ ᠬᠢᠨᠠᠮᠠᠭᠠᠶ ᠰᠠᠶᠢᠲᠤᠷ | ᠬᠢᠬᠦ ᠬᠡᠷᠡᠭᠲᠡᠶ᠃ ᠡᠳ᠋ ᠤᠨ ᠵᠠᠰᠠᠭ ᠤᠨ ᠲᠥᠰᠦᠪ ᠪᠠ ᠲᠥᠰᠦᠪ ᠤᠨ ᠭᠦᠢᠴᠡᠳᠬᠡᠯ᠂ ᠴᠢᠬᠤᠯᠠ ᠶᠡᠭᠡ ᠪᠦᠲᠦᠭᠡᠨ | ᠪᠠᠢᠭᠤᠯᠤᠯᠲᠠ ᠶᠢᠨ ᠲᠥᠷᠦᠯ ᠵᠦᠢᠯ ᠢ ᠵᠥᠪᠰᠢᠶᠡᠷᠡᠬᠦ ᠪᠠ ᠬᠡᠷᠡᠭᠵᠢᠭᠦᠯᠬᠦ᠂ ᠣᠷᠴᠢᠨ ᠲᠣᠭᠤᠷᠢᠨ ᠤ ᠬᠠᠮᠠᠭᠠᠯᠠᠯᠲᠠ᠂ | ᠨᠠᠷᠢᠯᠢᠭ ᠣᠨᠣᠪᠴᠢᠲᠠᠢ ᠶᠠᠳᠠᠭᠤ ᠠᠴᠠ ᠠᠩᠭᠢᠵᠢᠷᠠᠭᠤᠯᠬᠤ᠂ ᠣᠯᠠᠨ ᠨᠡᠶᠢᠲᠡ ᠶᠢᠨ ᠡᠬᠢ ᠪᠠᠶᠠᠯᠢᠭ ᠤᠨ | ᠲᠣᠬᠢᠷᠠᠭᠤᠯᠤᠯᠲᠠ ᠵᠡᠷᠭᠡ ᠭᠤᠣᠯᠳᠠᠯᠭ᠎ᠠ ᠲᠠᠢ ᠬᠦᠷᠢᠶ᠎ᠡ ᠴᠠᠷᠠᠭ᠎ᠠ ᠳᠠᠬᠢ ᠵᠠᠰᠠᠭ ᠤᠨ ᠣᠷᠳᠣᠨ ᠤ ᠮᠡᠳᠡᠭᠡ ᠵᠠᠩᠭᠢ ᠶᠢ | ᠢᠯᠡ ᠪᠣᠯᠭᠠᠬᠤ ᠳᠦᠷᠢᠮ ᠢ ᠲᠤᠤᠱᠯᠠᠭᠤᠯᠤᠨ ᠨᠠᠢᠳᠠᠪᠤᠷᠢᠵᠢᠭᠤᠯᠬᠤ ᠶᠢ ᠰᠠᠢᠲᠤᠷ ᠠᠳᠬᠤᠨ᠎ᠠ᠃ ᠡᠯ᠎ᠡ ᠰᠠᠯᠠᠭ᠎ᠠ | ᠮᠥᠴᠢᠷ ᠤᠳ ᠡᠭᠦᠷᠭᠡ ᠬᠠᠷᠢᠭᠤᠴᠠᠯᠭ᠎ᠠ ᠶᠣᠰᠣᠭᠠᠷ ᠬᠤᠯᠪᠣᠭᠳᠠᠯ ᠪᠦᠬᠦᠢ ᠠᠵᠢᠯ ᠢ ᠰᠠᠶᠢᠲᠤᠷ ᠬᠢᠵᠦ᠂ ᠰᠠᠯᠠᠭ᠎ᠠ | ᠮᠥᠴᠢᠷ ᠤᠨ ᠡᠳ᠋ ᠤᠨ ᠵᠠᠰᠠᠭ ᠤᠨ ᠲᠥᠰᠦᠪ ᠪᠠ ᠲᠥᠰᠦᠪ ᠤᠨ ᠭᠦᠢᠴᠡᠳᠭᠡᠯ ᠤᠨ ᠮᠡᠳᠡᠭᠡ ᠵᠠᠩᠭᠢ ᠶᠢ ᠪᠥᠬᠦ | ᠲᠠᠯ᠎ᠠ ᠪᠠᠷ ᠢᠯᠡ ᠪᠣᠯᠭᠠᠬᠤ ᠶᠢ ᠠᠬᠢᠭᠤᠯᠬᠤ ᠬᠡᠷᠡᠭᠲᠡᠶ᠃ ᠴᠢᠬᠤᠯᠠ ᠶᠡᠭᠡ ᠪᠦᠲᠦᠭᠡᠨ ᠪᠠᠶᠢᠭᠤᠯᠤᠯᠲᠠ ᠶᠢᠨ ᠲᠥᠷᠥᠯ | ᠵᠦᠢᠯ ᠢ ᠵᠥᠪᠰᠢᠶᠡᠷᠡᠬᠦ ᠪᠠ ᠬᠡᠷᠡᠭᠵᠢᠭᠦᠯᠬᠦ ᠶᠠᠪᠤᠴᠠ ᠳᠤ᠂ ᠵᠥᠪᠰᠢᠶᠡᠷᠡᠭᠰᠡᠨ ᠦᠢᠯᠡᠴᠢᠯᠡᠭᠡᠨ ᠤ ᠮᠡᠳᠡᠭᠡ ᠵᠠᠩᠭᠢ᠂ | ᠵᠥᠪᠰᠢᠶᠡᠷᠡᠭᠰᠡᠨ ᠦᠷ᠎ᠡ ᠳ᠋ᠦᠩ ᠤᠨ ᠮᠡᠳᠡᠭᠡ ᠵᠠᠩᠭᠢ᠂ ᠳᠠᠭᠠᠭᠠᠴᠢᠯᠠᠯᠲᠠ ᠵᠠᠷᠯᠠᠬᠤ ᠳᠠᠭᠠᠭᠠᠴᠢᠯᠠᠯᠲᠠ ᠬᠦᠯᠢᠶᠡᠬᠦ | ᠮᠡᠳᠡᠭᠡ ᠵᠠᠩᠭᠢ᠂ ᠭᠠᠵᠠᠷ ᠰᠢᠷᠣᠶ ᠲᠠᠲᠠᠪᠤᠷᠢᠯᠠᠬᠤ ᠮᠡᠳᠡᠭᠡ ᠵᠠᠩᠭᠢ᠂ ᠴᠢᠬᠤᠯᠠ ᠶᠡᠭᠡ ᠵᠢᠷᠤᠭ ᠲᠥᠯᠥᠪᠯᠡᠭᠡ ᠶᠢ | ᠬᠤᠪᠢᠷᠠᠭᠤᠯᠬᠤ ᠮᠡᠳᠡᠭᠡ ᠵᠠᠩᠭᠢ᠂ ᠪᠠᠷᠢᠯᠭ᠎ᠠ ᠪᠠᠷᠢᠬᠤ ᠬᠤᠯᠪᠣᠭᠳᠠᠯ ᠪᠦᠬᠦᠢ ᠮᠡᠳᠡᠭᠡ ᠵᠠᠩᠭᠢ᠂ ᠶᠠᠰᠤ ᠴᠢᠨᠠᠷ ᠤᠨ | ᠠᠮᠤᠷ ᠲᠦᠪᠰᠢᠨ ᠳᠤ ᠬᠢᠨᠠᠯᠲᠠ ᠲᠠᠯᠪᠢᠬᠤ ᠮᠡᠳᠡᠭᠡ ᠵᠠᠩᠭᠢ᠂ ᠪᠠᠷᠢᠯᠭ᠎ᠠ ᠳᠠᠭᠤᠰᠤᠭᠰᠠᠨ ᠬᠤᠯᠪᠣᠭᠳᠠᠯ ᠪᠦᠬᠦᠢ ᠮᠡᠳᠡᠭᠡ | ᠵᠠᠩᠭᠢ ᠵᠡᠷᠭᠡ ᠨᠠᠢᠮᠠᠨ ᠲᠥᠷᠥᠯ ᠤᠨ ᠮᠡᠳᠡᠭᠡ ᠵᠠᠩᠭᠢ ᠶᠢ ᠭᠤᠤᠯᠳᠠᠯᠭ᠎ᠠ ᠲᠠᠢ ᠢᠯᠡ ᠪᠣᠯᠭᠠᠨ᠎ᠠ᠃ ᠶᠠᠳᠠᠭᠤ ᠠᠴᠠ | ᠠᠩᠭᠢᠵᠢᠷᠠᠭᠤᠯᠬᠤ ᠪᠣᠭᠤᠮᠲᠠ ᠰᠢᠪᠲᠤᠯᠬᠤ᠂ ᠰᠤᠷᠭᠠᠨ ᠬᠥᠮᠦᠵᠢᠯ᠂ ᠦᠨᠳᠦᠰᠦᠨ ᠡᠮ ᠡᠮᠨᠡᠯᠭᠡ ᠡᠷᠡᠭᠦᠯ ᠬᠠᠮᠠᠭᠠᠯᠠᠯ᠂ | ᠣᠷᠴᠢᠨ ᠲᠣᠭᠤᠷᠢᠨ ᠤ ᠬᠠᠮᠠᠭᠠᠯᠠᠯᠲᠠ ᠵᠡᠷᠭᠡ ᠬᠦᠷᠢᠶᠡᠨ ᠤ ᠵᠠᠰᠠᠭ ᠤᠨ ᠣᠷᠳᠣᠨ ᠤ ᠮᠡᠳᠡᠭᠡ ᠵᠠᠩᠭᠢ ᠶᠢ ᠢᠯᠠ | ᠪᠣᠯᠭᠠᠬᠤ ᠶᠢ ᠯᠠᠪᠳᠠᠭᠤᠨ ᠪᠠᠲᠤᠲᠠᠶ ᠠᠬᠢᠭᠤᠯᠤᠨ᠎ᠠ᠃ ᠣᠯᠠᠨ ᠨᠡᠶᠢᠲᠡ ᠶᠢᠨ ᠡᠬᠢ ᠪᠠᠶᠠᠯᠢᠭ ᠢ ᠲᠣᠬᠢᠷᠠᠭᠤᠯᠬᠤ | ᠬᠦᠷᠢᠶᠡᠨ ᠳᠤ᠂ ᠣᠷᠣᠨ ᠰᠠᠭᠤᠴᠠ ᠶᠢᠨ ᠪᠠᠲᠤᠯᠠᠭ᠎ᠠ᠂ ᠤᠯᠤᠰ ᠤᠨ ᠥᠮᠴᠢᠯᠡᠯ ᠤᠨ ᠭᠠᠵᠠᠷ ᠰᠢᠷᠣᠶ ᠶᠢᠨ ᠬᠡᠷᠡᠭᠯᠡᠬᠦ | ᠡᠷᠬᠡ ᠶᠢ ᠰᠢᠯᠵᠢᠭᠦᠯᠦᠨ ᠥᠭᠬᠦ᠂ ᠠᠭᠤᠷᠬᠠᠢ ᠶᠢᠨ ᠦᠢᠯᠡᠰ ᠤᠨ ᠡᠷᠬᠡ ᠶᠢ ᠰᠢᠯᠵᠢᠭᠦᠯᠦᠨ ᠥᠭᠬᠦ᠂ ᠵᠠᠰᠠᠭ ᠤᠨ | ᠣᠷᠳᠣᠨ ᠤ ᠬᠤᠳᠠᠯᠳᠤᠨ ᠠᠪᠬᠤ᠂ ᠤᠯᠤᠰ ᠤᠨ ᠥᠮᠴᠢᠯᠡᠯ ᠤᠨ ᠥᠮᠴᠢᠯᠡᠬᠦ ᠡᠷᠬᠡ ᠶᠢ ᠠᠷᠠᠯᠵᠢᠶᠠᠯᠠᠬᠤ᠂ | ᠪᠠᠷᠢᠯᠭ᠎ᠠ ᠶᠢᠨ ᠪᠦᠲᠦᠭᠡᠨ ᠪᠠᠶᠢᠭᠤᠯᠤᠯᠲᠠ ᠶᠢᠨ ᠲᠥᠷᠥᠯ ᠵᠦᠢᠯ ᠤᠨ ᠳᠠᠭᠠᠭᠠᠴᠢᠯᠠᠯᠲᠠ ᠵᠠᠷᠯᠠᠵᠤ ᠳᠠᠭᠠᠭᠠᠴᠢᠯᠠᠯᠲᠠ | ᠬᠦᠯᠢᠶᠡᠬᠦ ᠵᠡᠷᠭᠡ ᠲᠠᠯ᠎ᠠ ᠶᠢᠨ ᠮᠡᠳᠡᠭᠡ ᠵᠠᠩᠭᠢ ᠶᠢ ᠢᠯᠡ ᠪᠣᠯᠭᠠᠬᠤ ᠶᠢ ᠰᠠᠶᠢᠲᠤᠷ ᠬᠢᠬᠦ ᠬᠡᠷᠡᠭᠲᠡᠶ᠃ | ︵ᠳᠣᠯᠤᠭ᠎ᠠ︶ ᠵᠠᠰᠠᠭ ᠤᠨ ᠣᠷᠳᠣᠨ ᠤ ᠮᠡᠳᠡᠭᠡ ᠵᠠᠩᠭᠢ ᠶᠢ ᠢᠯᠡ ᠪᠣᠯᠭᠠᠬᠤ ᠶᠢᠨ ᠬᠢᠨᠠᠨ ᠪᠠᠶᠢᠴᠠᠭᠠᠬᠤ ᠠᠵᠢᠯ ᠢ | ᠴᠢᠩᠭᠠᠳᠬᠠᠬᠤ ᠬᠡᠷᠡᠭᠲᠡᠶ᠃ ᠡᠯ᠎ᠡ ᠰᠠᠯᠠᠭ᠎ᠠ ᠮᠥᠴᠢᠷ ᠤᠳ ︽ᠲᠠᠪᠤ ᠶᠢ ᠢᠯᠡ ᠪᠣᠯᠭᠠᠬᠤ︾ ᠱᠠᠭᠠᠷᠳᠠᠯᠭ᠎ᠠ ᠲᠠᠢ | ᠬᠠᠷᠢᠴᠠᠭᠤᠯᠵᠤ᠂ ᠢᠯᠡ ᠪᠣᠯᠭᠠᠬᠤ ᠦᠭᠡᠢ ᠮᠡᠳᠡᠭᠡ ᠵᠠᠩᠭᠢ ᠵᠢᠴᠢ ᠭᠤᠶᠤᠴᠢᠯᠠᠯ ᠢᠶᠠᠷ ᠢᠯᠡ ᠪᠣᠯᠭᠠᠬᠤ ᠨᠢ ᠨᠡᠯᠢᠶᠡᠳ | ᠲᠥᠪᠯᠡᠷᠡᠭᠰᠡᠨ ᠮᠡᠳᠡᠭᠡ ᠵᠠᠩᠭᠢ ᠳᠤ ᠪᠦᠬᠦ ᠲᠠᠯ᠎ᠠ ᠶᠢᠨ ᠥᠪᠡᠷ ᠤᠨ ᠪᠠᠶᠢᠴᠠᠭᠠᠯᠲᠠ ᠬᠢᠵᠦ᠂ ᠢᠯᠡ ᠪᠣᠯᠭᠠᠬᠤ ᠶᠣᠰᠣᠲᠠᠶ | ᠪᠠᠶᠢᠳᠠᠯ᠎ᠠ ᠢᠯᠡ ᠪᠣᠯᠭᠠᠭᠰᠠᠨ ᠦᠭᠡᠢ ᠮᠡᠳᠡᠭᠡ ᠵᠠᠩᠭᠢ ᠶᠢ ᠣᠯᠵᠤ ᠮᠡᠳᠡᠪᠡᠯ ᠴᠠᠭ ᠲᠤᠬᠠᠶ ᠳᠤᠨᠢ ᠢᠯᠡ ᠪᠣᠯᠭᠠᠬᠤ | ᠬᠡᠷᠡᠭᠲᠡᠶ᠂ ᠰᠠᠨᠠᠭᠠᠴᠢᠯᠠᠭ᠎ᠠ ᠠᠴᠠ ᠪᠠᠨ ᠢᠯᠡ ᠪᠣᠯᠭᠠᠬᠤ ᠪᠣᠯᠭᠠᠨ ᠬᠤᠪᠢᠷᠠᠭᠤᠯᠵᠤ ᠪᠣᠯᠬᠤ ᠶᠢ ᠨᠢ | ᠰᠠᠨᠠᠭᠠᠴᠢᠯᠠᠭ᠎ᠠ ᠠᠴᠠ ᠪᠠᠨ ᠢᠯᠡ ᠪᠣᠯᠭᠠᠬᠤ ᠬᠡᠷᠡᠭᠲᠡᠶ᠃ ᠮᠡᠳᠡᠭᠡ ᠵᠠᠩᠭᠢ ᠶᠢ ᠢᠯᠡ ᠪᠣᠯᠭᠠᠬᠤ ᠠᠴᠠ ᠡᠮᠦᠨ᠎ᠡ ᠬᠠᠤᠯᠢ | ᠲᠣᠭᠲᠠᠭᠠᠯ ᠶᠣᠰᠣᠭᠠᠷ ᠴᠢᠩᠭ᠎ᠠ ᠬᠢᠨᠠᠨ ᠪᠠᠶᠢᠴᠠᠭᠠᠵᠤ᠂ ᠢᠯᠠᠩᠭᠤᠶ᠎ᠠ ᠢᠯᠡ ᠪᠣᠯᠭᠠᠬᠤ ᠠᠭᠤᠯᠭ᠎ᠠ ᠶᠢ ᠢᠯᠡᠳᠬᠡᠬᠦ᠂ | ᠢᠯᠡ ᠪᠣᠯᠭᠠᠬᠤ ᠴᠠᠭ ᠲᠣᠬᠢᠶᠠᠯ᠂ ᠢᠯᠡ ᠪᠣᠯᠭᠠᠬᠤ ᠠᠷᠭ᠎ᠠ ᠮᠠᠶ᠋ᠢᠭ ᠢ ᠰᠠᠶᠢᠲᠤᠷ ᠬᠢᠵᠦ᠂ ᠬᠠᠤᠯᠢ ᠶᠣᠰᠣᠭᠠᠷ | ᠰᠠᠶᠢᠲᠤᠷ ᠬᠠᠮᠠᠭᠠᠯᠠᠵᠤ᠂ ᠵᠠᠯᠬᠠᠭᠠᠨ ᠴᠡᠭᠡᠷᠯᠡᠭᠦᠯᠵᠦ ᠢᠯᠡ ᠨᠡᠶᠢᠲᠡᠯᠡᠬᠦ᠂ ᠠᠯᠪᠠᠳᠠᠯᠭ᠎ᠠ ᠶᠢᠨ ᠴᠢᠨᠠᠷᠲᠠᠶ ᠮᠡᠳᠡᠭᠡ | ᠵᠠᠩᠭᠢ ᠶᠢ ᠨᠡᠶᠢᠲᠡᠯᠡᠬᠦ ᠠᠴᠠ ᠭᠠᠳᠠᠨ᠎ᠠ᠂ ᠪᠤᠰᠤᠳ ᠵᠠᠰᠠᠭ ᠤᠨ ᠣᠷᠳᠣᠨ ᠤ ᠮᠡᠳᠡᠭᠡ ᠵᠠᠩᠭᠢ ᠶᠢ ᠢᠯᠡ | ᠪᠣᠯᠭᠠᠬᠤ ᠳᠠᠭᠠᠨ ᠢᠯᠡᠳᠬᠡᠯᠵᠢᠭᠦᠯᠦᠨ ᠰᠢᠢᠳᠪᠦᠷᠢᠯᠡᠵᠦ᠂ ᠵᠣᠬᠢᠰᠲᠠᠶ ᠠᠷᠭ᠎ᠠ ᠮᠠᠶ᠋ᠢᠭ ᠪᠠ ᠬᠦᠷᠢᠶ᠎ᠡ ᠬᠡᠪᠴᠢᠶ᠎ᠡ ᠶᠢ | ᠰᠣᠩᠭᠤᠬᠤ ᠬᠡᠷᠡᠭᠲᠡᠶ᠃ | ︵ ᠨᠠᠢᠮᠨ︶ ᠪᠣᠳᠠᠲᠤ ᠴᠣᠭᠴᠠᠲᠤ ᠵᠠᠰᠠᠭ ᠤᠨ ᠶᠠᠪᠤᠳᠠᠯ ᠤᠨ ᠶᠡᠭᠡ ᠲᠢᠩᠬᠢᠮ ᠤᠨ ᠦᠢᠯᠡᠴᠢᠯᠡᠭᠡᠨ ᠤ | ᠴᠢᠳᠠᠪᠤᠷᠢ ᠶᠢ ᠳᠡᠭᠡᠭᠰᠢᠯᠡᠭᠦᠯᠦᠨ᠎ᠡ᠃ ᠪᠣᠳᠠᠲᠤ ᠴᠣᠭᠴᠠᠲᠤ ᠵᠠᠰᠠᠭ ᠤᠨ ᠶᠠᠪᠤᠳᠠᠯ ᠤᠨ ᠲᠢᠩᠬᠢᠮ ᠤᠨ ᠪᠦᠲᠦᠭᠡᠨ | ᠪᠠᠶᠢᠭᠤᠯᠤᠯᠲᠠ ᠬᠠᠮᠢᠶᠠᠷᠤᠯᠲᠠ ᠶᠢ ᠴᠢᠩᠭᠠᠳᠬᠠᠵᠤ᠂ ᠰᠦᠯᠵᠢᠶᠡᠨ ᠭᠠᠳᠠᠨᠠᠬᠢ ᠰᠦᠯᠵᠢᠶᠡᠨ ᠳᠡᠭᠡᠷᠡᠬᠢ ᠠᠭᠤᠰᠤᠯᠴᠠᠯ ᠢ | ᠠᠬᠢᠭᠤᠯᠵᠤ᠂ ᠦᠢᠯᠡᠴᠢᠯᠡᠭᠡᠨ ᠤ ᠡᠬᠢ ᠪᠠᠶᠠᠯᠢᠭ ᠢ ᠨᠢᠭᠡᠳᠦᠯᠲᠡᠶ ᠲᠥᠯᠥᠪᠯᠡᠨ᠂ ᠦᠢᠯᠡᠴᠢᠯᠡᠭᠡᠨ ᠤ ᠪᠠᠷᠢᠮᠵᠢᠶ᠎ᠠ ᠶᠢ | ᠨᠢᠭᠡᠳᠬᠡᠵᠦ᠂ ᠠᠵᠢᠯ ᠤᠨ ᠲᠣᠭᠲᠠᠴᠠ ᠶᠢ ᠰᠢᠯᠤᠭᠤᠳᠬᠠᠨ᠂ ᠰᠠᠯᠠᠭ᠎ᠠ ᠮᠥᠴᠢᠷ ᠤᠨ ᠵᠣᠬᠢᠴᠠᠭᠤᠯᠭ᠎ᠠ ᠶᠢ | ᠴᠢᠩᠭᠠᠷᠠᠭᠤᠯᠵᠤ᠂ ᠣᠯᠠᠨ ᠲᠦᠮᠡᠨ ᠪᠠ ᠠᠵᠤ ᠠᠬᠤᠶᠢᠯᠠᠯ ᠤᠨ ᠡᠷᠬᠡᠪᠰᠢ ᠲᠤᠬᠠᠶ ᠶᠢᠨ ᠲᠠᠯᠠᠪᠤᠷ ᠲᠤ ᠬᠦᠷᠴᠦ | ᠭᠦᠢᠴᠡᠳᠭᠡᠬᠦ ᠵᠦᠢᠯᠡᠰ ᠢ ︽ᠨᠢᠭᠡ ᠯᠡ ᠡᠭᠦᠳᠡ ᠪᠠᠷ ᠣᠷᠣᠬᠤ︾᠂ ︽ᠶᠡᠬᠡᠳᠡᠬᠦ ᠳᠡᠭᠡᠨ ᠨᠢᠭᠡ ᠯᠡ ᠤᠳᠠᠭ᠎ᠠ | ᠭᠦᠶᠦᠬᠦ︾ ᠪᠠᠷ ᠴᠢᠷᠮᠠᠶᠢᠨ᠎ᠠ᠃ ︽ᠨᠢᠭᠡ ᠴᠣᠩᠬᠤᠪᠴᠢ ᠪᠠᠷ ᠬᠦᠯᠢᠶᠡᠨ ᠠᠪᠴᠤ ᠰᠢᠢᠳᠪᠦᠷᠢᠯᠡᠬᠦ᠂ ᠰᠢᠭᠤᠳ | ᠰᠢᠢᠳᠪᠦᠷᠢᠯᠡᠬᠦ︾ ᠵᠠᠭᠪᠤᠷ ᠢ ᠳᠡᠯᠭᠡᠷᠡᠭᠦᠯᠵᠦ᠂ ᠨᠢᠭᠡᠳᠦᠯᠲᠡᠶ ᠬᠦᠯᠢᠶᠡᠨ ᠠᠪᠴᠤ ᠰᠢᠢᠳᠪᠦᠷᠢᠯᠡᠬᠦ᠂ ᠨᠢᠭᠡ | ᠬᠦᠰᠦᠨᠦᠭᠲᠦ ᠪᠠᠷ ᠮᠡᠳᠡᠭᠦᠯᠬᠦ᠂ ᠠᠷᠤ ᠲᠠᠯ᠎ᠠ ᠶᠢᠨ ᠦᠢᠯᠡᠴᠢᠯᠡᠭᠡᠨ ᠤ ᠬᠤᠪᠢᠶᠠᠷᠢ ᠠᠵᠢᠯ ᠢ ᠬᠡᠷᠡᠭᠵᠢᠭᠦᠯᠬᠦ ᠬᠡᠷᠡᠭᠲᠡᠶ᠃ | ᠪᠣᠳᠠᠲᠤ ᠴᠣᠭᠴᠠᠲᠤ ᠵᠠᠰᠠᠭ ᠤᠨ ᠶᠠᠪᠤᠳᠠᠯ ᠤᠨ ᠶᠡᠭᠡ ᠲᠢᠩᠬᠢᠮ ᠤᠨ ᠵᠥᠭᠡᠯᠡᠨ ᠬᠠᠲᠠᠭᠤ ᠬᠡᠷᠡᠭᠰᠡᠯ ᠤᠨ ᠪᠡᠯᠡᠳᠬᠡᠮᠵᠢ | ᠲᠣᠬᠢᠷᠠᠭᠤᠯᠬᠤ ᠶᠢ ᠴᠢᠩᠭᠠᠳᠬᠠᠵᠤ᠂ ᠬᠦᠴᠦᠨ ᠤ ᠲᠣᠬᠢᠷᠠᠭᠤᠯᠤᠯᠲᠠ ᠶᠢ ᠰᠢᠯᠢᠳᠡᠭᠵᠢᠭᠦᠯᠦᠨ᠂ ᠠᠵᠢᠯᠲᠠᠨ᠂ | ᠪᠡᠯᠡᠳᠬᠡᠮᠵᠢ᠂ ᠵᠠᠷᠤᠳᠠᠯ ᠤᠨ ᠪᠠᠲᠤᠯᠠᠭ᠎ᠠ ᠶᠢ ᠰᠠᠶᠢᠲᠤᠷ ᠬᠢᠵᠦ᠂ ᠣᠯᠠᠨ ᠲᠦᠮᠡᠨ ᠤ ᠠᠵᠢᠯ ᠶᠠᠪᠤᠳᠠᠯ ᠭᠦᠢᠴᠡᠳᠭᠡᠬᠦ | ᠬᠡᠷᠡᠭᠴᠡᠭᠡ ᠱᠠᠭᠠᠷᠳᠠᠯᠭ᠎ᠠ ᠲᠠᠢ ᠤᠶᠠᠯᠳᠤᠭᠤᠯᠤᠨ ᠶᠡᠷᠦᠩᠬᠡᠶᠢᠯᠡᠭᠰᠡᠨ ᠴᠣᠩᠬᠤᠪᠴᠢ ᠶᠢ ᠠᠮᠢᠳᠤᠯᠢᠭ ᠢᠶᠠᠷ | ᠲᠣᠬᠢᠷᠠᠭᠤᠯᠵᠤ᠂ ᠠᠳᠠᠯᠢ ᠪᠤᠰᠤ ᠦᠢᠯᠡᠴᠢᠯᠡᠭᠡᠨ ᠤ ᠴᠣᠩᠬᠤᠪᠴᠢ ᠶᠢᠨ ︽ᠬᠠᠯᠠᠭᠤᠨ ᠬᠦᠢᠲᠡᠨ ᠲᠡᠭᠰᠢ ᠥᠬᠡᠶ︾ | ᠪᠠᠶᠢᠬᠤ ᠦᠵᠡᠭᠳᠡᠯ ᠠᠴᠠ ᠵᠠᠶᠢᠯᠠᠰᠬᠢᠨ᠎ᠡ᠃ ᠤᠷᠮᠠᠰᠢᠭᠤᠯᠬᠤ ᠪᠠ ᠬᠢᠵᠠᠭᠠᠷᠯᠠᠬᠤ ᠳᠦᠷᠢᠮ ᠢ ᠪᠠᠶᠢᠭᠤᠯᠤᠨ | ᠲᠡᠭᠦᠯᠳᠡᠷᠵᠢᠭᠦᠯᠵᠦ᠂ ᠠᠵᠢᠯᠲᠠᠨ ᠤ ᠬᠠᠮᠢᠶᠠᠷᠤᠯᠲᠠ ᠶᠢ ᠴᠢᠩᠭᠠᠳᠬᠠᠨ᠂ ᠰᠠᠬᠢᠯᠭ᠎ᠠ ᠪᠠᠲᠤ ᠣᠪᠣᠷ ᠰᠤᠷᠲᠠᠯ ᠢ | ᠴᠢᠩᠳᠠᠯᠠᠵᠤ᠂ ᠦᠢᠯᠡᠴᠢᠯᠡᠭᠡᠨ ᠤ ᠦᠢᠯᠡ ᠠᠵᠢᠯᠯᠠᠭ᠎ᠠ ᠶᠢ ᠵᠢᠷᠤᠮᠵᠢᠭᠤᠯᠤᠨ᠂ ᠦᠢᠯᠡᠴᠢᠯᠡᠭᠡᠨ ᠤ ᠦᠷ᠎ᠡ ᠪᠦᠲᠦᠮᠵᠢ | ᠪᠠ ᠶᠠᠰᠤ ᠴᠢᠨᠠᠷ ᠢ ᠦᠨᠡᠨᠬᠦ ᠳᠡᠭᠡᠭᠰᠢᠯᠡᠭᠦᠯᠦᠨ᠎ᠡ᠃ | ︵ᠶᠢᠰᠦ︶ ᠨᠡᠶᠢᠭᠡᠮ ᠤᠨ ᠠᠩᠬᠠᠷᠤᠯ ᠲᠠᠯᠪᠢᠵᠤ ᠪᠠᠶᠢᠭ᠎ᠠ ᠠᠰᠠᠭᠤᠳᠠᠯ ᠳᠤ ᠢᠳᠡᠪᠬᠢᠲᠡᠢ ᠬᠠᠷᠢᠭᠤᠯᠲᠠ | ᠥᠭᠭᠦᠨ᠎ᠡ᠃ ᠡᠯ᠎ᠡ ᠪᠠᠯᠭᠠᠰᠤ ᠰᠤᠮᠤ᠂ ᠲᠤᠭᠤᠷᠢᠭ ᠤᠨ ᠰᠢᠭᠤᠳ ᠬᠠᠷᠢᠶ᠎ᠠ ᠰᠠᠯᠠᠭ᠎ᠠ ᠮᠥᠴᠢᠷ ᠤᠳ ᠵᠠᠰᠠᠭ ᠤᠨ | ᠶᠠᠪᠤᠳᠠᠯ ᠤᠨ ᠶᠠᠷᠢᠶ᠎ᠠ ᠬᠡᠯᠡᠯᠴᠡᠭᠡᠨ ᠤ ᠪᠠᠶᠢᠳᠠᠯ ᠢ ᠴᠤᠭᠯᠠᠭᠤᠯᠬᠤ᠂ ᠵᠥᠪᠳᠡᠯᠴᠡᠬᠦ᠂ ᠬᠠᠷᠢᠭᠤ ᠥᠭᠬᠦ᠂ ᠦᠨᠡᠯᠡᠨ | ᠵᠢᠱᠢᠬᠦ ᠲᠣᠭᠲᠠᠴᠠ ᠶᠢ ᠤᠯᠠᠮ ᠨᠢᠭᠡ ᠠᠯᠬᠤᠮ ᠲᠡᠭᠦᠯᠳᠡᠷᠵᠢᠭᠦᠯᠵᠦ᠂ ᠰᠠᠨᠠᠭᠠᠴᠢᠯᠠᠭ᠎ᠠ ᠠᠴᠠ ᠪᠠᠨ ᠳᠠᠭᠤ ᠭᠠᠷᠭᠠᠵᠤ᠂ | ᠴᠠᠭ ᠲᠤᠬᠠᠶ ᠳᠤᠨᠢ ᠬᠠᠷᠢᠭᠤ ᠥᠭᠬᠦ ᠬᠡᠷᠡᠭᠲᠡᠶ᠃ ᠲᠣᠰ ᠭᠠᠵᠠᠷ ᠣᠷᠣᠨ ᠤ ᠣᠷᠣᠨ ᠰᠠᠭᠤᠴᠠ ᠶᠢᠨ ᠪᠠᠲᠤᠯᠠᠭ᠎ᠠ᠂ | ᠠᠶᠤᠯ ᠥᠬᠡᠶ ᠦᠢᠯᠡᠳᠪᠦᠷᠢᠯᠡᠯ᠂ ᠭᠠᠮᠰᠢᠭ ᠢ ᠰᠡᠷᠭᠡᠶᠢᠯᠡᠬᠦ ᠭᠠᠮᠰᠢᠭ ᠢ ᠪᠠᠭᠠᠰᠬᠠᠬᠤ ᠭᠠᠮᠰᠢᠭ ᠠᠴᠠ ᠠᠪᠤᠷᠠᠬᠤ᠂ | ᠢᠳᠡᠭᠡᠨ ᠪᠠ ᠡᠮ ᠤᠨ ᠵᠦᠢᠯ ᠤᠨ ᠠᠮᠤᠷ ᠲᠦᠪᠰᠢᠨ ᠵᠡᠷᠭᠡ ᠠᠷᠠᠳ ᠤᠨ ᠠᠮᠢᠳᠤᠷᠠᠯ ᠳᠤ ᠬᠤᠯᠪᠣᠭᠳᠠᠭᠰᠠᠨ ᠬᠠᠯᠠᠮᠰᠢᠯ | ᠶᠠᠷᠢᠶ᠎ᠠ ᠬᠡᠯᠡᠯᠴᠡᠭᠡᠨ ᠤ ᠪᠠᠶᠢᠳᠠᠯ ᠳᠤ ᠬᠠᠷᠢᠭᠤ ᠲᠤᠰᠬᠠᠵᠤ᠂ ᠡᠯ᠎ᠡ ᠰᠠᠯᠠᠭ᠎ᠠ ᠮᠥᠴᠢᠷ ᠤᠨ ᠭᠤᠤᠯ | ᠬᠠᠷᠢᠭᠤᠴᠠᠯᠭᠠᠲᠠᠨ ᠲᠦᠷᠦᠭᠦᠯᠡᠨ ᠰᠠᠨᠠᠭᠠᠴᠢᠯᠠᠭ᠎ᠠ ᠠᠴᠠ ᠪᠠᠨ ᠶᠠᠷᠢᠶ᠎ᠠ ᠲᠠᠯᠪᠢᠵᠤ᠂ ᠵᠠᠰᠠᠭ ᠤᠨ ᠣᠷᠳᠣᠨ ᠤ | ᠰᠦᠯᠵᠢᠶ᠎ᠡ᠂ ᠰᠣᠨᠢᠨ ᠮᠡᠳᠡᠭᠡᠨ ᠤ ᠵᠠᠭᠤᠴᠢᠯᠠᠭᠤᠷ᠂ ᠵᠠᠰᠠᠭ ᠤᠨ ᠶᠠᠪᠤᠳᠠᠯ ᠤᠨ ᠰᠢᠨ᠎ᠡ ᠵᠠᠭᠤᠴᠢᠯᠠᠭᠤᠷ ᠵᠡᠷᠭᠡ ᠣᠯᠠᠨ | ᠵᠦᠢᠯ ᠤᠨ ᠠᠷᠭ᠎ᠠ ᠮᠠᠶ᠋ᠢᠭ ᠢ ᠭᠦᠢᠴᠡᠳ ᠬᠡᠷᠡᠭᠯᠡᠨ ᠴᠠᠭ ᠲᠤᠬᠠᠶ ᠳᠤᠨᠢ ᠬᠠᠷᠢᠭᠤ ᠦᠭᠭᠦᠨ᠎ᠡ᠃ ᠤᠬᠠᠭᠤᠯᠭ᠎ᠠ ᠶᠢᠨ | ᠰᠠᠯᠠᠭ᠎ᠠ ᠮᠥᠴᠢᠷ ᠯᠦᠭᠡ ᠶᠢᠨ ᠲᠦᠷᠭᠡᠨ ᠲᠤᠰᠬᠠᠬᠤ ᠪᠠ ᠵᠣᠬᠢᠴᠠᠭᠤᠯᠤᠨ ᠬᠠᠮᠲᠤᠷᠠᠨ ᠬᠥᠳᠡᠯᠦᠯᠴᠡᠬᠦ ᠲᠣᠭᠲᠠᠴᠠ ᠶᠢ | ᠪᠠᠶᠢᠭᠤᠯᠤᠨ ᠲᠡᠭᠦᠯᠳᠡᠷᠵᠢᠭᠦᠯᠵᠦ᠂ ᠰᠣᠨᠢᠨ ᠮᠡᠳᠡᠭᠡᠨ ᠤ ᠵᠠᠭᠤᠴᠢᠯᠠᠭᠤᠷ ᠯᠤᠭ᠎ᠠ ᠶᠢᠨ ᠨᠡᠪᠲᠡᠷᠡᠯᠴᠡᠭᠡ ᠬᠠᠷᠢᠯᠴᠠᠭ᠎ᠠ ᠪᠠᠨ | ᠴᠢᠩᠭᠠᠳᠬᠠᠨ᠂ ᠵᠠᠰᠠᠭ ᠤᠨ ᠶᠠᠪᠤᠳᠠᠯ ᠤᠨ ᠶᠠᠷᠢᠶ᠎ᠠ ᠬᠡᠯᠡᠯᠴᠡᠭᠡᠨ ᠤ ᠪᠠᠶᠢᠳᠠᠯ ᠤᠨ ᠬᠠᠷᠢᠭᠤ ᠲᠤᠰᠬᠠᠯ ᠤᠨ | ᠰᠠᠨᠠᠭᠠᠴᠢᠯᠠᠭᠠᠲᠤ ᠴᠢᠨᠠᠷ᠂ ᠴᠢᠭᠯᠡᠯᠲᠡ ᠴᠢᠨᠠᠷ᠂ ᠪᠦᠲᠦᠮᠵᠢᠳᠦ ᠴᠢᠨᠠᠷ ᠢ ᠳᠡᠭᠡᠭᠰᠢᠯᠡᠭᠦᠯᠦᠨ᠎ᠡ᠃ | ᠭᠤᠷᠪᠠ᠂ ᠪᠣᠳᠠᠲᠠᠶ ᠱᠠᠭᠠᠷᠳᠠᠯᠭ᠎ᠠ | ︵ᠨᠢᠭᠡ︶ ᠵᠣᠬᠢᠶᠠᠨ ᠪᠠᠶᠢᠭᠤᠯᠤᠯᠲᠠ ᠶᠢᠨ ᠤᠳᠤᠷᠢᠳᠤᠯᠭ᠎ᠠ ᠪᠠᠨ ᠴᠢᠩᠭᠠᠷᠠᠭᠤᠯᠤᠨ᠎ᠠ᠃ ᠡᠯ᠎ᠡ ᠰᠠᠯᠠᠭ᠎ᠠ ᠮᠥᠴᠢᠷ᠂ | ᠡᠯ᠎ᠡ ᠨᠢᠭᠡᠴᠡ ᠶᠢᠨ ᠵᠠᠰᠠᠭ ᠤᠨ ᠶᠠᠪᠤᠳᠠᠯ ᠢ ᠢᠯᠡ ᠪᠣᠯᠭᠠᠬᠤ ᠠᠵᠢᠯ ᠤᠨ ᠲᠠᠨᠢᠯᠲᠠ ᠶᠢᠨ ᠬᠢᠷᠢ ᠬᠡᠮᠵᠢᠶ᠎ᠡ ᠪᠣᠯᠤᠨ | ᠲᠠᠨᠢᠯᠲᠠ ᠶᠢᠨ ᠬᠡᠮᠵᠢᠶ᠎ᠡ ᠶᠢ ᠤᠯᠠᠮ ᠨᠢᠭᠡ ᠠᠯᠬᠤᠮ ᠳᠡᠭᠡᠭᠰᠢᠯᠡᠭᠦᠯᠵᠦ᠂ ᠡᠯ᠎ᠡ ᠰᠠᠯᠠᠭ᠎ᠠ ᠮᠥᠴᠢᠷ᠂ ᠡᠯ᠎ᠡ ᠨᠢᠭᠡᠴᠡ | ᠢᠯᠠᠩᠭᠤᠶ᠎ᠠ ᠲᠦᠷᠦᠭᠦᠯᠡᠨ ᠬᠠᠷᠢᠭᠤᠴᠠᠬᠤ ᠨᠢᠭᠡᠴᠡ ᠨᠦᠭᠦᠳ ᠵᠠᠰᠠᠭ ᠤᠨ ᠶᠠᠪᠤᠳᠠᠯ ᠢ ᠢᠯᠡ ᠪᠣᠯᠭᠠᠬᠤ ᠠᠵᠢᠯ ᠢ ᠲᠣᠰ | ᠨᠢᠭᠡᠴᠡ ᠶᠢᠨ ᠢᠶᠠᠨ ᠭᠤᠤᠯᠳᠠᠯᠭ᠎ᠠ ᠲᠠᠢ ᠠᠵᠢᠯ ᠳᠤ ᠣᠷᠣᠭᠤᠯᠵᠤ᠂ ᠭᠤᠤᠯᠳᠠᠯᠭ᠎ᠠ ᠲᠠᠢ ᠪᠠᠶᠢᠷᠢᠯᠠᠭᠤᠯᠤᠭᠰᠠᠨ ᠡᠯ᠎ᠡ | ᠵᠦᠢᠥᠯ ᠤᠨ ᠡᠭᠦᠷᠭᠡ ᠶᠢᠨ ᠶᠣᠰᠣᠭᠠᠷ᠂ ᠪᠣᠳᠠᠲᠤ ᠪᠠᠶᠢᠳᠠᠯ ᠲᠠᠢ ᠪᠠᠨ ᠤᠶᠠᠯᠳᠤᠭᠤᠯᠤᠨ ᠪᠣᠳᠠᠲᠠᠶ ᠠᠷᠭ᠎ᠠ ᠬᠡᠮᠵᠢᠶ᠎ᠡ | ᠳᠤᠷᠠᠳᠴᠤ᠂ ᠠᠵᠢᠯ ᠤᠨ ᠡᠭᠦᠷᠭᠡ ᠪᠠᠨ ᠨᠠᠷᠢᠯᠢᠭᠵᠢᠭᠤᠯᠤᠨ᠂ ᠴᠢᠳᠠᠮᠵᠢ ᠶᠢᠨ ᠥᠷᠭᠡᠵᠢᠨ ᠰᠢᠨ᠎ᠡ ᠶᠢ ᠡᠭᠦᠳᠬᠦ ᠶᠢ | ᠠᠬᠢᠭᠤᠯᠵᠤ᠂ ᠭᠤᠤᠯ ᠬᠠᠷᠢᠭᠤᠴᠠᠯᠭᠠᠲᠠᠨ ᠪᠡᠶ᠎ᠡ ᠪᠠᠷ ᠢᠶᠠᠨ ᠠᠳᠬᠤᠬᠤ᠂ ᠬᠤᠪᠢᠳᠠᠨ ᠬᠠᠮᠢᠶᠠᠷᠴᠤ ᠪᠦᠬᠦᠢ | ᠬᠠᠷᠢᠭᠤᠴᠠᠯᠭᠠᠲᠠᠨ ᠪᠣᠳᠠᠲᠠᠶ ᠠᠳᠬᠤᠬᠤ ᠠᠵᠢᠯ ᠤᠨ ᠪᠠᠶᠢᠷᠢᠰᠢᠯ ᠢ ᠪᠤᠢ ᠪᠣᠯᠭᠠᠬᠤ ᠬᠡᠷᠡᠭᠲᠡᠶ᠃ | ︵ᠬᠤᠶᠠᠷ︶ ᠡᠩᠨᠡᠭᠡᠨ ᠤ ᠪᠠᠶᠢᠭᠤᠯᠤᠯᠲᠠ ᠶᠢ ᠴᠢᠩᠭᠠᠷᠠᠭᠤᠯᠬᠤ ᠬᠡᠷᠡᠭᠲᠡᠶ᠃ ᠡᠯ᠎ᠡ ᠰᠠᠯᠠᠭ᠎ᠠ ᠮᠥᠴᠢᠷ᠂ ᠡᠯ᠎ᠡ | ᠨᠢᠭᠡᠴᠡ ᠶᠢᠨ ᠵᠠᠰᠠᠭ ᠵᠠᠬᠢᠷᠭᠠᠨ ᠤ ᠠᠯᠪᠠᠨ ᠭᠡᠷ ᠪᠣᠯ ᠲᠣᠰ ᠲᠣᠰ ᠤᠨ ᠵᠠᠰᠠᠭ ᠤᠨ ᠶᠠᠪᠤᠳᠠᠯ ᠢ ᠢᠯᠡ ᠪᠣᠯᠭᠠᠬᠤ | ᠠᠵᠢᠯ ᠤᠨ ᠲᠦᠷᠦᠭᠦᠯᠡᠨ ᠵᠣᠬᠢᠴᠠᠭᠤᠯᠬᠤ ᠰᠠᠯᠠᠭ᠎ᠠ ᠮᠥᠴᠢᠷ ᠪᠣᠯᠬᠤ ᠲᠤᠯᠠ ᠠᠵᠢᠯᠲᠠᠨ ᠢᠶᠠᠨ ᠪᠦᠷᠢᠨ ᠭᠦᠢᠴᠡᠳ | ᠴᠢᠩᠭ᠎ᠠ ᠲᠣᠬᠢᠷᠠᠭᠤᠯᠵᠤ᠂ ᠲᠤᠰᠬᠠᠶ ᠬᠥᠮᠦᠨ ᠢᠶᠠᠷ ᠬᠠᠷᠢᠭᠤᠴᠠᠭᠤᠯᠬᠤ ᠪᠠᠷ ᠲᠣᠳᠣᠷᠬᠠᠶᠢᠯᠠᠬᠤ ᠬᠡᠷᠡᠭᠲᠡᠶ᠃ ᠠᠯᠪᠠᠨ | ᠭᠡᠷ ᠨᠢ ᠪᠦᠬᠦ ᠲᠤᠭᠤᠷᠢᠭ ᠤᠨ ᠵᠠᠰᠠᠭ ᠤᠨ ᠶᠠᠪᠤᠳᠠᠯ ᠢ ᠢᠯᠡ ᠪᠣᠯᠭᠠᠬᠤ ᠠᠵᠢᠯ ᠢ ᠤᠬᠠᠭᠤᠯᠬᠤ᠂ ᠵᠢᠯᠣᠭᠤᠳᠬᠤ | ᠠᠵᠢᠯ ᠢᠶᠠᠨ ᠴᠢᠩᠭᠠᠳᠬᠠᠬᠤ ᠬᠡᠷᠡᠭᠲᠡᠶ᠃ ᠰᠤᠷᠤᠯᠴᠠᠯᠭ᠎ᠠ ᠶᠢ ᠰᠠᠶᠢᠲᠤᠷ ᠠᠳᠬᠤᠵᠤ᠂ ᠠᠵᠢᠯᠲᠠᠨ ᠢ ᠢᠳᠡᠪᠬᠢᠲᠡᠢ | ᠵᠣᠬᠢᠶᠠᠨ ᠪᠠᠢᠭᠤᠯᠤᠨ ᠪᠣᠯᠪᠠᠰᠤᠷᠠᠯ ᠳᠤ ᠣᠷᠣᠯᠴᠠᠭᠤᠯᠵᠤ᠂ ᠰᠢᠨ᠎ᠡ ᠳᠦᠷᠢᠮ᠂ ᠭᠤᠶᠤᠴᠢᠯᠠᠯ ᠢᠶᠠᠷ ᠢᠯᠠ ᠪᠣᠯᠭᠠᠬᠤ᠂ | ᠲᠠᠶᠢᠯᠤᠮᠵᠢ ᠬᠢᠵᠦ ᠬᠠᠷᠢᠭᠤ ᠲᠤᠰᠬᠠᠬᠤ᠂ ᠵᠠᠰᠠᠭ ᠤᠨ ᠣᠷᠳᠣᠨ ᠤ ᠰᠦᠯᠵᠢᠶᠡᠨ ᠤ ᠬᠠᠮᠢᠶᠠᠷᠤᠯᠲᠠ ᠵᠡᠷᠭᠡ | ᠲᠤᠬᠠᠶᠢᠯᠠᠭᠰᠠᠨ ᠠᠵᠢᠯ ᠶᠢᠨ ᠰᠤᠷᠤᠯᠴᠠᠯᠭ᠎ᠠ ᠶᠢ ᠭᠤᠤᠯᠳᠠᠯᠭ᠎ᠠ ᠲᠠᠢ ᠰᠠᠶᠢᠲᠤᠷ ᠬᠢᠬᠦ ᠬᠡᠷᠡᠭᠲᠡᠶ᠃ | ︵ᠭᠤᠷᠪᠠ︶ ᠰᠢᠮᠳᠠᠭᠤᠯᠤᠨ ᠪᠠᠶᠢᠴᠠᠭᠠᠵᠤ ᠰᠢᠯᠭᠠᠨ ᠬᠢᠨᠠᠬᠤ ᠶᠢ ᠴᠢᠩᠭᠠᠷᠠᠭᠤᠯᠤᠨ᠎ᠠ᠃ ᠤᠯᠤᠰ᠂ ᠥᠪᠡᠷᠲᠡᠭᠡᠨ | ᠵᠠᠰᠠᠬᠤ ᠣᠷᠣᠨ ᠪᠠ ᠲᠦᠩᠯᠢᠶᠣᠤ ᠬᠤᠲᠠ ᠶᠢᠨ ᠱᠠᠭᠠᠷᠳᠠᠯᠭ᠎ᠠ ᠶᠢ ᠴᠢᠩᠭ᠎ᠠ ᠨᠠᠢᠳᠠᠪᠤᠷᠢᠵᠢᠭᠤᠯᠬᠤ᠂ ᠵᠢᠯ ᠤᠨ | ᠠᠵᠢᠯ ᠤᠨ ᠡᠭᠦᠷᠭᠡ ᠶᠢ ᠮᠥᠷᠳᠡᠨ ᠨᠠᠶᠢᠳᠠᠪᠤᠷᠢᠵᠢᠭᠤᠯᠬᠤ ᠶᠢ ᠦᠷᠭᠦᠯᠵᠢᠯᠡᠨ ᠰᠠᠶᠢᠲᠤᠷ ᠠᠳᠬᠤᠨ᠎ᠠ᠃ ᠵᠠᠰᠠᠭ ᠤᠨ | ᠶᠠᠪᠤᠳᠠᠯ ᠢ ᠢᠯᠡ ᠪᠣᠯᠭᠠᠬᠤ ᠶᠢ ᠠᠵᠢᠯ ᠤᠨ ᠠᠮᠵᠢᠯᠲᠠ ᠪᠦᠲᠦᠮᠵᠢ ᠶᠢᠨ ᠬᠠᠮᠢᠶᠠᠷᠤᠯᠲᠠ ᠪᠠ ᠠᠵᠢᠯ ᠤᠨ ᠰᠢᠯᠭᠠᠨ | ᠬᠢᠨᠠᠬᠤ ᠳᠤ ᠣᠷᠣᠭᠤᠯᠵᠤ᠂ ᠲᠥᠷᠥ ᠶᠢᠨ ᠪᠣᠳᠣᠯᠭ᠎ᠠ ᠶᠢ ᠤᠩᠰᠢᠨ ᠲᠠᠶᠢᠯᠪᠤᠷᠢᠯᠠᠬᠤ᠂ ᠠᠩᠬᠠᠷᠤᠯ ᠳᠤ ᠬᠠᠷᠢᠭᠤ ᠥᠭᠬᠦ | ᠂ ᠭᠤᠤᠯᠳᠠᠯᠭ᠎ᠠ ᠲᠠᠢ ᠬᠦᠷᠢᠶ᠎ᠡ ᠴᠠᠷᠠᠭ᠎ᠠ ᠶᠢ ᠢᠯᠡ ᠪᠣᠯᠭᠠᠬᠤ᠂ ᠭᠤᠤᠯ ᠬᠠᠷᠢᠭᠤᠴᠠᠯᠭᠠᠲᠠᠨ ᠨᠥᠬᠦᠳ ᠤᠨ | ᠠᠵᠢᠯ ᠢᠶᠠᠨ ᠰᠤᠳᠤᠯᠤᠨ ᠪᠠᠶᠢᠷᠢᠯᠠᠭᠤᠯᠬᠤ ᠪᠠ ᠰᠣᠨᠢᠨ ᠮᠡᠳᠡᠭᠡ ᠨᠡᠶᠢᠲᠡᠯᠡᠬᠦ ᠬᠤᠷᠠᠯ ᠳᠤ ᠣᠷᠣᠯᠴᠠᠭᠰᠠᠨ ᠵᠡᠷᠭᠡ | ᠪᠠᠶᠢᠳᠠᠯ ᠢ ᠰᠢᠯᠭᠠᠨ ᠬᠢᠨᠠᠵᠤ ᠦᠨᠡᠯᠡᠨ ᠵᠢᠱᠢᠬᠦ ᠶᠢ ᠴᠢᠩᠭᠠᠷᠠᠭᠤᠯᠤᠨ᠂ ᠠᠰᠠᠭᠤᠳᠠᠯ ᠪᠠᠶᠢᠬᠤ ᠶᠢ ᠣᠯᠵᠤ ᠮᠡᠳᠡᠪᠡᠯ | ᠴᠠᠭ ᠲᠤᠬᠠᠶ ᠳᠤᠨᠢ ᠴᠡᠭᠴᠡᠯᠡᠨ ᠰᠠᠶᠢᠵᠢᠷᠠᠭᠤᠯᠬᠤ ᠬᠡᠷᠡᠭᠲᠡᠶ᠃ | |