ᠬᠤᠲᠠ ᠶᠢᠨ ᠬᠠᠮᠢᠶᠠᠷᠤᠯᠲᠠ ᠶᠢᠨ ᠨᠠᠷᠢᠯᠢᠬᠵᠢᠭᠤᠯᠤᠭᠰᠠᠨ ᠠᠵᠢᠯ ᠢ ᠤᠯᠠᠮ ᠨᠢᠭᠡ ᠠᠯᠬᠤᠮ ᠲᠦᠯᠬᠢᠨ ᠠᠬᠢᠭᠤᠯᠵᠤ᠂ | ᠬᠤᠲᠠ ᠶᠢᠨ ᠦᠵᠡᠮᠵᠢ ᠶᠢᠨ ᠣᠷᠴᠢᠨ ᠲᠣᠭᠤᠷᠢᠨ ᠢ ᠦᠨᠡᠨ ᠬᠦ ᠴᠡᠪᠡᠷᠰᠢᠭᠦᠯᠬᠦ ᠶᠢᠨ ᠲᠥᠯᠥᠭᠡ᠂ 9 ᠰᠠᠷ᠎ᠠ ᠶᠢᠨ | 16 ᠤ ᠡᠳᠦᠷ ᠠᠴᠠ ᠨᠠᠰᠢ᠂ ᠬᠤᠷᠴᠢᠨ ᠲᠣᠭᠤᠷᠢᠭ ᠡᠯ᠎ᠡ ᠵᠡᠭᠡᠯᠢ ᠭᠤᠳᠤᠮᠵᠢ᠂ ᠨᠡᠶᠢᠭᠡᠮ ᠲᠣᠭᠤᠷᠢᠭ ᠲᠤ | ᠳᠤᠷ᠎ᠠ ᠪᠠᠷ ᠢᠶᠠᠨ ᠵᠠᠷ ᠮᠡᠳᠡᠭᠡ ᠨᠠᠭᠠᠬᠤ ᠦᠢᠯᠡ ᠠᠵᠢᠯᠯᠠᠭ᠎ᠠ ᠶᠢ ᠲᠤᠰᠬᠠᠶ ᠴᠡᠭᠴᠡᠯᠡᠨ ᠵᠠᠰᠠᠪᠠ᠃ | ᠪᠠᠶᠠᠷ ᠤᠨ ᠡᠳᠦᠷ ᠤᠨ ᠬᠤᠭᠤᠴᠠᠭᠠᠨ ᠳᠤ ᠭᠤᠤᠯ ᠪᠣᠯᠬᠤ ᠵᠡᠭᠡᠯᠢ ᠭᠤᠳᠤᠮᠵᠢ᠂ ᠬᠤᠳᠠᠯᠳᠤᠭᠠᠨ ᠤ | ᠲᠣᠭᠤᠷᠢᠭ ᠲᠤ ᠳᠤᠷ᠎ᠠ ᠪᠠᠷ ᠢᠶᠠᠨ ᠵᠠᠷ ᠨᠠᠭᠠᠬᠤ᠂ ᠵᠢᠵᠢᠭ ᠵᠠᠷ ᠭᠠᠷᠭᠠᠬᠤ ᠦᠵᠡᠭᠳᠡᠯ ᠭᠠᠷᠬᠤ ᠠᠴᠠ ᠰᠡᠷᠭᠡᠶᠢᠯᠡᠬᠦ ᠶᠢᠨ | ᠲᠥᠯᠥᠭᠡ᠂ ᠬᠤᠷᠴᠢᠨ ᠲᠣᠭᠤᠷᠢᠭ ᠬᠠᠮᠢᠶᠠᠷᠤᠨ ᠡᠵᠡᠮᠳᠡᠬᠦ ᠡᠷᠴᠢᠮ ᠢᠶᠠᠨ ᠴᠢᠩᠭᠠᠷᠠᠭᠤᠯᠤᠭᠰᠠᠨ ᠪᠥᠭᠡᠳ ᠵᠡᠭᠡᠯᠢ | ᠳᠠᠭᠠᠤ ᠶᠢᠨ ᠬᠤᠳᠠᠯᠳᠤᠭᠠᠨ ᠤ ᠫᠦᠰᠡ ᠶᠢ ᠳᠠᠶᠢᠴᠢᠯᠠᠨ ᠦᠵᠡᠮᠦᠷᠢ ᠶᠢᠨ ᠴᠣᠩᠬᠤᠨ ᠳᠡᠭᠡᠷᠡᠬᠢ ᠡᠯ᠎ᠡ ᠲᠥᠷᠥᠯ ᠤᠨ | ᠵᠢᠵᠢᠭ ᠵᠠᠷ ᠢ ᠰᠠᠨᠠᠭᠠᠴᠢᠯᠠᠭ᠎ᠠ ᠠᠴᠠ ᠪᠠᠨ ᠴᠡᠪᠡᠷᠯᠡᠭᠦᠯᠪᠡ᠃ ᠣᠳᠣᠬᠠᠨ ᠳᠤ ᠨᠢᠭᠡᠨᠲᠡ ᠭᠡᠷ ᠤᠨ ᠭᠠᠳᠠᠨ᠎ᠠ ᠵᠠᠷ | ᠨᠠᠭᠠᠬᠤ᠂ ᠰᠦᠷᠴᠢᠨ ᠰᠢᠷᠲᠡᠬᠦ᠂ ᠵᠢᠵᠢᠭ ᠵᠠᠷ ᠪᠢᠴᠢᠬᠦ 32 ᠦᠢᠯᠡ ᠠᠵᠢᠯᠯᠠᠭ᠎ᠠ ᠶᠢ ᠢᠳᠬᠠᠨ ᠬᠤᠷᠢᠭᠯᠠᠵᠤ᠂ | ᠬᠤᠷᠢᠭᠯᠠᠨ ᠵᠣᠭᠰᠣᠭᠠᠵᠤ᠂ ᠵᠡᠭᠡᠯᠢ ᠳᠡᠭᠡᠷᠡᠬᠢ ᠳᠤᠷ᠎ᠠ ᠶᠢᠨ ᠵᠠᠷ ᠢ 6400 ᠭᠠᠷᠤᠶ ᠬᠤᠪᠢ ᠬᠤᠷᠢᠶᠠᠨ ᠠᠪᠴᠤ᠂ | 128 ᠳ᠋ᠢᠶᠠᠩᠬᠤᠸᠠ ᠶᠢᠨ ᠨᠣᠮᠧᠷ ᠢ ᠨᠡᠬᠡᠮᠵᠢᠯᠡᠨ ᠳᠠᠭᠤᠳᠠᠵᠤ᠂ 53 ᠵᠤᠷᠪᠤᠰ ᠲᠣᠭᠲᠠᠭᠠᠯ ᠢ ᠬᠦᠴᠦᠨ ᠥᠬᠡᠶ | ᠪᠣᠯᠭᠠᠪᠠ᠃ | ᠡᠭᠦᠨ ᠤ ᠳᠤ ᠬᠠᠮᠲᠤ᠂ ᠵᠢᠵᠢᠭ ᠵᠠᠷ ᠮᠡᠳᠡᠭᠡ ᠶᠢᠨ ᠴᠡᠭᠴᠡᠯᠡᠨ ᠵᠠᠰᠠᠬᠤ ᠠᠵᠢᠯ ᠢ ᠬᠠᠭᠤᠴᠢᠨ ᠰᠠᠭᠤᠭᠠᠯᠢ | ᠠᠷᠠᠳ ᠤᠨ ᠲᠣᠭᠤᠷᠢᠭ ᠲᠡᠰᠢ ᠤᠷᠲᠤᠳᠬᠠᠬᠤ ᠶᠢ ᠶᠡᠬᠡᠪᠡᠷ ᠠᠬᠢᠭᠤᠯᠵᠤ᠂ ᠬᠡᠷᠡᠮ ᠬᠠᠨ᠎ᠠ ᠪᠣᠯᠤᠨ ᠭᠠᠵᠠᠷ ᠳᠡᠭᠡᠷᠡᠬᠢ | ᠵᠠᠷ ᠮᠡᠳᠡᠭᠡ ᠶᠢᠨ ᠭᠡᠷᠡᠴᠢ ᠪᠠᠷᠢᠮᠲᠠ ᠶᠢ ᠴᠤᠭᠯᠠᠭᠤᠯᠬᠤ ᠡᠷᠴᠢᠮ ᠢᠶᠠᠨ ᠴᠢᠩᠭᠠᠷᠠᠭᠤᠯᠵᠤ᠂ ᠨᠡᠶᠢᠭᠡᠮ ᠲᠣᠭᠤᠷᠢᠭ ᠤᠨ ︽ | ᠦᠬᠡᠷ ᠢᠯᠢᠳᠦ︾ ᠶᠢ ᠵᠠᠰᠠᠪᠠ᠃ | ᠤᠶᠢᠷ᠎ᠠ ᠶᠢᠨ ᠡᠳᠦᠷ ᠤᠳ ᠲᠤ᠂ ᠬᠠᠤᠯᠢ ᠬᠡᠷᠡᠭᠵᠢᠭᠦᠯᠬᠦ ᠠᠵᠢᠯᠲᠠᠳ ᠶᠦᠩ ᠴᠢᠩ᠂ ᠮᠢᠩ ᠷᠧᠨ ᠵᠡᠷᠭᠡ ᠵᠡᠭᠡᠯᠢ | ᠭᠤᠳᠤᠮᠵᠢ ᠶᠢᠨ ᠬᠡᠰᠡᠭ ᠬᠠᠭᠤᠴᠢᠨ ᠨᠡᠶᠢᠭᠡᠮ ᠲᠣᠭᠤᠷᠢᠭ ᠲᠤ ᠭᠦᠨᠵᠡᠭᠡᠶ ᠪᠠᠶᠢᠴᠠᠭᠠᠨ ᠰᠤᠳᠤᠯᠤᠯᠲᠠ ᠬᠢᠵᠦ᠂ | ᠬᠤᠲᠠ ᠶᠢᠨ ᠬᠠᠮᠢᠶᠠᠷᠤᠯᠲᠠ ᠪᠣᠯᠤᠨ ᠨᠡᠶᠢᠭᠡᠮ ᠲᠣᠭᠤᠷᠢᠭ᠂ ᠠᠳᠠᠯ ᠠᠬᠤᠢ ᠶᠢᠨ ᠲᠠᠯ᠎ᠠ ᠶᠢᠨ ᠬᠢᠨ ᠰᠢᠢᠳᠪᠦᠷᠢᠯᠡᠬᠦ | ᠠᠷᠭ᠎ᠠ ᠶᠢ ᠵᠥᠪᠳᠡᠯᠴᠡᠪᠡ᠃ ᠲᠡᠷᠡᠴᠢᠯᠡᠨ ᠭᠦᠢᠴᠡᠳ ᠭᠡᠷᠡᠴᠢ ᠠᠪᠤᠭᠰᠠᠨ ᠰᠠᠭᠤᠷᠢᠨ ᠳᠡᠭᠡᠷ᠎ᠡ᠂ ᠳ᠋ᠢᠩᠬᠤᠸᠠ ᠶᠢᠨ | ᠪᠥᠭᠡᠮ ᠢᠶᠠᠷ ᠳᠠᠭᠤᠳᠠᠬᠤ ᠰᠢᠰᠲ᠋ᠧᠮ ᠢ ᠠᠰᠢᠭᠯᠠ᠂ ᠲᠤᠬᠠᠶ ᠶᠢᠨ ᠲᠠᠯᠠᠪᠤᠷ ᠲᠤ ᠴᠤᠭᠯᠠᠭᠤᠯᠤᠭᠰᠠᠨ ᠡᠯ᠎ᠡ | ᠲᠥᠷᠥᠯ ᠤᠨ ᠵᠢᠵᠢᠭ ᠵᠠᠷ ᠢ ᠨᠡᠬᠡᠮᠵᠢᠯᠡᠨ ᠳᠠᠭᠤᠳᠠᠵᠤ᠂ ᠲᠤᠬᠠᠶ ᠶᠢᠨ ᠬᠥᠮᠦᠨ ᠢ ᠰᠢᠪᠠᠳᠠᠨ ᠰᠢᠢᠳᠪᠦᠷᠢᠯᠡᠵᠦ᠂ | ᠵᠢᠵᠢᠭ ᠵᠠᠷ ᠢ ᠳᠤᠷ᠎ᠠ ᠪᠠᠷ ᠢᠶᠠᠨ ᠨᠠᠭᠠᠬᠤ ᠬᠠᠤᠯᠢ ᠠᠴᠠ ᠵᠥᠷᠢᠴᠡᠭᠰᠡᠨ ᠠᠵᠢᠯᠯᠠᠭ᠎ᠠ ᠶᠢ ᠬᠤᠷᠢᠭᠯᠠᠨ ᠵᠤᠭᠰᠤᠭᠠᠪᠠ᠃ | ᠲᠠᠷᠠᠭᠠᠴᠢ ᠶᠢᠨ ᠠᠯᠬᠤᠮ ᠳᠤ᠂ ᠬᠤᠷᠴᠢᠨ ᠲᠣᠭᠤᠷᠢᠭ ᠨᠢ ᠵᠢᠵᠢᠭ ᠵᠠᠷ ᠮᠡᠳᠡᠭᠡ ᠶᠢ ᠣᠯᠠᠨ ᠢᠶᠠᠷ ᠢᠶᠠᠨ | ᠰᠡᠷᠭᠡᠶᠢᠯᠡᠵᠦ ᠣᠯᠠᠨ ᠢᠶᠠᠷ ᠢᠶᠠᠨ ᠵᠠᠰᠠᠬᠤ ᠲᠤᠷᠰᠢᠯᠲᠠ ᠶᠢᠨ ᠠᠵᠢᠯ ᠢ ᠦᠷᠭᠦᠯᠵᠢᠯᠡᠨ ᠥᠷᠨᠢᠭᠦᠯᠵᠦ᠂ ᠬᠤᠲᠠ ᠶᠢᠨ | ᠬᠠᠮᠢᠶᠠᠷᠤᠯᠲᠠ ᠪᠣᠯᠤᠨ ᠵᠡᠭᠡᠯᠢ ᠭᠤᠳᠤᠮᠵᠢ᠂ ᠨᠡᠶᠢᠭᠡᠮ ᠲᠣᠭᠤᠷᠢᠭ᠂ ᠠᠳᠠᠯ ᠠᠬᠤᠶ ᠵᠡᠷᠭᠡ ᠰᠠᠯᠠᠭ᠎ᠠ ᠮᠥᠴᠢᠷ ᠤᠨ | ᠬᠠᠮᠲᠤᠷᠠᠨ ᠠᠵᠢᠯᠯᠠᠬᠤ ᠲᠣᠭᠲᠠᠴᠠ ᠶᠢ ᠪᠠᠶᠢᠭᠤᠯᠬᠤ ᠶᠢ ᠴᠢᠩᠭᠠᠳᠬᠠᠵᠤ᠂ ᠨᠡᠶᠢᠭᠡᠮ ᠤᠨ ᠬᠦᠴᠦᠨ ᠢ ᠥᠷᠭᠡᠨ ᠢᠶᠠᠷ | ᠳᠠᠶᠢᠴᠢᠯᠠᠵᠤ ᠵᠢᠵᠢᠭ ᠵᠠᠷ ᠮᠡᠳᠡᠭᠡ ᠶᠢᠨ ᠲᠤᠰᠬᠠᠶ ᠵᠠᠰᠠᠯᠲᠠ ᠳᠤ ᠣᠷᠣᠯᠴᠠᠭᠤᠯᠵᠤ᠂ ᠬᠠᠮᠲᠤᠪᠠᠷ ᠣᠷᠣᠯᠴᠠᠬᠤ᠂ | ᠵᠡᠷᠭᠡᠪᠡᠷ ᠠᠳᠬᠤᠬᠤ ᠠᠵᠢᠯ ᠶᠢᠨ ᠪᠠᠶᠢᠷᠢᠰᠢᠯ ᠢ ᠪᠦᠷᠢᠯᠳᠦᠭᠦᠯᠵᠦ᠂ ᠥᠷᠭᠡᠨ ᠣᠯᠠᠨ ᠬᠤᠲᠠ ᠶᠢᠨ ᠠᠷᠠᠳ ᠲᠤ ᠴᠡᠪᠡᠷ | ᠴᠡᠮᠴᠡᠭᠡᠷ ᠬᠤᠲᠠ ᠶᠢᠨ ᠣᠷᠴᠢᠨ ᠲᠣᠭᠤᠷᠢᠨ ᠢ ᠪᠣᠶ ᠪᠣᠯᠭᠠᠵᠤ ᠥᠭᠭᠦᠨ᠎ᠡ᠃ |