ᠹᠧᠩ ᠢᠦᠶ ᠵᠧᠨ ᠬᠤᠷᠴᠢᠨ ᠲᠣᠭᠤᠷᠢᠭ ᠲᠤ ᠭᠤᠤᠯᠳᠠᠯᠭ᠎ᠠ ᠲᠠᠢ ᠲᠥᠷᠥᠯ ᠵᠦᠢᠯ ᠤᠨ ᠪᠦᠲᠦᠭᠡᠨ ᠪᠠᠢᠭᠤᠯᠤᠯᠲᠠ ᠪᠠ  ᠠᠶᠤᠯᠭᠦᠢ  ᠦᠢᠯᠡᠳᠪᠦᠷᠢᠯᠡᠯ ᠤᠨ ᠠᠵᠢᠯ ᠢ  ᠪᠠᠶᠢᠴᠠᠭᠠᠨ ᠰᠤᠳᠤᠯᠪᠠ
ᠨᠡᠶᠢᠲᠡᠯᠡᠭᠰᠡᠨ ᠴᠠᠭ᠄
2020/10/12
  10 ᠰᠠᠷ᠎ᠠ ᠶᠢᠨ 6 ᠤ ᠡᠳᠦᠷ᠂ ᠬᠤᠲᠠ ᠶᠢᠨ ᠨᠠᠮ ᠤᠨ ᠬᠤᠷᠢᠶᠠᠨ ᠤ ᠱᠦᠵᠢ ᠹᠧᠩ ᠢᠦᠶ ᠵᠧᠨ ᠬᠤᠷᠴᠢᠨ ᠲᠣᠭᠤᠷᠢᠭ ᠲᠤ ᠬᠦᠷᠴᠦ ᠭᠤᠤᠯᠳᠠᠯᠭ᠎ᠠ ᠲᠠᠢ ᠲᠥᠷᠥᠯ ᠵᠦᠢᠯ ᠤᠨ ᠪᠥᠲᠥᠭᠡᠨ ᠪᠠᠶᠢᠭᠤᠯᠤᠯᠲᠠ ᠪᠠ ᠠᠶᠤᠯᠭᠦᠶ ᠦᠢᠯᠡᠳᠪᠦᠷᠢᠯᠡᠯ ᠤᠨ ᠠᠵᠢᠯ ᠢ ᠪᠠᠶᠢᠴᠠᠭᠠᠨ ᠰᠤᠳᠤᠯᠪᠠ᠃ ᠲᠦᠩᠯᠢᠶᠣᠤ ᠬᠤᠲᠠ ᠶᠢᠨ ᠨᠠᠮ ᠤᠨ ᠬᠤᠷᠢᠶᠠᠨ ᠤ ᠳᠡᠳ᠋ ᠱᠦᠵᠢ᠂ ᠤᠯᠤᠰ ᠲᠥᠷᠥ ᠬᠠᠤᠯᠢ ᠴᠠᠭᠠᠵᠠ ᠶᠢᠨ ᠬᠤᠷᠢᠶᠠᠨ ᠤ ᠱᠦᠵᠢ᠂ ᠬᠤᠷᠴᠢᠨ ᠲᠣᠭᠤᠷᠢᠭ ᠤᠨ ᠨᠠᠮ ᠤᠨ ᠬᠤᠷᠢᠶᠠᠨ ᠤ ᠱᠦᠵᠢ ᠳ᠋ᠦ᠋ ᠾᠦᠢ ᠯᠢᠶᠠᠩ᠂ ᠬᠤᠲᠠ ᠶᠢᠨ ᠨᠠᠮ ᠤᠨ ᠬᠤᠷᠢᠶᠠᠨ ᠤ ᠪᠠᠶᠢᠩᠭᠤ ᠶᠢᠨ ᠭᠡᠰᠢᠭᠦᠨ᠂ ᠨᠠᠷᠢᠨ ᠪᠢᠴᠢᠭ ᠤᠨ ᠳᠠᠷᠤᠭ᠎ᠠ ᠵᠠᠩ ᠾᠦᠩ ᠹᠦ᠋᠂ ᠬᠤᠷᠴᠢᠨ ᠲᠣᠭᠤᠷᠢᠭ ᠤᠨ ᠨᠠᠮ ᠤᠨ ᠬᠤᠷᠢᠶᠠᠨ ᠤ ᠳᠡᠳ᠋ ᠱᠦᠵᠢ᠂ ᠵᠠᠰᠠᠭ ᠤᠨ ᠣᠷᠳᠣᠨ ᠤ ᠳᠠᠷᠤᠭ᠎ᠠ ᠢᠦᠶ ᠾᠦᠢ ᠲᠤᠤ᠂ ᠬᠤᠷᠴᠢᠨ ᠲᠣᠭᠤᠷᠢᠭ ᠤᠨ ᠨᠠᠮ ᠤᠨ ᠬᠤᠷᠢᠶᠠᠨ ᠤ ᠳᠡᠳ᠋ ᠱᠦᠵᠢ᠂ ᠠᠵᠤ ᠦᠢᠯᠡᠳᠪᠦᠷᠢ ᠶᠢᠨ ᠬᠦᠷᠢᠶᠡᠯᠡᠩ ᠲᠣᠭᠤᠷᠢᠭ ᠤᠨ ᠬᠠᠮᠢᠶᠠᠷᠤᠯᠲᠠ ᠶᠢᠨ ᠵᠥᠪᠯᠡᠯ ᠤᠨ ᠡᠷᠬᠢᠯᠡᠭᠴᠢ ᠳ᠋ᠦ᠋ ᡁᠢ ᠵᠢᠶᠦ᠋ᠨ᠂ ᠬᠤᠷᠴᠢᠨ ᠲᠣᠭᠤᠷᠢᠭ ᠤᠨ ᠨᠠᠮ ᠤᠨ ᠬᠤᠷᠢᠶᠠᠨ ᠤ ᠪᠠᠶᠢᠩᠭᠤ ᠶᠢᠨ ᠭᠡᠰᠢᠭᠦᠨ᠂ ᠵᠠᠰᠠᠭ ᠤᠨ ᠣᠷᠳᠣᠨ ᠤ ᠳᠡᠳ᠋ ᠳᠠᠷᠤᠭ᠎ᠠ ᠱᠤᠤ ᠶᠠᠨ ᠵᠢᠶᠦ᠋ᠨ ᠵᠢᠴᠢ ᠬᠤᠯᠪᠣᠭᠳᠠᠯ ᠪᠦᠬᠦᠢ ᠬᠠᠷᠢᠭᠤᠴᠠᠯᠭᠠᠲᠠᠨ ᠨᠥᠬᠦᠳ ᠣᠷᠣᠯᠴᠠᠪᠠ᠃    ᠹᠧᠩ ᠢᠦᠶ ᠵᠧᠨ ᠨᠡᠷ  ᠮᠦᠩᠬᠡ ᠡᠮ ᠦᠢᠯᠡᠳᠬᠦ ᠲᠥᠷᠥᠯ ᠵᠦᠢᠯ᠂ ᠳ᠋ᠠᠰᠢᠩ ᠵᠠᠮ ᠤᠨ ᠲᠥᠷᠥᠯ ᠵᠦᠢᠯ᠂ ᠭᠦᠸᠧ ᠨᠧᠩ ᠠᠮᠢᠳᠤ ᠪᠣᠳᠠᠰ ᠤᠨ ᠴᠠᠬᠢᠯᠭᠠᠨ ᠭᠠᠷᠭᠠᠬᠤ ᠲᠥᠷᠥᠯ ᠵᠦᠢᠯ᠂ ᠣᠯᠠᠨ ᠬᠡᠯᠪᠡᠷᠢ ᠶᠢᠨ ᠬᠠᠮᠲᠤᠷᠠᠭᠰᠠᠨ ᠲᠡᠭᠡᠭᠡᠪᠦᠷᠢ ᠶᠢᠨ  ᠪᠤᠭᠤᠮᠳᠠ ᠶᠢᠨ ᠬᠢᠨᠠᠨ ᠬᠠᠮᠢᠶᠠᠷᠬᠤ ᠲᠥᠪ ᠤᠨ PPP ᠲᠥᠷᠥᠯ ᠵᠦᠢᠯ᠂ ᠮᠧᠶ ᠬᠤᠸᠠ ᠠᠮᠢ ᠠᠬᠤᠢ ᠶᠢᠨ ᠴᠡᠴᠡᠷᠯᠢᠭ ᠤᠨ  ᠲᠦᠷᠦᠯ ᠵᠦᠢᠯ᠂ ᠯᠦᠩ ᠮᠠ ᠪᠦᠯᠦᠭᠯᠡᠯ ᠤᠨ ᠳᠡᠭᠡᠳᠦ ᠲᠡᠰ ᠤᠨ ᠲᠣᠨᠤᠭ ᠲᠥᠬᠦᠭᠡᠷᠦᠮᠵᠢ  ᠦᠢᠯᠡᠳᠬᠦ ᠰᠠᠭᠤᠷᠢᠨ ᠭᠠᠵᠠᠷ ᠤᠨ ᠲᠦᠷᠦᠯ ᠵᠦᠢᠯ᠂ ᠾᠧᠩ ᠳ᠋ᠡ ᠢᠤᠢ ᠵᠢᠩ  ᠲᠢᠶᠠᠨ ᠰᠢᠶ᠋ᠨ ᠲᠥᠷᠥᠯ ᠵᠦᠢᠯ ᠤᠨ ᠪᠠᠷᠢᠯᠭ᠎ᠠ ᠶᠢᠨ ᠲᠤᠬᠠᠶ ᠶᠢᠨ ᠲᠠᠯᠠᠪᠠᠢ ᠳᠤ ᠬᠦᠷᠴᠦ᠂ ᠲᠥᠷᠥᠯ ᠵᠦᠢᠯ ᠤᠨ ᠠᠬᠢᠯᠲᠠ ᠶᠢᠨ ᠬᠠᠷᠢᠭᠤ ᠮᠡᠳᠡᠭᠦᠯᠦᠯᠲᠡ ᠶᠢ ᠰᠣᠨᠣᠰᠴᠤ᠂ ᠪᠠᠷᠢᠯᠭ᠎ᠠ ᠶᠢᠨ ᠠᠬᠢᠴᠠ ᠶᠢ ᠲᠤᠬᠠᠶ  ᠶᠢᠨ ᠭᠠᠵᠠᠷ ᠲᠤᠨᠢ ᠣᠶᠢᠯᠠᠭᠠᠵᠤ᠂  ᠠᠶᠤᠯᠭᠦᠢ ᠦᠢᠯᠡᠳᠪᠦᠷᠢᠯᠡᠯ ᠤᠨ ᠠᠵᠢᠯ ᠢ ᠪᠠᠶᠢᠴᠠᠭᠠᠪᠠ᠃    ᠮᠥᠩᠬᠡ ᠡᠮ ᠤᠨ ᠲᠥᠷᠥᠯ ᠵᠦᠢᠯ ᠤᠨ ᠲᠤᠬᠠᠶ ᠶᠢᠨ ᠲᠠᠯᠠᠪᠠᠢ ᠳᠤ᠂ ᠹᠧᠩ ᠢᠦᠶ ᠵᠧᠨ ᠡᠮ ᠦᠢᠯᠡᠳᠬᠦ ᠲᠠᠰᠤᠭ ᠂ ᠪᠣᠭᠤᠳᠠᠯᠯᠠᠬᠤ ᠲᠠᠰᠤᠭ ᠵᠡᠷᠭᠡ ᠭᠠᠵᠠᠷ ᠢᠶᠠᠷ ᠣᠷᠣᠵᠤ᠂ ᠲᠥᠷᠥᠯ ᠵᠦᠢᠯ ᠤᠨ  ᠠᠬᠢᠴᠨ ᠶᠢᠨ ᠪᠠᠶᠢᠳᠠᠯ ᠢ ᠨᠠᠷᠢᠨ ᠣᠶᠢᠯᠠᠭᠠᠵᠤ᠂ ᠲᠡᠷᠡ ᠠᠵᠤ ᠠᠬᠤᠶᠢᠯᠠᠯ ᠤᠨ ᠬᠠᠷᠢᠭᠤᠴᠠᠯᠭᠠᠲᠠᠨ ᠨᠥᠬᠦᠳ ᠢ ᠪᠦᠲᠦᠭᠡᠨ ᠪᠠᠶᠢᠭᠤᠯᠤᠯᠲᠠ ᠶᠢᠨ ᠠᠬᠢᠴᠠ ᠪᠠᠨ  ᠲᠦᠷᠭᠡᠳᠭᠡᠵᠦ᠂ ᠠᠯᠢ ᠴᠢᠳᠠᠬᠤ ᠪᠠᠷ ᠲᠦᠷᠭᠡᠨ ᠠᠰᠢᠭᠯᠠᠯᠲᠠ ᠳᠤ ᠤᠷᠤᠭᠤᠯᠵᠤ ᠠᠮᠵᠢᠯᠲᠠ ᠣᠯᠬᠤ ᠶᠢ ᠵᠣᠷᠢᠭᠵᠢᠭᠤᠯᠵᠠᠶ᠃ ᠡᠭᠦᠨ ᠤ ᠬᠠᠮᠲᠤ ᠠᠵᠤ ᠠᠬᠤᠶᠢᠯᠠᠯ ᠤᠨ ᠳᠠᠪᠠᠭᠤᠯᠢᠭ ᠢ ᠤᠯᠠᠮ ᠨᠢᠭᠡ ᠠᠯᠬᠤᠮ ᠪᠠᠳᠠᠷᠠᠭᠤᠯᠵᠤ᠂ ᠠᠵᠢᠯ ᠣᠯᠭᠤᠯᠲᠠ ᠶᠢ ᠲᠣᠭᠲᠠᠪᠤᠷᠢᠵᠢᠭᠤᠯᠬᠤ ᠪᠠ ᠰᠠᠭᠤᠭᠠᠯᠢ ᠠᠷᠠᠳ ᠤᠨ ᠠᠵᠢᠯ ᠣᠯᠭᠤᠯᠲᠠ ᠶᠢ ᠪᠠᠲᠤᠯᠠᠬᠤ ᠲᠠᠯ᠎ᠠ ᠪᠠᠷ ᠬᠤᠪᠢ ᠨᠡᠮᠡᠷᠢ ᠦᠵᠡᠭᠦᠯᠬᠦ ᠬᠡᠷᠡᠭᠲᠡᠢ ᠭᠡᠪᠡ᠃    ᠯᠦᠩ ᠮᠠ ᠪᠦᠯᠦᠭᠯᠡᠯ ᠤᠨ ᠳᠡᠭᠡᠳᠦ ᠲᠡᠰ ᠤᠨ ᠲᠣᠨᠤᠭ ᠲᠥᠬᠦᠭᠡᠷᠦᠮᠵᠢ ᠦᠢᠯᠡᠳᠬᠦ ᠰᠠᠭᠤᠷᠢᠨ ᠭᠠᠵᠠᠷ ᠤᠨ ᠲᠥᠷᠦᠯ ᠵᠦᠢᠯ ᠳᠤ 100 ᠳ᠋ᠦᠩᠰᠢᠭᠤᠷ ᠲᠥᠭᠦᠷᠢᠭ ᠤᠨ ᠪᠡᠯᠡ ᠣᠷᠣᠭᠤᠯᠵᠤ᠂ ᠬᠤᠷᠴᠢᠨ ᠲᠣᠭᠤᠷᠢᠭ ᠲᠤ ᠣᠳᠣ ᠦᠶ᠎ᠡ ᠶᠢᠨ ᠲᠣᠨᠤᠭ ᠲᠦᠭᠦᠭᠡᠷᠦᠮᠵᠢ ᠦᠢᠯᠡᠳᠬᠦ ᠠᠵᠤ ᠦᠢᠯᠡᠰ ᠤᠨ ᠰᠠᠭᠤᠷᠢᠨ ᠭᠠᠵᠠᠷ ᠢ ᠪᠦᠲᠦᠭᠡᠨ ᠪᠠᠶᠢᠭᠤᠯᠤᠨ᠎ᠠ᠃ ᠲᠥᠷᠥᠯ ᠵᠦᠢᠯ ᠤᠨ ᠪᠠᠷᠢᠯᠭ᠎ᠠ ᠶᠢᠨ ᠠᠵᠢᠯ ᠤᠨ ᠲᠠᠯᠠᠪᠠᠢ ᠳᠤ᠂ ᠹᠧᠩ ᠢᠦᠶ ᠵᠧᠨ ᠲᠥᠷᠥᠯ ᠵᠦᠢᠯ ᠤᠨ ᠪᠠᠶᠢᠳᠠᠯ ᠤᠨ ᠬᠠᠷᠢᠭᠤ ᠮᠡᠳᠡᠭᠦᠯᠦᠯᠲᠡ ᠶᠢ ᠰᠣᠨᠣᠰᠤᠭᠰᠠᠨ ᠤ ᠳᠠᠷᠠᠭ᠎ᠠ᠂ ᠬᠤᠲᠠ ᠲᠣᠭᠤᠷᠢᠭ ᠤᠨ ᠬᠤᠶᠠᠷ ᠱᠠᠲᠤᠨ ᠤ ᠬᠢᠨ ᠲᠣᠰ ᠲᠥᠷᠥᠯ  ᠵᠦᠢᠯ ᠢ ᠬᠤᠲᠠ ᠲᠤᠭᠤᠷᠢᠭ ᠢᠶᠠᠨ ᠲᠤᠯᠭᠠᠭᠤᠷᠢᠯᠠᠬᠤ  ᠶᠢᠨ ᠲᠥᠷᠥᠯ ᠵᠦᠢᠯ ᠪᠣᠯᠭᠠᠨ ᠣᠶᠤᠨ ᠴᠢᠳᠠᠯ ᠢᠶᠠᠨ ᠲᠥᠪᠯᠡᠷᠡᠭᠦᠯᠦᠨ ᠭᠤᠤᠯᠳᠠᠯᠭ᠎ᠠ ᠲᠠᠢ ᠪᠥᠲᠥᠭᠡᠨ ᠪᠠᠶᠢᠭᠤᠯᠬᠤ ᠬᠡᠷᠡᠭᠲᠡᠶ ᠭᠡᠪᠡ᠃ ᠪᠦᠲᠦᠮᠵᠢᠲᠡᠢ ᠪᠠᠷᠢᠯᠭ᠎ᠠ ᠪᠠᠷᠢᠬᠤ ᠬᠤᠭᠤᠴᠠᠭ᠎ᠠ ᠶᠢ ᠵᠠᠪᠳᠤᠨ ᠠᠳᠬᠤᠵᠤ᠂ ᠲᠦᠷᠦᠯ ᠵᠦᠢᠯ ᠤᠨ ᠠᠯᠢ ᠲᠦᠷᠭᠡᠨ ᠢᠶᠠᠷ ᠪᠣᠳᠠᠲᠤ ᠦᠢᠯᠡᠳᠪᠦᠷᠢᠯᠡᠯ ᠤᠨ ᠬᠦᠴᠦᠨ ᠢ ᠪᠦᠷᠢᠯᠳᠦᠭᠦᠯᠬᠦ ᠶᠢ ᠠᠬᠢᠭᠤᠯᠬᠤ ᠬᠡᠷᠡᠭᠲᠡᠢ ᠭᠡᠪᠡ᠃ ᠭᠦᠨᠵᠡᠭᠡᠢ ᠰᠤᠳᠤᠯᠵᠤ᠂ ᠲᠥᠷᠥᠯ ᠵᠦᠢᠯ ᠤᠨ ᠳᠡᠭᠡᠳᠦ ᠳᠣᠣᠷᠠᠳᠤ ᠤᠷᠤᠰᠬᠠᠯ ᠤᠨ ᠢᠵᠢ ᠪᠦᠷᠢᠳᠦᠯ ᠢ ᠦᠨᠡᠨᠬᠦ ᠰᠠᠶᠢᠲᠤᠷ ᠬᠢᠵᠦ ᠂ ᠠᠵᠤ ᠦᠢᠯᠡᠰ ᠤᠨ ᠬᠡᠯᠬᠢᠶᠡᠵᠢᠯ ᠢ ᠤᠯᠠᠮ ᠨᠢᠭᠡ ᠠᠯᠬᠤᠮ ᠤᠷᠲᠤᠳᠬᠠᠵᠤ᠂ ᠮᠠᠨ ᠤ ᠬᠤᠲᠠ ᠶᠢᠨ ᠲᠣᠨᠤᠭ ᠲᠦᠭᠦᠭᠡᠷᠦᠮᠵᠢ ᠦᠢᠯᠡᠳᠬᠦ ᠠᠵᠤ ᠦᠢᠯᠡᠰ ᠤᠨ  ᠳᠡᠭᠡᠳᠦ ᠲᠡᠰ ᠲᠡᠰᠢ ᠬᠥᠭᠵᠢᠬᠦ ᠶᠢ ᠠᠬᠢᠭᠤᠯᠬᠤ ᠬᠡᠷᠡᠭᠲᠡᠢ ᠭᠡᠪᠡ᠃    ᠮᠧᠶ ᠬᠤᠸᠠ ᠠᠮᠢ ᠠᠬᠤᠶ ᠶᠢᠨ ᠴᠡᠴᠡᠷᠯᠢᠭ ᠤᠨ ᠲᠥᠷᠥᠯ ᠵᠦᠢᠯ ᠤᠨ ᠪᠠᠶᠢᠴᠠᠭᠠᠨ ᠰᠤᠳᠤᠯᠤᠯᠲᠠ ᠳᠤ ᠹᠧᠩ ᠢᠦᠶ ᠵᠧᠨ ᠵᠢᠭᠠᠵᠤ ᠭᠠᠷᠭᠠᠭᠰᠠᠨ ᠨᠢ ᠪᠠᠶᠢᠭᠠᠯᠢ ᠶᠢ ᠬᠦᠨᠳᠦᠳᠬᠡᠵᠦ᠂ ᠪᠠᠶᠢᠭᠠᠯᠢ ᠲᠠᠢ ᠵᠣᠬᠢᠴᠠᠯᠳᠤᠨ᠂ ᠪᠠᠶᠢᠭᠠᠯᠢ ᠶᠢ ᠬᠠᠮᠠᠭᠠᠯᠠᠵᠤ᠂ ᠠᠮᠢ ᠠᠬᠤᠶ ᠣᠷᠴᠢᠨ ᠲᠣᠭᠤᠷᠢᠨ ᠤ ᠬᠠᠮᠠᠭᠠᠯᠠᠯᠲᠠ ᠶᠢᠨ ᠡᠷᠴᠢᠮ ᠢᠶᠠᠨ ᠤᠯᠠᠮ ᠨᠢᠭᠡ ᠠᠯᠬᠤᠮ ᠴᠢᠩᠭᠠᠷᠠᠭᠤᠯᠵᠤ᠂ ᠠᠮᠢᠳᠤᠷᠠᠯ ᠤᠨ ᠣᠷᠴᠢᠨ ᠨᠥᠬᠦᠴᠡᠯ ᠢ ᠦᠨᠡᠨ ᠬᠦ ᠰᠠᠶᠢᠵᠢᠷᠠᠭᠤᠯᠵᠤ᠂ ᠠᠷᠠᠳ ᠣᠯᠠᠨ ᠳᠤ ᠬᠥᠭᠵᠢᠯᠲᠡ ᠶᠢᠨ ᠦᠷ᠎ᠡ  ᠪᠦᠲᠦᠭᠡᠯ  ᠢ ᠬᠠᠮᠲᠤ ᠪᠠᠷ ᠡᠳ᠋ᠯᠡᠭᠦᠯᠦᠨ᠎ᠡ ᠭᠡᠪᠡ᠃    ᠪᠠᠶᠢᠴᠠᠭᠠᠨ ᠰᠤᠳᠤᠯᠤᠯᠲᠠ ᠬᠢᠬᠦ ᠬᠤᠭᠤᠴᠠᠭᠠᠨ ᠳᠤ ᠹᠧᠩ ᠢᠦᠶ ᠵᠧᠨ ᠵᠢᠭᠠᠵᠤ ᠭᠠᠷᠭᠠᠭᠰᠠᠨ ᠨᠢ᠂ ᠲᠥᠷᠥᠯ ᠵᠦᠢᠯ ᠤᠨ ᠲᠣᠭᠲᠠᠭᠤᠨ ᠪᠠᠯᠠ ᠣᠷᠣᠭᠤᠯᠤᠯᠲᠠ ᠶᠢ ᠠᠳᠬᠤᠬᠤ ᠪᠣᠯ ︽ᠵᠢᠷᠭᠤᠭ᠎ᠠ ᠶᠢ ᠲᠣᠭᠲᠠᠭᠤᠨ ᠪᠠᠶᠢᠯᠭᠠᠬᠤ︾ ᠠᠵᠢᠯ ᠢ ᠰᠠᠶᠢᠲᠤᠷ ᠬᠢᠵᠦ᠂ ︽ᠵᠢᠷᠭᠤᠭ᠎ᠠ ᠶᠢ ᠪᠠᠲᠤᠯᠠᠬᠤ︾ ᠡᠭᠦᠷᠭᠡ ᠶᠢ ᠨᠠᠶᠢᠳᠠᠪᠤᠷᠢᠵᠢᠭᠤᠯᠬᠤ ᠶᠢᠨ ᠴᠢᠬᠤᠯᠨ ᠭᠠᠷᠳᠠᠴᠠ ᠪᠣᠯᠤᠨ᠎ᠠ᠃ ᠡᠯ᠎ᠡ ᠭᠠᠵᠠᠷ ᠣᠷᠣᠨ ᠡᠯ᠎ᠡ ᠰᠠᠯᠠᠭ᠎ᠠ ᠮᠥᠴᠢᠷ ᠤᠨ ᠬᠢᠨ ᠲᠥᠷᠥᠯ ᠵᠦᠢᠯ ᠤᠨ ᠪᠦᠲᠦᠭᠡᠨ ᠪᠠᠶᠢᠭᠤᠯᠤᠯᠲᠠ ᠶᠢᠨ ᠴᠢᠬᠤᠯᠨ ᠴᠢᠨᠠᠷ   ᠢ ᠭᠦᠢᠴᠡᠳ ᠲᠠᠨᠢᠵᠤ᠂ ᠬᠠᠷᠢᠭᠤᠴᠠᠯᠭᠠᠲᠤ ᠰᠡᠳᠬᠢᠯᠭᠡ ᠪᠣᠯᠤᠨ ᠲᠤᠯᠭᠠᠮ᠎ᠠ ᠰᠡᠳᠬᠢᠯᠭᠡ ᠪᠠᠨ ᠦᠨᠡᠨᠬᠦ ᠴᠢᠩᠭᠠᠳᠬᠠᠵᠤ᠂ ᠪᠠᠷᠢᠯᠭ᠎ᠠ ᠶᠢᠨ ᠠᠮᠤᠷ ᠲᠦᠪᠰᠢᠨ ᠪᠣᠯᠤᠨ ᠶᠠᠰᠤ ᠴᠢᠨᠠᠷ ᠢ ᠪᠠᠲᠤᠯᠠᠭᠰᠠᠨ ᠤᠷᠢᠲᠠᠯ ᠳᠣᠣᠷ᠎ᠠ᠂ ᠥᠷᠯᠥᠭᠡ ᠦᠳᠡᠰᠢ ᠶᠢ ᠲᠡᠮᠡᠴᠡᠬᠦ᠂ ᠠᠷᠭ᠎ᠠ ᠪᠦᠬᠦᠨ ᠢ ᠰᠦᠪᠡᠭᠴᠢᠯᠡᠵᠦ ᠪᠠᠶᠢᠭᠠᠳ ᠭᠠᠷᠳᠠᠮ ᠢᠶᠠᠨ ᠭᠦᠢᠴᠡᠳᠬᠡᠬᠦ᠂ ᠪᠦᠲᠦᠭᠡᠨ ᠪᠠᠶᠢᠭᠤᠯᠬᠤ ᠵᠡᠷᠭᠡ ᠡᠯ᠎ᠡ ᠵᠦᠢᠯ ᠤᠨ ᠠᠵᠢᠯ ᠢᠶᠠᠨ ᠡᠬᠢᠯᠡᠭᠦᠯᠵᠦ᠂ ᠲᠥᠷᠥᠯ ᠵᠦᠢᠯ ᠤᠨ ᠡᠷᠲᠡᠬᠡᠨ ᠠᠵᠢᠯ ᠳᠠᠭᠤᠰᠴᠤ ᠠᠰᠢᠭᠯᠠᠯᠲᠠ ᠳᠤ ᠣᠷᠣᠬᠤ ᠶᠢ ᠦᠨᠡᠨᠬᠦ ᠪᠠᠲᠤᠯᠠᠬᠤ ᠬᠡᠷᠡᠭᠲᠡᠶ ᠭᠡᠪᠡ᠃ ᠬᠥᠭᠵᠢᠯᠲᠡ ᠶᠢᠨ ᠰᠠᠶᠢᠨ ᠰᠠᠶᠢᠬᠠᠨ ᠣᠷᠴᠢᠨ ᠲᠣᠭᠤᠷᠢᠨ ᠢ ᠪᠦᠬᠦ ᠬᠦᠴᠦᠨ ᠢᠶᠠᠷ ᠢᠶᠠᠨ ᠪᠤᠢ ᠪᠣᠯᠭᠠᠵᠤ᠂ ᠪᠦᠬᠦ ᠰᠡᠳᠬᠢᠯ ᠪᠦᠬᠦ ᠬᠦᠴᠦᠨ ᠢᠶᠠᠷ ᠢᠶᠠᠨ ᠠᠵᠤ ᠠᠬᠤᠶᠢᠯᠠᠯ ᠢ ᠬᠠᠪᠰᠤᠷᠤᠨ ᠲᠥᠷᠥᠯ ᠵᠦᠶ᠋ᠯ ᠢ ᠲᠦᠯᠬᠢᠨ ᠠᠬᠢᠭᠤᠯᠬᠤ ᠶᠠᠪᠤᠴᠠ ᠳᠤ ᠲᠤᠯᠭᠠᠷᠠᠭᠰᠠᠨ ᠪᠠᠴᠢᠮ ᠶᠠᠪᠤᠳᠠᠯ᠂ ᠬᠦᠴᠢᠷ ᠶᠠᠪᠤᠳᠠᠯ ᠢ ᠵᠣᠬᠢᠴᠠᠭᠤᠯᠤᠨ ᠰᠢᠢᠳᠪᠦᠷᠢᠯᠡᠵᠦ᠂ ᠲᠥᠷᠥᠯ ᠵᠦᠢᠯ ᠤᠨ ᠪᠦᠲᠦᠭᠡᠨ ᠪᠠᠶᠢᠭᠤᠯᠤᠯᠲᠠ ᠳᠤ ᠪᠠᠲᠤ ᠴᠢᠩᠭ᠎ᠠ ᠪᠠᠲᠤᠯᠠᠭ᠎ᠠ ᠬᠠᠩᠭᠠᠬᠤ ᠬᠡᠷᠡᠭᠲᠡᠶ ᠭᠡᠪᠡ᠃    ᠹᠧᠩ ᠢᠦᠢ ᠵᠧᠨ᠂ ᠠᠶᠤᠯᠭᠦᠢ ᠦᠢᠯᠡᠳᠪᠦᠷᠢᠯᠡᠯ ᠪᠣᠯ ᠠᠯᠢᠪᠠ ᠠᠵᠢᠯ ᠤᠨ ᠤᠷᠢᠲᠠᠯ ᠪᠠ ᠰᠠᠭᠤᠷᠢ ᠮᠥᠨ᠂ ᠨᠢᠭᠡ ᠮᠥᠴᠡ ᠴᠦ ᠰᠤᠯᠠᠷᠠᠭᠤᠯᠵᠤ ᠪᠣᠯᠬᠤ ᠦᠭᠡᠢ᠂ ᠨᠢᠭᠡ ᠮᠥᠴᠡ ᠴᠦ ᠣᠮᠲᠣᠭᠠᠶᠢᠯᠠᠵᠤ ᠪᠣᠯᠬᠤ ᠦᠭᠡᠢ᠃ ᠣᠶᠢᠷ᠎ᠠ ᠶᠢᠨ ᠬᠤᠭᠤᠴᠠᠭᠠᠨ ᠳᠤ ᠤᠯᠤᠰ ᠤᠨ ᠳᠣᠲᠣᠭᠠᠳᠤ ᠳᠤ ᠭᠠᠷᠤᠭᠰᠠᠨ ᠦᠢᠯᠡᠳᠪᠦᠷᠢᠯᠡᠯ ᠤᠨ ᠠᠮᠤᠷ ᠲᠦᠪᠰᠢᠨ ᠤ ᠠᠳᠡᠯ ᠤᠨ ᠰᠤᠷᠭᠠᠮᠵᠢ ᠶᠢ ᠭᠦᠨᠵᠡᠭᠡᠶ ᠰᠢᠩᠭᠡᠭᠡᠨ ᠠᠪᠴᠤ᠂ ᠤᠯᠤᠰ ᠲᠥᠷᠥ ᠶᠢᠨ ᠵᠣᠭᠰᠣᠴᠠ ᠪᠠᠨ ᠤᠯᠠᠮ ᠨᠢᠭᠡ ᠠᠯᠬᠤᠮ ᠳᠡᠭᠡᠭᠰᠢᠯᠡᠭᠦᠯᠵᠦ᠂ ᠠᠮᠤᠷ ᠲᠦᠪᠰᠢᠨ ᠤ ᠤᠯᠠᠭᠠᠨ ᠱᠤᠭᠤᠮ ᠤᠨ ᠤᠬᠠᠮᠰᠠᠷ ᠢᠶᠠᠨ ᠴᠢᠩᠭᠠᠳᠬᠠᠵᠤ᠂ ᠠᠷᠠᠳ ᠲᠦᠮᠡᠨ ᠢ ᠳᠡᠭᠡᠳᠦᠯᠡᠬᠦ᠂ ᠠᠮᠢ ᠨᠠᠰᠤ ᠶᠢ ᠳᠡᠭᠡᠳᠦᠯᠡᠬᠦ ᠬᠥᠭᠵᠢᠯᠲᠡ ᠶᠢᠨ ᠤᠢᠢᠯᠠᠭᠠᠭᠳᠠᠬᠤᠨ ᠢ ᠪᠠᠲᠤ ᠪᠤᠢ ᠪᠣᠯᠭᠠᠵᠤ᠂ ᠠᠶᠤᠯᠭᠦᠢ ᠦᠢᠯᠡᠳᠪᠦᠷᠢᠯᠡᠯ ᠭᠡᠬᠦ ᠡᠨᠡ ᠬᠦ ᠬᠥᠪᠴᠢ ᠶᠢ ᠴᠠᠭ ᠢᠮᠠᠭᠲᠠ ᠴᠢᠩᠭᠠᠯᠠᠬᠤ ᠬᠡᠷᠡᠭᠲᠡᠢ ᠭᠡᠪᠡ᠃ ᠠᠰᠠᠭᠤᠳᠠᠯ ᠢᠶᠠᠷ ᠤᠳᠤᠷᠢᠳᠤᠮᠵᠢ ᠪᠣᠯᠭᠠᠬᠤ ᠶᠢ ᠪᠠᠷᠢᠮᠲᠠᠯᠠᠵᠤ᠂ ᠡᠬᠢ ᠡᠭᠦᠰᠦᠯ ᠠᠴᠠ ᠨᠢ ᠵᠠᠰᠠᠬᠤ ᠶᠢ ᠴᠢᠩᠭᠠᠳᠬᠠᠵᠤ᠂ ᠠᠶᠤᠯᠭᠦᠶ ᠦᠢᠯᠡᠳᠪᠦᠷᠢᠯᠡᠯ ᠤᠨ ᠬᠠᠷᠢᠭᠤᠴᠠᠯᠭ᠎ᠠ ᠶᠢ ᠪᠦᠬᠦ ᠲᠠᠯ᠎ᠠ ᠪᠠᠷ ᠪᠣᠳᠠᠲᠠᠶᠢᠵᠢᠭᠤᠯᠵᠤ᠂ ᠬᠡᠯᠪᠡᠷᠢᠴᠢ ᠦᠵᠡᠯ ᠪᠠ ᠨᠣᠶᠠᠨᠴᠢ ᠰᠤᠷᠲᠠᠯ ᠢ ᠡᠷᠡᠰ ᠢᠯᠠᠨ ᠳᠠᠪᠠᠵᠤ᠂ ᠠᠶᠤᠯᠭᠦᠶ  ᠦᠢᠯᠡᠳᠪᠦᠷᠢᠯᠡᠯ ᠤᠨ ᠰᠠᠨᠠᠭᠠᠴᠢᠯᠠᠭᠠᠲᠤ ᠡᠷᠬᠡ ᠶᠢ ᠪᠠᠲᠤ ᠡᠵᠡᠮᠳᠡᠵᠦ᠂ ᠠᠷᠠᠳ ᠲᠦᠮᠡᠨ ᠤ ᠠᠮᠤᠷ ᠲᠠᠶᠢᠪᠤᠩ ᠠᠵᠤ ᠲᠦᠷᠦᠭᠦ ᠶᠢ ᠦᠨᠡᠨ ᠬᠦ ᠪᠠᠲᠤᠯᠠᠵᠤ᠂ ᠨᠡᠶᠢᠭᠡᠮ ᠤᠨ ᠶᠡᠭᠡ ᠲᠠᠯ᠎ᠠ ᠶᠢᠨ ᠡᠶ᠎ᠡ ᠵᠣᠬᠢᠴᠠᠯ ᠲᠠᠢ ᠲᠣᠭᠲᠠᠭᠤᠨ ᠪᠠᠶᠢᠬᠤ ᠶᠢ ᠦᠨᠡᠨ ᠬᠦ ᠪᠠᠲᠤᠯᠠᠨ᠎ᠠ ᠭᠡᠪᠡ᠃
 
ᠢᠷᠡᠯᠲᠡ᠄ ᠬᠤᠷᠴᠢᠨ ᠲᠤᠭᠤᠷᠢᠭ ᠤᠨ ᠠᠷᠠᠳ ᠤᠨ ᠵᠠᠰᠠᠭ ᠤᠨ ᠤᠷᠳᠤᠨ
 
 
ᠬᠠᠮᠢᠶ᠎ᠡ ᠪᠦᠬᠦᠢ ᠰᠣᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备05070829号