ᠨᠢᠭᠡ ᠳᠤ᠂ ᠲᠣᠭᠤᠷᠢᠨ ᠪᠠᠶᠢᠴᠠᠭᠠᠬᠤ ᠲᠣᠭᠲᠠᠴᠠ ᠶᠢ ᠴᠢᠩᠭᠠᠳᠬᠠᠵᠤ᠂ ᠰᠢᠨ᠎ᠡ ᠶᠢ ᠡᠭᠦᠳᠬᠦ ᠠᠯᠬᠤᠴᠠ ᠪᠠᠨ | ᠲᠦᠷᠭᠡᠳᠭᠡᠪᠡ᠃ ᠨᠡᠶᠢᠭᠡᠮ ᠲᠣᠭᠤᠷᠢᠭ ᠤᠨ ᠠᠬᠠᠮᠠᠳ ᠨᠠᠮ ᠤᠨ ᠭᠡᠰᠢᠭᠦᠨ ᠢᠶᠠᠷ ᠭᠤᠤᠯ ᠪᠣᠯᠭᠠᠭᠰᠠᠨ ᠲᠣᠭᠤᠷᠢᠨ | ᠪᠠᠶᠢᠴᠠᠭᠠᠬᠤ ᠳᠤᠭᠤᠶᠢᠯᠠᠩ ᠪᠠᠶᠢᠭᠤᠯᠵᠤ᠂ ᠲᠣᠭᠤᠷᠢᠨ ᠪᠠᠶᠢᠴᠠᠭᠠᠬᠤ ᠲᠣᠭᠲᠠᠴᠠ ᠶᠢ ᠪᠠᠶᠢᠭᠤᠯᠵᠤ᠂ ᠡᠯ᠎ᠡ ᠵᠢᠵᠢᠭ | ᠲᠣᠭᠤᠷᠢᠭ ᠤᠨ ᠡᠷᠡᠭᠦᠯ ᠬᠠᠮᠠᠭᠠᠯᠠᠯ ᠤᠨ ᠠᠵᠢᠯ ᠢ ᠥᠷᠨᠢᠭᠦᠯᠦᠭᠰᠡᠨ ᠪᠠᠶᠢᠳᠠᠯ᠂ ᠠᠵᠢᠯᠲᠠᠨ ᠢ ᠪᠣᠳᠠᠲᠠᠶᠢᠵᠢᠭᠤᠯᠤᠭᠰᠠᠨ | ᠪᠠᠶᠢᠳᠠᠯ᠂ ᠴᠡᠭᠴᠡᠯᠡᠨ ᠰᠠᠶᠢᠵᠢᠷᠠᠭᠤᠯᠵᠤ ᠨᠠᠶᠢᠳᠠᠪᠤᠷᠢᠵᠢᠭᠤᠯᠤᠭᠰᠠᠨ ᠪᠠᠶᠢᠳᠠᠯ ᠵᠡᠷᠭᠡ ᠪᠠᠷ ᠭᠤᠤᠯᠳᠠᠯᠭ᠎ᠠ ᠪᠣᠯᠭᠠᠭᠰᠠᠨ | ᠲᠣᠭᠤᠷᠢᠨ ᠪᠠᠶᠢᠴᠠᠭᠠᠯᠲᠠ ᠶᠢ ᠪᠠᠶᠢᠭᠤᠯᠪᠠ᠃ ᠲᠣᠭᠤᠷᠢᠨ ᠪᠠᠶᠢᠴᠠᠭᠠᠬᠤ ᠪᠠᠷ ᠳᠠᠮᠵᠢᠨ ᠡᠯ᠎ᠡ ᠰᠠᠭᠤᠭᠠᠯᠢ ᠠᠷᠠᠳ ᠤᠨ | ᠲᠣᠭᠤᠷᠢᠭ ᠤᠨ ᠡᠭᠦᠳᠦᠨ ᠪᠠᠶᠢᠭᠤᠯᠬᠤ ᠠᠵᠢᠯ ᠳᠤᠮᠳᠠ ᠣᠷᠣᠰᠢᠵᠤ ᠪᠠᠶᠢᠭ᠎ᠠ ᠠᠰᠠᠭᠤᠳᠠᠯ ᠪᠠ ᠬᠦᠷᠦᠯᠴᠡᠬᠦ ᠦᠭᠡᠢ | ᠲᠠᠯ᠎ᠠ ᠶᠢ ᠭᠦᠨᠵᠡᠭᠡᠶ ᠡᠷᠢᠵᠦ᠂ ᠸᠢᠴᠠᠲ ᠪᠦᠯᠦᠭᠯᠡᠯ ᠠᠴᠠ ᠬᠠᠮᠢᠶ᠎ᠠ ᠪᠦᠬᠦᠢ ᠠᠰᠠᠭᠤᠳᠠᠯ ᠤᠨ ᠵᠢᠷᠤᠭ ᠢᠯᠡᠭᠡᠵᠦ᠂ | ᠡᠯ᠎ᠡ ᠵᠢᠵᠢᠭ ᠲᠤᠭᠤᠷᠢᠭ ᠤᠨ ᠰᠦᠯᠵᠢᠶᠡᠨ ᠤ ᠠᠵᠢᠯᠲᠠᠨ᠂ ᠴᠡᠪᠡᠷᠯᠡᠭᠴᠢ ᠴᠠᠭ ᠲᠤᠬᠠᠶ ᠳᠤᠨᠢ ᠴᠡᠭᠴᠡᠯᠡᠨ | ᠰᠠᠶᠢᠵᠢᠷᠠᠭᠤᠯᠪᠠ᠃ ᠳᠠᠬᠢᠨ ᠳᠠᠪᠲᠠᠨ ᠲᠣᠭᠤᠷᠢᠨ ᠪᠠᠶᠢᠴᠠᠭᠠᠬᠤ᠂ ᠳᠠᠬᠢᠨ ᠳᠠᠪᠲᠠᠨ ᠴᠡᠭᠴᠡᠯᠡᠨ ᠰᠠᠶᠢᠵᠢᠷᠠᠭᠤᠯᠬᠤ ᠪᠠᠷ | ᠳᠠᠮᠵᠢᠭᠤᠯᠤᠨ᠂ ᠡᠷᠡᠭᠦᠯ ᠬᠠᠮᠠᠭᠠᠯᠠᠯ ᠢ ᠡᠭᠦᠳᠦᠨ ᠪᠠᠷᠢᠮᠵᠢᠶ᠎ᠠ ᠳᠤ ᠬᠦᠷᠦᠭᠦᠯᠬᠦ ᠠᠯᠬᠤᠴᠠ ᠪᠠᠨ ᠲᠠᠰᠤᠷᠠᠯᠲᠠ ᠥᠬᠡᠶ | ᠲᠦᠷᠭᠡᠳᠭᠡᠪᠡ᠃ | ᠬᠤᠶᠠᠷ ᠲᠤ᠂ ᠲᠣᠤᠷᠯᠢᠭ ᠬᠠᠮᠢᠶᠠᠷᠤᠯᠲᠠ ᠶᠢ ᠴᠢᠩᠭᠠᠳᠬᠠᠵᠤ᠂ ᠡᠷᠡᠭᠦᠯ ᠬᠠᠮᠠᠭᠠᠯᠠᠯ ᠢ ᠪᠠᠷᠢᠮᠵᠢᠶ᠎ᠠ ᠳᠤ | ᠬᠦᠷᠦᠭᠦᠯᠬᠦ ᠶᠢ ᠪᠡᠶᠡᠯᠡᠭᠦᠯᠦᠨ᠎ᠡ᠃ ᠰᠦᠯᠵᠢᠶᠡᠨ ᠤ ᠬᠠᠮᠢᠶᠠᠷᠤᠯᠲᠠ ᠶᠢᠨ ᠳᠠᠪᠠᠭᠤᠯᠢᠭ ᠢ ᠭᠦᠢᠴᠡᠳ ᠪᠠᠳᠠᠷᠠᠭᠤᠯᠵᠤ᠂ | ᠰᠢᠨ᠎ᠡ ᠶᠢ ᠡᠭᠦᠳᠦᠭᠰᠡᠨ ᠦᠷ᠎ᠡ ᠪᠦᠲᠦᠭᠡᠯ ᠢ ᠲᠠᠰᠤᠷᠠᠯᠲᠠ ᠥᠬᠡᠶ ᠪᠠᠲᠤᠳᠬᠠᠨ᠂ ᠨᠡᠶᠢᠭᠡᠮ ᠲᠣᠭᠤᠷᠢᠭ᠂ ᠵᠢᠵᠢᠭ | ᠲᠣᠭᠤᠷᠢᠭ᠂ ᠲᠣᠤᠷ ᠰᠦᠯᠵᠢᠶ᠎ᠡ ᠵᠡᠷᠭᠡ ᠭᠤᠷᠪᠠᠨ ᠱᠠᠲᠤ ᠵᠡᠷᠭᠡ ᠪᠠᠷ ᠠᠳᠬᠤᠨ ᠬᠠᠮᠲᠤᠪᠠᠷ ᠬᠠᠮᠢᠶᠠᠷᠬᠤ᠂ ᠳᠡᠭᠡᠭᠰᠢ | ᠳᠣᠷᠣᠭᠰᠢ ᠳᠠᠭᠤ ᠬᠤᠭᠤᠯᠠᠶ ᠵᠤᠯᠭᠠᠵᠤ ᠂ ᠬᠠᠷᠢᠯᠴᠠᠨ ᠠᠪᠴᠠᠯᠳᠤᠭᠰᠠᠨ ᠡᠭᠦᠳᠦᠨ ᠪᠠᠶᠢᠭᠤᠯᠬᠤ ᠪᠠᠶᠢᠷᠢᠰᠢᠯ ᠢ ᠪᠣᠶ | ᠪᠤᠯᠭᠠᠪᠠ᠃ ᠲᠣᠭᠤᠷᠢᠨ ᠪᠠᠶᠢᠴᠠᠭᠠᠬᠤ ᠡᠷᠴᠢᠮ ᠢᠶᠠᠨ ᠴᠢᠩᠭᠠᠷᠠᠭᠤᠯᠬᠤ ᠪᠠᠷ ᠳᠠᠮᠵᠢᠨ᠂ ᠡᠯ᠎ᠡ ᠲᠣᠣᠷ ᠲᠤ | ᠦᠷᠭᠦᠯᠵᠢᠯᠡᠨ ᠲᠤᠭᠤᠷᠢᠨ ᠪᠠᠶᠢᠴᠠᠭᠠᠯᠲᠠ ᠬᠢᠵᠦ᠂ ᠠᠰᠠᠭᠤᠳᠠᠯ ᠢ ᠴᠠᠭ ᠲᠤᠬᠠᠶ ᠳᠤᠨᠢ ᠢᠯᠡᠷᠡᠭᠦᠯᠦᠨ᠂ | ᠠᠰᠠᠭᠤᠳᠠᠯ ᠤᠨ ᠨᠠᠷᠢᠨ ᠲᠠᠩᠰᠠ ᠶᠢ ᠪᠣᠶ ᠪᠣᠯᠭᠠᠵᠤ᠂ ᠴᠠᠭ ᠲᠤᠬᠠᠢ ᠳᠤᠨᠢ ᠴᠡᠭᠴᠡᠯᠡᠨ ᠰᠠᠶᠢᠵᠢᠷᠠᠭᠤᠯᠵᠤ᠂ ᠳᠠᠬᠢᠨ | ᠳᠠᠪᠲᠠᠨ ᠴᠡᠭᠴᠡᠯᠡᠨ ᠰᠠᠶᠢᠵᠢᠷᠠᠭᠤᠯᠬᠤ ᠪᠠᠷ ᠳᠠᠮᠵᠢᠭᠤᠯᠤᠨ ᠰᠢᠨ᠎ᠡ ᠶᠢ ᠡᠭᠦᠳᠦᠭᠰᠡᠨ ᠦᠷ᠎ᠡ ᠪᠦᠲᠦᠭᠡᠯ ᠢ ᠲᠠᠰᠤᠷᠠᠯᠲᠠ | ᠥᠬᠡᠶ ᠪᠠᠬᠢᠵᠢᠭᠦᠯᠦᠨ ᠳᠡᠭᠡᠭᠰᠢᠯᠡᠭᠦᠯᠪᠡ᠃ | ᠭᠤᠷᠪᠠ ᠳᠤ ᠤᠬᠠᠭᠤᠯᠵᠤ ᠬᠥᠲᠥᠯᠥᠨ ᠵᠢᠯᠣᠭᠤᠳᠬᠤ ᠪᠠᠨ ᠴᠢᠩᠭᠠᠳᠬᠠᠵᠤ᠂ ᠭᠦᠨ ᠵᠤᠵᠠᠭᠠᠨ ᠠᠭᠤᠷ | ᠠᠮᠢᠰᠬᠤᠯ ᠢ ᠪᠣᠶ ᠪᠤᠯᠭᠠᠪᠠ᠃ ᠬᠠᠷᠢᠶ᠎ᠠ ᠣᠷᠣᠨ ᠤ ᠠᠷᠢᠭᠤᠨ ᠴᠡᠪᠡᠷ ᠢ ᠬᠠᠮᠠᠭᠠᠯᠠᠬᠤ ᠠᠭᠤᠷ ᠠᠮᠢᠰᠬᠤᠯ ᠳᠤ | ᠴᠢᠭᠯᠡᠭᠦᠯᠦᠨ᠂ ᠣᠯᠠᠨ ᠲᠦᠮᠡᠨ ᠡᠷᠡᠭᠦᠯ ᠬᠠᠮᠠᠭᠠᠯᠠᠯ ᠢ ᠡᠭᠦᠳᠬᠦ ᠶᠢ ᠮᠡᠳᠡᠬᠦ ᠨᠣᠷᠮ᠎ᠠ ᠥᠨᠳᠥᠷ ᠪᠤᠰᠤ᠂ ᠡᠷᠡᠭᠦᠯ | ᠬᠠᠮᠠᠭᠠᠯᠠᠯ ᠳᠤ ᠣᠷᠣᠯᠴᠠᠨ᠂ ᠡᠷᠡᠭᠦᠯ ᠬᠠᠮᠠᠭᠠᠯᠠᠯ ᠢ ᠳᠡᠮᠵᠢᠬᠦ ᠢᠳᠡᠪᠬᠢᠵᠢᠯ᠂ ᠰᠠᠨᠠᠭᠠᠴᠢᠯᠠᠭᠠᠲᠤ ᠴᠢᠨᠠᠷ ᠴᠢᠩᠭ᠎ᠠ | ᠪᠤᠰᠤ ᠠᠰᠠᠭᠤᠳᠠᠯ ᠳᠤ ᠤᠬᠠᠭᠤᠯᠭ᠎ᠠ ᠶᠢᠨ ᠠᠵᠢᠯᠯᠠᠭ᠎ᠠ ᠶᠢ ᠴᠠᠭ ᠲᠤᠬᠠᠶ ᠳᠤᠨᠢ ᠵᠣᠬᠢᠶᠠᠨ ᠪᠠᠶᠢᠭᠤᠯᠤᠨ ᠥᠷᠨᠢᠭᠦᠯᠵᠡᠶ᠃ | ᠡᠯ᠎ᠡ ᠰᠦᠯᠵᠢᠶᠡᠨ ᠤ ᠠᠵᠢᠯᠲᠠᠨ ᠡᠷᠡᠭᠦᠯ ᠬᠠᠮᠠᠭᠠᠯᠠᠯ ᠤᠨ ᠮᠡᠳᠡᠯᠭᠡ ᠶᠢ ᠡᠷᠦᠬᠡ ᠳᠤ ᠣᠷᠣᠭᠤᠯᠬᠤ ᠤᠬᠠᠭᠤᠯᠭ᠎ᠠ ᠶᠢᠨ | ᠠᠵᠢᠯ ᠢ ᠦᠷᠨᠢᠭᠦᠯᠪᠡ᠃ ᠤᠬᠠᠭᠤᠯᠬᠤ ᠠᠵᠢᠯᠯᠠᠭ᠎ᠠ ᠪᠠᠷ ᠳᠠᠮᠵᠢᠭᠤᠯᠤᠨ 1000 ᠭᠠᠷᠤᠶ ᠬᠤᠪᠢ ᠤᠬᠠᠭᠤᠯᠬᠤ | ᠮᠠᠲ᠋ᠧᠷᠢᠶᠠᠯ ᠲᠠᠷᠬᠠᠭᠠᠵᠤ᠂ 75 ᠵᠢᠷᠤᠭ ᠡᠯᠭᠦᠭᠰᠡᠨ ᠨᠢ ᠬᠠᠷᠢᠶᠠᠲᠤ ᠣᠷᠣᠨ ᠤ ᠰᠠᠭᠤᠭᠠᠯᠢ ᠠᠷᠠᠳ ᠤᠨ ᠡᠷᠡᠭᠦᠯ | ᠬᠠᠮᠠᠭᠠᠯᠠᠯ ᠤᠨ ᠮᠡᠳᠡᠯᠭᠡ ᠶᠢ ᠣᠶᠢᠯᠠᠭᠠᠬᠤ ᠨᠣᠷᠮ᠎ᠠ ᠪᠣᠯᠤᠨ ᠳᠡᠮᠵᠢᠬᠦ ᠨᠣᠷᠮ᠎ᠠ ᠶᠢ ᠪᠦᠲᠦᠮᠵᠢᠲᠡᠶ ᠳᠡᠭᠡᠭᠰᠢᠯᠡᠭᠦᠯᠵᠡᠶ᠃ | ᠰᠠᠭᠤᠭᠠᠯᠢ ᠠᠷᠠᠳ ᠤᠨ ᠪᠦᠬᠦᠯᠢ ᠴᠣᠭᠴᠠ ᠶᠢᠨ ᠣᠷᠴᠢᠨ ᠠᠬᠤᠶ ᠶᠢ ᠬᠠᠮᠠᠭᠠᠯᠠᠬᠤ ᠤᠬᠠᠮᠰᠠᠷ ᠢ ᠳᠡᠭᠡᠭᠰᠢᠯᠡᠭᠦᠯᠪᠡ᠃ | | |