ᠣᠶᠢᠷ᠎ᠠ ᠳᠤ᠂ ᠬᠤᠷᠴᠢᠨ ᠲᠣᠭᠤᠷᠢᠭ ᠤᠨ ᠵᠣᠬᠢᠶᠠᠨ ᠪᠠᠶᠢᠭᠤᠯᠤᠯᠲᠠ ᠠᠴᠠ ᠬᠠᠷᠢᠶᠠᠲᠤ ᠣᠷᠣᠨ ᠤ 14 | ᠪᠠᠶᠢᠭᠤᠯᠵᠤ ᠪᠠᠶᠢᠭ᠎ᠠ ᠢᠨᠵᠧᠨᠧᠷᠢᠩ ᠤᠨ ᠠᠮᠤᠷ ᠲᠦᠪᠰᠢᠨ ᠤ ᠲᠤᠰᠬᠠᠶ ᠪᠠᠶᠢᠴᠠᠭᠠᠯᠲᠠ ᠶᠢ ᠥᠷᠨᠢᠭᠦᠯᠵᠦ᠂ | ᠪᠦᠲᠦᠭᠡᠨ ᠪᠠᠶᠢᠭᠤᠯᠤᠯᠲᠠ ᠳᠤ ᠤᠷᠤᠯᠴᠠᠭᠰᠠᠨ ᠨᠢᠭᠡᠴᠡ ᠶᠢ ᠴᠢᠩᠭ᠎ᠠ ᠨᠠᠶᠢᠳᠠᠪᠤᠷᠢᠵᠢᠭᠤᠯᠬᠤ ᠶᠢᠨ ᠬᠠᠮᠲᠤ | ᠪᠠᠷᠢᠯᠭ᠎ᠠ ᠶᠢᠨ ᠢᠨᠵᠧᠨᠧᠷᠢᠩ ᠤᠨ ᠠᠶᠤᠯᠭᠦᠢ ᠦᠢᠯᠡᠳᠪᠦᠷᠢᠯᠡᠯ ᠤᠨ ᠥᠪᠡᠷ ᠢ ᠪᠠᠨ ᠪᠠᠶᠢᠴᠠᠭᠠᠵᠤ ᠥᠪᠡᠷ ᠢ ᠪᠠᠨ | ᠵᠠᠯᠠᠷᠠᠭᠤᠯᠬᠤ ᠪᠠᠶᠢᠴᠠᠭᠠᠯᠲᠠ ᠶᠢᠨ ᠨᠠᠷᠢᠨ ᠬᠠᠭᠤᠳᠠᠰᠤ ᠶᠢᠨ ᠶᠣᠰᠣᠭᠠᠷ ᠢᠳᠡᠪᠬᠢᠲᠡᠶ ᠥᠪᠡᠷ ᠢ ᠪᠠᠨ ᠪᠠᠶᠢᠴᠠᠭᠠᠬᠤ ᠶᠢ | ᠱᠠᠭᠠᠷᠳᠠᠪᠠ᠃ ᠣᠨᠴᠣᠭᠤᠶ ᠴᠠᠭ ᠠᠭᠤᠷ᠂ ᠭᠤᠤᠯᠳᠠᠯᠭ᠎ᠠ ᠲᠠᠢ ᠪᠠᠶᠠᠷ ᠳᠤᠷᠠᠰᠬᠠᠯ ᠠᠮᠠᠷᠠᠯᠲᠠ ᠶᠢᠨ ᠬᠤᠭᠤᠴᠠᠭᠠᠨ ᠤ | ᠠᠶᠤᠯᠭᠦᠢ ᠦᠢᠯᠡᠳᠪᠦᠷᠢᠯᠡᠯ ᠤᠨ ᠠᠵᠢᠯ ᠢ ᠴᠢᠩᠭᠠᠳᠬᠠᠬᠤ ᠪᠠᠷ ᠳᠠᠮᠵᠢᠭᠤᠯᠤᠨ᠂ ᠡᠯ᠎ᠡ ᠲᠥᠷᠥᠯ ᠤᠨ ᠠᠶᠤᠯᠭᠦᠢ | ᠦᠢᠯᠡᠳᠪᠦᠷᠢᠯᠡᠯ ᠤᠨ ᠠᠳᠡᠯ ᠭᠠᠷᠬᠤ ᠶᠢ ᠪᠦᠲᠦᠮᠵᠢᠲᠡᠶ ᠰᠡᠷᠭᠡᠶᠢᠯᠡᠨ ᠬᠤᠷᠢᠭᠯᠠᠬᠤ ᠪᠤᠯᠭᠠᠨ᠎ᠠ᠃ ᠲᠣᠰ ᠤᠳᠠᠭᠠᠨ ᠤ | ᠪᠠᠶᠢᠴᠠᠭᠠᠯᠲᠠ ᠳᠤ ᠬᠤᠭᠤᠴᠠᠭ᠎ᠠ ᠲᠣᠭᠲᠠᠭᠠᠨ ᠴᠡᠭᠴᠡᠯᠡᠨ ᠰᠠᠶᠢᠵᠢᠷᠠᠭᠤᠯᠬᠤ ᠮᠡᠳᠡᠭᠳᠡᠯ ᠨᠡᠶᠢᠲᠡ 12 ᠬᠠᠭᠤᠳᠠᠰᠤ | ᠪᠠᠭᠤᠯᠭᠠᠵᠤ᠂ 134 ᠵᠤᠷᠪᠤᠰ ᠠᠰᠠᠭᠤᠳᠠᠯ ᠢ ᠢᠯᠡᠷᠡᠭᠦᠯᠪᠡ᠃ | ᠳᠠᠷᠠᠭ᠎ᠠ ᠠᠯᠬᠤᠮ ᠳᠤ᠂ ᠬᠤᠷᠴᠢᠨ ᠲᠣᠭᠤᠷᠢᠭ ᠨᠢ ᠳᠡᠭᠡᠳᠦ ᠱᠠᠲᠤᠨ ᠤ ᠠᠶᠤᠯᠭᠦᠢ ᠦᠢᠯᠡᠳᠪᠦᠷᠢᠯᠡᠯ ᠤᠨ | ᠲᠤᠰᠬᠠᠶ ᠴᠡᠭᠴᠡᠯᠡᠨ ᠵᠠᠰᠠᠬᠤ ᠬᠡᠷᠡᠭᠵᠢᠭᠦᠯᠬᠦ ᠲᠥᠰᠦᠯ ᠢ ᠤᠯᠠᠮ ᠨᠢᠭᠡ ᠠᠯᠬᠤᠮ ᠨᠠᠢᠳᠠᠪᠤᠷᠢᠵᠢᠭᠤᠯᠬᠤ᠂ ᠪᠦᠲᠦᠭᠡᠨ | ᠪᠠᠶᠢᠭᠤᠯᠤᠯᠲᠠ ᠳᠤ ᠣᠷᠣᠯᠴᠠᠭᠰᠠᠨ ᠨᠢᠭᠡᠴᠡ ᠶᠢᠨ ᠠᠶᠤᠯᠭᠦᠢ ᠦᠢᠯᠡᠳᠪᠦᠷᠢᠯᠡᠯ ᠤᠨ ᠬᠠᠷᠢᠭᠤᠴᠠᠯᠭ᠎ᠠ ᠶᠢᠨ ᠰᠢᠰᠲ᠋ᠧᠮ᠂ | ᠪᠠᠴᠢᠮ ᠪᠠᠶᠢᠳᠠᠯ ᠢ ᠠᠷᠭᠠᠴᠠᠬᠤ ᠬᠠᠮᠢᠶᠠᠷᠤᠯᠲᠠ ᠶᠢᠨ ᠰᠢᠰᠲ᠋ᠧᠮᠵᠢ ᠪᠣᠯᠤᠨ ᠬᠥᠮᠦᠵᠢᠯ ᠪᠤᠯᠪᠠᠰᠤᠷᠠᠭᠤᠯᠤᠯ ᠤᠨ | ᠰᠢᠰᠲ᠋ᠧᠮᠵᠢ ᠶᠢ ᠪᠠᠶᠢᠭᠤᠯᠤᠨ ᠲᠡᠭᠦᠯᠳᠡᠷᠵᠢᠭᠦᠯᠬᠦ ᠶᠢᠨ ᠬᠠᠮᠲᠤ ᠴᠢᠩᠭ᠎ᠠ ᠨᠠᠶᠢᠳᠠᠪᠤᠷᠢᠵᠢᠭᠤᠯᠵᠤ᠂ ᠬᠠᠷᠢᠶ᠎ᠠ ᠣᠷᠣᠨ ᠤ | ᠠᠶᠤᠯᠭᠦᠢ ᠦᠢᠯᠡᠳᠪᠦᠷᠢᠯᠡᠯ ᠢ ᠵᠠᠰᠠᠬᠤ ᠰᠢᠰᠲ᠋ᠧᠮᠵᠢ ᠪᠣᠯᠤᠨ ᠵᠠᠰᠠᠬᠤ ᠴᠢᠳᠠᠪᠤᠷᠢ ᠶᠢᠨ ᠤᠳᠤᠬᠢᠴᠢᠯᠠᠯᠲᠠ ᠶᠢ ᠠᠯᠬᠤᠮ | ᠠᠯᠬᠤᠮ ᠢᠶᠠᠷ ᠪᠡᠶᠡᠯᠡᠭᠦᠯᠬᠦ ᠬᠡᠷᠡᠭᠲᠡᠶ᠃ ᠬᠠᠷᠢᠶ᠎ᠠ ᠣᠷᠣᠨ ᠤ ᠪᠠᠷᠢᠯᠭ᠎ᠠ ᠶᠢᠨ ᠠᠵᠢᠯ ᠤᠨ ᠶᠠᠰᠤ ᠴᠢᠨᠠᠷ ᠤᠨ ᠠᠶᠤᠯᠭᠦᠢ | ᠦᠢᠯᠡᠳᠪᠦᠷᠢᠯᠡᠯ ᠤᠨ ᠬᠢᠷᠢ ᠬᠡᠮᠵᠢᠶ᠎ᠡ ᠶᠢ ᠯᠠᠪᠳᠠᠭᠤᠨ ᠢᠶᠠᠷ ᠳᠡᠭᠡᠭᠰᠢᠯᠡᠭᠦᠯᠬᠦ ᠶᠢ ᠴᠢᠷᠮᠠᠶᠢᠨ ᠪᠡᠶᠡᠯᠡᠭᠦᠯᠵᠦ᠂ ᠠᠷᠠᠳ | ᠣᠯᠠᠨ ᠤ ᠠᠮᠢ ᠨᠠᠰᠤ ᠡᠳ᠋ ᠬᠥᠷᠥᠩᠭᠡ ᠶᠢᠨ ᠠᠶᠤᠯ ᠦᠭᠡᠶ ᠶᠢ ᠪᠠᠲᠤᠯᠠᠬᠤ ᠪᠤᠯᠭᠠᠨ᠎ᠠ᠃ | |