ᠨᠢᠭᠡ ᠳᠤ ᠬᠠᠮᠢᠶᠠᠷᠤᠨ ᠡᠵᠡᠮᠳᠡᠬᠦ ᠠᠷᠭ᠎ᠠ ᠪᠠᠷᠢᠯ ᠢ ᠴᠢᠩᠭᠠᠳᠬᠠᠵᠤ ᠳᠠᠯᠳᠠ ᠭᠡᠮ ᠢ ᠴᠢᠩᠭ᠎ᠠ ᠪᠠᠶᠢᠴᠠᠭᠠᠵᠤ᠂ | ᠠᠮᠤᠷ ᠲᠦᠪᠰᠢᠨ ᠢ ᠴᠢᠬᠤᠯᠠᠴᠢᠯᠠᠨ᠎ᠠ᠃ ᠠᠮᠠᠷᠠᠯᠲᠠ ᠶᠢᠨ ᠬᠤᠭᠤᠴᠠᠭᠠᠨ ᠳᠤ᠂ ︽ᠬᠤᠶᠠᠷ ᠢ ᠲᠣᠬᠢᠶᠠᠯᠳᠤᠯ ᠢᠶᠠᠷ ᠬᠢᠬᠦ | ᠂ ᠨᠢᠭᠡ ᠶᠢ ᠢᠯᠡ ᠪᠣᠯᠭᠠᠬᠤ︾ ᠭᠠᠯ ᠤᠨᠲᠠᠷᠠᠭᠠᠬᠤ ᠰᠤᠭᠤᠴᠢᠨ ᠪᠠᠶᠢᠴᠠᠭᠠᠬᠤ ᠨᠢᠭᠡᠴᠡ ᠶᠢᠨ ᠨᠡᠷᠡᠰ ᠢᠶᠠᠷ ᠰᠠᠭᠤᠷᠢ | ᠪᠣᠯᠭᠠᠨ᠂ ᠡᠯ᠎ᠡ ᠨᠢᠭᠡᠴᠡ ᠳᠤ ᠭᠦᠨᠵᠡᠭᠡᠶᠢᠷᠡᠨ ᠭᠠᠯ ᠤᠨᠲᠠᠷᠠᠭᠠᠬᠤ ᠠᠮᠤᠷ ᠲᠦᠪᠰᠢᠨ ᠤ ᠪᠠᠶᠢᠴᠠᠭᠠᠯᠲᠠ ᠶᠢᠨ ᠠᠵᠢᠯ ᠢ | ᠥᠷᠨᠢᠭᠦᠯᠵᠦ᠂ ᠡᠯ᠎ᠡ ᠨᠢᠭᠡᠴᠡ ᠶᠢᠨ ᠳᠣᠲᠣᠭᠠᠳᠤ ᠶᠢᠨ ᠠᠶᠤᠯᠭᠦᠢ ᠶᠢᠨ ᠬᠠᠮᠢᠶᠠᠷᠤᠯᠲᠠ ᠶᠢᠨ ᠪᠠᠶᠢᠳᠠᠯ᠂ ᠭᠠᠯ | ᠤᠨᠲᠠᠷᠠᠭᠠᠬᠤ ᠪᠡᠯᠡᠳᠬᠡᠮᠵᠢ ᠪᠠᠭᠠᠵᠢ ᠬᠡᠷᠡᠭᠰᠡᠯ ᠲᠣᠬᠢᠷᠠᠭᠤᠯᠬᠤ ᠬᠠᠮᠢᠶᠠᠷᠤᠯᠲᠠ ᠶᠢᠨ ᠪᠠᠶᠢᠳᠠᠯ᠂ ᠴᠠᠬᠢᠯᠭᠠᠨ | ᠬᠡᠷᠡᠭᠯᠡᠭᠰᠡᠨ ᠪᠠᠶᠢᠳᠠᠯ᠂ ᠭᠠᠯ ᠤᠨᠲᠠᠷᠠᠭᠠᠵᠤ ᠠᠶᠤᠯ ᠠᠴᠠ ᠬᠠᠮᠠᠭᠠᠯᠠᠬᠤ ᠲᠠᠷᠬᠠᠭᠠᠬᠤ ᠵᠡᠷᠭᠡ ᠪᠠᠶᠢᠳᠠᠯ ᠢ | ᠭᠤᠤᠯᠳᠠᠯᠭ᠎ᠠ ᠲᠠᠢ ᠪᠠᠶᠢᠴᠠᠭᠠᠵᠤ᠂ ᠡᠯ᠎ᠡ ᠲᠥᠷᠥᠯ ᠤᠨ ᠬᠥᠳᠡᠯᠦᠩᠭᠦᠶ ᠭᠠᠯ ᠤᠨ ᠠᠶᠤᠯ ᠤᠨ ᠳᠠᠯᠳᠠ ᠭᠡᠮ ᠳᠤ | ᠴᠢᠭᠯᠡᠭᠦᠯᠦᠨ᠂ ᠡᠯ᠎ᠡ ᠨᠢᠭᠡᠴᠡ ᠶᠢᠨ ᠬᠢᠨ ᠴᠢᠩᠭ᠎ᠠ ᠰᠡᠷᠭᠡᠶᠢᠯᠡᠵᠦ ᠦᠬᠦᠨ ᠰᠠᠬᠢᠵᠤ᠂ ᠬᠡᠵᠢᠶ᠎ᠡ ᠲᠣᠬᠢᠶᠠᠯᠳᠤᠪᠠᠯ | ᠬᠡᠵᠢᠶ᠎ᠡ ᠵᠠᠯᠠᠷᠠᠭᠤᠯᠬᠤ ᠶᠢ ᠱᠠᠭᠠᠷᠳᠠᠪᠠ ᠃ ᠡᠭᠦᠨ ᠤ ᠬᠠᠮᠲᠤ᠂ ᠬᠤᠲᠠ ᠶᠢᠨ ᠭᠠᠯ ᠤᠨᠲᠠᠷᠠᠭᠠᠬᠤ ᠠᠯᠤᠰ | ᠡᠵᠡᠮᠰᠢᠯᠲᠦ ᠰᠢᠰᠲ᠋ᠧᠮ ᠢ ᠬᠡᠷᠡᠭᠯᠡᠵᠦ᠂ ᠡᠯ᠎ᠡ ᠭᠤᠤᠯᠳᠠᠯᠭ᠎ᠠ ᠲᠠᠢ ᠨᠢᠭᠡᠴᠡ ᠶᠢ ᠴᠠᠭ ᠲᠤᠬᠠᠶ ᠳᠤᠨᠢ ᠡᠵᠡᠮᠳᠡᠨ | ᠡᠵᠡᠮᠳᠡᠵᠦ᠂ ᠪᠠᠶᠠᠷ ᠳᠤᠷᠠᠰᠬᠠᠯ ᠤᠨ ᠠᠮᠠᠷᠠᠯᠳᠠ ᠶᠢᠨ ᠬᠤᠭᠤᠴᠠᠭᠠᠨ ᠳᠤ ᠶᠠᠮᠠᠷ ᠴᠤ ᠭᠠᠯ ᠤᠨ ᠠᠳᠡᠯ ᠭᠠᠷᠬᠤ ᠦᠭᠡᠢ | ᠪᠠᠶᠢᠬᠤ ᠶᠢ ᠦᠨᠡᠨᠬᠦ ᠪᠠᠲᠤᠯᠠᠬᠤ ᠬᠡᠷᠡᠭᠲᠡᠢ᠃ ᠪᠠᠶᠠᠷ ᠤᠨ ᠡᠳᠦᠷ ᠤᠨ ᠬᠤᠭᠤᠴᠠᠭᠠᠨ ᠳᠤ ᠨᠡᠶᠢᠲᠡ 50 ᠡᠷᠦᠬᠡ | ᠤᠳᠠᠭ᠎ᠠ ᠨᠡᠶᠢᠭᠡᠮ ᠨᠢᠭᠡᠴᠡ ᠶᠢ ᠪᠠᠶᠢᠴᠠᠭᠠᠵᠤ᠂ 82 ᠳᠠᠯᠳᠠ ᠭᠡᠮ ᠢ ᠬᠢᠨᠠᠨ ᠵᠠᠰᠠᠵᠠᠶ᠃ | ᠬᠤᠶᠠᠷ ᠲᠤ ᠲᠠᠪᠴᠠᠩ ᠤᠨ ᠤᠬᠠᠭᠤᠯᠭ᠎ᠠ ᠬᠥᠮᠦᠵᠢᠯ ᠤᠨ ᠡᠷᠴᠢᠮ ᠢ ᠴᠢᠩᠭᠠᠷᠠᠭᠤᠯᠬᠤ᠂ ᠠᠭᠤᠷ ᠠᠮᠢᠰᠬᠤᠯ ᠢ | ᠪᠣᠶ ᠪᠤᠯᠭᠠᠪᠠ᠃ ᠭᠤᠤᠯ ᠪᠣᠯᠬᠤ ᠵᠠᠮ ᠤᠨ ᠬᠡᠰᠡᠭ᠂ ᠢᠯᠡ ᠲᠣᠳᠣ ᠭᠠᠵᠠᠷ᠂ ᠬᠥᠮᠦᠨ ᠲᠡᠷᠭᠡ ᠬᠥᠰᠬᠡ ᠶᠢᠨ ᠨᠠᠰᠢ | ᠴᠠᠰᠢ ᠶᠠᠪᠤᠬᠤ ᠲᠠᠯ᠎ᠠ ᠪᠤᠷ ᠵᠡᠷᠭᠡ ᠪᠠᠶᠢᠷᠢᠨ ᠳᠤ LED ᠳᠡᠯᠭᠡᠴᠡ ᠶᠢ ᠥᠩᠬᠦᠷᠢᠭᠦᠯᠦᠨ ᠨᠡᠪᠲᠡᠷᠡᠭᠦᠯᠵᠦ᠂ ᠲᠣᠮᠣ | ᠬᠡᠯᠪᠡᠷᠢ ᠶᠢᠨ ᠭᠡᠷ ᠤᠨ ᠭᠠᠳᠠᠨᠠᠬᠢ ᠨᠡᠶᠢᠲᠡ ᠶᠢᠨ ᠠᠰᠠᠷᠠᠮᠵᠢ ᠶᠢᠨ ᠵᠠᠷ ᠮᠡᠳᠡᠭᠡ ᠨᠡᠶᠢᠲᠡᠯᠡᠨ᠎ᠡ᠃ ᠲᠦᠩᠯᠢᠶᠣᠤ ᠶᠢᠨ | ᠵᠠᠮ ᠬᠠᠷᠢᠯᠴᠠᠭᠠᠨ ᠤ ᠤᠳᠬ᠎ᠠ ᠤᠷᠠᠯᠢᠭ ᠤᠨ ᠷᠠᠳᠢᠣ᠋ ᠨᠡᠪᠲᠡᠷᠡᠭᠦᠯᠭᠡ᠂ ᠬᠤᠷᠴᠢᠨ ᠲᠣᠭᠤᠷᠢᠭ ᠤᠨ ᠬᠠᠮ | ᠵᠠᠭᠤᠴᠢᠯᠠᠭᠤᠷ ᠤᠨ ᠲᠥᠪ᠂ ᠲᠦᠩᠯᠢᠶᠣᠤ ᠶᠢᠨ ᠪᠦᠯᠬᠦᠮ᠂ ᠥᠨᠥᠳᠦᠷ ᠤᠨ ᠲᠦᠩᠯᠢᠶᠣᠤ ᠶᠢᠨ ᠰᠦᠯᠵᠢᠶ᠎ᠡ᠂ ᠣᠬᠤᠷ | ᠴᠢᠮᠡᠭᠡᠨ ᠤ ᠲᠠᠪᠴᠠᠩ ᠵᠡᠷᠭᠡ ᠣᠯᠠᠨ ᠵᠦᠢᠯ ᠤᠨ ᠠᠷᠭ᠎ᠠ ᠵᠠᠮ ᠢᠶᠠᠷ ᠳᠠᠮᠵᠢᠭᠤᠯᠤᠨ ᠭᠠᠯ ᠤᠨᠲᠠᠷᠠᠭᠠᠬᠤ ᠠᠮᠤᠷ | ᠲᠦᠪᠰᠢᠨ ᠤ ᠰᠠᠨᠠᠭᠤᠯᠤᠮᠵᠢ ᠶᠢ ᠨᠡᠶᠢᠲᠡᠯᠡᠵᠦ᠂ ᠣᠯᠠᠨ ᠲᠦᠮᠡᠨᠴᠢᠯᠡᠬᠦ᠂ ᠪᠠᠶᠢᠩᠭᠤᠵᠢᠭᠤᠯᠬᠤ᠂ ᠪᠣᠰᠤᠭ᠎ᠠ | ᠴᠣᠭᠴᠠᠵᠢᠭᠰᠠᠨ ᠭᠠᠯ ᠤᠨᠲᠠᠷᠠᠭᠠᠬᠤ ᠤᠬᠠᠭᠤᠯᠭ᠎ᠠ ᠶᠢ ᠶᠡᠬᠡᠪᠡᠷ ᠥᠷᠨᠢᠭᠦᠯᠵᠦ᠂ ᠭᠠᠯ ᠤᠨᠲᠠᠷᠠᠭᠠᠬᠤ ᠠᠮᠤᠷ | ᠲᠦᠪᠰᠢᠨ ᠢ ᠦᠯᠦ ᠮᠠᠷᠲᠠᠭᠠᠷᠠᠶ ᠭᠡᠵᠦ ᠰᠠᠭᠤᠭᠠᠯᠢ ᠠᠷᠠᠳ ᠲᠤ ᠴᠠᠭ ᠢᠮᠠᠭᠲᠠ ᠰᠠᠨᠠᠭᠤᠯᠪᠠ᠃ | ᠭᠤᠷᠪᠠ ᠳᠤ᠂ ᠨᠡᠶᠢᠭᠡᠮ ᠨᠢᠭᠡᠴᠡ ᠶᠢᠨ ᠪᠣᠯᠪᠠᠰᠤᠷᠠᠭᠤᠯᠤᠯ ᠤᠨ ᠠᠷᠭ᠎ᠠ ᠵᠠᠮ ᠢ ᠥᠷᠭᠡᠳᠬᠡᠵᠦ᠂ ᠦᠵᠡᠯ | ᠤᠬᠠᠮᠰᠠᠷ ᠢᠶᠠᠨ ᠳᠡᠭᠡᠭᠰᠢᠯᠡᠭᠦᠯᠦᠨ᠎ᠡ᠃ ᠤᠬᠠᠭᠤᠯᠬᠤ ᠠᠵᠢᠯᠲᠠᠳ ᠭᠤᠤᠯᠳᠠᠯᠭ᠎ᠠ ᠲᠠᠢ ᠨᠢᠭᠡᠴᠡ᠂ ᠨᠣᠴᠣᠮᠠᠲᠠᠭᠠᠶ | ᠳᠡᠯᠪᠡᠷᠡᠮᠡᠲᠡᠭᠡᠶ ᠭᠠᠵᠠᠷ᠂ ᠳᠤᠮᠳᠠᠳᠤ ᠪᠠᠭ᠎ᠠ ᠰᠤᠷᠭᠠᠭᠤᠯᠢ ᠶᠢᠨ ᠬᠡᠤᠬᠡᠳ ᠤᠨ ᠴᠡᠴᠡᠷᠯᠢᠭ ᠵᠡᠷᠭᠡ ᠪᠠᠷ | ᠰᠠᠨᠠᠭᠠᠴᠢᠯᠠᠭ᠎ᠠ ᠠᠴᠠ ᠪᠠᠨ ᠣᠷᠣᠵᠤ᠂ ᠡᠯ᠎ᠡ ᠭᠠᠵᠠᠷ ᠲᠠᠯᠠᠪᠤᠷ ᠤᠨ ᠬᠥᠮᠦᠰ ᠲᠤ ᠭᠠᠯ ᠤᠨᠲᠠᠷᠠᠭᠠᠵᠤ ᠠᠶᠤᠯ ᠠᠴᠠ | ᠬᠠᠮᠠᠭᠠᠯᠠᠬᠤ ᠮᠡᠳᠡᠯᠭᠡ ᠶᠢ ᠵᠢᠭᠠᠨ ᠥᠭᠴᠦ᠂ ᠭᠠᠯ ᠤᠨ ᠠᠶᠤᠯ ᠤᠨ ᠠᠮᠢᠳᠤᠯᠢᠭ ᠬᠡᠷᠡᠭ ᠤᠨ ᠵᠢᠱᠢᠶ᠎ᠡ ᠪᠣᠯᠤᠨ ᠳᠥᠭᠦᠮ | ᠬᠢᠯᠪᠠᠷ ᠦᠭᠡ ᠬᠡᠯᠡ ᠶᠢ ᠠᠰᠢᠭᠯᠠᠨ ᠣᠯᠠᠨ ᠳᠤ ᠬᠠᠮᠢᠶ᠎ᠠ ᠪᠦᠬᠦᠢ ᠬᠡᠷᠡᠭ ᠤᠨ ᠵᠢᠱᠢᠶ᠎ᠡ ᠶᠢ ᠵᠠᠳᠠᠯᠤᠨ ᠲᠠᠶᠢᠯᠠᠪᠤᠷᠢᠯᠠᠪᠠ᠃ | | ᠲᠦᠷᠪᠡ ᠳᠤ ᠡᠭᠦᠷᠭᠡ ᠭᠦᠢᠴᠡᠳᠭᠡᠬᠦ ᠲᠠᠶᠢᠨ ᠳᠤ ᠪᠡᠯᠡᠳᠬᠡᠬᠦ ᠰᠣᠷᠢᠯᠲᠠ ᠶᠢᠨ ᠲᠣᠭᠲᠠᠴᠠ ᠶᠢ | ᠲᠡᠭᠦᠯᠳᠡᠷᠵᠢᠭᠦᠯᠵᠦ᠂ ᠪᠣᠳᠠᠲᠤ ᠪᠠᠶᠢᠯᠳᠤᠭᠠᠨ ᠢ ᠴᠢᠩᠭᠠᠳᠬᠠᠨ᠎ᠠ᠃ ᠢᠮᠠᠭᠲᠠ ︽ᠵᠢᠷᠭᠤᠭ᠎ᠠ ᠶᠢ ᠰᠠᠶᠢᠨ ᠮᠡᠳᠡᠬᠦ︾ | ᠰᠣᠷᠢᠯᠲᠠ ᠶᠢ ᠯᠠᠪᠳᠠᠭᠤᠨ ᠪᠠᠲᠤᠲᠠᠶ ᠥᠷᠨᠢᠭᠦᠯᠬᠦ ᠶᠢ ᠰᠠᠭᠤᠷᠢ ᠠᠵᠢᠯ ᠪᠣᠯᠭᠠᠨ ᠠᠳᠬᠤᠵᠤ᠂ ᠭᠠᠯ ᠤᠨᠲᠠᠷᠠᠭᠠᠬᠤ | ᠪᠡᠯᠡᠳᠬᠡᠯ ᠲᠥᠰᠦᠯ ᠲᠠᠢ ᠤᠶᠠᠯᠳᠤᠭᠤᠯᠤᠨ ᠬᠠᠮᠲᠤᠷᠠᠨ ᠪᠠᠶᠢᠯᠳᠤᠵᠤ᠂ ᠬᠠᠮᠲᠤᠷᠠᠨ ᠪᠠᠶᠢᠯᠳᠤᠬᠤ ᠶᠢ ᠪᠡᠶᠡᠯᠡᠭᠦᠯᠵᠦ᠂ | ᠳᠠᠶᠢᠨ ᠤ ᠦᠶ᠎ᠡ ᠶᠢᠨ ᠪᠦᠬᠦ ᠬᠥᠮᠦᠰ ᠤᠨ ᠬᠠᠮᠤᠭ ᠥᠨᠳᠥᠷ ᠦᠷ᠎ᠡ ᠪᠦᠲᠦᠮᠵᠢ ᠪᠠᠷ ᠭᠠᠯ ᠤᠨᠲᠠᠷᠭᠠᠵᠤ ᠠᠪᠤᠷᠠᠨ | ᠲᠤᠰᠠᠯᠠᠬᠤ ᠠᠵᠢᠯ ᠳᠤ ᠣᠷᠣᠯᠴᠠᠬᠤ ᠶᠢ ᠪᠠᠲᠤᠯᠠᠵᠠᠶ᠃ ᠬᠤᠶᠢᠰᠢᠳᠠ ᠥᠨᠳᠥᠷ ᠪᠦᠲᠦᠮᠵᠢᠲᠡᠶ᠂ ᠡᠮᠬᠢ ᠵᠢᠷᠤᠮ ᠲᠠᠢ | ᠠᠩᠬᠠᠨ ᠤ ᠦᠶ᠎ᠡ ᠶᠢᠨ ᠭᠠᠯ ᠤᠨᠲᠠᠷᠠᠭᠠᠬᠤ ᠳᠤ ᠰᠠᠭᠤᠷᠢ ᠲᠠᠯᠪᠢᠵᠤ ᠦᠭᠭᠦᠭᠰᠡᠨ ᠪᠠᠶᠢᠨ᠎ᠠ᠃ | |