ᠪᠦᠬᠦ ᠤᠯᠤᠰ ᠤᠨ ᠰᠢᠨ᠎ᠠ ᠳᠢᠳᠢᠮᠯᠢᠭ ᠠᠭᠤᠰᠬᠢᠨ ᠦᠷᠪᠢᠰᠤᠯ ᠤᠨ ᠬᠢᠵᠢᠭ ᠲᠠᠢ ᠲᠡᠮᠡᠴᠡᠭᠰᠡᠨ ᠬᠦᠬᠢᠬᠦᠯᠦᠨ | ᠰᠠᠶᠢᠰᠢᠶᠠᠬᠤ ᠶᠡᠭᠡ ᠬᠤᠷᠠᠯ ᠪᠡᠭᠡᠵᠢᠩ ᠳᠤ ᠦᠪᠡᠳᠡᠭᠰᠢ ᠶᠡᠭᠡ ᠪᠠᠷ ᠶᠠᠪᠤᠬᠳᠠᠪᠠ | ᠰᠢ ᠶᠢᠨ ᠫᠢᠩ ᠤᠯᠤᠰ ᠤᠨ ᠭᠠᠪᠢᠶᠠᠨ ᠳᠡᠮᠳᠡᠭ ᠪᠤᠯᠤᠨ ᠤᠯᠤᠰ ᠤᠨ ᠢᠷᠠᠭᠤ ᠠᠯᠳᠠᠷ ᠤᠨ ᠴᠤᠯᠠ | ᠬᠦᠷᠳᠡᠭᠰᠡᠳ ᠲᠤ ᠭᠠᠪᠢᠶᠠᠨ ᠳᠡᠮᠳᠡᠭ ᠱᠠᠩᠨᠠᠯ ᠤᠨ ᠳᠡᠮᠳᠡᠭ ᠤᠯᠭᠤᠬᠰᠠᠨ ᠪᠦᠬᠡᠳ ᠴᠢᠬᠤᠯᠠ ᠶᠠᠷᠢᠶ᠎ᠠ ᠲᠠᠯᠪᠢᠵᠠᠢ | ᠯᠢ ᠺᠧ ᠴᠢᠶᠠᠩ ᠬᠤᠷᠠᠯ ᠢ ᠡᠷᠬᠢᠯᠡᠵᠦ ᠯᠢ ᠵᠠᠨ ᠱᠦ ᠲᠡᠷᠢᠬᠦᠯᠡᠭᠴᠢ ᠶᠢᠨ ᠵᠠᠷᠯᠢᠭ ᠢ ᠤᠩᠰᠢᠨ ᠨᠡᠶᠢᠳᠡᠯᠡᠵᠦ ᠸᠠᠩ | ᠬᠤ᠋ ᠨᠢᠩ ᠬᠦᠬᠢᠬᠦᠯᠦᠨ ᠰᠠᠶᠢᠰᠢᠶᠠᠬᠤ ᠲᠤᠭᠳᠠᠭᠠᠯ ᠢ ᠤᠩᠰᠢᠨ ᠨᠡᠶᠢᠳᠡᠯᠡᠪᠡ ᠸᠠᠩ ᠶᠠᠩ ᠵᠤᠤ ᠯᠧ ᠵᠢᠢ ᠬᠠᠨ ᠵᠧᠩ | ᠸᠠᠩ ᠴᠢ ᠱᠠᠨ ᠬᠤᠷᠠᠯ ᠳᠤ ᠤᠷᠤᠯᠴᠠᠵᠠᠢ | | 9 ᠰᠠᠷ᠎ᠠ ᠶᠢᠨ 8 ᠤ ᠡᠳᠤᠷ᠂ ᠪᠦᠬᠦ ᠤᠯᠤᠰ ᠤᠨ ᠰᠢᠨ᠎ᠠ ᠳᠢᠳᠢᠮᠯᠢᠭ ᠠᠭᠤᠰᠬᠢᠨ ᠦᠷᠪᠢᠰᠤᠯ ᠤᠨ | ᠬᠢᠵᠢᠭ ᠲᠠᠢ ᠲᠡᠮᠡᠴᠡᠭᠰᠡᠨ ᠬᠦᠬᠢᠬᠦᠯᠦᠨ ᠰᠠᠶᠢᠰᠢᠶᠠᠬᠤ ᠶᠡᠭᠡ ᠬᠤᠷᠠᠯ ᠪᠡᠭᠡᠵᠢᠩ ᠤᠨ ᠠᠷᠠᠳ ᠤᠨ ᠶᠡᠭᠡ ᠬᠤᠷᠠᠯ ᠤᠨ | ᠲᠠᠩᠬᠢᠮ ᠳᠤ ᠦᠪᠡᠳᠡᠭᠰᠢ ᠶᠡᠭᠡ ᠪᠠᠷ ᠶᠠᠪᠤᠬᠳᠠᠪᠠ᠃ ᠨᠠᠮ ᠤᠨ ᠲᠦᠪ ᠬᠤᠷᠢᠶᠠᠨ ᠤ ᠶᠡᠷᠦᠩᠭᠡᠢ ᠱᠦᠵᠢ᠂ ᠤᠯᠤᠰ ᠤᠨ | ᠲᠡᠷᠢᠬᠦᠯᠡᠭᠴᠢ᠂ ᠲᠦᠪ ᠤᠨ ᠴᠡᠷᠢᠭ ᠤᠨ ᠶᠠᠪᠤᠳᠠᠯ ᠤᠨ ᠬᠤᠷᠢᠶᠠᠨ ᠤ ᠲᠡᠷᠢᠬᠦᠯᠡᠭᠴᠢ ᠰᠢ ᠶᠢᠨ ᠫᠢᠩ ᠶᠡᠭᠡ ᠬᠤᠷᠠᠯ | ᠲᠠᠬᠡᠷ᠎ᠠ ᠴᠢᠬᠤᠯᠠ ᠶᠠᠷᠢᠶ᠎ᠠ ᠲᠠᠯᠪᠢᠪᠠ᠃ | | 9 ᠰᠠᠷ᠎ᠠ ᠶᠢᠨ 8 ᠤ ᠡᠳᠤᠷ᠂ ᠪᠦᠬᠦ ᠤᠯᠤᠰ ᠤᠨ ᠰᠢᠨ᠎ᠠ ᠳᠢᠳᠢᠮᠯᠢᠭ ᠠᠭᠤᠰᠬᠢᠨ ᠦᠷᠪᠢᠰᠤᠯ ᠤᠨ | ᠬᠢᠵᠢᠭ ᠲᠠᠢ ᠲᠡᠮᠡᠴᠡᠭᠰᠡᠨ ᠬᠦᠬᠢᠬᠦᠯᠦᠨ ᠰᠠᠶᠢᠰᠢᠶᠠᠬᠤ ᠶᠡᠭᠡ ᠬᠤᠷᠠᠯ ᠪᠡᠭᠡᠵᠢᠩ ᠤᠨ ᠠᠷᠠᠳ ᠤᠨ ᠶᠡᠭᠡ ᠬᠤᠷᠠᠯ ᠤᠨ | ᠲᠠᠩᠬᠢᠮ ᠳᠤ ᠦᠪᠡᠳᠡᠭᠰᠢ ᠶᠡᠭᠡ ᠪᠠᠷ ᠶᠠᠪᠤᠬᠳᠠᠪᠠ᠃ ᠨᠠᠮ ᠤᠨ ᠲᠦᠪ ᠬᠤᠷᠢᠶᠠᠨ ᠤ ᠶᠡᠷᠦᠩᠭᠡᠢ ᠱᠦᠵᠢ᠂ ᠤᠯᠤᠰ ᠤᠨ | ᠲᠡᠷᠢᠬᠦᠯᠡᠭᠴᠢ᠂ ᠲᠦᠪ ᠤᠨ ᠴᠡᠷᠢᠭ ᠤᠨ ᠶᠠᠪᠤᠳᠠᠯ ᠤᠨ ᠬᠤᠷᠢᠶᠠᠨ ᠤ ᠲᠡᠷᠢᠬᠦᠯᠡᠭᠴᠢ ᠰᠢ ᠶᠢᠨ ᠫᠢᠩ ︽ᠪᠦᠬᠦᠳᠠ | ᠨᠠᠶᠢᠷᠠᠮᠳᠠᠬᠤ ᠤᠯᠤᠰ ᠤᠨ ᠭᠠᠪᠢᠶᠠᠨ ᠲᠠᠮᠳᠡᠭ︾ ᠬᠦᠷᠳᠡᠭᠴᠢ ᠵᠦᠩ ᠨᠠᠨ ᠱᠠᠨ ︵ᠡᠮᠤᠨ᠎ᠠ ᠮᠦᠷ ᠤᠨ | ᠪᠠᠷᠠᠭᠤᠨ ᠠᠴᠠ ᠬᠤᠶᠠᠳᠤᠭᠠᠷ︶᠂ ︽ᠠᠷᠠᠳ ᠤᠨ ᠪᠠᠭᠠᠳᠤᠷ︾ ᠭᠡᠬᠦ ᠤᠯᠤᠰ ᠤᠨ ᠢᠷᠠᠭᠤ ᠠᠯᠳᠠᠷ ᠤᠨ ᠴᠤᠯᠠ | ᠬᠦᠷᠳᠡᠭᠴᠢ ᠵᠠᠩ ᠪᠦᠸᠧ ᠯᠢ ︵ᠡᠮᠤᠨ᠎ᠠ ᠮᠦᠷ ᠤᠨ ᠵᠡᠬᠦᠨ ᠠᠴᠠ ᠬᠤᠶᠠᠳᠤᠭᠠᠷ︶᠂ ᠵᠠᠩ ᠳ᠋ᠢᠩ ᠢᠦᠢ ︵ᠡᠮᠤᠨ᠎ᠠ | ᠮᠦᠷ ᠤᠨ ᠪᠠᠷᠠᠭᠤᠨ ᠠᠴᠠ ᠨᠢᠬᠡᠳᠤᠬᠡᠷ︶᠂ ᠴᠧᠨ ᠸᠧᠢ ︵ᠡᠮᠤᠨ᠎ᠠ ᠮᠦᠷ ᠤᠨ ᠵᠡᠬᠦᠨ ᠠᠴᠠ ᠨᠢᠬᠡᠳᠤᠬᠡᠷ︶ ᠳᠤ | ᠭᠠᠪᠢᠶᠠᠨ ᠳᠡᠮᠳᠡᠭ ᠱᠠᠩᠨᠠᠯ ᠤᠨ ᠳᠡᠮᠳᠡᠭ ᠤᠯᠭᠤᠵᠠᠢ᠃ | ᠪᠦᠬᠦ ᠤᠯᠤᠰ ᠤᠨ ᠰᠢᠨ᠎ᠠ ᠳᠢᠳᠢᠮᠯᠢᠭ ᠠᠭᠤᠰᠬᠢᠨ ᠦᠷᠪᠢᠰᠤᠯ ᠤᠨ ᠬᠢᠵᠢᠭ ᠲᠠᠢ ᠲᠡᠮᠡᠴᠡᠭᠰᠡᠨ ᠬᠦᠬᠢᠬᠦᠯᠦᠨ | ᠰᠠᠶᠢᠰᠢᠶᠠᠬᠤ ᠶᠡᠭᠡ ᠬᠤᠷᠠᠯ 8 ᠤ ᠦᠳᠡ ᠶᠢᠨ ᠡᠮᠦᠨ᠎ᠠ ᠪᠡᠭᠡᠵᠢᠩ ᠤᠨ ᠠᠷᠠᠳ ᠤᠨ ᠶᠡᠭᠡ ᠬᠤᠷᠠᠯ ᠤᠨ ᠲᠠᠩᠬᠢᠮ ᠳᠤ | ᠦᠪᠡᠳᠡᠭᠰᠢ ᠶᠡᠭᠡ ᠪᠠᠷ ᠶᠠᠪᠤᠬᠳᠠᠪᠠ᠃ ᠨᠠᠮ ᠤᠨ ᠲᠦᠪ ᠬᠤᠷᠢᠶᠠᠨ ᠤ ᠶᠡᠷᠦᠩᠭᠡᠢ ᠱᠦᠵᠢ᠂ ᠤᠯᠤᠰ ᠤᠨ | ᠲᠡᠷᠢᠬᠦᠯᠡᠭᠴᠢ᠂ ᠲᠦᠪ ᠤᠨ ᠴᠡᠷᠢᠭ ᠤᠨ ᠶᠠᠪᠤᠳᠠᠯ ᠤᠨ ᠬᠤᠷᠢᠶᠠᠨ ᠤ ᠲᠡᠷᠢᠬᠦᠯᠡᠭᠴᠢ ᠰᠢ ᠶᠢᠨ ᠫᠢᠩ ᠤᠯᠤᠰ ᠤᠨ | ᠭᠠᠪᠢᠶᠠᠨ ᠳᠡᠮᠳᠡᠭ ᠪᠤᠯᠤᠨ ᠤᠯᠤᠰ ᠤᠨ ᠢᠷᠠᠭᠤ ᠠᠯᠳᠠᠷ ᠤᠨ ᠴᠤᠯᠠ ᠬᠦᠷᠳᠡᠭᠰᠡᠳ ᠲᠤ ᠭᠠᠪᠢᠶᠠᠨ ᠳᠡᠮᠳᠡᠭ | ᠱᠠᠩᠨᠠᠯ ᠤᠨ ᠳᠡᠮᠳᠡᠭ ᠤᠯᠭᠤᠬᠰᠠᠨ ᠪᠦᠬᠡᠳ ᠴᠢᠬᠤᠯᠠ ᠶᠠᠷᠢᠶ᠎ᠠ ᠲᠠᠯᠪᠢᠵᠠᠢ᠃ ᠰᠢ ᠶᠢᠨ ᠫᠢᠩ᠂ ᠰᠢᠨ᠎ᠠ ᠳᠢᠳᠢᠮᠯᠢᠭ | ᠠᠭᠤᠰᠬᠢᠨ ᠦᠷᠪᠢᠰᠤᠯ ᠤᠨ ᠬᠢᠵᠢᠭ ᠲᠠᠢ ᠲᠡᠮᠡᠴᠡᠭᠰᠡᠡ ᠲᠡᠮᠡᠴᠡᠯ ᠴᠢᠬᠤᠯᠠ ᠶᠡᠭᠡ ᠪᠠᠶᠢᠯᠳᠤᠬᠤ ᠪᠤᠳᠤᠯᠭ᠎ᠠ ᠶᠢᠨ ᠦᠷ᠎ᠠ | ᠪᠦᠳᠦᠭᠡᠯ ᠤᠯᠤᠭᠰᠠᠨ ᠨᠢ ᠳᠤᠮᠳᠠᠳᠤ ᠤᠯᠤᠰ ᠤᠨ ᠡᠪ ᠬᠠᠮᠳᠦ ᠨᠠᠮ ᠤᠨ ᠤᠳᠤᠷᠢᠳᠤᠯᠭ᠎ᠠ ᠪᠤᠯᠤᠨ ᠮᠠᠨ ᠤ | ᠤᠯᠤᠰ ᠤᠨ ᠨᠡᠶᠢᠭᠡᠮ ᠵᠢᠷᠤᠮ ᠤᠨ ᠪᠠᠶᠢᠭᠤᠯᠤᠯ ᠤᠨ ᠢᠯᠡᠳᠲᠡ ᠳᠠᠪᠠᠭᠤᠯᠢᠬ ᠢ ᠬᠦᠢᠴᠡᠳ ᠬᠠᠷᠠᠭᠤᠯᠵᠤ᠂ ᠳᠤᠮᠳᠠᠳᠤ | ᠤᠯᠤᠰ ᠤᠨ ᠠᠷᠠᠳ ᠲᠦᠮᠡᠨ ᠪᠤᠯᠤᠨ ᠳᠤᠮᠳᠠᠳᠤ ᠶᠢᠨ ᠦᠨᠳᠦᠰᠦᠳᠡᠨ ᠤ ᠠᠭᠤᠤ ᠶᠡᠭᠡ ᠬᠦᠴᠦᠨ ᠴᠢᠳᠠᠯ ᠢ | ᠬᠦᠢᠴᠡᠳ ᠬᠠᠷᠠᠭᠤᠯᠵᠤ᠂ ᠳᠤᠮᠳᠠᠳᠤ ᠶᠢᠨ ᠪᠤᠯᠪᠠᠰᠤᠨ ᠤ ᠬᠦᠨ ᠵᠤᠵᠠᠭᠠᠨ ᠲᠤᠲᠤᠭᠠᠲᠦ ᠠᠭᠤᠯᠬᠤᠨ ᠢ ᠬᠦᠢᠴᠡᠳ | ᠬᠠᠷᠠᠭᠤᠯᠵᠤ᠂ ᠳᠤᠮᠳᠠᠳᠤ ᠤᠯᠤᠰ ᠤᠨ ᠬᠠᠷᠢᠭᠤᠴᠠᠯᠭ᠎ᠠ ᠲᠠᠢ ᠲᠤᠮᠤ ᠤᠯᠤᠰ ᠤᠨ ᠤᠬᠠᠮᠰᠠᠷᠲᠦ ᠬᠠᠷᠢᠭᠤᠴᠠᠯᠭ᠎ᠠ | ᠡᠬᠦᠷᠭᠡᠯᠡᠯ ᠢ ᠬᠦᠢᠴᠡᠳ ᠬᠠᠷᠠᠭᠤᠯᠵᠤ᠂ ᠪᠦᠬᠦ ᠨᠠᠮ ᠪᠦᠬᠦ ᠤᠯᠤᠰ ᠤᠨ ᠦᠨᠳᠦᠰᠦᠳᠡᠨ ᠨᠦᠭᠦᠳ ᠤᠨ ᠠᠷᠠᠳ | ᠲᠦᠮᠡᠨ ᠤ ᠢᠳᠡᠭᠡᠯ ᠪᠠ ᠤᠮᠤᠬᠰᠢᠯᠳᠦ ᠰᠡᠳᠬᠢᠯᠭᠡ᠂ ᠨᠢᠬᠳᠠᠷᠠᠯ ᠤᠨ ᠬᠦᠴᠦ ᠪᠠ ᠲᠦᠪᠯᠡᠷᠡᠯ ᠤᠨ ᠬᠦᠴᠦ ᠶᠢ | ᠲᠦᠢᠯ ᠤᠨ ᠶᠡᠭᠡ ᠪᠠᠷ ᠨᠡᠮᠡᠭᠳᠡᠬᠦᠯᠪᠡ᠂ ᠡᠨᠡ ᠨᠢ ᠯᠠᠪᠳᠠᠢ ᠪᠢᠳᠠᠨ ᠢ ᠰᠢᠨ᠎ᠠ ᠴᠠᠭ ᠦᠶ᠎ᠠ ᠶᠢᠨ ᠰᠢᠨ᠎ᠠ ᠠᠶᠠᠨ ᠳᠠᠭᠠᠨ | ᠬᠠᠷᠰᠢ ᠰᠠᠭᠠᠳ ᠢ ᠢᠯᠠᠨ ᠳᠠᠪᠠᠵᠦ᠂ ᠡᠷᠡᠮᠡᠭᠡᠶᠢᠯᠡᠨ ᠤᠷᠤᠬᠰᠢᠯᠠᠬᠤ ᠶᠢ ᠵᠤᠷᠢᠬᠵᠢᠭᠤᠯᠬᠤ ᠶᠤᠮ ᠭᠡᠵᠦ | ᠴᠢᠬᠤᠯᠠᠴᠢᠯᠠᠪᠠ᠃ | ᠰᠢ ᠶᠢᠨ ᠫᠢᠩ᠂ ᠬᠢᠵᠢᠭ ᠲᠠᠢ ᠲᠡᠮᠡᠴᠡᠭᠰᠡᠨ ᠠᠭᠤᠤ ᠶᠡᠭᠡ ᠵᠤᠷᠢᠭ ᠰᠠᠨᠠᠭ᠎ᠠ ᠨᠢ ᠳᠤᠮᠳᠠᠳᠤ ᠶᠢᠨ | ᠦᠨᠳᠦᠰᠦᠳᠡᠨ ᠤ ᠤᠷᠳᠤ ᠬᠤᠭᠤᠴᠠᠭᠠᠨ ᠳᠤ ᠪᠦᠷᠢᠯᠳᠦᠭᠰᠡᠨ ᠤᠨᠴᠠᠭᠠᠢ ᠲᠦᠷᠦᠯᠬᠢ ᠠᠪᠢᠶᠠᠰ ᠪᠤᠯᠤᠨ ᠰᠤᠶᠤᠯ ᠤᠨ | ᠤᠳᠤᠮᠰᠢᠯ ᠯᠤᠭ᠎ᠠ ᠤᠳᠤᠮ ᠤᠬᠰᠠᠭ᠎ᠠ ᠨᠢᠭᠡᠳᠠᠢ ᠪᠠᠶᠢᠵᠤ᠂ ᠤᠯᠤᠰ ᠢᠶᠠᠨ ᠬᠠᠶᠢᠷᠠᠯᠠᠬᠤ ᠦᠵᠡᠯ᠂ ᠬᠠᠮᠳᠤᠴᠢ ᠦᠵᠡᠯ | ᠂ ᠨᠡᠶᠢᠭᠡᠮ ᠵᠢᠷᠤᠮ ᠤᠨ ᠵᠤᠷᠢᠭ ᠰᠠᠨᠠᠭᠠᠨ ᠤ ᠤᠯᠠᠮᠵᠢᠯᠠᠯ ᠪᠠ ᠬᠦᠭᠵᠢᠬᠦᠯᠦᠯᠳᠠ ᠮᠦᠨ᠂ ᠳᠤᠮᠳᠠᠳᠤ ᠤᠯᠤᠰ ᠤᠨ | ᠵᠤᠷᠢᠭ ᠰᠠᠨᠠᠭᠠᠨ ᠤ ᠠᠮᠢᠳᠤᠯᠢᠭ ᠲᠠᠶᠢᠯᠪᠤᠷᠢᠯᠠᠯ ᠮᠦᠨ᠂ ᠡᠨᠡ ᠨᠢ ᠦᠨᠳᠦᠰᠦᠳᠡᠨ ᠤ ᠵᠤᠷᠢᠭ ᠰᠠᠨᠠᠭ᠎ᠠ ᠪᠤᠯᠤᠨ ᠴᠠᠭ | ᠦᠶ᠎ᠠ ᠶᠢᠨ ᠵᠤᠷᠢᠭ ᠰᠠᠨᠠᠭᠠᠨ ᠤ ᠳᠤᠳᠤᠭᠠᠳᠦ ᠠᠭᠤᠯᠬᠤᠨ ᠢ ᠡᠯᠪᠡᠭᠵᠢᠬᠦᠯᠵᠡᠢ᠃ ᠪᠢᠳᠠ ᠪᠦᠬᠦ ᠨᠡᠶᠢᠭᠡᠮ ᠳᠤ | ᠬᠢᠵᠢᠭ ᠲᠠᠢ ᠲᠡᠮᠡᠴᠡᠭᠰᠡᠨ ᠠᠭᠤᠤ ᠶᠡᠭᠡ ᠵᠤᠷᠢᠭ ᠰᠠᠨᠠᠭ᠎ᠠ ᠶᠢ ᠶᠡᠭᠡ ᠪᠠᠷ ᠪᠠᠳᠠᠷᠠᠭᠤᠯᠵᠦ᠂ ᠡᠬᠦᠨ ᠢ ᠨᠡᠶᠢᠭᠡᠮ | ᠵᠢᠷᠤᠮ ᠤᠨ ᠤᠳᠤᠬᠢᠴᠢᠯᠠᠬᠰᠠᠨ ᠤᠯᠤᠰ ᠢ ᠪᠦᠬᠦ ᠲᠠᠯ᠎ᠠ ᠪᠠᠷ ᠪᠦᠳᠦᠭᠡᠨ ᠪᠠᠶᠢᠭᠤᠯᠬᠤ᠂ ᠳᠤᠮᠳᠠᠳᠤ ᠶᠢᠨ | ᠦᠨᠳᠦᠰᠦᠳᠡᠨ ᠤ ᠠᠭᠤᠤ ᠶᠡᠭᠡ ᠰᠡᠷᠬᠦᠨ ᠮᠠᠨᠳᠤᠯᠳᠠ ᠶᠢᠨ ᠳᠤᠮᠳᠠᠳᠤ ᠶᠢᠨ ᠵᠡᠬᠦᠳᠦ ᠶᠢ ᠳᠡᠷᠭᠡᠯᠰᠢᠬᠦᠯᠬᠦ ᠬᠦᠴᠦᠷᠭᠡᠭ | ᠶᠡᠭᠡ ᠬᠦᠴᠦᠨ ᠴᠢᠳᠠᠯ ᠪᠤᠯᠭᠠᠨ ᠬᠤᠪᠢᠷᠠᠭᠤᠯᠬᠤ ᠭᠡᠷᠡᠭᠲᠡᠢ ᠭᠡᠵᠦ ᠴᠢᠬᠤᠯᠠᠴᠢᠯᠠᠪᠠ᠃ | ᠯᠢ ᠺᠧ ᠴᠢᠶᠠᠩ ᠶᠡᠭᠡ ᠬᠤᠷᠠᠯ ᠢ ᠡᠷᠬᠢᠯᠡᠵᠦ᠂ ᠯᠢ ᠵᠠᠨ ᠱᠤ᠋ ᠲᠡᠷᠢᠬᠦᠯᠡᠭᠴᠢ ᠶᠢᠨ ᠵᠠᠷᠯᠢᠭ ᠢ ᠤᠩᠰᠢᠨ | ᠨᠡᠶᠢᠳᠡᠯᠡᠵᠦ᠂ ᠸᠠᠩ ᠬᠤ᠋ ᠨᠢᠩ ᠬᠦᠬᠢᠬᠦᠯᠦᠨ ᠰᠠᠶᠢᠰᠢᠶᠠᠬᠤ ᠲᠤᠭᠳᠠᠭᠠᠯ ᠢ ᠤᠩᠰᠢᠨ ᠨᠡᠶᠢᠳᠡᠯᠡᠪᠡ᠂ ᠸᠠᠩ ᠶᠠᠩ᠂ | ᠵᠤᠤ ᠯᠧ ᠵᠢᠢ᠂ ᠬᠠᠨ ᠵᠧᠩ᠂ ᠸᠠᠩ ᠴᠢ ᠱᠠᠨ ᠬᠤᠷᠠᠯ ᠳᠤ ᠤᠷᠤᠯᠴᠠᠵᠠᠢ᠃ | 8 ᠴᠠᠭ 35 ᠮᠢᠨᠦ᠋ᠲ ᠲᠤ᠂ ᠤᠯᠤᠰ ᠤᠨ ᠭᠠᠪᠢᠶᠠᠨ ᠳᠡᠮᠳᠡᠭ ᠪᠤᠯᠤᠨ ᠤᠯᠤᠰ ᠤᠨ ᠢᠷᠠᠭᠤ ᠠᠯᠳᠠᠷ ᠤᠨ | ᠴᠤᠯᠠ ᠬᠦᠷᠳᠡᠭᠰᠡᠳ ᠬᠠᠮᠳᠤ ᠪᠠᠷ ᠶᠤᠰᠤᠯᠠᠯ ᠤᠨ ᠮᠠᠰᠢᠨ ᠳᠡᠷᠭᠡᠨ ᠳᠤ ᠰᠠᠭᠤᠵᠦ᠂ ᠲᠦᠷᠦ ᠶᠢᠨ ᠶᠤᠰᠤᠯᠠᠯ ᠤᠨ | ᠬᠠᠮᠠᠭᠠᠯᠠᠯᠳᠠ ᠶᠢᠨ ᠠᠩᠬᠢ ᠶᠢᠨ ᠬᠠᠮᠠᠭᠠᠯᠠᠯᠳᠠ ᠲᠠᠢ ᠪᠠᠷ ᠠᠷᠠᠳ ᠤᠨ ᠶᠡᠭᠡ ᠬᠤᠷᠠᠯ ᠤᠨ ᠲᠠᠩᠬᠢᠮ ᠵᠦᠭ ᠮᠤᠷᠳᠠᠪᠠ᠃ | ᠠᠷᠠᠳ ᠤᠨ ᠶᠡᠭᠡ ᠬᠤᠷᠠᠯ ᠤᠨ ᠲᠠᠩᠬᠢᠮ ᠤᠨ ᠬᠤᠶᠢᠳᠦ ᠡᠬᠦᠳᠡᠨ ᠤ ᠭᠠᠳᠠᠨ᠎ᠠ᠂ ᠤᠯᠠᠭᠠᠨ ᠲᠤᠭ ᠢ ᠦᠨᠳᠦᠷ | ᠡᠷᠬᠦᠭᠰᠡᠨ ᠶᠤᠰᠤᠯᠠᠯ ᠤᠨ ᠴᠡᠷᠢᠭ ᠵᠠᠮ ᠤᠨ ᠬᠤᠶᠠᠷ ᠲᠠᠯ᠎ᠠ ᠳᠤ ᠵᠢᠭᠰᠠᠨ ᠵᠤᠬᠰᠤᠵᠦ᠂ ᠫᠤᠤ ᠮᠦᠷᠦᠯᠡᠭᠰᠡᠨ | ᠶᠤᠰᠤᠯᠠᠯ ᠤᠨ ᠴᠡᠷᠢᠭ ᠢᠨᠳᠡᠷ ᠳᠡᠭᠡᠷ᠎ᠠ ᠲᠦᠪ ᠰᠦᠷᠯᠢᠭ ᠵᠤᠬᠰᠤᠵᠦ᠂ ᠵᠠᠯᠠᠭᠤᠴᠤᠳ ᠪᠠᠭᠠᠴᠤᠳ ᠤᠷᠠᠢ | ᠬᠠᠰᠬᠢᠷᠤᠯᠳᠤᠨ ᠬᠦᠨᠳᠦᠳᠭᠡᠯ ᠲᠡᠪᠰᠢᠬᠦᠯᠦᠨ᠎ᠠ᠃ ᠤᠯᠤᠰ ᠤᠨ ᠭᠠᠪᠢᠶᠠᠨ ᠳᠡᠮᠳᠡᠭ ᠪᠤᠯᠤᠨ ᠤᠯᠤᠰ ᠤᠨ ᠢᠷᠠᠭᠤ | ᠠᠯᠳᠠᠷ ᠤᠨ ᠴᠤᠯᠠ ᠬᠦᠷᠳᠡᠭᠰᠡᠳ ᠤᠯᠠᠭᠠᠨ ᠬᠡᠪᠢᠰ ᠲᠡᠪᠢᠰᠦᠭᠰᠡᠨ ᠢᠨᠳᠡᠷ ᠢᠶᠠᠷ ᠠᠯᠬᠤᠨ ᠭᠠᠷᠴᠦ᠂ ᠠᠷᠠᠳ ᠤᠨ | ᠶᠡᠭᠡ ᠬᠤᠷᠠᠯ ᠤᠨ ᠲᠠᠩᠬᠢᠮ ᠳᠤ ᠤᠷᠤᠵᠠᠭᠠᠪᠠ᠃ ᠠᠳᠡ ᠨᠠᠮ ᠪᠤᠯᠤᠨ ᠤᠯᠤᠰ ᠤᠨ ᠭᠠᠪᠢᠶ᠎ᠠ ᠢᠷᠠᠭᠤ ᠠᠯᠳᠠᠷ ᠤᠨ | ᠬᠦᠬᠢᠬᠦᠯᠦᠨ ᠰᠠᠶᠢᠰᠢᠶᠠᠬᠤ ᠠᠵᠢᠯ ᠤᠨ ᠵᠦᠪᠯᠡᠯ ᠤᠨ ᠤᠳᠤᠷᠢᠳᠬᠤ ᠨᠦᠬᠦᠳ ᠬᠠᠮᠳᠤ ᠪᠠᠷ ᠲᠡᠲᠡᠨ ᠢ ᠪᠠᠶᠠᠷᠯᠠᠨ | ᠤᠬᠳᠤᠵᠠᠢ᠃ | ᠠᠷᠠᠳ ᠤᠨ ᠶᠡᠭᠡ ᠬᠤᠷᠠᠯ ᠤᠨ ᠲᠠᠩᠬᠢᠮ ᠤᠨ ᠶᠤᠰᠤᠯᠠᠯ ᠤᠨ ᠲᠠᠩᠬᠢᠮ ᠳᠤ ᠠᠭᠤᠷ ᠠᠮᠢᠰᠬᠤᠯ ᠲᠦᠪ | ᠬᠢᠴᠢᠶᠡᠩᠬᠦᠢ ᠪᠦᠭᠡᠳ ᠪᠠᠶᠠᠷ ᠪᠠᠶᠠᠰᠤᠯ ᠲᠠᠢ ᠪᠠᠶᠢᠯ᠎ᠠ᠃ ᠲᠡᠷᠢᠬᠦᠯᠡᠭᠴᠢ ᠶᠢᠨ ᠲᠠᠶᠢᠰᠤᠨ ᠤ ᠳᠡᠭᠡᠷ᠎ᠠ ᠳᠡᠯ᠎ᠠ ᠳᠤ ︽ | ᠪᠦᠬᠦ ᠤᠯᠤᠰ ᠤᠨ ᠰᠢᠨ᠎ᠠ ᠳᠢᠳᠢᠮᠯᠢᠭ ᠠᠭᠤᠰᠬᠢᠨ ᠦᠷᠪᠢᠰᠤᠯ ᠤᠨ ᠬᠢᠵᠢᠭ ᠲᠠᠢ ᠲᠡᠮᠡᠴᠡᠭᠰᠡᠨ ᠬᠦᠬᠢᠬᠦᠯᠦᠨ | ᠰᠠᠶᠢᠰᠢᠶᠠᠬᠤ ᠶᠡᠭᠡ ᠬᠤᠷᠠᠯ︾ ᠭᠡᠬᠦ ᠪᠢᠴᠢᠭᠡᠰᠦ ᠶᠢ ᠡᠯᠬᠦᠵᠦ᠂ ᠠᠷᠤ ᠬᠦᠰᠢᠭᠡ ᠶᠢᠨ ᠭᠤᠤᠯ ᠳᠤᠮᠳᠠ ᠳᠤ ᠭᠡᠷᠡᠯ | ᠰᠠᠴᠤᠷᠠᠭᠰᠠᠨ ᠪᠦᠬᠦᠳᠠ ᠨᠠᠶᠢᠷᠠᠮᠳᠠᠬᠤ ᠳᠤᠮᠳᠠᠳᠤ ᠠᠷᠠᠳ ᠤᠯᠤᠰ ᠤᠨ ᠤᠯᠤᠰ ᠤᠨ ᠰᠦᠯᠳᠠ ᠶᠢ ᠡᠯᠬᠦᠵᠤ᠂ 10 | ᠤᠯᠠᠭᠠᠨ ᠲᠤᠭ ᠢ ᠬᠤᠶᠠᠷ ᠲᠠᠯ᠎ᠠ ᠳᠤᠨᠢ ᠵᠢᠭᠰᠠᠭᠠᠪᠠ᠃ ᠬᠤᠶᠠᠳᠤᠭᠠᠷ ᠲᠠᠪᠬᠤᠷᠯᠢᠭ ᠤᠨ ᠡᠮᠦᠨ᠎ᠠ ᠲᠠᠪᠴᠠᠩ ᠳᠡᠭᠡᠷ᠎ᠠ | ᠄ ︽ᠰᠢ ᠶᠢᠨ ᠫᠢᠩ ᠨᠦᠬᠦᠷ ᠢᠶᠠᠷ ᠭᠤᠤᠯ ᠪᠤᠯᠭᠠᠭᠰᠠᠨ ᠨᠠᠮ ᠤᠨ ᠲᠦᠪ ᠬᠤᠷᠢᠶᠠᠨ ᠤ ᠲᠤᠭᠤᠷᠢᠨ ᠳᠤ ᠨᠢᠬᠳᠠᠷᠠᠨ | ᠪᠦᠯᠬᠦᠮᠳᠡᠵᠦ᠂ ᠬᠢᠵᠢᠭ ᠲᠠᠢ ᠲᠡᠮᠡᠴᠡᠭᠰᠡᠨ ᠠᠭᠤᠤ ᠶᠡᠭᠡ ᠵᠤᠷᠢᠭ ᠰᠠᠨᠠᠭ᠎ᠠ ᠶᠢ ᠪᠠᠳᠠᠷᠠᠭᠤᠯᠤᠨ᠂ ᠴᠢᠨᠡᠭᠡᠯᠢᠭ ᠨᠡᠶᠢᠭᠡᠮ ᠢ | ᠪᠦᠬᠦ ᠲᠠᠯ᠎ᠠ ᠪᠠᠷ ᠪᠡᠶᠡᠯᠡᠬᠦᠯᠬᠦ ᠰᠢᠢᠳᠪᠤᠷᠢᠳᠦ ᠢᠯᠠᠯᠳᠠ ᠶᠢ ᠤᠯᠵᠦ᠂ ᠶᠠᠳᠠᠭᠤ ᠠᠴᠠ ᠠᠩᠬᠢᠵᠢᠷᠠᠭᠤᠯᠬᠤ ᠪᠤᠭᠤᠮᠳᠠ | ᠰᠢᠪᠳᠤᠯᠬᠤ ᠰᠢᠢᠳᠪᠤᠷᠢᠳᠦ ᠲᠠᠶᠢᠯᠠᠯᠳᠤᠭᠠᠨ ᠬᠢᠵᠦ᠂ ᠰᠢᠨ᠎ᠠ ᠴᠠᠭ ᠦᠶ᠎ᠠ ᠶᠢᠨ ᠳᠤᠮᠳᠠᠳᠤ ᠤᠯᠤᠰ ᠤᠨ | ᠤᠨᠴᠠᠯᠢᠭ ᠲᠠᠢ ᠨᠡᠶᠢᠭᠡᠮ ᠵᠢᠷᠤᠮ ᠤᠨ ᠠᠭᠤᠤ ᠶᠡᠭᠡ ᠢᠯᠠᠯᠳᠠ ᠶᠢ ᠲᠡᠮᠡᠴᠡᠨ ᠤᠯᠰᠤᠭᠠᠢ︕︾ ᠭᠡᠬᠦ ᠤᠷᠢᠶ᠎ᠠ | ᠪᠢᠴᠢᠭᠡᠰᠦ ᠶᠢ ᠡᠯᠬᠦᠭᠰᠡᠨ ᠪᠠᠶᠢᠨ᠎ᠠ᠃ | 10 ᠴᠠᠭ ᠲᠤ ᠶᠡᠭᠡ ᠬᠤᠷᠠᠯ ᠡᠬᠢᠯᠡᠪᠡ᠃ ᠴᠢᠯᠦᠭᠡᠯᠡᠬᠦ ᠴᠡᠷᠢᠭ ᠤᠨ ᠴᠡᠷᠢᠭ ᠤᠨ ᠬᠦᠭᠵᠢᠮ ᠤᠨ ᠪᠦᠯᠬᠦᠮ ︽ | ᠵᠢᠷᠤᠮ ᠤᠨ ᠴᠡᠷᠢᠭ ᠤᠨ ᠤᠷᠤᠬᠰᠢᠯᠠᠯᠳᠠ ᠶᠢᠨ ᠳᠠᠭᠤᠤ︾ ᠶᠢ ᠬᠦᠭᠵᠢᠮᠳᠡᠵᠦ᠂ ᠲᠠᠯᠠᠪᠠᠢ ᠲᠠᠶᠠᠭᠠᠷ ᠢᠶᠠᠨ ᠪᠤᠰᠴᠦ | ᠵᠤᠬᠰᠤᠨ ᠤᠯᠤᠰ ᠤᠨ ᠰᠦᠯᠳᠠ ᠳᠠᠭᠤᠤ ᠶᠢ ᠳᠠᠭᠤᠯᠠᠵᠠᠭᠠᠪᠠ᠃ | ᠤᠯᠤᠰ ᠤᠨ ᠰᠦᠯᠳᠠ ᠳᠠᠭᠤᠤ ᠶᠢ ᠳᠠᠭᠤᠯᠠᠵᠦ ᠪᠠᠷᠠᠭᠠᠳ ᠪᠦᠬᠦ ᠬᠦᠮᠦᠰ ᠬᠢᠴᠢᠶᠡᠩᠬᠦ᠋ᠢᠯᠡᠨ ᠵᠤᠬᠰᠤᠵᠦ᠂ | ᠰᠢᠨ᠎ᠠ ᠳᠢᠳᠢᠮᠯᠢᠭ ᠠᠭᠤᠰᠬᠢᠨ ᠦᠷᠪᠢᠰᠤᠯ ᠤᠨ ᠬᠢᠵᠢᠭ ᠤᠨ ᠪᠠᠶᠢᠳᠠᠯ ᠳᠤᠮᠳᠠ ᠡᠷᠡᠯᠭᠡᠭ ᠢᠶᠠᠷ ᠪᠡᠶ᠎ᠠ ᠦᠷᠡᠭᠳᠡᠭᠰᠡᠨ | ᠪᠠᠭᠠᠳᠤᠷᠴᠤᠳ ᠪᠤᠯᠤᠨ ᠨᠠᠰᠤ ᠪᠠᠷᠠᠭᠰᠠᠨ ᠠᠬ᠎ᠠ ᠳᠡᠬᠦᠦ ᠨᠠᠷ ᠢ ᠨᠠᠮᠠᠨᠴᠢᠯᠠᠨ ᠭᠠᠰᠢᠭᠤᠲᠠᠪᠠ᠃ | ᠯᠢ ᠵᠠᠨ ᠱᠦ ᠠᠴᠠ ᠰᠢ ᠶᠢᠨ ᠫᠢᠩ ᠤᠨ ᠭᠠᠷ ᠤᠨ ᠦᠰᠦᠭ ᠵᠢᠷᠤᠬᠰᠠᠨ ᠪᠦᠬᠦᠳᠠ ᠨᠠᠶᠢᠷᠠᠮᠳᠠᠬᠤ ᠳᠤᠮᠳᠠᠳᠤ | ᠠᠷᠠᠳ ᠤᠯᠤᠰ ᠤᠨ ᠲᠡᠷᠢᠬᠦᠯᠡᠭᠴᠢ ᠶᠢᠨ ᠵᠠᠷᠯᠢᠭ ᠢ ᠤᠩᠰᠢᠨ ᠨᠡᠶᠢᠳᠡᠯᠡᠪᠡ᠃ ᠲᠡᠷᠢᠬᠦᠯᠡᠭᠴᠢ ᠶᠢᠨ ᠵᠠᠷᠯᠢᠭ ᠲᠤ᠂ | ᠰᠢᠨ᠎ᠡ ᠳᠢᠳᠢᠮᠯᠢᠭ ᠠᠭᠤᠰᠬᠢᠨ ᠦᠷᠪᠢᠰᠤᠯ ᠤᠨ ᠬᠢᠵᠢᠭ ᠲᠠᠢ ᠲᠡᠮᠡᠴᠡᠬᠦ ᠲᠠᠮᠠᠴᠡᠯ ᠲᠤᠮᠳᠠ ᠭᠠᠷᠮᠠᠭᠠᠢ ᠬᠤᠪᠢ ᠨᠠᠮᠠᠷᠢ | ᠦᠵᠡᠬᠦᠯᠦᠭᠰᠡᠨ ᠭᠠᠪᠢᠶᠠᠳᠦ ᠵᠢᠱᠢᠶᠡᠴᠢ ᠬᠦᠮᠦᠰ ᠢ ᠦᠪᠡᠳᠡᠭᠰᠢ ᠶᠡᠭᠡ ᠪᠠᠷ ᠬᠦᠬᠢᠬᠦᠯᠦᠨ ᠰᠠᠶᠢᠰᠢᠶᠠᠵᠦ᠂ ᠲᠠᠳᠠᠨ ᠤ | ᠦᠨᠡᠨᠴᠢ ᠰᠢᠳᠤᠷᠭᠤ᠂ ᠬᠠᠷᠢᠭᠤᠴᠠᠯᠭ᠎ᠠ ᠡᠬᠦᠷᠭᠡᠯᠡᠯ ᠲᠠᠢ᠂ ᠬᠠᠷᠠᠮ ᠦᠭᠡᠢ ᠵᠤᠷᠢᠭᠤᠯᠬᠤ ᠡᠷᠬᠢᠮ ᠲᠠᠭᠡᠳᠤ ᠵᠠᠩ | ᠴᠢᠨᠠᠷ ᠢ ᠪᠠᠳᠠᠷᠠᠭᠤᠯᠬᠤ ᠶᠢᠨ ᠲᠦᠯᠦᠭᠡ᠂ ᠠᠷᠪᠡᠨ ᠭᠤᠷᠪᠠᠳᠤᠭᠠᠷ ᠬᠤᠭᠤᠴᠠᠭᠠᠨ ᠤ ᠪᠦᠬᠦ ᠤᠯᠤᠰ ᠤᠨ ᠠᠷᠠᠳ ᠤᠨ | ᠲᠦᠯᠦᠭᠡᠯᠡᠭᠴᠢᠳ ᠤᠨ ᠶᠡᠭᠡ ᠬᠤᠷᠠᠯ ᠤᠨ ᠪᠠᠶᠢᠡᠭᠭᠤ ᠶᠢᠨ ᠬᠤᠷᠢᠶᠠᠨ ᠤ ᠬᠤᠷᠢᠨ ᠨᠢᠭᠡᠳᠦᠭᠡᠷ ᠤᠳᠠᠭ᠎ᠠ ᠶᠢᠨ | ᠬᠤᠷᠠᠯ ᠤᠨ ᠲᠤᠬᠳᠠᠭᠠᠯ ᠢ ᠦᠨᠳᠤᠰᠤᠯᠠᠵᠤ᠂ ᠵᠦᠩ ᠨᠠᠨ ᠱᠠᠨ ᠳᠤ ︽ᠪᠦᠬᠦᠳᠠ ᠨᠠᠶᠢᠷᠠᠮᠳᠠᠬᠤ ᠤᠯᠤᠰ ᠤᠨ | ᠭᠠᠪᠢᠶᠠᠨ ᠲᠠᠮᠳᠡᠭ︾ ᠤᠯᠭᠤᠵᠤ᠂ ᠵᠠᠩ ᠪᠦᠸᠧ ᠯᠢ᠂ ᠵᠠᠩ ᠳ᠋ᠢᠩ ᠢᠦᠢ᠂ ᠴᠧᠨ ᠸᠧᠢ ᠳᠤ ︽ᠠᠷᠠᠳ ᠤᠨ | ᠪᠠᠭᠠᠳᠤᠷ︾ ᠭᠡᠬᠦ ᠤᠯᠤᠰ ᠤᠨ ᠢᠷᠠᠭᠤ ᠠᠯᠳᠠᠷ ᠤᠨ ᠴᠤᠯᠠ ᠤᠯᠭᠤᠨ᠎ᠠ ᠭᠡᠵᠦ ᠵᠢᠭᠠᠵᠦ ᠭᠠᠷᠭᠠᠪᠠ᠃ | 4 ᠶᠤᠰᠤᠯᠠᠯ ᠤᠨ ᠴᠡᠷᠢᠭ ᠪᠦᠬᠦᠳᠠ ᠨᠠᠶᠢᠷᠠᠮᠳᠠᠬᠤ ᠤᠯᠤᠰ ᠤᠨ ᠭᠠᠪᠢᠶᠠᠨ ᠲᠠᠮᠳᠡᠭ᠂ ᠤᠯᠤᠰ ᠤᠨ ᠢᠷᠠᠭᠤ | ᠠᠯᠳᠠᠷ ᠤᠨ ᠴᠤᠯᠠ ᠶᠢᠨ ᠱᠠᠩᠨᠠᠯ ᠤᠨ ᠳᠡᠮᠳᠡᠭ ᠢ ᠡᠷᠬᠦᠨ᠂ ᠢᠲᠡᠷᠡᠭᠦᠨ ᠵᠢᠪᠬᠤᠭᠠᠯᠢᠭ ᠠᠯᠬᠤᠭ᠎ᠠ ᠪᠠᠷ ᠶᠤᠰᠤᠯᠠᠯ ᠤᠨ | ᠠᠬᠤᠢ ᠲᠠᠯᠠᠪᠠᠢ ᠳᠤ ᠠᠯᠬᠤᠨ ᠤᠷᠤᠪᠠ᠃ | ︽ᠡᠭᠡ ᠤᠯᠤᠰ ᠤᠨ ᠪᠠᠭᠠᠳᠤᠷᠴᠤᠳ ᠲᠠᠭᠠᠨ ᠬᠦᠨᠳᠦᠳᠭᠡᠯ ᠲᠡᠪᠰᠢᠬᠦᠯᠦᠶ᠎ᠠ︾ ᠭᠡᠬᠦ ᠰᠦᠷ ᠵᠢᠪᠬᠤᠭᠠᠲᠦ | ᠬᠦᠭᠵᠢᠮ ᠤᠨ ᠳᠤᠮᠳᠠ᠂ ᠰᠢ ᠶᠢᠨ ᠫᠢᠩ ᠤᠯᠤᠰ ᠤᠨ ᠭᠠᠪᠢᠶᠠᠨ ᠳᠡᠮᠳᠡᠭ ᠪᠤᠯᠤᠨ ᠤᠯᠤᠰ ᠤᠨ ᠢᠷᠠᠭᠤ ᠠᠯᠳᠠᠷ ᠤᠨ | ᠴᠤᠯᠠ ᠬᠦᠷᠳᠡᠭᠰᠡᠳ ᠲᠤ ᠭᠠᠪᠢᠶᠠᠨ ᠳᠡᠮᠳᠡᠭ ᠱᠠᠩᠨᠠᠯ ᠤᠨ ᠳᠡᠮᠳᠡᠭ ᠢ ᠨᠢᠭᠡᠳ ᠨᠢᠭᠡ ᠪᠠᠷ ᠤᠯᠭᠤᠬᠤ ᠶᠢᠨ ᠬᠠᠮᠳᠦ | ᠳᠡᠳᠡᠨ ᠲᠠᠢ ᠳᠤᠳᠤᠨᠤ ᠪᠠᠷ ᠭᠠᠷ ᠠᠳᠬᠤᠨ ᠪᠠᠶᠠᠷ ᠬᠦᠷᠭᠡᠪᠡ᠃ ᠳᠠᠷᠠᠭ᠎ᠠ ᠳᠤᠨᠢ᠂ ᠤᠯᠤᠰ ᠤᠨ ᠭᠠᠪᠢᠶᠠᠨ ᠳᠡᠮᠳᠡᠭ | ᠪᠤᠯᠤᠨ ᠤᠯᠤᠰ ᠤᠨ ᠢᠷᠠᠭᠤ ᠠᠯᠳᠠᠷ ᠤᠨ ᠴᠤᠯᠠ ᠬᠦᠷᠳᠡᠭᠰᠡᠳ ᠤᠷᠢᠯᠭ᠎ᠠ ᠪᠠᠷ ᠲᠡᠷᠢᠬᠦᠯᠡᠭᠴᠢ ᠶᠢᠨ ᠲᠠᠶᠢᠰᠠᠨ᠎ᠠ | ᠰᠠᠭᠠᠳᠠᠪᠠ᠃ ᠲᠠᠯᠠᠪᠠᠢ ᠲᠠᠶᠠᠭᠠᠷ ᠨᠢᠵᠢᠬᠢᠨᠡᠳᠡᠯᠠ ᠠᠯᠠᠭ᠎ᠠ ᠲᠠᠰᠢᠯᠠ᠃ | ᠸᠠᠩ ᠬᠤ᠋ ᠨᠢᠩ ︽ᠪᠦᠬᠦ ᠤᠯᠤᠰ ᠤᠨ ᠰᠢᠨ᠎ᠡ ᠳᠢᠳᠢᠮᠯᠢᠭ ᠠᠭᠤᠰᠬᠢᠨ ᠦᠷᠪᠢᠰᠤᠯ ᠤᠨ ᠬᠢᠵᠢᠭ ᠲᠠᠢ | ᠲᠡᠮᠡᠴᠡᠭᠰᠡᠨ ᠲᠡᠷᠢᠬᠦᠨ ᠤ ᠬᠤᠪᠢ ᠬᠦᠮᠦᠨ ᠪᠠ ᠲᠡᠷᠢᠬᠦᠨ ᠤ ᠬᠠᠮᠳᠤ ᠶᠢ ᠬᠦᠬᠢᠬᠦᠯᠤᠨ ᠰᠠᠶᠢᠰᠢᠶᠠᠬᠤ ᠲᠤᠬᠠᠢ ᠨᠠᠮ ᠤᠨ | ᠲᠦᠪ ᠬᠤᠷᠢᠶ᠎ᠡ᠂ ᠲᠦᠷᠦ ᠶᠢᠨ ᠶᠠᠪᠤᠳᠠᠯ ᠤᠨ ᠬᠤᠷᠢᠶ᠎ᠡ᠂ ᠲᠦᠪ ᠤᠨ ᠴᠡᠷᠢᠭ ᠤᠨ ᠶᠠᠪᠤᠳᠠᠯ ᠤᠨ ᠬᠤᠷᠢᠶᠠᠨ ᠤ | ᠲᠤᠬᠳᠠᠭᠠᠯ︾᠂ ︽ᠪᠦᠬᠦ ᠤᠯᠤᠰ ᠤᠨ ᠰᠢᠯᠢᠳᠡᠭ ᠨᠠᠮ ᠤᠨ ᠭᠡᠰᠢᠬᠦᠨ ᠪᠤᠯᠤᠨ ᠪᠦᠬᠦ ᠤᠯᠤᠰ ᠤᠨ ᠲᠡᠷᠢᠬᠦᠨ ᠤ | ᠦᠨᠳᠤᠰᠤᠨ ᠱᠠᠳᠤᠨ ᠤ ᠨᠠᠮ ᠤᠨ ᠵᠤᠬᠢᠶᠠᠨ ᠪᠠᠶᠢᠭᠤᠯᠤᠯᠳᠠ ᠶᠢ ᠬᠦᠬᠢᠬᠦᠯᠤᠨ ᠰᠠᠶᠢᠰᠢᠶᠠᠬᠤ ᠲᠤᠬᠠᠢ ᠨᠠᠮ ᠤᠨ ᠲᠦᠪ | ᠬᠤᠷᠢᠶᠠᠨ ᠤ ᠲᠤᠬᠳᠠᠭᠠᠯ︾ ᠢ ᠤᠡᠭᠰᠢᠨ ᠨᠠᠶᠢᠳᠡᠯᠡᠪᠠ᠃ | ᠰᠢ ᠶᠢᠨ ᠫᠢᠩ ᠨᠠᠷ ᠬᠦᠬᠢᠬᠦᠯᠦᠨ ᠰᠠᠶᠢᠰᠢᠶᠠᠬᠳᠠᠬᠰᠡᠨ ᠲᠡᠷᠢᠬᠦᠨ ᠤ ᠬᠤᠪᠢ ᠬᠦᠮᠦᠨ ᠪᠠ ᠲᠠᠷᠢᠬᠦᠨ ᠤ | ᠬᠠᠮᠳᠤ ᠶᠢᠨ ᠲᠦᠯᠦᠭᠡᠯᠡᠭᠴᠢᠳ ᠲᠤ ᠱᠠᠩᠨᠠᠯ ᠤᠯᠭᠤᠪᠠ᠃ | ᠲᠠᠯᠠᠪᠠᠢ ᠲᠠᠶᠠᠭᠠᠷ ᠤᠨ ᠬᠠᠯᠠᠭᠤᠨ ᠠᠯᠠᠭ᠎ᠠ ᠲᠠᠰᠢᠯᠳᠠ ᠶᠢᠨ ᠲᠤᠮᠳᠠ ᠰᠢ ᠶᠢᠨ ᠫᠢᠩ ᠴᠢᠬᠤᠯᠠ ᠶᠠᠷᠢᠶ᠎ᠡ | ᠲᠠᠯᠪᠢᠪᠠ᠃ ᠲᠡᠷᠨ᠂ ᠦᠡᠭᠭᠡᠷᠡᠭᠰᠡᠨ 8 ᠰᠠᠷ᠎ᠡ ᠭᠠᠷᠤᠢ ᠶᠢᠨ ᠬᠤᠭᠤᠴᠠᠭᠠᠨ ᠳᠤ᠂ ᠮᠠᠨ ᠤ ᠨᠠᠮ ᠪᠦᠬᠦ ᠤᠯᠤᠰ ᠤᠨ | ᠦᠨᠳᠤᠰᠤᠳᠡᠨ ᠨᠦᠭᠦᠳ ᠤᠨ ᠠᠷᠠᠳ ᠲᠦᠮᠡᠨ ᠢ ᠪᠦᠯᠬᠦᠮᠳᠡᠬᠦᠯᠤᠨ ᠳᠠᠭᠠᠭᠤᠯᠵᠦ᠂ ᠰᠡᠳᠬᠢᠯ ᠵᠢᠷᠦᠬᠡ ᠶᠢ | ᠲᠤᠩᠰᠤᠯᠭᠠᠮ᠎ᠠ ᠬᠢᠵᠢᠭ ᠲᠠᠢ ᠲᠡᠮᠡᠴᠡᠭᠰᠡᠨ ᠲᠠᠶᠢᠯᠠᠯᠳᠤᠭᠠᠨ ᠬᠢᠵᠤ᠂ ᠲᠦᠢᠯ ᠤᠨ ᠬᠠᠳᠠᠭᠤᠵᠢᠯᠳᠠᠢ ᠲᠡᠤᠭᠡ ᠶᠢᠨ ᠶᠡᠭᠡ | ᠰᠢᠯᠭᠠᠯᠳᠠ ᠶᠢ ᠦᠡᠭᠭᠡᠷᠡᠬᠦᠯᠤᠨ᠂ ᠨᠦᠷᠢ ᠶᠡᠭᠡ ᠴᠢᠷᠮᠠᠶᠢᠯᠭ᠎ᠠ ᠭᠠᠷᠭᠠᠵᠤ ᠪᠠᠶᠢᠭᠠᠳ ᠰᠢᠨ᠎ᠡ ᠳᠢᠳᠢᠮᠯᠢᠭ ᠠᠭᠤᠰᠬᠢᠨ | ᠦᠷᠪᠢᠰᠤᠯ ᠤᠨ ᠬᠢᠵᠢᠭ ᠲᠠᠢ ᠲᠡᠮᠡᠴᠡᠭᠰᠡᠨ ᠲᠡᠮᠡᠴᠡᠯ ᠤᠨ ᠴᠢᠬᠤᠯᠠ ᠶᠡᠭᠡ ᠪᠠᠶᠢᠯᠳᠤᠬᠤ ᠪᠤᠳᠤᠯᠭ᠎ᠠ ᠶᠢᠨ ᠦᠷ᠎ᠡ | ᠪᠦᠳᠦᠭᠡᠯ ᠢ ᠤᠯᠵᠤ᠂ ᠬᠦᠮᠦᠨ ᠲᠦᠷᠦᠯᠬᠢᠳᠠᠨ ᠤ ᠡᠪᠡᠳᠴᠢᠨ ᠬᠢᠵᠢᠭ ᠲᠠᠢ ᠲᠡᠮᠡᠴᠡᠭᠰᠡᠨ ᠲᠡᠤᠬᠡᠨ ᠳᠠᠬᠢ ᠪᠠᠰᠠ | ᠨᠢᠭᠡᠨ ᠡᠷᠡᠯᠭᠡᠭ ᠪᠠᠭᠠᠳᠤᠷᠯᠢᠭ ᠦᠢᠯᠡ ᠠᠵᠢᠯᠯᠠᠭ᠎ᠠ ᠶᠢ ᠪᠢᠴᠢᠭᠯᠡᠵᠠᠢ ᠭᠡᠵᠤ ᠵᠢᠭᠠᠵᠤ ᠭᠠᠷᠭᠠᠪᠠ᠃ | ᠰᠢ ᠶᠢᠨ ᠫᠢᠩ ᠨᠠᠮ ᠤᠨ ᠲᠦᠪ ᠬᠤᠷᠢᠶ᠎ᠡ᠂ ᠲᠦᠷᠦ ᠶᠢᠨ ᠶᠠᠪᠤᠳᠠᠯ ᠤᠨ ᠬᠤᠷᠢᠶ᠎ᠡ ᠪᠤᠯᠤᠨ ᠲᠦᠪ ᠤᠨ | ᠴᠡᠷᠢᠭ ᠤᠨ ᠶᠠᠪᠤᠳᠠᠯ ᠤᠨ ᠬᠤᠷᠢᠶᠠᠨ ᠤ ᠡᠮᠤᠨ᠎ᠡ ᠠᠴᠠ ᠰᠠᠶᠢᠰᠢᠶᠠᠨ ᠬᠦᠬᠢᠬᠦᠯᠦᠭᠳᠡᠭᠰᠡᠨ ᠲᠡᠷᠢᠬᠦᠨ ᠤ ᠬᠤᠪᠢ ᠬᠦᠮᠦᠨ | ᠪᠤᠯᠤᠨ ᠲᠡᠷᠢᠬᠦᠨ ᠤ ᠬᠠᠮᠳᠤ᠂ ᠡᠨᠡ ᠤᠳᠠᠭ᠎ᠠ ᠶᠢᠨ ᠬᠢᠵᠢᠭ ᠲᠠᠢ ᠲᠡᠮᠡᠴᠡᠬᠦ ᠲᠠᠮᠠᠴᠡᠯ ᠲᠤᠮᠳᠠ ᠴᠢᠬᠤᠯᠠ ᠬᠤᠪᠢ | ᠨᠠᠮᠡᠷᠢ ᠦᠵᠡᠬᠦᠯᠦᠭᠰᠡᠨ ᠦᠷᠭᠡᠨ ᠤᠯᠠᠨ ᠡᠮᠴᠢᠯᠡᠭᠡᠨ ᠤ ᠠᠵᠢᠯᠳᠠᠨ᠂ ᠡᠪᠡᠳᠴᠢᠨ ᠡᠮᠭᠡᠭ ᠢ ᠰᠡᠷᠭᠡᠶᠢᠯᠡᠨ ᠡᠵᠡᠮᠳᠡᠬᠦ | ᠠᠵᠢᠯᠳᠠᠨ᠂ ᠠᠷᠠᠳ ᠤᠨ ᠴᠢᠯᠦᠭᠡᠯᠡᠬᠦ ᠴᠡᠷᠢᠭ ᠤᠨ ᠵᠢᠯᠤᠭᠤᠳᠤᠬᠴᠢ ᠪᠠᠶᠢᠯᠳᠤᠬᠴᠢ᠂ ᠵᠠᠪᠰᠡᠭᠳᠤ ᠴᠠᠬᠳᠠᠭᠠᠨ ᠤ | ᠴᠡᠷᠢᠭ ᠠᠩᠭᠢ ᠶᠢᠨ ᠲᠠᠷᠤᠭ᠎ᠠ ᠪᠠᠶᠢᠯᠳᠤᠬᠴᠢ᠂ ᠰᠢᠨᠵᠢᠯᠡᠬᠦ ᠤᠬᠠᠭᠠᠨ ᠲᠧᠭᠨᠢᠭ ᠮᠡᠷᠭᠡᠵᠢᠯ ᠤᠨ ᠠᠵᠢᠯᠳᠠᠨ᠂ ᠨᠡᠶᠢᠭᠡᠮ | ᠲᠤᠭᠤᠷᠢᠭ ᠤᠨ ᠠᠵᠢᠯᠳᠠᠨ᠂ ᠲᠤᠳᠤᠭᠠᠳᠤ ᠶᠢ ᠬᠠᠮᠠᠭᠠᠯᠠᠬᠤ ᠠᠷᠠᠳ ᠤᠨ ᠴᠠᠬᠳᠠᠭ᠎ᠠ᠂ ᠪᠠᠴᠢᠮ ᠪᠠᠶᠢᠳᠠᠯ ᠢ | ᠠᠷᠭᠠᠴᠠᠭᠠᠬᠤ ᠠᠪᠤᠷᠠᠨ ᠲᠤᠰᠠᠯᠠᠬᠤ ᠠᠵᠢᠯᠳᠠᠨ᠂ ᠰᠤᠨᠢᠨ ᠮᠡᠳᠡᠭᠡᠨ ᠤ ᠠᠵᠢᠯᠳᠠᠨ᠂ ᠠᠵᠤ ᠠᠬᠤᠢᠢᠯᠠᠯ ᠠᠵᠢᠯ | ᠦᠢᠯᠡᠰ ᠤᠨ ᠨᠢᠭᠡᠴᠢ ᠶᠢᠨ ᠠᠵᠢᠯᠳᠠᠨ ᠠᠵᠢᠯᠴᠢᠨ᠂ ᠢᠨᠵᠧᠨᠧᠷᠢᠩ ᠤᠨ ᠪᠦᠳᠦᠭᠡᠨ ᠪᠠᠶᠢᠭᠤᠯᠤᠬᠴᠢ᠂ ᠦᠨᠳᠤᠰᠤᠨ | ᠱᠠᠳᠤᠨ ᠳᠤ ᠪᠠᠭᠤᠬᠰᠡᠨ ᠺᠠᠳ᠋ᠷ᠂ ᠰᠠᠶᠢᠨ ᠲᠤᠷᠠᠴᠤᠳ ᠵᠢᠴᠢ ᠦᠷᠭᠡᠨ ᠤᠯᠠᠨ ᠠᠷᠠᠳ ᠲᠦᠮᠡᠨ᠂ ᠡᠯ᠎ᠡ ᠱᠠᠳᠤᠨ ᠤ | ᠨᠠᠮ ᠵᠠᠰᠠᠭ ᠤᠨ ᠪᠠᠶᠢᠭᠤᠯᠭ᠎ᠠ ᠪᠤᠯᠤᠨ ᠠᠵᠤ ᠠᠬᠤᠢᠢᠯᠠᠯ ᠠᠵᠢᠯ ᠦᠢᠯᠡᠰ ᠤᠨ ᠨᠢᠭᠡᠴᠢ ᠶᠢᠨ ᠦᠷᠭᠡᠨ ᠤᠯᠠᠨ | ᠨᠡᠮ ᠤᠨ ᠭᠡᠰᠢᠬᠦᠨ᠂ ᠺᠠᠳ᠋ᠷ ᠲᠤ ᠡᠷᠭᠢᠮ ᠲᠡᠭᠡᠳᠤ ᠬᠦᠨᠳᠤᠳᠭᠡᠯ ᠢᠶᠠᠨ ᠲᠡᠪᠰᠢᠬᠦᠯᠪᠠ︕ ᠬᠢᠵᠢᠭ ᠲᠠᠢ ᠲᠡᠮᠡᠴᠡᠬᠦ | ᠲᠡᠮᠡᠴᠡᠯ ᠳᠤ ᠢᠳᠡᠪᠬᠢᠯᠡᠨ ᠤᠷᠤᠯᠴᠠᠬᠰᠡᠨ ᠡᠯ᠎ᠡ ᠠᠷᠠᠳᠴᠢᠯᠡᠬᠰᠡᠨ ᠨᠠᠮ ᠪᠦᠯᠦᠭ᠂ ᠦᠢᠯᠡᠳᠪᠤᠷᠢ ᠬᠤᠳᠠᠯᠳᠤᠭᠠᠨ ᠤ | ᠬᠤᠯᠪᠤᠭ᠎ᠠ ᠪᠤᠯᠤᠨ ᠨᠠᠮ ᠪᠦᠯᠦᠭ ᠤᠨ ᠪᠤᠰᠤ ᠬᠦᠮᠦᠰ᠂ ᠡᠯ᠎ᠡ ᠠᠷᠠᠳ ᠤᠨ ᠪᠦᠯᠬᠦᠮ ᠵᠢᠴᠢ ᠨᠡᠶᠢᠭᠡᠮ ᠤᠨ ᠡᠯ᠎ᠡ | ᠡᠳᠡᠭᠡᠳ᠂ ᠢᠳᠡᠪᠬᠢᠳᠠᠢ ᠲᠤᠰᠠᠯᠠᠮᠵᠢ ᠦᠵᠡᠬᠦᠯᠦᠭᠰᠡᠨ ᠰᠢᠶᠠᠩᠭᠠᠩ ᠤᠨ ᠠᠬ᠎ᠠ ᠲᠡᠬᠦᠤ ᠨᠠᠷ᠂ ᠤᠤᠮᠸᠠ ᠤ ᠠᠬ᠎ᠠ | ᠲᠡᠬᠦᠤ ᠨᠠᠷ᠂ ᠲᠠᠶᠢᠸᠠᠨ ᠤ ᠠᠬ᠎ᠠ ᠲᠡᠬᠦᠤ ᠨᠠᠷ ᠵᠢᠴᠢ ᠭᠠᠳᠠᠭᠠᠳᠤ ᠳᠤ ᠰᠠᠭᠤᠭ᠎ᠠ ᠲᠤᠮᠳᠠᠳᠤ ᠶᠢᠨ ᠬᠠᠷᠢᠶᠠᠳᠤ ᠪᠠ | ᠲᠤᠮᠳᠠᠳᠤᠴᠤᠳ ᠲᠤ ᠴᠢᠩ ᠰᠡᠳᠬᠢᠯ ᠠᠴᠠ ᠪᠠᠨ ᠲᠠᠯᠠᠷᠬᠠᠵᠤ ᠪᠠᠶᠢᠬᠤ ᠪᠠᠨ ᠢᠯᠡᠳᠭᠡᠪᠡ᠃ | ᠰᠢ ᠶᠢᠨ ᠫᠢᠩ᠂ ᠲᠤᠮᠳᠠᠳᠤ ᠤᠯᠤᠰ ᠤᠨ ᠠᠷᠠᠳ ᠲᠦᠮᠡᠨ ᠤ ᠬᠢᠵᠢᠭ ᠲᠠᠢ ᠲᠡᠮᠡᠴᠠᠵᠤ ᠪᠠᠶᠢᠬᠰᠡᠨ | ᠬᠤᠭᠤᠴᠠᠭᠠᠨ ᠳᠤ ᠮᠠᠰᠢ ᠤᠯᠠᠨ ᠤᠯᠤᠰ ᠤᠨ ᠤᠳᠤᠷᠢᠳᠬᠤ ᠬᠦᠮᠦᠰ᠂ ᠵᠠᠰᠠᠭ ᠤᠨ ᠤᠷᠳᠤᠨ᠂ ᠲᠦᠷᠦ ᠶᠢᠨ ᠨᠠᠮ᠂ | ᠨᠡᠶᠢᠭᠡᠮ ᠤᠨ ᠪᠦᠯᠬᠦᠮ ᠵᠢᠴᠢ ᠲᠤᠮᠳᠠᠳᠤ ᠳᠤ ᠰᠠᠭᠤᠭ᠎ᠠ ᠡᠯᠴᠢᠨ ᠰᠠᠶᠢᠳ ᠤᠨ ᠶᠠᠮᠤᠨ᠂ ᠤᠯᠠᠨ ᠤᠯᠤᠰ ᠤᠨ | ᠬᠤᠯᠪᠤᠭᠠᠳᠤ ᠪᠠᠶᠢᠭᠤᠯᠭ᠎ᠠ ᠶᠢᠨ ᠬᠤᠯᠪᠤᠬᠳᠠᠯ ᠪᠦᠬᠦᠢ ᠵᠤᠬᠢᠶᠠᠨ ᠪᠠᠶᠢᠭᠤᠯᠤᠯᠳᠠ᠂ ᠬᠤᠯᠪᠤᠬᠳᠠᠯ ᠪᠦᠬᠦᠢ ᠭᠠᠵᠠᠷ | ᠤᠷᠤᠨ ᠤ ᠵᠤᠬᠢᠶᠠᠨ ᠪᠠᠶᠢᠭᠤᠯᠤᠯᠳᠠ ᠪᠤᠯᠤᠨ ᠤᠯᠠᠨ ᠤᠯᠤᠰ ᠤᠨ ᠪᠠᠶᠢᠭᠤᠯᠤᠮᠵᠢ᠂ ᠭᠠᠳᠠᠭᠠᠳᠤ ᠶᠢᠨ ᠪᠡᠯᠡᠳᠦ ᠠᠵᠤ | ᠠᠬᠤᠢᠢᠯᠠᠯ ᠵᠢᠴᠢ ᠤᠯᠠᠨ ᠤᠯᠤᠰ ᠤᠨ ᠨᠦᠬᠦᠷᠰᠡᠭ ᠬᠦᠮᠦᠰ ᠡᠯ᠎ᠡ ᠵᠦᠢᠯ ᠤᠨ ᠬᠡᠯᠪᠡᠷᠢ ᠪᠠᠷ ᠲᠤᠮᠳᠠᠳᠤ ᠤᠯᠤᠰ ᠤᠨ | ᠠᠷᠠᠳ ᠲᠦᠮᠡᠨ ᠳᠤ ᠴᠢᠩ ᠰᠡᠳᠬᠢᠯ ᠤᠨ ᠮᠡᠨᠳᠤᠴᠢᠯᠡᠯ ᠢᠶᠠᠨ ᠲᠠᠪᠰᠢᠬᠦᠯᠵᠤ᠂ ᠡᠷᠬᠢᠮ ᠨᠠᠨᠳᠢᠨ ᠲᠠᠮᠵᠢᠯᠭᠡ | ᠦᠵᠡᠬᠦᠯᠵᠠᠢ᠃ ᠪᠢ ᠲᠤᠮᠳᠠᠳᠤ ᠤᠯᠤᠰ ᠤᠨ ᠵᠠᠰᠠᠭ ᠤᠨ ᠤᠷᠳᠤᠨ ᠪᠤᠯᠤᠨ ᠲᠤᠮᠳᠠᠳᠤ ᠤᠯᠤᠰ ᠤᠨ ᠠᠷᠠᠳ | ᠲᠦᠮᠡᠨ ᠤ ᠡᠮᠤᠨ᠎ᠡ ᠠᠴᠠ ᠲᠡᠳᠡᠨ ᠳᠤ ᠴᠢᠩ ᠰᠡᠳᠬᠢᠯ ᠤᠨ ᠲᠠᠯᠠᠷᠬᠠᠯ ᠢᠶᠠᠨ ᠲᠡᠪᠰᠢᠬᠦᠯᠵᠤ ᠪᠠᠶᠢᠨ᠎ᠡ ᠭᠡᠵᠤ | ᠢᠯᠡᠳᠭᠡᠪᠡ᠃ | ᠰᠢ ᠶᠢᠨ ᠫᠢᠩ᠂ ᠤᠳᠤᠬᠠᠨ ᠳᠤ ᠰᠢᠨ᠎ᠡ ᠳᠢᠳᠢᠮᠯᠢᠭ ᠠᠭᠤᠰᠬᠢᠨ ᠦᠷᠪᠢᠰᠤᠯ ᠤᠨ ᠬᠢᠵᠢᠭ ᠤᠨ ᠪᠠᠶᠢᠳᠠᠯ | ᠮᠦᠨ ᠬᠦ ᠪᠦᠬᠦ ᠪᠦᠮᠪᠦᠷᠴᠡᠭ ᠲᠤ ᠦᠷᠪᠢᠰᠤᠨ ᠲᠡᠯᠭᠡᠷᠡᠵᠤ ᠪᠠᠶᠢᠨ᠎ᠡ᠂ ᠬᠢᠵᠢᠭ ᠤᠨ ᠪᠠᠶᠢᠳᠠᠯ ᠤᠨ ᠡᠯ᠎ᠡ ᠤᠯᠤᠰ ᠤᠨ | ᠠᠷᠠᠳ ᠲᠦᠮᠡᠨ ᠳᠤ ᠤᠴᠠᠷᠠᠭᠤᠯᠤᠭᠰᠠᠨ ᠬᠦᠴᠢᠷ ᠵᠤᠪᠠᠭᠤᠷᠢ ᠶᠢ ᠲᠤᠮᠳᠠᠳᠤ ᠤᠯᠤᠰ ᠤᠨ ᠠᠷᠠᠳ ᠲᠦᠮᠡᠨ | ᠪᠠᠶ᠎ᠡ ᠪᠠᠷ ᠢᠶᠠᠨ ᠦᠡᠭᠭᠡᠷᠡᠭᠦᠯᠦᠭᠰᠡᠨ ᠰᠢᠭ ᠤᠢᠢᠯᠠᠭᠠᠵᠤ ᠪᠠᠶᠢᠨ᠎ᠡ᠂ ᠬᠢᠵᠢᠭ ᠠᠴᠠ ᠪᠤᠯᠵᠤ ᠠᠮᠢ ᠨᠠᠰᠤ ᠪᠠᠨ | ᠠᠯᠳᠠᠬᠰᠡᠨ ᠬᠦᠮᠦᠰ ᠢ ᠭᠦᠨ᠎ᠡ ᠡᠮᠭᠡᠨᠢᠨ ᠭᠠᠰᠢᠭᠤᠳᠠᠵᠤ ᠪᠠᠶᠢᠨ᠎ᠡ᠂ ᠴᠠᠭ ᠮᠦᠴᠠ ᠲᠠᠢ ᠤᠷᠤᠯᠳᠤᠨ ᠬᠢᠵᠢᠭ ᠲᠠᠢ | ᠲᠡᠮᠡᠴᠡᠵᠤ᠂ ᠠᠮᠢ ᠨᠠᠰᠤ ᠶᠢ ᠠᠪᠤᠷᠠᠵᠤ ᠪᠠᠶᠢᠭ᠎ᠠ ᠬᠦᠮᠦᠰ ᠲᠤ ᠴᠢᠩ ᠰᠡᠳᠬᠢᠯ ᠠᠴᠠ ᠪᠠᠨ ᠬᠦᠨᠳᠦᠳᠭᠡᠯ | ᠲᠠᠪᠰᠢᠬᠦᠯᠵᠤ ᠪᠠᠶᠢᠨ᠎ᠡ᠂ ᠵᠤᠯ ᠪᠤᠰᠤ ᠪᠠᠷ ᠸᠢᠷᠦ᠋ᠰ ᠲᠤ ᠬᠠᠯᠳᠠᠪᠤᠷᠢᠯᠠᠬᠳᠠᠨ ᠡᠮᠨᠡᠨ ᠵᠠᠰᠠᠭᠤᠯᠵᠤ ᠪᠠᠶᠢᠭ᠎ᠠ | ᠬᠦᠮᠦᠰ ᠲᠤ ᠴᠢᠩ ᠰᠡᠳᠬᠢᠯ ᠤᠨ ᠵᠦᠡᠭᠨᠡᠯ ᠢᠶᠠᠨ ᠲᠠᠪᠰᠢᠬᠦᠯᠵᠤ ᠪᠠᠶᠢᠨ᠎ᠡ ᠭᠡᠵᠤ ᠢᠯᠡᠳᠭᠡᠪᠡ᠃ | ᠰᠢ ᠶᠢᠨ ᠫᠢᠩ᠂ ᠡᠨᠡ ᠬᠦ ᠮᠦᠴᠡ ᠳᠤ ᠪᠢᠳᠠ ᠤᠨᠴᠠᠭᠠᠢᠢᠯᠡᠨ ᠬᠢᠵᠢᠭ ᠲᠠᠢ ᠲᠡᠮᠡᠴᠡᠬᠦ ᠲᠡᠮᠡᠴᠡᠯ ᠳᠤ ᠡᠷᠡᠯᠭᠡᠭ | ᠪᠠᠭᠠᠳᠤᠷᠯᠢᠭ ᠢᠶᠠᠷ ᠠᠮᠢ ᠨᠠᠰᠤ ᠪᠠᠨ ᠵᠤᠷᠢᠭᠤᠯᠤᠬᠰᠡᠨ ᠦᠷᠡᠭᠳᠡᠭᠰᠡᠨ ᠪᠠᠭᠠᠳᠤᠷᠴᠤᠳ᠂ ᠬᠢᠵᠢᠭ ᠲᠤ ᠵᠤᠯ ᠪᠤᠰᠤ ᠪᠠᠷ | ᠠᠳᠡᠭᠰᠡᠨ ᠠᠬ᠎ᠠ ᠲᠡᠬᠦᠤ ᠨᠠᠷ ᠢᠶᠠᠨ ᠬᠦᠨ᠎ᠡ ᠮᠦᠷᠦᠭᠡᠳᠴᠤ ᠡᠮᠭᠡᠨᠢᠨ ᠭᠠᠰᠢᠭᠤᠳᠠᠵᠤ ᠪᠠᠶᠢᠬᠤ ᠪᠠᠨ ᠢᠯᠡᠳᠭᠡᠵᠤ | ᠪᠠᠶᠢᠨ᠎ᠡ ᠭᠡᠵᠤ ᠢᠯᠡᠳᠭᠡᠪᠡ᠃ | ᠰᠢ ᠶᠢᠨ ᠫᠢᠩ᠂ ᠰᠢᠨ᠎ᠡ ᠳᠢᠳᠢᠮᠯᠢᠭ ᠠᠭᠤᠰᠬᠢᠨ ᠦᠷᠪᠢᠰᠤᠯ ᠤᠨ ᠬᠢᠵᠢᠭ ᠤᠨ ᠪᠠᠶᠢᠳᠠᠯ ᠪᠤᠯ ᠵᠠᠭᠤᠨ | ᠵᠢᠯ ᠤᠨ ᠲᠤᠷᠰᠢ ᠪᠦᠬᠦ ᠪᠦᠮᠪᠦᠷᠴᠡᠭ ᠲᠤ ᠡᠬᠦᠰᠦᠭᠰᠡᠨ ᠬᠠᠮᠤᠭ ᠤᠨ ᠬᠦᠨᠳᠤ ᠨᠤᠴᠢᠳᠠᠢ ᠬᠠᠯᠳᠠᠪᠤᠷᠢᠳᠤ ᠡᠪᠡᠳᠴᠢᠨ ᠤ | ᠶᠡᠭᠡ ᠳᠠᠬᠤᠯ᠂ ᠰᠢᠨ᠎ᠡ ᠲᠤᠮᠳᠠᠳᠤ ᠤᠯᠤᠰ ᠪᠠᠶᠢᠭᠤᠯᠤᠬᠳᠠᠬᠰᠡᠨ ᠠᠴᠠ ᠨᠠᠭᠠᠰᠢ ᠮᠠᠨ ᠤ ᠤᠯᠤᠰ ᠲᠤ ᠲᠤᠯᠭᠠᠷᠠᠬᠰᠡᠨ | ᠬᠠᠯᠲᠠᠪᠤᠷᠢᠯᠠᠨ ᠲᠠᠷᠬᠠᠬᠤ ᠬᠤᠷᠳᠤᠴᠠ ᠪᠠᠷ ᠬᠠᠮᠤᠭ ᠤᠨ ᠲᠦᠷᠭᠡᠨ᠂ ᠬᠠᠯᠳᠠᠪᠤᠷᠢᠯᠠᠬᠤ ᠬᠡᠪᠴᠢᠶ᠎ᠡ ᠪᠠᠷ ᠬᠠᠮᠤᠭ ᠤᠨ | ᠦᠷᠭᠡᠨ᠂ ᠰᠡᠷᠭᠡᠶᠢᠯᠡᠨ ᠡᠵᠡᠮᠳᠡᠬᠦ ᠬᠦᠴᠢᠷᠳᠡᠯ ᠢᠶᠠᠷ ᠬᠠᠮᠤᠭ ᠤᠨ ᠶᠡᠭᠡ ᠬᠦᠨᠳᠤ ᠶᠡᠭᠡ ᠭᠡᠨᠡᠳᠳᠠ ᠡᠭᠦᠰᠦᠭᠰᠡᠡ ᠤᠯᠠᠨ | ᠨᠠᠶᠢᠳᠠ ᠶᠢᠨ ᠡᠷᠡᠬᠦᠯ ᠬᠠᠮᠠᠭᠠᠯᠠᠯ ᠤᠨ ᠭᠡᠷᠡᠭ ᠪᠤᠯᠤᠨ᠎ᠡ᠃ ᠸᠢᠷᠦ᠋ᠰ ᠬᠡᠨᠡᠳᠳᠠ ᠲᠠᠭᠠᠷᠢᠨ ᠢᠷᠠᠬᠡᠳ ᠬᠢᠵᠢᠭ ᠤᠨ | ᠪᠠᠶᠢᠳᠠᠯ ᠮᠠᠰᠢ ᠰᠦᠷᠡᠭᠡᠢ ᠪᠠᠶᠢᠵᠤ᠂ ᠠᠷᠠᠳ ᠲᠦᠮᠡᠨ ᠤ ᠠᠮᠢ ᠨᠠᠰᠤᠨ ᠤ ᠠᠮᠤᠷ ᠲᠦᠪᠰᠢᠨ ᠪᠠ ᠪᠠᠶ᠎ᠡ ᠮᠠᠬᠠᠪᠤᠳ ᠤᠨ | ᠡᠷᠡᠬᠦᠯ ᠮᠠᠨᠳᠤ ᠬᠦᠨᠳᠤ ᠰᠦᠷᠳᠡᠬᠦᠯᠤᠯ ᠳᠤ ᠲᠤᠯᠭᠠᠷᠠᠵᠠᠢ᠃ ᠪᠢᠳᠠ ᠠᠷᠠᠳ ᠲᠦᠮᠡᠨ ᠢ ᠲᠡᠭᠡᠳᠦᠯᠡᠬᠦ᠂ ᠠᠮᠢ | ᠨᠠᠰᠤ ᠶᠢ ᠲᠡᠭᠡᠳᠦᠯᠡᠬᠦ ᠶᠢ ᠪᠠᠷᠢᠮᠳᠠᠯᠠᠨ᠂ ᠡᠷᠡᠰ ᠰᠢᠭᠤᠷᠬᠠᠢ ᠰᠦᠰᠤ ᠵᠤᠷᠢᠭ ᠪᠠ ᠰᠢᠨᠳᠠᠷᠠᠰᠢ ᠦᠭᠡᠢ ᠲᠡᠮᠡᠴᠡᠬᠦ | ᠰᠢᠢᠳᠮᠡᠭ ᠵᠤᠷᠢᠭ ᠢᠶᠠᠷ ᠴᠠᠭ ᠮᠦᠴᠠ ᠲᠠᠢ ᠤᠷᠤᠯᠳᠤᠨ ᠬᠢᠵᠢᠭ ᠲᠠᠢ ᠲᠡᠮᠡᠴᠡᠵᠤ᠂ ᠬᠢᠵᠢᠭ ᠤᠨ ᠪᠠᠶᠢᠳᠠᠯ ᠢ | ᠰᠡᠷᠭᠡᠶᠢᠯᠡᠨ ᠡᠵᠡᠮᠳᠡᠬᠦ ᠠᠷᠠᠳ ᠤᠨ ᠲᠠᠶᠢᠨ᠂ ᠶᠡᠷᠤᠩᠭᠡᠢ ᠲᠠᠶᠢᠯᠠᠯᠳᠤᠭᠠᠨ᠂ ᠬᠤᠷᠢᠬᠯᠠᠯᠳᠠ ᠶᠢᠨ ᠲᠠᠶᠢᠯᠠᠯᠳᠤᠭᠠᠨ ᠢ | ᠦᠳᠳᠡᠷ ᠲᠦᠷᠭᠡᠨ ᠡᠬᠢᠯᠡᠬᠦᠯᠵᠤ᠂ 1 ᠰᠠᠷ᠎ᠡ ᠭᠠᠷᠤᠢ ᠶᠢᠨ ᠬᠤᠭᠤᠴᠠᠭ᠎ᠠ ᠬᠡᠷᠡᠭᠰᠡᠨ ᠬᠢᠵᠢᠭ ᠤᠨ ᠪᠠᠶᠢᠳᠠᠯ ᠤᠨ | ᠦᠷᠪᠢᠰᠤᠨ ᠲᠡᠯᠭᠡᠷᠡᠬᠦ ᠬᠠᠨᠳᠤᠰᠢ ᠶᠢ ᠠᠩᠬ᠎ᠠ ᠠᠯᠬᠤᠮ ᠬᠤᠷᠢᠬᠯᠠᠵᠤ᠂ 2 ᠰᠠᠷ᠎ᠡ ᠰᠢᠬᠠᠮ ᠤᠨ ᠬᠤᠭᠤᠴᠠᠭ᠎ᠠ | ᠭᠡᠷᠡᠭᠰᠡᠨ ᠲᠤᠰ ᠭᠠᠵᠠᠷ ᠤᠷᠤᠨ ᠤ ᠡᠳᠤᠷ ᠪᠦᠷᠢ ᠰᠢᠨ᠎ᠡ ᠪᠠᠷ ᠨᠡᠮᠡᠭᠳᠡᠵᠤ ᠪᠠᠶᠢᠭ᠎ᠠ ᠡᠪᠡᠳᠴᠢᠨ ᠤ ᠵᠢᠱᠢᠶ᠎ᠡ ᠶᠢ ᠳ᠋ᠠᠩ | ᠤᠷᠤᠨᠳᠤ ᠲᠤᠭ᠎ᠠ ᠶᠢᠨ ᠲᠤᠳᠤᠷ᠎ᠡ ᠬᠢᠵᠠᠭᠠᠷᠯᠠᠨ᠂ 3 ᠰᠠᠷ᠎ᠡ ᠰᠢᠬᠠᠮ ᠤᠨ ᠬᠤᠭᠤᠴᠠᠭ᠎ᠠ ᠭᠡᠷᠡᠭᠰᠡᠨ ᠦᠬᠠᠨ ᠢ | ᠬᠠᠮᠠᠭᠠᠯᠠᠬᠤ ᠲᠠᠶᠢᠯᠠᠯᠳᠤᠭᠠᠨ᠂ ᠬᠤᠪᠸᠢ ᠶᠢ ᠬᠠᠮᠠᠭᠠᠯᠠᠬᠤ ᠲᠠᠶᠢᠯᠠᠯᠳᠤᠭᠠᠨ ᠤ ᠰᠢᠢᠳᠪᠤᠷᠢᠯᠡᠭᠦ ᠴᠢᠨᠠᠷᠳᠠᠢ ᠦᠷ᠎ᠡ | ᠪᠦᠳᠦᠭᠡᠯ ᠢ ᠤᠯᠵᠤ᠂ ᠡᠬᠦᠨ ᠤ ᠤᠯᠠᠮ ᠢᠶᠠᠷ ᠵᠠᠯᠭᠠᠭ᠎ᠠ ᠪᠠᠷ ᠭᠡᠳᠤᠨ ᠲᠠᠯᠠᠪᠤᠷ ᠭᠡᠰᠡᠭ ᠭᠠᠵᠠᠷ ᠤᠷᠤᠨ ᠤ | ᠴᠤᠬᠯᠠᠷᠠᠯ ᠤᠨ ᠴᠢᠨᠠᠷᠳᠠᠢ ᠬᠢᠵᠢᠭ ᠤᠨ ᠪᠠᠶᠢᠳᠠᠯ ᠢ ᠤᠰᠠᠳᠬᠠᠬᠤ ᠲᠠᠶᠢᠯᠠᠯᠳᠤᠭᠠᠨ ᠢ ᠬᠢᠵᠤ᠂ ᠪᠦᠬᠦ ᠤᠯᠤᠰ ᠤᠨ | ᠬᠢᠵᠢᠭ ᠲᠠᠢ ᠲᠡᠮᠡᠴᠡᠬᠦ ᠲᠡᠮᠡᠴᠡᠯ ᠤᠨ ᠴᠢᠬᠤᠯᠠ ᠶᠡᠭᠡ ᠪᠠᠶᠢᠯᠳᠤᠬᠤ ᠪᠤᠳᠤᠯᠭ᠎ᠠ ᠶᠢᠨ ᠦᠷ᠎ᠡ ᠪᠦᠳᠦᠭᠡᠯ ᠢ ᠤᠯᠪᠠ᠃ | ᠡᠨᠡ ᠬᠦ ᠰᠠᠭᠤᠷᠢᠨ ᠲᠡᠭᠡᠷ᠎ᠡ᠂ ᠪᠢᠳᠠ ᠬᠢᠵᠢᠭ ᠤᠨ ᠪᠠᠶᠢᠳᠠᠯ ᠢ ᠰᠡᠷᠭᠡᠶᠢᠯᠡᠨ ᠡᠵᠡᠮᠳᠡᠬᠦ ᠪᠠ ᠠᠵᠤ ᠠᠬᠤᠢ | ᠨᠡᠶᠢᠭᠡᠮ ᠤᠨ ᠬᠦᠭᠵᠢᠯᠳᠠ ᠶᠢᠨ ᠠᠵᠢᠯ ᠢ ᠨᠢᠭᠡᠳᠤᠯᠳᠠᠢ ᠲᠦᠯᠦᠪᠵᠢᠬᠦᠯᠤᠨ ᠠᠬᠢᠭᠤᠯᠵᠤ᠂ ᠦᠢᠯᠡᠳᠪᠤᠷᠢᠯᠡᠯ | ᠠᠮᠢᠳᠤᠷᠠᠯ ᠤᠨ ᠡᠮᠬᠢ ᠲᠢᠭᠯᠢᠮ ᠢᠶᠠᠨ ᠱᠠᠯᠠᠪᠳᠠᠭᠤᠯᠤᠨ ᠰᠡᠷᠬᠦᠭᠡᠵᠤ᠂ ᠮᠡᠳᠡᠭᠳᠡᠮ᠎ᠡ ᠦᠷ᠎ᠡ ᠪᠦᠳᠦᠮᠵᠢ ᠤᠯᠪᠠ᠃ | ᠲᠤᠮᠳᠠᠳᠤ ᠤᠯᠤᠰ ᠤᠨ ᠬᠢᠵᠢᠭ ᠲᠠᠢ ᠲᠡᠮᠡᠴᠡᠬᠦ ᠲᠡᠮᠡᠴᠡᠯ ᠨᠢ ᠲᠤᠮᠳᠠᠳᠤ ᠤᠯᠤᠰ ᠤᠨ ᠵᠤᠷᠢᠭ ᠰᠠᠨᠠᠭ᠎ᠠ᠂ ᠲᠤᠮᠳᠠᠳᠤ | ᠤᠯᠤᠰ ᠤᠨ ᠬᠦᠴᠤᠨ ᠴᠢᠳᠠᠯ᠂ ᠲᠤᠮᠳᠠᠳᠤ ᠤᠯᠤᠰ ᠤᠨ ᠬᠠᠷᠢᠭᠤᠴᠠᠯᠭ᠎ᠠ ᠡᠬᠦᠷᠭᠡᠯᠡᠯ ᠢ ᠬᠦᠢᠴᠡᠳ ᠬᠠᠷᠠᠭᠤᠯᠵᠠᠢ | ᠭᠡᠵᠦ ᠵᠢᠭᠠᠵᠦ ᠭᠠᠷᠭᠠᠪᠠ᠃ | ᠰᠢ ᠶᠢᠨ ᠫᠢᠩ᠂ ᠬᠡᠨᠡᠳᠳᠡ ᠪᠠᠷ ᠲᠠᠭᠠᠷᠢᠨ ᠢᠷᠡᠭᠰᠡᠡ ᠬᠦᠨᠳᠤ ᠨᠤᠴᠢᠳᠠᠢ ᠬᠢᠵᠢᠭ ᠤᠨ ᠪᠠᠶᠢᠳᠠᠯ ᠳᠤ ᠨᠠᠮ ᠤᠨ | ᠲᠦᠪ ᠬᠤᠷᠢᠶ᠎ᠠ ᠠᠴᠠ ᠪᠦᠬᠦ ᠲᠠᠯ᠎ᠠ ᠶᠢ ᠵᠠᠬᠢᠷᠤᠨ ᠡᠵᠡᠮᠳᠡᠵᠤ᠂ ᠡᠷᠡᠰ ᠰᠢᠭᠤᠷᠬᠠᠢ ᠰᠢᠢᠳᠪᠤᠷᠢᠳᠤ ᠪᠤᠳᠤᠯᠭ᠎ᠠ ᠭᠠᠷᠭᠠᠨ | ᠂ ᠶᠠᠷᠤ ᠪᠤᠰᠤ ᠶᠢᠨ ᠠᠵᠢᠯᠯᠠᠭ᠎ᠠ ᠪᠠᠷ ᠶᠠᠷᠤ ᠪᠤᠰᠤ ᠶᠢᠨ ᠶᠠᠪᠤᠳᠠᠯ ᠢ ᠠᠷᠭᠠᠴᠠᠭᠠᠪᠠ᠃ ᠨᠠᠮ ᠤᠨ ᠲᠦᠪ | ᠬᠤᠷᠢᠶ᠎ᠠ ᠠᠴᠠ ᠠᠷᠠᠳ ᠲᠦᠮᠡᠨ ᠤ ᠠᠮᠢ ᠨᠠᠰᠤ ᠪᠤᠯᠤᠨ ᠪᠠᠶ᠎ᠠ ᠮᠠᠬᠠᠪᠤᠳ ᠤᠨ ᠡᠷᠡᠬᠦᠯ ᠮᠡᠨᠳᠤ ᠶᠢ ᠲᠡᠷᠢᠬᠦᠨ ᠳᠤ | ᠲᠠᠯᠪᠢᠬᠤ ᠶᠢ ᠪᠠᠷᠢᠮᠲᠠᠯᠠᠨ᠂ ᠲᠠᠷᠦ᠋ᠢᠬᠠᠨ ᠲᠦᠪᠯᠡᠷᠡᠩᠬᠦᠢ ᠨᠢᠭᠡᠲᠦᠯᠲᠡᠢ ᠤᠳᠤᠷᠢᠳᠤᠯᠭ᠎ᠠ ᠶᠢ ᠭᠡᠷᠡᠭᠵᠢᠬᠦᠯᠵᠤ᠂ | ᠨᠠᠮ ᠤᠨ ᠲᠦᠪ ᠬᠤᠷᠢᠶᠠᠨ ᠤ ᠤᠯᠤᠰ ᠲᠦᠷᠤ ᠶᠢᠨ ᠲᠤᠪᠴᠢᠶᠠᠨ ᠤ ᠪᠠᠶᠢᠩᠭᠤ ᠶᠢᠨ ᠬᠤᠷᠢᠶ᠎ᠠ᠂ ᠨᠠᠮ ᠤᠨ ᠲᠦᠪ | ᠬᠤᠷᠢᠶᠠᠨ ᠤ ᠤᠯᠤᠰ ᠲᠦᠷᠤ ᠶᠢᠨ ᠲᠤᠪᠴᠢᠶ᠎ᠠ ᠨᠡᠶᠢᠳᠡ 21 ᠤᠳᠠᠭ᠎ᠠ ᠬᠤᠷᠠᠯ ᠬᠤᠷᠠᠯᠳᠤᠭᠤᠯᠤᠨ ᠰᠢᠢᠳᠪᠤᠷᠢᠳᠤ | ᠪᠤᠳᠤᠯᠭ᠎ᠠ ᠶᠢ ᠰᠤᠳᠤᠯᠵᠤ᠂ ᠨᠠᠮ ᠵᠠᠰᠠᠬ ᠴᠡᠷᠢᠭ ᠠᠷᠠᠳ ᠰᠤᠷᠤᠬᠴᠢ᠂ ᠵᠡᠬᠦᠨ ᠪᠠᠷᠠᠭᠤᠨ ᠡᠮᠤᠨ᠎ᠡ ᠤᠮᠠᠷ᠎ᠠ | ᠳᠤᠮᠳᠠ ᠶᠢ ᠤᠲᠤᠷᠢᠳᠤᠨ ᠵᠤᠬᠢᠶᠠᠨ ᠪᠠᠶᠢᠭᠤᠯᠵᠤ ᠬᠠᠮᠳᠤᠷᠠᠬᠰᠠᠨ ᠲᠠᠶᠢᠯᠠᠯᠳᠤᠭᠠᠨ ᠬᠢᠪᠡ᠂ ᠢᠳᠡᠬᠡᠯ ᠵᠤᠷᠢᠬ ᠢᠶᠠᠨ | ᠪᠠᠳᠤᠳᠬᠠᠬᠤ᠂ ᠵᠢᠷᠭᠠᠯ ᠵᠤᠪᠠᠯᠠᠩ ᠢᠶᠠᠨ ᠬᠠᠮᠳᠤᠳᠬᠠᠬᠤ᠂ ᠰᠢᠨᠵᠢᠯᠡᠬᠦ ᠤᠬᠠᠭᠠᠨᠴᠢ ᠪᠠᠷ ᠰᠡᠷᠬᠡᠶᠢᠯᠡᠨ ᠵᠠᠰᠠᠬᠤ᠂ | ᠲᠦᠷᠤ ᠶᠢᠨ ᠪᠤᠳᠤᠯᠭ᠎ᠠ ᠶᠢ ᠤᠨᠤᠴᠠᠳᠠᠢ ᠭᠡᠷᠡᠭᠵᠢᠬᠦᠯᠬᠦ ᠶᠠᠷᠤᠩᠬᠡᠢ ᠱᠠᠭᠠᠷᠳᠠᠯᠭ᠎ᠠ ᠲᠤᠷᠠᠳᠴᠤ᠂ ᠬᠢᠵᠢᠭ ᠤᠨ | ᠪᠠᠶᠢᠳᠠᠯ ᠤᠨ ᠦᠷᠪᠢᠰᠤᠨ ᠲᠡᠯᠬᠡᠷᠡᠬᠦ ᠬᠠᠨᠳᠤᠰᠢ ᠶᠢ ᠡᠷᠡᠰ ᠬᠤᠷᠢᠬᠯᠠᠬᠤ᠂ ᠬᠢᠵᠢᠭ ᠤᠨ ᠪᠠᠶᠢᠳᠠᠯ ᠢ ᠰᠡᠷᠬᠡᠶᠢᠯᠡᠨ | ᠡᠵᠡᠮᠳᠡᠬᠦ ᠬᠤᠷᠢᠬᠯᠠᠯᠲᠠ ᠶᠢᠨ ᠲᠠᠶᠢᠯᠠᠯᠳᠤᠭᠠᠨ ᠤ ᠢᠯᠠᠯᠳᠠ ᠶᠢ ᠡᠷᠡᠰ ᠤᠯᠬᠤ ᠶᠠᠷᠤᠩᠬᠡᠢ ᠬᠠᠷᠠᠯᠳᠠ ᠶᠢ | ᠳᠤᠳᠤᠷᠬᠠᠢᠢᠯᠠᠨ᠂ ᠦᠬᠠᠨ ᠢ ᠬᠠᠮᠠᠭᠠᠯᠠᠬᠤ ᠲᠠᠶᠢᠯᠠᠯᠳᠤᠭᠠᠨ᠂ ᠬᠤᠪᠸᠢ ᠶᠢ ᠬᠠᠮᠠᠭᠠᠯᠠᠬᠤ ᠲᠠᠶᠢᠯᠠᠯᠳᠤᠭᠠᠨ ᠢ ᠨᠠᠷᠢᠨ | ᠨᠢᠬᠳᠠ ᠪᠠᠶᠢᠷᠢᠯᠠᠭᠤᠯᠵᠤ᠂ ᠪᠠᠶᠢᠳᠠᠯ ᠤᠨ ᠬᠠᠨᠳᠤᠰᠢ ᠳᠤ ᠲᠤᠬᠢᠷᠠᠭᠤᠯᠤᠨ ᠴᠢᠬᠤᠯᠠ ᠶᠡᠭᠡ ᠪᠠᠶᠢᠯᠳᠤᠬᠤ | ᠪᠤᠳᠤᠯᠭ᠎ᠠ ᠶᠢᠨ ᠠᠷᠭ᠎ᠠ ᠪᠤᠳᠤᠯᠭ᠎ᠠ ᠲᠤᠭᠳᠠᠭᠠᠪᠠ᠃ ᠡᠯ᠎ᠠ ᠱᠠᠳᠤᠨ ᠤ ᠨᠠᠮ ᠤᠨ ᠬᠤᠷᠢᠶ᠎ᠠ ᠪᠤᠯᠤᠨ ᠵᠠᠰᠠᠬ ᠤᠨ | ᠤᠷᠳᠤᠨ᠂ ᠡᠯ᠎ᠠ ᠰᠠᠯᠠᠭ᠎ᠠ ᠮᠦᠴᠢᠷ ᠡᠯ᠎ᠠ ᠨᠢᠬᠡᠴᠢ ᠡᠯ᠎ᠠ ᠲᠠᠯ᠎ᠠ ᠶᠢᠨ ᠬᠢᠨ ᠵᠠᠷᠯᠢᠬ ᠢ ᠰᠤᠨᠤᠰᠤᠮᠠᠬᠴᠠ ᠪᠠᠨ | ᠬᠦᠳᠡᠯᠤᠯᠴᠠᠵᠤ᠂ ᠪᠦᠬᠦ ᠤᠯᠤᠰ ᠤᠨ ᠬᠦᠳᠡᠭᠡ ᠲᠤᠰᠬᠤᠨ᠂ ᠨᠡᠶᠢᠬᠡᠮ ᠲᠤᠭᠤᠷᠢᠬ᠂ ᠠᠵᠤ ᠠᠬᠤᠢᠢᠯᠠᠯ᠂ | ᠡᠮᠴᠢᠯᠡᠬᠡᠨ ᠡᠷᠡᠬᠦᠯ ᠬᠠᠮᠠᠭᠠᠯᠠᠯ ᠤᠨ ᠪᠠᠶᠢᠭᠤᠯᠤᠮᠵᠢ᠂ ᠰᠢᠨᠵᠢᠯᠡᠬᠦ ᠤᠬᠠᠭᠠᠨ ᠤ ᠰᠤᠳᠤᠯᠭᠠᠨ ᠤ ᠪᠠᠶᠢᠭᠤᠯᠤᠮᠵᠢ᠂ | ᠰᠤᠷᠭᠠᠭᠤᠯᠢ᠂ ᠴᠡᠷᠢᠭ ᠤᠨ ᠬᠤᠸᠠᠷᠠᠨ ᠦᠪᠡᠷ ᠦᠪᠡᠷ ᠤᠨ ᠤᠷᠤᠨ ᠪᠠᠶᠢᠷᠢ ᠳᠠᠭᠠᠨ ᠪᠡᠯᠡᠬᠡᠨ ᠪᠡᠯᠡᠳᠭᠡᠪᠡ᠃ | ᠨᠠᠮ ᠤᠨ ᠲᠦᠪ ᠬᠤᠷᠢᠶᠠᠨ ᠤ ᠪᠠᠳᠤ ᠴᠢᠩᠭ᠎ᠠ ᠤᠳᠤᠷᠢᠳᠤᠯᠭ᠎ᠠ ᠲᠤᠤᠷ᠎ᠠ᠂ ᠤᠯᠤᠰ ᠲᠠᠶᠠᠭᠠᠷ ᠲᠤ ᠨᠢᠬᠡᠳᠤᠯᠳᠠᠢ | ᠵᠢᠯᠤᠭᠤᠳᠬᠤ᠂ ᠪᠦᠬᠦ ᠲᠠᠯ᠎ᠠ ᠪᠠᠷ ᠪᠠᠶᠢᠷᠢᠯᠠᠭᠤᠯᠬᠤ᠂ ᠪᠤᠰᠤᠭ᠎ᠠ ᠴᠤᠬᠴᠠ ᠪᠠᠷ ᠰᠡᠷᠬᠡᠶᠢᠯᠡᠨ ᠡᠵᠡᠮᠳᠡᠬᠦ ᠪᠠᠶᠢᠯᠳᠤᠬᠤ | ᠪᠤᠳᠤᠯᠭ᠎ᠠ ᠶᠢᠨ ᠪᠠᠶᠢᠷᠢᠰᠢᠯ ᠢ ᠲᠦᠷᠬᠡᠨ ᠪᠦᠷᠢᠯᠳᠤᠬᠦᠯᠵᠤ᠂ ᠬᠢᠵᠢᠭ ᠤᠨ ᠪᠠᠶᠢᠳᠠᠯ ᠤᠨ ᠶᠡᠭᠡ ᠬᠡᠪᠴᠢᠶ᠎ᠠ ᠪᠠᠷ | ᠦᠷᠪᠢᠰᠤᠨ ᠲᠡᠯᠬᠡᠷᠡᠬᠦ ᠶᠢ ᠪᠦᠳᠤᠮᠵᠢᠳᠠᠢ ᠬᠤᠷᠢᠬᠯᠠᠨ᠂ ᠸᠢᠷᠦ᠋ᠰ ᠤᠨ ᠲᠡᠯᠬᠡᠷᠡᠬᠦ ᠠᠶᠤᠯ ᠲᠦᠭᠰᠢᠬᠦᠷᠢ ᠶᠢ | ᠪᠦᠲᠦᠮᠵᠢᠲᠡᠢ ᠬᠤᠪᠢᠷᠠᠭᠤᠯᠵᠤ᠂ ᠬᠠᠮᠤᠬ ᠤᠨ ᠶᠡᠭᠡ ᠬᠡᠪᠴᠢᠶ᠎ᠠ ᠪᠠᠷ ᠠᠷᠠᠳ ᠲᠦᠮᠡᠨ ᠤ ᠠᠮᠢ ᠨᠠᠰᠤᠨ ᠤ ᠠᠮᠤᠷ | ᠲᠦᠪᠰᠢᠨ ᠪᠤᠯᠤᠨ ᠪᠠᠶ᠎ᠠ ᠮᠠᠬᠠᠪᠤᠳ ᠤᠨ ᠡᠷᠡᠬᠦᠯ ᠮᠡᠨᠳᠤ ᠶᠢ ᠬᠠᠮᠠᠭᠠᠯᠠᠵᠠᠢ ᠬᠡᠵᠤ ᠴᠢᠬᠤᠯᠠᠴᠢᠯᠠᠪᠠ᠃ | ᠰᠢ ᠶᠢᠨ ᠫᠢᠩ᠂ ᠬᠡᠨᠡᠳᠳᠡ ᠪᠠᠷ ᠲᠠᠭᠠᠷᠢᠨ ᠢᠷᠡᠭᠰᠡᠡ ᠬᠦᠨᠳᠤ ᠨᠤᠴᠢᠳᠠᠢ ᠬᠢᠵᠢᠭ ᠤᠨ ᠪᠠᠶᠢᠳᠠᠯ ᠳᠤ | ᠳᠤᠮᠳᠠᠳᠤ ᠤᠯᠤᠰ ᠤᠨ ᠠᠷᠠᠳ ᠲᠦᠮᠡᠨ ᠵᠢᠷᠭᠠᠯ ᠵᠤᠪᠠᠯᠠᠩ ᠢᠶᠠᠨ ᠬᠠᠮᠳᠤᠳᠬᠠᠨ᠂ ᠲᠦᠮᠡᠨ ᠤᠯᠠᠨ ᠢᠶᠠᠷ ᠢᠶᠠᠨ ᠲᠡᠮᠤᠷ | ᠬᠡᠷᠡᠮ ᠪᠤᠯᠵᠤ ᠪᠦᠯᠬᠦᠮᠳᠡᠨ ᠨᠢᠬᠳᠠᠷᠠᠵᠤ᠂ ᠬᠢᠵᠢᠭ ᠤᠨ ᠪᠠᠶᠢᠳᠠᠯ ᠢ ᠰᠡᠷᠬᠡᠶᠢᠯᠡᠨ ᠡᠵᠡᠮᠳᠡᠬᠦ ᠪᠠᠳᠤ ᠪᠠᠬᠢ | ᠰᠡᠷᠭᠡᠶᠢᠯᠡᠯᠳᠠ ᠶᠢᠨ ᠱᠤᠭᠤᠮ ᠢ ᠴᠤᠬᠴᠠᠯᠠᠨ ᠪᠠᠶᠢᠭᠤᠯᠪᠠ᠂ ᠪᠢᠳᠠ ᠪᠦᠬᠦ ᠤᠯᠤᠰ ᠤᠨ ᠬᠦᠴᠤᠨ ᠢ ᠲᠠᠶᠢᠴᠢᠯᠠᠨ | ᠤᠷᠢᠳ ᠡᠮᠤᠨ᠎ᠠ ᠪᠠᠶᠢᠭ᠎ᠠ ᠦᠭᠡᠢ ᠶᠡᠭᠡ ᠬᠡᠪᠴᠢᠶ᠎ᠡ ᠪᠠᠷ ᠠᠮᠢ ᠨᠠᠰᠤᠨ ᠤ ᠶᠡᠭᠡ ᠠᠪᠤᠷᠠᠯᠳᠠ ᠶᠢᠨ ᠲᠠᠶᠢᠯᠠᠯᠳᠤᠭᠠᠨ | ᠬᠢᠵᠤ᠂ ᠦᠬᠠᠨ ᠤ ᠠᠷᠠᠳ ᠲᠦᠮᠡᠨ᠂ ᠬᠤᠪᠸᠢ ᠶᠢᠨ ᠠᠷᠠᠳ ᠲᠦᠮᠡᠨ ᠶᠡᠭᠡ ᠶᠤᠰᠤ ᠶᠢ ᠲᠠᠨᠢᠵᠤ ᠶᠡᠭᠡ ᠲᠠᠯ᠎ᠠ ᠶᠢ | ᠪᠤᠳᠤᠯᠬᠢᠯᠠᠨ᠂ ᠬᠢᠵᠢᠭ ᠤᠨ ᠪᠠᠶᠢᠳᠠᠯ ᠤᠨ ᠦᠷᠪᠢᠰᠤᠨ ᠲᠡᠯᠬᠡᠷᠡᠬᠦ ᠶᠢ ᠬᠤᠷᠢᠬᠯᠠᠬᠤ᠂ ᠪᠦᠬᠦ ᠤᠯᠤᠰ ᠢᠶᠠᠷ ᠢᠶᠠᠨ | ᠬᠢᠵᠢᠭ ᠲᠠᠢ ᠲᠡᠮᠡᠴᠡᠬᠦ ᠪᠠᠶᠢᠯᠳᠤᠬᠤ ᠪᠤᠳᠤᠯᠭ᠎ᠠ ᠶᠢᠨ ᠰᠠᠨᠠᠭᠠᠴᠢᠯᠠᠭᠠᠳᠦ ᠡᠷᠬᠡ ᠶᠢ ᠤᠯᠬᠤ ᠳᠤ ᠯᠤᠳᠤ ᠶᠡᠭᠡ ᠦᠷᠡᠭᠳᠡᠯ | ᠪᠠ ᠴᠢᠬᠤᠯᠠ ᠶᠡᠭᠡ ᠬᠤᠪᠢ ᠨᠡᠮᠡᠷᠢ ᠦᠵᠡᠬᠦᠯᠵᠠᠢ᠃ ᠬᠡᠨᠡᠳᠳᠡ ᠪᠠᠷ ᠲᠠᠭᠠᠷᠢᠨ ᠢᠷᠡᠭᠰᠡᠡ ᠬᠦᠨᠳᠤ ᠨᠤᠴᠢᠳᠠᠢ | ᠬᠢᠵᠢᠭ ᠤᠨ ᠪᠠᠶᠢᠳᠠᠯ ᠳᠤ ᠦᠷᠬᠡᠨ ᠤᠯᠠᠨ ᠡᠮᠴᠢᠯᠡᠭᠡᠨ ᠤ ᠠᠵᠢᠯᠳᠠᠨ ᠴᠠᠭᠠᠨ ᠬᠤᠶᠠᠬ ᠢᠶᠠᠨ ᠭᠡᠳᠡᠷᠴᠦ ᠠᠶᠤᠯ ᠢ | ᠰᠦᠷᠤᠨ ᠤᠷᠤᠬᠰᠢᠯᠠᠵᠤ᠂ ᠦᠪᠡᠷ ᠤᠨ ᠦᠬᠦᠬᠦ ᠰᠡᠬᠡᠬᠡᠬᠦ ᠶᠢ ᠬᠠᠶᠢᠬᠤᠷᠤᠯ ᠦᠬᠡᠢ ᠪᠠᠷ ᠠᠮᠢ ᠨᠠᠰᠤ ᠶᠢ ᠠᠪᠤᠷᠠᠪᠠ᠂ | ᠳᠡᠳᠡ ᠪᠤᠯ ᠬᠠᠮᠤᠬ ᠤᠨ ᠭᠤᠶᠤ ᠠᠨᠴᠧᠯ᠂ ᠰᠢᠨ᠎ᠠ ᠴᠠᠬ ᠦᠶ᠎ᠠ ᠶᠢᠨ ᠬᠠᠮᠤᠬ ᠤᠨ ᠬᠠᠶᠢᠷᠠᠳᠠᠢ ᠬᠦᠮᠤᠨ ᠪᠤᠯᠤᠨ᠎ᠠ᠃ | ᠬᠡᠨᠡᠳᠳᠡ ᠪᠠᠷ ᠲᠠᠭᠠᠷᠢᠨ ᠢᠷᠡᠭᠰᠡᠡ ᠬᠦᠨᠳᠤ ᠨᠤᠴᠢᠳᠠᠢ ᠬᠢᠵᠢᠭ ᠤᠨ ᠪᠠᠶᠢᠳᠠᠯ ᠳᠤ᠂ ᠪᠢᠳᠡ ᠨᠢᠬᠡᠳᠤᠯᠳᠠᠢ | ᠲᠦᠯᠤᠪᠵᠢᠬᠦᠯᠤᠨ ᠬᠠᠮᠳᠤ ᠳᠤᠨᠢ ᠬᠠᠷᠠᠭᠠᠯᠵᠠᠵᠤ᠂ ᠬᠠᠮᠵᠢᠯᠴᠠᠭᠤᠯᠤᠨ ᠠᠬᠢᠭᠤᠯᠵᠤ᠂ ᠠᠵᠤ ᠠᠬᠤᠢ ᠶᠢᠨ ᠬᠦᠭᠵᠢᠯᠳᠠ | ᠲᠤᠭᠳᠠᠭᠤᠨ ᠢᠶᠠᠷ ᠰᠠᠶᠢᠵᠢᠷᠠᠵᠤ᠂ ᠤᠢᠢᠯᠡᠳᠪᠤᠷᠢᠯᠡᠯ ᠠᠮᠢᠳᠤᠷᠠᠯ ᠤᠨ ᠡᠮᠬᠢ ᠲᠢᠭᠯᠢᠮ ᠲᠤᠭᠳᠠᠭᠤᠨ ᠢᠶᠠᠷ ᠰᠡᠷᠬᠦᠪᠠ᠃ | ᠬᠡᠨᠡᠳᠳᠡ ᠪᠠᠷ ᠲᠠᠭᠠᠷᠢᠨ ᠢᠷᠡᠭᠰᠡᠡ ᠬᠦᠨᠳᠤ ᠨᠤᠴᠢᠳᠠᠢ ᠬᠢᠵᠢᠭ ᠤᠨ ᠪᠠᠶᠢᠳᠠᠯ ᠳᠤ ᠳᠤᠮᠳᠠᠳᠤ ᠤᠯᠤᠰ ᠤᠨ ᠬᠢᠨ | ᠲᠡᠯᠡᠬᠡᠢ ᠶᠢᠨ ᠡᠯ᠎ᠠ ᠤᠯᠤᠰ ᠲᠠᠢ ᠭᠠᠷ ᠬᠤᠯᠪᠤᠯᠴᠠᠨ ᠬᠠᠮᠳᠤᠷᠠᠨ ᠠᠵᠢᠯᠯᠠᠵᠤ᠂ ᠴᠠᠭ ᠤᠨ ᠪᠡᠷᠭᠡ ᠶᠢ ᠬᠠᠮᠳᠤ ᠪᠠᠷ | ᠲᠤᠭᠤᠯᠤᠨ᠂ ᠪᠦᠬᠦ ᠪᠦᠮᠪᠦᠷᠴᠡᠭ ᠤᠨ ᠬᠢᠵᠢᠭ ᠲᠠᠢ ᠲᠡᠮᠡᠴᠡᠬᠦ ᠲᠡᠮᠡᠴᠡᠯ ᠳᠤ ᠤᠶᠤᠨ ᠤᠬᠠᠭᠠᠨ ᠪᠠ ᠬᠦᠴᠤᠨ | ᠴᠢᠳᠠᠯ ᠢᠶᠠᠨ ᠡᠷᠬᠦᠵᠤ᠂ ᠪᠤᠳᠠᠳᠤ ᠠᠵᠢᠯᠯᠠᠭ᠎ᠠ ᠪᠠᠷ ᠢᠶᠠᠷ ᠢᠶᠠᠨ ᠪᠦᠬᠦ ᠪᠦᠮᠪᠦᠷᠴᠡᠭ ᠤᠨ ᠲᠦᠭ ᠲᠦᠮᠡᠨ ᠬᠦᠮᠤᠨ ᠤ | ᠠᠮᠢ ᠨᠠᠰᠤ ᠶᠢ ᠠᠪᠤᠷᠠᠨ ᠲᠤᠰᠠᠯᠠᠵᠤ᠂ ᠪᠤᠳᠠᠳᠤ ᠠᠵᠢᠯᠯᠠᠭ᠎ᠠ ᠪᠠᠷ ᠢᠶᠠᠨ ᠳᠤᠮᠳᠠᠳᠤ ᠤᠯᠤᠰ ᠤᠨ ᠬᠦᠮᠤᠨ | ᠲᠦᠷᠤᠯᠬᠢᠳᠠᠨ ᠤ ᠬᠤᠪᠢ ᠵᠠᠶᠠᠭᠠᠨ ᠤ ᠬᠠᠮᠳᠤ ᠶᠢᠨ ᠴᠤᠬᠴᠠ ᠶᠢᠨ ᠪᠠᠶᠢᠭᠤᠯᠤᠯᠳᠠ ᠶᠢ ᠠᠬᠢᠭᠤᠯᠬᠤ ᠴᠢᠩ ᠦᠨᠡᠨᠴᠢ | ᠬᠦᠰᠡᠯ ᠡᠷᠡᠮᠡᠯᠵᠡᠯ ᠢᠶᠠᠨ ᠢᠯᠡᠷᠡᠬᠦᠯᠦᠭᠰᠡᠨ ᠪᠠᠶᠢᠨ᠎ᠠ ᠬᠡᠵᠤ ᠵᠢᠭᠠᠵᠤ ᠭᠠᠷᠭᠠᠪᠠ᠃ | ᠰᠢ ᠶᠢᠨ ᠫᠢᠩ᠂ ᠵᠠᠯᠠᠭᠤᠴᠤᠳ ᠪᠤᠯ ᠤᠯᠤᠰ ᠪᠠ ᠦᠨᠳᠤᠰᠤᠳᠠᠨ ᠤ ᠬᠦᠰᠡᠯ ᠡᠷᠡᠮᠡᠯᠵᠡᠯ ᠮᠦᠨ᠃ ᠡᠨᠡ | ᠤᠳᠠᠭ᠎ᠠ ᠶᠢᠨ ᠬᠢᠵᠢᠭ ᠲᠠᠢ ᠲᠡᠮᠡᠴᠡᠬᠦ ᠲᠡᠮᠡᠴᠡᠯ ᠳᠤ ᠵᠠᠯᠠᠭᠤ ᠨᠢᠬᠡ ᠦᠶ᠎ᠠ ᠶᠢᠨ ᠬᠢᠨ ᠤ ᠲᠤᠪᠤᠶᠢᠮ᠎ᠠ ᠢᠯᠡᠷᠡᠯ | ᠬᠦᠮᠤᠰ ᠢ ᠪᠠᠶᠠᠰᠬᠠᠨ ᠬᠦᠮᠤᠰ ᠢ ᠵᠤᠷᠢᠬᠵᠢᠭᠤᠯᠤᠨ᠎ᠠ᠃ ᠶᠢᠷᠲᠢᠨᠴᠤ ᠳᠤ ᠲᠦᠷᠦᠯᠬᠢ ᠶᠢᠨ ᠪᠠᠭᠠᠳᠤᠷ ᠬᠦᠮᠦᠨ ᠬᠡᠵᠤ | ᠪᠠᠶᠢᠬᠤ ᠦᠬᠡᠢ᠂ ᠵᠦᠪᠬᠡᠨ ᠴᠡᠬᠡᠵᠢ ᠲᠦᠷᠢᠨ ᠡᠷᠡᠮᠡᠭᠡᠶᠢᠯᠡᠬᠦ ᠡᠬᠡᠯ ᠬᠦᠮᠤᠨ ᠪᠤᠢ᠃ ᠵᠠᠯᠠᠭᠤ ᠨᠢᠬᠡ ᠦᠶ᠎ᠠ ᠶᠢᠨ ᠬᠢᠨ | ᠵᠤᠪᠠᠭᠤᠷᠢ ᠵᠦᠳᠡᠬᠦᠷᠢ ᠠᠴᠠ ᠠᠶᠤᠬᠤ ᠦᠬᠡᠢ᠂ ᠬᠦᠴᠢᠷ ᠪᠡᠷᠭᠡᠰᠢᠶᠡᠯ ᠠᠴᠠ ᠠᠶᠤᠬᠤ ᠦᠬᠡᠢ᠂ ᠦᠷᠡᠭᠳᠡᠯ | ᠭᠠᠷᠬᠤ ᠠᠴᠠ ᠠᠶᠤᠬᠤ ᠦᠬᠡᠢ ᠪᠠᠶᠢᠵᠤ᠂ ᠲᠠᠶᠢᠱᠠᠨ ᠠᠭᠤᠯᠠ ᠮᠡᠲᠦ ᠬᠦᠨᠳᠤ ᠡᠬᠦᠷᠬᠡ ᠶᠢ ᠮᠦᠷᠤᠨ ᠳᠡᠭᠡᠨ | ᠡᠬᠦᠷᠬᠡᠯᠠᠵᠤ᠂ ᠵᠠᠯᠠᠭᠤ ᠨᠠᠰᠤᠨ ᠤ ᠤᠮᠤᠬ ᠵᠤᠷᠢᠭ ᠰᠦᠷ ᠵᠢᠪᠬᠤᠭ᠎ᠠ ᠶᠢ ᠢᠯᠡᠷᠡᠬᠦᠯᠵᠤ᠂ ᠳᠤᠮᠳᠠᠳᠤ ᠶᠢᠨ | ᠦᠨᠳᠤᠰᠤᠳᠠᠨ ᠤ ᠬᠦᠰᠡᠯ ᠡᠷᠡᠮᠡᠯᠵᠡᠯ ᠢ ᠢᠯᠡᠷᠡᠭᠦᠯᠪᠡ᠃ ᠪᠢᠳᠡ ᠬᠠᠮᠳᠤ ᠪᠠᠷ ᠲᠡᠳᠡᠨ ᠳᠤ ᠤᠷᠮ᠎ᠠ ᠬᠠᠶᠢᠷᠠᠯᠠᠶ᠎ᠠ ᠬᠡᠵᠤ | ᠵᠢᠭᠠᠵᠤ ᠭᠠᠷᠭᠠᠪᠠ᠃ | ᠰᠢ ᠶᠢᠨ ᠫᠢᠩ᠂ ᠡᠨᠡ ᠬᠦ ᠬᠦᠨᠳᠤ ᠨᠤᠴᠢᠳᠠᠢ ᠬᠢᠵᠢᠭ ᠤᠨ ᠪᠠᠶᠢᠳᠠᠯ ᠯᠤᠭ᠎ᠠ ᠶᠢᠨ ᠦᠬᠦᠬᠦ ᠰᠡᠬᠡᠬᠦ ᠶᠢᠨ ᠲᠡᠮᠡᠴᠡᠯ | ᠲᠤᠮᠲᠠ᠂ ᠳᠤᠮᠳᠠᠳᠤ ᠤᠯᠤᠰ ᠤᠨ ᠠᠷᠠᠳ ᠲᠦᠮᠡᠨ ᠪᠤᠯᠤᠨ ᠳᠤᠮᠳᠠᠳᠤ ᠶᠢᠨ ᠦᠨᠳᠤᠰᠤᠳᠠᠨ ᠵᠤᠷᠢᠬᠳᠠᠢ ᠲᠡᠮᠡᠴᠡᠬᠦ᠂ | ᠵᠤᠷᠢᠬᠳᠠᠢ ᠢᠯᠡᠨ ᠲᠠᠪᠠᠭ᠋ᠤ ᠪᠠᠭᠠᠲᠤᠷ ᠵᠤᠷᠢᠬ ᠢᠶᠠᠷ ᠠᠮᠢ ᠨᠠᠰᠤ ᠶᠢ ᠲᠡᠭᠡᠳᠤᠯᠡᠬᠦ᠂ ᠤᠯᠤᠰ ᠲᠠᠶᠠᠭᠠᠷ ᠰᠡᠳᠬᠢᠯ | ᠨᠢᠬᠡᠳᠬᠦ᠂ ᠦᠬᠦᠬᠦ ᠰᠡᠬᠡᠬᠦ ᠶᠢ ᠦᠯᠤ ᠬᠠᠶᠢᠬᠤᠷᠬᠤ᠂ ᠰᠢᠨᠵᠢᠯᠡᠬᠦ ᠤᠬᠠᠭᠠᠨ ᠢ ᠬᠦᠨᠳᠤᠳᠬᠡᠬᠦ᠂ ᠬᠤᠪᠢ | ᠵᠠᠶᠠᠭ᠎ᠠ ᠪᠠᠨ ᠬᠠᠮᠳᠤᠳᠬᠠᠬᠤ ᠬᠢᠵᠢᠭ ᠲᠠᠢ ᠲᠡᠮᠡᠴᠡᠬᠦ ᠠᠭᠤᠤ ᠶᠡᠭᠡ ᠵᠤᠷᠢᠬ ᠰᠠᠨᠠᠭ᠎ᠠ ᠶᠢ ᠱᠤᠭᠤᠵᠠᠢ᠃ ᠠᠮᠢ ᠨᠠᠰᠤ ᠶᠢ | ᠲᠡᠬᠡᠳᠤᠯᠡᠬᠦ ᠨᠢ ᠳᠤᠮᠳᠠᠳᠤ ᠤᠯᠤᠰ ᠤᠨ ᠠᠷᠠᠳ ᠲᠦᠮᠡᠨ ᠤ ᠬᠦᠨ ᠵᠤᠵᠠᠭᠠᠨ ᠲᠦᠬᠡᠮᠡᠯ ᠬᠠᠶᠢᠷ᠎ᠠ ᠶᠢᠨ ᠤᠯᠠᠮᠵᠢᠯᠠᠯ | ᠪᠤᠯᠤᠨ ᠳᠤᠮᠳᠠᠳᠤ ᠤᠯᠤᠰ ᠤᠨ ᠡᠪ ᠬᠠᠮᠳᠤ ᠨᠠᠮ ᠤᠨ ᠠᠷᠠᠳ ᠲᠦᠮᠡᠨ ᠢᠶᠠᠷ ᠭᠤᠤᠯ ᠪᠤᠯᠭᠠᠬᠤ ᠦᠷᠳᠡᠭ ᠤᠨ | ᠬᠦᠬᠡᠬᠡᠴᠡᠯᠳᠤᠯ ᠢ ᠲᠦᠪᠯᠡᠷᠡᠬᠦᠯᠤᠨ ᠬᠠᠷᠠᠭᠤᠯᠵᠠᠢ᠃ ᠤᠯᠤᠰ ᠲᠠᠶᠠᠭᠠᠷ ᠰᠡᠳᠬᠢᠯ ᠨᠢᠬᠡᠳᠬᠦ ᠨᠢ ᠳᠤᠮᠳᠠᠳᠤ | ᠤᠯᠤᠰ ᠤᠨ ᠠᠷᠠᠳ ᠲᠦᠮᠡᠨ ᠤ ᠲᠦᠮᠡᠨ ᠤᠯᠠᠨ ᠢᠶᠠᠷ ᠢᠶᠠᠨ ᠰᠡᠳᠬᠢᠯ ᠨᠢᠬᠡᠳᠴᠤ ᠵᠢᠷᠭᠠᠯ ᠵᠤᠪᠠᠯᠠᠩ ᠢᠶᠠᠨ | ᠬᠠᠮᠳᠤᠳᠬᠠᠬᠤ ᠪᠦᠯᠬᠦᠮᠳᠡᠯ ᠤᠨ ᠠᠤᠭ᠎ᠠ ᠬᠦᠴᠤᠨ ᠢ ᠲᠦᠪᠯᠡᠷᠡᠬᠦᠯᠤᠨ ᠬᠠᠷᠠᠭᠤᠯᠪᠠ᠃ ᠦᠬᠦᠬᠦ ᠰᠡᠬᠡᠬᠦ ᠶᠢ ᠦᠯᠤ | ᠬᠠᠶᠢᠬᠤᠷᠬᠤ ᠨᠢ ᠳᠤᠮᠳᠠᠳᠤ ᠤᠯᠤᠰ ᠤᠨ ᠠᠷᠠᠳ ᠲᠦᠮᠡᠨ ᠤ ᠠᠯᠢᠪᠠ ᠬᠦᠴᠢᠷᠳᠠᠯ ᠢ ᠵᠤᠷᠢᠭᠲᠠᠢ ᠪᠠᠷ ᠢᠯᠠᠨ ᠲᠠᠪᠠᠵᠤ | ᠭᠠᠷᠬᠤ ᠠᠴᠠ ᠪᠢᠰᠢ ᠶᠠᠮᠠᠷ ᠪᠠ ᠬᠦᠴᠢᠷᠳᠠᠯ ᠳᠤ ᠲᠤᠯᠭᠠᠷᠠᠭᠰᠠᠨ ᠴᠦ ᠵᠤᠷᠢᠭ ᠦᠯᠦ ᠮᠤᠬᠤᠳᠠᠭ ᠬᠠᠳᠠᠨ ᠵᠤᠷᠢᠬ ᠢ | ᠲᠦᠪᠯᠡᠷᠡᠬᠦᠯᠤᠨ ᠬᠠᠷᠠᠭᠤᠯᠵᠠᠢ᠃ ᠰᠢᠨᠵᠢᠯᠡᠬᠦ ᠤᠬᠠᠭᠠᠨ ᠢ ᠬᠦᠨᠳᠤᠳᠬᠡᠬᠦ ᠨᠢ ᠳᠤᠮᠳᠠᠳᠤ ᠤᠯᠤᠰ ᠤᠨ ᠠᠷᠠᠳ | ᠲᠦᠮᠡᠨ ᠤ ᠦᠨᠡᠨ ᠢ ᠪᠠᠷᠢᠮᠳᠠᠯᠠᠨ ᠪᠤᠳᠠᠳᠠᠢ ᠶᠢ ᠡᠷᠬᠢᠮᠯᠡᠵᠦ᠂ ᠵᠠᠮ ᠨᠡᠭᠡᠭᠡᠨ ᠤᠷᠤᠭᠰᠢᠯᠠᠵᠤ ᠰᠢᠨ᠎ᠠ ᠶᠢ ᠡᠬᠦᠳᠬᠦ | ᠤᠢᠢᠯᠡᠳᠤᠯᠬᠡ ᠶᠢᠨ ᠵᠠᠩ ᠴᠢᠨᠠᠷ ᠢ ᠲᠦᠪᠯᠡᠷᠡᠬᠦᠯᠤᠨ ᠬᠠᠷᠠᠭᠤᠯᠵᠠᠢ᠃ ᠬᠤᠪᠢ ᠵᠠᠶᠠᠭ᠎ᠠ ᠪᠠᠨ ᠬᠠᠮᠳᠤᠳᠬᠠᠬᠤ ᠨᠢ | ᠳᠤᠮᠳᠠᠳᠤ ᠤᠯᠤᠰ ᠤᠨ ᠠᠷᠠᠳ ᠲᠦᠮᠡᠨ ᠤ ᠰᠡᠳᠬᠢᠯ ᠨᠢᠬᠡᠳᠤᠨ ᠬᠦᠴᠤ ᠪᠠᠨ ᠬᠠᠮᠳᠤᠳᠬᠠᠵᠤ᠂ ᠡᠩᠬᠡ ᠲᠠᠶᠢᠪᠤᠩ ᠢ | ᠡᠷᠬᠢᠮᠯᠡᠬᠦ ᠶᠤᠰᠤ ᠵᠢᠷᠤᠮ ᠤᠨ ᠡᠬᠦᠷᠬᠡᠯᠡᠯ ᠢ ᠲᠦᠪᠯᠡᠷᠡᠬᠦᠯᠤᠨ ᠬᠠᠷᠠᠭᠤᠯᠵᠠᠢ ᠬᠡᠵᠤ ᠴᠢᠬᠤᠯᠠᠴᠢᠯᠠᠪᠠ᠃ | ᠰᠢ ᠶᠢᠨ ᠫᠢᠩ᠂ ᠬᠢᠵᠢᠭ ᠲᠠᠢ ᠲᠡᠮᠡᠴᠡᠬᠦ ᠡᠨᠡ ᠬᠦ ᠰᠦᠷ ᠲᠠᠯᠠᠶᠢᠴᠠᠳᠠᠢ ᠲᠡᠮᠡᠴᠡᠯ ᠲᠤᠮᠳᠠ ᠪᠢᠳᠡ ᠴᠢᠬᠤᠯᠠ | ᠲᠤᠷᠰᠢᠯᠭ᠎ᠠ ᠶᠢ ᠬᠤᠷᠠᠮᠳᠤᠭᠤᠯᠵᠤ᠂ ᠬᠦᠨ ᠰᠡᠩᠬᠡᠷᠡᠬᠦᠯᠤᠯ ᠢ ᠤᠯᠤᠬᠰᠠᠨ ᠪᠠᠶᠢᠨ᠎ᠠ᠃ ᠬᠢᠵᠢᠭ ᠲᠠᠢ ᠲᠡᠮᠡᠴᠡᠭᠰᠡᠨ | ᠠᠭᠤᠤ ᠶᠡᠭᠡ ᠤᠢᠢᠯᠡᠳᠤᠯᠬᠡ ᠨᠢ᠂ ᠳᠤᠮᠳᠠᠳᠤ ᠤᠯᠤᠰ ᠤᠨ ᠡᠪ ᠬᠠᠮᠳᠤ ᠨᠠᠮ ᠤᠨ ᠬᠡᠮᠵᠢᠶᠡᠯᠡᠰᠢ ᠦᠬᠡᠢ ᠬᠦᠴᠦᠷᠭᠡᠭ | ᠶᠡᠭᠡ ᠤᠳᠤᠷᠢᠳᠬᠤ ᠴᠢᠳᠠᠪᠤᠷᠢ ᠪᠤᠯ ᠰᠠᠯᠬᠢᠨ ᠲᠠᠪᠠᠯᠭᠠᠨ ᠤ ᠲᠠᠭᠠᠷᠢᠯᠳᠠ ᠳᠤ ᠳᠤᠮᠳᠠᠳᠤ ᠤᠯᠤᠰ ᠤᠨ ᠠᠷᠠᠳ | ᠲᠦᠮᠡᠨ ᠤ ᠬᠠᠮᠤᠬ ᠤᠨ ᠨᠠᠶᠢᠳᠠᠪᠤᠷᠢᠳᠠᠢ ᠲᠦᠰᠢᠭ ᠲᠤᠯᠭᠠᠭᠤᠷᠢ ᠮᠦᠨ︔ ᠳᠤᠮᠳᠠᠳᠤ ᠤᠯᠤᠰ ᠤᠨ ᠠᠷᠠᠳ | ᠲᠦᠮᠡᠨ ᠤ ᠨᠤᠭᠤᠷᠠᠰᠢ ᠦᠬᠡᠢ ᠡᠷᠴᠢ ᠵᠤᠷᠢᠬ ᠪᠤᠯ ᠤᠷᠤᠬᠰᠢᠯᠠᠯᠳᠠ ᠶᠢᠨ ᠵᠠᠮ ᠲᠡᠭᠡᠷᠡᠬᠢ ᠠᠯᠢᠪᠠ ᠬᠦᠴᠢᠷ | ᠪᠡᠷᠬᠡᠰᠢᠶᠠᠯ ᠢ ᠢᠯᠠᠨ ᠲᠠᠪᠠᠭ᠋ᠤ ᠬᠦᠴᠤᠨ ᠴᠢᠳᠠᠯ ᠤᠨ ᠤᠨᠳᠤᠷᠤᠮᠠᠯ ᠪᠤᠯᠠᠬ ᠮᠦᠨ︔ ᠲᠤᠮᠲᠠᠲᠤ ᠤᠯᠤᠰ ᠤᠨ | ᠤᠨᠴᠠᠯᠢᠭ ᠲᠠᠢ ᠨᠡᠶᠢᠭᠡᠮ ᠵᠢᠷᠤᠮ ᠤᠨ ᠪᠠᠶᠢᠭᠤᠯᠤᠯ ᠤᠨ ᠢᠯᠡᠳᠲᠡ ᠲᠠᠪᠠᠭᠤᠯᠢᠭ ᠪᠤᠯ ᠠᠶᠤᠯ ᠲᠦᠭᠰᠢᠬᠦᠷᠢ | ᠦᠷᠢᠰᠦᠯᠲᠦᠭᠡᠡ ᠢ ᠬᠤᠷᠢᠬᠯᠠᠵᠤ᠂ ᠤᠯᠤᠰ ᠤᠨ ᠵᠠᠰᠠᠯᠲᠠ ᠶᠢᠨ ᠦᠢᠯᠡᠳᠦᠯ ᠴᠢᠲᠠᠮᠵᠢ ᠶᠢ ᠲᠡᠭᠡᠭᠰᠢᠯᠡᠭᠦᠯᠬᠦ | ᠦᠨᠲᠦᠰᠦᠨ ᠪᠠᠲᠤᠯᠠᠭ᠎ᠠ ᠮᠦᠨ︔ ᠰᠢᠨ᠎ᠠ ᠲᠤᠮᠲᠠᠲᠤ ᠤᠯᠤᠰ ᠪᠠᠶᠢᠭᠤᠯᠤᠭᠲᠠᠭᠰᠠᠠ ᠠᠴᠠ ᠨᠠᠭᠠᠰᠢ | ᠬᠤᠷᠠᠮᠲᠤᠭᠤᠯᠤᠭᠰᠠᠠ ᠪᠠᠲᠤ ᠴᠢᠩᠭ᠎ᠠ ᠤᠯᠤᠰ ᠤᠨ ᠬᠦᠴᠤᠨ ᠪᠤᠯ ᠠᠶᠤᠯ ᠲᠦᠭᠰᠢᠬᠦᠷᠢ ᠶᠢ ᠲᠠᠶᠢᠪᠤᠭᠤ ᠠᠷᠭᠠᠴᠠᠭᠠᠬᠤ | ᠡᠴᠢᠨ᠎ᠠ ᠬᠦᠨ ᠢᠲᠡ ᠬᠦᠴᠤᠨ ᠮᠦᠨ︔ ᠨᠡᠶᠢᠭᠡᠮ ᠵᠢᠷᠤᠮ ᠤᠨ ᠭᠤᠤᠯᠯᠠᠭᠴᠢ ᠦᠷᠲᠡᠭ ᠤᠨ ᠦᠵᠡᠯᠲᠡ᠂ | ᠲᠤᠮᠲᠠᠲᠤ ᠶᠢᠨ ᠰᠢᠯᠢᠲᠡᠭ ᠤᠯᠠᠮᠵᠢᠯᠠᠯᠲᠦ ᠰᠤᠶᠤᠯ ᠳᠤ ᠠᠭᠤᠯᠤᠭᠲᠠᠵᠦ ᠪᠠᠶᠢᠭ᠎ᠠ ᠬᠦᠴᠦᠷᠭᠡᠭ ᠶᠡᠭᠡ ᠵᠤᠷᠢᠭ | ᠰᠠᠨᠠᠭᠠᠠ ᠤ ᠬᠦᠲᠡᠯᠭᠡᠬᠦ ᠬᠦᠴᠤᠨ ᠪᠤᠯ ᠬᠦᠮᠦᠰ ᠤᠨ ᠰᠡᠳᠭᠢᠯ ᠢ ᠨᠢᠭᠲᠠᠷᠠᠭᠤᠯᠵᠦ᠂ ᠠᠷᠠᠳ ᠤᠨ ᠬᠦᠴᠤᠨ ᠢ | ᠲᠦᠪᠯᠡᠷᠡᠭᠦᠯᠬᠦ ᠬᠦᠴᠦᠷᠭᠡᠭ ᠶᠡᠭᠡ ᠬᠦᠴᠤᠨ ᠴᠢᠳᠠᠯ ᠮᠦᠨ︔ ᠬᠦᠮᠦᠨ ᠲᠦᠷᠦᠯᠬᠢᠲᠠᠠ ᠤ ᠬᠤᠪᠢ ᠵᠠᠶᠠᠭᠠᠠ ᠤ | ᠬᠠᠮᠲᠤ ᠶᠢᠨ ᠴᠤᠭᠴᠠ ᠶᠢ ᠪᠠᠶᠢᠭᠤᠯᠬᠤ ᠳᠤ ᠠᠭᠤᠯᠤᠭᠲᠠᠵᠤ ᠪᠠᠶᠢᠭ᠎ᠠ ᠦᠷᠭᠡᠡ ᠲᠡᠯᠭᠡᠷ ᠤᠷᠢᠶᠠᠯᠠᠬᠤ ᠬᠦᠴᠤᠨ ᠪᠤᠯ | ᠬᠦᠮᠦᠨ ᠲᠦᠷᠦᠯᠬᠢᠲᠠᠠ ᠤ ᠬᠠᠮᠲᠤ ᠪᠠᠷ ᠦᠷᠢᠰᠦᠯᠲᠦᠭᠡᠡ ᠢ ᠠᠷᠭᠠᠴᠠᠭᠠᠵᠦ᠂ ᠨᠡᠩ ᠴᠡᠴᠡᠭᠯᠡᠡ ᠬᠦᠭᠵᠢᠭᠰᠡᠡ ᠰᠠᠶᠢᠨ | ᠰᠠᠶᠢᠬᠠᠠ ᠲᠡᠯᠡᠭᠡᠢ ᠶᠢᠷᠲᠢᠨᠴᠤ ᠶᠢ ᠪᠦᠲᠦᠭᠡᠡ ᠪᠠᠶᠢᠭᠤᠯᠬᠤ ᠬᠦᠮᠦᠨ ᠤ ᠶᠢᠷᠲᠢᠠᠴᠤ ᠶᠢᠨ ᠲᠦᠪ ᠶᠤᠰᠤ ᠮᠦᠨ ᠬᠡᠰᠡᠨ ᠢ | ᠲᠠᠬᠢᠨᠳᠠ ᠭᠡᠷᠡᠴᠢᠯᠡᠭᠰᠡᠨ ᠪᠠᠶᠢᠨ᠎ᠠ ᠭᠡᠵᠦ ᠵᠢᠭᠠᠵᠦ ᠭᠠᠷᠭᠠᠪᠠ᠃ | ᠰᠢ ᠶᠢᠨ ᠫᠢᠩ᠂ ᠤᠲᠤᠬᠠᠠ ᠳᠤ ᠲᠡᠯᠡᠭᠡᠢ ᠳ᠋ᠠᠬᠢᠨ ᠳᠤ ᠵᠠᠭᠤᠨ ᠵᠢᠯ ᠳᠤ ᠲᠤᠬᠢᠶᠠᠯᠲᠤᠭᠠᠳᠤᠢ ᠶᠡᠭᠡ | ᠬᠤᠪᠢᠰᠤᠯᠲᠠ ᠲᠦᠷᠭᠡᠰᠦᠨ ᠬᠤᠪᠢᠷᠠᠵᠤ᠂ ᠤᠯᠤᠰ ᠤᠨ ᠲᠤᠲᠤᠭᠠᠲᠤ ᠶᠢᠨ ᠦᠭᠡᠷᠡᠴᠢᠯᠡᠯᠲᠡ ᠬᠦᠭᠵᠢᠯᠲᠠ | ᠲᠤᠭᠲᠠᠭᠤᠨ ᠤ ᠡᠬᠦᠷᠭᠡ ᠪᠡᠷᠭᠡ ᠬᠠᠲᠠᠭᠤᠵᠢᠯᠲᠠᠢ ᠬᠦᠨᠲᠦ ᠨᠦᠰᠡᠷ ᠪᠠᠶᠢᠨ᠎ᠠ᠃ ︽ᠬᠤᠤᠰ ᠵᠠᠭᠤᠨ ᠵᠢᠯ︾ ᠤᠨ | ᠲᠡᠮᠡᠴᠡᠬᠦ ᠬᠠᠷᠠᠯᠲᠠ ᠶᠢᠨ ᠲᠡᠤᠬᠡ ᠶᠢᠨ ᠠᠭᠤᠯᠵᠠᠷ ᠴᠡᠭ ᠲᠤ ᠵᠤᠭᠰᠤᠠ᠂ ᠪᠢᠲᠠ ᠡᠷᠭᠡᠪᠰᠢ ᠨᠠᠮ ᠤᠨ ᠦᠨᠲᠦᠰᠦᠨ | ᠤᠨᠤᠯ᠂ ᠦᠠᠲᠦᠰᠦᠨ ᠱᠤᠭᠤᠮ᠂ ᠦᠨᠲᠦᠰᠤᠨ ᠠᠷᠭ᠎ᠠ ᠪᠤᠲᠤᠯᠭ᠎ᠠ ᠶᠢ ᠪᠦᠬᠦ ᠲᠠᠯ᠎ᠠ ᠪᠠᠷ ᠲᠤᠭᠤᠰᠢᠯᠠᠭᠤᠯᠵᠦ᠂ | ᠲᠤᠭᠲᠠᠭᠤᠨ ᠤ ᠲᠤᠮᠲᠠ ᠤᠷᠤᠭᠰᠢᠯᠠᠠ ᠲᠠᠪᠰᠢᠬᠤ ᠠᠵᠢᠯ ᠤᠨ ᠶᠡᠷᠦᠩᠭᠡᠢ ᠬᠦᠭ ᠠᠶᠠᠰ ᠢ ᠪᠠᠷᠢᠮᠲᠠᠯᠠᠨ᠂ ᠰᠢᠨ᠎ᠠ | ᠬᠦᠭᠵᠢᠯᠲᠠ ᠶᠢᠨ ᠤᠢᠢᠯᠠᠭᠠᠭᠲᠠᠬᠤᠨ ᠢ ᠡᠷᠡᠰ ᠭᠤᠶᠢᠪᠢᠰᠢ ᠦᠭᠡᠢ ᠲᠤᠭᠤᠰᠢᠯᠠᠭᠤᠯᠵᠦ᠂ ᠰᠢᠨ᠎ᠠ ᠬᠦᠭᠵᠢᠯᠲᠠ ᠶᠢᠨ | ᠪᠠᠶᠢᠷᠢᠰᠢᠯ ᠢ ᠴᠢᠷᠮᠠᠶᠢᠨ ᠪᠦᠷᠢᠯᠳᠦᠬᠦᠯᠵᠤ᠂ ᠤᠯᠤᠰ ᠤᠨ ᠲᠤᠲᠤᠭᠠᠲᠤ ᠪᠠ ᠤᠯᠠᠠ ᠤᠯᠤᠰ ᠭᠡᠬᠦ ᠬᠤᠶᠠᠷ ᠶᠡᠭᠡ | ᠲᠠᠯ᠎ᠠ ᠶᠢ ᠨᠢᠭᠡᠲᠦᠯᠲᠡᠢ ᠲᠦᠯᠦᠪᠵᠢᠭᠦᠯᠤᠨ᠂ ᠬᠦᠭᠵᠢᠯᠲᠠ ᠪᠠ ᠠᠮᠤᠷ ᠲᠦᠪᠰᠢᠨ ᠬᠡᠬᠦ ᠬᠤᠶᠠᠷ ᠲᠤᠮᠤ ᠶᠠᠪᠤᠲᠠᠯ ᠢ | ᠰᠠᠶᠢᠲᠤᠷ ᠠᠳᠬᠤᠵᠦ᠂ ᠤᠯᠤᠰ ᠤᠨ ᠵᠠᠰᠠᠯᠲᠠ ᠶᠢᠨ ᠰᠢᠰᠲ᠋ᠧᠮ ᠪᠠ ᠵᠠᠰᠠᠯᠲᠠ ᠶᠢᠨ ᠴᠢᠲᠠᠪᠤᠷᠢ ᠶᠢᠨ | ᠤᠲᠤᠬᠢᠴᠢᠯᠠᠯᠲᠠ ᠶᠢ ᠠᠬᠢᠭᠤᠯᠵᠦ᠂ ᠨᠠᠮ ᠪᠠ ᠤᠯᠤᠰ ᠤᠨ ᠠᠵᠢᠯ ᠦᠢᠯᠡᠰ ᠤᠨ ᠬᠦᠭᠵᠢᠯᠲᠠ ᠶᠢᠨ ᠰᠢᠨ᠎ᠠ ᠪᠠᠶᠢᠲᠠᠯ ᠢ | ᠲᠠᠰᠤᠷᠠᠯᠲᠠ ᠦᠭᠡᠢ ᠡᠬᠦᠳᠬᠦ ᠭᠡᠷᠡᠭᠲᠡᠢ᠃ ᠪᠢᠲᠠ ᠬᠢᠵᠢᠭ ᠤᠨ ᠪᠠᠶᠢᠳᠠᠯ ᠢ ᠪᠠᠶᠢᠩᠭᠤᠵᠢᠭᠤᠯᠤᠨ ᠰᠡᠷᠭᠡᠶᠢᠯᠡᠨ | ᠡᠵᠡᠮᠳᠡᠬᠦ ᠶᠢ ᠦᠴᠦᠭᠡᠡ ᠴᠤ ᠰᠤᠯᠠᠷᠠᠭᠤᠯᠤᠯ ᠦᠭᠡᠢ ᠴᠢᠩᠭ᠎ᠠ ᠠᠳᠬᠤᠵᠦ᠂ ᠬᠢᠵᠢᠭ ᠲᠠᠢ ᠲᠡᠮᠡᠴᠡᠬᠦ ᠲᠡᠮᠡᠴᠡᠯ ᠤᠨ | ᠪᠦᠬᠦ ᠲᠠᠯ᠎ᠠ ᠶᠢᠨ ᠢᠯᠠᠯᠲᠠ ᠶᠢ ᠴᠢᠷᠮᠠᠶᠢᠠ ᠤᠯᠬᠤ ᠭᠡᠷᠡᠭᠲᠡᠢ᠃ ᠪᠢᠲᠠ ︽ᠵᠢᠷᠭᠤᠭ᠎ᠠ ᠶᠢ ᠲᠤᠭᠲᠠᠪᠤᠷᠢᠵᠢᠭᠤᠯᠬᠤ︾ | ᠠᠵᠢᠯ ᠢ ᠯᠠᠪᠲᠠᠭᠤᠨ ᠪᠠᠲᠤᠲᠠᠢ ᠰᠠᠶᠢᠲᠤᠷ ᠬᠢᠵᠦ᠂ ︽ᠵᠢᠷᠭᠤᠭ᠎ᠠ ᠶᠢ ᠪᠠᠲᠤᠯᠠᠬᠤ︾ ᠡᠬᠦᠷᠭᠡ ᠶᠢ ᠪᠦᠬᠦ ᠲᠠᠯ᠎ᠠ ᠪᠠᠷ | ᠨᠠᠶᠢᠲᠠᠪᠤᠷᠢᠵᠢᠭᠤᠯᠵᠦ᠂ ᠴᠢᠨᠡᠭᠡᠯᠢᠭ ᠨᠡᠶᠢᠭᠡᠮ ᠢ ᠪᠦᠬᠦ ᠲᠠᠯ᠎ᠠ ᠪᠠᠷ ᠪᠡᠶᠡᠯᠡᠭᠦᠯᠬᠦ ᠰᠢᠢᠳᠪᠦᠷᠢᠲᠦ ᠢᠯᠠᠯᠲᠠ ᠶᠢ ᠤᠯᠬᠤ᠂ | ᠶᠠᠲᠠᠭᠤ ᠠᠴᠠ ᠠᠩᠭᠢᠵᠢᠷᠠᠭᠤᠯᠬᠤ ᠪᠤᠭᠤᠮᠲᠠ ᠰᠢᠪᠲᠤᠯᠬᠤ ᠰᠢᠢᠳᠪᠦᠷᠢᠲᠦ ᠲᠠᠶᠢᠯᠠᠯᠲᠤᠭᠠᠠ ᠬᠢᠬᠦ ᠬᠠᠷᠠᠯᠲᠠ | ᠡᠬᠦᠷᠭᠡ ᠪᠠᠨ ᠪᠡᠶᠡᠯᠡᠭᠦᠯᠬᠦ ᠶᠢ ᠪᠠᠲᠤᠯᠠᠬᠤ ᠭᠡᠷᠡᠭᠲᠡᠢ᠃ ᠪᠢᠲᠠ ᠵᠠᠰᠠᠯᠲᠠ ᠶᠢᠨ ᠰᠢᠰᠲ᠋ᠧᠮ ᠤᠨ ᠲᠤᠲᠠᠭᠤᠲᠠᠯ ᠪᠤᠯᠤᠨ | ᠪᠠᠭᠤᠷᠠᠢ ᠲᠠᠯ᠎ᠠ ᠪᠠᠨ ᠲᠦᠷᠭᠡᠡ ᠨᠦᠬᠦᠪᠦᠷᠢᠯᠡᠵᠦ᠂ ᠠᠷᠠᠳ ᠤᠯᠠᠠ ᠤ ᠠᠮᠢ ᠨᠠᠰᠤᠨ ᠤ ᠠᠮᠤᠷ ᠲᠦᠪᠰᠢᠨ ᠪᠤᠯᠤᠨ | ᠪᠡᠶ᠎ᠠ ᠮᠠᠬᠠᠪᠤᠳ ᠤᠨ ᠡᠷᠡᠭᠦᠯ ᠮᠡᠨᠳᠦ ᠶᠢ ᠪᠠᠲᠤᠯᠠᠬᠤ ᠳᠤ ᠪᠠᠲᠦ ᠴᠢᠩᠭ᠎ᠠ ᠲᠦᠷᠢᠮ ᠤᠨ ᠪᠠᠲᠤᠯᠠᠭ᠎ᠠ ᠲᠠᠢ ᠪᠤᠯᠭᠠᠬᠤ | ᠭᠡᠷᠡᠭᠲᠡᠢ᠃ ᠪᠢᠲᠠ ᠬᠦᠮᠦᠨ ᠲᠦᠷᠦᠯᠬᠢᠲᠠᠠ ᠤ ᠬᠤᠪᠢ ᠵᠠᠶᠠᠭᠠᠠ ᠤ ᠬᠠᠮᠲᠤ ᠶᠢᠨ ᠴᠤᠭᠴᠠ ᠶᠢᠨ ᠤᠢᠢᠯᠠᠭᠠᠭᠲᠠᠬᠤᠨ ᠢ | ᠪᠠᠷᠢᠮᠲᠠᠯᠠᠵᠦ᠂ ᠲᠡᠯᠡᠭᠡᠢ ᠨᠡᠶᠢᠭᠡᠮ ᠲᠠᠢ ᠭᠠᠷ ᠬᠤᠯᠪᠤᠯᠴᠠᠠ ᠡᠲᠦᠷ ᠢᠷᠡᠬᠦᠶ᠎ᠠ ᠭᠡᠴᠡᠭᠦᠳᠴᠤ ᠪᠠᠶᠢᠭ᠎ᠠ ᠪᠦᠬᠦ | ᠲᠡᠯᠡᠭᠡᠢ ᠶᠢᠨ ᠴᠢᠨᠠᠷᠲᠠᠢ ᠦᠷᠢᠰᠦᠯᠲᠦᠭᠡᠡ ᠢ ᠠᠷᠭᠠᠴᠠᠭᠠᠬᠤ ᠭᠡᠷᠡᠭᠲᠡᠢ᠃ ᠪᠢᠲᠠ ᠬᠤᠷᠢᠭ᠎ᠠ ᠱᠤᠭᠤᠮ ᠤᠨ | ᠰᠡᠳᠭᠢᠭᠦᠢ ᠶᠢ ᠪᠠᠷᠢᠮᠲᠠᠯᠠᠵᠤ᠂ ᠰᠠᠨᠠᠭᠠᠰᠢᠷᠠᠬᠤ ᠤᠬᠠᠮᠰᠠᠷ ᠢᠶᠠᠨ ᠴᠢᠩᠭᠠᠳᠬᠠᠨ᠂ ᠤᠷᠤᠭᠰᠢᠯᠠᠯᠲᠠ ᠶᠢᠨ ᠵᠠᠮ | ᠲᠡᠭᠡᠷᠡᠬᠢ ᠡᠯ᠎ᠠ ᠵᠦᠢᠯ ᠤᠨ ᠠᠶᠤᠯ ᠲᠦᠭᠰᠢᠬᠦᠷᠢ ᠶᠢ ᠪᠦᠲᠦᠮᠵᠢᠲᠠᠢ ᠰᠡᠷᠭᠡᠶᠢᠯᠡᠨ ᠨᠠᠮᠲᠠᠭᠠᠵᠤ᠂ ᠪᠦᠯᠬᠦᠮᠲᠡᠵᠦ ᠪᠤᠯᠬᠤ | ᠬᠦᠴᠤᠨ ᠪᠦᠬᠦᠨ ᠲᠠᠢ ᠪᠦᠯᠬᠦᠮᠲᠡᠨ᠂ ᠠᠯᠢᠪᠠ ᠢᠲᠡᠪᠬᠢ ᠡᠯᠧᠮᠧᠨ᠋ᠲ ᠢ ᠲᠠᠶᠢᠴᠢᠯᠠᠵᠦ᠂ ᠮᠠᠰᠢ ᠤᠯᠠᠠ ᠰᠢᠨ᠎ᠠ | ᠲᠡᠤᠬᠡᠳᠦ ᠤᠨᠴᠠᠯᠢᠭ ᠲᠠᠢ ᠠᠭᠤᠤ ᠶᠡᠭᠡ ᠲᠡᠮᠡᠴᠡᠯ ᠤᠨ ᠰᠢᠨ᠎ᠠ ᠢᠯᠠᠯᠲᠠ ᠶᠢ ᠲᠠᠰᠤᠷᠠᠯᠲᠠ ᠦᠭᠡᠢ ᠤᠯᠬᠤ ᠭᠡᠷᠡᠭᠲᠡᠢ | ᠭᠡᠵᠦ ᠴᠢᠬᠤᠯᠠᠴᠢᠯᠠᠪᠠ᠃ | ᠰᠢ ᠶᠢᠨ ᠫᠢᠩ ᠬᠠᠮᠤᠭ ᠤᠨ ᠰᠡᠬᠦᠯ ᠳᠤ᠂ ︽ᠤᠷᠴᠢᠯᠠᠩ ᠲᠠᠯᠠᠬᠡᠢ ᠲᠠᠰᠤᠷᠠᠯᠲᠠ ᠦᠭᠡᠢ ᠤᠷᠴᠢᠨ | ᠡᠷᠬᠢᠯᠲᠦᠲᠡᠭ᠂ ᠬᠦᠮᠦᠨ ᠲᠦᠷᠦᠯᠬᠢᠳᠠᠨ ᠲᠠᠰᠤᠷᠠᠯᠲᠠ ᠦᠭᠡᠢ ᠤᠷᠤᠭᠰᠢᠯᠠᠠ ᠲᠠᠪᠰᠢᠲᠠᠭ︾ ᠶᠤᠮ᠃ ᠨᠢᠭᠡ | ᠦᠨᠲᠦᠰᠦᠲᠠᠠ ᠠᠭᠤᠤ ᠶᠡᠭᠡ ᠪᠠᠶᠢᠵᠦ ᠴᠢᠲᠠᠬᠤ᠋ ᠶᠢᠨ ᠦᠨᠲᠦᠰᠦᠨ ᠵᠦᠢᠯ ᠭᠡᠪᠡᠯ ᠶᠠᠮᠠᠷ ᠪᠠ ᠬᠦᠴᠢᠷ ᠪᠡᠷᠭᠡᠰᠢᠶᠡᠯ | ᠪᠤᠯᠤᠨ ᠠᠶᠤᠯ ᠲᠦᠭᠰᠢᠬᠦᠷᠢ ᠳᠤ ᠲᠤᠯᠭᠠᠷᠠᠭᠰᠠᠨ ᠴᠦ ᠶᠡᠷᠦ ᠠᠴᠠ ᠤᠷᠬᠢᠬᠤ ᠦᠭᠡᠢ᠂ ᠤᠬᠤᠷᠢᠬᠤ ᠦᠭᠡᠢ᠂ | ᠵᠤᠭᠰᠤᠬᠤ ᠦᠭᠡᠢ ᠪᠠᠶᠢᠵᠦ᠂ ᠦᠪᠡᠷ ᠤᠨ ᠠᠯᠤᠰ ᠢᠷᠡᠭᠡᠲᠦᠢ ᠬᠤᠪᠢ ᠵᠠᠶᠠᠭᠠᠠ ᠤ ᠪᠠᠨ ᠲᠦᠯᠦᠭᠡ ᠨᠤᠭᠤᠷᠠᠰᠢ | ᠦᠭᠡᠢ ᠴᠦᠬᠦᠷᠡᠰᠢ ᠦᠭᠡᠢ ᠲᠡᠮᠡᠴᠡᠬᠦ ᠳᠤ ᠪᠠᠶᠢᠨ᠎ᠠ᠃ 5000 ᠭᠠᠷᠤᠢ ᠵᠢᠯ ᠤᠨ ᠪᠤᠯᠪᠠᠰᠤᠨ ᠤ ᠬᠦᠭᠵᠢᠯᠲᠠ ᠶᠢᠨ | ᠬᠠᠲᠠᠭᠤ ᠪᠡᠷᠭᠡ ᠲᠡᠮᠡᠴᠡᠯ ᠭᠡᠷᠡᠯ ᠰᠠᠴᠤᠷᠠᠩᠭᠤᠢ ᠠᠮᠵᠢᠯᠲᠠ ᠶᠢᠨ ᠲᠤᠮᠲᠠ ᠠᠴᠠ ᠤᠷᠤᠬᠰᠢᠯᠠᠵᠦ ᠢᠷᠡᠭᠰᠡᠡ ᠲᠤᠮᠲᠠᠲᠤ | ᠤᠯᠤᠰ ᠤᠨ ᠠᠷᠠᠳ ᠲᠦᠮᠠᠠ ᠪᠤᠯᠤᠨ ᠲᠤᠮᠲᠠᠲᠤ ᠶᠢᠨ ᠦᠨᠲᠦᠰᠦᠲᠠᠠ ᠯᠠᠪᠳᠠᠢ ᠰᠢᠨ᠎ᠠ ᠴᠠᠭ ᠦᠶ᠎ᠠ ᠶᠢᠨ ᠠᠭᠤᠤ | ᠶᠡᠭᠡ ᠠᠶᠠᠠ ᠵᠠᠮ ᠢᠶᠠᠷ ᠤᠷᠤᠭᠰᠢᠯᠠᠠ ᠲᠠᠪᠰᠢᠬᠤ ᠶᠤᠮ᠂ ᠶᠠᠮᠠᠷ ᠪᠠ ᠬᠦᠮᠦᠨ ᠶᠠᠮᠠᠷ ᠪᠠ ᠬᠦᠴᠤᠨ ᠭᠡᠳ ᠲᠤᠮᠲᠠᠲᠤ | ᠤᠯᠤᠰ ᠤᠨ ᠠᠷᠠᠳ ᠲᠦᠮᠠᠠ ᠤ ᠨᠡᠩ ᠰᠠᠶᠢᠨ ᠰᠠᠶᠢᠬᠠᠠ ᠠᠮᠢᠲᠤᠷᠠᠯ ᠤᠨ ᠲᠦᠯᠦᠭᠡ ᠲᠡᠮᠡᠴᠡᠬᠦ ᠤᠷᠤᠭᠰᠢᠯᠠᠯᠲᠠ ᠶᠢᠨ | ᠠᠯᠬᠤᠭ᠎ᠠ ᠶᠢ ᠬᠤᠷᠢᠠᠠᠯᠠᠵᠦ ᠴᠢᠲᠠᠬᠤ ᠦᠭᠡᠢ ᠶᠤᠮ︕ ᠭᠡᠵᠦ ᠴᠢᠬᠤᠯᠠᠴᠢᠯᠠᠪᠠ᠃ | ᠬᠤᠷᠠᠯ ᠳᠡᠭᠡᠷ᠎ᠠ᠂ ︽ᠪᠦᠬᠦᠳᠠ ᠨᠠᠶᠢᠷᠠᠮᠳᠠᠬᠤ ᠤᠯᠤᠰ ᠤᠨ ᠭᠠᠪᠢᠶᠠᠨ ᠳᠡᠮᠳᠡᠭ︾ ᠬᠦᠷᠳᠡᠭᠴᠢ ᠵᠦᠩ ᠨᠠᠨ | ᠱᠠᠨ᠂ ᠪᠦᠬᠦ ᠤᠯᠤᠰ ᠤᠨ ᠰᠢᠨ᠎ᠠ ᠳᠢᠳᠢᠮᠯᠢᠭ ᠠᠭᠤᠰᠬᠢᠨ ᠦᠷᠪᠢᠰᠤᠯ ᠤᠨ ᠬᠢᠵᠢᠭ ᠲᠠᠢ ᠲᠡᠮᠡᠴᠡᠭᠰᠡᠨ ᠲᠡᠷᠢᠬᠦᠨ ᠤ | ᠬᠤᠪᠢ ᠬᠦᠮᠦᠨ᠂ ᠪᠦᠬᠦ ᠤᠯᠤᠰ ᠤᠨ ᠰᠢᠯᠢᠳᠡᠭ ᠡᠪ ᠬᠠᠮᠳᠦ ᠨᠠᠮ ᠤᠨ ᠭᠡᠰᠢᠬᠦᠨ᠂ ᠪᠡᠭᠡᠵᠢᠩ ᠤᠨ ᠰᠢᠶᠧ ᠾᠧ | ᠡᠮᠨᠡᠯᠭᠡ ᠶᠢᠨ ᠬᠤᠷᠢᠶᠠᠨ ᠤ ᠬᠠᠯᠳᠠᠪᠤᠷᠢᠲᠦ ᠡᠪᠡᠳᠴᠢᠨ ᠤ ᠳᠤᠳᠤᠷ ᠰᠠᠯᠠᠭᠠᠨ ᠤ ᠡᠷᠬᠢᠯᠡᠭᠴᠢ ᠡᠮᠴᠢ ᠯᠢᠦ ᠵᠧᠩ ᠶᠢᠨ᠂ | ᠪᠦᠬᠦ ᠤᠯᠤᠰ ᠤᠨ ᠰᠢᠨ᠎ᠠ ᠳᠢᠳᠢᠮᠯᠢᠭ ᠠᠭᠤᠰᠬᠢᠨ ᠦᠷᠪᠢᠰᠤᠯ ᠤᠨ ᠬᠢᠵᠢᠭ ᠲᠠᠢ ᠲᠡᠮᠡᠴᠡᠭᠰᠡᠨ ᠲᠡᠷᠢᠬᠦᠨ ᠤ ᠬᠠᠮᠳᠦ᠂ | ᠪᠦᠬᠦ ᠤᠯᠤᠰ ᠤᠨ ᠲᠡᠷᠢᠬᠦᠨ ᠤ ᠦᠨᠳᠦᠰᠦᠨ ᠱᠠᠳᠤᠨ ᠤ ᠨᠠᠮ ᠤᠨ ᠵᠤᠬᠢᠶᠠᠨ ᠪᠠᠶᠢᠭᠤᠯᠤᠯᠳᠠ ᠶᠢᠨ ᠲᠦᠯᠦᠭᠡᠯᠡᠭᠴᠢ᠂ | ᠦᠬᠠᠨ ᠬᠤᠳᠠ ᠶᠢᠨ ᠴᠢᠩ ᠾᠧ ᠵᠢᠤᠢ ᠨᠡᠶᠢᠭᠡᠮ ᠲᠤᠭᠤᠷᠢᠬ ᠤᠨ ᠨᠡᠮ ᠤᠨ ᠶᠡᠷᠦᠩᠭᠡᠢ ᠡᠬᠦᠷ ᠤᠨ ᠱᠦᠵᠢ ᠬᠦᠢ | ᠰᠢᠶᠤᠤ ᠮᠸᠢ ᠦᠬᠡ ᠬᠡᠯᠡᠵᠠᠢ᠃ ᠬᠤᠷᠠᠯ ᠠᠴᠠ ᠡᠮᠦᠨ᠎ᠠ᠂ ᠰᠢ ᠶᠢᠨ ᠫᠢᠩ ᠵᠡᠷᠭᠡ ᠤᠲᠤᠷᠢᠳᠬᠤ ᠨᠦᠬᠦᠳ | ᠤᠯᠤᠰ ᠤᠨ ᠭᠠᠪᠢᠶᠠᠠ ᠲᠡᠮᠲᠡᠭ ᠪᠤᠯᠤᠨ ᠤᠯᠤᠰ ᠤᠨ ᠢᠷᠠᠭᠤ ᠠᠯᠲᠠᠷ ᠤᠨ ᠴᠤᠯᠠ ᠬᠦᠷᠳᠡᠭᠰᠡᠳ᠂ ᠪᠦᠬᠦ | ᠤᠯᠤᠰ ᠤᠨ ᠰᠢᠨ᠎ᠠ ᠲᠢᠲᠢᠮᠯᠢᠭ ᠠᠭᠤᠰᠬᠢᠨ ᠦᠷᠪᠢᠰᠦᠯ ᠤᠨ ᠬᠢᠵᠢᠭ ᠲᠠᠢ ᠲᠡᠮᠡᠴᠡᠭᠰᠡᠡ ᠲᠠᠷᠢᠭᠦᠨ ᠤ ᠬᠤᠪᠢ | ᠬᠦᠮᠦᠨ᠂ ᠲᠠᠷᠢᠭᠦᠨ ᠤ ᠬᠠᠮᠲᠤ ᠶᠢᠨ ᠲᠦᠯᠦᠭᠡᠯᠡᠭᠴᠢ ᠨᠠᠷ ᠲᠠᠢ ᠠᠭᠤᠯᠵᠠᠭᠰᠠᠠ ᠪᠦᠭᠡᠳ ᠤᠯᠠᠠ ᠲᠠᠢ ᠬᠠᠮᠲᠤ | ᠰᠡᠬᠦᠲᠡᠷ ᠲᠠᠲᠠᠭᠤᠯᠤᠨ ᠲᠤᠷᠠᠰᠬᠠᠯ ᠦᠯᠡᠲᠡᠭᠡᠵᠠᠢ᠃ | ᠨᠠᠮ ᠤᠨ ᠲᠦᠪ ᠬᠤᠷᠢᠶᠠᠠ ᠤ ᠤᠯᠤᠰ ᠲᠦᠷᠦ ᠶᠢᠨ ᠲᠤᠪᠴᠢᠶᠠᠠ ᠤ ᠭᠡᠰᠢᠭᠦᠨ᠂ ᠲᠦᠪ ᠤᠨ ᠱᠦᠵᠢ ᠨᠠᠷ ᠤᠨ | ᠭᠠᠵᠠᠷ ᠤᠨ ᠱᠦᠵᠢ᠂ ᠪᠦᠬᠦ ᠤᠯᠤᠰ ᠤᠨ ᠠᠷᠠᠳ ᠤᠨ ᠲᠦᠯᠦᠭᠡᠯᠡᠭᠴᠢᠳ ᠤᠨ ᠶᠡᠭᠡ ᠬᠤᠷᠠᠯ ᠤᠨ ᠪᠠᠶᠢᠩᠭᠤ ᠶᠢᠨ | ᠬᠤᠷᠢᠶᠠᠠ ᠤ ᠲᠡᠳ᠋ ᠬᠤᠷᠢᠶᠠᠨ ᠲᠠᠷᠤᠭ᠎ᠠ᠂ ᠲᠦᠷᠦ ᠶᠢᠨ ᠶᠠᠪᠤᠲᠠᠯ ᠤᠨ ᠭᠡᠰᠢᠭᠦᠨ᠂ ᠠᠷᠠᠳ ᠤᠨ ᠲᠡᠭᠡᠲᠦ ᠰᠢᠭᠦᠬᠦ | ᠬᠤᠷᠢᠶᠠᠠ ᠤ ᠲᠠᠷᠤᠭ᠎ᠠ᠂ ᠠᠷᠠᠳ ᠤᠨ ᠲᠡᠭᠡᠲᠦ ᠪᠠᠶᠢᠴᠠᠭᠠᠬᠤ ᠬᠤᠷᠢᠶᠠᠠ ᠤ ᠪᠠᠶᠢᠴᠠᠭᠠᠬᠤ ᠲᠠᠷᠤᠭ᠎ᠠ᠂ ᠪᠦᠬᠦ | ᠤᠯᠤᠰ ᠤᠨ ᠤᠯᠤᠰ ᠲᠦᠷᠦ ᠶᠢᠨ ᠵᠦᠪᠯᠡᠯᠭᠡᠡ ᠤ ᠲᠡᠳ᠋ ᠲᠡᠷᠢᠭᠦᠯᠡᠭᠴᠢ ᠵᠢᠴᠢ ᠲᠦᠪ ᠤᠨ ᠴᠡᠷᠢᠭ ᠤᠨ ᠶᠠᠪᠤᠲᠠᠯ ᠤᠨ | ᠬᠤᠷᠢᠶᠠᠠ ᠤ ᠭᠡᠰᠢᠭᠦᠳ ᠶᠡᠭᠡ ᠬᠤᠷᠠᠯ ᠳᠤ ᠤᠷᠤᠯᠴᠠᠵᠠᠢ᠃ | ᠡᠯ᠎ᠠ ᠮᠤᠵᠢ ᠦᠪᠡᠷᠲᠡᠭᠡᠡ ᠵᠠᠰᠠᠬᠤ ᠤᠷᠤᠨ ᠰᠢᠭᠤᠳ ᠬᠠᠷᠢᠶ᠎ᠠ ᠬᠤᠲᠠ᠂ ᠲᠦᠪ ᠤᠨ ᠨᠠᠮ ᠵᠠᠰᠠᠭ ᠴᠡᠷᠢᠭ | ᠤᠯᠠᠠ ᠲᠦᠮᠠᠠ ᠤ ᠪᠦᠯᠬᠦᠮ ᠤᠨ ᠡᠯ᠎ᠠ ᠰᠠᠯᠠᠭ᠎ᠠ ᠮᠦᠴᠢᠷ ᠤᠨ ᠬᠠᠷᠢᠭᠤᠴᠠᠯᠭᠠᠲᠠᠠ ᠨᠦᠬᠦᠳ᠂ ᠡᠯ᠎ᠠ | ᠠᠷᠠᠳᠴᠢᠯᠠᠭᠰᠠᠠ ᠨᠠᠮ ᠪᠦ᠋ᠯᠦᠭ ᠤᠨ ᠲᠦᠪ ᠬᠤᠷᠢᠶ᠎ᠠ᠂ ᠪᠦᠬᠦ ᠤᠯᠤᠰ ᠤᠨ ᠦᠢᠯᠡᠳᠪᠦᠷᠢ ᠬᠤᠲᠠᠯᠲᠤᠭᠠᠠ ᠤ | ᠬᠤᠯᠪᠤᠭ᠎ᠠ ᠶᠢᠨ ᠬᠠᠷᠢᠭᠤᠴᠠᠯᠭᠠᠲᠠᠠ ᠨᠦᠬᠦᠳ ᠪᠠ ᠨᠠᠮ ᠪᠦᠯᠦᠭ ᠤᠨ ᠪᠤᠰᠤ ᠬᠦᠮᠦᠰ ᠤᠨ ᠲᠦᠯᠦᠭᠡᠯᠡᠭᠴᠢ᠂ | ᠤᠯᠤᠰ ᠤᠨ ᠭᠠᠪᠢᠶᠠᠠ ᠲᠡᠮᠲᠡᠭ ᠪᠤᠯᠤᠨ ᠤᠯᠤᠰ ᠤᠨ ᠢᠷᠠᠭᠤ ᠠᠯᠲᠠᠷ ᠤᠨ ᠴᠤᠯᠠ ᠬᠦᠷᠳᠡᠭᠰᠡᠳ ᠤᠨ ᠲᠦᠷᠦᠯ | ᠰᠠᠲᠤᠨ ᠤ ᠲᠦᠯᠦᠭᠡᠯᠡᠭᠴᠢ᠂ ᠪᠠᠶᠢᠭ᠎ᠠ ᠨᠢᠭᠡᠴᠢ ᠶᠢᠨ ᠬᠢᠨᠢ ᠲᠦᠯᠦᠭᠡᠯᠡᠭᠴᠢ᠂ ᠰᠢᠨ᠎ᠠ ᠲᠢᠲᠢᠮᠯᠢᠭ ᠠᠭᠤᠰᠬᠢᠨ | ᠦᠷᠪᠢᠰᠦᠯ ᠤᠨ ᠬᠢᠵᠢᠭ ᠲᠠᠢ ᠲᠡᠮᠡᠴᠡᠬᠦ ᠲᠡᠮᠡᠴᠡᠯ ᠳᠤ ᠪᠡᠶ᠎ᠠ ᠦᠷᠡᠭᠲᠡᠭᠰᠠᠠ ᠪᠠᠭᠠᠲᠤᠷᠴᠤᠳ ᠤᠨ ᠲᠦᠷᠦᠯ ᠰᠠᠲᠤᠨ ᠤ | ᠲᠦᠯᠦᠭᠡᠯᠡᠭᠴᠢ᠂ ᠰᠢᠶᠠᠩᠭᠠᠩ ᠤᠤᠮᠸᠠ ᠤ ᠠᠬ᠎ᠠ ᠲᠡᠭᠦᠦ ᠨᠠᠷ᠂ ᠲᠠᠶᠢᠸᠠᠠ ᠤ ᠠᠬ᠎ᠠ ᠲᠡᠭᠦᠦ ᠨᠠᠷ᠂ ᠭᠠᠲᠠᠭᠠᠲᠤ ᠳᠤ | ᠪᠠᠶᠢᠭ᠎ᠠ ᠲᠤᠮᠲᠠᠲᠤ ᠶᠢᠨ ᠬᠠᠷᠢᠶᠠᠲᠤ ᠠᠬ᠎ᠠ ᠲᠡᠭᠦᠦ ᠨᠠᠷ ᠵᠢᠴᠢ ᠤᠯᠤᠰ ᠲᠠᠭᠠᠨ ᠪᠤᠴᠠᠵᠤ ᠢᠷᠡᠭᠰᠡᠡ ᠲᠤᠮᠲᠠᠲᠤ ᠶᠢᠨ | ᠬᠠᠷᠢᠶᠠᠲᠦ᠂ ᠬᠠᠷᠢᠶᠠᠲᠦ ᠨᠠᠷ ᠤᠨ ᠭᠡᠷ ᠪᠦᠯᠢ ᠶᠢᠨ ᠲᠦᠯᠦᠭᠡᠯᠡᠭᠴᠢ᠂ ᠲᠤᠮᠲᠠᠲᠤ ᠤᠯᠤᠰ ᠲᠤ ᠰᠠᠭᠤᠭ᠎ᠠ ᠡᠯ᠎ᠠ | ᠤᠯᠤᠰ ᠤᠨ ᠡᠯᠴᠢᠨ ᠰᠠᠶᠢᠳ᠂ ᠲᠤᠮᠲᠠᠲᠤ ᠤᠯᠤᠰ ᠲᠤ ᠰᠠᠭᠤᠭ᠎ᠠ ᠤᠯᠠᠠ ᠤᠯᠤᠰ ᠤᠨ ᠵᠤᠬᠢᠶᠠᠠ | ᠪᠠᠶᠢᠭᠤᠯᠤᠯᠲᠠ ᠶᠢᠨ ᠲᠦᠯᠦᠭᠡᠯᠡᠭᠴᠢ ᠵᠢᠴᠢ ᠮᠠᠠ ᠤ ᠤᠯᠤᠰ ᠤᠨ ᠰᠢᠨ᠎ᠠ ᠲᠢᠲᠢᠮᠯᠢᠭ ᠠᠭᠤᠰᠬᠢᠨ ᠦᠷᠪᠢᠰᠦᠯ ᠤᠨ | ᠬᠢᠵᠢᠭ ᠲᠠᠢ ᠲᠡᠮᠡᠴᠡᠬᠦ ᠲᠡᠮᠡᠴᠡᠯ ᠲᠤᠮᠲᠠ ᠬᠤᠪᠢ ᠨᠡᠮᠡᠷᠢ ᠦᠵᠡᠭᠦᠯᠦᠭᠰᠡᠡ ᠤᠯᠠᠠ ᠤᠯᠤᠰ ᠤᠨ ᠨᠦᠬᠦᠷᠰᠡᠭ | ᠬᠦᠮᠦᠰ ᠤᠨ ᠲᠦᠯᠦᠭᠡᠯᠡᠭᠴᠢ ᠵᠠᠷᠭᠡ 3000 ᠰᠢᠬᠠᠮ ᠬᠦᠮᠦᠨ ᠶᠡᠭᠡ ᠬᠤᠷᠠᠯ ᠳᠤ ᠤᠷᠤᠯᠴᠠᠵᠠᠢ᠃ | | |