︽ᠬᠤᠶᠡᠷ ᠪᠡᠶᠡᠷ ᠤᠨ ᠡᠳᠤᠷ︾ ᠤᠨ ᠬᠤᠭᠤᠴᠡᠭᠠᠨ ᠳᠤ ᠰᠢᠨ᠎ᠠ ᠲᠢᠳᠢᠮᠯᠢᠭ ᠠᠭᠤᠰᠬᠢᠨ ᠦᠷᠪᠢᠰᠤᠯ ᠢ  ᠰᠡᠷᠬᠡᠶᠢᠯᠡᠨ ᠡᠵᠡᠮᠳᠡᠬᠦ
ᠨᠡᠶᠢᠲᠡᠯᠡᠭᠰᠡᠨ ᠴᠠᠭ᠄
2020/10/13
  ᠦᠷᠬᠡᠨ ᠤᠯᠠᠨ ᠬᠤᠳᠡ ᠶᠢᠨ ᠠᠷᠠᠳ ᠲᠤ᠄ ᠤᠳᠤᠬᠠᠨ ᠳᠤ᠂ ᠬᠢᠵᠢᠭ ᠤᠨ ᠪᠠᠶᠢᠳᠡᠯ ᠮᠦᠨ ᠬᠦ ᠪᠦᠬᠦ ᠪᠦᠮᠪᠤᠷᠴᠡᠭ ᠲᠤ ᠲᠠᠷᠬᠠᠨ ᠲᠡᠯᠬᠡᠷᠡᠵᠤ᠂ ᠤᠯᠤᠰ ᠤᠨ ᠲᠤᠳᠤᠭᠠᠳᠤ ᠳᠤ ᠬᠡᠰᠡᠭ ᠪᠤᠰᠠᠬ ᠡᠪᠡᠳᠴᠢᠨ ᠤ ᠵᠢᠱᠢᠶ᠎ᠠ ᠪᠤᠯᠤᠨ ᠬᠡᠰᠡᠭ ᠭᠠᠵᠠᠷ ᠤᠷᠤᠨ ᠳᠤ ᠬᠢᠵᠢᠭ ᠤᠨ ᠪᠠᠶᠢᠳᠡᠯ ᠬᠡᠨᠡᠳᠳᠡ ᠡᠬᠦᠰᠬᠦ ᠠᠶᠤᠯ ᠲᠦᠭᠰᠢᠬᠦᠷᠢ ᠮᠦᠨ ᠬᠦ ᠤᠷᠤᠰᠢᠵᠤ ᠪᠠᠶᠢᠬᠤ ᠶᠢᠨ ᠲᠡᠬᠡᠷ᠎ᠠ ᠨᠠᠮᠤᠷ ᠡᠪᠤᠯ ᠤᠨ ᠤᠯᠠᠷᠢᠯ ᠨᠢ ᠠᠮᠢᠰᠬᠤᠯ ᠤᠨ ᠵᠠᠮ ᠤᠨ ᠬᠠᠯᠳᠠᠪᠤᠷᠢᠳᠤ ᠡᠪᠡᠳᠴᠢᠨ ᠤᠯᠠᠨ ᠡᠬᠦᠰᠬᠦ ᠬᠤᠭᠤᠴᠠᠭ᠎ᠠ ᠪᠤᠯᠬᠤ ᠤᠴᠢᠷ ᠠᠴᠠ᠂ ︽ᠭᠠᠳᠠᠨ᠎ᠠ ᠠᠴᠠ ᠤᠷᠤᠵᠤ ᠢᠷᠡᠬᠦ ᠶᠢ ᠰᠡᠷᠬᠡᠶᠢᠯᠡᠵᠤ᠂ ᠲᠤᠳᠤᠭᠠᠳᠤ ᠳᠤ ᠪᠠᠨ ᠲᠠᠬᠢᠨ ᠲᠡᠯᠬᠡᠷᠡᠬᠦ ᠶᠢ ᠰᠡᠷᠬᠡᠶᠢᠯᠡᠬᠦ︾ ᠡᠬᠦᠷᠬᠡ ᠮᠦᠨ ᠬᠦ ᠪᠡᠷᠬᠡ ᠬᠠᠳᠠᠭᠤᠵᠢᠯᠳᠡᠢ ᠪᠠᠶᠢᠨ᠎ᠠ᠃      ︽10 · 1︾ ᠤ ᠤᠯᠤᠰ ᠤᠨ ᠪᠠᠶᠠᠷ᠂ ᠨᠠᠢᠮᠠᠨ ᠰᠠᠷ᠎ᠠ ᠶᠢᠨ ᠳᠡᠷᠬᠡᠯ ᠪᠡᠶᠡᠷ ᠤᠨ ᠠᠮᠠᠷᠠᠯᠳᠡ ᠶᠢᠨ ᠬᠤᠭᠤᠴᠠᠭ᠎ᠠ ᠤᠳᠠᠯ ᠦᠬᠡᠢ ᠬᠦᠷᠴᠤ ᠢᠷᠡᠬᠦ ᠲᠠᠰᠢᠷᠠᠮ ᠳᠤ᠂ ᠪᠦᠬᠦ ᠬᠤᠳᠡ ᠶᠢᠨ ᠠᠷᠠᠳ ᠲᠦᠮᠡᠨ ᠤ ᠡᠷᠡᠬᠦᠯ ᠴᠢᠬᠢᠷᠠᠬ᠂ ᠠᠮᠤᠷ ᠲᠦᠪᠰᠢᠨ᠂ ᠡᠶ᠎ᠡ ᠵᠤᠬᠢᠴᠠᠩᠭᠤᠢ᠂ ᠪᠠᠶᠡᠷ ᠬᠦᠷ ᠲᠠᠢ ᠪᠠᠷ ᠠᠮᠠᠷᠠᠯᠳᠡ ᠶᠢᠨ ᠬᠤᠭᠤᠴᠠᠭ᠎ᠠ ᠪᠠᠨ ᠦᠩᠬᠡᠷᠡᠬᠦᠯᠬᠦ ᠶᠢ ᠪᠠᠳᠤᠯᠠᠬᠤ ᠶᠢᠨ ᠲᠦᠯᠤᠬᠡ᠂ ᠤᠳᠤ ᠬᠤᠯᠪᠤᠬᠳᠡᠯ ᠪᠦᠬᠦᠢ ᠶᠠᠪᠤᠳᠡᠯ ᠢ ᠲᠤᠤᠷᠠᠬᠢ ᠮᠡᠳᠤ ᠮᠡᠳᠡᠭᠳᠡᠶ᠎ᠠ       ᠨᠢᠬᠡ᠂ ᠴᠢᠬᠤᠯᠠ ᠦᠬᠡᠢ ᠬᠢᠯᠢ ᠠᠯᠤᠰᠯᠠᠬᠤ ᠵᠤᠭᠠᠴᠠᠯ ᠠᠴᠠ ᠴᠢᠳᠠᠬᠤ ᠶᠢᠨ ᠲᠤᠳᠤᠷ᠎ᠠ ᠵᠠᠶᠢᠯᠠᠰᠬᠢᠵᠤ᠂ ᠤᠯᠤᠰ ᠤᠨ ᠲᠤᠳᠤᠷᠠᠬᠢ ᠵᠤᠭᠠᠴᠠᠯ ᠢ ᠬᠡᠪ ᠤᠨ ᠶᠤᠰᠤᠭᠠᠷ ᠲᠤᠬᠢᠷᠠᠭᠤᠯᠵᠤ ᠪᠤᠯᠤᠨ᠎ᠠ᠃ ᠵᠤᠭᠠᠴᠠᠯ ᠤᠨ ᠬᠤᠭᠤᠴᠠᠭᠠᠨ ᠳᠤ ᠵᠤᠭᠠᠴᠠᠯ ᠤᠨ ᠵᠤᠷᠢᠯᠳᠡ ᠶᠢᠨ ᠤᠷᠤᠨ ᠤ ᠰᠢᠨ᠎ᠠ ᠲᠢᠳᠢᠮᠯᠢᠭ ᠠᠭᠤᠰᠬᠢᠨ ᠦᠷᠪᠢᠰᠤᠯ ᠢ ᠰᠡᠷᠬᠡᠶᠢᠯᠡᠨ ᠡᠵᠡᠮᠳᠡᠬᠦ ᠠᠵᠢᠯ ᠤᠨ ᠲᠤᠬᠠᠢ ᠱᠠᠭᠠᠷᠳᠡᠯᠭ᠎ᠠ ᠶᠢ ᠲᠠᠭᠠᠵᠤ᠂ ᠰᠡᠷᠬᠡᠶᠢᠯᠡᠨ ᠬᠠᠮᠠᠭᠠᠯᠠᠬᠤ ᠬᠡᠷᠡᠭᠰᠡᠯ ᠢ ᠬᠦᠢᠴᠡᠳ ᠠᠪᠴᠤ ᠶᠠᠪᠤᠵᠤ᠂ ᠪᠦᠬᠦ ᠶᠠᠪᠤᠴᠡ ᠳᠤ ᠬᠤᠪᠢ ᠬᠦᠮᠤᠨ ᠤ ᠰᠡᠷᠬᠡᠶᠢᠯᠡᠯᠳᠡ ᠬᠠᠮᠠᠭᠠᠯᠠᠯᠳᠡ ᠶᠢ ᠰᠠᠶᠢᠳᠤᠷ ᠬᠢᠬᠦ ᠬᠡᠷᠡᠭᠳᠡᠢ᠃     ᠬᠤᠶᠠᠷ᠂ ᠡᠳᠤᠷ ᠲᠤᠳᠤᠮ ᠤᠨ ᠠᠮᠠᠪᠴᠢ ᠵᠡᠬᠦᠬᠦ ᠶᠢ ᠪᠠᠷᠢᠮᠳᠠᠯᠠᠵᠤ᠂ ᠪᠤᠰᠤᠳ ᠬᠦᠮᠤᠨ ᠲᠠᠢ ᠠᠮᠤᠷ ᠲᠦᠪᠰᠢᠨ ᠨᠡᠶᠢᠬᠡᠮ ᠤᠨ ᠬᠠᠷᠢᠯᠴᠠᠭ᠎ᠠ ᠶᠢᠨ ᠵᠡᠢ ᠶᠢ ᠪᠠᠳᠤᠯᠠᠬᠤ ᠬᠡᠷᠡᠭᠳᠡᠢ᠃ ᠨᠡᠶᠢᠬᠡᠮ ᠨᠡᠶᠢᠳᠡ ᠶᠢᠨ ᠲᠠᠯᠠᠪᠤᠷ ᠲᠤ ᠤᠷᠤᠬᠤ ᠳᠤ ᠬᠠᠮᠢᠶᠠᠷᠤᠯᠳᠡ ᠶᠢᠨ ᠠᠵᠢᠯᠳᠡᠨ ᠤ ᠰᠤᠷᠠᠬ ᠵᠠᠩᠬᠢ ᠲᠠᠩᠰᠠᠯᠠᠬᠤ᠂ ᠪᠡᠶ᠎ᠠ ᠶᠢᠨ ᠲᠤᠯᠠᠭᠠᠨ ᠢ ᠬᠡᠮᠵᠢᠬᠦ᠂ ᠬᠦᠮᠤᠰ ᠢ ᠬᠤᠪᠢᠶᠠᠷᠢᠯᠠᠬᠤ ᠵᠡᠷᠬᠡ ᠰᠡᠷᠬᠡᠶᠢᠯᠡᠨ ᠡᠵᠡᠮᠳᠡᠬᠦ ᠠᠷᠭ᠎ᠠ ᠪᠠᠷᠢᠯ ᠢ ᠨᠠᠶᠢᠳᠠᠪᠤᠷᠢᠵᠢᠭᠤᠯᠬᠤ ᠳᠤ ᠰᠠᠨᠠᠭᠠᠴᠢᠯᠠᠭ᠎ᠠ ᠠᠴᠠ ᠪᠠᠨ ᠬᠠᠮᠵᠢᠯᠴᠠᠬᠤ ᠬᠡᠷᠡᠭᠳᠡᠢ᠃ ᠤᠯᠠᠨ ᠨᠡᠶᠢᠳᠡ ᠶᠢᠨ ᠵᠠᠮ ᠬᠠᠷᠢᠯᠴᠠᠭᠠᠨ ᠤ ᠪᠠᠭᠠᠵᠢ ᠳᠤ ᠰᠠᠭᠤᠬᠤ ᠳᠤ᠂ ᠴᠢᠳᠠᠬᠤ ᠶᠢᠨ ᠲᠤᠳᠤᠷ᠎ᠠ ᠲᠠᠷᠠᠬᠠᠢ ᠪᠤᠳᠠᠷᠬᠠᠢ ᠰᠠᠭᠤᠬᠤ ᠬᠡᠷᠡᠭᠳᠡᠢ᠃ ᠭᠠᠳᠠᠬᠰᠢ ᠭᠠᠷᠴᠤ ᠬᠤᠭᠤᠯᠠᠯᠠᠬᠤ ᠦᠶ᠎ᠠ ᠳᠤ ᠨᠡᠶᠢᠳᠡ ᠶᠢᠨ ᠰᠠᠪᠬ᠎ᠠ ᠨᠡᠶᠢᠳᠡ ᠶᠢᠨ ᠬᠠᠯᠪᠠᠭ᠎ᠠ ᠶᠢ ᠰᠠᠨᠠᠭᠠᠴᠢᠯᠠᠭ᠎ᠠ ᠠᠴᠠ ᠪᠠᠨ ᠬᠡᠷᠡᠭᠯᠡᠵᠤ᠂ ᠪᠤᠰᠤᠳ ᠵᠤᠴᠢᠳ ᠲᠠᠢ ᠵᠤᠬᠢᠬᠤ ᠵᠠᠢ ᠶᠢ ᠪᠠᠳᠤᠯᠠᠬᠤ ᠬᠡᠷᠡᠭᠳᠡᠢ᠃ ᠺᠢᠨᠤ᠋ ᠲᠢᠶᠠᠳ᠋ᠷ᠂ ᠰᠦᠯᠵᠢᠶ᠎ᠠ ᠶᠢᠨ ᠪᠠᠭᠠᠷ᠂ ᠲᠠᠭᠤᠤ ᠶᠢᠨ ᠲᠢᠩᠬᠢᠮ᠂ ᠨᠤᠮ ᠤᠨ ᠰᠡᠩ ᠂ ᠪᠡᠶ᠎ᠠ ᠴᠢᠬᠢᠷᠠᠬᠵᠢᠭᠤᠯᠬᠤ ᠭᠠᠵᠠᠷ ᠵᠡᠷᠬᠡ ᠪᠢᠳᠡᠬᠦᠮᠵᠢᠯᠡᠭᠰᠡᠨ ᠲᠠᠯᠠᠪᠤᠷ ᠲᠤ ᠲᠤᠰ ᠪᠡᠶ᠎ᠠ ᠶᠢᠨ ᠬᠠᠮᠠᠭᠠᠯᠠᠯᠳᠡ ᠶᠢ ᠰᠠᠶᠢᠳᠤᠷ ᠬᠢᠬᠦ ᠬᠡᠷᠡᠭᠳᠡᠢ᠃       ᠭᠤᠷᠪᠠ᠂ ᠡᠮᠴᠢᠯᠡᠭᠡᠨ ᠤ ᠪᠠᠶᠢᠭᠤᠯᠤᠮᠵᠢ ᠶᠢᠨ ᠠᠵᠢᠯᠲᠠᠨ ᠪᠠ ᠪᠢᠲᠡᠭᠦᠮᠵᠢᠯᠡᠭᠰᠡᠨ ᠲᠠᠯᠠᠪᠤᠷ ᠲᠤ ᠠᠵᠢᠯᠯᠠᠵᠤ ᠪᠠᠶᠢᠭ᠎ᠠ ᠡᠵᠡᠩᠨᠡᠭᠴᠢ᠂ ᠠᠮᠤᠷ ᠢ ᠬᠠᠮᠠᠭᠠᠯᠠᠭᠴᠢ᠂ ᠴᠡᠪᠡᠷᠯᠡᠭᠴᠢ᠂ ᠵᠢᠯᠣᠭᠤᠴᠢ᠂ ᠠᠶᠠᠨᠴᠢᠳ ᠤᠨ ᠲᠡᠭᠡᠭᠡᠪᠦᠷᠢ ᠶᠢᠨ ᠥᠷᠲᠡᠭᠡ ᠶᠢᠨ ᠦᠶ᠋ᠯᠡᠴᠢᠯᠡᠭᠴᠢᠳ᠂ ᠴᠠᠭᠳᠠᠭ᠎ᠠ ᠵᠢᠴᠢ ᠡᠪᠡᠳᠴᠢᠨ ᠦᠵᠡᠭᠦᠯᠦᠭᠴᠢᠳ ᠠᠮᠠᠪᠴᠢ ᠵᠡᠬᠦᠵᠤ᠂ ᠰᠡᠷᠭᠡᠶᠢᠯᠡᠨ ᠡᠵᠡᠮᠳᠡᠬᠦ ᠱᠠᠭᠠᠷᠳᠠᠯᠭ᠎ᠠ ᠶᠢ ᠴᠢᠩᠭ᠎ᠠ ᠵᠢᠷᠤᠮᠯᠠᠨ ᠬᠤᠪᠢ ᠬᠥᠮᠦᠨ ᠤ ᠬᠠᠮᠠᠭᠠᠯᠠᠯᠲᠠ ᠶᠢ ᠰᠠᠶᠢᠲᠤᠷ ᠬᠢᠬᠦ ᠬᠡᠷᠡᠭᠳᠡᠢ᠃      ᠳᠥᠷᠪᠡ᠂ ᠭᠡᠷ ᠪᠦᠯᠢ ᠪᠠ ᠠᠵᠢᠯᠯᠠᠬᠤ ᠲᠠᠯᠠᠪᠤᠷ ᠤᠨ ᠣᠷᠴᠢᠨ ᠲᠣᠭᠤᠷᠢᠨ ᠤ ᠠᠷᠢᠭᠤᠨ ᠴᠡᠪᠡᠷ ᠢ ᠪᠠᠲᠤᠯᠠᠵᠤ ᠂ ᠭᠠᠷ ᠢᠶᠠᠨ ᠰᠠᠶᠢᠲᠤᠷ ᠤᠬᠢᠶᠠᠵᠤ᠂ ᠢᠯᠡᠬᠦᠤ ᠠᠷᠢᠭᠤᠳᠬᠠᠵᠤ᠂ ᠵᠢᠪᠠᠷ ᠰᠠᠯᠬᠢ ᠢᠯᠡᠭᠦᠬᠡᠨ ᠨᠡᠪᠲᠡᠷᠡᠭᠦᠯᠵᠤ᠂ ᠢᠯᠡᠬᠦᠤ ᠱᠦᠭᠦᠷᠳᠡᠨ ᠴᠡᠪᠡᠷᠯᠡᠵᠤ᠂ ᠢᠯᠡᠬᠦᠤ ᠬᠥᠳᠡᠯᠭᠡᠭᠡᠨ ᠬᠢᠵᠦ᠂ ᠰᠠᠶᠢᠨ ᠰᠠᠶᠢᠬᠠᠨ ᠠᠮᠢᠳᠤᠷᠠᠯ ᠤᠨ ᠠᠷᠭ᠎ᠠ ᠮᠠᠶ᠋ᠢᠭ ᠢᠶᠠᠷ ᠬᠤᠪᠢ ᠬᠥᠮᠦᠨ ᠪᠠ ᠭᠡᠷ ᠪᠦᠯᠢ ᠶᠢᠨ ᠪᠦᠷᠢᠯᠳᠦᠬᠦᠨ ᠤ ᠪᠠᠨ ᠡᠷᠡᠭᠦᠯ ᠮᠡᠨᠳᠤ ᠶᠢ ᠬᠠᠮᠠᠭᠠᠯᠠᠬᠤ ᠬᠡᠷᠡᠭᠲᠡᠶ᠃       ᠲᠠᠪᠤ᠂ ᠬᠤᠪᠢ ᠬᠥᠮᠦᠨ ᠵᠢᠴᠢ ᠭᠡᠷ ᠪᠦᠯᠢ ᠶᠢᠨ ᠪᠦᠷᠢᠯᠳᠦᠬᠦᠨ ᠤ ᠡᠷᠡᠭᠦᠯ ᠮᠡᠨᠳᠦ ᠶᠢᠨ ᠬᠢᠨᠠᠨ ᠬᠡᠮᠵᠢᠯᠲᠡ ᠶᠢ ᠰᠠᠨᠠᠭᠠᠴᠢᠯᠠᠭ᠎ᠠ ᠠᠴᠠ ᠪᠠᠨ ᠰᠠᠶᠢᠲᠤᠷ ᠬᠢᠵᠤ᠂ ᠬᠠᠯᠠᠭᠤᠷᠠᠬᠤ᠂ ᠬᠠᠨᠢᠶᠠᠬᠤ᠂ ᠴᠡᠭᠡᠵᠢ ᠴᠢᠬᠤᠯᠳᠠᠬᠤ ᠵᠡᠷᠭᠡ ᠡᠪᠡᠳᠴᠢᠨ ᠤ ᠢᠯᠡᠷᠡᠯ ᠭᠠᠷᠪᠠᠯ᠂ ᠲᠡᠷᠡ ᠳᠠᠷᠤᠶ ᠳᠤ ᠨᠢ ᠨᠡᠶᠢᠭᠡᠮ ᠲᠣᠭᠤᠷᠢᠭ ᠲᠤ ᠮᠡᠳᠡᠭᠦᠯᠦᠨ ᠳᠠᠩᠰᠠᠯᠠᠭᠤᠯᠬᠤ ᠶᠢᠨ ᠬᠠᠮᠲᠤ ᠴᠠᠭ ᠲᠤᠬᠠᠶ ᠳᠤ ᠨᠢ ᠣᠶᠢᠷ᠎ᠠ ᠬᠠᠪᠢ ᠶᠢᠨ ᠬᠠᠯᠠᠭᠤᠷᠠᠯ ᠤᠨ ᠡᠭᠦᠳᠡᠨ ᠡᠮᠨᠡᠯᠭᠡ ᠳᠤ ᠬᠦᠷᠴᠦ ᠡᠮᠨᠡᠬᠦᠯᠵᠤ᠂ ᠡᠮᠨᠡᠯᠭᠡ ᠶᠢᠨ ᠠᠵᠢᠯᠲᠠᠳ ᠲᠤ ᠭᠠᠳᠠᠭᠰᠢ ᠭᠠᠷᠴᠤ ᠵᠤᠭᠠᠴᠠᠵᠤ ᠰᠠᠭᠤᠬᠰᠠᠨ ᠲᠡᠤᠬᠡ ᠵᠢᠴᠢ ᠬᠥᠮᠦᠰ ᠲᠠᠢ ᠣᠶᠢᠷᠠᠲᠤᠭᠰᠠᠨ ᠪᠠᠶᠢᠳᠠᠯ ᠢᠶᠠᠨ ᠦᠨᠡᠨ ᠪᠣᠳᠠᠲᠠᠶ ᠪᠠᠷ ᠨᠢ ᠮᠡᠳᠡᠭᠳᠡᠵᠦ᠂ ᠡᠮᠴᠢᠯᠡᠭᠡᠨ ᠤ ᠪᠠᠶᠢᠭᠤᠯᠤᠮᠵᠢ ᠶᠢᠨ ᠪᠠᠶᠢᠴᠠᠭᠠᠯᠲᠠ ᠳᠤ ᠰᠠᠶᠢᠲᠤᠷ ᠬᠠᠮᠵᠢᠯᠴᠠᠬᠤ ᠬᠡᠷᠡᠭᠲᠡᠶ᠃     ᠵᠢᠷᠭᠤᠭ᠎ᠠ᠂ ᠥᠷᠭᠡᠨ ᠣᠯᠠᠨ ᠬᠤᠲᠠ ᠶᠢᠨ ᠠᠷᠠᠳ ︽ᠬᠥᠮᠦᠨ ᠪᠣᠯᠭᠠᠨ ᠥᠪᠡᠷ ᠤᠨ ᠡᠷᠡᠭᠦᠯ ᠮᠡᠨᠳᠦ ᠶᠢᠨ ᠨᠢᠭᠡᠳᠦᠭᠡᠷ ᠬᠠᠷᠢᠭᠤᠴᠠᠯᠭᠠᠲᠠᠨ︾᠂ ︽ᠦᠪᠡᠷ ᠤᠨ ᠡᠷᠡᠭᠦᠯ ᠮᠡᠨᠳᠤ ᠪᠠᠨ ᠦᠪᠡᠷ ᠢᠶᠠᠨ ᠡᠵᠡᠨ ᠮᠡᠳᠡᠨ᠎ᠡ︾ ᠭᠡᠬᠦ ᠡᠵᠡᠨ ᠬᠥᠮᠦᠨ ᠤ ᠵᠣᠷᠢᠭ ᠰᠠᠨᠠᠭ᠎ᠠ ᠪᠠᠷ᠂ ᠡᠪᠡᠳᠴᠢᠨ ᠡᠮᠭᠡᠭ ᠢ ᠰᠡᠷᠭᠡᠶᠢᠯᠡᠨ ᠵᠠᠰᠠᠬᠤ ᠰᠢᠨᠵᠢᠯᠡᠬᠦ ᠤᠬᠠᠭᠠᠨ ᠢ ᠲᠦᠭᠡᠮᠡᠯᠵᠢᠭᠦᠯᠬᠦ ᠮᠡᠳᠡᠯᠭᠡ ᠶᠢ ᠰᠠᠨᠠᠭᠠᠴᠢᠯᠠᠭ᠎ᠠ ᠠᠴᠠ ᠪᠠᠨ ᠰᠤᠷᠤᠯᠴᠠᠵᠤ᠂ ᠡᠷᠡᠭᠦᠯ ᠰᠠᠷᠠᠭᠤᠯ ᠠᠮᠢᠳᠤᠷᠠᠯ ᠤᠨ ᠠᠷᠭ᠎ᠠ ᠬᠡᠯᠪᠡᠷᠢ ᠶᠢ ᠲᠦᠷᠦᠭᠦᠯᠡᠨ ᠦᠢᠯᠡᠳᠦᠯᠭᠡᠵᠢᠭᠦᠯᠵᠦ᠂ ᠰᠢᠨᠵᠢᠯᠡᠬᠦ ᠤᠬᠠᠭᠠᠨᠴᠢ ᠪᠠᠷ ᠪᠦᠲᠦᠮᠵᠢᠲᠡᠢ ᠰᠡᠷᠭᠡᠶᠢᠯᠡᠨ ᠡᠵᠡᠮᠳᠡᠬᠦ ᠶᠢ ᠪᠡᠶᠡᠯᠡᠭᠦᠯᠬᠦ ᠬᠡᠷᠡᠭᠳᠡᠢ᠃                          ᠲᠦᠩᠯᠢᠶᠣᠤ ᠬᠤᠲᠠ ᠶᠢᠨ ᠰᠢᠨ᠎ᠡ ᠲᠢᠲᠢᠮᠯᠢᠭ ᠠᠭᠤᠰᠬᠢᠠ ᠦᠷᠪᠢᠰᠦᠯ ᠢ ᠰᠡᠷᠭᠡᠶᠢᠯᠡᠨ ᠡᠵᠡᠮᠳᠡᠬᠦ ᠠᠵᠢᠯ ᠤᠨ ᠵᠢᠯᠣᠭᠤᠳᠬᠤ ᠭᠠᠵᠠᠷ                                                      2020 ᠣᠨ ᠤ 9 ᠰᠠᠷ᠎ᠠ ᠶᠢᠨ 25
 
ᠢᠷᠡᠯᠲᠡ᠄ ᠲᠥᠩᠯᠢᠶᠤᠤ ᠬᠤᠲᠠ ᠶᠢᠨ ᠵᠠᠰᠠᠭ ᠤᠨ ᠤᠷᠳᠤᠨ ᠤ ᠮᠤᠩᠭᠤᠯ ᠰᠦᠯᠵᠢᠶ᠎ᠡ
 
 
ᠬᠠᠮᠢᠶ᠎ᠡ ᠪᠦᠬᠦᠢ ᠰᠣᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备05070829号