ᠱᠠᠨᠳᠦ᠋ᠩ ᠮᠤᠵᠢ ᠶᠢᠨ ᠴᠢᠩᠳᠣᠤ ᠬᠤᠲᠠ ᠶᠢᠨ ᠡᠷᠡᠭᠦᠯ ᠬᠠᠮᠠᠭᠠᠯᠠᠯ ᠡᠷᠡᠭᠦᠯ ᠮᠡᠨᠳᠦ ᠶᠢᠨ ᠵᠥᠪᠯᠡᠯ ᠤᠨ 12 ᠤ | ᠥᠷᠯᠥᠭᠡ ᠡᠷᠲᠡ ᠨᠡᠶᠢᠲᠡᠯᠡᠭᠰᠡᠨ ᠮᠡᠳᠡᠭᠡ ᠶᠢ ᠦᠨᠳᠦᠰᠦᠯᠡᠪᠡᠯ᠂ 2020 ᠣᠨ ᠤ 10 ᠰᠠᠷ᠎ᠠ ᠶᠢᠨ 11 ᠤ ᠡᠳᠦᠷ᠂ | ᠴᠢᠩᠳᠣᠤ ᠬᠤᠲᠠ ᠳᠤ 3 ᠰᠢᠨ᠎ᠡ ᠲᠢᠲᠢᠮᠯᠢᠭ ᠠᠭᠤᠰᠬᠢᠨ ᠦᠷᠪᠢᠰᠦᠯ ᠤᠨ ᠡᠪᠡᠳᠴᠢᠨ ᠤ ᠢᠯᠡᠷᠡᠯ ᠥᠬᠡᠶ | ᠬᠠᠯᠳᠠᠪᠤᠷᠢᠯᠠᠭᠳᠠᠭᠰᠠᠳ ᠢ ᠢᠯᠡᠷᠡᠭᠦᠯᠦᠭᠰᠡᠨ ᠤ ᠳᠠᠷᠠᠭ᠎ᠠ᠂ ᠳᠠᠷᠦ᠋ᠢᠬᠠᠨ ᠶᠡᠭᠡ ᠬᠡᠪᠴᠢᠶᠡᠨ ᠤ ᠲᠠᠬᠤᠯ ᠡᠪᠡᠳᠴᠢᠨ ᠤ | ᠪᠠᠶᠢᠴᠠᠭᠠᠯᠲᠠ ᠶᠢ ᠵᠢᠭᠰᠠᠭᠠᠨ ᠪᠠᠶᠢᠴᠠᠭᠠᠬᠤ ᠪᠠ ᠲᠥᠷᠥᠯ ᠬᠤᠪᠢᠶᠠᠨ ᠪᠠᠶᠢᠴᠠᠭᠠᠨ ᠬᠡᠮᠵᠢᠬᠦ ᠶᠢ ᠵᠣᠬᠢᠶᠠᠨ ᠪᠠᠶᠢᠭᠤᠯᠤᠨ | ᠥᠷᠨᠢᠭᠦᠯᠵᠦ᠂ ᠨᠢᠭᠲᠠ ᠣᠶᠢᠷᠠᠲᠤᠭᠴᠢ ᠪᠠ ᠬᠤᠲᠠ ᠶᠢᠨ ᠴᠡᠭᠡᠵᠢᠨ ᠰᠠᠯᠠᠭᠠᠨ ᠤ ᠡᠮᠨᠡᠯᠭᠡ ᠶᠢᠨ ᠬᠤᠷᠢᠶ᠎ᠠ ᠶᠢᠨ | ᠬᠠᠮᠢᠶ᠎ᠠ ᠪᠦᠬᠦᠢ ᠠᠵᠢᠯᠲᠠᠨ ᠢ ᠲᠦᠭᠰᠢᠭᠦᠷᠢ ᠶᠡᠬᠡᠲᠡᠶ ᠬᠥᠮᠦᠰ ᠤᠨ ᠬᠤᠪᠢ ᠪᠠᠷ ᠭᠤᠤᠯᠳᠠᠯᠭ᠎ᠠ ᠲᠠᠢ ᠬᠢᠨᠠᠨ ᠬᠡᠮᠵᠢᠪᠡ᠃ | ᠨᠡᠶᠢᠲᠡ 377 ᠡᠪᠡᠳᠴᠢᠲᠡᠨ ᠪᠣᠯᠤᠨ ᠬᠤᠲᠠ ᠶᠢᠨ ᠴᠡᠭᠡᠵᠢᠨ ᠤ ᠰᠠᠯᠠᠭ᠎ᠠ ᠶᠢᠨ ᠡᠮᠨᠡᠯᠭᠡ ᠶᠢᠨ ᠬᠤᠷᠢᠶᠠᠨ ᠤ ᠪᠦᠬᠦ | ᠡᠪᠡᠳᠴᠢᠲᠡᠨ ᠢ ᠪᠠᠶᠢᠴᠠᠭᠠᠵᠠᠶ᠃ ᠡᠭᠦᠨ ᠳᠤ ᠰᠢᠨ᠎ᠡ ᠪᠠᠷ ᠨᠡᠮᠡᠭᠳᠡᠭᠰᠡᠨ ᠪᠥᠭᠡᠮ ᠬᠦᠴᠢᠯ ᠤᠨ ᠪᠠᠶᠢᠴᠠᠭᠠᠨ ᠬᠡᠮᠵᠢᠭᠰᠡᠨ | ᠦᠷ᠎ᠡ ᠳ᠋ᠦᠩ ᠳᠤ ᠠᠷᠭ᠎ᠠ ᠴᠢᠨᠠᠷᠲᠠᠢ 9 ᠬᠥᠮᠦᠨ᠂ ᠡᠭᠦᠨ ᠳᠤ 8 ᠬᠤᠲᠠ ᠶᠢᠨ ᠴᠡᠭᠡᠵᠢᠨ ᠡᠮᠨᠡᠯᠭᠡ ᠶᠢᠨ | ᠬᠤᠷᠢᠶᠠᠨ ᠤ ᠡᠮᠨᠡᠯᠭᠡ ᠶᠢᠨ ᠬᠤᠷᠢᠶᠠᠨ ᠳᠤ ᠪᠠᠶᠢᠭ᠎ᠠ ᠡᠪᠡᠳᠴᠢᠲᠡᠨ ᠵᠢᠴᠢ ᠰᠤᠪᠢᠯᠠᠭᠴᠢ᠂ 1 ᠡᠪᠡᠳᠴᠢᠲᠡᠨ ᠤ ᠭᠡᠷ | ᠪᠦᠯᠢ ᠶᠢ ᠪᠠᠭᠲᠠᠭᠠᠵᠤ᠂ ᠲᠤᠰᠬᠠᠶ ᠮᠡᠷᠭᠡᠵᠢᠯᠲᠡᠨ ᠤ ᠳᠤᠭᠤᠶᠢᠯᠠᠩ ᠢᠶᠠᠷ ᠲᠠᠰᠤᠯᠤᠨ ᠲᠣᠭᠲᠠᠭᠠᠯᠭᠠᠨ᠎ᠠ᠃ ᠡᠭᠦᠨ ᠳᠤ | 4 ᠵᠢᠱᠢᠶ᠎ᠡ ᠨᠢ ᠣᠨᠣᠰᠢᠯᠠᠭᠰᠠᠨ ᠡᠪᠡᠳᠴᠢᠨ ᠤ ᠵᠢᠱᠢᠶ᠎ᠡ᠂ 5 ᠵᠢᠱᠢᠶ᠎ᠡ ᠨᠢ ᠡᠪᠡᠳᠴᠢᠨ ᠤ ᠰᠢᠨᠵᠢ ᠦᠭᠡᠢ | ᠬᠠᠯᠳᠠᠪᠤᠷᠢᠯᠠᠭᠰᠠᠳ ᠪᠣᠯᠤᠨ᠎ᠠ᠃ | 10 ᠰᠠᠷ᠎ᠠ ᠶᠢᠨ 11 ᠤ ᠡᠳᠦᠷ ᠤᠨ 23 ᠴᠠᠭ ᠪᠣᠯᠲᠠᠯ᠎ᠠ᠂ ᠴᠢᠩᠳᠣᠤ ᠬᠤᠲᠠ ᠳᠤ ᠨᠡᠶᠢᠲᠡ 6 | ᠣᠨᠣᠰᠢᠯᠠᠭᠰᠠᠨ ᠡᠪᠡᠳᠴᠢᠨ ᠤ ᠵᠢᠱᠢᠶ᠎ᠡ ᠢᠯᠡᠷᠡᠭᠦᠯᠪᠡ᠂ ᠡᠭᠦᠨ ᠳᠤ 2 ᠨᠢ ᠡᠮᠦᠨ᠎ᠡ ᠨᠡᠶᠢᠲᠡᠯᠡᠭᠰᠡᠨ ᠡᠪᠡᠳᠴᠢᠨ ᠤ | ᠰᠢᠨᠵᠢ ᠲᠡᠮᠳᠡᠭ ᠥᠬᠡᠶ ᠬᠠᠯᠳᠠᠪᠤᠷᠢᠯᠠᠭᠴᠢ ᠵᠢᠶᠠᠩ ᠣᠪᠣᠭᠲᠤ ︵ᠡᠮᠡᠭᠲᠡᠶ︶᠂ ᠬᠠᠨ ᠣᠪᠣᠭᠲᠤ ᠪᠤᠴᠠᠵᠤ ᠢᠷᠡᠪᠡ ᠃ | ᠡᠪᠡᠳᠴᠢᠨ ᠤ ᠰᠢᠨᠵᠢ ᠦᠭᠡᠢ 6 ᠬᠠᠯᠳᠠᠪᠤᠷᠢᠯᠠᠭᠰᠠᠳ ᠪᠠᠶᠢᠨ᠎ᠠ᠃ ᠣᠳᠣᠬᠠᠨ ᠳᠤ ᠢᠯᠡᠷᠡᠭᠦᠯᠦᠭᠰᠡᠨ ᠡᠪᠡᠳᠴᠢᠨ ᠤ | ᠵᠢᠱᠢᠶ᠎ᠡ ᠪᠣᠯᠤᠨ ᠡᠪᠡᠳᠴᠢᠨ ᠤ ᠢᠯᠡᠷᠡᠯ ᠦᠭᠡᠶ ᠬᠠᠯᠳᠠᠪᠤᠷᠢᠯᠠᠭᠰᠠᠳ ᠪᠦᠷ ᠴᠢᠩᠳᠣᠤ ᠬᠤᠲᠠ ᠶᠢᠨ ᠴᠡᠭᠡᠵᠢᠨ ᠤ | ᠰᠠᠯᠠᠭᠠᠨ ᠤ ᠡᠮᠨᠡᠯᠭᠡ ᠶᠢᠨ ᠬᠤᠷᠢᠶ᠎ᠠ ᠲᠠᠢ ᠳᠡᠭᠡᠳᠦ ᠬᠡᠮᠵᠢᠶ᠎ᠡ ᠪᠠᠷ ᠬᠤᠯᠪᠤᠭᠳᠠᠨ᠎ᠠ᠃ | ᠣᠳᠣᠬᠠᠨ ᠳᠤ᠂ ᠴᠢᠩᠳᠣᠤ ᠬᠤᠲᠠ ᠲᠠᠢ ᠨᠢᠭᠲᠠ ᠣᠶᠢᠷᠠᠲᠤᠭᠰᠠᠨ 76 ᠬᠥᠮᠦᠨ ᠢ ᠪᠠᠶᠢᠴᠠᠭᠠᠵᠤ᠂ 34 | ᠬᠥᠮᠦᠨ ᠤ ᠳ᠋ᠦᠩᠨᠡᠯᠲᠡ ᠭᠠᠷᠴᠤ᠂ ᠪᠦᠷ ᠪᠢᠯᠢᠭ ᠴᠢᠨᠠᠷ ᠲᠠᠢ᠂ ᠡᠩ ᠤᠨ ᠪᠠᠶᠢᠳᠠᠯ ᠤᠨ ᠤᠶᠢᠷᠠᠳᠤᠭᠴᠢ 810 | ᠬᠥᠮᠦᠨ ᠲᠠᠢ ᠪᠦᠭᠡᠳ᠂ 485 ᠬᠥᠮᠦᠨ ᠤ ᠦᠷ᠎ᠡ ᠳ᠋ᠦᠩ ᠭᠠᠷᠴᠤ᠂ ᠴᠥᠮ ᠪᠢᠯᠢᠭ ᠴᠢᠨᠠᠷ ᠲᠠᠢ ᠪᠣᠯᠵᠠᠶ᠃ ᠪᠦᠬᠦ | ᠬᠤᠲᠠ ᠶᠢᠨ ᠡᠮᠴᠢᠯᠡᠭᠡᠨ ᠤ ᠪᠠᠶᠢᠭᠤᠯᠤᠮᠵᠢ ᠶᠢᠨ ᠠᠵᠢᠯᠲᠠᠨ᠂ ᠰᠢᠨ᠎ᠡ ᠡᠮᠨᠡᠯᠭᠡ ᠳᠤ ᠰᠠᠭᠤᠭᠰᠠᠨ ᠡᠪᠡᠳᠴᠢᠲᠡ ᠨ᠊ ᠪᠠ | ᠬᠠᠪᠰᠤᠷᠤᠨ ᠰᠤᠪᠢᠯᠠᠭᠴᠢ 143893 ᠬᠥᠮᠦᠨ ᠢ ᠵᠢᠭᠰᠠᠭᠠᠨ ᠪᠠᠶᠢᠴᠠᠭᠠᠵᠤ᠂ ᠥᠯᠢᠭᠡᠷ ᠡᠳ᠋ ᠢ ᠪᠦᠬᠦᠨ ᠢ ᠠᠪᠴᠤ | ᠳᠠᠭᠤᠰᠬᠠᠭᠠᠳ 114862 ᠬᠥᠮᠦᠨ ᠤ ᠳ᠋ᠦᠩᠨᠡᠯᠲᠡ ᠭᠠᠷᠴᠤ᠂ ᠪᠦᠬᠦᠨ ᠢᠶᠠᠷ ᠢᠶᠠᠨ ᠪᠢᠯᠢᠭ ᠴᠢᠨᠠᠷ ᠲᠠᠢ ᠪᠣᠯᠵᠠᠶ᠃ | ᠪᠦᠬᠦ ᠠᠵᠢᠯᠲᠠᠨ ᠢ ᠪᠠᠶᠢᠴᠠᠭᠠᠨ ᠰᠢᠯᠭᠠᠬᠤ ᠲᠥᠰᠦᠯ ᠢ ᠲᠣᠭᠲᠠᠭᠠᠭᠰᠠᠨ ᠪᠥᠭᠡᠳ ᠨᠢᠭᠡᠨᠲᠡ ᠡᠬᠢᠯᠡᠭᠦᠯᠵᠦ᠂ 3 | ᠡᠳᠦᠷ ᠤᠨ ᠳᠣᠲᠣᠷ᠎ᠠ ᠬᠤᠲᠠ ᠶᠢᠨ ᠡᠮᠦᠨ᠎ᠡ᠂ ᠬᠤᠲᠠ ᠶᠢᠨ ᠬᠤᠶᠢᠲᠤ᠂ ᠯᠢ ᠼᠠᠩ᠂ ᠯᠣᠣᠱᠠᠨ᠂ ᠴᠧᠩ ᠶᠠᠩ | ᠲᠠᠪᠤᠨ ᠲᠤᠭᠤᠷᠢᠭ ᠤᠨ ᠰᠢᠯᠭᠠᠨ ᠪᠠᠶᠢᠴᠠᠭᠠᠯᠲᠠ ᠶᠢ ᠪᠦᠬᠦᠨ ᠢ ᠬᠠᠮᠤᠷᠴᠤ᠂ 5 ᠡᠳᠦᠷ ᠤᠨ ᠳᠣᠲᠣᠷ᠎ᠠ ᠪᠥᠬᠦ | ᠬᠤᠲᠠ ᠶᠢᠨ ᠰᠢᠯᠭᠠᠨ ᠪᠠᠶᠢᠴᠠᠭᠠᠯᠲᠠ ᠶᠢ ᠪᠦᠬᠦᠨ ᠢ ᠬᠠᠮᠤᠷᠪᠠ᠃ ᠪᠠᠶᠢᠴᠠᠭᠠᠨ ᠰᠢᠯᠭᠠᠭᠰᠠᠨ ᠦᠷ᠎ᠡ ᠳ᠋ᠦᠩ ᠢ ᠴᠠᠭ | ᠲᠤᠬᠠᠶ ᠳᠤᠨᠢ ᠨᠡᠶᠢᠲᠡᠯᠡᠬᠦ ᠪᠣᠯᠤᠨ᠎ᠠ᠃ | ᠠᠳᠡ ᠲᠦᠩᠯᠢᠶᠣᠤ ᠬᠤᠲᠠ ᠶᠢᠨ ᠥᠷᠭᠡᠨ ᠣᠯᠠᠨ ᠠᠷᠠᠳ ᠲᠤ ᠰᠠᠨᠠᠭᠤᠯᠬᠤ ᠨᠢ᠄ | ᠣᠳᠣ ᠮᠠᠨ ᠤ ᠬᠤᠲᠠ ᠳᠤ ᠰᠠᠭᠤᠵᠤ ᠪᠠᠶᠢᠭ᠎ᠠ ᠮᠥᠷᠲᠡᠭᠡᠨ 9 ᠰᠠᠷ᠎ᠠ ᠶᠢᠨ 27 ᠤ ᠡᠳᠦᠷ ᠠᠴᠠ ᠨᠠᠰᠢ | ᠳᠣᠤᠷᠠᠬᠢ ᠮᠡᠲᠦ ᠬᠤᠯᠪᠤᠭᠳᠠᠯ ᠪᠦᠬᠦᠢ ᠬᠤᠲᠠ ᠶᠢᠨ ᠠᠷᠠᠳ ᠪᠠᠶᠢᠨ᠎ᠠ᠄ | 1. ᠴᠢᠩᠳᠣᠤ ᠬᠤᠲᠠ ᠳᠤ ᠵᠢᠭᠤᠯᠴᠢᠯᠠᠨ ᠰᠠᠭᠤᠭᠰᠠᠨ ᠲᠡᠤᠬᠡ︔ | 2. ᠴᠢᠩᠳᠣᠤ ᠬᠤᠲᠠ ᠶᠢᠨ ᠴᠡᠭᠡᠵᠢᠨ ᠡᠮᠨᠡᠯᠭᠡ ᠶᠢᠨ ᠬᠤᠷᠢᠶ᠎ᠠ ᠳᠤ ᠬᠦᠷᠴᠦ ᠥᠩᠭᠡᠷᠡᠭᠰᠡᠨ᠂ ᠡᠮᠨᠡᠯᠭᠡ ᠶᠢᠨ | ᠬᠤᠷᠢᠶᠠᠨ ᠤ ᠡᠪᠡᠳᠴᠢᠲᠡᠨ ᠪᠠ ᠰᠤᠪᠢᠯᠠᠭᠴᠢ ᠲᠠᠢ ᠣᠶᠢᠷᠠᠳᠴᠤ ᠥᠩᠭᠡᠷᠡᠭᠰᠡᠨ︔ | 3. ᠣᠶᠢᠷ᠎ᠠ ᠳᠤ ᠴᠢᠩᠳᠣᠤ ᠬᠤᠲᠠ ᠠᠴᠠ ᠬᠢᠯᠢ ᠳᠤ ᠣᠷᠣᠵᠤ ᠢᠷᠡᠭᠰᠡᠨ ᠬᠥᠮᠦᠰ ᠲᠠᠢ ᠣᠶᠢᠷᠠᠲᠤᠵᠤ | ᠥᠩᠭᠡᠷᠡᠭᠰᠡᠨ︔ | 4. ᠴᠢᠩᠳᠣᠤ ᠬᠤᠲᠠ ᠶᠢᠨ ᠡᠮᠦᠨ᠎ᠡ ᠲᠣᠭᠤᠷᠢᠭ᠂ ᠬᠤᠲᠠ ᠶᠢᠨ ᠬᠤᠶᠢᠲᠤ ᠲᠣᠭᠤᠷᠢᠭ᠂ ᠯᠢ ᠼᠠᠩ ᠲᠣᠭᠤᠷᠢᠭ᠂ | ᠯᠣᠣᠱᠠᠨ ᠲᠣᠭᠤᠷᠢᠭ᠂ ᠴᠧᠩ ᠶᠠᠩ ᠲᠣᠭᠤᠷᠢᠭ ᠲᠠᠢ ᠣᠶᠢᠷᠠᠲᠤᠵᠤ ᠥᠩᠭᠡᠷᠡᠭᠰᠡᠨ ᠬᠤᠲᠠ ᠶᠢᠨ ᠠᠷᠠᠳ ᠃ | ᠮᠠᠨ ᠤ ᠬᠤᠲᠠ ᠶᠢᠨ ᠡᠯ᠎ᠡ ᠱᠠᠲᠤᠨ ᠤ ᠬᠢᠵᠢᠭ ᠤᠨ ᠪᠠᠶᠢᠳᠠᠯ ᠢ ᠰᠡᠷᠭᠡᠶᠢᠯᠡᠨ ᠬᠢᠵᠠᠭᠠᠷᠯᠠᠬᠤ ᠵᠢᠯᠣᠭᠤᠳᠬᠤ ᠭᠠᠵᠠᠷ | ᠪᠤᠶᠤ ᠡᠪᠡᠳᠴᠢᠨ ᠡᠮᠭᠡᠭ ᠢ ᠰᠡᠷᠭᠡᠶᠢᠯᠡᠨ ᠬᠢᠵᠠᠭᠠᠷᠯᠠᠬᠤ ᠲᠥᠪ ᠤᠨ ᠠᠰᠠᠭᠤᠨ ᠯᠠᠪᠯᠠᠬᠤ ᠤᠲᠠᠰᠤ ᠶᠢ ᠰᠠᠨᠠᠭᠠᠴᠢᠯᠠᠭ᠎ᠠ | ᠠᠴᠠ ᠪᠠᠨ ᠵᠠᠯᠭᠠᠭᠠᠷᠠᠶ᠃ ᠰᠠᠭᠤᠵᠤ ᠪᠠᠶᠢᠭ᠎ᠠ ᠨᠡᠶᠢᠭᠡᠮ ᠲᠣᠭᠤᠷᠢᠭ ᠲᠤ ᠬᠠᠮᠢᠶ᠎ᠠ ᠪᠦᠬᠦᠢ ᠪᠠᠶᠢᠳᠠᠯ ᠢ | ᠰᠠᠨᠠᠭᠠᠴᠢᠯᠠᠭ᠎ᠠ ᠠᠴᠠ ᠪᠠᠨ ᠮᠡᠳᠡᠭᠦᠯᠵᠦ ᠳᠠᠩᠰᠠᠯᠠᠭᠤᠯᠬᠤ ᠬᠡᠷᠡᠭᠲᠡᠶ᠃ ᠡᠭᠦᠨ ᠤ ᠬᠠᠮᠲᠤ᠂ ᠲᠠ ᠰᠡᠷᠭᠡᠶᠢᠯᠡᠨ | ᠬᠠᠮᠠᠭᠠᠯᠠᠬᠤ ᠠᠵᠢᠯ ᠢ ᠰᠠᠶᠢᠲᠤᠷ ᠬᠢᠵᠦ᠂ ᠣᠯᠠᠨ ᠨᠡᠶᠢᠲᠡ ᠶᠢᠨ ᠵᠠᠮ ᠬᠠᠷᠢᠯᠴᠠᠭᠠᠨ ᠤ ᠪᠠᠭᠠᠵᠢ ᠳᠤ ᠰᠠᠭᠤᠬᠤ ᠠᠴᠠ | ᠠᠯᠢ ᠴᠢᠳᠠᠬᠤ ᠪᠠᠷ ᠵᠠᠶᠢᠯᠠᠰᠬᠢᠵᠦ᠂ ᠣᠶᠢᠷ᠎ᠠ ᠬᠠᠪᠢ ᠶᠢᠨ ᠡᠮ ᠡᠮᠨᠡᠯᠭᠡ ᠶᠢᠨ ᠪᠠᠶᠢᠭᠤᠯᠤᠮᠵᠢ ᠳᠤ ᠳᠠᠷᠦ᠋ᠢᠬᠠᠨ ᠬᠦᠷᠴᠦ | ᠴᠥᠮ᠎ᠡ ᠶᠢᠨ ᠬᠦᠴᠢᠯ ᠤᠨ ᠪᠠᠶᠢᠴᠠᠭᠠᠨ ᠬᠡᠮᠵᠢᠯᠲᠡ ᠬᠢᠵᠦ᠂ ᠡᠷᠡᠭᠦᠯ ᠮᠡᠨᠳᠦ ᠶᠢᠨ ᠪᠠᠶᠢᠴᠠᠭᠠᠯᠲᠠ ᠶᠢ ᠥᠷᠨᠢᠭᠦᠯᠬᠦ | ᠬᠡᠷᠡᠭᠲᠡᠶ᠃ | ᠥᠷᠭᠡᠨ ᠤᠯᠠᠨ ᠬᠤᠳᠠ ᠶᠢᠨ ᠠᠷᠠᠳ ᠬᠤᠪᠢ ᠬᠥᠮᠦᠨ ᠤ ᠬᠠᠮᠠᠭᠠᠯᠠᠯᠲᠠ ᠶᠢ ᠰᠤᠯᠠᠷᠠᠭᠤᠯᠤᠯ ᠦᠭᠡᠢ ᠰᠠᠶᠢᠲᠤᠷ | ᠬᠢᠵᠦ᠂ ᠬᠦᠮᠦᠰ ᠤᠯᠠᠨ ᠴᠤᠭᠯᠠᠷᠠᠭᠰᠠᠨ ᠲᠠᠯᠠᠪᠤᠷ ᠭᠠᠵᠠᠷ ᠲᠤ ᠴᠥᠭᠡᠨ ᠤᠴᠢᠭᠠᠷᠠᠢ᠂ ᠰᠢᠨᠵᠢᠯᠡᠬᠦ ᠤᠬᠠᠭᠠᠨᠴᠢ ᠪᠠᠷ | ᠠᠮᠠᠪᠴᠢ ᠵᠡᠭᠦᠵᠦ᠂ ᠭᠠᠷ ᠢᠶᠠᠨ ᠦᠷᠭᠦᠯᠵᠢ ᠤᠬᠢᠶᠠᠵᠤ᠂ ᠦᠷᠭᠦᠯᠵᠢ ᠰᠠᠯᠬᠢ ᠨᠡᠪᠲᠡᠷᠡᠭᠦᠯᠦᠭᠡᠷᠡᠢ᠃ ᠨᠢᠭᠡ ᠮᠧᠲᠷ ᠤᠨ | ᠨᠡᠶᠢᠭᠡᠮ ᠤᠨ ᠬᠠᠷᠢᠯᠴᠠᠭᠠᠨ ᠤ ᠵᠠᠶ ᠶᠢ ᠪᠠᠳᠤᠯᠠᠵᠤ᠂ ᠬᠠᠮᠢᠶ᠎ᠠ ᠪᠦᠬᠦᠢ ᠰᠠᠯᠠᠭ᠎ᠠ ᠮᠥᠴᠢᠷ ᠲᠠᠢ ᠬᠠᠮᠵᠢᠯᠴᠠᠨ ᠡᠷᠡᠭᠦᠯ | ᠮᠡᠨᠳᠦ ᠶᠢᠨ ᠬᠢᠨᠠᠨ ᠬᠡᠮᠵᠢᠯᠲᠡ ᠶᠢ ᠰᠠᠶᠢᠲᠤᠷ ᠬᠢᠬᠦ ᠬᠡᠷᠡᠭᠲᠡᠶ᠃ | ᠲᠦᠩᠯᠢᠶᠣᠤ ᠬᠤᠲᠠ ᠶᠢᠨ ᠰᠢᠨ᠎ᠡ ᠲᠢᠲᠢᠮᠯᠢᠭ ᠠᠭᠤᠰᠬᠢᠨ ᠦᠷᠪᠢᠰᠦᠯ ᠢ ᠰᠡᠷᠭᠡᠶᠢᠯᠡᠨ ᠡᠵᠡᠮᠳᠡᠬᠦ ᠠᠵᠢᠯ ᠤᠨ | ᠵᠢᠯᠣᠭᠤᠳᠬᠤ ᠭᠠᠵᠠᠷ | ᠡᠮᠴᠢᠯᠡᠭᠡᠨ ᠤ ᠰᠡᠷᠭᠡᠶᠢᠯᠡᠨ ᠡᠵᠡᠮᠳᠡᠬᠦ ᠳᠤᠭᠤᠢᠯᠠᠩ | 2020 ᠣᠨ ᠤ 10 ᠰᠠᠷ᠎ᠠ ᠶᠢᠨ 12 ᠤᠨ ᠡᠳᠦᠷ | | | | | | |