ᠰᠢᠨ᠎ᠡ ᠲᠢᠲᠢᠮᠯᠢᠭ ᠠᠭᠤᠰᠬᠢᠨ ᠤ ᠦᠷᠪᠢᠰᠦᠯ ᠤᠨ ᠬᠢᠵᠢᠭ ᠤᠨ ᠪᠠᠶᠢᠳᠠᠯ ᠢ ᠰᠡᠷᠭᠡᠶᠢᠯᠡᠨ ᠡᠵᠡᠮᠳᠡᠬᠦ | ᠬᠤᠭᠤᠴᠠᠭᠠᠨ ᠳᠤ ᠰᠤᠷᠤᠭᠴᠢᠳ ᠤᠨ ᠬᠢᠴᠢᠶᠡᠯ ᠰᠡᠷᠭᠦᠭᠡᠬᠦ ᠳᠤ ᠤᠯᠠᠮ ᠨᠢᠭᠡ ᠠᠯᠬᠤᠮ ᠬᠦᠴᠦ ᠣᠷᠣᠭᠤᠯᠵᠤ᠂ | ᠪᠠᠭᠰᠢ ᠰᠤᠷᠤᠭᠴᠢ ᠠᠵᠢᠯᠲᠠᠨ ᠠᠵᠢᠯᠴᠢᠨ ᠤ ᠠᠮᠢ ᠨᠠᠰᠤ ᠡᠷᠡᠭᠦᠯ ᠮᠡᠨᠳᠦ ᠶᠢ ᠦᠨᠡᠨᠬᠦ ᠬᠠᠮᠠᠭᠠᠯᠠᠨ᠂ ᠵᠢᠭᠠᠨ | ᠰᠤᠷᠭᠠᠬᠤ ᠠᠵᠢᠯᠯᠠᠭ᠎ᠠ ᠶᠢ ᠯᠠᠪᠳᠠᠭᠤᠨ ᠢᠶᠠᠷ ᠡᠮᠬᠢ ᠵᠢᠷᠤᠮ ᠲᠠᠢ ᠰᠡᠷᠭᠦᠭᠡᠵᠦ᠂ ᠰᠤᠷᠭᠠᠭᠤᠯᠢ ᠶᠢᠨ ᠬᠡᠪ ᠤᠨ ᠵᠢᠭᠠᠨ | ᠰᠤᠷᠭᠠᠯᠲᠠ ᠶᠢᠨ ᠡᠮᠬᠢ ᠵᠢᠷᠤᠮ ᠢ ᠬᠠᠮᠠᠭᠠᠯᠠᠬᠤ ᠶᠢᠨ ᠲᠤᠰᠠᠳᠠ᠂ ᠬᠤᠷᠴᠢᠨ ᠲᠣᠭᠤᠷᠢᠭ ᠰᠢᠷᠢᠰ ᠠᠷᠭ᠎ᠠ ᠬᠡᠮᠵᠢᠶ᠎ᠡ | ᠠᠪᠴᠤ᠂ ᠰᠤᠷᠤᠭᠴᠢᠳ ᠤᠨ ᠬᠢᠴᠢᠶᠡᠯ ᠰᠡᠷᠭᠦᠭᠡᠬᠦ ᠠᠴᠠ ᠡᠮᠦᠨᠡᠬᠢ ᠰᠤᠷᠭᠠᠭᠤᠯᠢ ᠶᠢᠨ ᠪᠣᠯᠪᠠᠰᠤᠷᠠᠭᠤᠯᠤᠯ ᠤᠨ | ᠵᠢᠯᠣᠭᠤᠳᠬᠤ ᠠᠵᠢᠯ ᠢ ᠰᠠᠶᠢᠲᠤᠷ ᠬᠢᠵᠡᠢ᠃ | ᠨᠢᠭᠡ ᠳᠤ ᠰᠦᠯᠵᠢᠶᠡᠨ ᠳᠡᠭᠡᠷᠡᠬᠢ ᠪᠠ ᠰᠦᠯᠵᠢᠶᠡᠨ ᠭᠠᠳᠠᠨᠠᠬᠢ ᠪᠣᠯᠪᠠᠰᠤᠷᠠᠭᠤᠯᠤᠯ ᠤᠨ ᠵᠢᠯᠣᠭᠤᠳᠣᠯᠭ᠎ᠠ ᠶᠢ | ᠦᠷᠨᠢᠭᠦᠯᠪᠡ᠃ ᠰᠤᠷᠭᠠᠨ ᠬᠦᠮᠦᠵᠢᠯ ᠪᠡᠶ᠎ᠡ ᠶᠢᠨ ᠲᠠᠮᠢᠷ ᠤᠨ ᠰᠢᠰᠲ᠋ᠧᠮ ᠤᠨ 2495 ᠬᠥᠮᠦᠨ ᠳᠤ ᠰᠦᠯᠵᠢᠶᠡᠨ | ᠳᠡᠭᠡᠷᠡᠬᠢ ᠪᠠ ᠰᠦᠯᠵᠢᠶᠡᠨ ᠠᠴᠠ ᠭᠠᠳᠠᠭᠤᠷᠬᠢ ᠪᠣᠯᠪᠠᠰᠤᠷᠠᠯ ᠥᠷᠨᠢᠭᠦᠯᠵᠦ᠂ ᠠᠭᠤᠯᠭ᠎ᠠ ᠨᠢ ︽ᠳᠤᠮᠳᠠᠳᠤ ᠪᠠᠭ᠎ᠠ | ᠰᠤᠷᠭᠠᠭᠤᠯᠢ ᠶᠢᠨ ᠰᠢᠨ᠎ᠡ ᠲᠢᠲᠢᠮᠯᠢᠭ ᠸᠢᠷᠦ᠋ᠰ ᠤᠨ ᠠᠭᠤᠰᠬᠢᠨ ᠦᠷᠪᠢᠰᠦᠯ ᠢ ᠰᠡᠷᠭᠡᠶᠢᠯᠡᠨ ᠡᠵᠡᠮᠳᠡᠬᠦ ᠵᠦᠭᠯᠡᠭᠦᠷ︾ | ᠪᠠ ︽ᠬᠡᠤᠬᠡᠳ ᠤᠨ ᠴᠡᠴᠡᠷᠯᠢᠭ ᠤᠨ ᠰᠢᠨ᠎ᠡ ᠬᠡᠯᠪᠡᠷᠢ ᠶᠢᠨ ᠲᠢᠲᠢᠮᠯᠢᠭ ᠸᠢᠷᠦ᠋ᠰ ᠤᠨ ᠠᠭᠤᠰᠬᠢᠨ ᠦᠷᠪᠢᠰᠦᠯ ᠢ | ᠰᠡᠷᠭᠡᠶᠢᠯᠡᠨ ᠡᠵᠡᠮᠳᠡᠬᠦ ᠵᠢᠭᠠᠪᠤᠷᠢ︾ ᠶᠢ ᠪᠠᠭᠲᠠᠭᠠᠵᠤ᠂ ᠮᠡᠳᠡᠪᠡᠯ ᠵᠣᠬᠢᠬᠤ ᠮᠡᠳᠡᠯᠭᠡ ᠶᠢ ᠰᠡᠷᠭᠡᠶᠢᠯᠡᠨ ᠡᠵᠡᠮᠳᠡᠬᠦ | ᠦᠨᠳᠦᠰᠦᠨ ᠮᠡᠳᠡᠯᠭᠡ᠂ ᠰᠤᠷᠭᠠᠭᠤᠯᠢ ︵ᠬᠡᠤᠬᠡᠳ ᠤᠨ ᠴᠡᠴᠡᠷᠯᠢᠭ︶ ᠶᠢᠨ ᠬᠠᠮᠢᠶ᠎ᠠ ᠪᠥᠬᠦᠶ ᠬᠥᠮᠦᠰ ᠤᠨ ᠡᠭᠦᠷᠭᠡ | ᠬᠠᠷᠢᠭᠤᠴᠠᠯᠭ᠎ᠠ᠂ ᠲᠠᠯᠠᠪᠤᠷ ᠭᠠᠵᠠᠷ ᠤᠨ ᠬᠠᠮᠢᠶᠠᠷᠤᠯᠲᠠ᠂ ᠵᠣᠬᠢᠶᠠᠨ ᠪᠠᠶᠢᠭᠤᠯᠤᠯᠲᠠ ᠶᠢᠨ ᠬᠠᠮᠢᠶᠠᠷᠤᠯᠲᠠ᠂ ᠡᠷᠡᠭᠦᠯ | ᠬᠠᠮᠠᠭᠠᠯᠠᠯ ᠠᠷᠢᠭᠤᠨ ᠴᠡᠪᠡᠷ ᠠᠷᠢᠭᠤᠳᠬᠠᠯ ᠤᠨ ᠵᠢᠯᠣᠭᠤᠳᠣᠯᠭ᠎ᠠ ᠵᠡᠷᠭᠡ ᠲᠠᠯ᠎ᠠ ᠶᠢᠨ ᠠᠭᠤᠯᠭ᠎ᠠ ᠶᠢ ᠨᠠᠷᠢᠨ | ᠲᠠᠶᠢᠯᠪᠤᠷᠢᠯᠠᠪᠠ᠃ ᠰᠢᠨ᠎ᠡ ᠲᠢᠲᠢᠮᠯᠢᠭ ᠠᠭᠤᠰᠬᠢᠨ ᠦᠷᠪᠢᠰᠦᠯ ᠤᠨ ᠬᠢᠵᠢᠭ ᠤᠨ ᠪᠠᠶᠢᠳᠠᠯ ᠢ ᠰᠡᠷᠭᠡᠶᠢᠯᠡᠨ ᠡᠵᠡᠮᠳᠡᠬᠦ | ᠤᠬᠠᠭᠤᠯᠭ᠎ᠠ ᠶᠢᠨ ᠵᠠᠷᠯᠠᠯ 400 ᠬᠤᠪᠢ᠂ ᠤᠬᠠᠭᠤᠯᠭ᠎ᠠ ᠶᠢᠨ ᠳᠡᠪᠲᠡᠷ 300 ᠳᠡᠪᠲᠡᠷ᠂ ᠤᠬᠠᠭᠤᠯᠭ᠎ᠠ ᠶᠢᠨ | ᠬᠠᠭᠤᠳᠠᠰᠤ 5500 ᠭᠠᠷᠤᠢ ᠬᠠᠭᠤᠳᠠᠰᠤ ᠬᠤᠪᠢᠶᠠᠨ ᠲᠠᠷᠬᠠᠭᠠᠪᠠ᠃ | ᠬᠤᠶᠠᠷ ᠲᠤ ᠬᠢᠵᠢᠭ ᠤᠨ ᠪᠠᠶᠢᠳᠠᠯ ᠢ ᠰᠡᠷᠭᠡᠶᠢᠯᠡᠨ ᠡᠵᠡᠮᠳᠡᠬᠦ ᠬᠢᠨᠠᠨ ᠵᠢᠯᠣᠭᠤᠳᠴᠤ ᠪᠠᠶᠢᠴᠠᠭᠠᠬᠤ ᠠᠵᠢᠯ ᠢ | ᠰᠤᠷᠭᠠᠭᠤᠯᠢ ᠶᠢᠨ ᠬᠦᠷᠢᠶᠡᠨ ᠳᠤ ᠣᠷᠣᠭᠤᠯᠤᠨ᠎ᠠ᠃ ᠡᠯ᠎ᠡ ᠵᠦᠢᠯ ᠤᠨ ᠰᠡᠷᠭᠡᠶᠢᠯᠡᠨ ᠡᠵᠡᠮᠳᠡᠬᠦ ᠠᠵᠢᠯ ᠤᠨ ᠠᠷᠭ᠎ᠠ | ᠬᠡᠮᠵᠢᠶ᠎ᠡ ᠶᠢ ᠦᠷᠭᠦᠯᠵᠢᠯᠡᠨ ᠨᠠᠷᠢᠯᠢᠭᠵᠢᠭᠤᠯᠵᠤ᠂ ᠬᠢᠴᠢᠶᠡᠯ ᠤᠨ ᠭᠡᠷ᠂ ᠬᠤᠭᠤᠯᠠᠨ ᠭᠡᠷ᠂ ᠪᠠᠶᠢᠷᠢ ᠵᠡᠷᠭᠡ ᠣᠷᠣᠨ | ᠪᠦᠰᠡ ᠶᠢ ᠰᠢᠨᠵᠢᠯᠡᠬᠦ ᠤᠬᠠᠭᠠᠨᠴᠢ ᠪᠥᠭᠡᠳ ᠵᠦᠶ ᠵᠣᠬᠢᠰᠲᠠᠶ ᠤᠰᠠᠳᠬᠠᠨ ᠠᠷᠢᠯᠭᠠᠵᠤ᠂ ᠪᠠᠭᠰᠢ ᠰᠤᠷᠤᠭᠴᠢᠳ ᠤᠨ | ᠪᠡᠶ᠎ᠡ ᠶᠢᠨ ᠠᠮᠤᠷ ᠲᠦᠪᠰᠢᠨ ᠳᠤ ᠬᠤᠯᠪᠣᠭᠳᠠᠬᠤ ᠭᠤᠤᠯᠳᠠᠯᠭ᠎ᠠ ᠲᠠᠢ ᠣᠷᠣᠨ ᠪᠦᠰᠡ ᠳᠤ ᠠᠮᠤᠷ ᠲᠦᠪᠰᠢᠨ ᠤ | ᠳᠠᠯᠳᠠ ᠭᠡᠮ ᠢ ᠶᠡᠬᠡᠪᠡᠷ ᠵᠢᠭᠰᠠᠭᠠᠨ ᠪᠠᠶᠢᠴᠠᠭᠠᠬᠤ ᠶᠢ ᠦᠷᠨᠢᠭᠦᠯᠵᠡᠢ᠃ ᠠᠵᠢᠯ ᠤᠨ ᠪᠠᠶᠢᠷᠢ ᠳᠠᠭᠠᠨ ᠪᠤᠴᠠᠵᠤ | ᠰᠤᠷᠭᠠᠭᠤᠯᠢ ᠳᠠᠭᠠᠨ ᠪᠤᠴᠠᠭᠰᠠᠨ ᠪᠠᠭᠰᠢ ᠰᠤᠷᠤᠭᠴᠢᠳ ᠲᠤ ᠡᠷᠡᠭᠦᠯ ᠮᠡᠨᠳᠦ ᠶᠢᠨ ᠬᠢᠨᠠᠨ ᠬᠡᠮᠵᠢᠯᠲᠡ ᠬᠢᠬᠦ ᠶᠢ | ᠴᠢᠩᠭ᠎ᠠ ᠬᠡᠷᠡᠭᠵᠢᠭᠦᠯᠵᠦ᠂ ᠵᠢᠭᠠᠨ ᠰᠤᠷᠭᠠᠬᠤ ᠠᠵᠢᠯᠯᠠᠭ᠎ᠠ ᠪᠠ ᠬᠤᠭᠤᠯᠠ ᠢᠳᠡᠵᠦ ᠬᠤᠨᠣᠬᠤ ᠶᠢ ᠰᠢᠨᠵᠢᠯᠡᠬᠦ | ᠤᠬᠠᠭᠠᠨᠴᠢ ᠵᠦᠶ ᠵᠣᠬᠢᠰᠲᠠᠶ ᠲᠤᠬᠢᠷᠠᠭᠤᠯᠤᠨ᠂ ᠬᠥᠮᠦᠰ ᠤᠨ ᠴᠤᠭᠯᠠᠷᠠᠬᠤ ᠶᠢ ᠠᠯᠢ ᠴᠢᠳᠠᠬᠤ ᠪᠠᠷ ᠪᠠᠭᠠᠰᠬᠠᠨ᠎ᠠ᠃ | ᠭᠤᠷᠪᠠ ᠳᠤ ᠵᠢᠭᠠᠨ ᠵᠢᠯᠣᠭᠤᠳᠣᠭᠴᠢ ᠶᠢᠨ ᠲᠤᠰᠬᠠᠶ ᠵᠦᠢᠯ ᠤᠨ ᠪᠣᠯᠪᠠᠰᠤᠷᠠᠭᠤᠯᠤᠯ ᠢ ᠥᠷᠨᠢᠭᠦᠯᠦᠨ᠎ᠡ᠃ | ᠡᠮᠴᠢᠯᠡᠭᠡ ᠡᠷᠡᠭᠦᠯ ᠬᠠᠮᠠᠭᠠᠯᠠᠯ ᠤᠨ 59 ᠨᠡᠷᠡᠰ ᠠᠵᠢᠯᠲᠠᠨ ᠢ ᠵᠢᠭᠠᠨ ᠵᠢᠯᠣᠭᠤᠳᠣᠭᠴᠢ ᠪᠠᠷ ᠰᠣᠩᠭᠤᠨ ᠲᠣᠮᠢᠯᠠᠬᠤ | ᠶᠢᠨ ᠬᠠᠮᠲᠤ ᠲᠤᠰᠬᠠᠶ ᠵᠦᠢᠯ ᠤᠨ ᠪᠣᠯᠪᠠᠰᠤᠷᠠᠭᠤᠯᠤᠯ ᠬᠢᠵᠦ᠂ ᠰᠡᠷᠭᠡᠶᠢᠯᠡᠨ ᠡᠵᠡᠮᠳᠡᠬᠦ ᠲᠥᠰᠦᠯ ᠲᠣᠭᠲᠠᠭᠠᠬᠤ᠂ | ᠰᠡᠷᠭᠡᠶᠢᠯᠡᠨ ᠡᠵᠡᠮᠳᠡᠬᠦ ᠮᠡᠳᠡᠯᠭᠡ ᠪᠠ ᠮᠡᠷᠭᠡᠵᠢᠯ ᠴᠢᠳᠠᠪᠤᠷᠢ᠂ ︽ᠥᠷᠯᠥᠭᠡ ᠦᠳᠡ ᠣᠷᠣᠢ︾ ᠶᠢᠨ ᠪᠠᠶᠢᠴᠠᠭᠠᠬᠤ | ᠳᠦᠷᠢᠮ ᠂ ᠬᠤᠪᠢ ᠬᠥᠮᠦᠨ ᠤ ᠰᠡᠷᠭᠡᠶᠢᠯᠡᠨ ᠬᠠᠮᠠᠭᠠᠯᠠᠵᠤ ᠠᠷᠢᠭᠤᠳᠬᠠᠬᠤ ᠪᠠ ᠪᠠᠴᠢᠮ ᠪᠠᠶᠢᠳᠠᠯ ᠢ ᠠᠷᠭᠠᠴᠠᠨ | ᠰᠢᠢᠳᠪᠦᠷᠢᠯᠡᠬᠦ ᠵᠡᠷᠭᠡ ᠰᠤᠷᠭᠠᠭᠤᠯᠢ ᠶᠢᠨ ᠬᠢᠵᠢᠭ ᠤᠨ ᠪᠠᠶᠢᠳᠠᠯ ᠢ ᠰᠡᠷᠭᠡᠶᠢᠯᠡᠨ ᠡᠵᠡᠮᠳᠡᠬᠦ ᠲᠤᠬᠠᠶᠢᠯᠠᠭᠰᠠᠨ ᠠᠵᠢᠯ᠂ | ᠡᠳᠦᠷ ᠲᠤᠲᠤᠮ ᠤᠨ ᠵᠢᠯᠣᠭᠤᠳᠬᠤ ᠠᠵᠢᠯ ᠤᠨ ᠪᠣᠯᠪᠠᠰᠤᠷᠠᠭᠤᠯᠤᠯ ᠢ ᠥᠷᠨᠢᠭᠦᠯᠦᠨ᠎ᠡ᠃ 59 ᠵᠢᠭᠠᠨ | ᠵᠢᠯᠣᠭᠤᠳᠣᠭᠴᠢ ᠪᠣᠶ ᠪᠥᠬᠦᠶ ᠳᠤᠮᠳᠠᠳᠤ ᠪᠠᠭ᠎ᠠ ᠰᠤᠷᠭᠠᠭᠤᠯᠢ᠂ ᠬᠡᠤᠬᠡᠳ ᠤᠨ ᠴᠡᠴᠡᠷᠯᠢᠭ ᠲᠠᠢ ᠴᠥᠮ | ᠵᠠᠯᠭᠠᠯᠳᠤᠭᠤᠯᠵᠤ ᠳᠠᠭᠤᠰᠤᠭᠰᠠᠨ ᠪᠥᠭᠡᠳ ᠠᠩᠬ᠎ᠠ ᠵᠡᠷᠭᠡ ᠶᠢᠨ ᠳᠤᠮᠳᠠᠳᠤ ᠰᠤᠷᠭᠠᠭᠤᠯᠢ ᠶᠢᠨ ᠭᠤᠷᠪᠠᠳᠤᠭᠠᠷ ᠣᠨ ᠤ | ᠳᠡᠭᠡᠳᠦ ᠵᠡᠷᠭᠡ ᠶᠢᠨ ᠭᠤᠷᠪᠠᠳᠤᠭᠠᠷ ᠣᠨ ᠤ ᠬᠢᠴᠢᠶᠡᠯ ᠰᠡᠷᠭᠦᠭᠡᠬᠦ ᠰᠤᠷᠭᠠᠭᠤᠯᠢ ᠳᠤ ᠨᠢᠭᠡᠨᠲᠡ ᠪᠥᠬᠦ ᠲᠠᠯ᠎ᠠ ᠪᠠᠷ | ᠤᠷᠤᠵᠤ ᠰᠠᠭᠤᠭᠰᠠᠨ ᠪᠠᠶᠢᠨ᠎ᠠ᠃ | ᠳᠥᠷᠪᠡ ᠳᠤ ᠬᠢᠴᠢᠶᠡᠯ ᠰᠡᠷᠭᠦᠭᠡᠬᠦ ᠠᠴᠠ ᠡᠮᠦᠨ᠎ᠡ ᠰᠢᠮᠳᠠᠭᠤᠯᠤᠨ ᠵᠢᠯᠣᠭᠤᠳᠴᠤ ᠪᠠᠶᠢᠴᠠᠭᠠᠬᠤ ᠶᠢ ᠴᠢᠩᠳᠠᠯᠠᠨ᠎ᠠ᠃ | ᠲᠤᠭᠤᠷᠢᠭ ᠤᠨ ᠡᠷᠡᠭᠦᠯ ᠬᠠᠮᠠᠭᠠᠯᠠᠯ ᠡᠷᠡᠭᠦᠯ ᠮᠡᠨᠳᠦ ᠶᠢᠨ ᠵᠥᠪᠯᠡᠯ᠂ ᠲᠣᠭᠤᠷᠢᠭ ᠤᠨ ᠰᠤᠷᠭᠠᠨ ᠬᠥᠮᠦᠵᠢᠯ | ᠪᠡᠶ᠎ᠡ ᠶᠢᠨ ᠲᠠᠮᠢᠷ ᠤᠨ ᠲᠣᠪᠴᠢᠶ᠎ᠠ᠂ ᠲᠣᠭᠤᠷᠢᠭ ᠤᠨ ᠡᠪᠡᠳᠴᠢᠨ ᠡᠮᠭᠡᠭ ᠢ ᠰᠡᠷᠭᠡᠶᠢᠯᠡᠨ ᠡᠵᠡᠮᠳᠡᠬᠦ ᠲᠥᠪ ᠬᠠᠮᠲᠤᠷᠠᠨ | ᠬᠢᠴᠢᠶᠡᠯ ᠰᠡᠷᠭᠦᠭᠡᠬᠦ ᠰᠤᠷᠭᠠᠭᠤᠯᠢ ᠶᠢ ᠰᠤᠷᠭᠠᠭᠤᠯᠢ ᠡᠬᠢᠯᠡᠬᠦ ᠠᠴᠠ ᠡᠮᠦᠨ᠎ᠡ ᠴᠢᠩᠭ᠎ᠠ ᠬᠢᠨᠠᠨ ᠵᠢᠯᠣᠭᠤᠳᠴᠤ | ᠪᠠᠶᠢᠴᠠᠭᠠᠵᠤ᠂ ᠬᠡᠰᠡᠭ ᠰᠤᠷᠭᠠᠭᠤᠯᠢ ᠶᠢᠨ ᠲᠤᠰᠠᠭᠠᠷᠯᠠᠬᠤ ᠲᠠᠰᠤᠭ ᠲᠤ ᠵᠢᠭᠠᠯᠲᠠ ᠲᠡᠮᠳᠡᠭ ᠥᠬᠡᠶ᠂ ᠰᠡᠷᠭᠡᠶᠢᠯᠡᠨ | ᠬᠠᠮᠠᠭᠠᠯᠠᠬᠤ ᠡᠳ᠋ ᠪᠣᠳᠠᠰ ᠯᠡᠪᠡᠷᠡᠭᠰᠡᠨ᠂ ᠡᠭᠦᠳᠡᠨ ᠬᠠᠷᠠᠭᠤᠯ ᠪᠠᠶᠢᠩᠭᠤ ᠶᠢᠨ ᠰᠡᠷᠭᠡᠶᠢᠯᠡᠯᠲᠡ ᠶᠢᠨ ᠡᠳ᠋ ᠪᠣᠳᠠᠰ ᠥᠬᠡᠶ | ᠂ ᠠᠷᠢᠭᠤᠳᠬᠠᠨ ᠰᠠᠯᠬᠢ ᠨᠡᠪᠲᠡᠷᠡᠬᠦ ᠲᠡᠮᠳᠡᠭᠯᠡᠯ ᠵᠢᠷᠤᠮᠵᠢᠯ ᠥᠬᠡᠶ ᠵᠡᠷᠭᠡ ᠠᠰᠠᠭᠤᠳᠠᠯ ᠳᠤ ᠴᠡᠭᠴᠡᠯᠡᠨ | ᠰᠠᠶᠢᠵᠢᠷᠠᠭᠤᠯᠬᠤ ᠰᠠᠨᠠᠯ ᠳᠤᠷᠠᠳᠤᠭᠰᠠᠨ ᠪᠥᠭᠡᠳ ᠴᠥᠮ ᠱᠠᠭᠠᠷᠳᠠᠯᠭ᠎ᠠ ᠶᠣᠰᠣᠭᠠᠷ ᠪᠠᠷᠢᠨ ᠬᠡᠷᠡᠭᠵᠢᠭᠦᠯᠵᠦ ᠪᠠᠷᠢᠨ | ᠰᠠᠶᠢᠵᠢᠷᠠᠭᠤᠯᠤᠭᠰᠠᠨ ᠪᠠᠶᠢᠨ᠎ᠠ᠃ | | | | | | | | | | |