ᠬᠤᠷᠴᠢᠨ ᠲᠣᠭᠤᠷᠢᠭ᠄ ᠤᠷᠢᠳᠠᠪᠠᠷ ᠠᠵᠢᠯ ᠣᠯᠭᠤᠯᠲᠠ ᠳᠤ  ᠦᠢᠯᠡᠴᠢᠯᠡᠵᠦ ᠬᠦᠴᠢᠷ ᠢ ᠰᠦᠷᠦᠨ ᠤᠷᠤᠭᠰᠢᠯᠠᠵᠤ ᠠᠷᠠᠳ ᠤᠨ ᠠᠮᠢᠳᠤᠷᠠᠯ ᠳᠤ ᠠᠰᠢᠭ ᠬᠦᠷᠲᠡᠭᠡᠵᠦ ᠪᠤᠢ
ᠨᠡᠶᠢᠲᠡᠯᠡᠭᠰᠡᠨ ᠴᠠᠭ᠄
2020-04-10
 — — ᠵᠠᠭᠤᠨ ᠡᠳᠦᠷ ᠤᠨ ᠮᠢᠩᠭᠠᠨ ᠲᠦᠮᠡᠨ ᠰᠦᠯᠵᠢᠶ᠎ᠡ ᠪᠠᠷ ᠠᠵᠢᠯᠲᠠᠨ ᠡᠯᠰᠡᠬᠦ ᠲᠤᠰᠬᠠᠶ ᠠᠵᠢᠯᠯᠠᠭ᠎ᠠ ᠲᠦᠩᠯᠢᠶᠣᠤ ᠶᠢᠨ ᠲᠤᠬᠠᠶ ᠶᠢᠨ ᠲᠠᠯᠠᠪᠠᠶ ᠶᠢᠨ ᠠᠵᠢᠯᠲᠠᠨ ᠡᠯᠰᠡᠬᠦ ᠴᠤᠭᠯᠠᠭᠠᠨ ᠢ ᠠᠮᠵᠢᠯᠲᠠ ᠲᠠᠢ ᠡᠷᠭᠢᠯᠡᠪᠡ    ᠠᠵᠤ ᠠᠬᠤᠶᠢᠯᠠᠯ ᠢ ᠬᠠᠪᠰᠤᠷᠤᠨ ᠬᠢᠵᠢᠭ ᠤᠨ ᠪᠠᠶᠢᠳᠠᠯ ᠤᠨ ᠬᠤᠭᠤᠴᠠᠭᠠᠨ ᠳᠤ  ᠦᠢᠯᠡᠳᠪᠦᠷᠢᠯᠡᠯ ᠢᠶᠠᠨ ᠰᠡᠷᠭᠦᠭᠡᠬᠦ  ᠠᠵᠢᠯ ᠢ ᠰᠠᠶᠢᠲᠤᠷ ᠬᠢᠵᠦ᠂ ᠠᠵᠢᠯ ᠡᠷᠢᠭᠰᠡᠳ ᠲᠤ ᠨᠠᠩ ᠣᠯᠠᠨ ᠠᠵᠢᠯ ᠤᠯᠬᠤ ᠲᠣᠬᠢᠶᠠᠯ ᠬᠠᠩᠭᠠᠵᠤ᠂ ︽ᠵᠠᠭᠤᠨ ᠡᠳᠦᠷ ᠮᠢᠩᠭᠠᠨ ᠲᠦᠮᠡᠨ ᠰᠦᠯᠵᠢᠶ᠎ᠡ ᠪᠠᠷ ᠠᠵᠢᠯᠲᠠᠨ ᠡᠯᠰᠡᠬᠦ ᠲᠤᠰᠬᠠᠶ ᠠᠵᠢᠯᠯᠠᠭ᠎ᠠ︾ ᠶᠢ ᠨᠠᠶᠢᠳᠠᠪᠤᠷᠢᠵᠢᠭᠤᠯᠬᠤ ᠶᠢ ᠠᠬᠢᠭᠤᠯᠵᠤ ᠠᠵᠢᠯ ᠣᠯᠭᠤᠯᠲᠠ ᠶᠢ ᠲᠣᠭᠲᠠᠪᠤᠷᠢᠵᠢᠭᠤᠯᠬᠤ ᠠᠵᠢᠯ ᠢ ᠴᠢᠩᠭᠠᠳᠬᠠᠬᠤ ᠶᠢᠨ ᠲᠥᠯᠥᠭᠡ᠂ 4 ᠰᠠᠷ᠎ᠠ ᠶᠢᠨ 3 ᠤ ᠡᠳᠦᠷ ᠤᠨ ᠦᠳᠡ ᠶᠢᠨ ᠬᠤᠶᠢᠨ᠎ᠠ᠂ 2020 ᠣᠨ ᠤ ᠵᠠᠭᠤᠨ ᠡᠳᠦᠷ ᠤᠨ ᠮᠢᠩᠭᠠᠨ ᠲᠦᠮᠡᠨ ᠰᠦᠯᠵᠢᠶ᠎ᠡ ᠪᠠᠷ ᠠᠵᠢᠯᠲᠠᠨ ᠡᠯᠰᠡᠬᠦ ᠲᠤᠰᠬᠠᠶ ᠠᠵᠢᠯᠯᠠᠭ᠎ᠠ ᠶᠢᠨ ᠲᠦᠩᠯᠢᠶᠣᠤ ᠶᠢᠨ ᠲᠤᠬᠠᠶ ᠶᠢᠨ ᠲᠠᠯᠠᠪᠠᠶ ᠶᠢᠨ ᠠᠵᠢᠯᠲᠠᠨ ᠡᠯᠰᠡᠬᠦ ᠬᠤᠷᠠᠯ ᠲᠦᠩᠯᠢᠶᠣᠤ ᠬᠤᠲᠠ ᠶᠢᠨ ᠴᠢᠳᠠᠪᠤᠷᠢᠲᠠᠨ ᠤ ᠲᠥᠪ ᠲᠤ ᠬᠤᠷᠠᠯᠳᠤᠪᠠ᠃    ᠲᠣᠰ ᠤᠳᠠᠭᠠᠨ ᠤ ᠠᠵᠢᠯᠲᠠᠨ ᠡᠯᠰᠡᠬᠦ ᠴᠤᠭᠯᠠᠭᠠᠨ ᠢ ᠲᠦᠩᠯᠢᠶᠣᠤ ᠬᠤᠲᠠ ᠶᠢᠨ ᠬᠥᠮᠦᠨ ᠤ ᠬᠦᠴᠦᠨ ᠤ ᠡᠬᠢ ᠪᠠᠶᠠᠯᠢᠭ ᠪᠠ ᠨᠡᠶᠢᠭᠡᠮ ᠤᠨ ᠪᠠᠲᠤᠯᠠᠭ᠎ᠠ ᠶᠢᠨ ᠲᠣᠪᠴᠢᠶ᠎ᠠ ᠠᠴᠠ ᠭᠤᠤᠯᠯᠠᠨ ᠡᠷᠭᠢᠯᠡᠵᠦ᠂ ᠬᠤᠷᠴᠢᠨ ᠲᠣᠭᠤᠷᠢᠭ ᠤᠨ ᠠᠵᠢᠯ ᠤᠯᠭᠤᠯᠲᠠ ᠶᠢᠨ  ᠦᠢᠯᠡᠴᠢᠯᠡᠭᠡᠨ ᠤ ᠲᠥᠪ᠂ ᠬᠤᠷᠴᠢᠨ ᠲᠣᠭᠤᠷᠢᠭ ᠤᠨ ᠠᠵᠢᠯ ᠣᠯᠭᠤᠯᠲᠠ ᠪᠠ ᠴᠢᠳᠠᠪᠤᠷᠢᠲᠠᠨ ᠤ ᠣᠯᠠᠨ ᠨᠡᠶᠢᠲᠡ ᠶᠢᠨ  ᠦᠢᠯᠡᠴᠢᠯᠡᠭᠡᠨ ᠤ ᠲᠥᠪ ᠵᠡᠷᠭᠡ 4 ᠨᠢᠭᠡᠴᠡ ᠳᠠᠭᠠᠭᠠᠴᠢᠯᠠᠨ ᠡᠷᠭᠢᠯᠡᠪᠡ᠃ ᠠᠵᠢᠯᠲᠠᠨ ᠡᠯᠰᠡᠬᠦ ᠴᠤᠭᠯᠠᠭᠠᠨ ᠢ ᠰᠦᠯᠵᠢᠶᠡᠨ ᠳᠡᠭᠡᠷ᠎ᠡ ᠪᠠ ᠰᠦᠯᠵᠢᠶᠡᠨ ᠭᠠᠳᠠᠨ᠎ᠠ ᠭᠡᠵᠦ ᠬᠤᠶᠠᠷ ᠬᠡᠰᠡᠭ ᠬᠤᠪᠢᠶᠠᠵᠤ᠂ ᠰᠦᠯᠵᠢᠶᠡᠨ ᠳᠡᠭᠡᠷ᠎ᠡ 37 ᠠᠵᠤ ᠠᠬᠤᠶᠢᠯᠠᠯ ᠬᠤᠷᠠᠯ ᠳᠤ ᠣᠷᠣᠯᠴᠠᠵᠤ᠂ 1511 ᠠᠵᠢᠯ ᠤᠨ ᠪᠠᠶᠢᠷᠢ  ᠬᠠᠩᠭᠠᠵᠤ᠂ ᠠᠵᠢᠯ ᠡᠷᠢᠭᠰᠡᠳ ︽ᠴᠢᠳᠠᠪᠤᠷᠢᠲᠠᠨ ᠤ e ᠥᠷᠲᠡᠭᠡ︾ ᠪᠠᠷ ᠳᠡᠮᠵᠢᠨ ᠥᠪᠡᠷ ᠲᠤᠨᠢ ᠳᠣᠭᠢᠷᠠᠬᠤ ᠠᠵᠢᠯ ᠤᠨ ᠪᠠᠶᠢᠷᠢ ᠣᠯᠵᠤ ᠪᠣᠯᠤᠨ᠎ᠠ᠃ ᠡᠭᠦᠨ ᠤ ᠵᠡᠷᠭᠡ ᠳᠤ ᠡᠷᠭᠢᠯᠡᠭᠰᠡᠨ ᠲᠤᠬᠠᠶ ᠶᠢᠨ ᠲᠠᠯᠠᠪᠠᠶ ᠶᠢᠨ ᠠᠵᠢᠯᠲᠠᠨ ᠡᠯᠰᠡᠬᠦ ᠬᠤᠷᠠᠯ ᠪᠣᠯ ᠡᠨᠡ ᠵᠢᠯ ᠤᠨ ᠬᠢᠵᠢᠭ ᠤᠨ ᠪᠠᠶᠢᠳᠠᠯ ᠠᠴᠠ ᠨᠠᠰᠢᠬᠢ ᠠᠩᠬᠠᠳᠠᠭᠴᠢ ᠲᠤᠬᠠᠶ ᠶᠢᠨ ᠲᠠᠯᠠᠪᠠᠶ ᠶᠢᠨ ᠠᠵᠢᠯᠲᠠᠨ ᠡᠯᠰᠡᠬᠦ ᠬᠤᠷᠠᠯ ᠪᠤᠯᠤᠨ᠎ᠠ᠃ ᠬᠤᠷᠠᠯ ᠳᠤ ᠣᠷᠣᠯᠴᠠᠭᠰᠠᠨ ᠠᠵᠤ ᠠᠬᠤᠶᠢᠯᠠᠯ 18 ᠪᠠᠶᠢᠵᠤ᠂ 882 ᠠᠵᠢᠯ ᠤᠨ ᠪᠠᠶᠢᠷᠢ ᠬᠠᠩᠭᠠᠪᠠ᠃ ᠤᠷᠢᠭᠳᠠᠬᠤ ᠪᠠᠷ ᠢᠷᠡᠭᠰᠡᠨ ᠨᠢ  ᠂ ᠥᠩᠭᠡᠷᠡᠭᠰᠡᠨ ᠬᠤᠭᠤᠴᠠᠭᠠᠨ ᠤ ᠶᠡᠭᠡ ᠳᠡᠭᠡᠳᠦ ᠰᠤᠷᠭᠠᠭᠤᠯᠢ ᠳᠤᠮᠳᠠ ᠵᠡᠷᠭᠡ ᠶᠢᠨ ᠲᠤᠰᠬᠠᠶ ᠮᠡᠷᠭᠡᠵᠢᠯ ᠤᠨ ᠰᠤᠷᠭᠠᠭᠤᠯᠢ᠂ ᠳᠡᠭᠡᠳᠦ ᠰᠤᠷᠭᠠᠭᠤᠯᠢ ᠲᠡᠭᠦᠰᠦᠭᠰᠡᠳ᠂ ᠬᠤᠲᠠ ᠪᠠᠯᠭᠠᠰᠤᠨ ᠤ ᠠᠵᠢᠯ ᠠᠯᠳᠠᠭᠰᠠᠳ ᠤᠨ ᠠᠵᠢᠯ ᠡᠷᠢᠭᠰᠡᠳ ᠨᠡᠶᠢᠲᠡ 402 ᠪᠠᠶᠢᠵᠤ᠂ 165 ᠬᠥᠮᠦᠨ ᠠᠩᠬ᠎ᠠ ᠠᠯᠬᠤᠮ ᠠᠵᠢᠯ ᠤᠯᠬᠤ ᠰᠠᠨᠠᠮᠵᠢ ᠲᠠᠢ ᠪᠣᠯᠪᠠ᠃    ᠲᠣᠰ ᠤᠳᠠᠭᠠᠨ ᠤ ᠤᠷᠢᠵᠤ ᠡᠯᠰᠡᠬᠦ ᠴᠤᠭᠯᠠᠭᠠᠨ ᠳᠤ ᠠᠵᠢᠯ ᠤᠨ ᠪᠠᠶᠢᠷᠢ ᠶᠢᠨ ᠴᠠᠯᠢᠩ ᠠᠴᠠ ᠦᠵᠡᠪᠡᠯ᠂ ᠰᠠᠷ᠎ᠠ ᠶᠢᠨ ᠴᠠᠯᠢᠩ ᠲᠦᠮᠡᠨ ᠲᠥᠭᠦᠷᠢᠭ ᠠᠴᠠ ᠳᠡᠭᠡᠭᠰᠢᠬᠢ ᠠᠵᠢᠯ ᠤᠨ ᠪᠠᠶᠢᠷᠢ 60 ︵4% ᠶᠢ ᠡᠵᠡᠯᠡᠨ᠎ᠡ︶᠂ ᠰᠠᠷ᠎ᠠ ᠶᠢᠨ ᠴᠠᠯᠢᠩ 5000 ᠲᠥᠭᠦᠷᠢᠭ ᠠᠴᠠ ᠳᠡᠭᠡᠭᠰᠢᠬᠢ ᠠᠵᠢᠯ ᠤᠨ ᠪᠠᠶᠢᠷᠢ 542 ︵36% ᠶᠢ ᠡᠵᠡᠯᠡᠨ᠎ᠡ︶᠂ ᠰᠠᠷ᠎ᠠ  ᠶᠢᠨ ᠴᠠᠯᠢᠩ 3000 ᠲᠥᠭᠦᠷᠢᠭ ᠠᠴᠠ ᠳᠡᠭᠡᠭᠰᠢᠬᠢ ᠠᠵᠢᠯ ᠤᠨ ᠪᠠᠶᠢᠷᠢ 783 ︵52% ᠢ ᠡᠵᠡᠯᠡᠨ᠎ᠡ︶᠂ ᠰᠠᠷ᠎ᠠ ᠶᠢᠨ ᠴᠠᠯᠢᠩ 3000 ᠲᠥᠭᠦᠷᠢᠭ ᠠᠴᠠ ᠳᠣᠷᠣᠭᠰᠢ ᠠᠵᠢᠯ ᠤᠨ ᠪᠠᠶᠢᠷᠢ 80 ︵5.3% ᠶᠢ ᠡᠵᠡᠯᠡᠨ᠎ᠡ︶᠂ 46 ᠠᠵᠢᠯ ᠤᠨ ᠪᠠᠶᠢᠷᠢ ᠶᠢᠨ ᠴᠠᠯᠢᠩ ᠢ ᠨᠢᠭᠤᠷᠲᠠᠨ ᠶᠠᠷᠢᠯᠴᠠᠪᠠ᠃ ᠠᠵᠢᠯ ᠲᠥᠷᠥᠯ ᠤᠨ ᠠᠩᠭᠢᠯᠠᠯ ᠠᠴᠠ ᠦᠵᠡᠪᠡᠯ᠂ ᠬᠥᠮᠦᠨ ᠬᠡᠷᠡᠭᠯᠡᠬᠦ ᠨᠢᠭᠡᠴᠡ ᠶᠢᠨ ᠠᠵᠢᠯ ᠲᠥᠷᠥᠯ ᠤᠨ ᠲᠦᠷᠦᠭᠦᠤ 3 ᠨᠡᠷ᠎ᠡ ᠨᠢ᠄ ᠠᠷᠠᠯᠵᠢᠶ᠎ᠠ᠂ ᠪᠥᠭᠡᠮ ᠢᠶᠠᠷ ᠬᠤᠳᠠᠯᠳᠤᠬᠤ ᠪᠠ ᠵᠢᠵᠢᠭᠯᠡᠨ ᠬᠤᠳᠠᠯᠳᠤᠬᠤ  ᠦᠢᠯᠡᠰ ︵5 ᠡᠷᠦᠬᠡ᠂ 14 % ᠶᠢ ᠡᠵᠡᠯᠡᠨ᠎ᠡ︶᠂  ᠦᠢᠯᠡᠳᠪᠦᠷᠢᠯᠡᠬᠦ ᠦᠢᠯᠡᠰ ︵5 ᠡᠷᠦᠬᠡ᠂ 14% ᠶᠢ ᠡᠵᠡᠯᠡᠨ᠎ᠡ︶᠂ ᠮᠡᠳᠡᠭᠡ ᠵᠠᠩᠭᠢ ᠳᠠᠮᠵᠢᠭᠤᠯᠬᠤ᠂ ᠺᠣᠮᠫᠢᠦ᠋ᠲ᠋ᠧᠷ ᠤᠨ  ᠦᠢᠯᠡᠴᠢᠯᠡᠭᠡ ᠪᠠ ᠵᠥᠭᠡᠯᠡᠨ ᠲᠣᠨᠤᠭ ᠤᠨ ᠦᠢᠯᠡᠰ ︵3 ᠡᠷᠦᠬᠡ᠂ 8% ᠶᠢ ᠡᠵᠡᠯᠡᠨ᠎ᠡ︶ ᠪᠣᠯᠤᠨ᠎ᠠ᠃ ᠬᠡᠷᠡᠭᠴᠡᠭᠡ ᠱᠠᠭᠠᠷᠳᠠᠯᠭ᠎ᠠ ᠶᠢᠨ ᠲᠥᠷᠥᠯ ᠢᠯᠭᠠᠯ ᠠᠴᠠ ᠦᠵᠡᠪᠡᠯ᠂ ᠺᠣᠮᠫᠢᠦ᠋ᠲ᠋ᠧᠷ᠂ ᠢᠨᠲ᠋ᠤᠷ ᠰᠦᠯᠵᠢᠶ᠎ᠡ ᠂ ᠡᠯᠧᠺᠲᠷᠤᠨ ᠬᠤᠳᠠᠯᠳᠤᠭᠠᠨ ᠤ ᠶᠠᠪᠤᠳᠠᠯ ᠤᠨ ᠲᠤᠰᠬᠠᠶ ᠮᠡᠷᠭᠡᠵᠢᠯ ᠤᠨ ᠬᠡᠷᠡᠭᠴᠡᠭᠡ ᠱᠠᠭᠠᠷᠳᠠᠯᠭ᠎ᠠ ᠶᠢᠨ ᠠᠵᠢᠯ ᠤᠨ ᠪᠠᠶᠢᠷᠢ 507 ︵40% ᠶᠢ ᠡᠵᠡᠯᠡᠨ᠎ᠡ︶᠂ ᠡᠩ ᠤᠨ ᠠᠵᠢᠯ ᠤᠨ ᠪᠠᠶᠢᠷᠢ 230 ︵18% ᠶᠢ ᠡᠵᠡᠯᠡᠨ᠎ᠡ︶᠂ ᠵᠠᠮ  ᠲᠡᠭᠡᠭᠡᠪᠦᠷᠢ ᠶᠢᠨ ᠦᠢᠯᠡᠴᠢᠯᠡᠭᠡᠨ ᠤ ᠬᠡᠷᠡᠭᠴᠡᠭᠡ ᠱᠠᠭᠠᠷᠳᠠᠯᠭ᠎ᠠ ᠶᠢᠨ ᠠᠵᠢᠯ ᠤᠨ ᠪᠠᠶᠢᠷᠢ 90 ︵7% ᠶᠢ ᠡᠵᠡᠯᠡᠨ᠎ᠡ︶᠃    ᠲᠠᠷᠠᠭᠠᠴᠢ ᠶᠢᠨ ᠠᠯᠬᠤᠮ ᠳᠤ᠂ ᠬᠤᠷᠴᠢᠨ ᠲᠣᠭᠤᠷᠢᠭ ︽ᠠᠵᠢᠯ ᠣᠯᠭᠤᠯᠲᠠ ᠶᠢ ᠲᠣᠭᠲᠠᠪᠤᠷᠢᠵᠢᠭᠤᠯᠵᠤ᠂ ᠠᠷᠠᠳ ᠤᠨ  ᠠᠮᠢᠳᠤᠷᠠᠯ ᠳᠤ ᠠᠰᠢᠭ ᠬᠦᠷᠲᠡᠭᠡᠬᠦ︾ ᠠᠵᠢᠯ ᠤᠨ ᠭᠤᠤᠯ ᠰᠢᠵᠢᠮ ᠢ ᠦᠷᠭᠦᠯᠵᠢᠯᠡᠨ ᠪᠠᠷᠢᠮᠲᠠᠯᠠᠵᠤ᠂  ᠦᠢᠯᠡᠴᠢᠯᠡᠭᠡᠨ ᠤ ᠠᠷᠭ᠎ᠠ ᠮᠠᠶ᠋ᠢᠭ ᠢᠶᠠᠨ ᠰᠢᠯᠢᠳᠡᠭᠵᠢᠭᠦᠯᠵᠦ᠂ ᠦᠢᠯᠡᠴᠢᠯᠡᠭᠡᠨ ᠤ ᠠᠷᠭ᠎ᠠ ᠪᠠᠷᠢᠯ ᠤᠨ ᠰᠢᠨ᠎ᠡ ᠶᠢ ᠡᠭᠦᠳᠴᠦ᠂ ᠥᠷᠭᠡᠨ ᠣᠯᠠᠨ ᠠᠵᠢᠯ ᠡᠷᠢᠭᠰᠡᠳ ᠢ ᠬᠠᠪᠰᠤᠷᠤᠨ ᠠᠵᠢᠯ ᠣᠯᠭᠤᠯᠲᠠ ᠶᠢᠨ ᠠᠰᠠᠭᠤᠳᠠᠯ ᠢ  ᠰᠢᠢᠳᠪᠦᠷᠢᠯᠡᠵᠦ᠂ ᠠᠵᠢᠯ  ᠤᠯᠭᠤᠬᠤ ᠠᠵᠢᠯ ᠤᠨ ᠲᠣᠭᠲᠠᠭᠤᠨ ᠪᠥᠭᠡᠳ ᠡᠷᠡᠭᠦᠯ ᠢᠶᠠᠷ ᠬᠥᠭᠵᠢᠬᠦ ᠶᠢ ᠠᠬᠢᠭᠤᠯᠤᠨ᠎ᠠ᠃
 
ᠢᠷᠡᠯᠲᠡ᠄ ᠬᠤᠷᠴᠢᠨ ᠲᠤᠭᠤᠷᠢᠭ ᠤᠨ ᠵᠠᠰᠠᠭ ᠤᠨ ᠤᠷᠳᠤᠨ
 
 
ᠬᠠᠮᠢᠶ᠎ᠡ ᠪᠦᠬᠦᠢ ᠰᠣᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备05070829号