ᠬᠤᠷᠴᠢᠨ ᠲᠣᠭᠤᠷᠢᠭ᠄ ᠪᠣᠯᠪᠠᠰᠤᠨ ᠰᠤᠷᠲᠠᠯ ᠢ  ᠦᠢᠯᠡᠳᠦᠯᠭᠡᠵᠢᠭᠦᠯᠵᠦ ᠬᠤᠲᠠ ᠶᠢᠨ ᠣᠷᠴᠢᠨ ᠲᠣᠭᠤᠷᠢᠨ ᠢ  ᠬᠠᠮᠠᠭᠠᠯᠠᠵᠤ ᠪᠤᠢ
ᠨᠡᠶᠢᠲᠡᠯᠡᠭᠰᠡᠨ ᠴᠠᠭ᠄
2020-04-10
 ᠬᠠᠩᠰᠢ ᠶᠢᠨ ᠡᠳᠦᠷ ᠤᠨ ᠪᠣᠯᠪᠠᠰᠤᠨ ᠲᠠᠬᠢᠯᠭ᠎ᠠ ᠶᠢᠨ ᠠᠵᠢᠯ ᠢ ᠪᠦᠬᠦ ᠲᠠᠯ᠎ᠠ ᠪᠠᠷ ᠰᠠᠶᠢᠲᠤᠷ ᠬᠢᠬᠦ ᠶᠢᠨ ᠲᠥᠯᠥᠭᠡ᠂ ᠬᠤᠷᠴᠢᠨ ᠲᠣᠭᠤᠷᠢᠭ ︽2020 ᠣᠨ ᠤ ᠬᠤᠲᠠ ᠶᠢᠨ ᠬᠠᠮᠢᠶᠠᠷᠤᠯᠲᠠ ᠶᠢᠨ ᠵᠡᠭᠡᠯᠢ ᠱᠦᠭᠦᠷᠳᠡᠬᠦ ᠬᠠᠩᠰᠢ ᠶᠢᠨ ᠡᠳᠦᠷ ᠤᠨ ᠣᠨᠴᠠᠭᠠᠢ ᠠᠵᠢᠯᠯᠠᠭ᠎ᠠ︾ ᠶᠢ ᠵᠣᠬᠢᠶᠠᠨ ᠪᠠᠶᠢᠭᠤᠯᠤᠨ ᠥᠷᠨᠢᠭᠦᠯᠵᠦ᠂ ᠬᠤᠲᠠ ᠶᠢᠨ ᠪᠣᠯᠪᠠᠰᠤᠨ᠂ ᠬᠤᠲᠠ ᠶᠢᠨ ᠣᠷᠴᠢᠨ ᠲᠣᠭᠤᠷᠢᠨ ᠤ ᠡᠷᠡᠭᠦᠯ ᠬᠠᠮᠠᠭᠠᠯᠠᠯ ᠢᠶᠠᠷ ᠭᠤᠣᠯ ᠪᠣᠯᠭᠠᠵᠤ᠂ ᠬᠤᠲᠠ ᠶᠢᠨ ᠪᠣᠯᠪᠠᠰᠤᠨ ᠤ ᠨᠢᠭᠡᠳᠦᠭᠡᠷ ᠹᠷᠣᠨᠲ ᠢ ᠪᠠᠬᠢᠵᠢᠭᠦᠯᠪᠡ᠃ 3 ᠰᠠᠷ᠎ᠠ ᠶᠢᠨ30 ᠠᠴᠠ4 ᠰᠠᠷ᠎ᠠ ᠶᠢᠨ6 ᠪᠤᠯᠲᠠᠯ᠎ᠠ᠂ ᠡᠯ᠎ᠡ ᠵᠠᠭᠤᠴᠢᠯᠠᠭᠤᠷ  ᠲᠤ ︽2020 ᠤᠨ ᠤ ᠬᠠᠩᠰᠢ ᠶᠢᠨ ᠡᠳᠦᠷ ᠤᠨ ᠬᠤᠭᠤᠴᠠᠭᠠᠨ ᠳᠤ ᠤᠯᠠᠨ ᠲᠦᠮᠡᠨ ᠤ ᠲᠠᠬᠢᠯᠭ᠎ᠠ ᠶᠢᠨ ᠠᠵᠢᠯᠯᠠᠭᠠᠨ ᠤ ᠲᠤᠬᠠᠢ ᠮᠡᠳᠡᠭᠳᠡᠯ︾ ᠢ ᠵᠠᠷᠯᠠᠵᠤ᠂ ᠤᠬᠠᠭᠤᠯᠭ᠎ᠠ ᠶᠢᠨ ᠲᠡᠷᠭᠡ ᠪᠠᠷ ᠭᠤᠤᠯ ᠬᠤᠲᠠ ᠶᠢᠨ ᠳᠤᠲᠤᠷ᠎ᠠ ᠵᠠᠷ ᠮᠡᠳᠡᠭᠡᠨ ᠤ ᠠᠭᠤᠯᠭ᠎ᠠ ᠶᠢ ᠪᠠᠶᠢᠨ ᠳᠠᠬᠢᠨ ᠨᠡᠪᠲᠡᠷᠡᠭᠦᠯᠵᠦ᠂ ᠪᠤᠯᠪᠠᠰᠤᠨ ᠢᠶᠠᠷ ᠲᠠᠬᠢᠯᠭ᠎ᠠ ᠬᠢᠬᠦ ᠮᠡᠳᠡᠭᠳᠡᠯ ᠢ ᠡᠯ᠎ᠡ ᠨᠡᠶᠢᠭᠡᠮ ᠲᠤᠭᠤᠷᠢᠭ ᠪᠠ ᠰᠠᠭᠤᠭᠠᠯᠢ ᠠᠷᠠᠳ ᠤᠨ ᠵᠢᠵᠢᠭ ᠲᠤᠭᠤᠷᠢᠭ ᠲᠤ ᠳᠠᠮᠵᠢᠭᠤᠯᠵᠤ᠂ ᠮᠡᠳᠡᠭᠳᠡᠯ ᠵᠠᠷ ᠢ ᠪᠠᠭ᠎ᠠ ᠲᠤᠭᠤᠷᠢᠭ ᠤᠨ ᠬᠠᠨ᠎ᠠ ᠳᠤ ᠨᠠᠭᠠᠭᠰᠠᠨ ᠪᠦᠭᠡᠳ ᠤᠯᠠᠨ ᠲᠦᠮᠡᠨ ᠳᠤ ᠤᠬᠠᠭᠤᠯᠭ᠎ᠠ ᠬᠢᠭᠰᠡᠨ ᠠᠴᠠ ᠪᠤᠯᠪᠠᠰᠤᠨ ᠲᠠᠬᠢᠯᠭ᠎ᠠ ᠶᠢᠨ ᠤᠶᠢᠯᠠᠭᠠᠭᠳᠠᠬᠤᠨ ᠬᠦᠮᠦᠰ ᠤᠨ ᠰᠡᠳᠭᠢᠯ ᠳᠤ ᠭᠦᠨ ᠰᠠᠭᠤᠭᠳᠠᠯ ᠪᠤᠯᠤᠭᠰᠠᠨ ᠪᠠᠶᠢᠨ᠎ᠠ᠃ ᠬᠤᠲᠠ ᠶᠢᠨ ᠬᠠᠮᠢᠶᠠᠷᠤᠯᠲᠠ ᠶᠢᠨ 300 ᠰᠢᠬᠠᠮ ᠬᠠᠤᠯᠢ ᠬᠡᠷᠡᠭᠵᠢᠭᠦᠯᠬᠦ ᠠᠵᠢᠯᠲᠠᠨ ᠢ ᠬᠤᠲᠠ ᠶᠢᠨ ᠲᠣᠭᠤᠷᠢᠭ ᠤᠨ 130 ᠭᠠᠷᠤᠶ ᠵᠠᠮ ᠤᠨ ᠠᠭᠤᠯᠵᠠᠷ ᠲᠤ ᠴᠡᠭ ᠲᠣᠭᠲᠠᠭᠠᠨ ᠵᠢᠵᠢᠭᠦᠷᠯᠡᠵᠦ᠂ ᠴᠡᠭ ᠢᠶᠠᠷ ᠱᠤᠭᠤᠮ ᠢ ᠳᠠᠶᠢᠴᠢᠯᠠᠵᠤ᠂ ᠱᠤᠭᠤᠮ ᠢᠶᠠᠷ ᠨᠡᠶᠢᠳᠡᠮ ᠢ ᠳᠠᠶᠢᠴᠢᠯᠠᠨ ᠴᠢᠩᠭ᠎ᠠ ᠪᠠᠶᠢᠷᠢᠯᠠᠭᠤᠯᠵᠤ᠂ ᠪᠣᠯᠪᠠᠰᠤᠨ ᠪᠤᠰᠤ ᠲᠠᠬᠢᠯᠭ᠎ᠠ ᠶᠢᠨ  ᠠᠵᠢᠯᠯᠠᠭ᠎ᠠ ᠡᠭᠦᠰᠬᠦ ᠶᠢ ᠰᠡᠷᠭᠡᠶᠢᠯᠡᠨ ᠡᠵᠡᠮᠳᠡᠨ᠎ᠡ︔ ︽ᠭᠤᠷᠪᠠᠨ ᠴᠢᠩᠭ᠎ᠠ ᠭᠤᠷᠪᠠᠨ ᠤᠶᠠᠯᠳᠤᠯ︾ ︵ᠳᠠᠷᠤᠶ᠄ ᠴᠢᠩᠭ᠎ᠠ ᠰᠡᠷᠭᠡᠶᠢᠯᠡᠨ ᠰᠠᠬᠢᠵᠤ᠂ ᠵᠢᠭᠰᠠᠭᠠᠯ ᠢ  ᠴᠢᠩᠭ᠎ᠠ ᠬᠦᠯᠢᠶᠡᠵᠦ᠂ ᠴᠢᠩᠭ᠎ᠠ ᠬᠠᠮᠢᠶᠠᠷᠴᠤ ᠬᠦᠨᠳᠦ ᠪᠠᠷ ᠲᠣᠷᠭᠠᠨ᠎ᠠ︔ ᠶᠠᠷᠢᠶ᠎ᠠ ᠬᠡᠯᠡᠯᠴᠡᠭᠡᠨ ᠤ ᠤᠬᠠᠭᠤᠯᠭ᠎ᠠ ᠪᠠ ᠠᠭᠤᠷ ᠠᠮᠢᠰᠬᠤᠯ ᠢ ᠪᠤᠢ ᠪᠣᠯᠭᠠᠬᠤ ᠶᠢ ᠤᠶᠠᠯᠳᠤᠭᠤᠯᠬᠤ︔ ᠬᠤᠲᠠ ᠶᠢᠨ ᠬᠠᠮᠢᠶᠠᠷᠤᠯᠲᠠ ᠶᠢᠨ ᠳᠠᠶᠢᠯᠠᠯᠳᠤᠭᠠᠨ ᠤ ᠴᠢᠨᠠᠷᠲᠠᠶ ᠠᠵᠢᠯᠯᠠᠭ᠎ᠠ ᠶᠢ ᠡᠳᠦᠷ ᠲᠤᠲᠤᠮ ᠤᠨ ᠬᠢᠨᠠᠯᠲᠠ  ᠬᠠᠮᠢᠶᠠᠷᠤᠯᠲᠠ ᠯᠤᠭ᠎ᠠ ᠬᠠᠷᠢᠯᠴᠠᠨ ᠤᠶᠠᠯᠳᠤᠭᠤᠯᠬᠤ ᠬᠡᠷᠡᠭᠲᠡᠶ︔ ᠬᠥᠳᠡᠯᠦᠩᠭᠦᠶ ᠪᠠᠷ ᠲᠣᠭᠤᠷᠢᠨ ᠪᠠᠶᠢᠴᠠᠭᠠᠬᠤ ᠪᠠ ᠲᠣᠭᠲᠠᠩᠭᠤᠶ ᠵᠢᠵᠢᠭᠦᠷᠯᠡᠨ ᠰᠠᠬᠢᠬᠤ ᠶᠢ ᠬᠠᠷᠢᠯᠴᠠᠨ ᠤᠶᠠᠯᠳᠤᠭᠤᠯᠤᠨ᠎ᠠ︶ ᠪᠠᠷ ᠰᠠᠭᠤᠷᠢ ᠪᠣᠯᠭᠠᠵᠤ᠂ ︽ᠭᠤᠷᠪᠠ ᠶᠢ ᠪᠠᠶᠢᠴᠠᠭᠠᠵᠤ ᠬᠤᠶᠠᠷ ᠢ ᠥᠷᠭᠡᠳᠬᠡᠬᠦ︾ ︵ᠲᠤᠬᠠᠶᠢᠯᠠᠪᠠᠯ᠄ ᠣᠷᠣᠰᠢᠭᠤᠯᠬᠤ ᠬᠡᠷᠡᠭᠰᠡᠯ ᠢ ᠡᠵᠡᠩᠨᠡᠬᠦ ᠬᠤᠳᠠᠯᠳᠤᠭᠠᠴᠢᠨ ᠡᠷᠦᠬᠡ ᠶᠢ ᠲᠣᠭᠤᠷᠢᠨ ᠪᠠᠶᠢᠴᠠᠭᠠᠬᠤ᠂ ᠵᠠᠮ ᠡᠵᠡᠯᠡᠨ ᠲᠠᠬᠢᠯᠭ᠎ᠠ ᠶᠢᠨ ᠬᠡᠷᠡᠭᠰᠡᠯ ᠢ ᠬᠤᠳᠠᠯᠳᠤᠬᠤ᠂ ᠵᠡᠭᠡᠯᠢ ᠳᠠᠭᠠᠤ ᠬᠤᠶᠢᠯᠭ᠎ᠠ ᠶᠢᠨ ᠴᠠᠭᠠᠰᠤ ᠪᠠ ᠵᠤᠭᠤᠰ ᠢ ᠰᠢᠲᠠᠭᠠᠬᠤ ᠦᠶ᠋ᠯᠡ ᠠᠵᠢᠯᠯᠠᠭ᠎ᠠ ᠶᠢ ᠪᠠᠶᠢᠴᠠᠭᠠᠨ ᠰᠢᠢᠳᠪᠦᠷᠢᠯᠡᠨ᠎ᠡ︔ ᠲᠣᠭᠤᠷᠢᠨ ᠪᠠᠶᠢᠴᠠᠭᠠᠬᠤ ᠬᠤᠭᠤᠴᠠᠭ᠎ᠠ ᠶᠢ ᠥᠷᠭᠡᠳᠬᠡᠬᠦ᠂ ᠲᠣᠭᠤᠷᠢᠨ ᠪᠠᠶᠢᠴᠠᠭᠠᠬᠤ ᠣᠷᠣᠨ ᠢ ᠥᠷᠭᠡᠳᠬᠡᠬᠦ︶ ᠪᠣᠯ ᠠᠵᠢᠯ ᠤᠨ ᠴᠢᠭᠯᠡᠯᠲᠡ ᠪᠣᠯᠤᠨ᠎ᠠ︔ ᠬᠠᠪᠤᠷ ᠤᠨ ᠤᠯᠠᠷᠢᠯ ᠤᠨ ᠭᠠᠯ ᠰᠡᠷᠭᠡᠶᠢᠯᠡᠬᠦ ᠪᠠᠷ ᠠᠵᠢᠯ ᠤᠨ ᠭᠤᠤᠯᠳᠠᠯᠭ᠎ᠠ ᠪᠣᠯᠭᠠᠨ᠂ ᠬᠠᠤᠯᠢ  ᠬᠡᠷᠡᠭᠵᠢᠭᠦᠯᠬᠦ ᠠᠵᠢᠯᠲᠠᠨ ᠨᠢᠭᠡᠪᠦᠷᠢ ᠳᠤ ᠴᠥᠮ ᠭᠠᠯ ᠤᠨᠲᠠᠷᠠᠭᠠᠭᠤᠷ ᠲᠣᠬᠢᠷᠠᠭᠤᠯᠬᠤ ᠬᠡᠷᠡᠭᠲᠡᠶ᠃       ᠪᠦᠷᠢᠳᠭᠡᠯ ᠢ ᠦᠨᠳᠦᠰᠦᠯᠡᠪᠡᠯ᠂ ᠲᠤᠰ ᠤᠳᠠᠭᠠᠨ ᠤ ᠠᠵᠢᠯᠯᠠᠭ᠎ᠠ ᠳᠤ ᠬᠤᠯᠢᠰᠢᠨ ᠢᠳᠡᠭᠡᠨ ᠤ ᠳᠡᠯᠭᠡᠭᠦᠷ᠂ ᠴᠤᠭᠯᠠᠭ᠎ᠠ ᠮᠠᠶᠢᠮᠠᠢ᠂ ᠪᠦᠭᠡᠮ ᠢᠶᠠᠷ ᠪᠤᠷᠤᠯᠠᠭᠤᠯᠬᠤ ᠵᠠᠬ᠎ᠠ ᠳᠡᠯᠭᠡᠭᠦᠷ᠂ ᠬᠡᠳᠦ ᠳᠡᠯᠭᠡᠭᠦᠷ ᠤᠨ ᠭᠠᠳᠠᠨ᠎ᠠ ᠤᠷᠤᠰᠢᠭᠤᠯᠭ᠎ᠠ ᠶᠢᠨ ᠬᠠᠮᠢᠶᠠᠲᠡᠢ ᠲᠠᠬᠢᠯᠭ᠎ᠠ ᠶᠢᠨ ᠡᠳ᠋ ᠪᠤᠳᠠᠰ   ᠤᠨ ᠬᠤᠳᠠᠯᠳᠤᠭᠠᠨ ᠤ ᠭᠠᠵᠠᠷ 379 ᠪᠠᠶᠢᠵᠤ᠂ ᠵᠠᠮ ᠡᠵᠡᠯᠡᠨ ᠬᠤᠶᠢᠯᠭ᠎ᠠ ᠶᠢᠨ ᠴᠠᠭᠠᠰᠤ ᠪᠠ ᠵᠤᠭᠤᠰ ᠡᠵᠡᠩᠨᠡᠭᠴᠢ ᠶᠢ 148᠂ ᠤᠷᠤᠰᠢᠭᠤᠯᠭ᠎ᠠ ᠶᠢᠨ ᠡᠳ᠋ ᠪᠤᠳᠠᠰ ᠬᠤᠳᠠᠯᠳᠤᠭᠴᠢ ᠶᠢᠨ407 ᠪᠠ ᠳᠤᠷ᠎ᠠ ᠲᠠᠪᠠ ᠪᠠᠷ ᠤᠪᠤᠭᠠᠯᠠᠨ ᠲᠠᠯᠪᠢᠭᠰᠠᠨ ᠭᠠᠵᠠᠷ 859 ᠭᠠᠵᠠᠷ᠂ 268 ᠤᠷᠢᠶ᠎ᠠ ᠯᠤᠤᠽᠤᠩ ᠤᠨ ᠡᠯᠭᠦᠭᠡ ᠪᠢᠴᠢᠭᠡᠰᠦ ᠶᠢ ᠠᠪᠴᠤ ᠬᠠᠶᠠᠭᠰᠠᠨ ᠪᠠ ᠳᠤᠷ᠎ᠠ ᠪᠠᠷ ᠨᠠᠭᠠᠭᠠᠵᠤ᠂ ᠲᠠᠪᠠ ᠪᠠᠷ ᠡᠯᠭᠦᠭᠰᠡᠨ ᠪᠢᠴᠢᠭᠡᠰᠦ᠂  ᠳ᠋ᠧᠩ ᠤᠨ ᠬᠠᠶᠢᠷᠴᠠᠭ ᠮᠡᠳᠦ ᠶᠢ 388 ᠵᠤᠷᠪᠤᠰ᠂102 ᠭᠠᠵᠠᠷ ᠢ ᠵᠠᠰᠠᠪᠠ᠃ ᠬᠠᠷᠠᠭ᠎ᠠ ᠠᠯᠳᠠᠭᠰᠠᠳ ᠤᠨ ᠵᠠᠮ ᠳᠡᠭᠡᠷ᠎ᠡ ᠳᠤᠭᠤᠢ ᠲᠡᠷᠭᠡ ᠵᠤᠭᠰᠤᠭᠠᠭᠰᠠᠨ ᠭᠠᠵᠠᠷ 894 ᠬᠡᠰᠡᠭ᠂ ᠴᠠᠬᠢᠯᠭᠠᠨ ᠬᠦᠳᠡᠯᠭᠡᠭᠦᠷᠲᠦ ᠳᠤᠭᠤᠢ ᠲᠡᠷᠭᠡ ᠲᠠᠯᠪᠢᠭᠰᠠᠨ 717 ᠭᠠᠵᠠᠷ᠂ ᠲᠡᠷᠭᠡ ᠵᠤᠭᠰᠤᠬᠤ ᠶᠢ ᠴᠡᠭᠡᠷᠯᠡᠭᠰᠡᠨ ᠭᠠᠵᠠᠷ ᠤᠨ ᠫᠠᠶᠢᠰᠠ ᠳᠡᠮᠳᠡᠭ 428 ᠵᠠᠯᠠᠷᠠᠭᠤᠯᠵᠤ᠂ 178 ᠤᠳᠠᠭᠠᠨ ᠤ ᠬᠤᠶᠢᠯᠭᠠᠨ ᠵᠤᠭᠤᠰ ᠰᠢᠲᠠᠭᠠᠬᠤ ᠬᠦᠮᠦᠰ ᠢ ᠢᠳᠬᠠᠨ ᠵᠤᠭᠰᠤᠭᠠᠪᠠ᠃
 
ᠢᠷᠡᠯᠲᠡ᠄ ᠬᠤᠷᠴᠢᠨ ᠲᠤᠭᠤᠷᠢᠭ ᠤᠨ ᠵᠠᠰᠠᠭ ᠤᠨ ᠤᠷᠳᠤᠨ
 
 
ᠬᠠᠮᠢᠶ᠎ᠡ ᠪᠦᠬᠦᠢ ᠰᠣᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备05070829号