ᠬᠢᠵᠢᠭ ᠤᠨ ᠪᠠᠶᠢᠳᠠᠯ ᠢ ᠰᠡᠷᠭᠡᠶᠢᠯᠡᠨ ᠬᠢᠵᠠᠭᠠᠷᠯᠠᠬᠤ ᠬᠤᠭᠤᠴᠠᠭᠠᠨ ᠳᠤ ᠬᠠᠷᠢᠶᠠᠲᠤ ᠣᠷᠣᠨ ᠤ ᠰᠤᠷᠤᠭᠴᠢᠳ ᠤᠨ ︽ | ᠵᠢᠵᠢᠭ ᠬᠤᠭᠤᠯᠠᠨ ᠰᠢᠷᠡᠭᠡ︾ ᠶᠢᠨ ᠢᠳᠡᠭᠡᠨ ᠤ ᠠᠮᠤᠷ ᠲᠦᠪᠰᠢᠨ ᠤ ᠬᠢᠨᠠᠯᠲᠠ ᠬᠠᠮᠢᠶᠠᠷᠤᠯᠲᠠ ᠶᠢ ᠦᠨᠡᠨ ᠬᠦ | ᠴᠢᠩᠭᠠᠳᠬᠠᠵᠤ᠂ ᠢᠳᠡᠭᠡᠨ ᠤᠮᠳᠠᠭᠠᠨ ᠤ ᠦᠢᠯᠡᠴᠢᠯᠡᠭᠡᠨ ᠤ ᠠᠵᠢᠯᠯᠠᠭ᠎ᠠ ᠶᠢ ᠵᠢᠷᠤᠮᠵᠢᠭᠤᠯᠤᠨ᠂ ᠰᠤᠷᠤᠭᠴᠢᠳ ᠤᠨ | ᠬᠤᠭᠤᠯᠠ ᠢᠳᠡᠭᠡᠨ ᠤᠮᠳᠠᠭᠠᠨ ᠤ ᠠᠮᠤᠷ ᠲᠦᠪᠰᠢᠨ ᠢ ᠪᠠᠲᠤᠯᠠᠬᠤ ᠶᠢᠨ ᠲᠥᠯᠥᠭᠡ᠂ ᠣᠶᠢᠷ᠎ᠠ ᠳᠤ᠂ ᠬᠤᠷᠴᠢᠨ | ᠲᠣᠭᠤᠷᠢᠭ ᠬᠠᠷᠢᠶ᠎ᠠ ᠣᠷᠣᠨ ᠤ ᠬᠡᠪᠴᠢᠶᠡᠨ ᠳᠠᠬᠢ ᠨᠢᠭᠡᠨᠲᠡ ᠬᠢᠴᠢᠶᠡᠯ ᠰᠡᠷᠭᠦᠭᠡᠭᠰᠡᠨ ᠰᠤᠷᠭᠠᠭᠤᠯᠢ ᠶᠢᠨ ᠡᠷᠬᠢᠨ | ᠲᠣᠭᠤᠷᠢᠨ ᠤ ︽ᠵᠢᠵᠢᠭ ᠬᠤᠭᠤᠯᠠᠨ ᠰᠢᠷᠡᠭᠡ︾ ᠳᠤ ᠢᠳᠡᠭᠡᠨ ᠤ ᠠᠮᠤᠷ ᠲᠦᠪᠰᠢᠨ ᠤ ᠲᠤᠰᠬᠠᠶ ᠪᠠᠶᠢᠴᠠᠭᠠᠯᠲᠠ | ᠥᠷᠨᠢᠭᠦᠯᠪᠡ᠃ | ᠲᠣᠰ ᠤᠳᠠᠭᠠᠨ ᠤ ᠪᠠᠶᠢᠴᠠᠭᠠᠯᠲᠠ ᠶᠢᠨ ᠠᠭᠤᠯᠭ᠎ᠠ ᠳᠤ᠂ ᠰᠤᠷᠤᠭᠴᠢᠳ ᠤᠨ ︽ᠵᠢᠵᠢᠭ ᠬᠤᠭᠤᠯᠠᠨ ᠰᠢᠷᠡᠭᠡ︾ | ᠶᠢᠨ ᠭᠤᠤᠯ ᠴᠣᠭᠴᠠ ᠶᠢᠨ ᠬᠢᠷᠢ ᠬᠡᠮ᠂ ᠡᠵᠡᠩᠨᠡᠭᠴᠢ ᠶᠢᠨ ᠭᠡᠷᠡᠴᠢ ᠦᠨᠡᠮᠯᠡᠯ ᠪᠦᠷᠢᠨ ᠭᠦᠶ᠋ᠴᠡᠳ ᠪᠠᠶᠢᠬᠤ ᠡᠰᠡᠬᠦ᠂ | ᠬᠡᠪᠴᠢᠶ᠎ᠡ ᠠᠴᠠ ᠬᠡᠲᠦᠷᠡᠭᠦᠯᠦᠨ ᠡᠵᠡᠩᠨᠡᠭᠰᠡᠨ ᠪᠠᠶᠢᠳᠠᠯ ᠣᠷᠣᠰᠢᠵᠤ ᠪᠠᠶᠢᠬᠤ ᠡᠰᠡᠬᠦ ᠶᠢ ᠪᠠᠶᠢᠴᠠᠭᠠᠨ ᠦᠵᠡᠨ᠎ᠡ︔ | ᠠᠵᠢᠯᠯᠠᠵᠤ ᠪᠠᠶᠢᠭ᠎ᠠ ᠬᠥᠮᠦᠰ ᠤᠨ ᠡᠷᠡᠭᠦᠯ ᠮᠡᠨᠳᠦ ᠶᠢᠨ ᠬᠠᠮᠢᠶᠠᠷᠤᠯᠲᠠ᠂ ᠢᠳᠡᠭᠡᠨ ᠤ ᠠᠮᠤᠷ ᠲᠦᠪᠰᠢᠨ ᠤ | ᠮᠡᠳᠡᠯᠭᠡ ᠶᠢᠨ ᠪᠣᠯᠪᠠᠰᠤᠷᠠᠭᠤᠯᠤᠯ ᠤᠨ ᠪᠠᠶᠢᠳᠠᠯ ᠢ ᠪᠣᠶ ᠪᠥᠬᠦᠶ ᠠᠵᠢᠯᠯᠠᠵᠤ ᠪᠠᠶᠢᠭ᠎ᠠ ᠬᠥᠮᠦᠰ ᠡᠷᠬᠡᠪᠰᠢ ᠬᠦᠴᠦᠨ | ᠪᠦᠬᠦᠢ ᠡᠷᠡᠭᠦᠯ ᠮᠡᠨᠳᠦ ᠶᠢᠨ ᠦᠨᠡᠮᠯᠡᠯ ᠲᠠᠢ ᠪᠠᠶᠢᠪᠠᠯ ᠰᠠᠶ᠋ᠢ ᠠᠵᠢᠯ ᠤᠨ ᠪᠠᠶᠢᠷᠢ ᠳᠤ ᠭᠠᠷᠴᠤ ᠠᠵᠢᠯᠯᠠᠵᠤ ᠪᠣᠯᠤᠨ᠎ᠠ︔ | ᠢᠳᠡᠭᠡᠨ᠂ ᠢᠳᠡᠭᠡᠨ ᠤ ᠲᠦᠭᠦᠬᠡᠶ ᠮᠠᠲ᠋ᠧᠷᠢᠶᠠᠯ ᠬᠤᠳᠠᠯᠳᠤᠨ ᠠᠪᠬᠤ᠂ ᠭᠡᠷᠡᠴᠢ ᠪᠠᠷᠢᠮᠲᠠ ᠪᠠᠷᠢᠮᠲᠠ ᠠᠪᠬᠤ ᠳᠦᠷᠢᠮ | ᠢ ᠨᠠᠶᠢᠳᠠᠪᠤᠷᠢᠵᠢᠭᠤᠯᠤᠭᠰᠠᠨ ᠪᠠᠶᠢᠳᠠᠯ᠂ ᠡᠵᠡᠩᠨᠡᠭᠴᠢ ᠶᠢ ᠪᠠᠷᠠᠭ᠎ᠠ ᠣᠷᠣᠭᠤᠯᠬᠤ ᠫᠢᠶᠣᠣ ᠪᠠᠷᠢᠮᠲᠠ᠂ ᠪᠠᠷᠠᠭ᠎ᠠ | ᠬᠠᠩᠭᠠᠬᠤ ᠬᠤᠳᠠᠯᠳᠤᠭᠠᠴᠢᠨ ᠤ ᠬᠠᠮᠢᠶ᠎ᠠ ᠪᠦᠬᠦᠢ ᠬᠢᠷᠢ ᠬᠡᠮ᠂ ᠦᠢᠯᠡᠳᠭᠦᠨ ᠢ ᠰᠢᠯᠭᠠᠨ ᠪᠠᠶᠢᠴᠠᠭᠠᠭᠰᠠᠨ | ᠮᠡᠳᠡᠭᠦᠯᠦᠯᠲᠡ ᠠᠪᠬᠤ ᠶᠢᠨ ᠬᠠᠮᠲᠤ ᠪᠠᠷᠠᠭ᠎ᠠ ᠣᠷᠣᠭᠤᠯᠤᠭᠰᠠᠨ ᠡᠬᠡ ᠳᠠᠩᠰᠠ ᠶᠢᠨ ᠲᠡᠮᠳᠡᠭᠯᠡᠯ ᠢ ᠰᠠᠶᠢᠲᠤᠷ ᠬᠢᠬᠦ | ᠬᠡᠷᠡᠭᠲᠡᠢ ᠭᠡᠵᠦ ᠱᠠᠭᠠᠷᠳᠠᠪᠠ᠃ ᠢᠳᠡᠭᠡᠨ ᠡᠳ᠋ᠰᠢᠭᠦᠯᠦᠨ ᠦᠢᠯᠡᠳᠴᠦ ᠪᠠᠶᠢᠭ᠎ᠠ ᠪᠠᠶᠢᠳᠠᠯ ᠳᠤ᠂ ᠰᠤᠷᠤᠭᠴᠢᠳ ᠤᠨ ︽ | ᠵᠢᠵᠢᠭ ᠬᠤᠭᠤᠯᠠᠨ ᠰᠢᠷᠡᠭᠡ︾ ᠶᠢᠨ ᠬᠤᠭᠤᠴᠠᠭ᠎ᠠ ᠬᠡᠲᠦᠷᠡᠭᠦᠯᠦᠨ ᠴᠢᠨᠠᠷ ᠬᠤᠪᠢᠷᠬᠠᠰᠠᠨ᠂ ᠬᠤᠳᠠᠯ ᠬᠠᠭᠤᠷᠮᠠᠭ | ᠴᠢᠨᠠᠷ ᠮᠠᠭᠤ ᠵᠡᠷᠭᠡ ᠬᠢᠷᠢ ᠲᠡᠩᠴᠡᠭᠰᠡᠨ ᠥᠬᠡᠶ ᠢᠳᠡᠭᠡᠨ ᠢ ᠡᠵᠡᠩᠨᠡᠨ ᠬᠡᠷᠡᠭᠯᠡᠬᠦ ᠶᠢ ᠴᠢᠩᠭ᠎ᠠ ᠴᠠᠭᠠᠵᠠᠯᠠᠨ᠎ᠠ︔ | ᠬᠤᠭᠤᠯᠠᠨ ᠤ ᠰᠠᠪᠠ ᠬᠡᠷᠡᠭᠰᠡᠯ ᠢ ᠠᠷᠢᠭᠤᠳᠬᠠᠬᠤ᠂ ᠢᠳᠡᠭᠡᠨ ᠤ ᠶᠠᠩᠵᠤ ᠦᠯᠡᠳᠡᠭᠡᠬᠦ᠂ ᠢᠳᠡᠭᠡᠨ ᠤ ᠠᠵᠢᠯᠯᠠᠬᠤ | ᠲᠠᠰᠤᠭ ᠵᠢᠴᠢ ᠬᠤᠭᠤᠯᠠ ᠢᠳᠡᠬᠦ ᠭᠠᠵᠠᠷ ᠤᠨ ᠣᠷᠴᠢᠨ ᠲᠣᠭᠤᠷᠢᠨ ᠤ ᠠᠷᠢᠭᠤᠨ ᠴᠡᠪᠡᠷ ᠤᠨ ᠪᠠᠶᠢᠳᠠᠯ ᠢ | ᠰᠤᠷᠤᠭᠴᠢᠳ ᠲᠤ ︽ᠵᠢᠵᠢᠭ ᠬᠤᠭᠤᠯᠠᠨ ᠰᠢᠷᠡᠭᠡ︾ ᠶᠢ ᠲᠣᠭᠲᠠᠭᠠᠯ ᠶᠣᠰᠣᠭᠠᠷ ᠶᠠᠩᠵᠤ ᠦᠯᠡᠳᠡᠭᠡᠬᠦ ᠶᠢ | ᠱᠠᠭᠠᠷᠳᠠᠵᠤ᠂ ᠬᠤᠭᠤᠯᠠᠨ ᠤ ᠰᠠᠪᠠ ᠬᠡᠷᠡᠭᠰᠡᠯ ᠢ ᠠᠷᠢᠭᠤᠳᠬᠠᠭᠰᠠᠨ ᠲᠡᠮᠳᠡᠭᠯᠡᠯ ᠪᠠ ᠢᠳᠡᠭᠡᠨ ᠤ ᠶᠠᠩᠵᠤ | ᠦᠯᠡᠳᠡᠭᠡᠭᠰᠡᠨ ᠲᠡᠮᠳᠡᠭᠯᠡᠯ ᠢ ᠰᠠᠶᠢᠲᠤᠷ ᠬᠢᠬᠦ ᠬᠡᠷᠡᠭᠲᠡᠶ᠃ ᠢᠳᠡᠭᠡᠨ ᠳᠤ ᠬᠤᠤᠷᠳᠠᠭᠳᠠᠭᠰᠠᠨ ᠪᠠᠴᠢᠮ ᠪᠠᠶᠢᠳᠠᠯ ᠢ | ᠠᠷᠭᠠᠴᠠᠨ ᠰᠢᠢᠳᠪᠦᠷᠢᠯᠡᠬᠦ ᠴᠢᠳᠠᠪᠤᠷᠢ ᠶᠢᠨ ᠪᠠᠶᠢᠭᠤᠯᠤᠯᠲᠠ ᠶᠢᠨ ᠪᠠᠶᠢᠳᠠᠯ ᠢ ᠡᠵᠡᠩᠨᠡᠭᠴᠢᠳ ᠲᠤ ᠪᠠᠴᠢᠮ ᠪᠠᠶᠢᠳᠠᠯ ᠢ | ᠠᠷᠭᠠᠴᠠᠨ ᠰᠢᠢᠳᠪᠦᠷᠢᠯᠡᠬᠦ ᠪᠦᠷᠢᠨ ᠪᠦᠲᠦᠨ ᠲᠥᠰᠦᠯ ᠪᠠᠶᠢᠯᠭᠠᠬᠤ ᠶᠢ ᠱᠠᠭᠠᠷᠳᠠᠵᠤ᠂ ᠭᠡᠨᠡᠳᠲᠡ ᠶᠢᠨ ᠪᠠᠶᠢᠳᠠᠯ ᠢ | ᠵᠥᠪ ᠢᠶᠠᠷ ᠠᠷᠭᠠᠴᠠᠬᠤ ᠬᠡᠷᠡᠭᠲᠡᠶ᠃ | ᠲᠣᠰ ᠤᠳᠠᠭᠠᠨ ᠤ ᠠᠵᠢᠯᠯᠠᠭ᠎ᠠ ᠳᠤ᠂ ᠰᠤᠷᠭᠠᠭᠤᠯᠢ ᠶᠢᠨ ᠡᠷᠬᠢᠨ ᠲᠣᠭᠤᠷᠢᠨ ᠤ ᠵᠢᠵᠢᠭ ᠬᠤᠭᠤᠯᠠᠨ ᠰᠢᠷᠡᠭᠡ | ᠨᠡᠶᠢᠲᠡ 158 ᠶᠢ ᠪᠠᠶᠢᠴᠠᠭᠠᠵᠤ᠂ ᠬᠠᠤᠯᠢ ᠬᠡᠷᠡᠭᠵᠢᠭᠦᠯᠬᠦ ᠠᠵᠢᠯᠲᠠᠨ ᠢ 320 ᠬᠥᠮᠦᠨ ᠤᠳᠠᠭ᠎ᠠ ᠤᠷᠤᠯᠴᠠᠭᠤᠯᠵᠤ | ᠂ ᠬᠠᠤᠯᠢ ᠬᠡᠷᠡᠭᠵᠢᠭᠦᠯᠬᠦ ᠲᠡᠷᠭᠡ ᠶᠢ 85 ᠲᠡᠷᠭᠡ ᠤᠳᠠᠭ᠎ᠠ ᠬᠥᠳᠡᠯᠭᠡᠵᠦ᠂ ᠪᠠᠶᠢᠴᠠᠭᠠᠬᠤ ᠶᠠᠪᠤᠴᠠ ᠳᠤ ᠣᠯᠵᠤ | ᠮᠡᠳᠡᠭᠰᠡᠨ ᠠᠰᠠᠭᠤᠳᠠᠯ ᠢ ᠬᠠᠤᠯᠢ ᠬᠡᠷᠡᠭᠵᠢᠭᠦᠯᠬᠦ ᠠᠵᠢᠯᠲᠠᠨ ᠢ ᠴᠥᠮ ᠵᠠᠷᠯᠢᠭᠳᠠᠵᠤ ᠪᠠᠶᠢᠭᠠᠳ ᠳᠠᠷᠤᠶ ᠲᠦᠷᠭᠡᠨ | ᠴᠡᠭᠴᠡᠯᠡᠨ ᠰᠠᠶᠢᠵᠢᠷᠠᠭᠤᠯᠬᠤ ᠶᠢᠨ ᠬᠠᠮᠲᠤ ᠮᠥᠷᠳᠡᠵᠦ ᠳᠠᠬᠢᠨ ᠪᠠᠶᠢᠴᠠᠭᠠᠭᠠᠳ ᠪᠣᠳᠠᠲᠠᠶᠢᠵᠢᠭᠤᠯᠤᠭᠰᠠᠨ ᠪᠠᠶᠢᠨ᠎ᠠ᠃ | ᠲᠣᠰ ᠤᠳᠠᠭᠠᠨ ᠤ ᠪᠠᠶᠢᠴᠠᠭᠠᠯᠲᠠ ᠪᠠᠷ ᠳᠠᠮᠵᠢᠭᠤᠯᠤᠨ᠂ ᠰᠤᠷᠭᠠᠭᠤᠯᠢ ᠶᠢᠨ ᠡᠷᠬᠢᠨ ᠲᠣᠭᠤᠷᠢᠨ ᠤ ︽ᠵᠢᠵᠢᠭ | ᠬᠤᠭᠤᠯᠠᠨ ᠰᠢᠷᠡᠭᠡ︾ ᠶᠢᠨ ᠠᠮᠤᠷ ᠲᠦᠪᠰᠢᠨ ᠤ ᠬᠠᠮᠢᠶᠠᠷᠤᠯᠲᠠ ᠶᠢ ᠪᠥᠬᠦ ᠲᠠᠯ᠎ᠠ ᠪᠠᠷ ᠰᠢᠮᠳᠠᠭᠤᠯᠤᠨ | ᠵᠢᠷᠤᠮᠵᠢᠭᠤᠯᠵᠤ᠂ ︽ᠵᠢᠵᠢᠭ ᠬᠤᠭᠤᠯᠠᠨ ᠰᠢᠷᠡᠭᠡ︾ ᠶᠢᠨ ᠠᠵᠢᠯᠯᠠᠭᠴᠢᠳ ᠤᠨ ᠠᠮᠤᠷ ᠲᠦᠪᠰᠢᠨ ᠤ ᠦᠵᠡᠯ | ᠤᠬᠠᠮᠰᠠᠷ ᠢ ᠳᠡᠭᠡᠭᠰᠢᠯᠡᠭᠦᠯᠵᠦ᠂ ᠰᠤᠷᠤᠭᠴᠢᠳ ᠤᠨ ᠠᠮᠤᠷ ᠲᠦᠪᠰᠢᠨ ᠢ ᠪᠠᠲᠤᠯᠠᠬᠤ ᠳᠤ ᠢᠳᠡᠪᠬᠢᠲᠡᠶ ᠦᠢᠯᠡᠳᠦᠯ | ᠦᠵᠡᠭᠦᠯᠪᠡ᠃ | | |