ᠬᠤᠯᠤᠭᠠᠨ᠎ᠠ ᠶᠢᠨ ᠬᠢᠵᠢᠭ ᠢ ᠬᠢᠨᠠᠨ ᠬᠡᠮᠵᠢᠬᠦ ᠠᠵᠢᠯ ᠢ ᠤᠯᠠᠮ ᠨᠢᠭᠡ ᠠᠯᠬᠤᠮ ᠴᠢᠩᠭᠠᠳᠬᠠᠵᠤ᠂ ᠬᠢᠨᠠᠨ ᠬᠡᠮᠵᠢᠬᠦ | ᠠᠵᠢᠯ ᠢ ᠵᠠᠪᠰᠠᠷ ᠥᠬᠡᠶ ᠵᠣᠯᠭᠠᠭᠤᠯᠬᠤ ᠶᠢ ᠪᠡᠶᠡᠯᠡᠭᠦᠯᠬᠦ ᠶᠢᠨ ᠲᠥᠯᠥᠭᠡ᠂ ᠣᠶᠢᠷ᠎ᠠ ᠳᠤ᠂ ᠬᠤᠷᠴᠢᠨ ᠲᠣᠭᠤᠷᠢᠭ ᠤᠨ | ᠬᠤᠯᠤᠭᠠᠨ᠎ᠠ ᠶᠢᠨ ᠬᠢᠵᠢᠭ ᠢ ᠬᠢᠨᠠᠨ ᠬᠡᠮᠵᠢᠬᠦ ᠠᠵᠢᠯ ᠢ ᠵᠢᠩᠬᠢᠨᠢ ᠪᠠᠷ ᠡᠬᠢᠯᠡᠭᠦᠯᠪᠡ᠃ ᠨᠢᠭᠡ ᠳᠤ᠂ ᠬᠢᠨᠠᠨ ᠬᠡᠮᠵᠢᠬᠦ | ᠴᠡᠭ ᠲᠤ ᠲᠣᠭᠲᠠᠭᠰᠠᠨ ᠴᠠᠭ ᠲᠠᠭᠠᠨ ᠣᠷᠣᠵᠤ᠂ ᠡᠪᠦᠯ ᠬᠠᠪᠤᠷ ᠤᠯᠠᠷᠢᠯ ᠤᠨ ᠪᠠᠴᠢᠮ ᠪᠠᠶᠢᠳᠠᠯ ᠢ ᠠᠷᠭᠠᠴᠠᠬᠤ ᠬᠢᠨᠠᠨ | ᠬᠡᠮᠵᠢᠬᠦ ᠠᠵᠢᠯ ᠢ ᠵᠠᠪᠰᠠᠷ ᠥᠬᠡᠶ ᠵᠣᠯᠭᠠᠭᠤᠯᠬᠤ ᠶᠢ ᠪᠡᠶᠡᠯᠡᠭᠦᠯᠦᠨ᠎ᠡ᠃ ᠥᠪᠡᠷᠲᠡᠭᠡᠨ ᠵᠠᠰᠠᠬᠤ ᠣᠷᠣᠨ ᠤ ︽ | ᠬᠤᠶᠠᠷ ᠢ ᠡᠷᠲᠡ ᠨᠢᠭᠡ ᠪᠠᠷ ᠤᠷᠲᠤᠳᠬᠠᠬᠤ︾ ᠠᠵᠢᠯ ᠤᠨ ᠱᠠᠭᠠᠷᠳᠠᠯᠭ᠎ᠠ ᠶᠢ ᠴᠢᠩᠭ᠎ᠠ ᠨᠠᠶᠢᠳᠠᠪᠤᠷᠢᠵᠢᠭᠤᠯᠵᠤ᠂ ︽ | ᠡᠷᠲᠡ ᠪᠠᠷ ᠴᠢᠭ ᠲᠤ ᠤᠴᠢᠵᠤ᠂ ᠣᠷᠣᠶ ᠪᠤᠴᠠᠭᠠᠬᠤ︾ ᠠᠵᠢᠯ ᠤᠨ ᠵᠠᠭᠪᠤᠷ ᠢ ᠠᠪᠴᠤ᠂ 4 ᠳ᠋ᠦᠭᠡᠷ ᠰᠠᠷ᠎ᠠ ᠶᠢᠨ | 1 ᠤ ᠡᠳᠦᠷ ᠬᠢᠨᠠᠨ ᠬᠡᠮᠵᠢᠬᠦ ᠴᠢᠭ ᠲᠤᠬᠠᠶᠢᠯᠠᠪᠠᠯ ᠭᠤᠤᠯ ᠤᠨ ᠠᠶᠢᠯ ᠲᠣᠰᠬᠤᠨ ᠤ ᠡᠭᠦᠯᠳᠡᠷ ᠮᠠᠯ ᠤᠨ ᠲᠠᠯᠠᠪᠠᠶ ᠳᠤ | ᠴᠠᠭ ᠲᠤᠬᠠᠶ ᠳᠤᠨᠢ ᠣᠷᠣᠵᠤ ᠰᠠᠭᠤᠵᠤ᠂ ᠲᠦᠩᠯᠢᠶᠣᠤ ᠬᠤᠲᠠ ᠶᠢᠨ ᠤᠷᠤᠨ ᠨᠤᠲᠤᠭ ᠤᠨ ᠡᠪᠡᠳᠴᠢᠨ ᠤ | ᠥᠷᠲᠡᠭᠡ ᠲᠠᠢ ᠬᠠᠮᠲᠤᠷᠠᠨ ᠬᠤᠯᠤᠭᠠᠨ᠎ᠠ ᠬᠢᠵᠢᠭ ᠢ ᠬᠢᠨᠠᠨ ᠬᠡᠮᠵᠢᠬᠦ ᠠᠵᠢᠯ ᠢ ᠦᠷᠨᠢᠭᠦᠯᠵᠡᠢ᠃ ᠡᠪᠦᠯ ᠬᠠᠪᠤᠷ ᠤᠨ | ᠤᠯᠠᠷᠢᠯ ᠤᠨ ᠪᠠᠴᠢᠮ ᠪᠠᠶᠢᠳᠠᠯ ᠢ ᠠᠷᠭᠠᠴᠠᠬᠤ ᠬᠢᠨᠠᠨ ᠬᠡᠮᠵᠢᠬᠦ ᠠᠵᠢᠯ ᠢ ᠵᠠᠶ ᠵᠠᠪᠰᠠᠷ ᠥᠬᠡᠶ ᠵᠣᠯᠭᠠᠭᠤᠯᠵᠤ᠂ ᠬᠢᠨᠠᠨ | ᠬᠡᠮᠵᠢᠬᠦ ᠠᠵᠢᠯ ᠤᠨ ᠴᠠᠭ ᠢ ᠡᠨᠡ ᠵᠢᠯ ᠤᠨ 7 ᠰᠠᠷ᠎ᠠ ᠬᠦᠷᠲᠡᠯ᠎ᠡ ᠤᠷᠲᠤᠳᠬᠠᠪᠠ᠃ ᠬᠤᠶᠠᠷ ᠲᠤ ᠬᠤᠯᠤᠭᠠᠨ᠎ᠠ | ᠬᠢᠵᠢᠭ ᠢ ᠰᠡᠷᠭᠡᠶᠢᠯᠡᠨ ᠬᠢᠵᠠᠭᠠᠷᠯᠠᠬᠤ ᠣᠷᠣᠭᠤᠯᠤᠯᠲᠠ ᠪᠠᠨ ᠨᠡᠮᠡᠭᠳᠡᠭᠦᠯᠵᠦ᠂ ᠬᠤᠯᠤᠭᠠᠨ᠎ᠠ ᠬᠢᠵᠢᠭ ᠢ ᠬᠢᠨᠠᠨ ᠬᠡᠮᠵᠢᠬᠦ | ᠠᠵᠢᠯ ᠥᠷᠨᠢᠭᠦᠯᠬᠦ ᠳᠤ ᠪᠦᠷᠢᠯᠳᠦᠭᠦᠯᠪᠡᠰᠦ ᠵᠣᠬᠢᠬᠤ ᠡᠯ᠎ᠡ ᠵᠦᠶ᠋ᠯ ᠤᠨ ᠱᠠᠭᠠᠷᠳᠠᠯᠭ᠎ᠠ ᠶᠢ ᠬᠠᠩᠭᠠᠬᠤ ᠬᠡᠷᠡᠭᠲᠡᠶ᠃ | ᠬᠤᠯᠤᠭᠠᠨ᠎ᠠ ᠬᠢᠵᠢᠭ ᠰᠡᠷᠭᠡᠶᠢᠯᠡᠨ ᠬᠢᠵᠠᠭᠠᠷᠯᠠᠬᠤ ᠵᠠᠷᠤᠳᠠᠯ ᠢ ᠢᠳᠡᠪᠬᠢᠲᠡᠢ ᠭᠤᠶᠤᠴᠢᠯᠠᠵᠤ᠂ ᠬᠤᠯᠤᠭᠠᠨ᠎ᠠ ᠬᠢᠵᠢᠭ | ᠰᠡᠷᠭᠡᠶᠢᠯᠡᠬᠦ ᠠᠵᠢᠯ ᠤᠨ ᠲᠣᠭᠲᠠᠮᠠᠯ ᠬᠢᠨᠠᠨ ᠬᠡᠮᠵᠢᠬᠦ ᠴᠢᠭ ᠢ ᠳᠡᠰ ᠳᠡᠪᠰᠢᠭᠦᠯᠦᠨ ᠥᠭᠡᠷᠡᠴᠢᠯᠡᠬᠦ᠂ ᠪᠥᠭᠡᠮ ᠬᠦᠴᠢᠯ | ᠤᠨ ᠲᠤᠷᠰᠢᠯᠲᠠ ᠶᠢᠨ ᠲᠠᠰᠤᠭ ᠤᠨ ᠪᠦᠲᠦᠭᠡᠨ ᠪᠠᠶᠢᠭᠤᠯᠤᠯᠲᠠ᠂ ᠬᠡᠭᠡᠷ᠎ᠡ ᠭᠠᠳᠠᠨ᠎ᠠ ᠬᠠᠶᠢᠨ ᠪᠠᠶᠢᠴᠠᠭᠠᠬᠤ ᠲᠡᠷᠭᠡ | ᠬᠤᠳᠠᠯᠳᠤᠨ ᠠᠪᠬᠤ ᠪᠠ ᠬᠢᠨᠠᠨ ᠬᠡᠮᠵᠢᠬᠦ ᠡᠩᠨᠡᠭᠡᠨ ᠤ ᠬᠦᠴᠦᠨ ᠢ ᠲᠡᠭᠦᠯᠳᠡᠷᠵᠢᠭᠦᠯᠬᠦ ᠳᠤ ᠬᠡᠷᠡᠭᠯᠡᠵᠦ᠂ ᠣᠬᠤᠷ | ᠬᠤᠭᠤᠴᠠᠭᠠᠨ ᠤ ᠳᠣᠲᠣᠷ᠎ᠠ ︽ᠲᠥᠰᠦᠯ᠂ ᠠᠵᠢᠯᠲᠠᠨ᠂ ᠲᠣᠨᠣᠭᠯᠠᠯ᠂ ᠲᠡᠷᠭᠡ ᠬᠥᠰᠬᠡ︾ ᠳᠥᠷᠪᠡᠨ | ᠨᠠᠢᠳᠠᠪᠤᠷᠢᠵᠢᠭᠤᠯᠤᠯᠲᠠ ᠳᠤ ᠬᠦᠷᠭᠡᠪᠡ᠃ ᠭᠤᠷᠪᠠ ᠳᠤ ᠬᠤᠯᠤᠭᠠᠨ᠎ᠠ ᠶᠢᠨ ᠬᠢᠵᠢᠭ ᠤᠨ ᠪᠠᠴᠢᠮ ᠪᠠᠶᠢᠳᠠᠯ ᠢ | ᠠᠷᠭᠠᠴᠠᠬᠤ ᠳᠠᠭᠤᠷᠢᠶᠠᠮᠠᠯ ᠰᠣᠷᠢᠯᠲᠠ ᠶᠢ ᠦᠷᠨᠢᠭᠦᠯᠵᠦ᠂ ᠬᠤᠯᠤᠭᠠᠨ᠎ᠠ ᠶᠢᠨ ᠬᠢᠵᠢᠭ ᠢ ᠰᠡᠷᠭᠡᠶᠢᠯᠡᠨ ᠡᠵᠡᠮᠳᠡᠬᠦ | ᠡᠩᠨᠡᠭᠡ ᠶᠢᠨ ᠪᠠᠴᠢᠮ ᠪᠠᠶᠢᠳᠠᠯ ᠢ ᠠᠷᠭᠠᠴᠠᠨ ᠰᠢᠢᠳᠪᠦᠷᠢᠯᠡᠬᠦ ᠴᠢᠳᠠᠪᠤᠷᠢ ᠶᠢ ᠳᠡᠭᠡᠭᠰᠢᠯᠡᠭᠦᠯᠦᠨ᠎ᠡ᠃ ᠬᠢᠨᠠᠨ ᠬᠡᠮᠵᠢᠬᠦ | ᠴᠡᠭ ᠲᠤ ᠣᠷᠣᠵᠤ ᠰᠠᠭᠤᠬᠤ ᠶᠢᠨ ᠬᠠᠮᠲᠤ᠂ ᠭᠤᠤᠯ ᠤᠨ ᠠᠶᠢᠯ ᠲᠣᠰᠬᠤᠨ ᠤ ᠡᠭᠦᠯᠳᠡᠷ ᠤᠨ ᠮᠠᠯ ᠤᠨ ᠲᠠᠯᠠᠪᠠᠢ ᠶᠢᠨ | ᠬᠤᠯᠤᠭᠠᠨ᠎ᠠ ᠶᠢᠨ ᠬᠢᠵᠢᠭ ᠢ ᠬᠢᠨᠠᠨ ᠬᠡᠮᠵᠢᠬᠦ ᠴᠡᠭ ᠢᠶᠠᠷ ᠰᠣᠷᠢᠯᠲᠠ ᠶᠢᠨ ᠲᠠᠯᠠᠪᠤᠷ ᠪᠣᠯᠭᠠᠵᠤ᠂ ᠠᠮᠠᠨ ᠶᠠᠷᠢᠶ᠎ᠠ ᠪᠠ | ᠪᠣᠳᠠᠲᠠᠶ ᠠᠵᠢᠯᠯᠠᠬᠤ ᠶᠢ ᠬᠠᠷᠢᠯᠴᠠᠨ ᠤᠶᠠᠯᠳᠤᠭᠤᠯᠬᠤ ᠠᠷᠭ᠎ᠠ ᠮᠠᠶ᠋ᠢᠭ ᠢᠶᠠᠷ᠂ ᠬᠢᠵᠢᠭ ᠤᠨ ᠪᠠᠶᠢᠳᠠᠯ ᠢ ᠮᠡᠳᠡᠭᠦᠯᠬᠦ᠂ | ᠬᠢᠵᠢᠭᠲᠦ ᠣᠷᠣᠨ ᠢ ᠪᠢᠲᠡᠭᠦᠮᠵᠢᠯᠡᠬᠦ᠂ ᠬᠢᠵᠢᠭᠲᠦ ᠣᠷᠣᠨ ᠢ ᠤᠰᠠᠳᠬᠠᠬᠤ᠂ ᠡᠪᠡᠳᠴᠢᠲᠡᠨ ᠢ ᠲᠤᠰᠠᠭᠠᠷᠯᠠᠬᠤ᠂ | ᠲᠠᠬᠤᠯ ᠡᠪᠡᠳᠴᠢᠨ ᠤ ᠰᠤᠳᠤᠯᠤᠯ ᠤᠨ ᠪᠠᠶᠢᠴᠠᠭᠠᠯᠲᠠ᠂ ᠦᠯᠢᠭᠡᠷ ᠳᠡᠪᠲᠡᠷ ᠴᠤᠭᠯᠠᠭᠤᠯᠬᠤ᠂ ᠬᠢᠵᠢᠭ ᠤᠨ ᠪᠠᠶᠢᠳᠠᠯ ᠢ | ᠠᠷᠢᠯᠭᠠᠬᠤ ᠵᠡᠷᠭᠡ ᠭᠤᠭᠴᠤᠭ᠎ᠠ ᠪᠠᠷ ᠲᠤᠬᠠᠶ ᠶᠢᠨ ᠲᠠᠯᠠᠪᠠᠢ ᠶᠢᠨ ᠪᠣᠳᠠᠲᠤ ᠰᠣᠷᠢᠯᠲᠠ ᠬᠢᠵᠦ᠂ ᠪᠠᠴᠢᠮ ᠪᠠᠶᠢᠳᠠᠯ ᠢ | ᠠᠷᠭᠠᠴᠠᠨ ᠰᠢᠢᠳᠪᠦᠷᠢᠯᠡᠬᠦ ᠴᠢᠳᠠᠪᠤᠷᠢ ᠶᠢ ᠳᠡᠭᠡᠭᠰᠢᠯᠡᠭᠦᠯᠵᠦ᠂ ᠭᠡᠨᠡᠳᠲᠡ ᠡᠭᠦᠰᠬᠦ ᠬᠤᠯᠤᠭᠠᠨ᠎ᠠ ᠬᠢᠵᠢᠭ ᠤᠨ | ᠪᠠᠶᠢᠳᠠᠯ ᠢ ᠠᠷᠭᠠᠴᠠᠬᠤ ᠪᠡᠯᠡᠳᠬᠡᠯ ᠢ ᠴᠠᠭ ᠢᠮᠠᠭᠲᠠ ᠰᠠᠶᠢᠲᠤᠷ ᠬᠢᠬᠦ ᠪᠡᠯᠡᠳᠭᠡᠯ ᠲᠠᠢ ᠪᠤᠯᠭᠠᠪᠠ᠃ | | |