ᠳ᠋ᠦ᠋ ᠾᠦᠢ ᠯᠢᠶᠠᠩ ᠬᠤᠷᠴᠢᠨ ᠲᠣᠭᠤᠷᠢᠭ ᠤᠨ ᠬᠡᠰᠡᠭ ᠵᠡᠭᠡᠯᠢ ᠭᠤᠳᠤᠮᠵᠢ ᠶᠢᠨ ᠬᠡᠷᠡᠭ ᠡᠷᠬᠢᠯᠡᠬᠦ ᠭᠠᠵᠠᠷ ᠲᠤ ᠬᠦᠷᠴᠦ ︽ᠨᠢᠭᠡ ᠨᠣᠮᠧᠷ ᠢᠶᠠᠷ ᠪᠦᠬᠦᠨ ᠢ ᠰᠢᠢᠳᠪᠦᠷᠢᠯᠡᠬᠦ᠂ ᠪᠠᠯᠭᠠᠰᠤ ᠵᠡᠭᠡᠯᠢ ᠭᠤᠳᠤᠮᠵᠢ ᠶᠢᠨ ᠨᠢᠭᠡᠳᠦᠯᠲᠡᠶ  ᠰᠢᠢᠳᠪᠦᠷᠢᠯᠡᠬᠦ︾ ᠪᠠ ᠬᠤᠲᠠ ᠬᠥᠳᠡᠭᠡ ᠶᠢ ᠵᠣᠯᠭᠠᠭᠤᠯᠬᠤ ᠵᠡᠷᠭᠡ ᠠᠵᠢᠯ ᠢ ᠪᠠᠶᠢᠴᠠᠭᠠᠨ ᠰᠤᠳᠤᠯᠵᠤ ᠵᠢᠭᠠᠨ ᠵᠢᠯᠣᠭᠤᠳᠪᠠ
ᠨᠡᠶᠢᠲᠡᠯᠡᠭᠰᠡᠨ ᠴᠠᠭ᠄
2020-04-13
  4 ᠰᠠᠷ᠎ᠠ ᠶᠢᠨ 7 ᠤ ᠡᠳᠦᠷ᠂ ᠬᠤᠲᠠ ᠶᠢᠨ ᠨᠠᠮ ᠤᠨ ᠬᠤᠷᠢᠶᠠᠨ ᠤ ᠳᠡᠳ᠋ ᠱᠦᠵᠢ᠂ ᠤᠯᠤᠰ ᠲᠥᠷᠥ ᠬᠠᠤᠯᠢ ᠴᠠᠭᠠᠵᠠ ᠶᠢᠨ ᠬᠤᠷᠢᠶᠠᠨ ᠤ ᠱᠦᠵᠢ᠂ ᠬᠤᠷᠴᠢᠨ ᠲᠣᠭᠤᠷᠢᠭ ᠤᠨ ᠨᠠᠮ ᠤᠨ ᠬᠤᠷᠢᠶᠠᠨ ᠤ ᠱᠦᠵᠢ ᠳ᠋ᠦ᠋ ᠾᠦᠢ ᠯᠢᠶᠠᠩ ᠤᠷᠢᠳ ᠬᠤᠵᠢᠳ ᠪᠦᠯᠬᠦᠮᠳᠡᠯ ᠵᠡᠭᠡᠯᠢ ᠭᠤᠳᠤᠮᠵᠢ ᠶᠢᠨ ᠰᠢᠨ ᠶᠤᠸᠠᠨ ᠲᠣᠭᠤᠷᠢᠭ᠂ ᠬᠤᠷᠴᠢᠨ ᠵᠡᠭᠡᠯᠢ ᠭᠤᠳᠤᠮᠵᠢ ᠶᠢᠨ ᠬᠡᠷᠡᠭ  ᠡᠷᠬᠢᠯᠡᠬᠦ ᠭᠠᠵᠠᠷ᠂ ᠹᠧᠩ ᠱᠧᠩ ᠪᠠᠷᠠᠭ᠎ᠠ ᠶᠢᠨ ᠭᠦᠢᠯᠭᠡᠭᠡᠨ ᠤ ᠬᠦᠷᠢᠶᠡᠯᠡᠩ ᠲᠦᠩᠯᠢᠶᠣᠤ ᠬᠤᠲᠠ ᠶᠢᠨ ᠢᠳᠡᠰᠢᠨ ᠨᠣᠭᠤᠭ᠎ᠠ ᠰᠢᠨ᠎ᠡ ᠰᠣᠷᠭᠤᠭ ᠲᠠᠷᠢᠶᠠᠯᠠᠩ ᠤᠨ ᠰᠢᠨᠵᠢᠯᠡᠬᠦ ᠤᠬᠠᠭᠠᠨ ᠮᠡᠷᠭᠡᠵᠢᠯ ᠤᠨ ᠬᠢᠵᠠᠭᠠᠷᠲᠤ ᠺᠣᠮᠫᠠᠨᠢ᠂  ᠪᠠᠷᠠᠭᠤᠨ ᠡᠭᠦᠳᠡ ᠵᠡᠭᠡᠯᠢ ᠭᠤᠳᠤᠮᠵᠢ ᠶᠢᠨ ᠬᠡᠷᠡᠭ ᠡᠷᠬᠢᠯᠡᠬᠦ ᠭᠠᠵᠠᠷ ᠲᠤ ᠬᠦᠷᠴᠦ᠂ ︽ᠨᠢᠭᠡ ᠯᠡ ᠨᠣᠮᠧᠷ ᠲᠤ ᠪᠦᠬᠦᠨ ᠢ ᠰᠢᠢᠳᠪᠦᠷᠢᠯᠡᠬᠦ᠂ ᠪᠠᠯᠭᠠᠰᠤ ᠵᠡᠭᠡᠯᠢ ᠭᠤᠳᠤᠮᠵᠢ ᠨᠢᠭᠡᠳᠦᠯᠲᠡᠢ ᠰᠢᠢᠳᠪᠦᠷᠢᠯᠡᠬᠦ︾᠂ ᠬᠢᠵᠢᠭ ᠤᠨ ᠪᠠᠶᠢᠳᠠᠯ ᠢ ᠰᠡᠷᠭᠡᠶᠢᠯᠡᠨ ᠡᠵᠡᠮᠳᠡᠬᠦ ᠪᠠ ᠬᠤᠲᠠ ᠬᠥᠳᠡᠭᠡ ᠶᠢ ᠵᠣᠯᠭᠠᠭᠤᠯᠬᠤ ᠵᠡᠷᠭᠡ ᠠᠵᠢᠯ ᠢ ᠪᠠᠶᠢᠴᠠᠭᠠᠨ ᠰᠤᠳᠤᠯᠵᠤ ᠵᠢᠭᠠᠨ ᠵᠢᠯᠣᠭᠤᠳᠬᠤ ᠶᠢᠨ ᠬᠠᠮᠲᠤ ᠶᠠᠷᠢᠯᠴᠠᠬᠤ ᠬᠤᠷᠠᠯ ᠬᠤᠷᠠᠯᠳᠤᠭᠤᠯᠪᠠ᠃ ᠲᠤᠭᠤᠷᠢᠭ ᠤᠨ ᠤᠳᠤᠷᠢᠳᠤᠯᠭ᠎ᠠ ᠳ᠋ᠦ᠋ ᡁᠢ ᠵᠢᠶᠦ᠋ᠨ᠂ ᠴᠢ ᡁᠢ ᠵᠢᠶᠦ᠋ᠨ᠂ ᠯᠢ ᠱᠸᠦ ᠰᠢᠨ᠂ ᠯᠢᠦ ᠰᠢᠶᠤᠤ ᠾᠦᠢ ᠪᠠᠷ᠎ᠠ  ᠪᠤᠯᠵᠤ ᠶᠠᠷᠢᠯᠴᠠᠬᠤ ᠬᠤᠷᠠᠯ ᠳᠤ ᠣᠷᠣᠯᠴᠠᠪᠠ᠃    ᠬᠦᠷᠦᠭᠰᠡᠨ ᠭᠠᠵᠠᠷ ᠪᠤᠯᠭᠠᠨ ᠳᠤ᠂ ᠳ᠋ᠦ᠋  ᠾᠦᠢ ᠯᠢᠶᠠᠩ ᠵᠡᠭᠡᠯᠢ ᠭᠤᠳᠤᠮᠵᠢ ᠶᠢᠨ ᠬᠡᠷᠡᠭ ᠡᠷᠬᠢᠯᠡᠬᠦ ᠭᠠᠵᠠᠷ ᠤᠨ ︽ᠨᠢᠭᠡ ᠨᠣᠮᠧᠷ ᠢᠶᠠᠷ ᠪᠦᠬᠦᠨ ᠢ ᠰᠢᠢᠳᠪᠦᠷᠢᠯᠡᠬᠦ᠂ ᠪᠠᠯᠭᠠᠰᠤ ᠵᠡᠭᠡᠯᠢ ᠭᠤᠳᠤᠮᠵᠢ ᠶᠢᠨ ᠨᠢᠭᠡᠳᠦᠯᠲᠡᠶ  ᠰᠢᠢᠳᠪᠦᠷᠢᠯᠡᠬᠦ︾᠂ ᠬᠢᠵᠢᠭ ᠤᠨ ᠪᠠᠶᠢᠳᠠᠯ ᠢ ᠰᠡᠷᠭᠡᠶᠢᠯᠡᠨ ᠡᠵᠡᠮᠳᠡᠬᠦ ᠪᠠ ᠬᠤᠲᠠ ᠬᠥᠳᠡᠭᠡ ᠶᠢ ᠵᠣᠯᠭᠠᠭᠤᠯᠬᠤ ᠵᠡᠷᠭᠡ ᠠᠵᠢᠯ ᠤᠨ ᠬᠠᠷᠢᠭᠤ ᠮᠡᠳᠡᠭᠦᠯᠦᠯᠲᠡ ᠶᠢ ᠨᠠᠷᠢᠨ ᠬᠢᠨᠠᠮᠠᠭᠠᠶ ᠰᠣᠨᠣᠰᠴᠤ᠂ ︽12345︾ ᠶᠢᠨ ᠬᠠᠯᠠᠮᠰᠢᠯ ᠤᠲᠠᠰᠤᠨ ᠤ ᠠᠵᠢᠯ ᠢ  ᠦᠷᠨᠢᠭᠦᠯᠦᠭᠰᠡᠨ ᠪᠠᠶᠢᠳᠠᠯ ᠢ ᠲᠤᠬᠠᠶ ᠶᠢᠨ ᠭᠠᠵᠠᠷ ᠲᠤᠨᠢ ᠪᠠᠶᠢᠴᠠᠭᠠᠨ ᠦᠵᠡᠵᠦ᠂ ᠰᠠᠭᠤᠭᠠᠯᠢ ᠠᠷᠠᠳ ᠤᠨ ᠲᠤᠰᠬᠠᠭᠰᠠᠨ ᠵᠦᠶ ᠵᠤᠬᠢᠰᠲᠡᠢ ᠬᠦᠰᠡᠯ ᠱᠠᠭᠠᠷᠳᠠᠯᠭ᠎ᠠ ᠶᠢ  ᠰᠢᠢᠳᠪᠦᠷᠢᠯᠡᠭᠰᠡᠨ ᠪᠠᠶᠢᠳᠠᠯ ᠪᠠ ᠬᠦᠰᠡᠯ ᠱᠠᠭᠠᠷᠳᠠᠯᠭ᠎ᠠ ᠶᠢ ᠰᠢᠢᠳᠪᠦᠷᠢᠯᠡᠬᠦ ᠳᠤᠮᠳᠠ ᠲᠤᠯᠭᠠᠷᠠᠭᠰᠠᠨ ᠪᠣᠳᠠᠲᠠᠶ ᠬᠦᠴᠢᠷᠳᠡᠯ ᠢ ᠨᠠᠷᠢᠨ ᠣᠶᠢᠯᠠᠭᠠᠬᠤ ᠶᠢᠨ ᠬᠠᠮᠲᠤ ᠵᠢᠯᠣᠭᠤᠳᠬᠤ  ᠴᠢᠨᠠᠷᠲᠠᠢ ᠰᠠᠨᠠᠯ ᠪᠠ ᠰᠠᠨᠠᠭᠤᠯᠭ᠎ᠠ ᠳᠤᠷᠠᠳᠪᠠ᠃ ᠲᠡᠷᠡ᠂ ᠨᠠᠮ ᠤᠨ ᠪᠠᠶᠢᠭᠤᠯᠤᠯᠲᠠ ᠪᠠᠷ ᠭᠤᠣᠯ ᠪᠣᠯᠭᠠᠬᠤ ᠶᠢ ᠪᠠᠷᠢᠮᠲᠠᠯᠠᠵᠤ᠂ ᠤᠯᠠᠨ ᠲᠦᠮᠡᠨ ᠤ ᠠᠩᠬᠠᠷᠴᠤ ᠪᠠᠶᠢᠭ᠎ᠠ ᠬᠠᠯᠠᠮᠰᠢᠯ ᠠᠰᠠᠭᠤᠳᠠᠯ᠂ ᠬᠦᠴᠢᠷ ᠠᠰᠠᠭᠤᠳᠠᠯ ᠤᠨ ᠲᠣᠭᠤᠷᠢᠨ ᠳᠤ᠂ ᠴᠠᠭ ᠲᠤᠬᠠᠢ ᠳᠤᠨᠢ ᠵᠠᠳᠠᠯᠤᠨ ᠰᠤᠳᠤᠯᠵᠤ  ᠰᠢᠢᠳᠪᠦᠷᠢᠯᠡᠵᠦ᠂ ᠤᠯᠠᠨ ᠲᠦᠮᠡᠨ ᠳᠤ ᠬᠠᠨᠤᠮᠵᠢᠲᠠᠢ ᠬᠠᠷᠢᠭᠤᠯᠲᠠ ᠥᠭᠴᠦ᠂ ᠪᠠᠭ᠎ᠠ ᠶᠠᠪᠤᠳᠠᠯ ᠨᠡᠶᠢᠭᠡᠮ ᠲᠣᠭᠤᠷᠢᠭ ᠠᠴᠠ ᠭᠠᠷᠬᠤ ᠦᠭᠡᠢ᠂ ᠶᠡᠭᠡ ᠶᠠᠪᠤᠳᠠᠯ ᠵᠡᠭᠡᠯᠢ ᠭᠤᠳᠤᠮᠵᠢ ᠠᠴᠠ ᠭᠠᠷᠬᠤ ᠦᠭᠡᠢ ᠪᠠᠶᠢᠬᠤ ᠶᠢ ᠪᠠᠲᠤᠯᠠᠬᠤ ᠬᠡᠷᠡᠭᠲᠡᠢ᠃ ᠣᠯᠠᠨ ᠲᠦᠮᠡᠨ ᠤ ᠠᠰᠢᠭ ᠲᠤᠰᠠ ᠳᠤ ᠪᠠᠭ᠎ᠠ ᠶᠠᠪᠤᠳᠠᠯ ᠥᠬᠡᠶ ᠪᠠᠶᠢᠬᠤ ᠵᠠᠷᠴᠢᠮ ᠢ ᠪᠠᠷᠢᠮᠲᠠᠯᠠᠵᠤ᠂ ᠭᠤᠤᠯ  ᠤᠳᠤᠷᠢᠳᠤᠯᠭ᠎ᠠ ᠪᠡᠶ᠎ᠡ ᠪᠠᠷ ᠢᠶᠠᠨ ᠠᠰᠠᠭᠤᠨ ᠯᠠᠪᠯᠠᠵᠤ᠂ ᠲᠤᠰᠬᠠᠶ ᠬᠥᠮᠦᠨ ᠢᠶᠠᠷ ᠬᠠᠷᠢᠭᠤᠴᠠᠭᠤᠯᠬᠤ᠂ ᠰᠠᠬᠢᠯᠭ᠎ᠠ ᠪᠠᠲᠤ ᠪᠠᠶᠢᠴᠠᠭᠠᠬᠤ ᠬᠤᠷᠢᠶ᠎ᠠ ᠬᠢᠨᠠᠯᠲᠠ ᠲᠠᠯᠪᠢᠬᠤ᠂ ᠬᠢᠨᠠᠨ ᠰᠢᠯᠭᠠᠵᠤ ᠰᠢᠯᠭᠠᠨ ᠦᠨᠡᠯᠡᠬᠦ ᠵᠡᠷᠭᠡ ᠣᠯᠠᠨ  ᠵᠦᠢᠯ ᠤᠨ ᠠᠷᠭ᠎ᠠ ᠬᠡᠮᠵᠢᠶ᠎ᠡ ᠶᠢ ᠠᠪᠴᠤ᠂ ᠨᠠᠶᠢᠳᠠᠪᠤᠷᠢᠵᠢᠭᠤᠯᠤᠯᠲᠠ ᠶᠢ ᠠᠳᠬᠤᠬᠤ ᠳᠡᠭᠡᠷ᠎ᠡ ᠤᠯᠠᠮ ᠨᠢᠭᠡ ᠠᠯᠬᠤᠮ ᠬᠦᠴᠦ ᠤᠷᠤᠭᠤᠯᠵᠤ᠂ ᠣᠯᠠᠨ ᠲᠦᠮᠡᠨ ᠤ ᠵᠦᠶ ᠵᠣᠬᠢᠰᠲᠠᠶ ᠬᠦᠰᠡᠯ ᠱᠠᠭᠠᠷᠳᠠᠯᠭ᠎ᠠ ᠶᠢ ᠭᠥᠯᠢᠶᠡᠨ ᠠᠪᠬᠤ᠂ ᠰᠠᠶᠢᠲᠤᠷ ᠬᠢᠬᠦ᠂ ᠲᠦᠷᠭᠡᠨ ᠬᠠᠷᠢᠭᠤᠯᠬᠤ ᠶᠢ ᠦᠨᠡᠨ ᠬᠦ ᠪᠠᠲᠤᠯᠠᠵᠤ᠂ ᠣᠯᠠᠨ ᠲᠦᠮᠡᠨ ᠤ ᠠᠰᠢᠭ ᠲᠤᠰᠠ ᠶᠢ ᠦᠨᠡᠨ ᠬᠦ ᠪᠠᠲᠤᠯᠠᠬᠤ ᠬᠡᠷᠡᠭᠲᠡᠶ᠃    ᠳᠠᠷᠠᠭ᠎ᠠ ᠨᠢ ᠬᠤᠷᠠᠯᠳᠤᠭᠤᠯᠤᠭᠰᠠᠨ ᠶᠠᠷᠢᠯᠴᠠᠬᠤ ᠬᠤᠷᠠᠯ ᠳᠡᠭᠡᠷ᠎ᠡ᠂ ᠳ᠋ᠦ᠋ ᠾᠦᠢ ᠯᠢᠶᠠᠩ ᠴᠢᠬᠤᠯᠠᠴᠢᠯᠠᠭᠰᠠᠨ ᠨᠢ᠂ ︽ᠨᠢᠭᠡ  ᠨᠣᠮᠧᠷ  ᠢᠶᠠᠷ ᠪᠦᠬᠦᠨ ᠢ ᠰᠢᠢᠳᠪᠦᠷᠢᠯᠡᠵᠦ᠂ ᠪᠠᠯᠭᠠᠰᠤ ᠵᠡᠭᠡᠯᠢ ᠭᠤᠳᠤᠮᠵᠢ ᠨᠢᠭᠡᠳᠦᠯᠲᠡᠶ ᠰᠢᠢᠳᠪᠦᠷᠢᠯᠡᠬᠦ︾ ᠠᠵᠢᠯ ᠤᠨ ᠴᠢᠬᠤᠯᠠ ᠴᠢᠨᠠᠷ ᠪᠠ ᠠᠬᠤᠶᠢᠴᠢ ᠴᠢᠨᠠᠷ ᠢ ᠭᠦᠢᠴᠡᠳ ᠲᠠᠨᠢᠬᠤ ᠬᠡᠷᠡᠭᠲᠡᠶ᠃ ︽ᠨᠢᠭᠡ  ᠨᠣᠮᠧᠷ ᠢᠶᠠᠷ  ᠪᠦᠬᠦᠨ ᠢ ᠰᠢᠢᠳᠪᠦᠷᠢᠯᠡᠵᠦ᠂ ᠪᠠᠯᠭᠠᠰᠤ ᠵᠡᠭᠡᠯᠢ ᠨᠢᠭᠡᠳᠦᠯᠲᠡᠶ ᠰᠢᠢᠳᠪᠦᠷᠢᠯᠡᠬᠦ︾  ᠠᠵᠢᠯ ᠢ ᠭᠦᠨᠵᠡᠭᠡᠶ ᠣᠶᠢᠯᠠᠭᠠᠬᠤ ᠪᠣᠯ ︽ᠣᠭ ᠰᠠᠨᠠᠭ᠎ᠠ ᠪᠠᠨ ᠥᠯᠥ ᠮᠠᠷᠲᠠᠵᠤ ᠡᠭᠦᠷᠭᠡ ᠬᠠᠷᠢᠭᠤᠴᠠᠯᠭ᠎ᠠ ᠪᠠᠨ ᠪᠠᠲᠤ ᠴᠡᠭᠡᠵᠢᠯᠡᠬᠦ︾ ᠭᠤᠤᠯ ᠰᠡᠳᠦᠪᠲᠦ ᠬᠥᠮᠦᠵᠢᠯ ᠤᠨ ᠦᠷ᠎ᠡ ᠪᠦᠲᠦᠭᠡᠯ ᠢ ᠪᠠᠬᠢᠵᠢᠭᠦᠯᠵᠦ᠂ ︽ᠣᠭ ᠰᠠᠨᠠᠭ᠎ᠠ ᠪᠠᠨ ᠥᠯᠥ ᠮᠠᠷᠲᠠᠵᠤ ᠡᠭᠦᠷᠭᠡ ᠬᠠᠷᠢᠭᠤᠴᠠᠯᠭ᠎ᠠ ᠪᠠᠨ ᠪᠠᠲᠤ ᠴᠡᠭᠡᠵᠢᠯᠡᠬᠦ︾ ᠲᠦᠷᠢᠮ ᠢ ᠪᠠᠶᠢᠭᠤᠯᠬᠤ ᠶᠢᠨ ᠰᠢᠨ᠎ᠡ ᠶᠢ ᠡᠭᠦᠳᠬᠦ ᠠᠷᠭ᠎ᠠ ᠬᠡᠮᠵᠢᠶ᠎ᠡ ᠮᠥᠨ ᠂ ᠠᠷᠠᠳ ᠲᠦᠮᠡᠨ ᠢᠶᠠᠷ ᠭᠤᠤᠯ ᠪᠣᠯᠭᠠᠬᠤ ᠬᠥᠭᠵᠢᠯᠲᠡ ᠶᠢᠨ ᠣᠨᠣᠯᠵᠢᠬᠤᠨ ᠢ  ᠦᠢᠯᠡᠳᠦᠯᠭᠡᠵᠢᠭᠦᠯᠬᠦ ᠶᠠᠪᠤᠳᠠᠯ ᠪᠣᠯᠤᠨ᠎ᠠ᠃ ᠣᠯᠠᠨ ᠲᠦᠮᠡᠨ ᠳᠤ ᠦᠢᠯᠡᠴᠢᠯᠡᠬᠦ ︽ᠡᠴᠦᠰ ᠤᠨ ᠨᠢᠭᠡ ᠺᠢᠯᠣᠮᠧᠲᠷ︾ ᠤᠨ ᠴᠢᠬᠤᠯᠠ ᠠᠴᠢᠶᠠᠯᠠᠪᠤᠷᠢ ᠶᠢ  ᠨᠡᠪᠲᠡᠷᠡᠭᠦᠯᠬᠦ ᠪᠣᠯ ᠪᠠᠯᠭᠠᠰᠤ ᠰᠤᠮᠤ᠂ ᠵᠡᠭᠡᠯᠢ ᠭᠤᠳᠤᠮᠵᠢ ᠶᠢᠨ ᠶᠡᠷᠦᠩᠬᠡᠶᠢᠯᠡᠭᠰᠡᠨ ᠬᠠᠮᠢᠶᠠᠷᠤᠯᠲᠠ ᠶᠢᠨ ᠪᠠᠶᠢᠭᠤᠯᠤᠯ ᠤᠨ ᠥᠭᠡᠷᠡᠴᠢᠯᠡᠯᠲᠡ ᠶᠢ ᠳᠥᠯᠭᠢᠨ ᠠᠬᠢᠭᠤᠯᠵᠤ᠂ ᠦᠨᠳᠦᠰᠦᠨ ᠱᠠᠲᠤᠨ ᠤ ᠵᠠᠰᠠᠯᠲᠠ ᠶᠢᠨ ᠰᠢᠨ᠎ᠡ  ᠦᠢᠯᠡᠳᠦᠯᠭᠡ ᠶᠢ  ᠢᠳᠡᠪᠬᠢᠲᠡᠢ ᠪᠠᠷ ᠬᠠᠶᠢᠨ ᠰᠦᠪᠡᠭᠴᠢᠯᠡᠵᠦ᠂ ᠨᠡᠶᠢᠭᠡᠮ ᠤᠨ ᠵᠠᠰᠠᠯᠲᠠ ᠶᠢᠨ ᠰᠢᠰᠲ᠋ᠧᠮ ᠪᠠ ᠵᠠᠰᠠᠯᠲᠠ ᠶᠢᠨ ᠴᠢᠳᠠᠪᠤᠷᠢ  ᠶᠢᠨ ᠣᠳᠣᠬᠢᠴᠢᠯᠠᠯᠲᠠ ᠶᠢᠨ ᠬᠢᠷᠢ ᠬᠡᠮᠵᠢᠶ᠎ᠡ ᠶᠢ ᠲᠠᠰᠤᠷᠠᠯᠲᠠ ᠥᠬᠡᠶ ᠳᠡᠭᠡᠭᠰᠢᠯᠡᠭᠦᠯᠬᠦ ᠶᠢᠨ ᠪᠠᠶᠢᠪᠠᠰᠤ ᠵᠣᠬᠢᠬᠤ  ᠠᠭᠤᠯᠭ᠎ᠠ ᠮᠥᠨ᠂ ᠬᠡᠯᠪᠡᠷᠢ ᠶᠢᠨ ᠦᠵᠡᠯ᠂ ᠨᠣᠶᠠᠨᠴᠢ ᠰᠤᠷᠲᠠᠯ ᠢ ᠦᠨᠡᠨ ᠬᠦ ᠢᠯᠠᠨ ᠳᠠᠪᠠᠵᠤ᠂ ᠠᠵᠢᠯ ᠤᠨ ᠨᠠᠷᠢᠯᠢᠭ ᠨᠠᠶᠢᠳᠠᠪᠤᠷᠢᠵᠢᠭᠤᠯᠤᠯᠲᠠ ᠶᠢ ᠤᠯᠠᠮ ᠨᠢᠭᠡ ᠠᠯᠬᠤᠮ ᠴᠢᠩᠭ᠎ᠠ ᠠᠳᠬᠤᠬᠤ ᠬᠡᠷᠡᠭᠲᠡᠶ᠃    ᠳ᠋ᠦ᠋ ᠾᠦᠢ ᠯᠢᠶᠠᠩ ᠵᠢᠭᠠᠵᠤ ᠭᠠᠷᠭᠠᠭᠰᠠᠨ ᠨᠢ᠂ ᠪᠣᠳᠠᠲᠠᠶ ᠶᠢ ᠡᠷᠬᠢᠮᠯᠡᠬᠦ ᠣᠪᠣᠷ ᠰᠤᠷᠲᠠᠯ ᠪᠠ ᠰᠢᠨ᠎ᠡ ᠶᠢ ᠡᠭᠦᠳᠡᠬᠦ ᠠᠷᠭ᠎ᠠ ᠬᠡᠮᠵᠢᠶ᠎ᠡ ᠪᠠᠷ ︽ᠨᠢᠭᠡ ᠨᠣᠮᠧᠷ  ᠢᠶᠠᠷ ᠪᠦᠬᠦᠨ ᠢ ᠰᠢᠢᠳᠪᠦᠷᠢᠯᠡᠬᠦ᠂ ᠪᠠᠯᠭᠠᠰᠤ ᠵᠡᠭᠡᠯᠢ ᠭᠤᠳᠤᠮᠵᠢ  ᠨᠢᠭᠡᠳᠦᠯᠲᠡᠶ ᠰᠢᠢᠳᠪᠦᠷᠢᠯᠡᠬᠦ︾ ᠠᠵᠢᠯ ᠢ ᠯᠠᠪᠳᠠᠭᠤᠨ ᠪᠠᠲᠤᠲᠠᠶ ᠰᠠᠶᠢᠲᠤᠷ ᠬᠢᠬᠦ ᠬᠡᠷᠡᠭᠲᠡᠶ᠃ ᠨᠢᠭᠡ ᠳᠤ ︽ᠨᠢᠭᠡᠳᠬᠡᠬᠦ ︾ ᠣᠶᠢᠯᠠᠭᠠᠭᠳᠠᠬᠤᠨ ᠢ ᠴᠢᠩᠭᠠᠳᠬᠠᠬᠤ ᠬᠡᠷᠡᠭᠲᠡᠶ᠃ ᠨᠢᠭᠡ ᠳᠤ ᠬᠠᠷᠢᠶ᠎ᠠ ᠭᠠᠵᠠᠷ ᠤᠨ ᠠᠵᠢᠯ ᠶᠠᠪᠤᠳᠠᠯ ᠤᠨ ᠡᠷᠬᠡ ᠶᠢ ᠨᠢᠭᠡᠳᠦᠯᠲᠡᠶ ᠲᠥᠯᠥᠪᠯᠡᠵᠦ᠂ ᠬᠠᠷᠢᠶ᠎ᠠ ᠭᠠᠵᠠᠷ  ᠤᠨ ᠬᠠᠷᠢᠭᠤᠴᠠᠯᠭ᠎ᠠ ᠡᠷᠬᠡ ᠶᠢᠨ ᠬᠤᠪᠢᠶᠠᠷᠢᠯᠠᠯ ᠢ ᠲᠣᠳᠣᠷᠬᠠᠶᠢᠯᠠᠵᠤ᠂ ᠵᠡᠭᠡᠯᠢ ᠭᠤᠳᠤᠮᠵᠢ ᠶᠢᠨ ᠬᠡᠷᠡᠭ ᠡᠷᠬᠢᠯᠡᠬᠦ ᠭᠠᠵᠠᠷ ᠲᠤ ᠤᠯᠠᠮ ᠨᠢᠭᠡ ᠠᠯᠬᠤᠮ ︽ᠱᠦᠭᠯᠦ ᠦᠯᠢᠶᠡᠬᠦ ᠡᠷᠬᠡ︾ ᠶᠢ ᠣᠯᠭᠤᠬᠤ ᠶᠢᠨ ᠬᠠᠮᠲᠤ ᠬᠠᠷᠢᠶ᠎ᠠ ᠣᠷᠣᠨ ᠤ ᠳᠤᠲᠤᠷᠠᠬᠢ ᠶᠡᠷᠦᠩᠬᠡᠶᠢᠯᠡᠭᠰᠡᠨ ᠬᠠᠤᠯᠢ ᠬᠡᠷᠡᠭᠵᠢᠭᠦᠯᠬᠦ᠂ ᠬᠢᠨᠠᠨ ᠵᠥᠪᠰᠢᠶᠡᠷᠡᠬᠦ ᠵᠡᠷᠭᠡ ᠡᠭᠦᠷᠭᠡ ᠴᠢᠳᠠᠪᠤᠷᠢ ᠶᠢ ᠣᠷᠭᠠᠨᠢᠭ ᠢᠶᠠᠷ ᠤᠶᠠᠯᠳᠤᠭᠤᠯᠵᠤ᠂ ᠵᠡᠭᠡᠯᠢ ᠭᠤᠳᠤᠮᠵᠢ ᠶᠢᠨ ᠠᠵᠢᠯ ᠤᠨ ᠭᠦᠨᠵᠡᠭᠡᠶᠢᠷᠡᠨ ᠬᠥᠭᠵᠢᠬᠦ ᠶᠢ ᠪᠦᠬᠦ ᠲᠠᠯ᠎ᠠ ᠪᠠᠷ ᠲᠦᠯᠬᠢᠨ ᠠᠬᠢᠭᠤᠯᠬᠤ ᠬᠡᠷᠡᠭᠲᠡᠶ᠃ ᠬᠤᠶᠠᠷ ᠲᠤ ᠰᠠᠯᠠᠭ᠎ᠠ ᠮᠥᠴᠢᠷ ᠤᠨ ᠡᠬᠢ ᠪᠠᠶᠠᠯᠢᠭ ᠢ ᠨᠢᠭᠡᠳᠦᠯᠲᠡᠶ ᠲᠥᠯᠥᠪᠯᠡᠬᠦ ᠬᠡᠷᠡᠭᠲᠡᠶ᠃ ᠪᠦᠬᠦ  ᠲᠤᠭᠤᠷᠢᠭ ᠤᠨ ᠡᠯ᠎ᠡ ᠰᠠᠯᠠᠭ᠎ᠠ ᠮᠥᠴᠢᠷ ᠤᠳ ︽ᠮᠡᠳᠡᠭᠡᠯᠡᠵᠦ︾᠂ ᠭᠤᠤᠯᠳᠠᠯᠭ᠎ᠠ ᠪᠠᠨ ᠳᠣᠷᠣᠭᠰᠢ ᠰᠢᠯᠵᠢᠭᠦᠯᠵᠦ᠂ ᠡᠬᠢ ᠪᠠᠶᠠᠯᠢᠭ ᠢᠶᠠᠨ ᠬᠡᠯᠪᠠᠶᠢᠯᠭᠡᠵᠦ᠂ ᠢᠳᠡᠪᠬᠢᠲᠡᠶ ᠪᠠᠷ ᠠᠵᠢᠯ ᠬᠢᠵᠦ᠂ ᠦᠨᠳᠦᠰᠦᠨ ᠱᠠᠲᠤᠨ ᠳᠤ  ᠭᠦᠨᠵᠡᠭᠡᠶᠢᠷᠡᠨ ᠣᠯᠠᠨ ᠲᠦᠮᠡᠨ ᠤ ᠰᠡᠳᠬᠢᠯ ᠲᠠᠯᠪᠢᠵᠤ ᠪᠠᠶᠢᠭ᠎ᠠ ᠬᠡᠯᠡᠯᠴᠡᠭᠡᠨ ᠶᠡᠬᠡᠲᠡᠶ᠂ ᠬᠦᠴᠢᠷ ᠠᠰᠠᠭᠤᠳᠠᠯ ᠢ ᠰᠢᠢᠳᠪᠦᠷᠢᠯᠡᠬᠦ  ᠬᠡᠷᠡᠭᠲᠡᠶ᠃ ᠵᠣᠷᠢᠭᠲᠠᠶ ᠪᠠᠷ᠂ ᠬᠤᠲᠠ ᠶᠢᠨ ᠰᠢᠭᠤᠳ ᠬᠠᠷᠢᠶ᠎ᠠ ᠰᠠᠯᠠᠭ᠎ᠠ ᠮᠥᠴᠢᠷ ᠲᠤ ︽ᠱᠦᠭᠯᠦ ᠦᠯᠢᠶᠡᠵᠦ︾᠂ ᠪᠦᠲᠦᠮᠵᠢᠲᠡᠶ ᠵᠣᠯᠭᠠᠭᠤᠯᠬᠤ ᠶᠢ ᠪᠠᠶᠢᠭᠤᠯᠵᠤ᠂ ᠳᠡᠭᠡᠳᠦ ᠳᠣᠤᠷᠠᠳᠤ ᠱᠠᠲᠤ ᠬᠤᠯᠪᠣᠭᠠᠯᠠᠨ ᠬᠥᠳᠡᠯᠦᠯᠴᠡᠵᠦ᠂ ᠨᠡᠶᠢᠯᠡᠮᠡᠯ  ᠬᠦᠴᠦᠨ ᠢ ᠪᠦᠷᠢᠯᠳᠦᠭᠦᠯᠵᠦ᠂ ᠦᠨᠳᠦᠰᠦᠨ ᠱᠠᠲᠤᠨ ᠤ ᠪᠣᠳᠠᠲᠠᠶ ᠠᠰᠠᠭᠤᠳᠠᠯ ᠢ ᠬᠠᠮᠲᠤᠪᠠᠷ ᠰᠤᠳᠤᠯᠤᠨ ᠰᠢᠢᠳᠪᠦᠷᠢᠯᠡᠬᠦ᠃ ᠭᠤᠷᠪᠠ ᠳᠤ  ᠵᠦᠢᠯᠡᠰ ᠤᠨ ᠡᠭᠦᠷᠭᠡ ᠴᠢᠳᠠᠪᠤᠷᠢ ᠶᠢ ᠨᠢᠭᠡᠳᠦᠯᠲᠡᠶ ᠲᠥᠯᠥᠪᠯᠡᠵᠦ᠂ ᠬᠠᠮᠢᠶ᠎ᠠ ᠪᠥᠬᠦᠶ ᠰᠠᠯᠠᠭ᠎ᠠ  ᠮᠦᠴᠢᠷ ᠤᠳ ᠬᠠᠷᠢᠭᠤᠴᠠᠯᠭ᠎ᠠ ᠶᠢᠨ ᠨᠠᠷᠢᠨ ᠬᠠᠭᠤᠳᠠᠰᠤ ᠪᠠ ᠠᠰᠠᠭᠤᠳᠠᠯ ᠤᠨ ᠨᠠᠷᠢᠨ ᠲᠠᠩᠰᠠ ᠶᠢ ᠬᠢᠨᠠᠮᠠᠭᠠᠶ  ᠡᠮᠬᠢᠯᠡᠵᠦ᠂ ᠬᠠᠷᠢᠭᠤᠴᠠᠯᠭ᠎ᠠ ᠪᠠᠨ ᠮᠡᠳᠡᠵᠦ ᠬᠠᠷᠢᠭᠤᠴᠠᠯᠭ᠎ᠠ ᠪᠠᠨ ᠲᠣᠳᠣᠷᠬᠠᠶᠢᠯᠠᠵᠤ ᠬᠠᠷᠢᠭᠤᠴᠠᠯᠭ᠎ᠠ ᠪᠠᠨ  ᠭᠦᠢᠴᠡᠳᠭᠡᠬᠦ ᠶᠢ ᠦᠨᠡᠨ ᠬᠦ ᠪᠡᠶᠡᠯᠡᠭᠦᠯᠬᠦ ᠬᠡᠷᠡᠭᠲᠡᠶ᠃ ᠲᠦᠷᠪᠡ ᠳᠤ ᠠᠵᠢᠯ ᠶᠠᠪᠤᠳᠠᠯ ᠡᠷᠬᠢᠯᠡᠬᠦ ᠵᠢᠷᠤᠮᠵᠢᠯ ᠢ ᠨᠢᠭᠡᠳᠦᠯᠲᠡᠶ ᠲᠥᠯᠥᠪᠯᠡᠬᠦ ᠬᠡᠷᠡᠭᠲᠡᠶ᠃ ᠬᠠᠮᠢᠶᠠᠷᠤᠯᠲᠠ ᠶᠢ ᠴᠢᠩᠭᠠᠳᠬᠠᠨ᠂ ᠴᠤᠪᠤᠷᠠᠯ ᠢ ᠵᠢᠷᠤᠮᠵᠢᠭᠤᠯᠵᠤ᠂ ᠴᠠᠭ ᠬᠢᠵᠠᠭᠠᠷᠯᠠᠨ ᠭᠦᠢᠴᠡᠳᠭᠡᠨ ᠳᠠᠭᠤᠰᠬᠠᠬᠤ  ᠶᠢᠨ ᠬᠠᠮᠲᠤ ᠳᠠᠭᠠᠬᠤ ᠨᠣᠷᠮ᠎ᠠ᠂ ᠰᠢᠢᠳᠪᠦᠷᠢᠯᠡᠬᠦ ᠨᠣᠷᠮ᠎ᠠ᠂ ᠬᠠᠨᠤᠮᠵᠢ ᠶᠢᠨ ᠨᠣᠷᠮ᠎ᠠ ᠢᠶᠠᠨ ᠴᠢᠩᠭᠠᠳᠬᠠᠵᠤ᠂ ᠠᠵᠢᠯ ᠤᠨ ᠪᠠᠷᠢᠮᠵᠢᠶᠠᠵᠢᠭᠤᠯᠬᠤ ᠬᠢᠷᠢ ᠬᠡᠮᠵᠢᠶ᠎ᠡ ᠶᠢ ᠦᠨᠡᠨᠬᠦ ᠳᠡᠭᠡᠭᠰᠢᠯᠡᠭᠦᠯᠬᠦ ᠬᠡᠷᠡᠭᠲᠡᠶ︔ ᠬᠤᠶᠠᠷ ᠲᠤ ︽ᠡᠷᠬᠢᠯᠡᠬᠦ︾ ᠠᠵᠢᠯ ᠤᠨ ᠪᠣᠳᠠᠲᠤ ᠦᠷ᠎ᠡ ᠪᠦᠲᠦᠮᠵᠢ ᠶᠢ ᠴᠢᠩᠭᠠᠳᠬᠠᠨ᠎ᠠ ᠃ ᠠᠵᠢᠯ ᠤᠨ ᠦᠷ᠎ᠡ ᠪᠦᠲᠦᠮᠵᠢ ᠪᠠᠨ ᠳᠡᠭᠡᠭᠰᠢᠯᠡᠭᠦᠯᠵᠦ᠂ ᠠᠷᠭ᠎ᠠ ᠪᠣᠳᠣᠨ᠂ ᠪᠣᠳᠠᠲᠠᠶ ᠠᠷᠭ᠎ᠠ ᠭᠠᠷᠭᠠᠵᠤ᠂ ᠠᠷᠭ᠎ᠠ ᠪᠦᠬᠦᠨ ᠢ ᠰᠦᠪᠡᠭᠴᠢᠯᠡᠵᠦ ᠪᠠᠶᠢᠭᠠᠳ ᠠᠷᠠᠳ ᠤᠨ ᠲᠥᠯᠥᠭᠡ ᠠᠵᠢᠯᠯᠠᠬᠤ ᠦᠷ᠎ᠡ ᠪᠦᠲᠦᠮᠵᠢ ᠪᠠᠨ ᠳᠡᠭᠡᠭᠰᠢᠯᠡᠭᠦᠯᠬᠦ ᠶᠢᠨ ᠬᠠᠮᠲᠤ ᠤᠬᠠᠭᠤᠯᠬᠤ ᠠᠵᠢᠯ ᠢᠶᠠᠨ ᠤᠯᠠᠮ ᠨᠢᠭᠡ ᠠᠯᠬᠤᠮ ᠴᠢᠩᠭᠠᠳᠬᠠᠵᠤ᠂ ᠰᠠᠶᠢᠨ ᠲᠤᠷᠰᠢᠯᠭ᠎ᠠ᠂ ᠰᠠᠶᠢᠨ ᠠᠷᠭ᠎ᠠ ᠬᠢᠳᠡᠯ ᠢᠶᠠᠨ ᠳ᠋ᠦᠩᠨᠡᠵᠦ᠂ ᠵᠥᠪ ᠲᠠᠯ᠎ᠠ ᠶᠢᠨ ᠨᠡᠶᠢᠲᠡᠯᠢᠭ ᠵᠢᠱᠢᠶ᠎ᠡ ᠶᠢ ᠤᠬᠠᠭᠤᠯᠤᠨ ᠮᠡᠳᠡᠭᠡᠯᠡᠬᠦ ᠠᠵᠢᠯ ᠢ ᠰᠠᠶᠢᠲᠤᠷ ᠬᠢᠬᠦ ᠬᠡᠷᠡᠭᠲᠡᠶ᠃ ᠤᠯᠤᠯᠴᠠᠭ᠎ᠠ ᠬᠢᠵᠦ ᠬᠠᠷᠢᠭᠤ ᠲᠤᠰᠬᠠᠬᠤ ᠶᠢ ᠴᠢᠩᠭᠠᠳᠬᠠᠵᠤ᠂ ᠤᠯᠠᠨ ᠲᠦᠮᠡᠨ ᠲᠠᠢ ᠢᠳᠡᠪᠬᠢᠲᠡᠢ  ᠰᠤᠯᠢᠯᠴᠠᠵᠤ᠂ ᠠᠰᠠᠭᠤᠳᠠᠯ ᠢ ᠰᠢᠢᠳᠪᠦᠷᠢᠯᠡᠭᠰᠡᠨ ᠪᠠᠶᠢᠳᠠᠯ ᠢ ᠴᠠᠭ ᠲᠤᠬᠠᠢ ᠳᠤᠨᠢ ᠬᠠᠷᠢᠭᠤ ᠲᠤᠰᠬᠠᠵᠤ᠂ ᠦᠨᠡᠨ ᠰᠡᠳᠬᠢᠯᠭᠡ ᠦᠨᠡᠨ ᠰᠠᠨᠠᠭ᠎ᠠ ᠪᠠᠷ ᠤᠯᠠᠨ ᠲᠦᠮᠡᠨ ᠤ ᠣᠶᠢᠯᠠᠭᠠᠯᠲᠠ ᠪᠠ ᠢᠲᠡᠭᠡᠯ ᠢ ᠤᠯᠬᠤ ᠬᠡᠷᠡᠭᠲᠡᠢ᠃ ᠲᠥᠷᠥᠯ ᠬᠤᠪᠢᠶᠠᠨ ᠰᠢᠢᠳᠪᠦᠷᠢᠯᠡᠬᠦ ᠶᠢ ᠴᠢᠩᠭᠠᠳᠬᠠᠬᠤ ᠬᠡᠷᠡᠭᠲᠡᠶ᠃ ᠪᠣᠳᠠᠲᠠᠶ ᠠᠰᠠᠭᠤᠳᠠᠯ ᠢ ᠲᠥᠪᠯᠡᠷᠡᠭᠦᠯᠦᠨ ᠡᠮᠬᠢᠯᠡᠵᠦ᠂ ᠲᠥᠷᠥᠯ ᠬᠤᠪᠢᠶᠠᠨ᠂ ᠬᠤᠷᠢᠶᠠᠩᠭᠤᠶᠢᠯᠠᠵᠤ᠂ ᠰᠠᠯᠠᠭ᠎ᠠ ᠮᠦᠴᠢᠷ ᠤᠨ ᠬᠠᠷᠢᠭᠤᠴᠠᠯᠭ᠎ᠠ ᠶᠢ ᠪᠠᠬᠢᠵᠢᠭᠦᠯᠦᠨ᠂ ᠰᠤᠳᠤᠯᠤᠨ ᠰᠢᠢᠳᠪᠦᠷᠢᠯᠡᠬᠦ ᠠᠷᠭ᠎ᠠ ᠬᠡᠮᠵᠢᠶ᠎ᠡ ᠶᠢ ᠰᠤᠳᠤᠯᠤᠨ ᠰᠢᠢᠳᠪᠦᠷᠢᠯᠡᠵᠦ ᠳᠠᠭᠤᠰᠬᠠᠬᠤ ᠴᠠᠭ ᠤᠨ ᠬᠢᠵᠠᠭᠠᠷ ᠢ ᠲᠣᠳᠣᠷᠬᠠᠶᠢᠯᠠᠵᠤ᠂  ᠰᠢᠢᠳᠪᠦᠷᠢᠯᠡᠵᠦ ᠳᠠᠭᠤᠰᠬᠠᠬᠤ ᠶᠠᠰᠤ ᠴᠢᠨᠠᠷ ᠢ ᠦᠨᠡᠨᠬᠦ ᠪᠠᠲᠤᠯᠠᠬᠤ ᠬᠡᠷᠡᠭᠲᠡᠶ᠃ ᠬᠠᠮᠲᠤ ᠪᠠᠷ ᠵᠠᠰᠠᠵᠤ ᠬᠠᠮᠲᠤ ᠪᠠᠷ ᠡᠳ᠋ᠯᠡᠬᠦ ᠶᠢ ᠲᠡᠭᠦᠯᠳᠡᠷᠵᠢᠭᠦᠯᠬᠦ ᠬᠡᠷᠡᠭᠲᠡᠢ᠃ ᠣᠷᠣᠨ ᠪᠦᠰᠡ ᠶᠢᠨ ᠴᠢᠨᠠᠷᠲᠠᠶ ᠨᠠᠮ ᠤᠨ ᠪᠠᠶᠢᠭᠤᠯᠤᠯᠲᠠ ᠶᠢᠨ  ᠦᠢᠯᠡᠳᠦᠯ ᠢ ᠪᠠᠳᠠᠷᠠᠭᠤᠯᠵᠤ᠂ ᠡᠯ᠎ᠡ ᠰᠠᠯᠠᠭ᠎ᠠ  ᠮᠦᠴᠢᠷ᠂ ᠨᠡᠶᠢᠭᠡᠮ ᠤᠨ ᠵᠣᠬᠢᠶᠠᠨ ᠪᠠᠶᠢᠭᠤᠯᠤᠯᠲᠠ᠂ ᠬᠠᠷᠢᠶ᠎ᠠ ᠣᠷᠣᠨ ᠤ ᠨᠢᠭᠡᠴᠡ ᠪᠣᠯᠤᠨ ᠡᠬᠢ ᠪᠠᠶᠠᠯᠢᠭ ᠢ ᠭᠦᠶ᠋ᠴᠡᠳ ᠡᠮᠬᠢᠯᠡᠨ ᠨᠡᠶᠢᠯᠡᠭᠦᠯᠵᠦ᠂ ᠣᠯᠠᠨ ᠲᠦᠮᠡᠨ ᠢ ᠳᠠᠶᠢᠴᠢᠯᠠᠬᠤ ᠬᠦᠴᠦᠨ ᠢ ᠵᠣᠬᠢᠶᠠᠨ ᠪᠠᠶᠢᠭᠤᠯᠤᠨ᠂ ᠵᠡᠭᠡᠯᠢ ᠭᠤᠳᠤᠮᠵᠢ ᠨᠡᠶᠢᠭᠡᠮ ᠲᠣᠭᠤᠷᠢᠭ ᠤᠨ ᠠᠰᠠᠭᠤᠳᠠᠯ ᠢ ᠰᠢᠢᠳᠪᠦᠷᠢᠯᠡᠬᠦ ᠶᠠᠪᠤᠴᠠ ᠳᠤ ᠢᠳᠡᠪᠬᠢᠲᠡᠢ ᠣᠷᠣᠯᠴᠠᠵᠤ᠂ ᠬᠠᠮᠲᠤᠷᠠᠨ ᠬᠥᠳᠡᠯᠦᠯᠴᠡᠵᠦ ᠬᠠᠮᠲᠤᠪᠠᠷ ᠵᠠᠰᠠᠬᠤ ᠠᠵᠢᠯ ᠤᠨ ᠪᠠᠶᠢᠷᠢᠰᠢᠯ ᠢ ᠪᠤᠢ ᠪᠣᠯᠭᠠᠬᠤ ᠬᠡᠷᠡᠭᠲᠡᠶ᠃ ᠬᠠᠯᠠᠮᠰᠢᠯ ᠴᠡᠭ᠂ ᠬᠦᠴᠢᠷ ᠠᠵᠢᠯ ᠢ ᠠᠮᠵᠢᠯᠲᠠ ᠲᠠᠢ  ᠰᠢᠢᠳᠪᠦᠷᠢᠯᠡᠭᠰᠡᠨ ᠲᠤᠷᠰᠢᠯᠭ᠎ᠠ ᠶᠢ ᠢᠳᠡᠪᠬᠢᠲᠡᠢ ᠡᠳ᠋ᠯᠡᠵᠦ᠂ ᠠᠷᠠᠳ ᠤᠯᠠᠨ ᠳᠤ ᠥᠭᠡᠷᠡᠴᠢᠯᠡᠯᠲᠡ ᠬᠥᠭᠵᠢᠯᠲᠡ ᠶᠢᠨ ᠦᠷ᠎ᠡ ᠪᠦᠲᠦᠭᠡᠯ ᠢ ᠬᠠᠮᠲᠤᠪᠠᠷ ᠡᠳ᠋ᠯᠡᠭᠦᠯᠬᠦ ᠬᠡᠷᠡᠭᠲᠡᠢ︔ ᠭᠤᠷᠪᠠ ᠳᠤ ︽ᠥᠭᠡᠷᠡᠴᠢᠯᠡᠬᠦ︾ ᠲᠣᠭᠲᠠᠴᠠ ᠶᠢ ᠴᠢᠩᠭᠠᠳᠬᠠᠬᠤ ᠬᠡᠷᠡᠭᠲᠡᠶ᠃ ᠶᠡᠷᠦᠩᠬᠡᠶᠢᠯᠡᠭᠰᠡᠨ ᠬᠠᠤᠯᠢ ᠬᠡᠷᠡᠭᠵᠢᠭᠦᠯᠬᠦ ᠪᠠ ᠪᠠᠯᠭᠠᠰᠤ ᠰᠤᠮᠤ᠂ ᠵᠡᠭᠡᠯᠢ ᠭᠤᠳᠤᠮᠵᠢ ᠶᠢᠨ ᠥᠭᠡᠷᠡᠴᠢᠯᠡᠯᠲᠡ ᠶᠢᠨ ᠠᠵᠢᠯ ᠢ ᠯᠠᠪᠳᠠᠭᠤᠨ ᠪᠠᠲᠤᠲᠠᠢ ᠰᠠᠶᠢᠲᠤᠷ ᠬᠢᠵᠦ᠂ ᠤᠷᠲᠤ ᠬᠤᠭᠤᠴᠠᠭ᠎ᠠ ᠪᠠᠷ ᠪᠢᠳᠡᠨ ᠢ ᠭᠠᠴᠢᠭᠳᠠᠭᠤᠯᠵᠤ ᠪᠠᠶᠢᠭ᠎ᠠ ᠠᠰᠠᠭᠤᠳᠠᠯ ᠤᠳ ᠢ ᠰᠢᠢᠳᠪᠦᠷᠢᠯᠡᠬᠦ ᠬᠡᠷᠡᠭᠲᠡᠢ᠃ ᠬᠢᠵᠢᠭ ᠤᠨ ᠪᠠᠶᠢᠳᠠᠯ ᠢ ᠰᠡᠷᠭᠡᠶᠢᠯᠡᠨ ᠡᠵᠡᠮᠳᠡᠬᠦ ᠦᠷ᠎ᠡ ᠪᠦᠲᠦᠭᠡᠯ ᠢᠶᠠᠨ ᠪᠠᠬᠢᠵᠢᠭᠦᠯᠵᠦ᠂ ᠲᠣᠣᠷᠴᠢᠯᠠᠭᠴᠢ ᠶᠢᠨ ᠡᠩᠨᠡᠭᠡ ᠶᠢᠨ ᠪᠠᠶᠢᠭᠤᠯᠤᠯᠲᠠ ᠶᠢᠨ ᠡᠷᠴᠢᠮ ᠢᠶᠠᠨ ᠤᠯᠠᠮ ᠨᠢᠭᠡ ᠠᠯᠬᠤᠮ ᠴᠢᠩᠭᠠᠷᠠᠭᠤᠯᠵᠤ᠂ ᠵᠡᠭᠡᠯᠢ ᠭᠤᠳᠤᠮᠵᠢ ᠶᠢᠨ ᠳᠠᠷᠤᠭ᠎ᠠ ᠶᠢᠨ ᠲᠣᠭᠲᠠᠴᠠ ᠶᠢ ᠢᠳᠡᠪᠬᠢᠲᠡᠢ ᠰᠦᠪᠡᠭᠴᠢᠯᠡᠨ ᠪᠠᠶᠢᠭᠤᠯᠬᠤ ᠬᠡᠷᠡᠭᠲᠡᠢ᠃ ︽ᠨᠠᠮ ᠤᠨ ᠭᠡᠰᠢᠭᠦᠨ ᠤ ᠮᠡᠳᠡᠭᠡᠯᠡᠯ︾ ᠤᠨ ᠲᠣᠭᠲᠠᠴᠠ ᠶᠢᠨ ᠰᠢᠨ᠎ᠡ ᠶᠢ ᠡᠭᠦᠳᠴᠦ᠂ ᠪᠠᠯᠭᠠᠰᠤ ᠰᠤᠮᠤ ᠵᠡᠭᠡᠯᠢ ᠭᠤᠳᠤᠮ ᠶᠢ᠂ ᠭᠠᠴᠠᠭ᠎ᠠ ᠲᠣᠰᠬᠤᠨ ᠨᠡᠶᠢᠭᠡᠮ ᠲᠣᠭᠤᠷᠢᠭ ᠢ ᠨᠠᠮ ᠤᠨ ᠭᠡᠰᠢᠭᠦᠨ ᠤ ᠦᠢᠯᠡᠳᠦᠯ ᠢᠶᠠᠨ ᠪᠠᠳᠠᠷᠠᠭᠤᠯᠬᠤ  ᠲᠠᠪᠴᠠᠩ ᠪᠣᠯᠭᠠᠬᠤ ᠬᠡᠷᠡᠭᠲᠡᠢ᠃ ᠪᠦᠲᠦᠮᠵᠢᠲᠡᠢ ᠵᠠᠰᠠᠯᠲᠠ ᠶᠢᠨ ᠲᠣᠭᠲᠠᠴᠠ ᠶᠢᠨ ᠰᠢᠨ᠎ᠡ ᠶᠢ ᠡᠭᠦᠳᠬᠦ ᠶᠢ ᠴᠢᠩᠭᠠᠳᠬᠠᠵᠤ᠂ ᠤᠯᠤᠰ ᠲᠦᠷᠦ᠂ ᠥᠪᠡᠷᠲᠡᠭᠡᠨ ᠵᠠᠰᠠᠬᠤ᠂ ᠬᠠᠤᠯᠢ ᠪᠠᠷ ᠵᠠᠰᠠᠬᠤ᠂ ᠶᠣᠰᠣ ᠮᠣᠷᠠᠯ ᠢᠶᠠᠷ ᠵᠠᠰᠠᠬᠤ᠂ ᠤᠶᠤᠨ ᠢᠶᠠᠷ ᠵᠠᠰᠠᠬᠤ ︽ᠲᠠᠪᠤ ᠶᠢ ᠵᠠᠰᠠᠬᠤ︾ ᠦᠢᠯᠡᠳᠦᠯ ᠢ ᠭᠦᠢᠴᠡᠳ ᠪᠠᠳᠠᠷᠠᠭᠤᠯᠵᠤ᠂ ᠰᠤᠷᠲᠠᠯ ᠤᠨ ᠬᠤᠪᠢᠷᠠᠭᠤᠯᠤᠯᠲᠠ ᠶᠢ ᠴᠢᠩᠭᠠᠳᠬᠠᠵᠤ᠂ ᠦᠨᠳᠦᠰᠦᠨ ᠱᠠᠲᠤᠨ ᠤ ᠨᠡᠶᠢᠭᠡᠮ ᠤᠨ ᠵᠠᠰᠠᠯᠲᠠ ᠶᠢᠨ ᠣᠳᠣᠬᠢᠴᠢᠯᠠᠯᠲᠠ ᠶᠢ ᠲᠦᠷᠭᠡᠳᠬᠡᠨ ᠠᠬᠢᠭᠤᠯᠬᠤ ᠬᠡᠷᠡᠭᠲᠡᠢ︔ ᠳᠥᠷᠪᠡ ᠳᠤ ︽ᠬᠠᠷᠢᠭᠤᠴᠠᠯᠭ᠎ᠠ︾ ᠶᠢᠨ ᠪᠠᠲᠤᠯᠠᠭ᠎ᠠ ᠶᠢ ᠴᠢᠩᠭᠠᠳᠬᠠᠨ᠎ᠠ᠃ ᠨᠠᠮ ᠤᠨ ᠪᠠᠶᠢᠭᠤᠯᠤᠯᠲᠠ ᠪᠠᠷ ᠬᠥᠲᠥᠯᠥᠨ ᠳᠠᠭᠠᠭᠤᠯᠬᠤ ᠶᠢ ᠴᠢᠩᠭᠠᠳᠬᠠᠵᠤ᠂ ᠠᠵᠢᠯ ᠤᠨ ᠳᠤᠮᠳᠠᠬᠢ ᠨᠠᠮ ᠤᠨ ᠪᠠᠶᠢᠭᠤᠯᠤᠯᠲᠠ  ᠶᠢᠨ ᠴᠢᠬᠤᠯᠠ  ᠦᠢᠯᠡᠳᠦᠯ ᠢ ᠣᠨᠴᠠᠭᠠᠶᠢᠯᠠᠨ ᠲᠤᠪᠤᠶᠢᠯᠭᠠᠬᠤ ᠬᠡᠷᠡᠭᠲᠡᠶ᠂ ᠵᠡᠭᠡᠯᠢ ᠭᠤᠳᠤᠮᠵᠢ ᠶᠢᠨ  ᠳᠠᠷᠤᠭ᠎ᠠ ᠲᠣᠭᠲᠠᠮᠠᠯ ᠬᠤᠭᠤᠴᠠᠭ᠎ᠠ ᠲᠠᠢ ᠪᠠᠷ ᠬᠠᠷᠢᠭᠤ ᠮᠡᠳᠡᠭᠦᠯᠦᠯᠲᠡ ᠶᠢ ᠰᠣᠨᠣᠰᠴᠤ᠂ ᠠᠰᠠᠭᠤᠳᠠᠯ ᠢ ᠵᠣᠬᠢᠴᠠᠭᠤᠯᠤᠨ ᠰᠢᠢᠳᠪᠦᠷᠢᠯᠡᠵᠦ᠂ ᠰᠠᠯᠠᠭ᠎ᠠ ᠮᠥᠴᠢᠷ ᠤᠨ   ᠤᠳᠤᠷᠢᠳᠤᠯᠭ᠎ᠠ ᠨᠡᠶᠢᠲᠡᠯᠢᠭ ᠴᠢᠨᠠᠷᠲᠠᠶ ᠠᠰᠠᠭᠤᠳᠠᠯ ᠢ ᠰᠤᠳᠤᠯᠵᠤ᠂ ᠮᠡᠳᠡᠭᠦᠯᠦᠯᠲᠡ ᠬᠢᠬᠦ ᠮᠥᠷᠲᠡᠭᠡᠨ ᠪᠠᠰᠠ ᠱᠦᠭᠯᠦ ᠦᠯᠢᠶᠡᠬᠦ ᠬᠡᠷᠡᠭᠲᠡᠶ︔ ᠡᠷᠬᠡ ᠶᠢ ᠲᠣᠳᠣᠷᠬᠠᠶᠢᠯᠠᠨ ᠬᠠᠷᠢᠭᠤᠴᠠᠯᠭ᠎ᠠ ᠶᠢ ᠲᠣᠭᠲᠠᠭᠠᠵᠤ᠂ ᠨᠠᠷᠢᠨ ᠲᠠᠩᠰᠠ ᠶᠢ ᠪᠠᠶᠢᠭᠤᠯᠵᠤ᠂ ᠲᠤᠰᠢᠶᠠᠯ  ᠬᠠᠷᠢᠭᠤᠴᠠᠯᠭ᠎ᠠ  ᠪᠠᠨ ᠭᠦᠢᠴᠡᠳᠬᠡᠬᠦ ᠶᠢ ᠠᠬᠢᠭᠤᠯᠬᠤ ᠬᠡᠷᠡᠭᠲᠡᠢ︔ ᠰᠤᠷᠲᠠᠯ ᠤᠨ ᠪᠠᠶᠢᠭᠤᠯᠤᠯᠲᠠ ᠶᠢ ᠴᠢᠩᠭᠠᠳᠬᠠᠵᠤ᠂ ᠬᠢᠨᠠᠯᠲᠠ ᠲᠠᠯᠪᠢᠵᠤ ᠰᠠᠬᠢᠯᠭ᠎ᠠ ᠪᠠᠲᠤ ᠶᠢ ᠬᠡᠷᠡᠭᠵᠢᠭᠦᠯᠬᠦ  ᠶᠠᠪᠤᠳᠠᠯ  ᠢ ᠴᠢᠩᠭᠠᠳᠬᠠᠵᠤ᠂ ᠢᠯᠠᠩᠭᠤᠶ᠎ᠠ ᠠᠵᠢᠯ ᠬᠢᠬᠦ ᠦᠭᠡᠢ ᠪᠠᠶᠢᠬᠤ᠂ ᠤᠳᠠᠭᠠᠨ ᠠᠵᠢᠯᠯᠠᠬᠤ᠂ ᠬᠠᠭᠤᠷᠮᠠᠭ ᠠᠵᠢᠯ ᠬᠢᠬᠦ ᠦᠵᠡᠭᠳᠡᠯ ᠠᠴᠠ ᠴᠢᠩᠭ᠎ᠠ ᠬᠠᠷᠢᠭᠤᠴᠠᠯᠭ᠎ᠠ ᠨᠡᠬᠡᠮᠵᠢᠯᠡᠬᠦ ᠬᠡᠷᠡᠭᠲᠡᠶ︔ ᠬᠢᠨᠠᠨ ᠰᠢᠯᠭᠠᠵᠤ ᠦᠨᠡᠯᠡᠬᠦ ᠪᠠᠨ ᠴᠢᠩᠭᠠᠳᠬᠠᠵᠤ ᠂ ᠱᠠᠩᠨᠠᠵᠤ ᠲᠣᠷᠭᠠᠬᠤ ᠲᠣᠭᠲᠠᠴᠠ ᠶᠢ ᠪᠠᠶᠢᠭᠤᠯᠵᠤ᠂  ᠲᠤᠬᠠᠶᠢᠯᠠᠭᠰᠠᠨ ᠠᠵᠢᠯ ᠤᠨ ᠪᠣᠯᠪᠠᠰᠤᠷᠠᠭᠤᠯᠤᠯ ᠢ ᠲᠣᠭᠲᠠᠮᠠᠯ ᠬᠤᠭᠤᠴᠠᠭ᠎ᠠ ᠲᠠᠢ ᠪᠠᠷ ᠵᠣᠬᠢᠶᠠᠨ ᠪᠠᠶᠢᠭᠤᠯᠵᠤ᠂ ᠠᠰᠠᠭᠤᠳᠠᠯ ᠢ ᠵᠠᠳᠠᠯᠬᠤ᠂ ᠠᠰᠠᠭᠤᠳᠠᠯ ᠢ ᠰᠢᠢᠳᠪᠦᠷᠢᠯᠡᠬᠦ ᠴᠢᠳᠠᠪᠤᠷᠢ ᠪᠠᠨ ᠳᠡᠭᠡᠭᠰᠢᠯᠡᠭᠦᠯᠬᠦ ᠬᠡᠷᠡᠭᠲᠡᠶ᠃    ᠣᠳᠣᠬᠢᠴᠢᠯᠠᠭᠰᠠᠨ᠂ ᠲᠤᠰᠬᠠᠶᠢᠵᠢᠭᠰᠠᠨ᠂ ᠨᠠᠷᠢᠯᠢᠬᠵᠢᠭᠤᠯᠤᠭᠰᠠᠨ ᠦᠨᠳᠦᠰᠦᠨ ᠱᠠᠲᠤᠨ ᠤ ᠨᠡᠶᠢᠭᠡᠮ ᠤᠨ ᠵᠠᠰᠠᠯᠲᠠ ᠶᠢᠨ ᠰᠢᠨ᠎ᠡ ᠪᠠᠶᠢᠷᠢᠰᠢᠯ ᠳᠤ ᠳ᠋ᠦ᠋ ᠾᠦᠢ ᠯᠢᠶᠠᠩ ᠱᠠᠭᠠᠷᠳᠠᠯᠭ᠎ᠠ ᠲᠠᠯᠪᠢᠪᠠ  ᠄ ᠨᠢᠭᠡ ᠳᠤ᠂ ᠨᠠᠮ ᠤᠨ ᠪᠠᠶᠢᠭᠤᠯᠤᠯᠲᠠ ᠶᠢᠨ ᠠᠵᠢᠯ ᠢ ᠯᠠᠪᠳᠠᠭᠤᠨ ᠪᠠᠲᠤᠲᠠᠢ ᠠᠬᠢᠭᠤᠯᠬᠤ ᠬᠡᠷᠡᠭᠲᠡᠢ᠃ ᠨᠠᠮ ᠤᠨ ᠪᠠᠶᠢᠭᠤᠯᠤᠯᠲᠠ ᠪᠠᠷ ᠬᠥᠲᠥᠯᠥᠨ ᠳᠠᠭᠠᠭᠤᠯᠬᠤ ᠶᠢ ᠴᠢᠬᠤᠯᠠ ᠠᠴᠠ ᠴᠢᠬᠤᠯᠠ  ᠵᠦᠢᠯ ᠪᠣᠯᠭᠠᠵᠤ᠂ ᠨᠠᠮ ᠤᠨ ᠪᠠᠶᠢᠭᠤᠯᠤᠯᠲᠠ ᠶᠢ ᠴᠢᠩᠭᠠᠳᠬᠠᠨ᠂ ᠨᠠᠮ ᠤᠨ ᠤᠳᠤᠷᠢᠳᠤᠯᠭ᠎ᠠ ᠶᠢ ᠴᠢᠩᠭᠠᠳᠬᠠᠵᠤ᠂ ᠦᠨᠳᠦᠰᠦᠨ ᠱᠠᠲᠤᠨ ᠤ ᠨᠠᠮ ᠤᠨ ᠪᠠᠶᠢᠭᠤᠯᠤᠯᠲᠠ ᠶᠢᠨ ᠰᠠᠭᠤᠷᠢ ᠶᠢ ᠪᠠᠬᠢᠵᠢᠭᠦᠯᠵᠦ᠂ ᠦᠨᠳᠦᠰᠦᠨ ᠱᠠᠲᠤᠨ ᠤ ᠨᠠᠮ ᠤᠨ ᠪᠠᠶᠢᠭᠤᠯᠤᠯᠲᠠ ᠶᠢᠨ ᠨᠠᠷᠠᠲᠤ ᠲᠡᠮᠳᠡᠭ ᠢ ᠪᠣᠶ ᠪᠣᠯᠭᠠᠵᠤ᠂ ᠬᠤᠶᠠᠷ ᠰᠢᠨ᠎ᠡ ᠵᠣᠬᠢᠶᠠᠨ ᠪᠠᠶᠢᠭᠤᠯᠤᠯᠲᠠ ᠶᠢᠨ ᠪᠦᠬᠦᠨ ᠢ ᠬᠠᠮᠤᠷᠬᠤ ᠶᠢ ᠤᠯᠠᠮ ᠨᠢᠭᠡ ᠠᠯᠬᠤᠮ ᠠᠬᠢᠭᠤᠯᠵᠤ᠂ ᠣᠯᠠᠨ ᠲᠦᠮᠡᠨ ᠤ ᠪᠠᠶᠢᠭᠤᠯᠤᠯᠲᠠ ᠶᠢᠨ ᠠᠵᠢᠯ ᠤᠨ ᠦᠢᠯᠡᠳᠦᠯ ᠢ ᠪᠠᠳᠠᠷᠠᠭᠤᠯᠵᠤ  ᠬᠤᠷᠴᠢᠨ ᠲᠣᠭᠤᠷᠢᠭ ᠢ ᠲᠦᠩᠯᠢᠶᠣᠤ ᠬᠤᠲᠠ ᠶᠢᠨ ᠨᠠᠮ ᠤᠨ ᠪᠠᠶᠢᠭᠤᠯᠤᠯᠲᠠ ᠶᠢᠨ ᠥᠨᠳᠦᠷᠯᠢᠭ ᠭᠠᠵᠠᠷ ᠪᠣᠯᠭᠠᠨ ᠪᠥᠲᠥᠭᠡᠨ ᠪᠠᠶᠢᠭᠤᠯᠬᠤ ᠬᠡᠷᠡᠭᠲᠡᠶ᠃ ᠬᠤᠶᠠᠷ ᠲᠤ ᠬᠠᠷᠢᠶ᠎ᠠ ᠣᠷᠣᠨ ᠤ ᠠᠵᠤ ᠠᠬᠤᠢ ᠶᠢᠨ ᠬᠥᠭᠵᠢᠯᠲᠡ ᠶᠢᠨ ᠠᠵᠢᠯ ᠢ ᠯᠠᠪᠳᠠᠭᠤᠨ ᠪᠠᠲᠤᠲᠠᠢ ᠲᠦᠯᠬᠢᠨ  ᠠᠬᠢᠭᠤᠯᠤᠨ᠎ᠠ᠃ ᠡᠯ᠎ᠡ ᠵᠡᠭᠡᠯᠢ ᠭᠤᠳᠤᠮᠵᠢ ᠨᠤᠭᠤᠳ ᠬᠤᠲᠠ ᠬᠥᠳᠡᠭᠡ ᠶᠢᠨ ᠠᠭᠤᠰᠤᠯᠴᠠᠨ ᠬᠥᠭᠵᠢᠬᠦ ᠶᠢ ᠢᠳᠡᠪᠬᠢᠲᠡᠢ ᠠᠬᠢᠭᠤᠯᠵᠤ᠂ ᠦᠪᠡᠷ ᠤᠨ ᠣᠨᠴᠠᠯᠢᠭ ᠢᠶᠠᠨ ᠪᠦᠷᠢᠯᠳᠦᠭᠦᠯᠵᠦ᠂ ᠬᠠᠷᠢᠶ᠎ᠠ ᠣᠷᠣᠨ ᠤ ᠠᠵᠤ ᠠᠬᠤᠶᠢᠯᠠᠯ ᠳᠤ ᠤᠯᠠᠮ ᠨᠢᠭᠡ ᠠᠯᠬᠤᠮ  ᠰᠢᠳᠤᠷ ᠦᠢᠯᠡᠴᠢᠯᠡᠵᠦ᠂ ᠠᠵᠤ ᠠᠬᠤᠶᠢᠯᠠᠯ ᠢ ᠬᠠᠪᠰᠤᠷᠤᠨ ᠪᠣᠳᠠᠲᠠᠶ ᠠᠰᠠᠭᠤᠳᠠᠯ ᠢ ᠨᠢ  ᠰᠢᠢᠳᠪᠦᠷᠢᠯᠡᠵᠦ᠂ ᠬᠠᠷᠢᠶ᠎ᠠ ᠣᠷᠣᠨ ᠤ ᠠᠵᠤ ᠠᠬᠤᠢ ᠶᠢᠨ ᠲᠦᠷᠭᠡᠨ ᠪᠥᠭᠡᠳ ᠰᠠᠶᠢᠨ ᠬᠥᠭᠵᠢᠬᠦ ᠶᠢ ᠠᠬᠢᠭᠤᠯᠬᠤ ᠬᠡᠷᠡᠭᠲᠡᠶ᠃ ᠭᠤᠷᠪᠠ ᠳᠤ ᠠᠷᠠᠳ ᠤᠨ ᠠᠮᠢᠳᠤᠷᠠᠯ ᠤᠨ ᠦᠢᠯᠡᠴᠢᠯᠡᠭᠡᠨ ᠤ ᠠᠵᠢᠯ ᠢ ᠯᠠᠪᠳᠠᠭᠤᠨ ᠪᠠᠲᠤᠲᠠᠢ ᠠᠬᠢᠭᠤᠯᠤᠨ᠎ᠠ᠃ ︽ᠨᠢᠭᠡ ᠨᠣᠮᠧᠷ ᠢᠶᠠᠷ ᠪᠦᠬᠦᠨ ᠢ ᠰᠢᠢᠳᠪᠦᠷᠢᠯᠡᠬᠦ᠂ ᠪᠠᠯᠭᠠᠰᠤ ᠵᠡᠭᠡᠯᠢ ᠨᠢᠭᠡᠳᠦᠯᠲᠡᠶ ᠰᠢᠢᠳᠪᠦᠷᠢᠯᠡᠬᠦ︾  ᠠᠵᠢᠯ ᠢ ᠠᠴᠢᠶᠠᠯᠠᠪᠤᠷᠢ ᠪᠣᠯᠭᠠᠵᠤ᠂ ᠪᠣᠳᠠᠲᠠᠶ ᠬᠢᠵᠦ᠂ ᠨᠠᠷᠢᠯᠢᠭ ᠬᠢᠵᠦ᠂  ᠦᠢᠯᠡᠴᠢᠯᠡᠭᠡᠨ ᠤ ᠬᠢᠨᠠᠨ ᠵᠦᠪᠰᠢᠶᠡᠷᠡᠬᠦ ᠵᠡᠷᠭᠡ ᠡᠯ᠎ᠡ ᠵᠦᠢᠯ ᠤᠨ ᠠᠷᠠᠳ ᠤᠨ ᠠᠮᠢᠳᠤᠷᠠᠯ ᠤᠨ ᠠᠵᠢᠯ ᠢ ᠰᠠᠶᠢᠲᠤᠷ ᠬᠢᠬᠦ ᠬᠡᠷᠡᠭᠲᠡᠶ᠃ ᠲᠦᠷᠪᠡ ᠳᠤ ᠨᠡᠶᠢᠭᠡᠮ ᠤᠨ ᠵᠠᠰᠠᠯᠲᠠ ᠶᠢᠨ ᠴᠢᠳᠠᠪᠤᠷᠢ ᠶᠢᠨ ᠬᠢᠷᠢ ᠲᠦᠪᠰᠢᠨ ᠢ ᠯᠠᠪᠳᠠᠭᠤᠨ ᠪᠠᠲᠤᠲᠠᠶ ᠪᠠᠷ  ᠳᠡᠭᠡᠭᠰᠢᠯᠡᠭᠦᠯᠦᠨ᠎ᠡ᠃ ︽ᠬᠤᠤᠰ ᠬᠤᠲᠠ ᠶᠢ ᠬᠠᠮᠲᠤ ᠪᠠᠷ ᠴᠣᠭᠴᠠᠯᠠᠬᠤ︾ ᠠᠵᠢᠯ ᠤᠨ ᠦᠷ᠎ᠡ ᠪᠦᠲᠦᠭᠡᠯ ᠢ ᠢᠳᠡᠪᠬᠢᠲᠡᠶ ᠪᠠᠬᠢᠵᠢᠭᠦᠯᠵᠦ᠂  ᠬᠤᠲᠠ ᠶᠢᠨ ᠰᠣᠶᠣᠯ ᠤᠨ ᠰᠢᠰᠲ᠋ᠧᠮᠵᠢ ᠶᠢ ᠴᠢᠷᠮᠠᠶᠢᠨ ᠪᠠᠶᠢᠭᠤᠯᠵᠤ᠂ ᠬᠤᠲᠠ ᠶᠢᠨ ᠬᠠᠮᠢᠶᠠᠷᠤᠯᠲᠠ ᠶᠢᠨ ᠲᠣᠭᠲᠠᠴᠠ   ᠶᠢ ᠬᠦᠴᠦᠯᠡᠨ ᠰᠢᠨᠡᠴᠢᠯᠡᠵᠦ᠂ ᠬᠤᠷᠴᠢᠨ ᠲᠣᠭᠤᠷᠢᠭ ᠢ ᠣᠷᠣᠰᠢᠨ ᠰᠠᠭᠤᠬᠤ ᠳᠤ ᠨᠠᠩ ᠲᠣᠬᠢᠷᠠᠮᠵᠢᠲᠠᠶ ᠵᠣᠯ ᠵᠢᠷᠭᠠᠯᠲᠤ ᠬᠤᠲᠠ ᠪᠣᠯᠭᠠᠨ ᠪᠥᠲᠥᠭᠡᠨ ᠪᠠᠶᠢᠭᠤᠯᠬᠤ ᠪᠠᠷ ᠴᠢᠷᠮᠠᠶᠢᠬᠤ ᠬᠡᠷᠡᠭᠲᠡᠶ᠃
 
ᠢᠷᠡᠯᠲᠡ᠄ ᠬᠤᠷᠴᠢᠨ ᠲᠤᠭᠤᠷᠢᠭ ᠤᠨ ᠵᠠᠰᠠᠭ ᠤᠨ ᠤᠷᠳᠤᠨ
 
 
ᠬᠠᠮᠢᠶ᠎ᠡ ᠪᠦᠬᠦᠢ ᠰᠣᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备05070829号