ᠡᠷᠡᠭᠦᠯ ᠮᠡᠨᠳᠦ ᠪᠠᠷ ᠶᠠᠳᠠᠭᠤ ᠶᠢ ᠲᠡᠳᠬᠦᠬᠦ ᠠᠵᠢᠯ ᠢ ᠢᠳᠡᠪᠬᠢᠲᠡᠶ ᠥᠷᠨᠢᠭᠦᠯᠵᠦ᠂ ᠲᠣᠰᠬᠤᠨ ᠤ ᠠᠷᠠᠳ ᠲᠤ ᠬᠡᠷ | ᠤᠨ ᠡᠭᠦᠳᠡᠨ ᠳᠤ ᠥᠨᠳᠥᠷ ᠬᠢᠷᠢ ᠲᠦᠪᠰᠢᠨ᠂ ᠨᠠᠩ ᠲᠤᠰᠬᠠᠶ ᠡᠮᠴᠢᠯᠡᠭᠡᠨ ᠤ ᠦᠢᠯᠡᠴᠢᠯᠡᠭᠡ ᠬᠦᠷᠲᠡᠭᠡᠬᠦ ᠶᠢᠨ | ᠲᠥᠯᠥᠭᠡ᠂ ᠲᠤᠭᠤᠷᠢᠭ ᠤᠨ ᠨᠠᠮ ᠤᠨ ᠬᠤᠷᠢᠶᠠᠨ ᠤ ᠤᠯᠤᠰ ᠲᠥᠷᠥ ᠬᠠᠤᠯᠢ ᠴᠠᠭᠠᠵᠠ ᠶᠢᠨ ᠬᠤᠷᠢᠶ᠎ᠠ ᠶᠢᠨ | ᠲᠣᠰᠬᠤᠨ ᠳᠤ ᠰᠠᠭᠤᠭ᠎ᠠ ᠠᠵᠢᠯᠯᠠᠬᠤ ᠠᠩᠭᠢ ᠶᠢᠨ ᠨᠡᠪᠲᠡᠷᠡᠯᠴᠡᠭᠡ ᠵᠣᠬᠢᠴᠠᠭᠤᠯᠭ᠎ᠠ ᠳᠣᠤᠷ᠎ᠠ᠂ 4 ᠰᠠᠷ᠎ᠠ ᠶᠢᠨ 6 ᠤ | ᠡᠳᠦᠷ ᠤᠨ ᠦᠳᠡ ᠶᠢᠨ ᠬᠤᠶᠢᠨ᠎ᠠ᠂ ᠥᠪᠥᠷ ᠮᠣᠩᠭᠤᠯ ᠤᠨ ᠦᠨᠳᠦᠰᠦᠲᠡᠨ ᠤ ᠶᠡᠭᠡ ᠰᠤᠷᠭᠠᠭᠤᠯᠢ ᠶᠢᠨ ᠬᠠᠷᠢᠶᠠᠲᠤ | ᠡᠮᠨᠡᠯᠭᠡ ᠶᠢᠨ ᠬᠤᠷᠢᠶᠠᠨ ᠤ ᠵᠠᠯᠠᠭᠤᠴᠤᠳ ᠤᠨ ᠭᠠᠪᠰᠢᠭᠠᠶ ᠠᠩᠭᠢ ᠶᠢᠨ ᠬᠢᠨ ᠰᠠᠨᠠᠭᠠᠴᠢᠯᠠᠭ᠎ᠠ ᠠᠴᠠ ᠪᠠᠨ ᠠᠮᠠᠷᠠᠬᠤ | ᠴᠠᠭ ᠢᠶᠠᠨ ᠲᠠᠶᠠᠭᠳᠠᠵᠤ᠂ ᠤᠷᠢᠯᠭ᠎ᠠ ᠪᠠᠷ ᠮᠡᠯᠡᠬᠡᠶᠢᠲᠦ ᠪᠠᠯᠭᠠᠰᠤᠨ ᠤ ᠮᠡᠯᠡᠬᠡᠶᠢᠲᠦ ᠲᠣᠰᠬᠤᠨ ᠳᠤ ᠬᠦᠷᠴᠦ ᠲᠣᠮᠣ | ᠬᠡᠯᠪᠡᠷᠢ ᠶᠢᠨ ᠵᠢᠷᠤᠮ ᠤᠨ ᠡᠮᠴᠢᠯᠡᠭᠡ ᠪᠠ ᠪᠡᠯᠡᠭᠯᠡᠨ ᠬᠦᠷᠭᠡᠬᠦ ᠵᠡᠷᠭᠡ ᠬᠠᠶᠢᠷ᠎ᠠ ᠬᠠᠯᠠᠮᠵᠢ ᠬᠦᠷᠭᠡᠬᠦ ᠠᠵᠢᠯᠯᠠᠭ᠎ᠠ | ᠥᠷᠨᠢᠭᠦᠯᠪᠡ᠃ | ᠲᠣᠰ ᠤᠳᠠᠭᠠᠨ ᠤ ᠵᠢᠷᠤᠮ ᠤᠨ ᠡᠮᠴᠢᠯᠡᠭᠡ ᠳᠤ ᠲᠦᠷᠭᠡᠨ ᠡᠮᠨᠡᠬᠦ ᠰᠠᠯᠠᠭ᠎ᠠ᠂ ᠬᠦᠨᠳᠦ ᠡᠪᠡᠳᠴᠢᠨ ᠤ | ᠡᠮᠨᠡᠯᠭᠡ ᠶᠢᠨ ᠰᠠᠯᠠᠭ᠎ᠠ᠂ ᠠᠮᠢᠰᠬᠤᠯ ᠪᠣᠯᠤᠨ ᠠᠶᠤᠯᠲᠠᠶ ᠬᠦᠨᠳᠦ ᠡᠪᠡᠳᠴᠢᠨ ᠤ ᠡᠮᠨᠡᠯᠭᠡ ᠶᠢᠨ ᠰᠠᠯᠠᠭ᠎ᠠ᠂ ᠮᠡᠳᠡᠷᠡᠯ ᠤᠨ | ᠭᠠᠳᠠᠷ ᠰᠠᠯᠠᠭ᠎ᠠ᠂ ᠮᠡᠳᠡᠷᠡᠯ ᠤᠨ ᠳᠣᠲᠣᠷ ᠰᠠᠯᠠᠭ᠎ᠠ᠂ ᠴᠡᠭᠡᠵᠢᠨ ᠭᠠᠳᠠᠷ ᠰᠠᠯᠠᠭ᠎ᠠ᠂ ᠵᠢᠷᠦᠬᠡ ᠴᠢᠰᠤᠨ ᠰᠤᠳᠠᠯ ᠤᠨ | ᠳᠣᠲᠣᠷ ᠰᠠᠯᠠᠭ᠎ᠠ᠂ ᠮᠣᠩᠭᠤᠯ ᠡᠮᠨᠡᠯᠭᠡ ᠶᠢᠨ ᠵᠢᠷᠦᠬᠡᠨ ᠤ ᠳᠣᠲᠣᠷ ᠰᠠᠯᠠᠭ᠎ᠠ ᠪᠣᠯᠤᠨ ᠮᠣᠩᠭᠤᠯ ᠡᠮᠨᠡᠯᠭᠡ ᠶᠢᠨ ᠭᠠᠳᠠᠷ | ᠰᠠᠯᠠᠭ᠎ᠠ ᠵᠡᠷᠭᠡ ᠣᠯᠠᠨ ᠰᠠᠯᠠᠭ᠎ᠠ ᠲᠠᠰᠤᠭ ᠢ ᠬᠠᠮᠤᠷᠴᠤ᠂ ᠭᠥᠯᠢᠶᠡᠨ ᠠᠪᠴᠤ ᠡᠮᠨᠡᠭᠦᠯᠦᠭᠰᠡᠨ ᠬᠥᠮᠦᠨ 60 ᠭᠠᠷᠤᠢ | ᠬᠥᠮᠦᠨ ᠤᠳᠠᠭ᠎ᠠ ᠳᠤ ᠬᠦᠷᠴᠡᠶ᠃ | ᠡᠮᠴᠢ ᠰᠤᠪᠢᠯᠠᠭᠴᠢᠳ ᠬᠦᠯᠢᠴᠡᠩᠭᠦᠢ ᠪᠠᠷ ᠭᠠᠴᠠᠭᠠᠨ ᠤ ᠠᠷᠠᠳ ᠤᠨ ᠪᠡᠶ᠎ᠡ ᠮᠠᠬᠠᠪᠣᠳ ᠢ ᠪᠠᠶᠢᠴᠠᠭᠠᠵᠤ᠂ | ᠪᠠᠶᠢᠩᠭᠤ ᠲᠣᠬᠢᠶᠠᠯᠳᠤᠳᠠᠭ ᠡᠪᠡᠳᠴᠢᠨ᠂ ᠤᠳᠠᠭᠠᠨ ᠴᠢᠨᠠᠷᠲᠠᠢ ᠡᠪᠡᠳᠴᠢᠨ ᠤ ᠡᠷᠡᠭᠦᠯ ᠮᠡᠨᠳᠦ ᠶᠢᠨ ᠠᠰᠠᠭᠤᠨ | ᠯᠠᠪᠯᠠᠬᠤ ᠦᠢᠯᠡᠴᠢᠯᠡᠭᠡ ᠬᠠᠩᠭᠠᠵᠤ᠂ ᠬᠦᠴᠢᠷ ᠲᠦᠪᠡᠭᠲᠡᠢ᠂ ᠪᠤᠳᠤᠯᠢᠶᠠᠨᠲᠠᠢ ᠡᠪᠡᠳᠴᠢᠨ ᠡᠮᠭᠡᠭ ᠲᠠᠢ ᠭᠠᠴᠠᠭᠠᠨ ᠤ | ᠠᠷᠠᠳ ᠲᠤ ᠠᠩᠬ᠎ᠠ ᠠᠯᠬᠤᠮ ᠰᠢᠭᠰᠢᠨ ᠪᠠᠶᠢᠴᠠᠭᠠᠵᠤ᠂ ᠣᠨᠣᠰᠢᠯᠠᠵᠤ᠂ ᠡᠮᠨᠡᠨ ᠵᠠᠰᠠᠬᠤ ᠰᠠᠨᠠᠭᠤᠯᠭ᠎ᠠ ᠳᠤᠷᠠᠳᠪᠠ︔ | ᠲᠣᠰᠬᠤᠨ ᠤ ᠠᠷᠠᠳ ᠲᠤ ᠰᠦᠢᠳᠭᠡᠯ ᠬᠤᠷᠢᠶᠠᠬᠤ ᠦᠭᠡᠶ ᠪᠠᠷ ᠴᠢᠰᠤᠨ ᠳᠠᠷᠤᠯᠲᠠ ᠶᠢ ᠬᠡᠮᠵᠢᠬᠦ ᠦᠢᠯᠡᠴᠢᠯᠡᠭᠡ | ᠬᠠᠩᠭᠠᠵᠤ᠂ ᠲᠡᠳᠡᠨ ᠤ ᠪᠡᠶ᠎ᠡ ᠶᠢᠨ ᠪᠠᠶᠢᠳᠠᠯ ᠢ ᠨᠠᠷᠢᠨ ᠣᠶᠢᠯᠠᠭᠠᠵᠤ᠂ ᠡᠳᠦᠷ ᠲᠤᠲᠤᠮ ᠤᠨ ᠠᠮᠢᠳᠤᠷᠠᠯ ᠤᠨ | ᠠᠩᠬᠠᠷᠬᠤ ᠵᠦᠢᠯ ᠢ ᠰᠠᠨᠠᠭᠤᠯᠤᠭᠰᠠᠨ ᠪᠥᠭᠡᠳ ᠡᠪᠡᠳᠴᠢᠨ ᠤ ᠪᠠᠶᠢᠳᠠᠯ ᠢ ᠨᠢ ᠦᠨᠳᠦᠰᠦᠯᠡᠨ ᠲᠣᠰᠬᠤᠨ ᠤ | ᠠᠷᠠᠳ ᠲᠤ ᠡᠮ ᠤᠨ ᠵᠦᠢᠯ ᠢ ᠰᠦᠶ᠋ᠳᠬᠡᠯ ᠬᠤᠷᠢᠶᠠᠬᠤ ᠦᠭᠡᠶ ᠪᠠᠷ ᠲᠠᠷᠬᠠᠭᠠᠵᠤ᠂ ᠰᠢᠨᠵᠢᠯᠡᠬᠦ ᠤᠬᠠᠭᠠᠨᠴᠢ ᠡᠷᠡᠭᠦᠯ | ᠮᠡᠨᠳᠦ ᠶᠢᠨ ᠰᠠᠨᠠᠭᠤᠯᠭ᠎ᠠ ᠳᠤᠷᠠᠳᠴᠤ᠂ ᠲᠣᠰᠬᠤᠨ ᠤ ᠠᠷᠠᠳ ᠲᠤ ᠡᠷᠡᠭᠦᠯ ᠪᠤᠰᠤ ᠠᠮᠢᠳᠤᠷᠠᠯ ᠤᠨ ᠳᠠᠳᠬᠠᠯ ᠢᠶᠠᠨ | ᠰᠠᠶᠢᠵᠢᠷᠠᠭᠤᠯᠵᠤ᠂ ᠡᠷᠡᠭᠦᠯ ᠮᠡᠨᠳᠦ ᠶᠢ ᠬᠠᠮᠠᠭᠠᠯᠠᠬᠤ ᠪᠠ ᠡᠪᠡᠳᠴᠢᠨ ᠦᠵᠡᠭᠦᠯᠬᠦ ᠤᠬᠠᠮᠰᠠᠷ ᠢᠶᠠᠨ ᠨᠡᠮᠡᠭᠳᠡᠭᠦᠯᠬᠦ ᠶᠢ | ᠰᠠᠨᠠᠭᠤᠯᠤᠭᠰᠠᠨ ᠪᠠᠶᠢᠨ᠎ᠠ᠃ | ᠠᠯᠪᠠᠨ ᠵᠢᠷᠤᠮ ᠤᠨ ᠡᠮᠴᠢᠯᠡᠭᠡ ᠳᠠᠭᠤᠰᠤᠭᠰᠠᠨ ᠤ ᠳᠠᠷᠠᠭ᠎ᠠ᠂ ᠡᠮᠴᠢ ᠰᠤᠪᠢᠯᠠᠭᠴᠢᠳ ᠪᠠᠰᠠ ᠶᠠᠳᠠᠭᠤ | ᠬᠦᠴᠢᠷᠳᠡᠯᠲᠡᠶ ᠬᠡᠷ ᠪᠦᠯᠢ ᠳᠤ ᠭᠤᠯᠢᠷ᠂ ᠰᠦ᠋ ᠵᠢᠴᠢ ᠪᠤᠰᠤᠳ ᠡᠳᠦᠷ ᠲᠤᠲᠤᠮ ᠤᠨ ᠠᠮᠢᠳᠤᠷᠠᠯ ᠤᠨ ᠬᠡᠷᠡᠭᠰᠡᠯ | ᠬᠠᠨᠳᠢᠪᠯᠠᠪᠠ᠃ | |