ᠬᠤᠷᠴᠢᠨ ᠲᠣᠭᠤᠷᠢᠭ ᠤᠨ ᠨᠠᠮ ᠤᠨ ᠬᠤᠷᠢᠶᠠᠨ ᠤ ᠥᠭᠡᠷᠡᠴᠢᠯᠡᠯᠲᠡ ᠶᠢ ᠪᠦᠬᠦ ᠲᠠᠯ᠎ᠠ ᠪᠠᠷ ᠭᠦᠨᠵᠡᠭᠡᠶᠢᠷᠡᠭᠦᠯᠬᠦ  ᠵᠦᠪᠯᠡᠯ ᠤᠨ ᠠᠯᠪᠠᠨ ᠭᠡᠷ 2020 ᠣᠨ ᠤ ᠠᠩᠬᠠᠳᠤᠭᠠᠷ ᠤᠳᠠᠭ᠎ᠠ ᠶᠢᠨ ᠬᠤᠯᠪᠣᠭᠠᠴᠢᠨ ᠤ ᠬᠤᠷᠠᠯ ᠬᠤᠷᠠᠯᠳᠤᠪᠠ
ᠨᠡᠶᠢᠲᠡᠯᠡᠭᠰᠡᠨ ᠴᠠᠭ᠄
2020-04-13
 4 ᠰᠠᠷ᠎ᠠ ᠶᠢᠨ 8 ᠤ ᠡᠳᠦᠷ᠂ ᠬᠤᠷᠴᠢᠨ  ᠲᠤᠭᠤᠷᠢᠭ ᠤᠨ ᠨᠠᠮ ᠤᠨ ᠬᠤᠷᠢᠶᠠᠨ ᠤ ᠥᠭᠡᠷᠡᠴᠢᠯᠡᠯᠲᠡ ᠶᠢ ᠪᠥᠬᠦ ᠲᠠᠯ᠎ᠠ ᠪᠠᠷ ᠭᠦᠨᠵᠡᠭᠡᠶᠢᠷᠡᠭᠦᠯᠬᠦ ᠵᠥᠪᠯᠡᠯ ᠤᠨ ᠠᠯᠪᠠᠨ ᠬᠡᠷ 2020 ᠣᠨ ᠤ ᠠᠩᠬᠠᠳᠤᠭᠠᠷ ᠤᠳᠠᠭ᠎ᠠ ᠶᠢᠨ ᠬᠤᠯᠪᠣᠭᠠᠴᠢᠨ ᠤ ᠬᠤᠷᠠᠯ ᠬᠤᠷᠠᠯᠳᠤᠪᠠ᠃ ᠬᠤᠷᠠᠯ ᠠᠴᠠ ᠬᠤᠲᠠ ᠶᠢᠨ ᠨᠠᠮ ᠤᠨ ᠬᠤᠷᠢᠶᠠᠨ ᠤ ᠥᠭᠡᠷᠡᠴᠢᠯᠡᠯᠲᠡ ᠶᠢ ᠪᠥᠬᠦ ᠲᠠᠯ᠎ᠠ ᠪᠠᠷ ᠭᠦᠨᠵᠡᠭᠡᠶᠢᠷᠡᠭᠦᠯᠬᠦ  ᠵᠦᠪᠯᠡᠯ ᠤᠨ 2020 ᠣᠨ ᠤ ᠠᠵᠢᠯ ᠤᠨ ᠭᠤᠤᠯᠳᠠᠯᠭ᠎ᠠ ᠶᠢ ᠰᠤᠷᠤᠯᠴᠠᠵᠤ᠂ ᠬᠤᠷᠴᠢᠨ ᠲᠣᠭᠤᠷᠢᠭ ᠤᠨ ᠥᠭᠡᠷᠡᠴᠢᠯᠡᠯᠲᠡ ᠶᠢ ᠪᠥᠬᠦ ᠲᠠᠯ᠎ᠠ ᠪᠠᠷ ᠭᠦᠨᠵᠡᠭᠡᠶᠢᠷᠡᠭᠦᠯᠬᠦ 2020 ᠣᠨ ᠤ ᠠᠵᠢᠯ ᠤᠨ ᠭᠤᠤᠯᠳᠠᠯᠭ᠎ᠠ ᠶᠢ ᠲᠤᠭᠤᠷᠪᠢᠨ ᠪᠢᠴᠢᠬᠦ ᠠᠵᠢᠯ ᠢ ᠰᠤᠳᠤᠯᠤᠨ ᠲᠥᠯᠥᠪᠯᠡᠪᠡ᠃  ᠲᠤᠭᠤᠷᠢᠭ ᠤᠨ ᠨᠠᠮ ᠤᠨ ᠬᠤᠷᠢᠶᠠᠨ ᠤ ᠪᠠᠶᠢᠩᠭᠤ ᠶᠢᠨ ᠭᠡᠰᠢᠭᠦᠨ᠂ ᠠᠯᠪᠠᠨ ᠬᠡᠷ ᠤᠨ ᠡᠷᠬᠢᠯᠡᠭᠴᠢ᠂ ᠥᠭᠡᠷᠡᠴᠢᠯᠡᠯᠲᠡ ᠶᠢᠨ ᠠᠯᠪᠠᠨ ᠬᠡᠷ ᠤᠨ ᠡᠷᠬᠢᠯᠡᠭᠴᠢ ᠯᠢ ᠱᠸᠦ ᠰᠢᠨ ᠬᠤᠷᠠᠯ ᠢ ᠡᠷᠭᠢᠯᠡᠪᠡ᠃    ᠬᠤᠷᠠᠯ ᠠᠴᠠ᠂ 2020 ᠤᠨ ᠪᠣᠯ ᠴᠢᠨᠡᠭᠡᠯᠢᠭ ᠨᠡᠶᠢᠭᠡᠮ ᠢ ᠪᠦᠬᠦ ᠲᠠᠯ᠎ᠠ ᠪᠠᠷ ᠪᠡᠶᠡᠯᠡᠭᠦᠯᠬᠦ ᠰᠢᠢᠳᠪᠦᠷᠢᠲᠦ ᠵᠢᠯ ᠮᠥᠨ᠂ ᠮᠥᠨᠴᠦ ᠰᠢᠨ᠎ᠡ ᠴᠠᠭ ᠦᠶ᠎ᠡ ᠶᠢᠨ ᠥᠭᠡᠷᠡᠴᠢᠯᠡᠯᠲᠡ ᠶᠢ ᠪᠦᠬᠦ ᠲᠠᠯ᠎ᠠ ᠪᠠᠷ ᠭᠦᠨᠵᠡᠭᠡᠶᠢᠷᠡᠭᠦᠯᠬᠦ ᠶᠢ ᠭᠦᠨᠵᠡᠭᠡᠶᠢᠷᠡᠭᠦᠯᠦᠨ ᠠᠬᠢᠭᠤᠯᠬᠤ ᠵᠠᠩᠭᠢᠯᠠᠭ᠎ᠠ ᠶᠢᠨ ᠨᠢᠭᠡ ᠵᠢᠯ ᠮᠥᠨ᠂ ᠥᠭᠡᠷᠡᠴᠢᠯᠡᠯᠲᠡ ᠶᠢ ᠪᠦᠬᠦ ᠲᠠᠯ᠎ᠠ ᠪᠠᠷ  ᠭᠦᠨᠵᠡᠭᠡᠶᠢᠷᠡᠭᠦᠯᠬᠦ ᠠᠵᠢᠯ ᠢ ᠰᠠᠶᠢᠲᠤᠷ ᠬᠢᠬᠦ ᠨᠢ ᠴᠢᠬᠤᠯᠠ ᠶᠡᠭᠡ ᠠᠴᠢ ᠬᠤᠯᠪᠣᠭᠳᠠᠯ ᠲᠠᠢ᠂ ᠬᠠᠷᠢᠭᠤᠴᠠᠯᠭ᠎ᠠ ᠬᠦᠨᠳᠦ ᠶᠡᠭᠡ ᠶᠤᠮ᠂ ᠬᠤᠷᠴᠢᠨ ᠲᠣᠭᠤᠷᠢᠭ ᠵᠢᠱᠢᠶ᠎ᠡ ᠦᠵᠡᠭᠦᠯᠵᠦ ᠳᠠᠭᠠᠭᠤᠯᠬᠤ ᠦᠢᠯᠡᠳᠦᠯ ᠢᠶᠠᠨ ᠭᠦᠢᠴᠡᠳ ᠪᠠᠳᠠᠷᠠᠭᠤᠯᠬᠤ ᠬᠡᠷᠡᠭᠲᠡᠢ᠃ ᠡᠯ᠎ᠡ ᠬᠦᠷᠢᠶᠡᠨ ᠤ ᠲᠤᠰᠬᠠᠢ ᠲᠦᠷᠦᠯ ᠤᠨ ᠳᠤᠭᠤᠶᠢᠯᠠᠩ ᠳᠠᠷᠤᠢ ᠲᠦᠷᠭᠡᠨ ᠬᠥᠳᠡᠯᠦᠯᠴᠡᠵᠦ᠂ ᠴᠢᠬᠤᠯᠠ ᠡᠭᠦᠷᠭᠡ ᠠᠴᠠ ᠭᠦᠨᠵᠡᠭᠡᠢ ᠰᠤᠳᠤᠯᠵᠤ᠂ ᠣᠨᠴᠠᠯᠢᠭ ᠲᠠᠢ ᠬᠢᠯᠠᠰ ᠴᠡᠭ ᠢ ᠢᠳᠡᠪᠬᠢᠲᠡᠢ ᠠᠭᠤᠳᠠᠯᠵᠤ᠂ ᠭᠤᠣᠯᠳᠠᠯᠭ᠎ᠠ ᠳᠤ ᠴᠢᠭᠯᠡᠭᠦᠯᠦᠨ ᠬᠠᠮᠢᠶ᠎ᠠ ᠪᠦᠬᠦᠢ ᠠᠵᠢᠯ ᠢ ᠨᠠᠷᠢᠨ ᠬᠢᠨᠠᠮᠠᠭᠠᠢ ᠲᠤᠭᠤᠷᠪᠢᠵᠤ᠂ ᠤᠨᠢᠨ ᠳᠡᠭᠡᠷ᠎ᠡ ᠨᠢ ᠪᠣᠳᠠᠲᠠᠶᠢᠵᠢᠭᠤᠯᠬᠤ ᠬᠡᠷᠡᠭᠲᠡᠢ᠃    ᠬᠤᠷᠠᠯ ᠠᠴᠠ ᠴᠢᠬᠤᠯᠠᠴᠢᠯᠠᠭᠰᠠᠨ ᠨᠢ᠂ ᠡᠯ᠎ᠡ ᠬᠠᠮᠢᠶ᠎ᠠ ᠪᠥᠬᠦᠶ ᠬᠠᠷᠢᠭᠤᠴᠠᠯᠭᠠᠲᠠᠨ ᠵᠣᠷᠢᠭᠲᠠᠶ ᠪᠠᠷ  ᠰᠢᠪᠲᠤᠯᠵᠤ ᠵᠣᠷᠢᠭᠲᠠᠶ ᠲᠤᠷᠰᠢᠬᠤ᠂ ᠵᠣᠷᠢᠭᠲᠠᠶ ᠪᠠᠷ ᠲᠦᠷᠦᠭᠦᠯᠡᠬᠦ ᠪᠠᠷ ᠴᠢᠷᠮᠠᠶᠢᠬᠤ ᠥᠭᠡᠷᠡᠴᠢᠯᠡᠯᠲᠡ ᠶᠢᠨ ᠵᠣᠷᠢᠭ ᠰᠠᠨᠠᠭ᠎ᠠ ᠶᠢ ᠪᠠᠳᠠᠷᠠᠭᠤᠯᠵᠤ᠂ ᠥᠭᠡᠷᠡᠴᠢᠯᠡᠯᠲᠡ ᠶᠢᠨ ᠡᠷᠴᠢ ᠵᠣᠷᠢᠭ ᠢ ᠪᠠᠷᠢᠮᠲᠠᠯᠠᠨ᠂ ᠥᠭᠡᠷᠡᠴᠢᠯᠡᠯᠲᠡ ᠶᠢᠨ ᠡᠷᠡᠰ ᠵᠣᠷᠢᠭ ᠢᠶᠠᠨ ᠪᠠᠲᠤᠳᠬᠠᠵᠤ᠂ ᠭᠤᠤᠯᠳᠠᠯᠭ᠎ᠠ ᠶᠢ ᠠᠳᠬᠤᠵᠤ᠂ ᠬᠦᠴᠢᠷ ᠠᠰᠠᠭᠤᠳᠠᠯ ᠢ ᠡᠪᠳᠡᠵᠦ᠂ ᠬᠢᠯᠠᠰ ᠴᠡᠭ ᠭᠠᠷᠭᠠᠵᠤ᠂ ᠬᠤᠷᠴᠢᠨ ᠲᠣᠭᠤᠷᠢᠭ ᠤᠨ ᠥᠭᠡᠷᠡᠴᠢᠯᠡᠯᠲᠡ ᠶᠢ ᠪᠥᠬᠦ ᠲᠠᠯ᠎ᠠ ᠪᠠᠷ ᠭᠦᠨᠵᠡᠭᠡᠶᠢᠷᠡᠭᠦᠯᠬᠦ ᠠᠵᠢᠯ ᠢ ᠦᠨᠡᠨ ᠪᠣᠳᠠᠲᠠᠶ ᠬᠢᠵᠦ᠂ ᠡᠮᠦᠨ᠎ᠡ ᠡᠩᠨᠡᠭᠡᠨ ᠳᠤ ᠶᠠᠪᠤᠬᠤ ᠶᠢ ᠤᠯᠠᠮ ᠨᠢᠭᠡ ᠠᠯᠬᠤᠮ ᠠᠬᠢᠭᠤᠯᠬᠤ ᠬᠡᠷᠡᠭᠲᠡᠶ ᠭᠡᠪᠡ᠃
 
ᠢᠷᠡᠯᠲᠡ᠄ ᠬᠤᠷᠴᠢᠨ ᠲᠤᠭᠤᠷᠢᠭ ᠤᠨ ᠵᠠᠰᠠᠭ ᠤᠨ ᠤᠷᠳᠤᠨ
 
 
ᠬᠠᠮᠢᠶ᠎ᠡ ᠪᠦᠬᠦᠢ ᠰᠣᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备05070829号