4 ᠰᠠᠷ᠎ᠠ ᠶᠢᠨ 8 ᠤ ᠡᠳᠦᠷ᠂ ᠬᠤᠷᠴᠢᠨ ᠲᠣᠭᠤᠷᠢᠭ ᠨᠡᠭᠦᠷᠡᠰᠦᠨ ᠤ ᠡᠬᠢ ᠪᠠᠶᠠᠯᠢᠭ ᠤᠨ ᠬᠦᠷᠢᠶᠡᠨ ᠤ ᠲᠦᠷᠢᠮ | ᠲᠤᠭᠲᠠᠭᠠᠯ ᠬᠠᠤᠯᠢ ᠵᠥᠷᠢᠴᠡᠭᠰᠡᠨ ᠠᠰᠠᠭᠤᠳᠠᠯ ᠢ ᠲᠤᠰᠬᠠᠶ ᠴᠡᠭᠴᠡᠯᠡᠨ ᠵᠠᠰᠠᠬᠤ ᠤᠳᠤᠷᠢᠳᠬᠤ ᠳᠤᠭᠤᠶᠢᠯᠠᠩ ᠤᠨ | ᠭᠤᠤᠯ ᠴᠤᠭᠴᠠ ᠶᠢᠨ ᠠᠯᠪᠠᠨ ᠬᠡᠷ ᠤᠨ ᠲᠣᠬᠢᠷᠠᠭᠤᠯᠤᠯᠲᠠ ᠶᠢᠨ ᠬᠤᠷᠠᠯ ᠬᠢᠵᠦ᠂ ᠲᠤᠭᠤᠷᠢᠭ ᠤᠨ ᠨᠠᠮ ᠤᠨ | ᠬᠤᠷᠢᠶᠠᠨ ᠤ ᠳᠡᠳ᠋ ᠱᠦᠵᠢ᠂ ᠠᠵᠤ ᠦᠶ᠋ᠯᠡᠳᠪᠦᠷᠢ ᠶᠢᠨ ᠬᠦᠷᠢᠶᠡᠯᠡᠩ ᠲᠣᠭᠤᠷᠢᠭ ᠤᠨ ᠡᠷᠬᠢᠯᠡᠭᠴᠢ ᠳ᠋ᠦ᠋ ᡁᠢ ᠵᠢᠶᠦ᠋ᠨ | ᠂ ᠲᠤᠭᠤᠷᠢᠭ ᠤᠨ ᠨᠠᠮ ᠤᠨ ᠬᠤᠷᠢᠶᠠᠨ ᠤ ᠪᠠᠶᠢᠩᠭᠤ ᠶᠢᠨ ᠭᠡᠰᠢᠭᠦᠨ᠂ ᠠᠯᠪᠠᠨ ᠬᠡᠷ ᠤᠨ ᠡᠷᠬᠢᠯᠡᠭᠴᠢ ᠯᠢ ᠱᠸᠦ ᠰᠢᠨ | ᠬᠤᠷᠠᠯ ᠳᠤ ᠣᠷᠣᠯᠴᠠᠪᠠ᠃ | ᠬᠤᠷᠠᠯ ᠠᠴᠠ ᠬᠤᠲᠠ ᠶᠢᠨ ᠨᠠᠮ ᠤᠨ ᠬᠤᠷᠢᠶᠠᠨ ᠤ ᠭᠤᠤᠯ ᠴᠣᠭᠴᠠ ᠶᠢᠨ ᠬᠠᠷᠢᠭᠤᠴᠠᠯᠭ᠎ᠠ ᠶᠢᠨ ᠲᠤᠰᠬᠠᠶ | ᠳᠤᠭᠤᠶᠢᠯᠠᠩ ᠤᠨ ᠬᠤᠷᠠᠯ ᠤᠨ ᠵᠣᠷᠢᠭ ᠰᠠᠨᠠᠭ᠎ᠠ ᠶᠢ ᠤᠯᠠᠮᠵᠢᠯᠠᠵᠤ᠂ ᠡᠯ᠎ᠡ ᠲᠤᠰᠬᠠᠶ ᠳᠤᠭᠤᠶᠢᠯᠠᠩ ᠤᠨ ᠠᠵᠢᠯ ᠤᠨ | ᠠᠬᠢᠴᠠ ᠶᠢᠨ ᠪᠠᠶᠢᠳᠠᠯ ᠤᠨ ᠬᠠᠷᠢᠭᠤ ᠮᠡᠳᠡᠭᠦᠯᠦᠯᠲᠡ ᠶᠢ ᠰᠣᠨᠣᠰᠴᠤ᠂ ᠠᠵᠢᠯ ᠤᠨ ᠭᠤᠤᠯᠳᠠᠯᠭ᠎ᠠ ᠪᠠ ᠬᠦᠴᠢᠷᠳᠡᠯ ᠢ | ᠵᠠᠳᠠᠯᠤᠨ ᠰᠤᠳᠤᠯᠵᠤ᠂ ᠲᠠᠷᠠᠭᠠᠴᠢ ᠶᠢᠨ ᠠᠯᠬᠤᠮ ᠤᠨ ᠠᠵᠢᠯ ᠤᠨ ᠡᠭᠦᠷᠭᠡ ᠶᠢ ᠳᠣᠭᠢᠷᠠᠭᠤᠯᠤᠨ ᠪᠠᠶᠢᠷᠢᠯᠠᠭᠤᠯᠪᠠ᠃ | ᠬᠤᠷᠠᠯ ᠠᠴᠠ ᠵᠢᠭᠠᠵᠤ ᠭᠠᠷᠭᠠᠭᠰᠠᠨ ᠨᠢ᠂ ᠨᠡᠭᠦᠷᠡᠰᠦᠨ ᠤ ᠲᠥᠷᠥᠯ ᠵᠦᠢᠯ ᠤᠨ ᠬᠢᠨᠠᠨ ᠵᠥᠪᠰᠢᠶᠡᠷᠡᠬᠦ ︵ᠬᠢᠨᠠᠨ | ᠵᠦᠪᠰᠢᠶᠡᠷᠡᠬᠦ︶ ᠶᠢ ᠡᠮᠬᠢᠯᠡᠨ ᠳᠢᠭᠯᠡᠬᠦ ᠳᠤ ᠪᠦᠬᠦᠨ ᠢ ᠬᠠᠮᠤᠷᠬᠤ ᠶᠢ ᠴᠢᠬᠤᠯᠠᠴᠢᠯᠠᠨ᠂ ᠴᠢᠬᠤᠯᠠ ᠨᠥᠬᠦᠴᠡᠯ ᠤᠨ | ᠬᠠᠤᠯᠢ ᠶᠣᠰᠣᠴᠢ ᠴᠢᠨᠠᠷ ᠤᠨ ᠬᠢᠨᠠᠨ ᠪᠠᠶᠢᠴᠠᠭᠠᠯᠲᠠ ᠶᠢ ᠴᠢᠩᠭᠠᠳᠬᠠᠵᠤ᠂ ᠢᠯᠠᠩᠭᠤᠶ᠎ᠠ ᠨᠡᠭᠦᠷᠡᠰᠦᠨ ᠤ ᠬᠦᠷᠢᠶᠡᠨ | ᠳᠠᠬᠢ ᠭᠤᠤᠯᠳᠠᠯᠭ᠎ᠠ ᠲᠠᠢ ᠠᠵᠢᠯ ᠤᠨ ᠡᠭᠦᠷᠭᠡ᠂ ᠲᠥᠷᠥᠯ ᠵᠦᠢᠯ ᠢ ᠬᠡᠷᠡᠭᠵᠢᠭᠦᠯᠦᠭᠰᠡᠨ ᠪᠠᠶᠢᠳᠠᠯ᠂ ᠬᠤᠯᠪᠣᠭᠳᠠᠯ | ᠪᠥᠬᠦᠶ ᠠᠰᠠᠭᠤᠳᠠᠯ ᠤᠨ ᠰᠦᠪᠡᠭᠴᠢ ᠶᠢ ᠡᠮᠬᠢᠯᠡᠨ ᠳᠢᠭᠯᠡᠬᠦ ᠳᠤ ᠪᠦᠬᠦᠨ ᠢ ᠬᠠᠮᠤᠷᠬᠤ᠂ ᠥᠨᠴᠥᠭ ᠪᠤᠯᠤᠩ ᠥᠬᠡᠶ | ᠪᠠᠶᠢᠬᠤ ᠬᠡᠷᠡᠭᠲᠡᠶ᠃ | ᠳ᠋ᠦ᠋ ᡁᠢ ᠵᠢᠶᠦ᠋ᠨ ᠴᠢᠬᠤᠯᠠᠴᠢᠯᠠᠭᠰᠠᠨ ᠨᠢ᠂ ᠡᠭᠦᠷᠭᠡ ᠬᠠᠷᠢᠭᠤᠴᠠᠯᠭ᠎ᠠ ᠪᠠᠨ ᠲᠣᠳᠣᠷᠬᠠᠶᠢᠯᠠᠵᠤ᠂ ᠠᠵᠢᠯ ᠤᠨ | ᠬᠤᠪᠢᠶᠠᠷᠢᠯᠠᠯ ᠢᠶᠠᠨ ᠨᠠᠷᠢᠯᠢᠬᠵᠢᠭᠤᠯᠤᠨ᠂ ᠤᠯᠤᠯᠴᠠᠭ᠎ᠠ ᠪᠠᠨ ᠴᠢᠩᠭᠠᠳᠬᠠᠵᠤ᠂ ᠨᠢᠭᠲᠠ ᠬᠠᠮᠵᠢᠯᠴᠠᠨ᠂ ᠬᠠᠮᠲᠤᠷᠠᠯ | ᠬᠦᠴᠦᠨ ᠢ ᠪᠦᠷᠢᠯᠳᠦᠭᠦᠯᠵᠦ᠂ ᠲᠣᠰ ᠲᠣᠰ ᠤᠨ ᠡᠭᠦᠷᠭᠡ ᠴᠢᠳᠠᠪᠤᠷᠢ ᠡᠭᠦᠷᠭᠡ ᠬᠠᠷᠢᠭᠤᠴᠠᠯᠭ᠎ᠠ ᠪᠠᠨ ᠦᠨᠡᠨ ᠬᠦ | ᠡᠭᠦᠷᠭᠡᠯᠡᠵᠦ᠂ ᠴᠠᠭ ᠬᠤᠭᠤᠴᠠᠭ᠎ᠠ ᠪᠠ ᠡᠭᠦᠷᠭᠡ ᠱᠠᠭᠠᠷᠳᠠᠯᠭ᠎ᠠ ᠪᠠᠨ ᠲᠣᠳᠣᠷᠬᠠᠶ ᠪᠣᠯᠭᠠᠵᠤ᠂ ᠪᠥᠬᠦ ᠰᠡᠳᠬᠢᠯ ᠪᠥᠬᠦ | ᠬᠦᠴᠦᠨ ᠢᠶᠠᠷ ᠢᠶᠠᠨ ᠬᠠᠷᠢᠭᠤᠴᠠᠵᠤ᠂ ᠨᠡᠭᠦᠷᠡᠰᠦᠨ ᠤ ᠡᠬᠢ ᠪᠠᠶᠠᠯᠢᠭ ᠤᠨ ᠬᠦᠷᠢᠶᠡᠨ ᠳᠠᠬᠢ ᠲᠦᠷᠢᠮ ᠲᠣᠭᠲᠠᠭᠠᠯ | ᠬᠠᠤᠯᠢ ᠵᠥᠷᠢᠴᠡᠭᠰᠡᠨ ᠠᠰᠠᠭᠤᠳᠠᠯ ᠢ ᠲᠤᠰᠬᠠᠶ ᠴᠡᠭᠴᠡᠯᠡᠨ ᠵᠠᠰᠠᠬᠤ ᠠᠵᠢᠯ ᠳᠤ ᠪᠣᠳᠠᠲᠠᠶ ᠦᠷ᠎ᠡ ᠪᠦᠲᠦᠮᠵᠢ | ᠭᠠᠷᠭᠠᠬᠤ ᠬᠡᠷᠡᠭᠲᠡᠶ᠃ ᠨᠢᠭᠡ ᠳᠤ ᠠᠵᠤ ᠠᠬᠤᠶᠢᠯᠠᠯ ᠵᠢᠴᠢ ᠵᠠᠬ᠎ᠠ ᠳᠡᠯᠭᠡᠭᠦᠷ ᠤᠨ ᠭᠤᠤᠯ ᠴᠣᠭᠴᠠ ᠶᠢᠨ ᠬᠢᠨᠠᠨ | ᠪᠠᠶᠢᠴᠠᠭᠠᠬᠤ ᠠᠵᠢᠯ ᠢ ᠰᠠᠶᠢᠳᠤᠷ ᠬᠢᠵᠦ᠂ ᠡᠯ᠎ᠡ ᠠᠵᠢᠯ ᠲᠥᠷᠥᠯ ᠤᠨ ᠭᠤᠤᠯᠴᠢᠯᠠᠨ ᠬᠠᠮᠢᠶᠠᠷᠬᠤ ᠰᠠᠯᠠᠭ᠎ᠠ | ᠮᠥᠴᠢᠷ ᠤᠳ ᠠᠵᠤ ᠠᠬᠤᠶᠢᠯᠠᠯ ᠤᠨ ᠪᠠᠶᠢᠳᠠᠯ ᠢ ᠨᠢᠭᠡᠳ ᠨᠢᠭᠡ ᠪᠠᠷ ᠬᠢᠨᠠᠮᠠᠭᠠᠶ ᠬᠢᠨᠠᠨ ᠬᠠᠷᠭᠤᠭᠤᠯᠬᠤ ᠬᠡᠷᠡᠭᠲᠡᠶ᠃ | ᠬᠤᠶᠠᠷ ᠲᠤ ᠣᠯᠠᠨ ᠠᠷᠭ᠎ᠠ ᠬᠡᠮᠵᠢᠶ᠎ᠡ ᠶᠢ ᠵᠡᠷᠭᠡ ᠪᠠᠷ ᠬᠡᠷᠡᠭᠯᠡᠨ᠂ ᠡᠯ᠎ᠡ ᠲᠠᠯ᠎ᠠ ᠶᠢᠨ ᠬᠦᠴᠦᠨ ᠢ ᠳᠠᠶᠢᠴᠢᠯᠠᠨ | ᠠᠵᠢᠯᠲᠠᠨ ᠢ ᠵᠢᠭᠰᠠᠭᠠᠨ ᠪᠠᠶᠢᠴᠠᠭᠠᠬᠤ ᠠᠵᠢᠯ ᠢ ᠰᠠᠶᠢᠲᠤᠷ ᠬᠢᠵᠦ᠂ ᠵᠢᠭᠰᠠᠭᠠᠨ ᠪᠠᠶᠢᠴᠠᠭᠠᠬᠤ ᠶᠢ ᠪᠤᠳᠠᠳᠠᠶᠢᠵᠢᠭᠤᠯᠵᠤ | ᠦᠨᠡᠨᠬᠦ ᠪᠠᠲᠤᠯᠠᠵᠤ᠂ ᠨᠢᠭᠡ ᠬᠥᠮᠦᠨ ᠢ ᠴᠦ ᠣᠷᠬᠢᠭᠳᠠᠭᠤᠯᠬᠤ ᠥᠬᠡᠶ ᠪᠠᠶᠢᠬᠤ ᠬᠡᠷᠡᠭᠲᠡᠶ᠃ ᠭᠤᠷᠪᠠ ᠳᠤ ᠠᠵᠤ | ᠠᠬᠤᠶᠢᠯᠠᠯ ᠤᠨ ᠲᠠᠩᠰᠠ ᠡᠪᠬᠡᠮᠡᠯ ᠤᠨ ᠬᠠᠮᠢᠶᠠᠷᠤᠯᠲᠠ ᠶᠢ ᠲᠡᠭᠦᠯᠳᠡᠷᠵᠢᠭᠦᠯᠵᠦ᠂ ︽ᠨᠢᠭᠡ ᠠᠵᠤ ᠠᠬᠤᠶᠢᠯᠠᠯ ᠨᠢᠭᠡ | ᠲᠠᠩᠰᠠ ᠡᠪᠬᠡᠮᠡᠯ︾ ᠢ ᠪᠡᠶᠡᠯᠡᠭᠦᠯᠵᠦ᠂ ᠬᠥᠳᠡᠯᠦᠩᠭᠦᠶ ᠪᠠᠷ ᠬᠠᠮᠢᠶᠠᠷᠴᠤ᠂ ᠠᠵᠤ ᠠᠬᠤᠶᠢᠯᠠᠯ ᠤᠨ ᠪᠠᠶᠢᠳᠠᠯ ᠢ ᠪᠥᠬᠦ | ᠲᠠᠯ᠎ᠠ ᠪᠠᠷ ᠨᠠᠷᠢᠨ ᠲᠤᠰᠬᠠᠬᠤ ᠬᠡᠷᠡᠭᠲᠡᠶ᠃ ᠳᠥᠷᠪᠡ ᠳᠤ᠂ ᠭᠤᠤᠯᠳᠠᠯᠭ᠎ᠠ ᠲᠠᠢ ᠠᠵᠤ ᠠᠬᠤᠶᠢᠯᠠᠯ ᠳᠤ᠂ ᠲᠤᠰᠬᠠᠶ | ᠠᠵᠢᠯ ᠤᠨ ᠳᠤᠭᠤᠶᠢᠯᠠᠩ ᠵᠢᠴᠢ ᠬᠤᠪᠢᠳᠠᠨ ᠬᠠᠮᠢᠶᠠᠷᠬᠤ ᠰᠠᠯᠠᠭ᠎ᠠ ᠮᠥᠴᠢᠷ ᠤᠨ ᠨᠢᠭᠡᠳᠦᠭᠡᠷ ᠤᠳᠤᠷᠢᠳᠤᠯᠭ᠎ᠠ | ᠲᠤᠬᠠᠶ ᠶᠢᠨ ᠭᠠᠵᠠᠷ ᠲᠤᠨᠢ ᠬᠦᠷᠴᠦ ᠰᠤᠷᠪᠤᠯᠵᠢᠯᠠᠵᠤ᠂ ᠬᠠᠮᠢᠶ᠎ᠠ ᠪᠥᠬᠦᠶ ᠠᠵᠤ ᠠᠬᠤᠶᠢᠯᠠᠯ ᠤᠨ ᠲᠠᠩᠰᠠ ᠡᠪᠬᠡᠮᠡᠯ ᠢ | ᠲᠡᠭᠦᠯᠳᠡᠷᠵᠢᠭᠦᠯᠦᠨ ᠪᠠᠶᠢᠭᠤᠯᠬᠤ ᠬᠡᠷᠡᠭᠲᠡᠶ ᠭᠡᠪᠡ᠃ |