ᠬᠤᠷᠴᠢᠨ ᠲᠣᠭᠤᠷᠢᠭ ᠤᠨ ᠵᠡᠪᠰᠡᠭᠲᠦ ᠬᠦᠴᠦᠨ ᠤ ᠬᠡᠯᠲᠡᠰ᠄ ᠡᠷᠦᠬᠡ ᠶᠢᠨ ᠴᠡᠷᠢᠭ  ᠤᠨ  ᠪᠤᠯᠪᠠᠰᠤᠷᠠᠯ ᠪᠠ ᠤᠯᠤᠰ ᠤᠨ ᠪᠠᠲᠤᠯᠠᠨ ᠬᠠᠮᠠᠭᠠᠯᠠᠯᠲᠠ ᠶᠢᠨ ᠬᠥᠮᠦᠵᠢᠯ ᠪᠤᠯᠪᠠᠰᠤᠷᠠᠯ ᠤᠨ ᠠᠵᠢᠯᠯᠠᠭ᠎ᠠ ᠥᠷᠨᠢᠭᠦᠯᠪᠡ
ᠨᠡᠶᠢᠲᠡᠯᠡᠭᠰᠡᠨ ᠴᠠᠭ᠄
2020-04-14
ᠡᠷᠦᠬᠡ ᠶᠢᠨ ᠴᠡᠷᠢᠭ ᠤᠨ ᠤᠯᠤᠰ ᠤᠨ ᠪᠠᠲᠤᠯᠠᠨ ᠬᠠᠮᠠᠭᠠᠯᠠᠯᠲᠠ ᠶᠢᠨ ᠤᠬᠠᠮᠰᠠᠷ ᠢ ᠴᠢᠩᠭᠠᠳᠬᠠᠵᠤ᠂ ᠡᠷᠦᠬᠡ ᠶᠢᠨ ᠴᠡᠷᠢᠭ ᠤᠨ ᠴᠡᠷᠢᠭ ᠤᠨ ᠶᠠᠪᠤᠳᠠᠯ ᠤᠨ ᠬᠡᠪ ᠴᠢᠨᠠᠷ ᠢ ᠳᠡᠭᠡᠭᠰᠢᠯᠡᠭᠦᠯᠦᠨ᠂ ᠡᠷᠦᠬᠡ ᠶᠢᠨ ᠴᠡᠷᠢᠭ ᠤᠨ ᠡᠩᠨᠡᠭᠡ ᠶᠢᠨ ᠨᠢᠭᠲᠠᠷᠠᠯ ᠤᠨ ᠬᠦᠴᠦᠨ ᠪᠠ ᠳᠠᠶᠢᠴᠢᠨ ᠬᠦᠴᠦᠨ ᠢ ᠴᠢᠩᠭᠠᠷᠠᠭᠤᠯᠵᠤ᠂ 4 ᠰᠠᠷ᠎ᠠ ᠶᠢᠨ 10 ᠤ ᠡᠳᠦᠷ᠂ ᠬᠤᠷᠴᠢᠨ ᠲᠤᠭᠤᠷᠢᠭ ᠤᠨ ᠵᠡᠪᠰᠡᠭᠲᠦ ᠬᠦᠴᠦᠨ ᠤ ᠬᠡᠯᠲᠡᠰ ᠬᠤᠷᠴᠢᠨ ᠲᠣᠭᠤᠷᠢᠭ ᠤᠨ ᠡᠯ᠎ᠡ ᠰᠢᠶᠠᠩ ᠪᠠᠯᠭᠠᠰᠤ ᠵᠡᠭᠡᠯᠢ ᠭᠤᠳᠤᠮᠵᠢ᠂ ᠡᠯ᠎ᠡ ᠤᠯᠤᠰ ᠤᠨ ᠲᠠᠷᠢᠶᠠᠯᠠᠩ ᠮᠠᠯᠵᠢᠯ ᠤᠨ ᠲᠠᠯᠠᠪᠠᠶ ᠶᠢᠨ 350 ᠭᠠᠷᠤᠶ ᠡᠷᠦᠬᠡ ᠶᠢᠨ ᠴᠡᠷᠢᠭ ᠴᠢᠶᠠᠨ ᠵᠢᠶᠠ ᠳ᠋ᠢᠶᠠᠨ ᠪᠠᠯᠭᠠᠰᠤᠨ ᠤ ᠱᠤᠸᠠᠩ ᠪᠦᠦ ᠪᠠᠭ᠎ᠠ ᠰᠤᠷᠭᠠᠭᠤᠯᠢ ᠳᠤ ᠬᠦᠷᠴᠦ ᠴᠡᠷᠢᠭ ᠤᠨ ᠪᠤᠯᠪᠠᠰᠤᠷᠠᠯ ᠪᠠ ᠤᠯᠤᠰ ᠤᠨ ᠪᠠᠲᠤᠯᠠᠨ ᠬᠠᠮᠠᠭᠠᠯᠠᠯᠲᠠ ᠶᠢᠨ ᠬᠥᠮᠦᠵᠢᠯ ᠤᠨ ᠠᠵᠢᠯᠯᠠᠭ᠎ᠠ ᠥᠷᠨᠢᠭᠦᠯᠪᠡ᠃  ᠲᠤᠭᠤᠷᠢᠭ ᠤᠨ ᠨᠠᠮ ᠤᠨ ᠬᠤᠷᠢᠶᠠᠨ ᠤ ᠪᠠᠶᠢᠩᠭᠤ ᠶᠢᠨ ᠭᠡᠰᠢᠭᠦᠨ᠂ ᠵᠡᠪᠰᠡᠭᠲᠦ ᠬᠦᠴᠦᠨ ᠤ ᠬᠡᠯᠳᠡᠰ ᠤᠨ ᠳᠠᠷᠤᠭ᠎ᠠ ᠴᠢᠦᠢ ᠳ᠋ᠧ ᠸᠧᠢ ᠣᠷᠣᠯᠴᠠᠪᠠ᠃    ᠣᠶᠢᠯᠠᠭᠠᠭᠰᠠᠨ ᠢᠶᠠᠷ᠂ ᠲᠤᠰ ᠤᠳᠠᠭᠠᠨ ᠤ ᠡᠷᠦᠬᠡ ᠶᠢᠨ ᠴᠡᠷᠢᠭ ᠤᠨ ᠪᠣᠯᠪᠠᠰᠤᠷᠠᠯ ᠤᠨ ᠠᠭᠤᠯᠭ᠎ᠠ ᠨᠢ ︽ ᠬᠡᠷᠡᠭᠴᠡᠭᠡᠨ ᠳᠤ ᠠᠩᠬᠠᠷᠤᠯ ᠢᠶᠠᠨ ᠬᠠᠨᠳᠤᠭᠤᠯᠵᠤ᠂ ᠲᠤᠬᠠᠶᠢᠯᠠᠭᠰᠠᠨ ᠠᠵᠢᠯ ᠳᠠᠭᠠᠨ ᠴᠠᠭᠠᠷᠠᠭᠰᠠᠨ᠂ ᠪᠣᠳᠠᠲᠤ  ᠪᠠᠶᠢᠯᠳᠤᠭᠠᠨ ᠳᠤ ᠤᠶᠢᠷᠠᠲᠤᠭᠤᠯᠤᠭᠰᠠᠨ︾ ᠱᠠᠭᠠᠷᠳᠠᠯᠭ᠎ᠠ ᠶᠣᠰᠣᠭᠠᠷ᠂ ᠵᠢᠭᠰᠠᠭᠠᠯ ᠤᠨ ᠪᠣᠯᠪᠠᠰᠤᠷᠠᠯ᠂ ᠣᠨᠣᠯ ᠤᠨ ᠰᠤᠷᠤᠯᠴᠠᠯᠭ᠎ᠠ᠂ ᠤᠯᠤᠰ ᠤᠨ ᠪᠠᠲᠤᠯᠠᠨ ᠬᠠᠮᠠᠭᠠᠯᠠᠯᠲᠠ ᠶᠢᠨ ᠰᠤᠷᠭᠠᠨ ᠬᠥᠮᠦᠵᠢᠯ ᠵᠡᠷᠭᠡ 3 ᠬᠡᠰᠡᠭ ᠢᠶᠠᠷ ᠪᠦᠷᠢᠯᠳᠦᠵᠦ᠂ 15  ᠡᠳᠦᠷ ᠤᠨ ᠬᠤᠭᠤᠴᠠᠭ᠎ᠠ ᠲᠠᠢ᠃  ᠪᠤᠯᠪᠠᠰᠤᠷᠠᠯ ᠳᠤ ᠣᠷᠣᠯᠴᠠᠬᠤ ᠡᠷᠦᠬᠡ ᠶᠢᠨ ᠴᠡᠷᠢᠭ ᠨᠢᠭᠡᠳᠦᠯᠲᠡᠶ ᠲᠥᠭᠡᠷᠢᠯ ᠥᠩᠭᠡᠲᠦ ᠬᠤᠪᠴᠠᠰᠤ ᠡᠮᠦᠰᠴᠦ᠂ ︽ᠬᠦᠴᠢᠷ ᠠᠴᠠ ᠠᠶᠤᠬᠤ ᠦᠭᠡᠢ᠂ ᠶᠠᠳᠠᠷᠠᠬᠤ ᠠᠴᠠ ᠠᠶᠤᠬᠤ ᠦᠭᠡᠢ︾ ᠵᠣᠷᠢᠭ ᠰᠠᠨᠠᠭ᠎ᠠ ᠶᠢ  ᠭᠦᠢᠴᠡᠳ ᠪᠠᠳᠠᠷᠠᠭᠤᠯᠵᠤ᠂ ᠣᠷᠭᠢᠯᠤᠮ᠎ᠠ ᠬᠠᠯᠠᠭᠤᠨ ᠰᠡᠳᠬᠢᠯᠭᠡ᠂ ᠴᠤᠭ ᠪᠠᠳᠠᠷᠠᠩᠭᠤᠶ ᠲᠡᠮᠡᠴᠡᠯ ᠤᠨ ᠵᠣᠷᠢᠭ ᠢᠶᠠᠷ ᠢᠳᠡᠪᠬᠢᠲᠡᠶ ᠪᠠᠷ  ᠪᠤᠯᠪᠠᠰᠤᠷᠠᠯ ᠳᠤ ᠣᠷᠣᠯᠴᠠᠵᠤ᠂ ᠴᠡᠷᠢᠭ ᠬᠥᠮᠦᠨ ᠤ ᠪᠠᠷᠢᠮᠵᠢᠶ᠎ᠠ ᠪᠠᠷ ᠥᠪᠡᠷ ᠢ ᠪᠠᠨ ᠴᠢᠩᠭ᠎ᠠ ᠱᠠᠭᠠᠷᠳᠠᠵᠤ᠂ ᠵᠠᠷᠯᠢᠭ ᠢ ᠳᠠᠭᠠᠬᠤ᠂ ᠵᠢᠯᠣᠭᠤᠳᠣᠯᠭ᠎ᠠ ᠶᠢ ᠳᠠᠭᠠᠬᠤ᠂ ᠰᠢᠷᠭᠠᠭᠤ ᠬᠠᠲᠠᠭᠤᠵᠢᠯᠲᠠᠶ ᠪᠣᠯᠪᠠᠰᠤᠷᠠᠯ ᠬᠢᠵᠦ᠂ ᠪᠤᠢ ᠪᠦᠬᠦᠢ ᠪᠣᠯᠪᠠᠰᠤᠷᠠᠯ ᠤᠨ ᠬᠢᠴᠢᠶᠡᠯ ᠲᠥᠷᠥᠯ ᠢ ᠲᠡᠭᠦᠰ ᠠᠮᠵᠢᠯᠲᠠ ᠲᠠᠢ ᠪᠡᠶᠡᠯᠡᠭᠦᠯᠵᠡᠶ᠃ ᠡᠭᠦᠨ ᠠᠴᠠ ᠭᠠᠳᠠᠨ᠎ᠠ᠂ ᠴᠢᠶᠠᠨ ᠵᠢᠶᠠ ᠳ᠋ᠢᠶᠠᠨ ᠪᠠᠯᠭᠠᠰᠤᠨ ᠤ ᠵᠠᠰᠠᠭ ᠤᠨ ᠣᠷᠳᠣᠨ ᠠᠴᠠ ᠬᠤᠷᠴᠢᠨ ᠲᠣᠭᠤᠷᠢᠭ ᠤᠨ ᠡᠷᠦᠬᠡ ᠶᠢᠨ ᠴᠡᠷᠢᠭ ᠤᠨ ᠠᠵᠢᠯ ᠢ ᠳᠡᠭᠡᠳᠦ ᠬᠡᠮᠵᠢᠶ᠎ᠡ ᠪᠠᠷ ᠴᠢᠬᠤᠯᠠᠴᠢᠯᠠᠵᠤ᠂ ᠲᠣᠬᠤᠨᠢᠭᠤᠯᠬᠤ ᠪᠣᠳᠠᠰ ᠬᠦᠷᠭᠡᠵᠦ  ᠢᠷᠡᠪᠡ᠃ ᠡᠭᠦᠨ ᠤ ᠬᠠᠮᠲᠤ᠂ ᠵᠠᠩ ᠵᠢᠶᠦ᠋ᠨ ᠤᠯᠤᠰ ᠲᠦᠷᠦ ᠶᠢᠨ ᠭᠡᠰᠢᠭᠦᠨ ᠸᠢᠳᠢᠣ᠋᠂ ᠤᠷᠠᠨ ᠵᠢᠷᠤᠭ ᠲᠠᠢ ᠤᠶᠠᠯᠳᠤᠭᠤᠯᠤᠨ ᠰᠢᠨ᠎ᠡ  ᠲᠢᠲᠢᠮᠯᠢᠭ ᠠᠭᠤᠰᠬᠢᠨ ᠦᠷᠪᠢᠰᠦᠯ ᠤᠨ ᠬᠢᠵᠢᠭ ᠤᠨ ᠪᠠᠶᠢᠳᠠᠯ ᠡᠭᠦᠰᠦᠭᠰᠡᠨ ᠠᠴᠠ ᠨᠠᠰᠢ᠂ ᠳᠤᠮᠳᠠᠳᠤ ᠤᠯᠤᠰ ᠤᠨ ᠡᠪ ᠬᠠᠮᠲᠤ ᠨᠠᠮ ᠳᠤᠮᠳᠠᠳᠤ ᠤᠯᠤᠰ ᠤᠨ ᠠᠷᠠᠳ ᠲᠦᠮᠡᠨ ᠢ ᠤᠳᠤᠷᠢᠳᠤᠨ ᠡᠷᠡᠰ ᠰᠢᠭᠤᠷᠬᠠᠢ᠂ ᠪᠦᠲᠦᠮᠵᠢᠲᠡᠢ ᠠᠷᠭ᠎ᠠ  ᠬᠡᠮᠵᠢᠶ᠎ᠡ ᠠᠪᠴᠤ᠂ ᠡᠯ᠎ᠡ ᠡᠲᠡᠭᠡᠳ ᠤᠨ ᠬᠥᠮᠦᠰ ᠤᠨ ᠬᠠᠮᠲᠤ ᠶᠢᠨ ᠴᠢᠷᠮᠠᠶᠢᠯᠭ᠎ᠠ ᠪᠠᠷ᠂ ᠳᠤᠮᠳᠠᠳᠤ ᠤᠯᠤᠰ ᠤᠨ ᠠᠷᠠᠳ ᠲᠦᠮᠡᠨ ᠪᠣᠯᠤᠨ ᠪᠦᠬᠦ ᠳᠡᠯᠡᠬᠡᠢ ᠶᠢᠨ ᠠᠷᠠᠳ ᠲᠦᠮᠡᠨ ᠤ ᠠᠮᠢ ᠨᠠᠰᠤ ᠡᠷᠡᠭᠦᠯ ᠮᠡᠨᠳᠦ ᠶᠢᠨ ᠡᠷᠬᠡ ᠠᠰᠢᠭ ᠢ ᠬᠠᠮᠤᠭ ᠤᠨ ᠶᠡᠭᠡ ᠬᠡᠮᠵᠢᠶ᠎ᠡ ᠪᠠᠷ ᠪᠠᠲᠤᠯᠠᠵᠤ᠂ ᠳᠤᠮᠳᠠᠳᠤ ᠤᠯᠤᠰ ᠤᠨ ᠬᠠᠷᠢᠭᠤᠴᠠᠯᠭ᠎ᠠ ᠲᠠᠢ ᠲᠤᠮᠤ ᠤᠯᠤᠰ  ᠪᠤᠯᠤᠭᠰᠠᠨ ᠤ ᠤᠯᠠᠨ ᠤᠯᠤᠰ ᠤᠨ ᠡᠭᠦᠷᠭᠡᠯᠡᠯ ᠢ ᠢᠯᠡᠷᠡᠭᠦᠯᠵᠡᠢ᠃     ᠡᠨᠡ ᠤᠳᠠᠭᠠᠨ ᠤ ᠡᠷᠦᠬᠡ ᠶᠢᠨ ᠴᠡᠷᠢᠭ ᠤᠨ ᠪᠤᠯᠪᠠᠰᠤᠷᠠᠯ ᠪᠠ ᠤᠯᠤᠰ ᠤᠨ ᠪᠠᠳᠤᠯᠠᠨ ᠬᠠᠮᠠᠭᠠᠯᠠᠯᠲᠠ ᠶᠢᠨ ᠰᠤᠷᠭᠠᠨ ᠬᠦᠮᠦᠵᠢᠯ ᠤᠨ ᠠᠵᠢᠯᠯᠠᠭ᠎ᠠ ᠪᠠᠷ ᠳᠠᠮᠵᠢᠨ ᠰᠤᠷᠢᠯᠲᠠ ᠪᠤᠯᠪᠠᠰᠤᠷᠠᠯ ᠳᠤ ᠤᠷᠤᠯᠴᠠᠭᠰᠠᠳ ᠡᠨᠡ ᠤᠳᠠᠭᠠᠨ ᠤ ᠡᠷᠦᠬᠡ ᠶᠢᠨ ᠴᠡᠷᠢᠭ ᠤᠨ ᠪᠤᠯᠪᠠᠰᠤᠷᠠᠯ ᠪᠠ ᠤᠯᠤᠰ ᠤᠨ ᠪᠠᠳᠤᠯᠠᠨ ᠬᠠᠮᠠᠭᠠᠯᠠᠯᠲᠠ ᠶᠢᠨ ᠰᠤᠷᠭᠠᠨ ᠬᠦᠮᠦᠵᠢᠯ ᠤᠨ ᠠᠵᠢᠯᠯᠠᠭ᠎ᠠ ᠶᠢᠨ ᠦᠷ᠎ᠡ ᠪᠦᠲᠦᠮᠵᠢ ᠪᠠᠨ ᠠᠵᠢᠯ ᠤᠨ ᠬᠦᠳᠡᠯᠭᠡᠬᠦ ᠬᠦᠴᠦᠨ ᠪᠤᠯᠭᠠᠨ᠎ᠠ ᠭᠡᠵᠤ ᠢᠯᠡᠷᠬᠡᠶᠢᠯᠡᠵᠦ ᠪᠠᠶᠢᠪᠠ ᠃ ︽ᠵᠤᠷᠢᠭᠲᠠᠢ ᠪᠠᠷ ᠲᠠᠶᠢᠨ ᠤ ᠢᠯᠠᠯᠲᠠ ᠤᠯᠤᠨ᠎ᠠ︾ ᠭᠡᠬᠦ ᠢᠲᠡᠭᠡᠯ ᠪᠠ ᠵᠤᠷᠢᠭ ᠢᠶᠠᠷ ᠨᠡᠩ ᠰᠠᠶᠢᠨ ᠬᠡᠭᠦᠳᠡᠭ ᠳᠦᠭᠦᠷᠡᠩ ᠴᠤᠭ ᠵᠤᠯᠢ ᠪᠠᠷ ᠲᠤᠰ ᠲᠤᠰ ᠤᠨ ᠠᠵᠢᠯ ᠳᠤ ᠪᠠᠨ ᠭᠠᠪᠰᠢᠭᠠᠶᠢᠯᠠᠵᠤ᠂ ᠬᠤᠷᠴᠢᠨ ᠲᠤᠭᠤᠷᠢᠭ ᠤᠨ ᠡᠯ᠎ᠡ ᠵᠦᠢᠯ ᠤᠨ ᠪᠦᠲᠦᠭᠡᠨ ᠪᠠᠶᠢᠭᠤᠯᠤᠯᠲᠠ ᠳᠤ ᠨᠡᠩ ᠶᠡᠭᠡ ᠰᠢᠨ᠎ᠡ ᠬᠤᠪᠢ ᠨᠡᠮᠡᠷᠢ ᠦᠵᠡᠭᠦᠯᠦᠨ᠎ᠡ ᠭᠡᠪᠡ᠃
 
ᠢᠷᠡᠯᠲᠡ᠄ ᠬᠤᠷᠴᠢᠨ ᠲᠤᠭᠤᠷᠢᠭ ᠤᠨ ᠵᠠᠰᠠᠭ ᠤᠨ ᠤᠷᠳᠤᠨ
 
 
ᠬᠠᠮᠢᠶ᠎ᠡ ᠪᠦᠬᠦᠢ ᠰᠣᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备05070829号