ᠪᠦᠬᠦ ᠤᠯᠤᠰ ᠤᠨ ᠠᠶᠤᠯᠭᠦᠢ ᠦᠢᠯᠡᠳᠪᠦᠷᠢᠯᠡᠯ ᠤᠨ ᠲᠧᠯᠸᠢᠰ ᠤᠲᠠᠰᠤ ᠬᠤᠷᠠᠯ ᠬᠤᠷᠠᠯᠳᠤᠪᠠ
ᠨᠡᠶᠢᠲᠡᠯᠡᠭᠰᠡᠨ ᠴᠠᠭ᠄
2020-04-14
 4 ᠰᠠᠷ᠎ᠠ ᠶᠢᠨ 10 ᠤ ᠡᠳᠦᠷ᠂ ᠪᠥᠬᠦ ᠤᠯᠤᠰ ᠤᠨ ᠠᠶᠤᠯᠭᠦᠢ ᠦᠢᠯᠡᠳᠪᠦᠷᠢᠯᠡᠯ ᠤᠨ ᠲᠧᠯᠸᠢᠰ ᠳ᠋ᠢᠶᠠᠩᠬᠤᠸᠠ ᠬᠤᠷᠠᠯ ᠪᠡᠭᠡᠵᠢᠩ ᠳᠤ ᠬᠤᠷᠠᠯᠳᠤᠪᠠ᠃ ᠬᠤᠷᠠᠯ ᠠᠴᠠ ᠰᠢ ᠶᠢᠨ ᠫᠢᠩ ᠤᠨ ᠴᠢᠬᠤᠯᠠ ᠵᠢᠭᠠᠪᠤᠷᠢ ᠪᠣᠯᠤᠨ ᠯᠢ ᠺᠧ ᠴᠢᠶᠠᠩ ᠤᠨ ᠴᠣᠬᠤᠯᠠᠪᠤᠷᠢ ᠶᠢ ᠤᠯᠠᠮᠵᠢᠯᠠᠨ ᠰᠤᠷᠤᠯᠴᠠᠪᠠ᠃ ᠬᠤᠷᠠᠯ ᠠᠴᠠ ᠨᠢᠳᠤᠨᠤᠨ ᠠᠴᠠ ᠨᠠᠰᠢᠬᠢ ᠠᠶᠤᠯᠭᠦᠢ ᠦᠢᠯᠡᠳᠪᠦᠷᠢᠯᠡᠯ ᠤᠨ ᠪᠠᠶᠢᠳᠠᠯ ᠢ ᠵᠠᠷᠯᠠᠨ ᠮᠡᠳᠡᠭᠳᠡᠭᠰᠡᠨ  ᠪᠦᠭᠡᠳ ᠣᠳᠣᠬᠠᠨ ᠤ ᠠᠵᠢᠯ ᠢᠶᠠᠨ ᠰᠡᠷᠭᠦᠭᠡᠵᠦ ᠦᠢᠯᠡᠳᠪᠦᠷᠢᠯᠡᠯ ᠢᠶᠠᠨ ᠰᠡᠷᠭᠦᠭᠡᠬᠦ ᠠᠮᠤᠷ ᠲᠦᠪᠰᠢᠨ ᠤ  ᠰᠡᠷᠭᠡᠶᠢᠯᠡᠯᠲᠡ ᠶᠢᠨ ᠠᠵᠢᠯ ᠢ ᠨᠢᠭᠡᠳᠦᠯᠲᠡᠢ ᠲᠥᠯᠥᠪᠵᠢᠭᠦᠯᠦᠨ ᠰᠠᠶᠢᠲᠤᠷ ᠬᠢᠬᠦ᠂ ᠪᠦᠬᠦ ᠤᠯᠤᠰ ᠤᠨ ᠠᠶᠤᠯᠭᠦᠢ ᠦᠢᠯᠡᠳᠪᠦᠷᠢᠯᠡᠯ   ᠢ ᠲᠤᠰᠬᠠᠢ ᠴᠡᠭᠴᠡᠯᠡᠨ ᠵᠠᠰᠠᠬᠤ ᠭᠤᠷᠪᠠᠨ ᠵᠢᠯ ᠤᠨ ᠠᠵᠢᠯᠯᠠᠭ᠎ᠠ ᠶᠢ ᠯᠠᠪᠳᠠᠭᠤᠨ ᠪᠠᠲᠤᠲᠠᠢ ᠥᠷᠨᠢᠭᠦᠯᠬᠦ ᠲᠤᠬᠠᠢ  ᠪᠠᠶᠢᠷᠢᠯᠠᠭᠤᠯᠤᠯᠲᠠ ᠬᠢᠵᠡᠢ᠃ ᠨᠠᠮ ᠤᠨ ᠲᠥᠪ ᠬᠤᠷᠢᠶᠠᠨ ᠤ ᠤᠯᠤᠰ ᠲᠦᠷᠦ ᠶᠢᠨ ᠲᠣᠪᠴᠢᠶᠠᠨ ᠤ ᠭᠡᠰᠢᠭᠦᠨ᠂ ᠲᠦᠷᠦ ᠶᠢᠨ ᠶᠠᠪᠤᠳᠠᠯ ᠤᠨ ᠬᠤᠷᠢᠶᠠᠨ ᠤ ᠠᠶᠤᠯᠭᠦᠢ ᠦᠢᠯᠡᠳᠪᠦᠷᠢᠯᠡᠯ ᠤᠨ ᠵᠥᠪᠯᠡᠯ ᠤᠨ ᠡᠷᠬᠢᠯᠡᠭᠴᠢ ᠯᠢᠦ ᠡᡁᠧ᠂ ᠲᠦᠷᠦ ᠶᠢᠨ ᠶᠠᠪᠤᠳᠠᠯ ᠤᠨ ᠭᠡᠰᠢᠭᠦᠨ᠂ ᠲᠦᠷᠦ ᠶᠢᠨ ᠶᠠᠪᠤᠳᠠᠯ ᠤᠨ ᠬᠤᠷᠢᠶᠠᠨ ᠤ ᠠᠶᠤᠯᠭᠦᠢ ᠦᠢᠯᠡᠳᠪᠦᠷᠢᠯᠡᠯ ᠤᠨ ᠵᠥᠪᠯᠡᠯ ᠤᠨ ᠳᠡᠳ᠋ ᠡᠷᠬᠢᠯᠡᠭᠴᠢ ᠸᠠᠩ ᠶᠦᠩ᠂ ᠵᠤᠤ ᠺᠧ ᡁᠢ ᠣᠷᠣᠯᠴᠠᠪᠠ᠃    ᠬᠤᠷᠠᠯ ᠠᠴᠠ᠂ ᠰᠢ ᠶᠢᠨ ᠫᠢᠩ ᠤᠨ ᠠᠶᠤᠯᠭᠦᠢ ᠦᠢᠯᠡᠳᠪᠦᠷᠢᠯᠡᠯ ᠤᠨ ᠲᠤᠬᠠᠢ ᠴᠢᠬᠤᠯᠠ ᠵᠢᠭᠠᠪᠤᠷᠢ ᠶᠢᠨ ᠵᠣᠷᠢᠭ ᠰᠠᠨᠠᠭ᠎ᠠ ᠶᠢ ᠭᠦᠨᠵᠡᠭᠡᠢ ᠲᠤᠤᠱᠯᠠᠭᠤᠯᠤᠨ ᠨᠠᠶᠢᠳᠠᠪᠤᠷᠢᠵᠢᠭᠤᠯᠵᠤ᠂ ᠯᠢ ᠺᠧ ᠴᠢᠶᠠᠩ ᠤᠨ ᠴᠣᠬᠤᠯᠠᠪᠤᠷᠢ ᠶᠢᠨ  ᠱᠠᠭᠠᠷᠳᠠᠯᠭ᠎ᠠ ᠶᠣᠰᠣᠭᠠᠷ᠂ ᠠᠶᠤᠯᠭᠦᠢ ᠦᠢᠯᠡᠳᠪᠦᠷᠢᠯᠡᠯ ᠤᠨ ᠬᠠᠷᠢᠭᠤᠴᠠᠯᠭ᠎ᠠ ᠶᠢᠨ ᠲᠦᠷᠢᠮ ᠢ ᠴᠢᠩᠭ᠎ᠠ ᠨᠠᠶᠢᠳᠠᠪᠤᠷᠢᠵᠢᠭᠤᠯᠵᠤ᠂ ᠠᠵᠢᠯ ᠢᠶᠠᠨ ᠰᠡᠷᠭᠦᠭᠡᠵᠦ ᠦᠢᠯᠡᠳᠪᠦᠷᠢᠯᠡᠯ ᠢᠶᠠᠨ ᠰᠡᠷᠭᠦᠭᠡᠬᠦ ᠠᠮᠤᠷ ᠲᠦᠪᠰᠢᠨ ᠤ ᠰᠡᠷᠭᠡᠶᠢᠯᠡᠯᠲᠡ ᠶᠢᠨ ᠠᠵᠢᠯ ᠢ ᠪᠣᠳᠠᠲᠠᠢ ᠠᠳᠬᠤᠵᠤ ᠨᠠᠷᠢᠨ ᠠᠳᠬᠤᠬᠤ ᠬᠡᠷᠡᠭᠲᠡᠢ᠃ ᠠᠳᠡᠯ ᠤᠨ ᠳᠠᠯᠳᠠ ᠭᠡᠮ ᠢ ᠦᠨᠳᠦᠰᠦᠨ ᠠᠴᠠ ᠨᠢ ᠠᠷᠢᠯᠭᠠᠬᠤ ᠪᠠᠷ ᠭᠤᠤᠯᠯᠠᠭᠤᠯᠤᠨ᠂ ᠪᠦᠬᠦ ᠤᠯᠤᠰ ᠲᠤ ᠠᠶᠤᠯ ᠦᠭᠡᠶ ᠦᠢᠯᠡᠳᠪᠦᠷᠢᠯᠡᠯ ᠤᠨ ᠲᠤᠰᠬᠠᠶ  ᠵᠦᠢᠯ ᠢᠶᠠᠷ ᠴᠡᠭᠴᠡᠯᠡᠨ ᠵᠠᠰᠠᠬᠤ ᠭᠤᠷᠪᠠᠨ ᠵᠢᠯ ᠤᠨ ᠠᠵᠢᠯᠯᠠᠭ᠎ᠠ ᠶᠢ ᠭᠦᠨᠵᠡᠭᠡᠢ ᠥᠷᠨᠢᠭᠦᠯᠬᠦ ᠬᠡᠷᠡᠭᠲᠡᠶ᠃ ᠵᠣᠬᠢᠶᠠᠨ ᠪᠠᠶᠢᠭᠤᠯᠤᠯᠲᠠ ᠶᠢᠨ ᠤᠳᠤᠷᠢᠳᠤᠯᠭ᠎ᠠ ᠪᠠᠨ ᠴᠢᠩᠭᠠᠳᠬᠠᠵᠤ᠂ ᠠᠰᠠᠭᠤᠳᠠᠯ ᠢ  ᠰᠢᠢᠳᠪᠦᠷᠢᠯᠡᠬᠦ᠂ ᠠᠵᠤ  ᠠᠬᠤᠶᠢᠯᠠᠯ ᠤᠨ ᠭᠤᠤᠯ ᠴᠣᠭᠴᠠ ᠶᠢᠨ ᠬᠠᠷᠢᠭᠤᠴᠠᠯᠭ᠎ᠠ ᠶᠢ ᠨᠠᠶᠢᠳᠠᠪᠤᠷᠢᠵᠢᠭᠤᠯᠬᠤ ᠶᠢ ᠠᠬᠢᠭᠤᠯᠬᠤ ᠪᠠᠷ ᠴᠡᠭᠴᠡᠯᠡᠨ  ᠵᠠᠰᠠᠬᠤ ᠶᠢᠨ ᠵᠠᠩᠭᠢᠯᠠᠭ᠎ᠠ ᠪᠣᠯᠭᠠᠵᠤ᠂ ᠠᠶᠤᠯ ᠥᠬᠡᠶ  ᠦᠢᠯᠡᠳᠪᠦᠷᠢᠯᠡᠯ ᠤᠨ ᠬᠠᠤᠯᠢ ᠬᠡᠷᠡᠭᠵᠢᠭᠦᠯᠬᠦ ᠰᠢᠰᠲ᠋ᠧᠮᠵᠢ   ᠶᠢ ᠤᠯᠠᠮ ᠨᠢᠭᠡ ᠠᠯᠬᠤᠮ ᠲᠡᠭᠦᠯᠳᠡᠷᠵᠢᠭᠦᠯᠵᠦ᠂ ᠰᠠᠭᠤᠷᠢ ᠪᠠᠲᠤᠯᠠᠭ᠎ᠠ ᠶᠢᠨ ᠴᠢᠳᠠᠪᠤᠷᠢ ᠶᠢ ᠳᠡᠭᠡᠭᠰᠢᠯᠡᠭᠦᠯᠦᠨ᠂ ᠪᠠᠴᠢᠮ ᠪᠠᠶᠢᠳᠠᠯ ᠢ ᠠᠷᠭᠠᠴᠠᠨ ᠰᠢᠢᠳᠪᠦᠷᠢᠯᠡᠬᠦ ᠶᠢ ᠴᠢᠩᠭᠠᠳᠬᠠᠵᠤ᠂ ᠠᠶᠤᠯ ᠥᠬᠡᠶ  ᠦᠢᠯᠡᠳᠪᠦᠷᠢᠯᠡᠯ ᠤᠨ ᠵᠠᠰᠠᠯᠲᠠ ᠶᠢᠨ ᠰᠢᠰᠲ᠋ᠧᠮᠵᠢ ᠪᠣᠯᠤᠨ ᠵᠠᠰᠠᠯᠲᠠ ᠶᠢᠨ ᠴᠢᠳᠠᠪᠤᠷᠢ ᠶᠢᠨ ᠣᠳᠣᠬᠢᠴᠢᠯᠠᠯᠲᠠ ᠶᠢ ᠯᠠᠪᠳᠠᠭᠤᠨ ᠪᠠᠲᠤᠲᠠᠶ ᠠᠬᠢᠭᠤᠯᠵᠤ᠂ ᠴᠢᠨᠡᠭᠡᠯᠢᠭ ᠨᠡᠶᠢᠭᠡᠮ ᠢ ᠪᠥᠬᠦ ᠲᠠᠯ᠎ᠠ ᠪᠠᠷ ᠪᠠᠶᠢᠭᠤᠯᠤᠨ ᠪᠦᠲᠦᠭᠡᠬᠦ ᠳᠤ ᠠᠮᠤᠷ ᠲᠦᠪᠰᠢᠨ ᠦᠢᠯᠡᠳᠪᠦᠷᠢᠯᠡᠯ ᠤᠨ ᠲᠣᠭᠲᠠᠭᠤᠨ ᠣᠷᠴᠢᠨ ᠨᠥᠬᠦᠴᠡᠯ ᠢ ᠪᠣᠶ ᠪᠣᠯᠭᠠᠬᠤ ᠬᠡᠷᠡᠭᠲᠡᠶ᠃    ᠣᠷᠣᠨ ᠰᠠᠭᠤᠴᠠ ᠪᠠ ᠬᠤᠳᠠ ᠬᠥᠳᠡᠭᠡ ᠶᠢᠨ ᠪᠦᠳᠦᠭᠡᠨ ᠪᠠᠶᠢᠭᠤᠯᠤᠯᠲᠠ ᠶᠢᠨ ᠶᠠᠮᠤᠨ᠂ ᠵᠠᠮ ᠲᠡᠭᠡᠭᠡᠪᠦᠷᠢ ᠶᠢᠨ ᠶᠠᠮᠤᠨ ᠪᠠ ᠲᠢᠶᠠᠨᠵᠢᠨ᠂ ᠠᠨᠾᠦ᠋ᠢ᠂ ᠭᠤᠸᠠᠩᠳᠦ᠋ᠩ ᠤᠨ ᠬᠠᠷᠢᠭᠤᠴᠠᠯᠭᠠᠲᠠᠨ ᠨᠥᠬᠦᠳ ᠬᠤᠷᠠᠯ ᠳᠡᠭᠡᠷ᠎ᠡ ᠰᠠᠨᠠᠯ ᠢᠶᠠᠨ ᠰᠤᠯᠢᠯᠴᠠᠬᠤ ᠦᠭᠡ ᠬᠡᠯᠡᠪᠡ᠃    ᠬᠤᠷᠠᠯ ᠢ ᠬᠠᠷᠠᠭᠠᠨ ᠳᠠᠪᠲᠠᠮᠵᠢ ᠶᠢᠨ ᠬᠡᠯᠪᠡᠷᠢ ᠪᠠᠷ ᠬᠤᠷᠠᠯᠳᠤᠭᠤᠯᠵᠤ᠂ ᠡᠯ᠎ᠡ ᠠᠶᠢᠮᠠᠭ ᠬᠤᠲᠠ᠂ ᠬᠤᠰᠢᠭᠤ ᠰᠢᠶᠠᠨ ︵ᠬᠤᠲᠠ᠂ ᠲᠣᠭᠤᠷᠢᠭ︶ ᠳᠤ ᠬᠤᠪᠢᠶᠠᠷᠢ ᠬᠤᠷᠠᠯ ᠤᠨ ᠲᠠᠯᠠᠪᠠᠶ ᠳᠣᠭᠢᠷᠠᠭᠤᠯᠪᠠ᠃ ᠮᠠᠨ ᠤ  ᠲᠤᠭᠤᠷᠢᠭ  ᠤᠨ ᠡᠯ᠎ᠡ ᠬᠠᠮᠢᠶ᠎ᠠ ᠪᠥᠬᠦᠶ ᠰᠠᠯᠠᠭ᠎ᠠ ᠮᠥᠴᠢᠷ ᠤᠨ ᠬᠠᠷᠢᠭᠤᠴᠠᠯᠭᠠᠲᠠᠨ ᠬᠤᠷᠴᠢᠨ ᠲᠣᠭᠤᠷᠢᠭ ᠤᠨ  ᠬᠤᠪᠢᠶᠠᠷᠢ ᠲᠠᠯᠠᠪᠠᠶ ᠳᠤ ᠬᠤᠷᠠᠯ ᠤᠨ ᠵᠣᠷᠢᠭ ᠰᠠᠨᠠᠭ᠎ᠠ ᠶᠢ ᠰᠣᠨᠣᠰᠪᠠ᠃
 
ᠢᠷᠡᠯᠲᠡ᠄ ᠬᠤᠷᠴᠢᠨ ᠲᠤᠭᠤᠷᠢᠭ ᠤᠨ ᠵᠠᠰᠠᠭ ᠤᠨ ᠤᠷᠳᠤᠨ
 
 
ᠬᠠᠮᠢᠶ᠎ᠡ ᠪᠦᠬᠦᠢ ᠰᠣᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备05070829号