ᠬᠤᠷᠴᠢᠨ ᠲᠣᠭᠤᠷᠢᠭ᠄ ᠲᠥᠷᠥ ᠶᠢᠨ ᠪᠣᠳᠣᠯᠭ᠎ᠠ ᠶᠢᠨ ᠠᠰᠢᠭ ᠲᠤᠰᠠ ᠪᠠᠷ ︽ᠠᠵᠢᠯ ᠣᠯᠭᠤᠯᠲᠠ ᠶᠢ ᠲᠣᠭᠲᠠᠪᠤᠷᠢᠵᠢᠭᠤᠯᠬᠤ︾ ᠳᠤ ᠬᠥᠳᠡᠯᠭᠡᠬᠦ ᠬᠦᠴᠦᠨ ᠨᠡᠮᠡᠷᠢᠯᠡᠪᠡ
ᠨᠡᠶᠢᠲᠡᠯᠡᠭᠰᠡᠨ ᠴᠠᠭ᠄
2020-04-14
 ᠬᠢᠵᠢᠭ ᠤᠨ ᠪᠠᠶᠢᠳᠠᠯ ᠢ ᠪᠦᠲᠦᠮᠵᠢᠲᠡᠶ ᠬᠢᠵᠠᠭᠠᠷᠯᠠᠭᠰᠠᠨ ᠠᠴᠠ ᠨᠠᠰᠢ᠂ ᠬᠤᠷᠴᠢᠨ ᠲᠣᠭᠤᠷᠢᠭ ᠨᠢᠭᠡ ᠲᠠᠯ᠎ᠠ ᠪᠠᠷ ᠬᠢᠵᠢᠭ ᠤᠨ ᠪᠠᠶᠢᠳᠠᠯ ᠢ ᠰᠡᠷᠭᠡᠶᠢᠯᠡᠨ ᠡᠵᠡᠮᠳᠡᠬᠦ ᠶᠢ ᠠᠳᠬᠤᠵᠤ᠂ ᠨᠢᠭᠡ ᠲᠠᠯ᠎ᠠ ᠪᠠᠷ ᠠᠵᠢᠯ ᠢᠶᠠᠨ  ᠰᠡᠷᠭᠦᠭᠡᠵᠦ ᠦᠢᠯᠡᠳᠪᠦᠷᠢᠯᠡᠯ ᠢᠶᠠᠨ ᠰᠡᠷᠭᠦᠭᠡᠬᠦ ᠶᠢ ᠠᠳᠬᠤᠵᠤ᠂ ᠠᠵᠢᠯ ᠣᠯᠭᠤᠯᠲᠠ ᠶᠢᠨ ᠠᠯᠢ ᠣᠯᠠᠨ ᠲᠥᠷᠥ ᠶᠢᠨ ᠪᠤᠳᠤᠯᠭ᠎ᠠ ᠶᠢᠨ ᠲᠡᠳᠬᠦᠮᠵᠢ ᠪᠠᠷ ᠳᠠᠮᠵᠢᠭᠤᠯᠤᠨ᠂ ᠬᠠᠷᠢᠶ᠎ᠠ ᠣᠷᠣᠨ ᠤ ᠠᠵᠤ ᠠᠬᠤᠶᠢᠯᠠᠯ ᠤᠨ ᠡᠮᠬᠢ ᠵᠢᠷᠤᠮ ᠲᠠᠢ ᠪᠠᠷ  ᠠᠵᠢᠯ ᠢᠶᠠᠨ ᠰᠡᠷᠭᠦᠭᠡᠵᠦ  ᠦᠢᠯᠡᠳᠪᠦᠷᠢᠯᠡᠯ ᠢᠶᠠᠨ ᠰᠡᠷᠭᠦᠭᠡᠬᠦ ᠶᠢ ᠪᠠᠲᠤᠯᠠᠪᠠ᠃    ᠡᠨᠡ ᠵᠢᠯ᠂ ᠬᠤᠷᠴᠢᠨ ᠲᠣᠭᠤᠷᠢᠭ ᠡᠵᠡᠩᠨᠡᠯᠲᠡ ᠶᠢᠨ ᠴᠢᠨᠠᠷᠲᠠᠶ ᠬᠥᠮᠦᠨ ᠤ ᠬᠦᠴᠦᠨ ᠤ ᠡᠬᠢ ᠪᠠᠶᠠᠯᠢᠭ ᠤᠨ ᠦᠢᠯᠡᠴᠢᠯᠡᠭᠡᠨ ᠤ ᠪᠠᠶᠢᠭᠤᠯᠤᠮᠵᠢ ᠳᠤ ᠬᠠᠷᠠᠭᠠᠯᠵᠠᠯ ᠤᠨ ᠲᠥᠷᠥ ᠶᠢᠨ ᠪᠣᠳᠣᠯᠭ᠎ᠠ ᠳᠤᠷᠠᠳᠴᠤ᠂ ᠠᠵᠢᠯ ᠤᠨ ᠪᠠᠶᠢᠷᠢ ᠠᠴᠠ ᠪᠠᠨ ᠪᠠᠭᠤᠵᠤ ᠠᠵᠢᠯ ᠠᠯᠳᠠᠭᠰᠠᠳ᠂ ᠳᠡᠭᠡᠳᠦ ᠰᠤᠷᠭᠠᠭᠤᠯᠢ ᠲᠡᠭᠦᠰᠦᠭᠰᠡᠳ᠂ ᠮᠠᠯᠴᠢᠨ ᠲᠠᠷᠢᠶᠠᠴᠢᠨ ᠬᠦᠴᠦ ᠶᠠᠪᠤᠭᠰᠠᠳ ᠢ ᠵᠣᠬᠢᠶᠠᠨ ᠪᠠᠶᠢᠭᠤᠯᠤᠨ ᠠᠵᠤ ᠠᠬᠤᠶᠢᠯᠠᠯ ᠳᠤ ᠣᠴᠢᠭᠤᠯᠵᠤ ᠠᠵᠢᠯ ᠣᠯᠭᠤᠬᠤ ᠶᠢᠨ ᠬᠠᠮᠲᠤ 1 ᠵᠢᠯ ᠠᠴᠠ ᠳᠡᠭᠡᠭᠰᠢ ᠬᠦᠳᠡᠯᠮᠦᠷᠢ ᠶᠢᠨ ᠭᠡᠷ᠎ᠡ ᠲᠣᠭᠲᠠᠵᠤ᠂ ᠨᠡᠶᠢᠭᠡᠮ ᠤᠨ ᠳᠠᠭᠠᠳᠬᠠᠯ ᠳᠤ ᠣᠷᠣᠯᠴᠠᠭᠰᠠᠨ ᠪᠠᠶᠢᠪᠠᠯ ᠂ ᠲᠣᠭᠲᠠᠭᠠᠯ  ᠶᠤᠰᠤᠭᠠᠷ ᠬᠥᠮᠦᠨ ᠪᠦᠷᠢ ᠳᠤ 100 ᠲᠥᠭᠦᠷᠢᠭ ᠤᠨ ᠠᠵᠢᠯ ᠣᠯᠵᠤ ᠠᠳᠠᠯ ᠦᠢᠯᠡᠰ ᠴᠣᠭᠴᠠᠯᠠᠬᠤ  ᠦᠢᠯᠡᠴᠢᠯᠡᠭᠡᠨ ᠤ  ᠨᠦᠬᠦᠪᠦᠷᠢ ᠣᠯᠭᠤᠵᠤ᠂ ᠬᠢᠵᠢᠭ ᠤᠨ ᠬᠤᠭᠤᠴᠠᠭᠠᠨ ᠳᠤ ᠮᠠᠯᠴᠢᠨ ᠲᠠᠷᠢᠶᠠᠴᠢᠨ ᠤ ᠣᠷᠣᠯᠭ᠎ᠠ ᠶᠢᠨ ᠲᠣᠭᠲᠠᠭᠤᠨ ᠪᠠᠶᠢᠬᠤ ᠶᠢ ᠦᠨᠡᠨ ᠬᠦ ᠪᠠᠲᠤᠯᠠᠵᠤ᠂ ᠥᠷᠭᠡᠨ ᠣᠯᠠᠨ ᠮᠠᠯᠴᠢᠨ ᠲᠠᠷᠢᠶᠠᠴᠢᠨ ᠤ ᠭᠠᠳᠠᠭᠰᠢ ᠭᠠᠷᠴᠤ ᠠᠵᠢᠯᠯᠠᠬᠤ ᠶᠢ ᠵᠣᠷᠢᠭᠵᠢᠭᠤᠯᠵᠤ᠂ ᠠᠵᠤ ᠠᠬᠤᠶᠢᠯᠠᠯ ᠤᠨ ᠠᠵᠢᠯ ᠢᠶᠠᠨ ᠤᠷᠤᠭᠰᠢᠲᠠᠶ ᠰᠡᠷᠭᠦᠭᠡᠬᠦ ᠶᠢ ᠠᠬᠢᠭᠤᠯᠤᠨ᠎ᠠ᠃    ᠤᠯᠤᠰ ᠠᠴᠠ ᠠᠵᠢᠯ ᠢᠶᠠᠨ ᠰᠡᠷᠭᠦᠭᠡᠵᠦ ᠦᠢᠯᠡᠳᠪᠦᠷᠢᠯᠡᠯ ᠢᠶᠠᠨ ᠰᠡᠷᠭᠦᠭᠡᠬᠦ ᠶᠢ ᠵᠣᠷᠢᠭᠵᠢᠭᠤᠯᠬᠤ ᠠᠴᠠ ᠡᠬᠢᠯᠡᠨ᠂  ᠦᠪᠦᠷ ᠮᠣᠩᠭᠤᠯ ᠤᠨ ᠵᠦᠸᠧ ᠭᠤᠸᠠᠨ ᠬᠥᠮᠦᠨ ᠤ ᠬᠦᠴᠦᠨ ᠤ ᠡᠬᠢ ᠪᠠᠶᠠᠯᠢᠭ ᠤᠨ ᠬᠠᠮᠢᠶᠠᠷᠤᠯᠲᠠ ᠶᠢᠨ ᠬᠢᠵᠠᠭᠠᠷᠲᠤ ᠺᠤᠮᠫᠠᠨᠢ ᠨᠢᠭᠡᠨᠲᠡ 500 ᠭᠠᠷᠤᠢ ᠮᠠᠯᠴᠢᠨ ᠲᠠᠷᠢᠶᠠᠴᠢᠨ ᠴᠢᠳᠠᠪᠤᠷᠢᠲᠠᠨ ᠢ ᠭᠠᠳᠠᠭᠰᠢ ᠬᠦᠷᠭᠡᠭᠰᠡᠨ ᠤ ᠬᠠᠮᠲᠤ  ᠰᠦᠯᠵᠢᠶᠡᠨ ᠳᠡᠭᠡᠷ᠎ᠡ ᠠᠵᠢᠯ ᠤᠨ ᠪᠠᠶᠢᠷᠢ ᠳᠤ ᠭᠠᠷᠬᠤ ᠠᠴᠠ ᠡᠮᠦᠨᠡᠬᠢ ᠪᠣᠯᠪᠠᠰᠤᠷᠠᠯ ᠬᠢᠵᠦ᠂ ᠭᠠᠳᠠᠭᠰᠢ ᠭᠠᠷᠴᠤ ᠠᠵᠢᠯ ᠬᠥᠳᠡᠯᠮᠦᠷᠢ ᠬᠢᠵᠦ ᠪᠠᠶᠢᠭ᠎ᠠ ᠬᠥᠮᠦᠰ ᠤᠨ ᠲᠤᠰ ᠪᠡᠶ᠎ᠡ ᠶᠢᠨ ᠠᠰᠢᠭ ᠲᠤᠰᠠ ᠵᠢᠴᠢ ᠪᠡᠶ᠎ᠡ ᠶᠢᠨ ᠠᠮᠤᠷ ᠲᠦᠪᠰᠢᠨ ᠢ ᠪᠠᠳᠤᠯᠠᠵᠤ᠂ ᠣᠳᠣᠬᠠᠨ ᠳᠤ ᠶᠠᠭ ᠠᠵᠢᠯ ᠤᠨ ᠪᠠᠶᠢᠷᠢ ᠳᠤ ᠭᠠᠷᠬᠤ ᠠᠴᠠ ᠡᠮᠦᠨᠡᠬᠢ ᠪᠣᠯᠪᠠᠰᠤᠷᠠᠯ ᠳᠤ ᠣᠷᠣᠯᠴᠠᠵᠤ ᠪᠠᠶᠢᠭ᠎ᠠ 400 ᠭᠠᠷᠤᠢ ᠮᠠᠯᠴᠢᠨ ᠲᠠᠷᠢᠶᠠᠴᠢᠨ ᠤᠳᠠᠯ ᠦᠭᠡᠢ ᠠᠵᠢᠯ ᠤᠯᠬᠤ ᠠᠶᠠᠨ ᠳᠠᠭᠠᠨ ᠣᠷᠣᠬᠤ ᠭᠡᠵᠦ ᠪᠠᠶᠢᠨ᠎ᠠ᠃ ᠡᠨᠡ ᠵᠢᠯ ᠤᠨ ᠬᠠᠮᠢᠶ᠎ᠠ ᠪᠦᠬᠦᠢ ᠲᠥᠷᠥ ᠶᠢᠨ ᠪᠣᠳᠣᠯᠭ᠎ᠠ ᠪᠠᠷ ᠠᠵᠤ ᠠᠬᠤᠶᠢᠯᠠᠯ ᠤᠨ  ᠦᠢᠯᠡᠴᠢᠯᠡᠭᠡᠨ ᠤ ᠢᠳᠡᠪᠬᠢᠵᠢᠯ ᠢ ᠶᠡᠬᠡᠪᠡᠷ ᠳᠡᠭᠡᠭᠰᠢᠯᠡᠭᠦᠯᠬᠦ ᠪᠣᠯᠤᠨ᠎ᠠ᠃ ᠤᠳᠤᠬᠠᠨ ᠳᠤ ᠵᠦᠸᠧ ᠭᠤᠸᠠᠨ ᠬᠥᠮᠦᠨ ᠤ ᠬᠦᠴᠦᠨ ᠤ ᠡᠬᠢ ᠪᠠᠶᠠᠯᠢᠭ ᠤᠨ ᠬᠠᠮᠢᠶᠠᠷᠤᠯᠲᠠ ᠶᠢᠨ ᠬᠢᠵᠠᠭᠠᠷᠲᠤ ᠺᠤᠮᠫᠠᠨᠢ  ᠨᠢᠭᠡᠨᠳᠡ ᠬᠠᠷᠢ ᠶᠢᠨ ᠮᠤᠵᠢ ᠬᠤᠲᠠ  ᠶᠢᠨ ᠤᠯᠠᠨ ᠠᠵᠤ ᠠᠬᠤᠶᠢᠯᠠᠯ ᠲᠠᠢ ᠯᠠᠪᠳᠠᠭᠤᠨ ᠪᠠᠳᠤᠲᠠᠢ ᠬᠠᠮᠵᠢᠯᠴᠠᠭᠠᠨ ᠤ ᠬᠠᠷᠢᠴᠠᠭ᠎ᠠ ᠬᠤᠯᠪᠤᠭ᠎ᠠ ᠶᠢ ᠪᠠᠶᠢᠭᠤᠯᠤᠭᠰᠠᠨ ᠪᠠᠶᠢᠨ᠎ᠠ᠃
 
ᠢᠷᠡᠯᠲᠡ᠄ ᠬᠤᠷᠴᠢᠨ ᠲᠤᠭᠤᠷᠢᠭ ᠤᠨ ᠵᠠᠰᠠᠭ ᠤᠨ ᠤᠷᠳᠤᠨ
 
 
ᠬᠠᠮᠢᠶ᠎ᠡ ᠪᠦᠬᠦᠢ ᠰᠣᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备05070829号